ᠮᠠᠨ ᠤ ᠰᠢᠶᠠᠨ ᠤ ᠠᠩᠬᠠᠳᠠᠭᠴᠢ ᠰᠢᠨ᠎ᠡ ᠡᠨᠧᠷᠬᠢ ᠶᠢᠨ ᠴᠠᠬᠢᠯᠭᠠᠨ ᠴᠡᠨᠡᠭᠯᠡᠬᠦ ᠥᠷᠲᠡᠭᠡ ᠪᠠᠶᠢᠭᠤᠯᠤᠭᠳᠠᠨ ᠠᠰᠢᠭᠯᠠᠯᠲᠠ ᠳᠤ ᠣᠷᠤᠪᠠ
ᠨᠡᠶᠢᠲᠡᠯᠡᠭᠰᠡᠨ ᠴᠠᠭ᠄
2018-10-09
   ᠤᠯᠤᠰ ᠤᠨ ᠪᠠᠶᠠᠷ ᠤᠨ ᠬᠤᠭᠤᠴᠠᠭᠠᠨ ᠳᠤ᠂ ᠮᠠᠨ ᠤ ᠰᠢᠶᠠᠨ ᠤ ᠬᠤᠩ ᠳ᠋ᠠ ᠬᠤᠲᠠ ᠶᠢᠨ ᠶᠠᠪᠤᠳᠠᠯ ᠤᠨ ᠨᠡᠶᠢᠲᠡ ᠶᠢᠨ ᠮᠠᠰᠢᠨ ᠤ ᠬᠢᠵᠠᠭᠠᠷᠲᠤ ᠺᠣᠮᠫᠠᠨᠢ ᠶᠢᠨ ᠰᠢᠨ᠎ᠡ ᠡᠨᠧᠷᠬᠢ ᠶᠢᠨ ᠴᠠᠬᠢᠯᠭᠠᠨ  ᠴᠡᠨᠡᠭᠯᠡᠬᠦ ᠥᠷᠲᠡᠭᠡ ᠪᠠᠶᠢᠭᠤᠯᠤᠭᠳᠠᠨ‌ᠠᠰᠢᠭᠯᠠᠯᠲᠠ ᠳᠤ ᠣᠷᠣᠭᠰᠠᠨ ᠪᠠᠶᠢᠨ᠎ᠠ᠃ ᠡᠨᠡ ᠨᠢ ᠮᠦᠨ ᠴᠤ ᠪᠦᠬᠦ ᠬᠤᠲᠠ ᠶᠢᠨ ᠠᠩᠬᠠᠳᠠᠭᠴᠢ ᠰᠢᠨ᠎ᠡ ᠡᠨᠧᠷᠬᠢ ᠶᠢᠨ ᠴᠠᠬᠢᠯᠭᠠᠨ ᠴᠡᠨᠡᠭᠯᠡᠬᠦ ᠥᠷᠲᠡᠭᠡ ᠪᠣᠯᠣᠨ᠎ᠠ᠃   ᠰᠢᠨ᠎ᠡ ᠡᠨᠧᠷᠬᠢ ᠵᠢᠨ‌ᠮᠠᠰᠢᠨ ᠲᠡᠷᠭᠡᠨ ᠤ ᠴᠠᠬᠢᠯᠭᠠᠨ‌‍ᠴᠡᠨᠡᠭᠯᠡᠬᠦ ᠥᠷᠲᠡᠭᠡ ᠶᠢᠨ ᠪᠠᠶᠢᠭᠤᠯᠤᠭᠳᠠᠨ ᠠᠰᠢᠭᠯᠠᠭᠳᠠᠭᠰᠠᠨ ᠪᠣᠯ ᠮᠠᠨ ᠤ ᠰᠢᠶᠠᠨ ᠤ ᠰᠢᠨ᠎ᠡ ᠬᠦᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠤᠨ᠂ ᠤᠯᠤᠰ ᠤᠨ ᠡᠨᠧᠷᠬᠢ  ᠶᠢᠨ ᠪᠠᠶᠢᠯᠳᠤᠬᠤ ᠪᠣᠳᠤᠯᠭ᠎ᠠ ᠶᠢ ᠨᠠᠶᠢᠳᠠᠪᠤᠷᠢᠵᠢᠭᠤᠯᠵᠤ᠂ ᠡᠨᠧᠷᠬᠢ ᠠᠷᠪᠢᠯᠠᠨ ᠪᠣᠬᠢᠷᠳᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠶᠢ ᠲᠦᠯᠬᠢᠨ ᠠᠬᠢᠭᠤᠯᠵᠤ᠂ ᠪᠣᠬᠢᠷᠳᠤᠯ ᠦᠭᠡᠢ ᠬᠦᠭᠵᠢᠯᠲᠡ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠮᠦᠨ᠂ ᠮᠠᠨ ᠤ ᠰᠢᠶᠠᠨ ᠤ ︽ᠪᠣᠬᠢᠷᠳᠤᠯ ᠦᠭᠡᠢ ᠨᠡᠭᠦᠷᠡᠰᠦᠳᠦ᠋ᠷᠦᠭᠴᠢ ᠪᠠᠭ᠎ᠠ ᠭᠠᠷᠭᠠᠬᠤ︾ ᠡᠨᠡᠷᠬᠢ ᠶᠢᠨ ᠰᠣᠷᠪᠤᠯᠵᠢ ᠶᠢᠨ ᠪᠦᠳᠦᠭᠡᠨ ᠪᠠᠶᠢᠭᠤᠯᠤᠯᠲᠠ ᠳᠤ ᠴᠢᠬᠤᠯᠠ ᠨᠢᠭᠡ ᠠᠯᠬᠤᠮ ᠠᠯᠬᠤᠭᠰᠠᠨ ᠢ ᠬᠠᠷᠠᠭᠤᠯᠵᠤ ᠪᠠᠶᠢᠨ᠎ᠠ᠃   ᠮᠠᠨ ᠤ ᠰᠢᠶᠠᠨ ᠤ ᠬᠤᠩ ᠳ᠋ᠠ ᠬᠤᠲᠠ ᠶᠢᠨ ᠶᠠᠪᠤᠳᠠᠯ ᠤᠨ ᠨᠡᠶᠢᠲᠡ ᠶᠢᠨ ᠮᠠᠰᠢᠨ ᠤ ᠬᠢᠵᠠᠭᠠᠷᠲᠤ ᠺᠣᠮᠫᠠᠨᠢ ᠨᠢ ᠣᠳᠤᠬᠠᠨ ᠳᠤ ᠨᠡᠶᠢᠲᠡ20 ᠲᠤᠭᠲᠠᠮᠠᠯ ᠬᠦᠶᠦᠳᠡᠯᠲᠤ ᠴᠠᠬᠢᠯᠭᠠᠨ ᠴᠡᠨᠡᠭᠯᠡᠭᠴᠢ ᠫᠤᠤ ᠤᠭᠰᠠᠷᠠᠨ᠂ ᠴᠠᠬᠢᠯᠭᠠᠨ ᠴᠡᠨᠡᠭᠯᠡᠬᠦ ᠱᠤᠩ ᠨᠢ ᠲᠡᠷᠭᠡᠨ ᠤ ᠴᠡᠨᠡᠭ ᠤᠨ ᠬᠡᠷᠡᠭᠴᠡᠭᠡ ᠶᠢ ᠦᠨᠳᠦᠰᠦᠯᠡᠨ ᠠᠦ᠋ᠲ᠋ᠤ᠋ ᠲᠥᠭᠡᠭᠡᠯᠲᠤ ᠴᠠᠬᠢᠯᠭᠠᠨ ᠴᠡᠨᠡᠭᠯᠡᠬᠦ ᠴᠢᠳᠠᠯ ᠢᠶᠠᠷ ᠴᠠᠬᠢᠯᠭᠠᠨ ᠲᠡᠷᠭᠡᠨ ᠳᠤ ᠴᠠᠬᠢᠯᠭᠠᠨ ᠴᠡᠨᠡᠭᠯᠡᠨ᠎ᠡ᠂ ᠳᠦᠴᠢᠭᠡᠳ ᠮᠢᠨᠦ᠋ᠲ ᠬᠡᠷᠡᠭᠰᠡᠪᠡᠯ ᠨᠡᠶᠢᠲᠡ ᠶᠢᠨ ᠮᠠᠰᠢᠨ ᠪᠣᠯᠣᠨ ᠥᠪᠡᠷ ᠢᠶᠠᠨ ᠬᠡᠷᠡᠭᠯᠡᠬᠦ ᠮᠠᠰᠢᠨ ᠤ ᠴᠡᠨᠡᠭ ᠢ ᠴᠡᠨᠡᠭᠯᠡᠵᠦ ᠳᠠᠭᠤᠰᠴᠢᠬᠠᠨ᠎ᠠ᠃   ᠲᠤᠰ‌ᠨᠡᠶᠢᠲᠡ ᠶᠢᠨ ᠮᠠᠰᠢᠨ ᠤ ᠺᠣᠮᠫᠠᠨᠢ ᠨᠢ ᠰᠢᠶᠠᠨ ᠬᠤᠲᠠ ᠶᠢᠨ ᠳᠣᠲᠣᠷ᠎ᠠ ᠦᠷᠭᠦᠯᠵᠢᠯᠡᠨ ᠪᠠᠰᠠ‌‍ᠴᠠᠬᠢᠯᠭᠠᠨ ᠴᠡᠨᠡᠭᠯᠡᠬᠦ ᠥᠷᠲᠡᠭᠡ  ᠶᠢ ᠪᠠᠶᠢᠭᠤᠯᠵᠤ᠂ ᠰᠢᠨ᠎ᠡ ᠡᠨᠧᠷᠬᠢ ᠵᠢᠨ‌ᠮᠠᠰᠢᠨ ᠲᠡᠷᠭᠡᠨ ᠤ ᠴᠠᠬᠢᠯᠭᠠᠨ ᠴᠡᠨᠡᠭᠯᠡᠬᠦ ᠬᠡᠷᠡᠭᠴᠡᠭᠡ ᠶᠢ ᠦᠨᠡᠨᠬᠦ  ᠬᠠᠩᠭᠠᠵᠤ᠂ ᠮᠠᠨ ᠤ ᠰᠢᠶᠠᠨ ᠳᠤ ᠡᠵᠡᠩᠨᠡᠵᠤ ᠪᠠᠶᠢᠭ᠎ᠠ ᠰᠢᠨ᠎ᠡ ᠡᠨᠧᠷᠬᠢ ᠶᠢᠨ ᠮᠠᠰᠢᠨ ᠲᠡᠷᠭᠡᠨ ᠤ ᠴᠠᠬᠢᠯᠭᠠᠨ ᠴᠡᠨᠡᠭᠯᠡᠬᠦ ᠪᠠᠳᠤᠯᠠᠭ᠎ᠠ ᠶᠢ ᠬᠠᠩᠭᠠᠬᠤ ᠪᠠᠷ ᠪᠠᠶᠢᠨ᠎ᠠ᠃                                                   ᠣᠷᠴᠢᠭᠤᠯᠤᠭᠴᠢ᠄ ᠭᠡᠷᠡᠯ
 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10002599号