ᠬᠤᠸᠠᠳᠧ ᠵᠠᠰᠠᠭ ᠠᠯᠪᠠᠨ ᠲᠠᠷᠬᠠᠭᠠᠭᠰᠠᠨ ﹇2018﹈74 ᠳ᠋ᠤᠭᠠᠷ ᠲᠣᠭᠠᠲᠤ | ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠤᠨ᠂ ᠰᠢᠶᠠᠨ ᠤ ᠰᠢᠭᠤᠳ ᠬᠠᠷᠢᠶ᠎ᠡ ᠪᠠᠶᠢᠭᠤᠯᠭ᠎ᠠ | ᠨᠢᠭᠡᠴᠡ᠄ | ᠥᠨᠥ᠂ ᠠᠷᠪᠠᠨ ᠳᠦᠷᠪᠡᠳᠦᠭᠡᠷ ᠤᠳᠠᠭᠠᠨ ᠤ ᠵᠠᠰᠠᠭ ᠤᠨ ᠣᠷᠳᠤᠨ ᠤ ᠪᠠᠶᠢᠩᠭᠤ ᠶᠢᠨ ᠬᠤᠷᠠᠯ ᠠᠴᠠ᠂ | ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠲᠤᠰᠢᠶᠠᠯ ᠤᠨ ᠴᠣᠯᠠ ᠰᠢᠯᠭᠠᠨ ᠲᠤᠭᠲᠠᠭᠠᠬᠤ ᠪᠠ ᠤᠷᠢᠨ ᠬᠡᠷᠡᠭᠯᠡᠬᠦ | ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠢ ᠬᠡᠷᠡᠭᠵᠢᠭᠦᠯᠬᠦ ᠰᠠᠨᠠᠯ ᠢ ᠰᠣᠨᠣᠰᠴᠤ ᠵᠠᠷᠴᠢᠮ | ᠳᠡᠭᠡᠷ᠎ᠡ ᠪᠠᠨ ᠵᠦᠪᠰᠢᠶᠡᠷᠡᠭᠰᠡᠨ ᠲᠤᠯᠠ ᠡᠳᠦᠭᠡ ︽ᠲᠤᠰᠢᠶᠠᠯ ᠤᠨ ᠴᠣᠯᠠ ᠰᠢᠯᠭᠠᠨ ᠲᠤᠭᠲᠠᠭᠠᠬᠤ ᠪᠠ ᠤᠷᠢᠨ | ᠭᠡᠷᠡᠭᠯᠡᠬᠦ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠢ ᠬᠡᠷᠡᠭᠵᠢᠭᠦᠯᠬᠦ ᠰᠠᠨᠠᠯ ︵ᠲᠤᠷᠰᠢᠨ | ᠬᠡᠷᠡᠭᠵᠢᠭᠦᠯᠬᠦ︶︾ ᠢ ᠲᠠᠨᠠᠷ ᠲᠤ ᠳᠠᠷᠤᠮᠯᠠᠨ ᠲᠠᠷᠬᠠᠭᠠᠯ᠎ᠠ᠂ ᠠᠵᠢᠯ ᠤᠨ ᠳᠤᠮᠳᠠ ᠪᠠᠨ ᠴᠢᠩᠭ᠎ᠠ ᠬᠡᠷᠡᠭᠵᠢᠭᠦᠯᠦᠭᠡᠷᠡᠢ᠃ | | ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠠᠯᠪᠠᠨ ᠭᠡᠷ | 2018ᠣᠨ ᠤ10 ᠰᠠᠷ᠎ᠠ ᠶᠢᠨ22 ᠤ ᠡᠳᠦᠷ | ︽ᠲᠤᠰᠢᠶᠠᠯ ᠤᠨ ᠴᠣᠯᠠ ᠰᠢᠯᠭᠠᠨ ᠲᠤᠭᠲᠠᠭᠠᠬᠤ ᠪᠠ ᠤᠷᠢᠨ ᠭᠡᠷᠡᠭᠯᠡᠬᠦ ᠳᠦᠷᠢᠮ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠲᠤᠬᠠᠢ ᠬᠡᠷᠡᠭᠵᠢᠭᠦᠯᠬᠦ ᠰᠠᠨᠠᠯ ︵ᠲᠤᠷᠰᠢᠨ ᠬᠡᠷᠡᠭᠵᠢᠭᠦᠯᠬᠦ︶︾ | ᠲᠤᠰᠢᠶᠠᠯ ᠤᠨ ᠴᠣᠯᠠ ᠪᠣᠯ ᠲᠤᠰᠬᠠᠢ ᠮᠡᠷᠭᠡᠵᠢᠯ ᠤᠨ ᠴᠢᠳᠠᠪᠤᠷᠢᠲᠠᠨ ᠤ ᠡᠷᠳᠡᠮ ᠰᠢᠨᠵᠢᠯᠡᠭᠡᠨ ᠤ ᠬᠢᠷᠢ ᠲᠦᠪᠰᠢᠨ | ᠪᠠ ᠲᠤᠰᠬᠠᠢ ᠮᠡᠷᠭᠡᠵᠢᠯ ᠤᠨ ᠴᠢᠳᠠᠪᠤᠷᠢ ᠶᠢᠨ ᠭᠤᠣᠯ ᠪᠡᠯᠭᠡ ᠲᠡᠮᠳᠡᠭ ᠪᠣᠯᠣᠨ᠎ᠠ᠃ ᠲᠤᠰᠢᠶᠠᠯ ᠤᠨ ᠴᠣᠯᠠ ᠰᠢᠯᠭᠠᠨ | ᠲᠤᠭᠲᠠᠭᠠᠬᠤ ᠪᠠ ᠤᠷᠢᠨ ᠭᠡᠷᠡᠭᠯᠡᠬᠦ ᠳᠦᠷᠢᠮ ᠪᠣᠯ ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠦᠨᠡᠯᠡᠬᠦ ᠪᠠ | ᠬᠠᠮᠢᠶᠠᠷᠤᠯᠲᠠ ᠶᠢᠨ ᠦᠨᠳᠦᠰᠦᠨ ᠳᠦᠷᠢᠮ ᠪᠣᠯᠣᠨ᠎ᠠ᠂ ᠨᠠᠮ ᠪᠠ ᠵᠠᠰᠠᠭ ᠤᠨ ᠣᠷᠳᠤᠨ ᠠᠴᠠ ᠲᠤᠰᠬᠠᠢ ᠮᠡᠷᠭᠡᠵᠢᠯ ᠤᠨ | ᠴᠢᠳᠠᠪᠤᠷᠢᠲᠠᠨ ᠢ ᠪᠦᠯᠬᠦᠮᠳᠡᠭᠦᠯᠦᠨ ᠨᠢᠭᠲᠠᠷᠠᠭᠤᠯᠵᠤ ᠲᠤᠰᠬᠠᠢ ᠮᠡᠷᠭᠡᠵᠢᠯ ᠤᠨ ᠴᠢᠳᠠᠪᠤᠷᠢᠲᠠᠨ ᠤ ᠴᠢᠳᠠᠪᠤᠷᠢ ᠶᠢᠨ ᠬᠢᠷᠢ | ᠲᠦᠪᠰᠢᠨ ᠢ ᠳᠡᠭᠡᠭᠰᠢᠯᠡᠭᠦᠯᠦᠨ ᠲᠤᠰᠬᠠᠢ ᠮᠡᠷᠭᠡᠵᠢᠯ ᠤᠨ ᠴᠢᠳᠠᠪᠤᠷᠢᠲᠠᠨ ᠤ ᠠᠵᠢᠯ ᠮᠡᠷᠭᠡᠵᠢᠯ ᠤᠨ ᠬᠦᠭᠵᠢᠯᠲᠡ ᠳᠤ | ᠵᠤᠷᠢᠭᠵᠢᠭᠤᠯᠤᠯ ᠥᠭᠴᠦ ᠲᠤᠰᠬᠠᠢ ᠮᠡᠷᠭᠡᠵᠢᠯ ᠤᠨ ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠶᠢ | ᠴᠢᠩᠭᠠᠳᠬᠠᠬᠤ ᠳᠤ ᠴᠢᠬᠤᠯᠠ ᠠᠴᠢ ᠬᠤᠯᠪᠤᠭᠳᠠᠯ ᠲᠠᠢ ᠶᠤᠮ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠤᠨ ᠤ ᠨᠠᠮ ᠤᠨ ᠬᠤᠷᠢᠶᠠᠨ ᠤ ᠠᠯᠪᠠᠨ ᠲᠢᠩᠬᠢᠮ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ | ᠠᠷᠠᠳ ᠤᠨ ᠵᠠᠰᠠᠭ ᠤᠨ ᠣᠷᠳᠤᠨ ᠤ ᠠᠯᠪᠠᠨ ᠲᠢᠩᠬᠢᠮ ᠤᠨ ᠳᠠᠷᠤᠮᠯᠠᠨ ᠲᠠᠷᠬᠠᠭᠠᠭᠰᠠᠨ | ᠨᠢᠭᠡ᠂ ᠵᠢᠯᠤᠭᠤᠳᠬᠤ ᠦᠵᠡᠯ ᠰᠠᠨᠠᠭ᠎ᠠ | ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ | ᠰᠢ ᠶᠢᠨ ᠫᠢᠩ ᠤᠨ ᠰᠢᠨ᠎ᠡ ᠴᠠᠭ ᠥᠶ᠎ᠡ ᠶᠢᠨ ᠲᠤᠮᠳᠠᠲᠤ ᠤᠯᠤᠰ ᠤᠨ ᠤᠨᠴᠠᠯᠢᠭᠲᠤ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ︽ᠲᠠᠪᠤ ᠶᠢ ᠨᠢᠭᠡ ᠴᠣᠭᠴᠠᠵᠢᠭᠤᠯᠬᠤ︾ ᠶᠡᠷᠦᠩᠬᠡᠢ | ᠪᠠᠶᠢᠷᠢᠰᠢᠭᠤᠯᠤᠯᠲᠠ ᠶᠢᠨ ᠲᠣᠭᠤᠷᠢᠨ ᠳᠤ ᠨᠢᠭᠡᠳᠦᠯᠲᠡᠢ ᠲᠦᠯᠦᠪᠵᠢᠭᠦᠯᠦᠨ ᠠᠬᠢᠭᠤᠯᠬᠤ ᠪᠠ ︽ᠳᠦᠷᠪᠡᠨ ᠪᠦᠬᠦ | ᠲᠠᠯ᠎ᠠ︾ ᠶᠢᠨ ᠪᠠᠶᠢᠯᠳᠤᠬᠤ ᠪᠣᠳᠤᠯᠭ᠎ᠠ ᠶᠢᠨ ᠪᠠᠶᠢᠷᠢᠰᠢᠭᠤᠯᠤᠯᠲᠠ ᠶᠢ ᠵᠣᠬᠢᠴᠠᠭᠤᠯᠤᠨ ᠠᠬᠢᠭᠤᠯᠵᠤ᠂ ᠰᠢᠨ᠎ᠡ | ᠬᠦᠭᠵᠢᠯᠲᠡ ᠶᠢᠨ ᠣᠶᠢᠯᠭᠠᠭᠳᠠᠬᠤᠨ ᠢ ᠪᠠᠲᠤ ᠪᠣᠢ ᠪᠣᠯᠭᠠᠬᠤ ᠪᠠ ᠲᠣᠭᠤᠰᠢᠯᠠᠭᠤᠯᠤᠨ ᠨᠠᠶᠢᠳᠠᠪᠤᠷᠢᠵᠢᠭᠤᠯᠵᠤ᠂ | ᠴᠢᠳᠠᠪᠤᠷᠢᠲᠠᠨ ᠢᠶᠠᠷ ᠰᠢᠶᠠᠨ ᠢᠶᠠᠨ ᠬᠦᠴᠦᠷᠬᠡᠭᠵᠢᠭᠦᠯᠬᠦ ᠪᠠᠶᠢᠯᠳᠤᠬᠤ ᠪᠣᠳᠤᠯᠭ᠎ᠠ ᠪᠣᠯᠣᠨ ᠰᠢᠨ᠎ᠡ ᠶᠢ ᠡᠭᠦᠳᠬᠦ ᠪᠠᠷ | ᠬᠦᠳᠡᠯᠭᠡᠭᠦᠷ ᠪᠣᠯᠭᠠᠭᠰᠠᠨ ᠬᠦᠭᠵᠢᠯᠲᠡ ᠶᠢᠨ ᠪᠠᠶᠢᠯᠳᠤᠬᠤ ᠪᠣᠳᠤᠯᠭ᠎ᠠ ᠳᠤ ᠰᠠᠭᠤᠷᠢᠯᠠᠨ ᠦᠢᠯᠡᠴᠢᠯᠡᠨ᠎ᠡ᠂ ᠨᠠᠮ ᠤᠨ | ᠴᠢᠳᠠᠪᠤᠲᠠᠨ ᠢ ᠬᠠᠮᠢᠶᠠᠷᠬᠤ ᠵᠠᠷᠴᠢᠮ ᠢ ᠪᠠᠷᠢᠮᠲᠠᠯᠠᠵᠤ᠂ ᠨᠡᠩ ᠢᠳᠡᠪᠬᠢᠲᠡᠢ᠂ ᠨᠡᠭᠡᠭᠡᠯᠲᠡᠲᠡᠢ᠂ ᠪᠦᠲᠦᠮᠵᠢᠲᠡᠢ | ᠴᠢᠳᠠᠪᠤᠷᠢᠲᠠᠨ ᠤ ᠲᠦᠷᠦ ᠶᠢᠨ ᠪᠣᠳᠤᠯᠭ᠎ᠠ ᠶᠢ ᠬᠡᠷᠡᠭᠵᠢᠭᠦᠯᠦᠨ᠂ ᠲᠤᠰᠬᠠᠢ ᠮᠡᠷᠭᠡᠵᠢᠯ ᠤᠨ ᠴᠢᠳᠠᠪᠤᠷᠢᠲᠠᠨ ᠤ ᠦᠰᠦᠨ | ᠪᠣᠶᠢᠵᠢᠯᠲᠠ ᠶᠢᠨ ᠵᠢᠮ᠎ᠡ ᠶᠣᠰᠤ ᠶᠢ ᠵᠢᠷᠤᠮᠯᠠᠨ᠂ ᠠᠵᠢᠯ ᠮᠡᠷᠭᠡᠵᠢᠯ ᠤᠨ ᠤᠨᠴᠠᠯᠢᠭ ᠢ ᠨᠢ ᠠᠳᠬᠤᠵᠤ ᠪᠦᠷᠢᠨ | ᠲᠡᠭᠦᠯᠳᠡᠷ ᠲᠤᠬᠠᠶᠢᠯᠠᠭᠰᠠᠨ ᠠᠵᠢᠯ ᠤᠨ ᠬᠤᠪᠢᠶᠠᠷᠢᠯᠡᠯ ᠢᠶᠠᠷ ᠰᠠᠭᠤᠷᠢ ᠪᠣᠯᠭᠠᠨ᠂ ᠲᠤᠰᠢᠶᠠᠯ ᠤᠨ ᠴᠣᠯᠠ ᠶᠢᠨ | ᠠᠵᠢᠯ ᠤᠨ ᠲᠤᠭᠲᠠᠴᠠ ᠶᠢ ᠲᠡᠭᠦᠯᠳᠡᠷᠵᠢᠭᠦᠯᠬᠦ ᠪᠠᠷ ᠭᠤᠣᠯᠳᠠᠯᠭ᠎ᠠ ᠪᠣᠯᠭᠠᠵᠤ ᠰᠢᠨᠵᠢᠯᠡᠬᠦ ᠤᠬᠠᠭᠠᠨᠴᠢ ᠪᠠᠷ | ᠲᠦᠷᠦᠯᠬᠤᠪᠢᠶᠠᠨ ᠦᠨᠡᠯᠡᠬᠦ ᠪᠠᠷ ᠭᠤᠣᠯ ᠪᠣᠯᠭᠠᠵᠤ᠂ ᠴᠢᠳᠠᠪᠤᠷᠢᠲᠠᠨ ᠢ ᠨᠡᠭᠡᠭᠡᠨ ᠬᠦᠭᠵᠢᠭᠦᠯᠵᠦ ᠬᠡᠷᠡᠭᠯᠡᠬᠦ ᠪᠠᠷ | ᠵᠣᠷᠢᠯᠭ᠎ᠠ ᠪᠣᠯᠭᠠᠨ ᠰᠢᠨᠵᠢᠯᠡᠬᠦ ᠤᠬᠠᠭᠠᠨᠴᠢ᠂ ᠳᠦᠷᠢᠮᠵᠢᠭᠦᠯᠦᠭᠰᠡᠨ᠂ ᠨᠡᠶᠢᠭᠡᠮᠴᠢᠯᠡᠭᠰᠡᠨᠲ᠋ᠤᠰᠢᠶᠠᠯ ᠤᠨ ᠴᠣᠯᠠ | ᠰᠢᠯᠭᠠᠨ ᠲᠤᠭᠲᠠᠭᠠᠬᠤ ᠪᠠ ᠤᠷᠢᠨ ᠭᠡᠷᠡᠭᠯᠡᠬᠦ ᠳᠦᠷᠢᠮ ᠢ ᠲᠦᠷᠭᠡᠳᠬᠡᠨ ᠪᠠᠶᠢᠭᠤᠯᠵᠤ᠂ ᠴᠢᠳᠠᠪᠤᠷᠢᠲᠠᠨ ᠤ ᠰᠢᠨ᠎ᠡ ᠶᠢ | ᠡᠭᠦᠳᠬᠦ ᠠᠳᠠᠯ ᠦᠢᠯᠡᠰ ᠪᠣᠰᠬᠠᠬᠤ ᠠᠮᠢᠵᠢᠷᠠᠯ ᠤᠨ ᠬᠦᠴᠦᠨ ᠢ ᠬᠠᠮᠤᠭ ᠤᠨ ᠶᠡᠭᠡ ᠬᠡᠮᠵᠢᠶ᠎ᠡ ᠪᠠᠷ ᠬᠦᠭᠵᠢᠭᠡᠨ | ᠪᠠᠳᠠᠷᠠᠭᠤᠯᠵᠤ ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠪᠤᠰᠤᠳᠴᠢ᠂ ᠰᠢᠨᠵᠢᠯᠡᠬᠦ ᠤᠬᠠᠭᠠᠨᠴᠢ᠂ ᠲᠥᠪ | ᠭᠤᠣᠯᠴᠢ ᠪᠠᠷ ᠦᠨᠡᠯᠡᠵᠦ᠂ ᠮᠠᠨ ᠤ ᠰᠢᠶᠠᠨ ᠤ ᠲᠤᠰᠬᠠᠢ ᠮᠡᠷᠭᠡᠵᠢᠯ ᠤᠨ ᠴᠢᠳᠠᠪᠤᠷᠢᠲᠠᠨ ᠤ ᠡᠩᠨᠡᠭᠡᠨ ᠤ ᠪᠦᠬᠦᠯᠢ | ᠴᠣᠭᠴᠠ ᠶᠢᠨ ᠬᠡᠪ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠦᠨ ᠰᠢᠶᠠᠨ ᠤ ᠠᠵᠤ ᠠᠬᠤᠢ ᠶᠢᠨ ᠬᠦᠭᠵᠢᠯᠲᠡ ᠶᠢᠨ | ᠠᠬᠢᠭᠤᠯᠤᠯᠲᠠ ᠳᠤ ᠲᠤᠰᠬᠠᠢ ᠮᠡᠷᠭᠡᠵᠢᠯ ᠤᠨ ᠴᠢᠳᠠᠪᠤᠷᠢᠲᠠᠨ ᠤ ᠬᠦᠴᠦᠲᠡᠢ ᠪᠠᠳᠤᠯᠠᠭ᠎ᠠ ᠪᠣᠯᠣᠨ ᠣᠶᠣᠨ ᠤ | ᠲᠤᠯᠭᠠᠭᠤᠷᠢᠯᠠᠯ ᠬᠠᠩᠭᠠᠬᠤ ᠬᠡᠷᠡᠭᠲᠡᠢ᠃ | ᠬᠤᠶᠠᠷ᠂ ᠦᠨᠳᠦᠰᠦᠨ ᠵᠠᠷᠴᠢᠮ | ︵1︶ ᠬᠦᠭᠵᠢᠯᠲᠡ ᠳᠤ ᠦᠢᠯᠡᠴᠢᠯᠡᠬᠦ ᠶᠢ ᠪᠠᠷᠢᠮᠲᠠᠯᠠᠵᠤ᠂ ᠰᠢᠨ᠎ᠡ ᠶᠢ ᠡᠭᠦᠳᠬᠦ ᠶᠢ ᠤᠷᠮᠠᠰᠢᠭᠤᠯᠤᠨ᠎ᠠ᠃ ᠪᠦᠬᠦ | ᠰᠢᠶᠠᠨ ᠤ ᠠᠵᠤ ᠠᠬᠤᠢ ᠨᠡᠶᠢᠭᠡᠮ ᠤᠨ ᠬᠦᠭᠵᠢᠯᠲᠡ ᠪᠣᠯᠣᠨ ᠴᠢᠳᠠᠪᠤᠷᠢᠲᠠᠨ ᠤ ᠡᠩᠨᠡᠭᠡᠨ ᠤ | ᠪᠠᠶᠢᠭᠤᠯᠤᠯᠲᠠ ᠵᠢᠨᠱᠠᠭᠠᠷᠳᠠᠯᠭᠠ ᠶᠢᠨ ᠲᠤᠭᠤᠷᠢᠨ ᠳᠤ ᠴᠢᠳᠠᠪᠤᠷᠢᠲᠠᠨ ᠵᠶ᠋ᠠᠷᠰᠢᠶᠠᠨ ᠢᠶᠠᠨ ᠬᠦᠴᠦᠷᠬᠡᠭᠵᠢᠭᠦᠯᠬᠦ | ᠪᠠᠶᠢᠯᠳᠤᠬᠤ ᠪᠣᠳᠤᠯᠭ᠎ᠠ ᠪᠣᠯᠣᠨ ᠰᠢᠨ᠎ᠡ ᠶᠢ ᠡᠭᠦᠳᠬᠦ ᠪᠠᠷ ᠬᠦᠳᠡᠯᠭᠡᠭᠦᠷ ᠪᠣᠯᠭᠠᠭᠰᠠᠨ ᠬᠦᠭᠵᠢᠯᠲᠡ ᠶᠢᠨ ᠪᠠᠶᠢᠯᠳᠤᠬᠤ | ᠪᠣᠳᠤᠯᠭ᠎ᠠ ᠳᠤ ᠦᠢᠯᠡᠴᠢᠯᠡᠨ᠂ ᠴᠢᠳᠠᠪᠤᠷᠢᠲᠠᠨ ᠤ ᠦᠨᠡᠯᠡᠯᠲᠡ ᠶᠢᠨ ︽ᠲᠣᠬᠢᠭᠤᠷ︾ ᠤᠨᠦᠢᠯᠡᠳᠦᠯ ᠢ ᠭᠦᠢᠴᠡᠳ | ᠪᠠᠳᠠᠷᠠᠭᠤᠯᠤᠨ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠠᠬᠢᠭᠤᠯᠵᠤ᠂ ᠲᠤᠰᠢᠶᠠᠯ ᠤᠨ ᠴᠣᠯᠠ | ᠰᠢᠯᠭᠠᠨ ᠲᠤᠭᠲᠠᠭᠠᠬᠤ ᠪᠠ ᠤᠷᠢᠨ ᠭᠡᠷᠡᠭᠯᠡᠬᠦ ᠳᠦᠷᠢᠮ ᠤᠨ ᠥᠭᠡᠷᠡᠴᠢᠯᠡᠯᠲᠡ ᠶᠢ ᠤᠯᠡᠮᠨᠢᠭᠡ ᠠᠯᠬᠤᠮ | ᠭᠦᠨᠵᠡᠭᠡᠶᠢᠷᠡᠭᠦᠯᠦᠨ᠂ ᠴᠢᠳᠠᠪᠤᠷᠢᠲᠠᠨ ᠤ ᠰᠢᠨ᠎ᠡ ᠶᠢ ᠡᠭᠦᠳᠬᠦ ᠠᠳᠠᠯ ᠦᠢᠯᠡᠰ ᠪᠣᠰᠬᠠᠬᠤ ᠠᠮᠢᠵᠢᠷᠠᠯ ᠤᠨ ᠬᠦᠴᠦᠨ ᠢ | ᠬᠠᠮᠤᠭ ᠤᠨ ᠶᠡᠭᠡ ᠬᠡᠮᠵᠢᠶ᠎ᠡ ᠪᠠᠷ ᠬᠦᠭᠵᠢᠭᠡᠨ ᠪᠠᠳᠠᠷᠠᠭᠤᠯᠵᠤ᠂ ᠲᠦᠮᠡᠨ ᠣᠯᠠᠨ ᠢᠶᠠᠷ ᠢᠶᠠᠨ ᠠᠳᠠᠯ ᠦᠢᠯᠡᠰ | ᠴᠣᠭᠴᠠᠯᠠᠨ ᠲᠦᠭ ᠲᠦᠮᠡᠨ ᠢᠶᠠᠷ ᠢᠶᠠᠨ ᠰᠢᠨ᠎ᠡ ᠶᠢ ᠡᠭᠦᠳᠬᠦ ᠶᠢ ᠠᠬᠢᠭᠤᠯᠤᠨ᠎ᠠ᠃ | ︵2︶ ᠵᠢᠮ᠎ᠡ ᠶᠣᠰᠤ ᠶᠢ ᠵᠢᠷᠤᠮᠯᠠᠬᠤ ᠶᠢ ᠪᠠᠷᠢᠮᠲᠠᠯᠠᠨ ᠰᠢᠨᠵᠢᠯᠡᠬᠦ ᠤᠬᠠᠭᠠᠨᠴᠢ ᠦᠨᠡᠯᠡᠯᠲᠡ ᠬᠢᠨ᠎ᠡ᠃ | ᠴᠢᠳᠠᠪᠤᠷᠢᠲᠠᠨ ᠤ ᠦᠰᠦᠯᠲᠡ ᠪᠣᠶᠢᠵᠢᠯᠲᠡ ᠶᠢᠨ ᠵᠢᠮ᠎ᠡ ᠶᠣᠰᠤ ᠶᠢ ᠵᠢᠷᠤᠮᠯᠠᠨ᠂ ᠮᠤᠷᠠᠯ᠂ ᠴᠢᠳᠠᠪᠤᠷᠢ᠂ ᠠᠵᠢᠯ ᠤᠨ | ᠠᠮᠵᠢᠯᠲᠡ ᠪᠦᠲᠦᠮᠵᠢ ᠪᠠᠷ ᠤᠳᠤᠷᠢᠳᠤᠮᠵᠢ ᠪᠣᠯᠭᠠᠨ᠂ ᠦᠨᠡᠯᠡᠬᠦ ᠪᠠᠷᠢᠮᠵᠢᠶ᠎ᠡ ᠪᠠᠨ ᠲᠡᠭᠦᠯᠳᠡᠷᠵᠢᠭᠦᠯᠵᠦ᠂ ᠦᠨᠡᠯᠡᠬᠦ | ᠠᠷᠭ᠎ᠠ ᠪᠠᠷᠢᠯ ᠢ ᠰᠢᠨᠡᠴᠢᠯᠡᠨ ᠵᠦᠪᠬᠡᠨ ᠰᠤᠷᠤᠯᠭ᠎ᠠ ᠶᠢᠨ ᠨᠠᠮᠲᠠᠷ᠂ ᠦᠭᠦᠯᠡᠯ ᠢ ᠯᠠ ᠡᠷᠬᠢᠮᠯᠡᠬᠦ ᠬᠠᠨᠳᠤᠰᠢ ᠶᠢ | ᠵᠠᠯᠠᠷᠠᠭᠤᠯᠤᠨ᠂ ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠰᠢᠨᠵᠢᠯᠡᠬᠦ ᠤᠬᠠᠭᠠᠨᠴᠢ᠂ ᠪᠤᠰᠤᠳᠴᠢ ᠪᠠᠷ᠂ ᠲᠥᠪ | ᠭᠤᠣᠯᠴᠢ ᠪᠠᠷ ᠦᠨᠡᠯᠡᠵᠦ᠂ ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠨᠡᠩ ᠣᠯᠠᠨ ᠴᠠᠭ᠂ ᠬᠦᠴᠦ ᠵᠠᠷᠤᠴᠠᠭᠤᠯᠵᠤ | ᠲᠤᠰᠬᠠᠢ ᠮᠡᠷᠭᠡᠵᠢᠯ ᠳᠡᠭᠡᠨ ᠰᠢᠮᠳᠠᠬᠤ ᠪᠣᠯᠭᠠᠵᠤ᠂ ᠬᠤᠪᠢ ᠨᠡᠮᠡᠷᠢ ᠦᠵᠡᠭᠦᠯᠦᠭᠰᠡᠨ ᠴᠢᠳᠠᠪᠤᠷᠢᠲᠠᠨ ᠳᠤ ᠦᠷ᠎ᠡ | ᠪᠦᠲᠦᠮᠵᠢᠲᠦ ᠰᠡᠳᠬᠢᠯᠭᠡ ᠪᠠ ᠬᠦᠷᠲᠡᠭᠡᠮᠵᠢᠲᠤ ᠮᠡᠳᠡᠷᠡᠮᠵᠢ ᠶᠢ ᠣᠯᠭᠤᠨ᠎ᠠ᠃ | ︵3︶ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ ᠲᠦᠷᠦᠯ ᠬᠤᠪᠢᠶᠠᠨ ᠠᠬᠢᠭᠤᠯᠤᠨ᠎ᠠ᠃ | ᠣᠳᠣ ᠶᠢᠨ ᠬᠡᠷᠡᠭᠵᠢᠭᠦᠯᠵᠦ ᠪᠠᠶᠢᠭ᠎ᠠ ᠲᠤᠰᠢᠶᠠᠯ ᠤᠨ ᠴᠣᠯᠠ ᠲᠤᠭᠲᠠᠭᠠᠬᠤ ᠤᠷᠢᠨ ᠬᠡᠷᠡᠭᠯᠡᠬᠦ ᠳᠦᠷᠢᠮ ᠳᠤ ᠣᠷᠤᠰᠢᠵᠤ | ᠪᠠᠶᠢᠭ᠎ᠠ ᠠᠰᠠᠭᠤᠳᠠᠯ ᠢᠯᠠᠩᠭᠤᠶ᠎ᠡ ᠲᠤᠰᠬᠠᠢ ᠮᠡᠷᠭᠡᠵᠢᠯ ᠤᠨ ᠴᠢᠳᠠᠪᠤᠷᠢᠲᠠᠨ ᠤ ᠲᠤᠰᠬᠠᠭᠰᠠᠨ ᠳᠣᠪᠤᠶᠢᠮ᠎ᠠ | ᠠᠰᠠᠭᠤᠳᠠᠯ ᠳᠤ ᠣᠨᠤᠪᠴᠢᠲᠡᠢ ᠠᠷᠭ᠎ᠠ ᠪᠣᠳᠤᠯᠭ᠎ᠠ ᠠᠪᠤᠨ᠎ᠠ᠃ ᠠᠳᠠᠯᠢ ᠪᠣᠰᠤ ᠬᠦᠷᠢᠶ᠎ᠡ ᠴᠠᠷ᠎ᠠ᠂ ᠠᠳᠠᠯᠢ ᠪᠣᠰᠤ | ᠠᠵᠢᠯ ᠲᠦᠷᠦᠯ᠂ ᠠᠳᠠᠯᠢ ᠪᠣᠰᠤ ᠲᠡᠰ ᠳᠠᠪᠬᠤᠷᠭ᠎ᠠ ᠶᠢᠨ ᠲᠤᠰᠬᠠᠢ ᠮᠡᠷᠭᠡᠵᠢᠯ ᠤᠨᠴᠢᠳᠠᠪᠤᠷᠢᠲᠠᠨ ᠤ ᠤᠨᠴᠠᠯᠢᠭ ᠢ | ᠠᠳᠬᠤᠵᠤ ᠲᠦᠷᠦᠯ ᠬᠤᠪᠢᠶᠠᠨ ᠦᠨᠡᠯᠡᠯᠲᠡ ᠬᠢᠨ᠎ᠡ᠃ | ︵4︶ ᠬᠡᠷᠡᠭᠯᠡᠬᠦ ᠪᠠᠷ ᠦᠨᠳᠤᠰᠤ ᠪᠣᠯᠭᠠᠬᠤ ᠶᠢ ᠪᠠᠷᠢᠮᠲᠠᠯᠠᠵᠤ᠂ ᠰᠢᠨ᠎ᠡ ᠶᠢ ᠡᠭᠦᠳᠬᠦ ᠲᠣᠭᠲᠠᠴᠠ ᠶᠢ | ᠪᠠᠶᠢᠭᠤᠯᠤᠨ᠎ᠠ᠃ ᠴᠢᠳᠠᠪᠤᠷᠢᠲᠠᠨ ᠢ ᠠᠮᠢᠳᠤᠯᠢᠭ ᠬᠡᠷᠡᠭᠯᠡᠬᠦ ᠲᠠᠢ ᠤᠶᠠᠯᠳᠤᠭᠤᠯᠤᠨ ᠴᠢᠳᠠᠪᠤᠷᠢᠲᠠᠨ ᠢ ᠦᠨᠡᠯᠡᠬᠦ | ᠲᠤᠭᠲᠠᠴᠠ ᠶᠢ ᠰᠢᠨᠡᠴᠢᠯᠡᠵᠤ᠂ ᠴᠢᠳᠠᠪᠤᠷᠢᠲᠠᠨ ᠢ ᠦᠨᠡᠯᠡᠬᠦ ᠪᠠ ᠬᠡᠷᠡᠭᠯᠡᠬᠦ ᠶᠢ ᠨᠢᠭᠲᠠ ᠤᠶᠠᠯᠳᠤᠭᠤᠯᠤᠨ ᠲᠤᠰᠬᠠᠢ | ᠮᠡᠷᠭᠡᠵᠢᠯ ᠤᠨ ᠴᠢᠳᠠᠪᠤᠷᠢᠲᠠᠨ ᠤ ᠠᠵᠢᠯ ᠮᠡᠷᠭᠡᠵᠢᠯ ᠤᠨ ᠬᠦᠭᠵᠢᠯᠲᠡ ᠶᠢ ᠠᠬᠢᠭᠤᠯᠵᠤ ᠡᠯ᠎ᠡ ᠲᠦᠷᠦᠯ ᠤᠨ ᠬᠦᠮᠦᠨ | ᠬᠡᠷᠡᠭᠯᠡᠬᠦ ᠨᠢᠭᠡᠴᠡ ᠶᠢᠨ ᠴᠢᠳᠠᠪᠤᠷᠢᠲᠠᠨ ᠢ ᠰᠤᠩᠭᠤᠨ ᠬᠡᠷᠡᠭᠯᠡᠬᠦ ᠬᠡᠷᠡᠭᠴᠡᠭᠡ ᠶᠢ ᠬᠠᠩᠭᠠᠨ᠎ᠠ᠃ | ᠭᠤᠷᠪᠠ᠂ ᠭᠤᠣᠯ ᠬᠠᠷᠠᠯᠲᠠ | ᠲᠤᠰᠢᠶᠠᠯ ᠤᠨ ᠴᠣᠯᠠ ᠰᠢᠯᠭᠠᠨ ᠲᠤᠭᠲᠠᠭᠠᠬᠤ ᠪᠠ ᠤᠷᠢᠨ ᠭᠡᠷᠡᠭᠯᠡᠬᠦ ᠳᠦᠷᠢᠮ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠪᠠᠷ ᠳᠠᠮᠵᠢᠨ ᠭᠤᠣᠯ ᠨᠢ ᠲᠦᠷᠢᠮ ᠤᠨ ᠰᠢᠰᠲ᠋ᠧᠮ ᠤᠨ ᠲᠡᠭᠦᠯᠳᠡᠷ ᠪᠣᠰᠤ᠂ ᠦᠨᠡᠯᠡᠬᠦ ᠪᠠᠷᠢᠮᠵᠢᠶ᠎ᠡ | ᠨᠢ ᠰᠢᠨᠵᠢᠯᠡᠬᠦ ᠤᠬᠠᠭᠠᠨᠴᠢ ᠪᠣᠰᠤ᠂ ᠦᠨᠡᠯᠡᠬᠦ ᠲᠤᠭᠲᠠᠴᠠ ᠲᠡᠭᠦᠯᠳᠡᠷᠵᠢᠭᠡ ᠦᠭᠡᠢ᠂ ᠬᠠᠮᠢᠶᠠᠷᠤᠯᠲᠠ ᠦᠢᠯᠡᠴᠢᠯᠡᠭᠡ | ᠨᠢ ᠰᠠᠶᠢᠨ ᠵᠢᠷᠤᠮᠵᠢᠭᠠᠳᠤᠢ ᠪᠠᠶᠢᠵᠤ ᠢᠵᠢ ᠪᠦᠷᠢᠳᠦᠭᠦᠯᠬᠦ ᠵᠡᠷᠬᠡ ᠠᠰᠠᠭᠤᠳᠠᠯ ᠢ ᠰᠢᠢᠳᠪᠤᠷᠢᠯᠡᠵᠦ᠂ ᠲᠤᠰᠬᠠᠢ | ᠮᠡᠷᠭᠡᠵᠢᠯ ᠤᠨ ᠴᠢᠳᠠᠪᠤᠷᠢᠲᠠᠨ ᠤ ᠨᠡᠩᠨᠡᠭᠡᠨ ᠤ ᠪᠦᠳᠦᠴᠡ ᠶᠢ ᠤᠯᠠᠮ ᠵᠣᠬᠢᠰᠲᠠᠢ ᠪᠣᠯᠭᠠᠵᠤ᠂ ᠴᠢᠳᠠᠪᠤᠷᠢ ᠶᠢᠨ ᠬᠡᠪ | ᠪᠣᠯᠪᠠᠰᠤᠷᠠᠯ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ 5 ᠵᠢᠯ ᠤᠨ ᠬᠤᠭᠤᠴᠠᠭ᠎ᠠ ᠪᠠᠷ ᠳᠠᠮᠵᠢᠨ᠂ ᠠᠯᠬᠤᠮ | ᠠᠯᠬᠤᠮ ᠢᠶᠠᠷ ᠵᠦᠢ ᠵᠣᠬᠢᠰᠲᠠᠢ ᠪᠠᠶᠢᠷᠢᠯᠠᠭᠤᠯᠤᠯᠲᠠ ᠲᠠᠢ᠂ ᠰᠢᠨᠵᠢᠯᠡᠬᠦ ᠤᠬᠠᠭᠠᠨᠴᠢ ᠦᠨᠡᠯᠡᠯᠲᠡ ᠲᠠᠢ᠂ | ᠬᠠᠮᠢᠶᠠᠷᠤᠯᠲᠠ ᠨᠢ ᠵᠢᠷᠤᠮᠵᠢᠯ ᠲᠠᠢ᠂ ᠠᠵᠢᠯ ᠬᠢᠳᠡᠯ ᠨᠢ ᠵᠣᠬᠢᠴᠠᠯᠳᠤᠭᠰᠠᠨ᠂ ᠦᠢᠯᠡᠴᠢᠯᠡᠭᠡ ᠪᠦᠷᠢᠨ᠂ ᠪᠦᠬᠦ | ᠰᠢᠶᠠᠨ ᠤ ᠲᠤᠰᠬᠠᠢ ᠮᠡᠷᠭᠡᠵᠢᠯ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢᠨ ᠪᠤᠳᠠᠲᠤ ᠪᠠᠶᠢᠳᠠᠯ ᠳᠤ | ᠨᠡᠶᠢᠴᠡᠭᠰᠡᠨ ᠲᠤᠰᠢᠶᠠᠯ ᠤᠨ ᠴᠣᠯᠠ ᠰᠢᠯᠭᠠᠨ ᠲᠤᠭᠲᠠᠭᠠᠬᠤ ᠪᠠ ᠤᠷᠢᠨ ᠭᠡᠷᠡᠭᠯᠡᠬᠦ ᠳᠦᠷᠢᠮ ᠲᠠᠢ ᠪᠣᠯᠵᠠᠢ᠃ | ᠳᠥᠷᠪᠡ᠂ ᠬᠡᠷᠡᠭᠵᠢᠭᠦᠯᠬᠦ ᠠᠭᠤᠯᠭ᠎ᠠ | ︵ᠨᠢᠭᠡ︶ ᠲᠤᠰᠢᠶᠠᠯ ᠤᠨ ᠴᠣᠯᠠ ᠶᠢᠨ ᠳᠦᠷᠢᠮ ᠤᠨ ᠰᠢᠰᠲ᠋ᠧᠮ ᠢ ᠲᠡᠭᠦᠯᠳᠡᠷᠵᠢᠭᠦᠯᠦᠨ᠎ᠡ᠃ | 1᠂ ᠲᠤᠰᠢᠶᠠᠯ ᠤᠨ ᠴᠣᠯᠠ ᠶᠢᠨ ᠲᠦᠷᠦᠯ ᠵᠦᠢᠯ ᠢ ᠲᠡᠭᠦᠯᠲᠡᠷᠵᠢᠭᠦᠯᠦᠨ᠎ᠡ᠃ ᠥᠪᠡᠷᠲᠡᠭᠡᠨ ᠵᠠᠰᠠᠬᠤ ᠣᠷᠤᠨ ᠤ | ᠲᠤᠰᠢᠶᠠᠯ ᠤᠨ ᠴᠣᠯᠠ ᠶᠢᠨ ᠲᠦᠷᠦᠯ ᠵᠦᠢᠯ ᠦᠨᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠤᠭᠠᠷ᠂ ᠣᠳᠣ ᠶᠢᠨ | ᠲᠤᠰᠢᠶᠠᠯ ᠤᠨ ᠴᠣᠯᠠ ᠶᠢᠨ ᠲᠦᠷᠦᠯ ᠵᠦᠢᠯ ᠢ ᠶᠡᠷᠦᠩᠬᠡᠢ ᠳᠤᠨᠢ ᠲᠤᠭᠲᠠᠪᠤᠷᠢᠲᠠᠢ ᠪᠠᠶᠢᠯᠭᠠᠵᠤ᠂ ᠣᠨᠴᠠᠵᠠᠷᠢᠮ ᠠᠵᠤ | ᠠᠬᠤᠢ ᠶᠢᠨ ᠨᠡᠶᠢᠭᠡᠮ ᠤᠨ ᠬᠦᠭᠵᠢᠯᠲᠡ ᠲᠠᠢ ᠵᠣᠬᠢᠴᠠᠬᠤ ᠦᠭᠡᠢ ᠲᠤᠰᠢᠶᠠᠯ ᠤᠨ ᠴᠣᠯᠠ ᠶᠢᠨ ᠲᠦᠷᠦᠯ ᠵᠦᠢᠯ ᠢ | ᠬᠦᠴᠦᠨ ᠦᠭᠡᠢ ᠪᠣᠯᠭᠠᠨ ᠠᠵᠢᠯ ᠮᠡᠷᠭᠡᠵᠢᠯ ᠤᠨ ᠰᠢᠨᠵᠢ ᠴᠢᠨᠠᠷ ᠨᠢ ᠠᠳᠠᠯᠢᠪᠲᠤᠷᠲ᠋ᠤᠰᠢᠶᠠᠯ ᠤᠨ ᠴᠣᠯᠠ ᠶᠢᠨ ᠲᠦᠷᠦᠯ | ᠵᠦᠢᠯ ᠢ ᠡᠮᠬᠢᠯᠡᠨ ᠨᠡᠶᠢᠯᠡᠭᠦᠯᠵᠦ᠂ ᠤᠯᠤᠰ ᠠᠴᠠ ᠨᠡᠮᠡᠨ ᠪᠠᠶᠢᠷᠢᠯᠠᠭᠤᠯᠤᠭᠰᠠᠨᠲ᠋ᠤᠰᠢᠶᠠᠯ ᠤᠨ ᠴᠣᠯᠠ ᠶᠢᠨ ᠲᠦᠷᠦᠯ | ᠵᠦᠢᠯ ᠢ ᠴᠠᠭ ᠲᠤᠬᠠᠢ ᠳᠤᠨᠢ ᠨᠠᠶᠢᠳᠠᠪᠤᠷᠢᠵᠢᠭᠤᠯᠬᠤ ᠬᠡᠷᠡᠭᠲᠡᠢ᠃ | 2᠂ ᠳᠡᠰ ᠳᠠᠪᠬᠤᠷᠭ᠎ᠠ ᠶᠢᠨ ᠲᠣᠬᠢᠷᠠᠭᠤᠯᠭ᠎ᠠ ᠶᠢ ᠲᠡᠭᠦᠯᠳᠡᠷᠵᠢᠭᠦᠯᠦᠨ᠎ᠡ᠃ ᠥᠪᠡᠷᠲᠡᠭᠡᠨ ᠵᠠᠰᠠᠬᠤ ᠣᠷᠤᠨ ᠤ | ᠲᠤᠰᠢᠶᠠᠯ ᠤᠨ ᠴᠣᠯᠠ ᠶᠢᠨ ᠳᠡᠰ ᠳᠠᠪᠬᠤᠷᠭ᠎ᠠ ᠶᠢᠨ ᠲᠣᠬᠢᠷᠠᠭᠤᠯᠭ᠎ᠠ ᠶᠢᠨ ᠱᠠᠭᠠᠷᠳᠠᠯᠭ᠎ᠠ ᠶᠣᠰᠤᠭᠠᠷ᠂ ᠡᠯ᠎ᠡ | ᠲᠤᠰᠢᠶᠠᠯ ᠤᠨ ᠴᠣᠯᠠ ᠶᠢᠨ ᠲᠦᠷᠦᠯ ᠵᠦᠢᠯ ᠳᠤ ᠪᠦᠷ ᠳᠡᠭᠡᠳᠤ ᠵᠡᠷᠭᠡ ︵ᠵᠢᠩᠬᠢᠨᠢ ᠳᠡᠭᠡᠲᠤ ᠵᠡᠷᠭᠡ᠂ ᠳᠡᠭᠡᠳᠤ | ᠵᠡᠷᠭᠡ ᠵᠢᠨᠲ᠋ᠡᠳ᠋ ᠳᠡᠰ︶᠂ ᠳᠤᠮᠳᠠ ᠵᠡᠷᠭᠡ᠂ ᠠᠩᠬ᠎ᠠ ᠵᠡᠷᠭᠡ ︵ᠲᠤᠰᠠᠯᠠᠬᠤ ᠳᠡᠰ᠂ ᠮᠡᠷᠭᠡᠵᠢᠯᠲᠠᠨ ᠤ ᠳᠡᠰ︶ ᠭᠡᠬᠦ | ᠴᠣᠯᠠ ᠪᠠᠶᠢᠬᠤ ᠬᠡᠷᠡᠭᠲᠡᠢ᠃ ᠣᠳᠣ ᠳᠡᠭᠡᠷ᠎ᠡ ᠪᠡᠨᠵᠢᠩᠬᠢᠨᠢ ᠳᠡᠭᠡᠲᠤ ᠳᠡᠰ ᠤᠨ ᠮᠡᠷᠭᠡᠵᠢᠯ ᠤᠨ ᠴᠣᠯᠠ ᠲᠣᠬᠢᠷᠠᠭᠤᠯᠤᠭ᠎ᠠ | ᠦᠭᠡᠢ ᠮᠡᠷᠭᠡᠵᠢᠯ ᠤᠨ ᠴᠣᠯᠠ ᠶᠢᠨ ᠲᠦᠷᠦᠯ ᠵᠦᠢᠯ ᠢ ᠴᠦᠮ ᠲᠣᠬᠢᠷᠠᠭᠤᠯᠵᠤ ᠲᠤᠰᠬᠠᠢ ᠮᠡᠷᠭᠡᠵᠢᠯ ᠤᠨ | ᠴᠢᠳᠠᠪᠤᠷᠢᠲᠠᠨ ᠤ ᠠᠵᠢᠯ ᠮᠡᠷᠭᠡᠵᠢᠯ ᠤᠨ ᠬᠦᠭᠵᠢᠯᠲᠡ ᠶᠢᠨ ᠣᠷᠤᠨ ᠵᠠᠢ ᠶᠢ ᠨᠢ ᠦᠷᠭᠡᠳᠬᠡᠨ᠎ᠡ᠃ ᠠᠩᠬ᠎ᠠ ᠵᠡᠷᠭᠡ ᠶᠢᠨ | ᠲᠤᠰᠢᠶᠠᠯ ᠤᠨ ᠴᠣᠯᠠ ᠳᠤ ᠬᠡᠷᠡᠭᠴᠡᠭᠡ ᠪᠠᠨ ᠦᠨᠳᠦᠰᠦᠯᠡᠨ ᠵᠦᠪᠬᠡᠨ ᠲᠤᠰᠠᠯᠠᠬᠤ ᠳᠡᠰ ᠲᠣᠬᠢᠷᠠᠭᠤᠯᠵᠤ ᠪᠣᠯᠣᠨ᠎ᠠ᠃ | 3᠂ ᠲᠤᠰᠢᠶᠠᠯ ᠤᠨ ᠴᠣᠯᠠ ᠶᠢᠨ ᠳᠦᠷᠢᠮ ᠬᠢᠭᠡᠳ ᠠᠵᠢᠯ ᠮᠡᠷᠭᠡᠵᠢᠯ ᠤᠨ ᠬᠢᠷᠢ ᠬᠡᠮ ᠤᠨ ᠳᠦᠷᠢᠮ ᠢ | ᠪᠦᠳᠦᠮᠵᠢᠲᠡᠢ ᠪᠠᠷ ᠵᠣᠯᠭᠠᠭᠤᠯᠬᠤ ᠬᠡᠷᠡᠭᠲᠡᠢ᠃ ᠲᠤᠰᠢᠶᠠᠯ ᠤᠨ ᠴᠣᠯᠠ ᠶᠢᠨ ᠳᠦᠷᠢᠮ ᠬᠢᠭᠡᠳ ᠠᠵᠢᠯ ᠮᠡᠷᠭᠡᠵᠢᠯ ᠤᠨ | ᠬᠢᠷᠢ ᠬᠡᠮ ᠤᠨ ᠨᠢᠭᠲᠠ ᠬᠤᠯᠪᠤᠭᠠᠲ᠋ᠠᠢ ᠠᠵᠢᠯ ᠮᠡᠷᠭᠡᠵᠢᠯ ᠤᠨ ᠬᠦᠷᠢᠶ᠎ᠡ ᠴᠠᠷ᠎ᠠ ᠳᠤ ᠲᠤᠰᠢᠶᠠᠯ ᠤᠨ ᠴᠣᠯᠠ ᠶᠢᠨ | ᠳᠦᠷᠢᠮ ᠬᠢᠭᠡᠳ ᠠᠵᠢᠯ ᠮᠡᠷᠭᠡᠵᠢᠯ ᠤᠨ ᠬᠢᠷᠢ ᠬᠡᠮ ᠤᠨ ᠬᠠᠷᠠᠭᠠᠯᠵᠠᠬᠤ ᠬᠠᠷᠢᠴᠠᠭ᠎ᠠ ᠶᠢ ᠪᠠᠶᠢᠭᠤᠯᠤᠨ ᠲᠤᠰᠬᠠᠢ | ᠮᠡᠷᠭᠡᠵᠢᠯ ᠤᠨ ᠴᠢᠳᠠᠪᠤᠷᠢᠲᠠᠨ ᠠᠵᠢᠯ ᠮᠡᠷᠭᠡᠵᠢᠯ ᠤᠨ ᠬᠢᠷᠢ ᠬᠡᠮ ᠢᠶᠠᠨ ᠠᠪᠤᠴᠢᠬᠠᠪᠠᠯ ᠬᠠᠷᠠᠭᠠᠯᠵᠠᠭᠰᠠᠨ ᠲᠦᠷᠦᠯ | ᠵᠦᠢᠯ ᠪᠣᠯᠣᠨ ᠳᠡᠰ ᠲᠠᠪᠬᠤᠷᠭ᠎ᠠ ᠶᠢᠨ ᠲᠤᠰᠢᠶᠠᠯ ᠤᠨ ᠴᠣᠯᠠ ᠶᠢᠨ ᠮᠠᠭᠠᠳᠯᠠᠨ ᠲᠤᠭᠲᠠᠭᠠᠯᠲᠠ ᠶᠢ ᠬᠢᠵᠤ ᠪᠣᠯᠬᠤ | ᠪᠦᠭᠡᠳ ᠳᠡᠭᠡᠳᠤ ᠨᠢᠭᠡ ᠳᠡᠰ ᠤᠨ ᠮᠡᠷᠭᠡᠵᠢᠯ ᠤᠨ ᠴᠣᠯᠠ ᠭᠤᠶᠤᠴᠢᠯᠡᠨ ᠮᠡᠳᠡᠭᠦᠯᠬᠦ ᠨᠦᠭᠦᠴᠡᠯ ᠪᠣᠯᠭᠠᠵᠤ ᠪᠣᠯᠣᠨ᠎ᠠ᠃ | ᠠᠩᠬ᠎ᠠ ᠵᠡᠷᠭᠡ᠂ ᠳᠤᠮᠳᠠ ᠵᠡᠷᠭᠡ ᠶᠢᠨ ᠮᠡᠷᠭᠡᠵᠢᠯ ᠤᠨ ᠴᠣᠯᠠ ᠨᠢ ᠪᠦᠬᠦ ᠤᠯᠤᠰ ᠤᠨ ᠨᠢᠭᠡᠳᠦᠯᠲᠡᠢ ᠰᠢᠯᠭᠠᠯᠲᠠ ᠪᠠᠷ | ᠳᠠᠮᠵᠢᠭᠰᠠᠨ ᠲᠤᠰᠬᠠᠢ ᠮᠡᠷᠭᠡᠵᠢᠯ ᠪᠣᠯ ᠳᠠᠬᠢᠵᠤ ᠬᠠᠷᠠᠭᠠᠯᠵᠠᠭᠰᠠᠨ ᠲᠤᠰᠢᠶᠠᠯ ᠤᠨ ᠴᠣᠯᠠ ᠶᠢᠨ ᠬᠢᠨᠠᠨ ᠲᠤᠭᠲᠠᠭᠠᠯᠲᠠ | ᠪᠠ ᠮᠠᠭᠠᠳᠯᠠᠨ ᠲᠤᠭᠲᠠᠭᠠᠯᠲᠠ ᠬᠢᠬᠦ ᠦᠭᠡᠢ᠃ ᠰᠢᠯᠭᠠᠯᠲᠠ ᠪᠠᠷ ᠪᠠᠲᠤᠯᠠᠭᠳᠠᠭᠰᠠᠨ ᠲᠤᠰᠬᠠᠢ ᠮᠡᠷᠭᠡᠵᠢᠯ ᠤᠨ | ᠠᠵᠢᠯᠲᠠᠨ ᠪᠠᠶᠢᠭᠤᠯᠭ᠎ᠠ ᠶᠢᠨ ᠢᠶᠠᠨ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠪᠣᠯᠣᠨ ᠰᠢᠶᠠᠨ ᠤ ᠬᠦᠮᠦᠨ ᠤ | ᠬᠦᠴᠦᠨ ᠤ ᠡᠬᠢ ᠪᠠᠶᠠᠯᠢᠭ ᠪᠠ ᠨᠡᠶᠢᠬᠡᠮ ᠤᠨ ᠪᠠᠲᠤᠯᠠᠭ᠎ᠠ ᠶᠢᠨ ᠲᠣᠪᠴᠢᠶᠠᠨ ᠳᠤ ᠵᠠᠪᠠᠯ ᠳᠠᠩᠰᠠᠯᠠᠭᠤᠯᠤᠭᠰᠠᠨ ᠪᠠᠶᠢᠬᠤ | ᠬᠡᠷᠡᠭᠲᠡᠢ᠃ | ︵ᠬᠤᠶᠠᠷ︶ ᠲᠤᠰᠢᠶᠠᠯ ᠤᠨ ᠴᠣᠯᠠ ᠶᠢᠨ ᠦᠨᠡᠯᠡᠯᠲᠡ ᠶᠢᠨ ᠪᠠᠷᠢᠮᠵᠢᠶ᠎ᠡ ᠶᠢ ᠲᠡᠭᠦᠯᠳᠡᠷᠵᠢᠭᠦᠯᠦᠨ᠎ᠡ᠃ | 1᠂ ᠮᠤᠷᠠᠯ ᠴᠢᠳᠠᠪᠤᠷᠢ ᠶᠢ ᠬᠤᠣᠰᠯᠠᠭᠤᠯᠤᠨ᠂ ᠮᠤᠷᠠᠯ ᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠨ᠎ᠠ᠂ ᠶᠣᠰᠤ | ᠮᠤᠷᠠᠯ ᠢ ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠦᠨᠡᠯᠡᠬᠦ ᠠᠵᠢᠯ ᠤᠨ ᠲᠡᠷᠢᠭᠦᠨ ᠪᠠᠶᠢᠷᠢᠨ ᠳᠤ ᠲᠠᠯᠪᠢᠨ᠂ | ᠲᠤᠰᠬᠠᠢ ᠮᠡᠷᠭᠡᠵᠢᠯ ᠤᠨ ᠴᠢᠳᠠᠪᠤᠷᠢᠲᠠᠨ ᠤ ᠠᠵᠢᠯ ᠮᠡᠷᠭᠡᠵᠢᠯ ᠤᠨ ᠶᠣᠰᠤ ᠮᠤᠷᠠᠯ ᠢ ᠭᠤᠣᠯᠳᠠᠯᠭ᠎ᠠ ᠲᠠᠢ ᠪᠠᠶᠢᠴᠠᠭᠠᠨ᠎ᠠ᠃ | ᠬᠦᠮᠦᠨ ᠬᠡᠷᠡᠭᠯᠡᠬᠦ ᠪᠠᠶᠢᠭᠤᠯᠭ᠎ᠠ ᠬᠤᠪᠢ ᠬᠦᠮᠦᠨ ᠤ ᠲᠤᠰᠢᠶᠠᠯ ᠤᠨ ᠮᠡᠳᠡᠭᠦᠯᠦᠯᠲᠡ ᠬᠢᠨᠠᠨ ᠰᠢᠯᠭᠠᠵᠤ ᠰᠢᠯᠭᠠᠨ | ᠲᠤᠭᠲᠠᠭᠠᠬᠤ᠂ ᠠᠷᠠᠳ ᠤᠨ ᠳᠣᠮᠳᠠ ᠪᠠᠶᠢᠴᠠᠭᠠᠬᠤ ᠵᠡᠷᠭᠡ ᠠᠷᠭ᠎ᠠ ᠮᠠᠶ᠋ᠢᠭ ᠢᠶᠠᠷ ᠲᠤᠰᠬᠠᠢ ᠮᠡᠷᠭᠡᠵᠢᠯ ᠤᠨ | ᠴᠢᠳᠠᠪᠤᠷᠢᠲᠠᠨ ᠤ ᠠᠵᠢᠯ ᠮᠡᠷᠭᠡᠵᠢᠯ ᠤᠨ ᠬᠢᠴᠢᠶᠡᠯ ᠰᠠᠬᠢᠯ ᠪᠠ ᠠᠵᠢᠯ ᠬᠢᠳᠡᠯ ᠢ ᠪᠦᠬᠦ ᠲᠠᠯ᠎ᠠ ᠪᠠᠷ ᠬᠢᠨᠠᠨ ᠪᠠᠶᠢᠴᠠᠭᠠᠵᠤ | ᠂ ᠰᠢᠨᠵᠢᠯᠡᠬᠦ ᠤᠬᠠᠭᠠᠨ ᠤ ᠵᠣᠷᠢᠭ ᠰᠠᠨᠠᠭ᠎ᠠ ᠶᠢ ᠰᠠᠨᠠᠭᠠᠴᠢᠯᠠᠨ ᠨᠡᠶᠢᠭᠡᠮ ᠤᠨ ᠬᠠᠷᠢᠭᠤᠴᠠᠯᠭ᠎ᠠ ᠶᠢ ᠴᠢᠩᠭᠠᠳᠬᠠᠵᠤ᠂ | ᠬᠠᠮᠤᠭ ᠨᠠᠭᠠᠳᠤ ᠵᠠᠬ᠎ᠠ ᠶᠢᠨ ᠶᠣᠰᠣ ᠮᠤᠷᠠᠯ ᠢ ᠡᠷᠡᠰ ᠰᠠᠬᠢᠨ᠎ᠠ᠃ | 2᠂ ᠳᠣᠪᠤᠶᠢᠮ᠎ᠠ ᠠᠮᠵᠢᠯᠲᠡ ᠪᠦᠲᠦᠮᠵᠢ ᠪᠣᠯᠣᠨ ᠪᠣᠳᠠᠲᠤ ᠬᠤᠪᠢ ᠨᠡᠮᠡᠷᠢ ᠲᠠᠢ ᠡᠰᠡᠬᠦ ᠶᠢ ᠦᠵᠡᠨ᠎ᠡ᠃ ᠶᠣᠰᠤ | ᠮᠣᠷᠠᠯ᠂ ᠴᠢᠳᠠᠪᠤᠷᠢ᠂ ᠠᠮᠵᠢᠯᠲᠡ ᠪᠦᠲᠦᠮᠵᠢ ᠭᠠᠷᠭᠠᠭᠰᠠᠨ ᠪᠠ ᠬᠤᠪᠢ ᠨᠡᠮᠡᠷᠢ ᠦᠵᠡᠭᠦᠯᠦᠭᠰᠡᠨ ᠡᠰᠡᠬᠦ ᠪᠠᠷ ᠦᠨᠡᠯᠡᠬᠦ | ᠤᠳᠤᠷᠢᠳᠤᠮᠵᠢ ᠪᠣᠯᠭᠠᠨ᠂ ᠲᠤᠰᠬᠠᠢ ᠮᠡᠷᠭᠡᠵᠢᠯ ᠤᠨ ᠴᠢᠳᠠᠪᠤᠷᠢᠲᠠᠨ ᠤ ᠲᠤᠰᠬᠠᠢ ᠮᠡᠷᠬᠡᠵᠢᠯ ᠤᠨ ᠴᠢᠨᠠᠷ᠂ | ᠦᠢᠯᠡᠳᠦᠯᠭᠡᠴᠢ ᠴᠢᠨᠠᠷ ᠪᠠ ᠪᠦᠲᠦᠭᠡᠯᠴᠢ ᠴᠢᠨᠠᠷ ᠢ ᠰᠢᠯᠭᠠᠨ ᠪᠠᠶᠢᠴᠠᠭᠠᠬᠤ ᠶᠢ ᠴᠢᠬᠤᠯᠠᠴᠢᠯᠠᠨ᠎ᠠ᠃ ᠰᠢᠨ᠎ᠡ ᠶᠢ | ᠡᠭᠦᠳᠬᠦ ᠴᠢᠳᠠᠪᠤᠷᠢ ᠶᠢᠨ ᠦᠨᠡᠯᠡᠯᠲᠡ᠂ ᠬᠡᠮᠵᠢᠶᠡᠵᠢᠭᠦᠯᠦᠨ ᠦᠨᠡᠯᠡᠬᠦ ᠪᠠᠷᠢᠮᠵᠢᠶ᠎ᠡ ᠪᠣᠯᠣᠨ ᠠᠵᠢᠯ ᠤᠨ ᠪᠦᠲᠦᠮᠵᠢ ᠶᠢᠨ | ᠡᠵᠡᠯᠡᠮᠵᠢ ᠳᠤᠪᠤᠶᠢᠮ᠎ᠠ ᠪᠠᠶᠢᠬᠤ ᠶᠢ ᠦᠵᠡᠨ᠎ᠡ᠃ ᠲᠤᠰᠬᠠᠢ ᠮᠡᠷᠭᠡᠵᠢᠯ ᠤᠨ ᠴᠢᠳᠠᠪᠤᠷᠢᠲᠠᠨ ᠤ ᠠᠵᠢᠯ ᠤᠨ ᠪᠠᠶᠢᠷᠢ ᠶᠢᠨ | ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠠᠵᠢᠯ ᠤᠨ ᠪᠦᠲᠦᠮᠵᠢ᠂ ᠰᠢᠨ᠎ᠡ ᠶᠢ ᠡᠭᠦᠳᠦᠭᠰᠡᠨ ᠦᠷ᠎ᠡ | ᠪᠦᠳᠦᠭᠡᠯ ᠢᠶᠠᠷ᠂ ᠴᠢᠬᠤᠯᠠᠴᠢᠯᠠᠨ ᠰᠢᠯᠭᠠᠨ ᠬᠢᠨᠠᠵᠤ᠂ ᠡᠷᠳᠡᠮ ᠰᠢᠨᠵᠢᠯᠡᠭᠡᠨ ᠤ ᠦᠷ᠎ᠡ ᠪᠦᠲᠦᠭᠡᠯ ᠤᠨ ᠠᠵᠤ | ᠠᠬᠤᠢ ᠶᠢᠨ ᠦᠷ᠎ᠡ ᠠᠰᠢᠭ ᠪᠠ ᠨᠡᠶᠢᠭᠡᠮ ᠤᠨ ᠦᠷ᠎ᠡ ᠠᠰᠢᠭ ᠢᠶᠠᠷ ᠲᠤᠰᠢᠶᠠᠯ ᠤᠨ ᠴᠣᠯᠠ ᠰᠢᠯᠭᠠᠷᠠᠭᠤᠯᠬᠤ ᠶᠢᠨ | ᠴᠢᠬᠤᠯᠠ ᠠᠭᠤᠯᠭ᠎ᠠ ᠪᠣᠯᠭᠠᠨ᠎ᠠ᠃ | 3᠂ ᠦᠭᠦᠯᠡᠯ ᠤᠨ ᠱᠠᠭᠠᠷᠳᠠᠯᠭ᠎ᠠ ᠶᠢ ᠰᠤᠯᠠᠷᠠᠭᠤᠯᠤᠨ᠎ᠠ᠃ ᠰᠢᠶᠠᠨ ᠤ ᠰᠢᠭᠤᠳ ᠬᠠᠷᠢᠶ᠎ᠡ ᠪᠠᠶᠢᠭᠤᠯᠭ᠎ᠠ᠂ ᠰᠢᠶᠠᠩ | ᠪᠠᠯᠭᠠᠰᠤ ᠵᠡᠷᠭᠡ ᠦᠨᠳᠤᠰᠤᠨ ᠱᠠᠳᠤᠨ ᠤ ᠨᠢᠭᠡᠳᠦᠭᠡᠷ ᠹᠷᠤᠨᠲ ᠳᠤ ᠠᠵᠢᠯᠯᠠᠳᠠᠭᠲ᠋ᠤᠰᠬᠠᠢ ᠮᠡᠷᠭᠡᠵᠢᠯ ᠤᠨ | ᠴᠢᠳᠠᠪᠤᠷᠢᠲᠠᠨ᠂ ᠪᠤᠳᠠᠲᠠᠢ ᠠᠵᠢᠯ ᠤᠨ ᠠᠮᠵᠢᠯᠲᠠ ᠶᠢ ᠨᠢ ᠭᠤᠣᠯᠳᠠᠯᠭ᠎ᠠ ᠲᠠᠢ ᠰᠢᠯᠭᠠᠨ ᠪᠠᠶᠢᠴᠠᠭᠠᠵᠤ᠂ | ᠦᠭᠦᠯᠡᠯ ᠢᠶᠠᠷ ᠬᠢᠵᠠᠭᠠᠷᠯᠠᠬᠤ ᠴᠢᠨᠠᠷᠲᠠᠢ ᠨᠦᠭᠦᠴᠡᠯ ᠪᠣᠯᠭᠠᠬᠤ ᠦᠭᠡᠢ᠂ ᠵᠦᠪᠬᠡᠨ ᠬᠢᠨᠠᠯᠲᠠ ᠪᠣᠯᠭᠠᠬᠤ ᠴᠢᠨᠠᠷᠲᠠᠢ | ᠨᠦᠭᠦᠴᠡᠯ ᠪᠣᠯᠭᠠᠨ᠎ᠠ᠃ ᠬᠠᠶᠢᠨ ᠰᠦᠪᠡᠭᠴᠢᠯᠡᠭᠰᠡᠨᠲ᠋ᠤᠰᠬᠠᠢ ᠠᠰᠢᠭ ᠤᠨ ᠪᠦᠲᠦᠮᠵᠢ᠂ ᠲᠦᠷᠦᠯ ᠵᠦᠢᠯ ᠤᠨ | ᠮᠡᠳᠡᠭᠦᠯᠦᠯᠲᠡ᠂ ᠠᠵᠢᠯ ᠤᠨ ᠳ᠋ᠦᠩᠨᠡᠯᠲᠡ᠂ ᠪᠠᠷᠢᠯᠭ᠎ᠠ ᠶᠢᠨ ᠲᠦᠰᠦᠯ ᠲᠦᠯᠦᠪᠯᠡᠭᠡ᠂ ᠲᠦᠰᠦᠪᠯᠡᠬᠦ ᠮᠠᠲ᠋ᠧᠷᠢᠶᠡᠯ᠂ | ᠵᠢᠭᠠᠬᠤ ᠲᠥᠰᠥᠪ᠂ ᠡᠪᠡᠳᠴᠢᠲᠡᠨ ᠤ ᠳᠠᠩᠰᠠ ᠵᠡᠷᠭᠡ ᠦᠷ᠎ᠡ ᠪᠦᠲᠦᠭᠡᠯ ᠢᠶᠠᠷ ᠦᠭᠦᠯᠡᠯ ᠤᠨ ᠱᠠᠭᠠᠷᠳᠠᠯᠭ᠎ᠠ ᠶᠢ | ᠣᠷᠤᠯᠠᠭᠤᠯᠵᠤ ᠪᠣᠯᠣᠨ᠎ᠠ᠃ | 4᠂ ᠥᠪᠡᠷᠲᠡᠭᠡᠨ ᠵᠠᠰᠠᠬᠤ ᠣᠷᠤᠨ ᠤ ᠬᠢᠨᠠᠨ ᠲᠣᠭᠲᠠᠭᠠᠭᠰᠠᠨ ᠲᠤᠰᠢᠶᠠᠯ ᠤᠨ ᠴᠣᠯᠠ ᠶᠢᠨ ᠲᠦᠷᠦᠯ ᠵᠦᠢᠯ ᠳᠤ | ᠣᠷᠤᠯᠴᠠᠭᠰᠠᠳ᠂ ᠭᠠᠳᠠᠭᠠᠳᠤ ᠬᠡᠯᠡᠨ ᠤ ᠮᠡᠷᠭᠡᠵᠢᠯ ᠤᠨ ᠴᠣᠯᠠ ᠪᠠ ᠺᠣᠮᠫᠢᠦ᠋ᠲ᠋ᠧᠷ ᠤᠨ ᠬᠡᠷᠡᠭᠯᠡᠭᠡᠨ ᠤ ᠴᠢᠳᠠᠪᠤᠷᠢ ᠶᠢᠨ | ᠰᠢᠯᠭᠠᠯᠲᠠ ᠶᠢᠨ ᠲᠠᠯ᠎ᠠ ᠪᠠᠷ ᠨᠢᠭᠡᠳᠦᠯᠲᠡᠢ ᠱᠠᠭᠠᠷᠳᠠᠯᠭ᠎ᠠ ᠭᠠᠷᠭᠠᠬᠤ ᠦᠭᠡᠢ᠃ ᠤᠯᠠᠭᠠᠨᠴᠠᠪ ᠬᠤᠲᠠ ᠶᠢᠨ ᠠᠩᠬ᠎ᠠ | ᠳᠤᠮᠳᠠ ᠵᠡᠷᠭᠡ ᠶᠢᠨ ᠲᠤᠰᠢᠶᠠᠯ ᠤᠨ ᠴᠣᠯᠠ᠂ ᠳᠤᠮᠳᠠ ᠪᠠᠭ᠎ᠠ ᠰᠤᠷᠭᠠᠭᠤᠯᠢ ᠶᠢᠨ ᠪᠠᠭᠰᠢ ᠶᠢᠨ ᠳᠡᠳ᠋ ᠦᠨᠳᠦᠷ | ᠵᠡᠷᠭᠡ ᠶᠢᠨ ᠲᠤᠰᠢᠶᠠᠯ ᠤᠨ ᠴᠣᠯᠠ ᠬᠢᠭᠡᠳ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠳᠡᠭᠡᠳᠤ ᠵᠡᠷᠭᠡ ᠶᠢᠨ | ᠲᠤᠰᠢᠶᠠᠯ ᠤᠨ ᠴᠣᠯᠠ ᠶᠢ ᠦᠨᠡᠯᠡᠨ ᠲᠣᠭᠲᠠᠭᠠᠬᠤ ᠦᠶᠡᠰ᠂ ᠲᠤᠰᠬᠠᠢ ᠮᠡᠷᠭᠡᠵᠢᠯ ᠤᠨ ᠠᠵᠢᠯᠲᠠᠨ ᠢ | ᠺᠣᠮᠫᠢᠦ᠋ᠲ᠋ᠧᠷ ᠤᠨ ᠬᠡᠷᠡᠭᠯᠡᠭᠡᠨ ᠤ ᠴᠢᠳᠠᠪᠤᠷᠢ ᠶᠢᠨ ᠰᠢᠯᠭᠠᠯᠲᠠ ᠶᠢᠨ ᠦᠨᠡᠮᠯᠡᠯ ᠣᠯᠬᠤ ᠶᠢ ᠵᠣᠷᠢᠭᠵᠢᠭᠤᠯᠤᠨ᠎ᠠ᠃ | ᠭᠠᠳᠠᠭᠠᠳᠤ ᠬᠡᠯᠡ ᠪᠠ ᠺᠣᠮᠫᠢᠦ᠋ᠲ᠋ᠧᠷ ᠤᠨ ᠬᠢᠷᠢ ᠬᠡᠮᠵᠢᠶ᠎ᠡ ᠶᠢ ᠦᠨᠡᠯᠡᠬᠦ ᠴᠢᠬᠤᠯᠠᠲᠠᠢ ᠪᠣᠯ᠂ ᠬᠦᠮᠦᠨ ᠬᠡᠷᠡᠭᠯᠡᠬᠦ ᠨᠢᠭᠡᠴᠢ | ᠪᠤᠶᠤ ᠰᠢᠯᠭᠠᠷᠠᠭᠤᠯᠬᠤ ᠪᠠᠶᠢᠭᠤᠯᠤᠮᠵᠢ ᠠᠴᠠ ᠡᠵᠡᠨ ᠮᠡᠳᠡᠵᠦ ᠲᠣᠭᠲᠠᠭᠠᠨ᠎ᠠ᠃ | 5᠂ ᠰᠢᠶᠠᠨ ᠤ ᠰᠢᠭᠤᠳ ᠬᠠᠷᠢᠶ᠎ᠡ ᠪᠠᠶᠢᠭᠤᠯᠭ᠎ᠠ᠂ ᠰᠢᠶᠠᠩ ᠪᠠᠯᠭᠠᠰᠤ ᠵᠡᠷᠭᠡ ᠦᠨᠳᠤᠰᠤᠨ ᠱᠠᠳᠤᠨ ᠤ ᠨᠢᠭᠡᠳᠦᠭᠡᠷ | ᠹᠷᠤᠨᠲ ᠳᠤ ᠠᠵᠢᠯᠯᠠᠭᠠᠳ30 ᠵᠢᠯ ᠪᠣᠯᠣᠭᠰᠠᠨ ᠰᠢᠯᠢᠳᠡᠭ ᠲᠤᠰᠬᠠᠢ ᠮᠡᠷᠭᠡᠵᠢᠯ ᠤᠨ ᠴᠢᠳᠠᠪᠤᠷᠢᠲᠠᠨ ᠰᠤᠷᠤᠯᠭ᠎ᠠ ᠶᠢᠨ | ᠨᠠᠮᠲᠠᠷ ᠤᠨ ᠬᠢᠵᠠᠭᠠᠷᠯᠠᠯ ᠢ ᠬᠦᠯᠢᠶᠡᠬᠦ ᠦᠭᠡᠢ ᠪᠠᠶᠢᠵᠤ ᠪᠣᠯᠣᠨ᠎ᠠ᠂ ᠠᠵᠢᠯ ᠤᠨ ᠪᠦᠲᠦᠮᠵᠢ ᠵᠡᠷᠭᠡ ᠪᠤᠰᠤᠳ | ᠨᠦᠭᠦᠴᠡᠯ ᠳᠤ ᠨᠡᠶᠢᠴᠡᠭᠰᠡᠨ ᠪᠠᠶᠢᠳᠠᠯ ᠳᠣᠣᠷ᠎ᠠ ᠳᠡᠭᠡᠳᠤ ᠨᠢᠭᠡ ᠳᠡᠰ ᠤᠨ ᠲᠤᠰᠢᠶᠠᠯ ᠤᠨ ᠴᠣᠯᠠ ᠬᠢᠨᠠᠨ | ᠲᠤᠭᠲᠠᠭᠠᠬᠤ ᠳᠤ ᠱᠠᠲᠤ ᠠᠯᠭᠠᠰᠠᠨ ᠣᠷᠤᠯᠴᠠᠵᠤ ᠪᠣᠯᠣᠨ᠎ᠠ᠃ ᠠᠶᠢᠮᠠᠭ ᠬᠤᠲᠠ ᠶᠢᠨ ᠰᠢᠨᠵᠢᠯᠡᠬᠦ ᠤᠬᠠᠭᠠᠨ ᠤ | ᠮᠡᠷᠭᠡᠵᠢᠯ ᠤᠨ ᠦᠷ᠎ᠡ ᠪᠦᠲᠦᠭᠡᠯ ᠤᠨ ᠨᠢᠭᠡᠳᠦᠭᠡᠷ ᠳᠡᠰ ᠤᠨ ᠱᠠᠩᠨᠠᠯ᠂ ᠥᠪᠡᠷᠲᠡᠭᠡᠨ ᠵᠠᠰᠠᠬᠤ ᠣᠷᠤᠨ ᠤ ᠠᠵᠢᠯ | ᠲᠦᠷᠦᠯ ᠤᠨ ᠨᠢᠭᠡᠳᠦᠭᠡᠷ ᠳᠡᠰ ᠤᠨ ᠱᠠᠩᠨᠠᠯ ᠡᠨᠡ ᠬᠤᠶᠠᠷ ᠵᠦᠢᠯ ᠠᠴᠠ ᠳᠡᠭᠡᠭᠰᠢᠬᠢ ᠲᠤᠭᠳᠠᠭᠰᠠᠨ ᠱᠠᠩᠨᠠᠯ | ᠬᠦᠷᠲᠡᠭᠴᠢ ᠳᠡᠭᠡᠳᠤ ᠨᠢᠭᠡ ᠳᠡᠰ ᠤᠨ ᠲᠤᠰᠢᠶᠠᠯ ᠤᠨ ᠴᠣᠯᠠ ᠱᠠᠲᠤ ᠠᠯᠭᠠᠰᠠᠭᠤᠯᠤᠨ ᠮᠡᠳᠡᠭᠦᠯᠵᠦ ᠪᠣᠯᠣᠨ᠎ᠠ᠃ | ᠪᠤᠰᠤᠳ ᠱᠠᠲᠤ ᠠᠯᠭᠠᠰᠠᠭᠤᠯᠬᠤ ᠨᠦᠭᠦᠴᠡᠯ ᠢ ᠥᠪᠡᠷᠲᠡᠭᠡᠨ ᠵᠠᠰᠠᠬᠤ ᠣᠷᠤᠨ ᠤ ᠲᠣᠭᠲᠠᠭᠠᠯ ᠶᠣᠰᠤᠭᠠᠷ ᠬᠢᠨᠠᠨ | ᠲᠣᠭᠲᠠᠭᠠᠨ᠎ᠠ᠃ | 6᠂ ᠰᠢᠶᠠᠩ ᠪᠠᠯᠭᠠᠰᠤᠨ ᠤ ᠠᠵᠢᠯ ᠦᠢᠯᠡᠰ ᠤᠨ ᠪᠠᠶᠢᠭᠤᠯᠭ᠎ᠠ ᠶᠢᠨ ᠲᠤᠰᠬᠠᠢ ᠮᠡᠷᠭᠡᠵᠢᠯ ᠤᠨ ᠠᠵᠢᠯ ᠤᠨ | ᠪᠠᠶᠢᠷᠢ ᠳᠤ2 ᠪᠦᠬᠦᠯᠢ ᠵᠢᠯ ᠪᠣᠯᠣᠭᠰᠠᠨ ᠶᠡᠭᠡ ᠰᠤᠷᠭᠠᠭᠤᠯᠢ ᠶᠢᠨ ᠵᠢᠩᠭᠢᠨᠢ ᠠᠩᠭᠢ ᠠᠴᠠ ᠲᠡᠭᠦᠰᠦᠭᠰᠡᠨ ᠪᠠ | ᠪᠦᠬᠦᠯᠢ4 ᠵᠢᠯ ᠪᠣᠯᠣᠭᠰᠠᠨ ᠲᠤᠰᠬᠠᠢ ᠮᠡᠷᠭᠡᠵᠢᠯ ᠤᠨ ᠠᠩᠭᠢ ᠠᠴᠠ ᠲᠡᠭᠦᠰᠦᠭᠰᠡᠨ ᠰᠤᠷᠤᠭᠴᠢ ᠬᠢᠨᠠᠨ ᠰᠢᠯᠭᠠᠭᠠᠳ | ᠬᠢᠷᠢ ᠲᠡᠩᠴᠡᠭᠰᠡᠨ ᠪᠠᠶᠢᠪᠠᠯ ᠰᠢᠭᠤᠳ ᠳᠤᠮᠳᠠ ᠵᠡᠷᠭᠡ ᠶᠢᠨ ᠲᠤᠰᠢᠶᠠᠯ ᠤᠨ ᠴᠣᠯᠠ ᠰᠢᠯᠭᠠᠷᠠᠭᠤᠯᠬᠤ ᠳᠤ | ᠣᠷᠤᠯᠴᠠᠵᠤ ᠪᠣᠯᠣᠨ᠎ᠠ᠃ | 7᠂ ᠲᠤᠰᠢᠶᠠᠯ ᠤᠨ ᠴᠣᠯᠠ ᠦᠨᠡᠯᠡᠬᠦ ᠬᠦᠮᠦᠰ ᠤᠨ ᠬᠦᠷᠢᠶ᠎ᠡ ᠬᠡᠪᠴᠢᠶ᠎ᠡ ᠶᠢ ᠦᠷᠭᠡᠳᠬᠡᠨ᠎ᠡ᠃ ᠡᠷᠦᠬᠡ ᠠᠮᠠ᠂ | ᠭᠠᠵᠠᠷ ᠣᠷᠤᠨ᠂ ᠪᠡᠶ᠎ᠡ ᠶᠢᠨ ᠭᠠᠷᠤᠯ᠂ ᠳᠠᠩᠰᠠ ᠡᠪᠬᠡᠮᠡᠯ᠂ ᠪᠣᠯᠪᠠᠰᠤᠨ ᠬᠦᠴᠦᠨ ᠤ ᠬᠢᠵᠠᠭᠠᠷᠯᠠᠯ ᠢ ᠤᠯᠠᠮ ᠨᠢᠭᠡ | ᠠᠯᠬᠤᠮ ᠡᠪᠳᠡᠨ᠂ ᠳᠦᠭᠦᠮ ᠲᠥᠳᠡ ᠨᠦᠭᠦᠴᠡᠯ ᠢ ᠪᠦᠷᠢᠯᠳᠦᠭᠦᠯᠵᠦ᠂ ᠮᠡᠷᠭᠡᠵᠢᠯ ᠤᠨ ᠴᠣᠯᠠ ᠮᠡᠳᠡᠭᠦᠯᠬᠦ ᠠᠷᠭ᠎ᠠ | ᠵᠠᠮ ᠢ ᠰᠢᠯᠤᠭᠤᠳᠬᠠᠨ᠎ᠠ᠃ ᠨᠡᠶᠢᠲᠡ ᠶᠢᠨ ᠦᠮᠴᠢᠯᠡᠯ ᠤᠨ ᠪᠣᠰᠤ ᠠᠵᠤ ᠠᠬᠤᠢ ᠶᠢᠨ ᠵᠣᠬᠢᠶᠠᠨ ᠪᠠᠶᠢᠭᠤᠯᠤᠯᠲᠠ᠂ | ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠴᠢᠯᠤᠭᠡᠲᠤ ᠠᠵᠢᠯ ᠤᠨ ᠲᠤᠰᠬᠠᠢ ᠮᠡᠷᠭᠡᠵᠢᠯ ᠤᠨ ᠴᠢᠳᠠᠪᠤᠷᠢᠲᠠᠨ ᠨᠢ ᠲᠤᠰ | ᠬᠦᠮᠦᠨ ᠤ ᠳᠠᠩᠰᠠᠡᠪᠬᠡᠮᠡᠯ ᠢ ᠬᠠᠳᠠᠭᠠᠯᠠᠵᠤ ᠪᠠᠶᠢᠭ᠎ᠠ ᠴᠢᠳᠠᠪᠤᠷᠢᠲᠠᠨ ᠤ ᠦᠢᠯᠡᠴᠢᠯᠡᠭᠡᠨ ᠤ ᠪᠠᠶᠢᠭᠤᠯᠤᠮᠵᠢ ᠪᠤᠶᠤ | ᠦᠢᠯᠡᠴᠢᠯᠡᠭᠡᠨ ᠤ ᠨᠢᠭᠡᠴᠡ ᠳᠤ ᠮᠡᠷᠭᠡᠵᠢᠯ ᠤᠨ ᠴᠣᠯᠠ ᠮᠡᠳᠡᠭᠦᠯᠵᠦ ᠪᠣᠯᠣᠨ᠎ᠠ᠃ ᠨᠦᠭᠦᠴᠡᠯ ᠳᠤ ᠲᠣᠬᠢᠷᠠᠭᠰᠠᠨ | ᠳᠡᠭᠡᠳᠤ ᠲᠧᠭᠨᠢᠭ ᠤᠨ ᠴᠢᠳᠠᠪᠤᠷᠢ ᠶᠢᠨ ᠮᠡᠷᠭᠡᠵᠢᠯᠲᠡᠨ᠂ ᠪᠠᠷᠢᠯᠭ᠎ᠠ ᠵᠢᠨᠢᠨᠵᠧᠨᠧᠷᠢᠩ ᠤᠨ ᠲᠦᠷᠦᠯ ᠵᠦᠢᠯ ᠤᠨ | ᠲᠤᠰᠬᠠᠢ ᠮᠡᠷᠭᠡᠵᠢᠯ ᠤᠨ ᠴᠢᠳᠠᠪᠤᠷᠢᠲᠠᠨ ᠨᠢ ᠮᠡᠷᠭᠡᠵᠢᠯ ᠤᠨ ᠴᠣᠯᠠ ᠬᠢᠨᠠᠨ ᠲᠤᠭᠲᠠᠭᠠᠬᠤ ᠳᠤ ᠣᠷᠤᠯᠴᠠᠵᠤ ᠪᠣᠯᠣᠨ᠎ᠠ᠂ | ᠡᠭᠦᠨᠴᠡᠲ᠋ᠡᠭᠡᠳᠤ ᠲᠧᠭᠨᠢᠭ ᠤᠨ ᠴᠢᠳᠠᠪᠤᠷᠢ ᠶᠢᠨ ᠮᠡᠷᠭᠡᠵᠢᠯᠲᠡᠨ ᠬᠢᠭᠡᠳ ᠪᠠᠷᠢᠯᠭ᠎ᠠ ᠶᠢᠨ ᠮᠡᠷᠭᠡᠵᠢᠯ ᠤᠨ ᠴᠢᠳᠠᠪᠤᠷᠢᠲᠠᠨ ᠤ | ᠠᠵᠢᠯ ᠮᠡᠷᠭᠡᠵᠢᠯ ᠤᠨ ᠬᠦᠭᠵᠢᠯᠲᠡ ᠶᠢᠨ ᠵᠠᠮ ᠢ ᠰᠢᠯᠤᠭᠤᠳᠬᠠᠨ᠎ᠠ᠃ | 8᠂ ᠵᠦᠪᠰᠢᠶᠡᠷᠡᠯ ᠢᠶᠠᠷ ᠠᠵᠢᠯ ᠤᠨ ᠪᠠᠶᠢᠷᠢ ᠠᠴᠠ ᠰᠠᠯᠵᠤ ᠠᠳᠠᠯ ᠦᠢᠯᠡᠰ ᠴᠣᠭᠴᠠᠯᠠᠬᠤ ᠪᠤᠶᠤ ᠲᠤᠰᠢᠶᠠᠯ | ᠬᠠᠪᠰᠤᠷᠭᠠᠭᠰᠠᠨ ᠲᠤᠰᠬᠠᠢ ᠮᠡᠷᠭᠡᠵᠢᠯ ᠤᠨ ᠴᠢᠳᠠᠪᠤᠷᠢᠲᠠᠨ ᠵᠦᠪᠰᠢᠶᠡᠷᠡᠯ ᠤᠨ ᠬᠤᠭᠤᠴᠠᠭᠠᠨ ᠳᠠᠭᠠᠨ ᠲᠤᠭᠲᠠᠭᠠᠯ | ᠶᠣᠰᠤᠭᠠᠷ ᠤᠤᠯ ᠤᠨ ᠪᠠᠶᠢᠭᠤᠯᠭ᠎ᠠ ᠨᠢᠭᠡᠴᠡ ᠳᠡᠭᠡᠨ ᠮᠡᠷᠭᠡᠵᠢᠯ ᠤᠨ ᠴᠣᠯᠠ ᠭᠤᠶᠤᠴᠢᠯᠠᠨ ᠮᠡᠳᠡᠭᠦᠯᠵᠦ ᠪᠣᠯᠣᠨ᠎ᠠ᠂ | ᠠᠳᠠᠯ ᠦᠢᠯᠡᠰ ᠴᠣᠭᠴᠠᠯᠠᠭᠰᠠᠨ ᠪᠠ ᠲᠤᠰᠢᠶᠠᠯ ᠬᠠᠪᠰᠤᠷᠭᠠᠭᠰᠠᠨ ᠬᠤᠭᠤᠴᠠᠭᠠᠨ ᠳᠠᠬᠢ ᠠᠵᠢᠯ ᠤᠨ ᠠᠮᠵᠢᠯᠲᠡ | ᠪᠦᠲᠦᠮᠵᠢ ᠶᠢ ᠮᠡᠷᠭᠡᠵᠢᠯ ᠤᠨ ᠴᠣᠯᠠ ᠬᠢᠨᠠᠨ ᠲᠤᠭᠲᠠᠭᠠᠬᠤ ᠦᠨᠳᠦᠰᠦ ᠪᠠᠷᠢᠮᠲᠠ ᠪᠣᠯᠭᠠᠵᠤ ᠪᠣᠯᠣᠨ᠎ᠠ᠃ | 9᠂ ᠲᠦᠷᠦᠯ ᠵᠦᠢᠯ ᠰᠢᠯᠵᠢᠨ ᠬᠢᠨᠠᠨ ᠲᠣᠭᠲᠠᠭᠠᠬᠤ ᠬᠡᠷᠡᠭᠲᠡᠢ᠃ ᠲᠤᠰᠬᠠᠢ ᠮᠡᠷᠭᠡᠵᠢᠯ ᠤᠨ ᠴᠢᠳᠠᠪᠤᠷᠢᠲᠠᠨ | ᠠᠵᠢᠯ ᠤᠨ ᠪᠠᠶᠢᠷᠢ ᠶᠢᠨ ᠬᠤᠪᠢᠷᠠᠯᠲᠠ ᠠᠴᠠ ᠪᠣᠯᠵᠤ ᠲᠦᠷᠦᠯ ᠵᠦᠢᠯ ︵ᠮᠡᠷᠭᠡᠵᠢᠯ︶ ᠰᠢᠯᠵᠢᠨ ᠬᠢᠨᠠᠨ | ᠰᠢᠯᠭᠠᠷᠠᠭᠤᠯᠤᠯᠲᠠ ᠳᠤ ᠣᠷᠤᠯᠴᠠᠬᠤ ᠦᠶᠡᠰ ︽ᠤᠷᠢᠳᠠᠪᠡᠷ ᠰᠢᠯᠵᠢᠨ ᠰᠡᠭᠦᠯ ᠳᠤᠨᠢ ᠰᠢᠯᠭᠠᠷᠠᠭᠤᠯᠬᠤ︾ ᠵᠠᠷᠴᠢᠮ | ᠶᠣᠰᠤᠭᠠᠷ᠂ ᠰᠢᠨ᠎ᠡ ᠠᠵᠢᠯ ᠳᠤ ᠭᠠᠷᠤᠭᠠᠳ ᠪᠦᠳᠦᠨ ᠨᠢᠭᠡ ᠵᠢᠯ ᠠᠴᠠ ᠳᠡᠭᠡᠭᠰᠢ ᠪᠣᠯᠣᠭᠠᠳᠬᠢᠨᠠᠨ ᠰᠢᠯᠭᠠᠯᠲᠠ ᠪᠠᠷ | ᠳᠠᠮᠵᠢᠭᠠᠳᠬᠠᠷᠠᠭᠠᠯᠵᠠᠭᠰᠠᠨ ᠲᠤᠰᠢᠶᠠᠯ ᠤᠨ ᠴᠣᠯᠠ ᠶᠢᠨ ᠨᠦᠭᠦᠴᠡᠯ ᠳᠤ ᠨᠡᠶᠢᠴᠡᠭᠰᠡᠨ ᠪᠠᠶᠢᠪᠠᠯ ᠰᠢᠨ᠎ᠡ ᠲᠦᠷᠦᠯ ︵ | ᠮᠡᠷᠭᠡᠵᠢᠯ︶ ᠤᠨ ᠠᠳᠠᠯᠢ ᠳᠡᠰ ᠤᠨ ᠲᠤᠰᠢᠶᠠᠯ ᠤᠨ ᠴᠣᠯᠠ ᠶᠢ ᠰᠢᠯᠵᠢᠭᠦᠯᠦᠨ ᠰᠢᠯᠭᠠᠷᠠᠭᠤᠯᠵᠤ ᠪᠣᠯᠣᠨ᠎ᠠ᠃ | ᠮᠡᠷᠭᠡᠵᠢᠯ ᠤᠨ ᠲᠦᠷᠦᠯ ᠰᠢᠯᠵᠢᠭᠡᠳ ᠪᠦᠬᠦᠯᠢ1 ᠵᠢᠯ ᠤᠨ ᠳᠠᠷᠠᠭ᠎ᠠ᠂ ᠰᠢᠯᠭᠠᠷᠠᠭᠤᠯᠤᠯᠲᠠ ᠶᠢᠨ ᠨᠦᠭᠦᠴᠡᠯ ᠳᠤ | ᠲᠣᠭᠲᠠᠭᠠᠭᠰᠠᠨ ᠰᠤᠷᠤᠯᠭ᠎ᠠ ᠶᠢᠨ ᠨᠠᠮᠲᠠᠷ᠂ ᠬᠢᠷᠢ ᠬᠡᠮ ᠵᠡᠷᠭᠡ ᠬᠠᠷᠠᠭᠠᠯᠵᠠᠭᠰᠠᠨ ᠨᠦᠭᠦᠴᠡᠯ ᠱᠠᠭᠠᠷᠳᠠᠯᠭ᠎ᠠ ᠶᠢ | ᠪᠦᠷᠢᠳᠦᠭᠦᠯᠦᠭᠰᠡᠨ ᠪᠣᠯ ᠰᠢᠨ᠎ᠡ ᠲᠦᠷᠦᠯ ︵ᠮᠡᠷᠭᠡᠵᠢᠯ︶ ᠤᠨ ᠳᠡᠭᠡᠳᠤ ᠨᠢᠭᠡ ᠱᠠᠲᠤᠨ ᠤ ᠮᠡᠷᠭᠡᠵᠢᠯ ᠤᠨ ᠴᠣᠯᠠ ᠶᠢ | ᠬᠢᠨᠠᠨ ᠲᠤᠭᠲᠠᠭᠠᠵᠤ ᠪᠣᠯᠣᠨ᠎ᠠ᠃ ᠮᠡᠷᠭᠡᠵᠢᠯ ᠤᠨ ᠲᠦᠷᠦᠯ ᠰᠢᠯᠵᠢᠭᠰᠡᠨ ᠬᠦᠮᠦᠨ ᠵᠡᠷᠭᠡ ᠳᠡᠪᠰᠢᠬᠦ ᠳᠤ ᠬᠦᠷᠪᠡᠯ | ᠦᠩᠭᠡᠷᠡᠭᠰᠡᠨ ᠤ ᠬᠢᠷᠢ ᠬᠡᠮ ᠬᠢᠭᠡᠳ ᠬᠠᠮᠢᠶ᠎ᠠ ᠪᠦᠬᠦᠢ ᠠᠮᠵᠢᠯᠲᠡ ᠪᠦᠳᠦᠮᠵᠢ ᠨᠢ ᠦᠷᠭᠦᠯᠵᠢᠯᠡᠨ ᠮᠡᠳᠡᠷᠡᠨ᠎ᠡ᠃ | 10᠂ ᠠᠩᠬ᠎ᠠ ᠳᠤᠮᠳᠠ ᠵᠡᠷᠭᠡ ᠶᠢᠨ ᠬᠢᠨᠠᠨ ᠰᠢᠯᠭᠠᠵᠤ ᠦᠨᠡᠯᠡᠨ ᠲᠤᠭᠲᠠᠭᠠᠯᠲᠠ᠃ ᠪᠦᠬᠦᠯᠢ ᠡᠳᠦᠷ ᠤᠨ ᠳᠦᠷᠢᠮᠲᠤ | ᠳᠡᠭᠡᠳᠤ ᠰᠤᠷᠭᠠᠭᠤᠯᠢ ᠲᠡᠭᠦᠰᠦᠭᠰᠡᠨ ᠰᠤᠷᠤᠭᠴᠢ᠂ ᠲᠤᠰ ᠲᠤᠰᠬᠠᠢ ᠮᠡᠷᠭᠡᠵᠢᠯ ᠪᠤᠶᠤ ᠠᠳᠠᠯᠢᠪᠲᠤᠷ ᠲᠤᠰᠬᠠᠢ | ᠮᠡᠷᠭᠡᠵᠢᠯ ᠤᠨ ᠠᠵᠢᠯ ᠬᠢᠵᠤ ᠪᠠᠶᠢᠭ᠎ᠠ ︵ᠤᠯᠤᠰ ᠠᠴᠠ ᠲᠤᠭᠲᠠᠭᠠᠭᠰᠠᠨ ᠰᠢᠯᠭᠠᠬᠤ ᠴᠢᠬᠤᠯᠠᠲᠠᠢ ᠲᠤᠰᠬᠠᠢ | ᠮᠡᠷᠭᠡᠵᠢᠯ ᠠᠴᠠ ᠭᠠᠳᠠᠨ᠎ᠠ︶ ᠪᠣᠯ ᠬᠢᠨᠠᠨ ᠰᠢᠯᠭᠠᠭᠠᠳ ᠬᠢᠷᠢ ᠲᠡᠩᠴᠡᠭᠰᠡᠨ᠂ ᠮᠡᠷᠭᠡᠵᠢᠯ ᠤᠨ ᠴᠣᠯᠠ ᠶᠢᠨ | ᠬᠠᠮᠢᠶᠠᠷᠤᠯᠲᠠ ᠶᠢᠨ ᠡᠷᠬᠡ ᠶᠢᠨ ᠬᠡᠪᠴᠢᠶ᠎ᠡ ᠶᠣᠰᠤᠭᠠᠷ᠂ ᠰᠢᠭᠤᠳ ᠬᠠᠷᠠᠭᠠᠯᠵᠠᠭᠰᠠᠨ ᠮᠡᠷᠭᠡᠵᠢᠯ ᠤᠨ ᠴᠣᠯᠠ | ᠭᠤᠶᠤᠴᠢᠯᠠᠨ ᠬᠢᠨᠠᠨ ᠰᠢᠯᠭᠠᠯᠲᠠ ᠬᠢᠬᠦ ᠴᠢᠬᠤᠯᠠ ᠦᠭᠡᠢ᠃ ᠡᠭᠦᠨ ᠳᠤ᠂ ᠶᠡᠭᠡ ᠰᠤᠷᠭᠠᠭᠤᠯᠢ ᠶᠢᠨ ᠲᠣᠰᠬᠠᠢ | ᠮᠡᠷᠭᠡᠵᠢᠯ ᠤᠨ ᠠᠩᠭᠢ ᠠᠴᠠ ᠲᠡᠭᠦᠰᠦᠭᠰᠡᠨ᠂ ᠠᠵᠢᠯᠯᠠᠭᠠᠳ3 ᠪᠦᠬᠦᠯᠢ ᠵᠢᠯ ᠪᠣᠯᠪᠠᠯ ᠲᠤᠰᠠᠯᠠᠬᠤ ᠵᠡᠷᠭᠡ ᠪᠠᠷ ᠦᠨᠡᠯᠡᠨ | ᠲᠤᠭᠲᠠᠭᠠᠵᠤ ᠪᠣᠯᠣᠨ᠎ᠠ᠃ ᠶᠡᠭᠡ ᠰᠤᠷᠭᠠᠭᠤᠯᠢ ᠶᠢᠨ ᠵᠢᠩᠭᠢᠨᠢ ᠠᠩᠭᠢ ᠲᠡᠭᠦᠰᠦᠭᠰᠡᠨ᠂ ᠠᠵᠢᠯᠯᠠᠭᠠᠳᠪᠦ᠋ᠬᠦᠯᠢ1 ᠵᠢᠯ | ᠪᠣᠯᠪᠠᠯᠲ᠋ᠤᠰᠠᠯᠠᠬᠤ ᠵᠡᠷᠭᠡ ᠪᠠᠷ ᠦᠨᠡᠯᠡᠨ ᠲᠤᠭᠲᠠᠭᠠᠯᠭᠠᠵᠤ ᠪᠣᠯᠣᠨ᠎ᠠ᠃ ᠠᠰᠫᠢᠷᠠᠨᠲ ᠲᠡᠭᠦᠰᠦᠭᠰᠡᠨ᠂ ᠠᠵᠢᠯᠯᠠᠭᠠᠳ2 | ᠵᠢᠯ ᠪᠣᠯᠪᠠᠯ ᠳᠤᠮᠳᠠ ᠵᠡᠷᠭᠡ ᠶᠢᠨ ᠦᠨᠡᠯᠡᠨ ᠲᠤᠭᠲᠠᠭᠠᠯᠲᠠ ᠬᠢᠵᠤ ᠪᠣᠯᠣᠨ᠎ᠠ᠃ ᠳ᠋ᠣᠺᠲ᠋ᠣᠷ ᠲᠡᠭᠦᠰᠦᠭᠡᠳ ᠰᠢᠶᠠᠨ ᠤ | ᠰᠢᠭᠤᠳ ᠬᠠᠷᠢᠶ᠎ᠡ ᠪᠠᠶᠢᠭᠤᠯᠭ᠎ᠠ ᠪᠤᠶᠤ ᠰᠢᠶᠠᠩ ᠪᠠᠯᠭᠠᠰᠤᠨ ᠳᠤ ᠲᠤᠰᠬᠠᠢ ᠮᠡᠷᠭᠡᠵᠢᠯᠲᠡᠨ ᠢᠶᠠᠷ ᠠᠵᠢᠯᠯᠠᠭᠰᠠᠳ ᠡᠨᠡᠬᠦ | ᠰᠠᠭᠤᠷᠢᠨ ᠳᠡᠭᠡᠷ᠎ᠡ ᠤᠷᠢᠳᠴᠢᠯᠠᠨ1 ᠵᠢᠯ ᠬᠠᠷᠠᠭᠠᠯᠵᠠᠭᠰᠠᠨ ᠲᠤᠰᠢᠶᠠᠯ ᠤᠨ ᠴᠣᠯᠠ ᠦᠨᠡᠯᠡᠨ ᠲᠤᠭᠲᠠᠭᠠᠯᠲᠠ ᠬᠢᠯᠬᠡᠵᠦ | ᠪᠣᠯᠣᠨ᠎ᠠ᠃ | 11᠂ ᠡᠯ᠎ᠡ ᠲᠦᠷᠦᠯ ᠵᠦᠢᠯ ᠤᠨ ᠲᠤᠰᠢᠶᠠᠯ ᠤᠨ ᠴᠣᠯᠠ ᠶᠢ ᠦᠨᠡᠯᠡᠨ ᠲᠤᠭᠲᠠᠭᠠᠬᠤ ᠬᠤᠭᠤᠴᠠᠭ᠎ᠠ ᠶᠢᠨ | ᠱᠠᠭᠠᠷᠳᠠᠯᠭ᠎ᠠ ᠨᠢ ᠥᠪᠡᠷᠲᠡᠭᠡᠨ ᠵᠠᠰᠠᠬᠤ ᠣᠷᠤᠨ ᠤ ᠲᠤᠭᠲᠠᠭᠠᠯ ᠶᠤᠰᠤᠭᠠᠷ ᠬᠡᠷᠡᠭᠵᠢᠭᠦᠯᠦᠨ᠎ᠡ᠃ | 12᠂ ᠬᠦᠮᠦᠨ ᠬᠡᠷᠡᠭᠯᠡᠬᠦ ᠪᠠᠶᠢᠭᠤᠯᠭ᠎ᠠ ᠶᠢᠨ ᠡᠯ᠎ᠡ ᠲᠤᠰᠢᠶᠠᠯ ᠤᠨ ᠴᠣᠯᠠ ᠶᠢᠨ ᠲᠦᠷᠦᠯ ᠵᠦᠢᠯ ᠤᠨ ᠮᠡᠳᠡᠭᠦᠯᠬᠦ | ᠬᠦᠮᠦᠨ ᠤ ᠲᠤᠭ᠎ᠠ ᠶᠢ ᠠᠵᠢᠯ ᠤᠨ ᠪᠠᠶᠢᠷᠢ ᠶᠢᠨ ᠲᠣᠭᠠᠨ ᠤ ︵ᠬᠠᠷᠢᠴᠠᠯ︶ ᠳᠣᠲᠤᠷ᠎ᠠ ᠬᠢᠵᠠᠭᠠᠷᠯᠠᠵᠤ᠂ ᠱᠠᠲᠤ | ᠠᠯᠭᠠᠰᠠᠨ ᠳᠡᠪᠰᠢᠭᠦᠯᠬᠦ ᠨᠦᠭᠦᠴᠡᠯ ᠳᠤ ᠨᠡᠶᠢᠴᠡᠭᠰᠡᠨ ᠨᠢ ᠠᠵᠢᠯ ᠤᠨ ᠪᠠᠶᠢᠷᠢ ᠶᠢᠨ ᠲᠣᠭᠠᠨ ᠤ ︵ᠬᠠᠷᠢᠴᠠᠯ︶ | ᠬᠢᠵᠠᠭᠠᠷᠯᠠᠯ ᠢ ᠬᠦᠯᠢᠶᠡᠬᠦ ᠦᠭᠡᠢ᠃ | 13᠂ ᠦᠷᠭᠦᠯᠵᠢᠯᠡᠭᠰᠡᠨ ᠰᠤᠷᠭᠠᠯᠲᠠ ᠨᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ | ᠳᠠᠷᠤᠮᠯᠠᠨᠲ᠋ᠠᠷᠬᠠᠭᠠᠭᠰᠠᠨ ᠲᠤᠰᠬᠠᠢ ᠮᠡᠷᠭᠡᠵᠢᠯᠲᠠᠨ ᠤ ᠦᠷᠭᠦᠯᠵᠢᠯᠡᠭᠰᠡᠨ ᠰᠤᠷᠭᠠᠯᠲᠠ ᠶᠢᠨ ᠬᠡᠷᠡᠭᠵᠢᠭᠦᠯᠬᠦ ᠠᠷᠭ᠎ᠠ ᠶᠢᠨ | ᠲᠤᠬᠠᠢ ᠮᠡᠳᠡᠭᠳᠡᠯ︾ ︵ᠥᠪᠥᠷ ᠬᠦᠮᠦᠨ ᠨᠡᠶᠢᠭᠡᠮ ᠲᠠᠷᠬᠠᠭᠠᠭᠰᠠᠨ ﹇2017﹈3 ᠳ᠋ᠤᠭᠠᠷ︶ ᠤᠨ ᠲᠤᠭᠲᠠᠭᠠᠯ ᠢᠶᠠᠷ | ᠬᠡᠷᠡᠭᠵᠢᠭᠦᠯᠦᠨ᠎ᠡ᠃ ᠳᠡᠭᠡᠳᠤ᠂ ᠳᠤᠮᠳᠠ ᠵᠡᠷᠭᠡ ᠶᠢᠨ ᠲᠤᠰᠢᠶᠠᠯ ᠤᠨ ᠴᠣᠯᠠ ᠳᠤ ᠳᠡᠪᠰᠢᠭᠦᠯᠦᠭᠰᠡᠳᠵᠠᠪᠠᠯ | ᠤᠶᠢᠷ᠎ᠠ ᠶᠢᠨ ᠭᠤᠷᠪᠠᠨᠵᠢᠯ ᠤᠨ ᠦᠷᠭᠦᠯᠵᠢᠯᠡᠨ ᠵᠢᠭᠠᠨ ᠰᠤᠷᠭᠠᠯᠲᠠ ᠶᠢᠨ ᠪᠤᠯᠪᠠᠰᠤᠷᠠᠯ ᠤᠨ ᠬᠢᠷᠢ ᠪᠦᠳᠦᠮᠵᠢ ᠪᠤᠶᠤ | ᠦᠨᠡᠮᠯᠡᠯ ᠵᠢᠴᠢ ᠵᠢᠭᠠᠨ ᠰᠤᠷᠭᠠᠯᠲᠠ ᠶᠢᠨ ᠪᠤᠯᠪᠠᠰᠤᠷᠠᠯ ᠤᠨ ᠬᠠᠮᠢᠶ᠎ᠡ ᠪᠦᠬᠦᠢ ᠬᠠᠭᠤᠯᠪᠤᠷᠢ ᠮᠠᠲ᠋ᠧᠷᠢᠶᠡᠯ ᠢᠶᠠᠨ ᠬᠠᠩᠭᠠᠨ | ᠥᠭᠴᠦ᠂ ᠠᠩᠬ᠎ᠠ ᠵᠡᠷᠭᠡ ᠵᠢᠨᠲ᠋ᠤᠰᠢᠶᠠᠯ ᠤᠨ ᠴᠣᠯᠠ ᠳᠤ ᠳᠡᠪᠰᠢᠭᠦᠯᠦᠭᠰᠡᠳ ᠵᠠᠪᠠᠯᠤᠶᠢᠷᠠ ᠶᠢᠨ ᠨᠢᠭᠡ ᠵᠢᠯ ᠤᠨ | ᠦᠷᠭᠦᠯᠵᠢᠯᠡᠨ ᠵᠢᠭᠠᠨ ᠰᠤᠷᠭᠠᠯᠲᠠ ᠶᠢᠨ ᠪᠤᠯᠪᠠᠰᠤᠷᠠᠯ ᠤᠨ ᠬᠢᠷᠢ ᠪᠦᠳᠦᠮᠵᠢ ᠪᠤᠶᠤ ᠦᠨᠡᠮᠯᠡᠯ ᠵᠢᠴᠢ ᠵᠢᠭᠠᠨ | ᠰᠤᠷᠭᠠᠯᠲᠠ ᠶᠢᠨ ᠪᠤᠯᠪᠠᠰᠤᠷᠠᠯ ᠤᠨ ᠬᠠᠮᠢᠶ᠎ᠡ ᠪᠦᠬᠦᠢ ᠬᠠᠭᠤᠯᠪᠤᠷᠢ ᠮᠠᠲ᠋ᠧᠷᠢᠶᠡᠯ ᠢᠶᠠᠨ ᠬᠠᠩᠭᠠᠨ ᠥᠭᠬᠦ ᠬᠡᠷᠡᠭᠲᠡᠢ᠃ | ᠡᠷᠡᠭᠲᠡᠢ ᠪᠦᠬᠦᠯᠢ55 ᠨᠠᠰᠤ᠂ ᠡᠮᠡᠭᠲᠡᠢ ᠪᠦᠬᠦᠯᠢ50 ᠨᠠᠰᠤ ᠬᠦᠷᠦᠭᠰᠡᠨ ᠲᠤᠰᠬᠠᠢ ᠮᠡᠷᠭᠡᠵᠢᠯᠲᠡᠨᠲ᠋ᠤᠰᠢᠶᠠᠯ ᠤᠨ | ᠴᠣᠯᠠ ᠶᠢᠨ ᠬᠢᠨᠠᠨ ᠲᠤᠭᠲᠠᠭᠠᠯᠲᠠ ᠳᠤ ᠣᠷᠤᠯᠴᠠᠬᠤ ᠳᠤ ᠦᠷᠭᠦᠯᠵᠢᠯᠡᠭᠰᠡᠨ ᠰᠤᠷᠭᠠᠯᠲᠠ ᠶᠢ ᠱᠠᠭᠠᠷᠳᠠᠬᠤ ᠦᠭᠡᠢ᠃ | ᠡᠷᠡᠭᠲᠡᠢ ᠪᠦᠬᠦᠯᠢ50 ᠨᠠᠰᠤ᠂ ᠡᠮᠡᠭᠲᠡᠢ ᠪᠦᠬᠦᠯᠢ45 ᠨᠠᠰᠤ ᠬᠦᠷᠦᠭᠰᠡᠨ ᠲᠤᠰᠬᠠᠢ ᠮᠡᠷᠭᠡᠵᠢᠯᠲᠡᠨᠲ᠋ᠤᠰᠢᠶᠠᠯ ᠤᠨ | ᠴᠣᠯᠠ ᠶᠢᠨ ᠬᠢᠨᠠᠨ ᠲᠤᠭᠲᠠᠭᠠᠯᠲᠠ ᠳᠤ ᠣᠷᠤᠯᠴᠠᠬᠤ ᠳᠤ᠂ ᠦᠷᠭᠦᠯᠵᠢᠯᠡᠭᠰᠡᠨ ᠰᠤᠷᠭᠠᠯᠲᠠ ᠶᠢᠨ ᠲᠤᠭᠲᠠᠭᠰᠠᠨ | ᠰᠤᠷᠤᠯᠭ᠎ᠠ ᠶᠢᠨ ᠬᠤᠭᠤᠴᠠᠭᠠᠨ ᠤ1/3 ᠶᠢ ᠯᠠ ᠱᠠᠭᠠᠷᠳᠠᠨ᠎ᠠ᠃ | 14᠂ ᠤᠯᠤᠰ ᠤᠨ ᠠᠯᠪᠠᠲᠠᠨ ᠨᠢ ᠠᠵᠢᠯ ᠦᠢᠯᠡᠰ ᠤᠨ ᠨᠢᠭᠡᠴᠢ ᠳᠤ ᠰᠢᠯᠵᠢᠨ ᠠᠵᠢᠯᠯᠠᠭᠰᠠᠨ ᠤ ᠳᠠᠷᠠᠭ᠎ᠠ᠂5 | ᠵᠢᠯ ᠤᠨ ᠳᠣᠲᠤᠷ᠎ᠠ ᠠᠩᠬ᠎ᠠ ᠲᠤᠰᠢᠶᠠᠯ ᠤᠨ ᠴᠣᠯᠠ ᠮᠡᠳᠡᠭᠦᠯᠦᠭᠰᠡᠳ᠂ ᠲᠤᠰᠢᠶᠠᠯ ᠤᠨ ᠴᠣᠯᠠ ᠶᠢᠨ ᠬᠢᠷᠢ ᠬᠡᠮ ᠤᠨ | ᠶᠠᠮᠠᠷᠴᠤ ᠬᠢᠵᠠᠭᠠᠷᠯᠠᠯ ᠢ ᠬᠦᠯᠢᠶᠡᠬᠦ ᠦᠭᠡᠢ ᠪᠠᠷ ᠠᠳᠠᠯᠢ ᠨᠦᠭᠦᠴᠡᠯ ᠲᠠᠢ ᠠᠵᠢᠯᠲᠠᠨ ᠤ ᠶᠣᠰᠤᠭᠠᠷ ᠬᠠᠷᠠᠭᠠᠯᠵᠠᠭᠰᠠᠨ | ᠲᠤᠰᠢᠶᠠᠯ ᠤᠨ ᠴᠣᠯᠠ ᠶᠢᠨ ᠰᠢᠯᠭᠠᠷᠠᠭᠤᠯᠤᠯᠲᠠ ᠳᠤ ᠣᠷᠤᠯᠴᠠᠵᠤ ᠪᠣᠯᠣᠨ᠎ᠠ᠃ ᠡᠭᠦᠨ ᠳᠤ ᠰᠢᠯᠭᠠᠷᠠᠭᠤᠯᠤᠯᠲᠠ ᠨᠢ | ᠲᠦᠷᠦᠯ ᠵᠦᠢᠯ ᠲᠠᠢ ᠪᠠᠨ ᠤᠶᠠᠯᠳᠤᠭᠤᠯᠤᠨ᠂ ᠱᠠᠭᠠᠷᠳᠠᠯᠭ᠎ᠠ ᠶᠣᠰᠤᠭᠠᠷ ᠰᠢᠯᠭᠠᠯᠲᠠ ᠳᠤ ᠣᠷᠤᠯᠴᠠᠬᠤ ᠶᠢᠨ ᠬᠠᠮᠲᠤ | ᠲᠤᠭᠲᠠᠭᠠᠭᠰᠠᠨ ᠬᠢᠷᠢ ᠲᠡᠩᠴᠡᠬᠦ ᠪᠠᠷᠢᠮᠵᠢᠶᠠᠨ ᠳᠤ ᠬᠦᠷᠪᠡᠯ ᠪᠦᠷ ᠬᠢᠨᠠᠨ ᠲᠤᠭᠲᠠᠭᠠᠯᠲᠠ ᠳᠤ ᠣᠷᠤᠯᠴᠠᠵᠤ ᠪᠣᠯᠣᠨ᠎ᠠ᠃ | | 15᠂ ᠬᠦᠮᠦᠨ ᠬᠡᠷᠡᠭᠯᠡᠬᠦ ᠪᠠᠶᠢᠭᠤᠯᠭ᠎ᠠ ᠠᠴᠠ ᠪᠠᠨ ᠰᠢᠯᠵᠢᠭᠰᠡᠨ ᠲᠤᠰᠬᠠᠢ ᠮᠡᠷᠭᠡᠵᠢᠯᠲᠡᠨ ᠣᠣᠯ | ᠪᠠᠶᠢᠭᠤᠯᠭ᠎ᠠ ᠶᠢᠨ ᠢᠶᠠᠨ ᠲᠤᠰᠢᠶᠠᠯ ᠤᠨ ᠴᠣᠯᠠ ᠶᠢᠨ ᠬᠢᠨᠠᠨ ᠲᠤᠭᠲᠠᠭᠠᠯᠲᠠ ᠳᠤ ᠣᠷᠤᠯᠴᠠᠵᠤ ᠪᠣᠯᠬᠤ ᠦᠭᠡᠢ᠂ | ᠣᠣᠯ ᠤᠨ ᠠᠵᠢᠯ ᠤᠨ ᠪᠠᠶᠢᠷᠢᠨ ᠳᠠᠭᠠᠨ ᠠᠵᠢᠯᠯᠠᠬᠤ ᠪᠠᠨ ᠪᠠᠶᠢᠭᠰᠠᠨ ᠢ ᠣᠣᠯ ᠲᠤᠰᠢᠶᠠᠯ ᠤᠨ ᠴᠣᠯᠠ ᠶᠢᠨ | ᠬᠠᠷᠠᠭᠠᠯᠵᠠᠯ ᠢ ᠨᠢ ᠬᠦᠴᠦᠨ ᠦᠭᠡᠢ ᠪᠣᠯᠭᠠᠨ᠎ᠠ᠃ | 16᠂ ᠤᠯᠤᠰ ᠤᠨ ᠠᠯᠪᠠᠲᠠᠨ ᠪᠣᠯᠣᠨ ᠠᠵᠢᠯ ᠠᠴᠠ ᠪᠠᠨ ᠠᠮᠠᠷᠠᠭᠰᠠᠳ ᠲᠤᠰᠢᠶᠠᠯ ᠤᠨ ᠴᠣᠯᠠ ᠶᠢᠨ ᠬᠢᠨᠠᠨ | ᠲᠤᠭᠲᠠᠭᠠᠯᠲᠠ ᠳᠤ ᠣᠷᠤᠯᠴᠠᠵᠤ ᠪᠣᠯᠬᠤ ᠦᠭᠡᠢ᠃ | ︵ᠭᠤᠷᠪᠠ︶ ᠠᠮᠠᠯᠠᠯᠲᠠ᠂ ᠵᠠᠯᠬᠠᠭᠠᠨ ᠴᠡᠭᠡᠷᠯᠡᠭᠦᠯᠬᠦ ᠲᠤᠭᠲᠠᠴᠠ ᠶᠢ ᠲᠡᠭᠦᠯᠳᠡᠷᠵᠢᠭᠦᠯᠦᠨ᠎ᠡ᠃ | 1᠂ ᠲᠤᠰᠢᠶᠠᠯ ᠤᠨ ᠴᠣᠯᠠ ᠮᠡᠳᠡᠭᠦᠯᠬᠦ ᠬᠢᠨᠠᠨ ᠲᠤᠭᠲᠠᠭᠠᠬᠤ ᠦᠨᠡᠨᠴᠢ ᠢᠲᠡᠭᠡᠮᠵᠢ ᠶᠢᠨ ᠳᠠᠩᠰᠠ ᠡᠪᠬᠡᠮᠡᠯ ᠢ | ᠪᠠᠶᠢᠭᠤᠯᠤᠨ᠎ᠠ᠃ ᠦᠨᠡᠨᠴᠢ ᠢᠲᠡᠭᠡᠮᠵᠢ ᠲᠠᠢ ᠪᠠᠶᠢᠬᠤ ᠠᠮᠠᠯᠠᠯᠲᠠ ᠶᠢᠨ ᠲᠤᠭᠲᠠᠴᠠ ᠶᠢ ᠲᠡᠭᠦᠯᠳᠡᠷᠵᠢᠭᠦᠯᠵᠦ᠂ ᠲᠤᠰᠬᠠᠢ | ᠮᠡᠷᠭᠡᠵᠢᠯ ᠤᠨ ᠴᠢᠳᠠᠪᠤᠷᠢᠲᠠᠨ ᠲᠤᠰᠢᠶᠠᠯ ᠤᠨ ᠴᠣᠯᠠ ᠮᠡᠳᠡᠭᠦᠯᠬᠦ ᠳᠡᠭᠡᠨ ᠵᠠᠪᠠᠯ ︽ᠭᠤᠶᠤᠴᠢᠯᠠᠨ ᠮᠡᠳᠡᠭᠦᠯᠦᠭᠴᠢ ᠶᠢᠨ | ᠦᠨᠡᠨᠴᠢ ᠢᠲᠡᠭᠡᠮᠵᠢ ᠲᠠᠢ ᠪᠠᠶᠢᠬᠤ ᠠᠮᠠᠯᠠᠯᠲᠠ ᠶᠢᠨ ᠪᠢᠴᠢᠭ︾ ᠲᠤ ᠭᠠᠷ ᠤᠨ ᠦᠰᠦᠭ ᠵᠢᠷᠤᠵᠤ᠂ ᠬᠠᠩᠭᠠᠭᠰᠠᠨ | ᠮᠠᠲ᠋ᠧᠷᠢᠶᠠᠯ ᠤᠨ ᠦᠨᠡᠨ ᠪᠤᠳᠠᠲᠤ ᠴᠢᠨᠠᠷ ᠲᠤ ᠬᠠᠷᠢᠭᠤᠴᠠᠬᠤ ᠬᠡᠷᠡᠭᠲᠡᠢ᠂ ᠬᠢᠨᠠᠨ ᠰᠢᠯᠭᠠᠬᠤ ᠠᠵᠢᠯ ᠳᠠᠭᠤᠰᠤᠭᠰᠠᠨ ᠤ | ᠳᠠᠷᠠᠭ᠎ᠠ ᠲᠤᠰᠬᠠᠢ ᠮᠡᠷᠭᠡᠵᠢᠯ ᠤᠨ ᠬᠢᠷᠢ ᠬᠡᠮ ᠤᠨ ᠰᠢᠯᠭᠠᠨ ᠲᠤᠭᠲᠠᠭᠠᠬᠤ ᠬᠦᠰᠦᠨᠦᠭ︾ ᠲᠠᠢ ᠬᠠᠮᠲᠤ ᠳᠤᠨᠢ | ᠳᠠᠩᠰᠠ ᠡᠪᠬᠡᠮᠡᠯ ᠳᠤ ᠣᠷᠤᠭᠤᠯᠤᠨ ᠳᠠᠩᠰᠠᠯᠠᠭᠤᠯᠬᠤ ᠬᠡᠷᠡᠭᠲᠡᠢ᠃ | 2᠂ ᠢᠲᠡᠭᠡᠯ ᠢᠶᠠᠨ ᠠᠯᠳᠠᠭᠰᠠᠨ ᠢ ᠵᠠᠯᠬᠠᠭᠠᠨ ᠴᠡᠭᠡᠷᠯᠡᠭᠦᠯᠬᠦ ᠲᠤᠭᠲᠠᠴᠠ ᠶᠢ ᠲᠡᠭᠦᠯᠳᠡᠷᠵᠢᠭᠦᠯᠦᠨ᠎ᠡ᠃ ᠢᠲᠡᠭᠡᠮᠵᠢ | ᠠᠯᠳᠠᠭᠰᠠᠨ ᠬᠠᠷᠠᠲ᠋ᠠᠩᠰᠠ ᠶᠢᠨ ᠳᠦᠷᠢᠮ ᠢ ᠰᠦᠪᠡᠭᠴᠢᠯᠡᠨ ᠪᠠᠶᠢᠭᠤᠯᠵᠤ᠂ ᠡᠷᠳᠡᠮ ᠰᠢᠨᠵᠢᠯᠡᠭᠡᠨ ᠤ ᠬᠠᠭᠤᠷᠮᠠᠭᠯᠠᠨ | ᠵᠣᠬᠢᠶᠠᠭᠰᠠᠨ ᠢ ︽ᠨᠢᠭᠡ ᠪᠢᠯᠧᠲ ᠢᠶᠠᠷ ᠦᠭᠡᠶᠢᠰᠬᠡᠬᠦ ᠳᠦᠷᠢᠮ︾ ᠢ ᠬᠡᠷᠡᠭᠵᠢᠭᠦᠯᠵᠦ᠂ ᠬᠤᠳᠠᠯ ᠬᠡᠯᠡᠵᠦ | ᠬᠠᠭᠤᠷᠮᠠᠭ ᠢᠶᠠᠷ ᠵᠣᠬᠢᠶᠠᠬᠤ᠂ ᠳᠠᠯᠳᠠᠭᠤᠷ ᠦᠢᠯᠡᠳᠬᠦ ᠵᠡᠷᠭᠡ ᠰᠠᠬᠢᠯᠭ᠎ᠠ ᠲᠤᠭᠲᠠᠭᠠᠯ ᠢ ᠵᠦᠷᠢᠴᠡᠭᠰᠡᠨ ᠠᠵᠢᠯᠯᠠᠭ᠎ᠠ ᠪᠠᠷ | ᠣᠯᠣᠭᠰᠠᠨ ᠲᠤᠰᠢᠶᠠᠯ ᠤᠨ ᠴᠣᠯᠠ ᠶᠢ ᠴᠥᠮ ᠬᠦᠴᠦᠨ ᠦᠭᠡᠢ ᠪᠣᠯᠭᠠᠬᠤ ᠶᠢᠨ ᠬᠠᠮᠲᠤ ᠢᠲᠡᠭᠡᠯ ᠠᠯᠳᠠᠭᠰᠠᠨ ᠬᠠᠷ᠎ᠠ | ᠳᠠᠩᠰᠠᠨ ᠳᠤ ᠲᠡᠮᠳᠡᠭᠯᠡᠵᠦ ᠣᠷᠤᠭᠤᠯᠤᠨ᠎ᠠ᠃ | 3᠂ ᠭᠤᠶᠤᠴᠢᠯᠠᠨ ᠮᠡᠳᠡᠭᠦᠯᠦᠭᠴᠢ ᠶᠢᠨ ᠪᠠᠶᠢᠭ᠎ᠠ ᠪᠠᠶᠢᠭᠤᠯᠭ᠎ᠠ ᠨᠢ ᠳᠡᠪᠰᠢᠭᠦᠯᠦᠭᠴᠢ ᠶᠢᠨ ᠮᠠᠲ᠋ᠧᠷᠢᠶᠡᠯ ᠢ ᠴᠢᠩᠭ᠎ᠠ | ᠬᠢᠨᠠᠨ ᠪᠠᠶᠢᠴᠠᠭᠠᠵᠤ᠂ ᠴᠢᠩᠲᠠ ᠬᠢᠨᠠᠯᠲᠠ ᠰᠤᠯᠠ᠂ ᠲᠤᠭᠲᠠᠭᠠᠭᠰᠠᠨ ᠵᠢᠷᠤᠮ ᠢ ᠵᠦᠷᠢᠴᠡᠭᠰᠡᠳ ᠢ ᠦᠢᠯᠡ | ᠪᠠᠶᠢᠳᠠᠯ ᠤᠨ ᠬᠢᠨᠢ ᠬᠦᠨᠳᠤ ᠭᠦᠩᠭᠡᠨ ᠢ ᠨᠢ ᠦᠨᠳᠦᠰᠦᠯᠡᠵᠦ᠂ ᠬᠤᠯᠪᠤᠭᠳᠠᠯ ᠪᠦᠬᠦᠢ ᠬᠦᠮᠦᠨ ᠠᠴᠠ ᠬᠠᠷᠢᠭᠤᠴᠠᠯᠭ᠎ᠠ | ᠨᠡᠬᠡᠮᠵᠢᠯᠡᠨ᠎ᠡ᠃ | ︵ᠳᠥᠷᠪᠡ︶ ᠭᠤᠶᠤᠴᠢᠯᠠᠨ ᠮᠡᠳᠡᠭᠦᠯᠬᠦ ᠳᠡᠰ ᠳᠠᠷᠠᠭᠠᠯᠠᠯ ᠢ ᠵᠢᠷᠤᠮᠵᠢᠭᠤᠯᠬᠤ ᠬᠡᠷᠡᠭᠲᠡᠢ᠃ | 1᠂ ᠲᠤᠰᠬᠠᠢ ᠮᠡᠷᠭᠡᠵᠢᠯ ᠤᠨ ᠮᠡᠷᠭᠡᠵᠢᠯᠲᠡᠨ ᠠᠩᠬ᠎ᠠ ᠵᠡᠷᠭᠡ᠂ ᠳᠤᠮᠳᠠ ᠵᠡᠷᠭᠡ ᠶᠢᠨ ᠲᠤᠰᠢᠶᠠᠯ ᠤᠨ ᠴᠣᠯᠠ | ᠭᠤᠶᠤᠴᠢᠯᠠᠨ ᠮᠡᠳᠡᠭᠦᠯᠬᠦ ᠳᠤ᠂ ᠪᠠᠶᠢᠭ᠎ᠠ ᠪᠠᠶᠢᠭᠤᠯᠭᠠᠡᠴᠡ ᠠᠩᠬᠠᠨ ᠤ ᠬᠢᠨᠠᠯᠲᠠ ᠬᠢᠵᠦ᠂ ᠠᠵᠢᠯ ᠲᠦᠷᠦᠯ ᠤᠨ | ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠴᠠ ᠳᠠᠬᠢᠨ ᠬᠠᠷᠭᠤᠭᠤᠯᠵᠤ᠂ ᠢᠯᠡ ᠨᠡᠶᠢᠲᠡᠯᠡᠭᠡᠳ ᠣᠨᠳᠤᠤ ᠰᠠᠨᠠᠯ ᠦᠭᠡᠢ | ᠭᠡᠰᠡᠨ ᠤ ᠳᠠᠷᠠᠭ᠎ᠠ᠂ ᠡᠷᠬᠡᠪᠰᠢ ᠠᠵᠢᠯ ᠲᠦᠷᠦᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠤᠨ ᠭᠤᠣᠯ | ᠬᠠᠷᠢᠭᠤᠴᠠᠯᠭᠠᠲᠠᠨ ᠪᠣᠯᠣᠨ ᠰᠠᠬᠢᠯᠭ᠎ᠠ ᠪᠠᠲᠤ ᠪᠠᠶᠢᠴᠠᠭᠠᠬᠤ ᠬᠠᠷᠢᠭᠤᠴᠠᠯᠭᠠᠲᠠᠨ ᠠᠴᠠ ᠭᠠᠷ ᠤᠨ ᠦᠰᠦᠭ ᠵᠢᠷᠤᠵᠤ | ᠪᠠᠷᠠᠭᠠᠳ ᠰᠢᠶᠠᠨ ᠤ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠤᠪᠴᠢᠶ᠎ᠡ ᠠᠴᠠ | ᠬᠢᠨᠠᠨ ᠲᠤᠭᠲᠠᠭᠠᠨ᠎ᠠ᠃ | 2᠂ ᠲᠤᠰᠬᠠᠢ ᠮᠡᠷᠭᠡᠵᠢᠯ ᠤᠨ ᠮᠡᠷᠭᠡᠵᠢᠯᠲᠡᠨ ᠳᠡᠭᠡᠳᠤ ᠳᠡᠰ ᠦᠨᠲ᠋ᠤᠰᠢᠶᠠᠯ ᠤᠨ ᠴᠣᠯᠠᠭᠤᠶᠤᠴᠢᠯᠠᠨ ᠮᠡᠳᠡᠭᠦᠯᠬᠦ ᠳᠤ᠂ | ᠪᠠᠶᠢᠭ᠎ᠠ ᠪᠠᠶᠢᠭᠤᠯᠭᠠᠡᠴᠡ ᠠᠩᠬᠠᠨ ᠤ ᠬᠢᠨᠠᠯᠲᠠ ᠬᠢᠵᠦ᠂ ᠠᠵᠢᠯ ᠲᠦᠷᠦᠯ ᠤᠨ ᠡᠷᠬᠢᠯᠡᠨ ᠬᠠᠮᠢᠶᠠᠷᠬᠤ ᠰᠠᠯᠠᠭ᠎ᠠ | ᠮᠦᠴᠢᠷ ᠠᠴᠠ ᠳᠠᠬᠢᠨ ᠬᠠᠷᠭᠤᠭᠤᠯᠵᠤ᠂ ᠢᠯᠡ ᠨᠡᠶᠢᠲᠡᠯᠡᠭᠡᠳ ᠣᠨᠳᠤᠤ ᠰᠠᠨᠠᠯ ᠦᠭᠡᠢ ᠭᠡᠰᠡᠨ ᠤ ᠳᠠᠷᠠᠭ᠎ᠠ᠂ | ᠡᠷᠬᠡᠪᠰᠢ ᠠᠵᠢᠯ ᠲᠦᠷᠦᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠤᠨ ᠭᠤᠣᠯ ᠬᠠᠷᠢᠭᠤᠴᠠᠯᠭᠠᠲᠠᠨ ᠪᠣᠯᠣᠨ | ᠰᠠᠬᠢᠯᠭ᠎ᠠ ᠪᠠᠲᠤ ᠪᠠᠶᠢᠴᠠᠭᠠᠬᠤ ᠬᠠᠷᠢᠭᠤᠴᠠᠯᠭᠠᠲᠠᠨ ᠠᠴᠠ ᠭᠠᠷ ᠤᠨ ᠦᠰᠦᠭ ᠵᠢᠷᠤᠵᠤ ᠪᠠᠷᠠᠭᠠᠳ ᠰᠢᠶᠠᠨ ᠤ | ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠤᠪᠴᠢᠶ᠎ᠡ ᠠᠴᠠ ᠬᠢᠨᠠᠨ ᠬᠠᠷᠭᠤᠭᠤᠯᠵᠤ | ᠬᠤᠷᠢᠶᠠᠩᠭᠤᠶᠢᠯᠠᠭᠰᠠᠨ ᠤ ᠳᠠᠷᠠᠭ᠎ᠠ ᠬᠤᠲᠠ ᠶᠢᠨ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠣᠪᠴᠢᠶᠠᠨ ᠳᠤ ᠮᠡᠳᠡᠭᠦᠯᠦᠨ᠎ᠡ᠃ | ︵ᠲᠠᠪᠤ︶ ᠴᠢᠩᠭ᠎ᠠ ᠬᠢᠨᠠᠨ ᠲᠤᠭᠲᠠᠭᠠᠵᠤ ᠬᠠᠮᠢᠶᠠᠷᠤᠨ᠎ᠠ᠃ | 1᠂ ᠬᠢᠨᠠᠨ ᠲᠤᠭᠲᠠᠭᠠᠬᠤ ᠶᠠᠰᠤ ᠴᠢᠨᠠᠷ ᠢ ᠴᠢᠩᠭ᠎ᠠ ᠪᠠᠲᠤᠯᠠᠬᠤ ᠬᠡᠷᠡᠭᠲᠡᠢ᠃ ᠶᠣᠰᠤ ᠮᠤᠷᠠᠯ᠂ ᠴᠢᠳᠠᠪᠤᠷᠢ᠂ | ᠠᠵᠢᠯ ᠤᠨ ᠠᠮᠵᠢᠯᠲᠠ ᠪᠠᠷ ᠤᠳᠤᠷᠢᠳᠤᠮᠵᠢ ᠪᠣᠯᠭᠠᠨ᠂ ᠦᠨᠳᠦᠷ ᠪᠠᠷᠢᠮᠵᠢᠶ᠎ᠡ᠂ ᠴᠢᠩᠭ᠎ᠠ ᠱᠠᠭᠠᠷᠳᠠᠯᠭ᠎ᠠ ᠪᠠᠷ᠂ ᠬᠢᠨᠠᠨ | ᠲᠤᠭᠲᠠᠭᠠᠬᠤ ᠨᠦᠭᠦᠴᠡᠯ ᠶᠣᠰᠤᠭᠠᠷ ᠴᠢᠩᠭ᠎ᠠ ᠬᠢᠨᠠᠨ ᠲᠤᠭᠲᠠᠭᠠᠯᠲᠠ ᠬᠢᠵᠦ᠂ ᠬᠢᠨᠠᠨ ᠲᠣᠭᠲᠠᠭᠠᠯᠲᠠ ᠶᠢᠨ ᠨᠡᠶᠢᠭᠡᠮ | ᠨᠡᠶᠢᠲᠡ ᠶᠢᠨ ᠢᠲᠡᠭᠡᠭᠦᠯᠬᠦ ᠬᠦᠴᠦᠨ ᠢ ᠦᠨᠡᠨᠬᠦ ᠪᠠᠲᠤᠯᠠᠨ ᠲᠤᠰᠢᠶᠠᠯ ᠤᠨ ᠴᠣᠯᠠ ᠶᠢᠨ ᠬᠢᠨᠠᠨ ᠲᠤᠭᠲᠠᠭᠠᠯᠲᠠ ᠶᠢᠨ | ᠤᠳᠤᠷᠢᠳᠤᠮᠵᠢ ᠶᠢᠨ ᠦᠢᠯᠡᠳᠦᠯ ᠢ ᠦᠨᠡᠨᠬᠦ ᠪᠠᠳᠠᠷᠠᠭᠤᠯᠤᠨ᠎ᠠ᠃ | 2᠂ ᠬᠢᠨᠠᠨ ᠲᠤᠭᠲᠠᠭᠠᠬᠤ ᠬᠡᠪᠴᠢᠶ᠎ᠡ ᠪᠠ ᠳᠠᠷᠠᠭᠠᠯᠠᠯ ᠢ ᠴᠢᠩᠭᠠᠳᠬᠠᠨ᠎ᠠ᠃ ᠴᠢᠩᠭ᠎ᠠ ᠬᠢᠨᠠᠨ ᠲᠤᠭᠲᠠᠭᠠᠬᠤ ᠡᠷᠬᠡ ᠶᠢᠨ | ᠬᠡᠪᠴᠢᠶ᠎ᠡ ᠶᠣᠰᠤᠭᠠᠷ ᠠᠵᠢᠯ ᠢᠶᠠᠨ ᠦᠷᠨᠢᠭᠦᠯᠵᠦ᠂ ᠬᠦᠷᠢᠶ᠎ᠡ ᠬᠡᠪᠴᠢᠶᠡᠨᠡᠴᠠ ᠬᠡᠲᠦᠷᠡᠵᠦ ᠪᠣᠯᠬᠤ ᠦᠭᠡᠢ᠂ ᠲᠤᠰᠬᠠᠢ | ᠮᠡᠷᠭᠡᠵᠢᠯ ᠠᠴᠠ ᠳᠠᠪᠠᠨ ᠬᠦᠯᠢᠶᠡᠨ ᠠᠪᠴᠤ ᠰᠢᠢᠳᠪᠤᠷᠢᠯᠡᠬᠦ ᠪᠤᠶᠤ ᠲᠤᠰᠢᠶᠠᠯ ᠤᠨ ᠴᠣᠯᠠ ᠬᠢᠨᠠᠨ ᠲᠤᠭᠲᠠᠭᠠᠬᠤ ᠳᠤ | ᠲᠤᠭᠲᠠᠭᠠᠯ ᠢ ᠵᠦᠷᠢᠴᠡᠵᠦ ᠬᠢᠨᠠᠨ ᠲᠤᠭᠲᠠᠭᠠᠬᠤ ᠪᠠᠷᠢᠮᠵᠢᠶ᠎ᠡ ᠪᠠ ᠭᠤᠶᠤᠴᠢᠯᠠᠨ ᠮᠡᠳᠡᠭᠦᠯᠬᠦ ᠨᠦᠭᠦᠴᠡᠯ ᠢ | ᠪᠠᠭᠤᠷᠠᠭᠤᠯᠵᠤ ᠪᠣᠯᠬᠤ ᠦᠭᠡᠢ᠂ ᠬᠢᠨᠠᠨ ᠲᠤᠭᠲᠠᠭᠠᠬᠤ ᠳᠡᠰ ᠳᠠᠷᠠᠭᠠᠯᠠᠯ ᠢ ᠵᠦᠷᠢᠴᠡᠵᠦ ᠪᠣᠯᠬᠤ ᠦᠭᠡᠢ᠂ ᠡᠰᠡ | ᠲᠡᠭᠡᠪᠡᠯ ᠦᠨᠡᠯᠡᠨ ᠲᠤᠭᠲᠠᠭᠠᠭᠰᠠᠨ ᠦᠷ᠎ᠡ ᠳ᠋ᠦᠩ ᠢ ᠴᠦᠮ ᠬᠦᠴᠦᠨ ᠦᠭᠡᠢ ᠪᠣᠯᠭᠠᠨ᠎ᠠ᠃ | 3᠂ ᠬᠢᠨᠠᠨ ᠲᠤᠭᠲᠠᠭᠠᠬᠤ ᠠᠬᠢᠴᠠ ᠶᠢᠨ ᠱᠠᠭᠠᠷᠳᠠᠯᠭ᠎ᠠ ᠶᠢ ᠴᠢᠩᠭᠠᠳᠬᠠᠨ᠎ᠠ᠃ ᠬᠢᠨᠠᠨ ᠲᠤᠭᠲᠠᠭᠠᠬᠤ ᠠᠵᠢᠯ ᠤᠨ | ᠠᠬᠢᠴᠠ ᠶᠢᠨ ᠱᠠᠭᠠᠷᠳᠠᠯᠭ᠎ᠠ ᠶᠢ ᠴᠢᠩᠭ᠎ᠠ ᠵᠢᠷᠤᠮᠯᠠᠵᠤ᠂ ᠬᠢᠨᠠᠨ ᠲᠤᠭᠲᠠᠭᠠᠯᠲᠠ ᠶᠢᠨ ᠡᠯ᠎ᠡ ᠵᠦᠢᠯ ᠤᠨ ᠪᠡᠯᠡᠳᠬᠡᠯ | ᠠᠵᠢᠯ ᠢ ᠰᠠᠶᠢᠲᠤᠷ ᠬᠢᠵᠦ᠂ ᠬᠢᠨᠠᠨ ᠲᠤᠭᠲᠠᠭᠠᠬᠤ ᠡᠭᠦᠷᠬᠡ ᠪᠠᠨ ᠴᠠᠭ ᠲᠠᠭᠠᠨ ᠪᠡᠶᠡᠯᠡᠭᠦᠯᠬᠦ ᠶᠢ ᠦᠨᠡᠨᠬᠦ ᠪᠠᠲᠤᠯᠠᠬᠤ | ᠬᠡᠷᠡᠭᠲᠡᠢ᠃ | 4᠂ ᠴᠢᠩᠭ᠎ᠠ ᠰᠠᠬᠢᠯᠭ᠎ᠠ ᠪᠠᠲᠤ ᠪᠠᠷ ᠬᠢᠨᠠᠨ ᠲᠤᠭᠲᠠᠭᠠᠨ᠎ᠠ᠃ ᠰᠢᠶᠠᠨ ᠤ ᠬᠦᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠲᠤᠪᠴᠢᠶ᠎ᠡ ᠨᠢ ᠬᠤᠯᠪᠤᠭᠳᠠᠯ ᠪᠦᠬᠦᠢ ᠪᠠᠶᠢᠭᠤᠯᠭ᠎ᠠ ᠲᠠᠢ ᠬᠠᠮᠲᠤ ᠰᠤᠭᠤᠴᠢᠨ | ᠪᠠᠶᠢᠴᠠᠭᠠᠯᠲᠠ᠂ ᠳᠠᠬᠢᠨ ᠪᠠᠶᠢᠴᠠᠭᠠᠬᠤ ᠵᠡᠷᠭᠡ ᠠᠷᠭ᠎ᠠ ᠮᠠᠶ᠋ᠢᠭ ᠠᠪᠴᠤ ᠬᠢᠨᠠᠨ ᠲᠤᠭᠲᠠᠭᠠᠯᠲᠠ ᠶᠢᠨ ᠪᠦᠬᠦ | ᠶᠠᠪᠤᠴᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ᠃ ᠬᠢᠨᠠᠨ ᠲᠤᠭᠲᠠᠭᠠᠯᠲᠠ ᠬᠢᠬᠦ ᠬᠦᠮᠦᠰ ᠤᠨ | ᠬᠠᠷᠢᠭᠤᠴᠠᠯᠭ᠎ᠠ ᠶᠢ ᠲᠣᠳᠤᠷᠬᠠᠢ ᠪᠣᠯᠭᠠᠨ᠂ ᠬᠢᠨᠠᠨ ᠲᠤᠭᠲᠠᠭᠠᠯᠲᠠ ᠶᠢᠨ ᠬᠢᠨᠠᠨ ᠪᠠᠶᠢᠴᠠᠭᠠᠯᠲᠠ ᠶᠢ ᠴᠢᠩᠭᠠᠷᠠᠭᠤᠯᠵᠤ᠂ | ᠭᠡᠳᠡᠷᠬᠦ ᠪᠠᠶᠢᠴᠠᠭᠠᠵᠤ ᠬᠠᠷᠢᠭᠤᠴᠠᠯᠭ᠎ᠠ ᠨᠡᠬᠡᠮᠵᠢᠯᠡᠬᠦ ᠲᠤᠭᠲᠠᠴᠠ ᠶᠢ ᠪᠠᠶᠢᠭᠤᠯᠬᠤ ᠬᠡᠷᠡᠭᠲᠡᠢ᠃ ᠪᠢᠲᠡᠭᠦᠮᠵᠢᠯᠡᠭᠰᠡᠨ | ᠬᠢᠨᠠᠨ ᠲᠤᠭᠲᠠᠭᠠᠯᠲᠠ ᠶᠢᠨ ᠬᠠᠮᠢᠶᠠᠷᠤᠯᠲᠠ ᠶᠢ ᠴᠢᠩᠭᠠᠳᠬᠠᠵᠤ᠂ ᠬᠢᠨᠠᠨ ᠲᠤᠭᠲᠠᠭᠠᠬᠤ ᠠᠵᠢᠯ ᠨᠢ ᠭᠠᠳᠠᠭᠠᠲᠤ | ᠣᠷᠴᠢᠨ ᠤ ᠨᠦᠯᠦᠭᠡ ᠶᠢ ᠬᠦᠷᠲᠡᠬᠦ ᠦᠭᠡᠢ ᠶᠢ ᠪᠠᠲᠤᠯᠠᠵᠤ᠂ ᠬᠢᠨᠠᠨ ᠲᠤᠭᠲᠠᠭᠠᠯᠲᠠᠶᠢᠨ ᠡᠷᠬᠡ ᠲᠡᠭᠰᠢ ᠲᠥᠪ | ᠭᠤᠣᠯᠴᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃ | 5᠂ ᠬᠢᠨᠠᠨ ᠲᠤᠭᠲᠠᠭᠠᠯᠲᠠ ᠶᠢᠨ ᠰᠦᠢᠳᠬᠡᠯ ᠬᠤᠷᠢᠶᠠᠬᠤ ᠬᠠᠮᠢᠶᠠᠷᠤᠯᠲᠠ ᠶᠢ ᠴᠢᠩᠭᠠᠳᠬᠠᠨ᠎ᠠ᠃ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠦᠭᠵᠢᠭᠦᠯᠦᠯᠲᠡᠲ᠋ᠦ᠋ᠯᠦᠪᠯᠡᠭᠡᠨ ᠤ ᠵᠦᠪᠯᠡᠯ᠂ ᠡᠳ᠋ ᠤᠨ ᠵᠠᠰᠠᠭ ᠤᠨ | ᠲᠢᠩᠬᠢᠮ ᠠᠴᠠ ᠥᠪᠡᠷᠲᠡᠭᠡᠨ ᠵᠠᠰᠠᠬᠤ ᠣᠷᠤᠨ ᠤ ᠠᠵᠢᠯᠲᠠᠨ ᠤ ᠶᠠᠪᠤᠳᠠᠯ ᠤᠨ ᠲᠢᠩᠭᠢᠮ ᠳᠤ ᠴᠣᠬᠤᠯᠠᠪᠤᠷᠢᠯᠠᠭᠰᠠᠨ | ᠲᠤᠰᠬᠠᠢ ᠮᠡᠷᠭᠡᠵᠢᠯ ᠤᠨ ᠬᠢᠷᠢ ᠬᠡᠮ ᠢ ᠬᠢᠨᠠᠨ ᠲᠤᠭᠲᠠᠭᠠᠬᠤ ᠵᠠᠷᠤᠳᠠᠯ ᠪᠠ ᠦᠨᠡᠮᠯᠡᠯ ᠤᠨ ᠥᠷᠲᠡᠭ ᠤᠨ ᠵᠠᠷᠤᠳᠠᠯ ᠢ | ᠬᠤᠷᠢᠶᠠᠬᠤ ᠪᠠᠷᠢᠮᠵᠢᠶ᠎ᠡ ᠶᠢ ᠲᠤᠬᠢᠷᠠᠠᠭᠤᠯᠬᠤ ᠲᠤᠬᠠᠢ ᠴᠣᠬᠤᠯᠠᠪᠤᠷᠢ︾ ︵ᠥᠪᠥᠷ ᠲᠦᠯᠦᠪᠯᠡᠭᠡᠨ ᠵᠠᠷᠤᠳᠠᠯ ᠦᠰᠦᠭ | ﹇2001﹈1202 ᠳ᠋ᠤᠭᠠᠷ︶ ᠪᠣᠯᠣᠨ ︽ᠲᠤᠰᠬᠠᠢ ᠮᠡᠷᠭᠡᠵᠢᠯ ᠤᠨ ᠴᠢᠳᠠᠪᠤᠷᠢ ᠶᠢᠨ ᠬᠢᠷᠢ ᠬᠡᠮ ᠤᠨ ᠬᠢᠨᠠᠨ | ᠲᠤᠭᠲᠠᠭᠠᠯᠲᠠ ᠪᠠ ᠦᠨᠡᠮᠯᠡᠯ ᠤᠨ ᠰᠦᠢᠳᠬᠡᠯᠬᠤᠷᠢᠶᠠᠬᠤ ᠵᠢᠴᠢ ᠵᠠᠷᠤᠯᠭ᠎ᠠ ᠶᠢᠨ ᠲᠤᠬᠠᠢ ᠮᠡᠳᠡᠭᠳᠡᠯ︾ ︵ᠥᠪᠥᠷ | ᠠᠵᠢᠯᠲᠠᠨ ᠲᠠᠷᠬᠠᠭᠠᠭᠰᠠᠨ ﹇2001﹈124 ᠳ᠋ᠤᠭᠠᠷ︶ ᠤᠨ ᠴᠢᠩᠭ᠎ᠠ ᠲᠤᠭᠲᠠᠭᠠᠯ ᠶᠣᠰᠤᠭᠠᠷ ᠬᠢᠨᠠᠨ ᠲᠤᠭᠲᠠᠭᠠᠬᠤ | ᠰᠦᠢᠳᠬᠡᠯ ᠬᠤᠷᠢᠶᠠᠵᠤ᠂ ᠥᠭᠡᠷ᠎ᠡ ᠰᠦᠢᠳᠬᠡᠯ ᠨᠡᠮᠡᠵᠦ ᠬᠤᠷᠢᠶᠠᠵᠤ ᠪᠣᠯᠬᠤ ᠦᠭᠡᠢ᠃ ᠡᠯ᠎ᠡ ᠪᠠᠶᠢᠭᠤᠯᠭ᠎ᠠ᠂ ᠡᠯ᠎ᠡ | ᠰᠠᠯᠠᠭ᠎ᠠ ᠮᠦᠴᠢᠷ ᠨᠢ ᠭᠤᠶᠤᠴᠢᠯᠠᠨ ᠮᠡᠳᠡᠭᠦᠯᠬᠦ ᠮᠠᠲ᠋ᠧᠷᠢᠶᠡᠯ ᠢᠶᠠᠨ ᠳᠡᠭᠡᠭᠰᠢ ᠮᠡᠳᠡᠭᠦᠯᠬᠦ ᠥᠶ᠎ᠡ ᠳᠤ ᠬᠠᠮᠢᠶ᠎ᠡ ᠲᠠᠢ | ᠰᠦᠢᠳᠬᠡᠯ ᠢᠶᠠᠨ ᠬᠠᠮᠲᠤ ᠳᠤᠨᠢ ᠲᠤᠰᠢᠶᠠᠨ᠎ᠠ᠃ | 6᠂ ᠨᠡᠶᠢᠲᠡ ᠳᠤ ᠵᠠᠷᠯᠠᠬᠤ ᠳᠦᠷᠢᠮ ᠢ ᠴᠢᠩᠭᠠᠳᠬᠠᠨ᠎ᠠ᠃ ᠬᠢᠨᠠᠨ ᠲᠤᠭᠲᠠᠭᠠᠯᠲᠠ ᠳᠠᠭᠤᠰᠤᠭᠰᠠᠨ ᠤ ᠳᠠᠷᠠᠭ᠎ᠠ᠂ | ᠬᠢᠨᠠᠨ ᠲᠤᠭᠲᠠᠭᠠᠯᠲᠠ ᠶᠢᠨ ᠨᠦᠭᠦᠴᠡᠯ ᠳᠤ ᠨᠡᠶᠢᠴᠡᠭᠰᠡᠨ ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠵᠠᠷᠯᠠᠨ | ᠨᠡᠶᠢᠲᠡᠯᠡᠵᠦ᠂ ᠵᠠᠷᠯᠠᠨ ᠨᠡᠶᠢᠲᠡᠯᠡᠬᠦ ᠬᠤᠭᠤᠴᠠᠭ᠎ᠠ7 ᠡᠳᠦᠷ ᠠᠴᠠ ᠳᠣᠷᠤᠭᠰᠢ ᠪᠠᠶᠢᠵᠤ ᠪᠣᠯᠬᠤ ᠦᠭᠡᠢ᠂ ᠵᠠᠷᠯᠠᠨ | ᠨᠡᠶᠢᠲᠡᠯᠡᠭᠰᠡᠨ ᠬᠤᠭᠤᠴᠠᠭᠠᠨ ᠳᠠᠬᠢ ᠢᠯᠡᠴᠢᠯᠡᠵᠦ ᠲᠤᠰᠬᠠᠭᠰᠠᠨ ᠠᠰᠠᠭᠤᠳᠠᠯ ᠢ ᠰᠠᠬᠢᠯᠭ᠎ᠠ ᠪᠠᠲᠤ ᠪᠠᠶᠢᠴᠠᠭᠠᠬᠤ | ᠰᠠᠯᠠᠭ᠎ᠠ ᠮᠦᠴᠢᠷ ᠠᠴᠠ ᠵᠣᠬᠢᠶᠠᠨ ᠪᠠᠶᠢᠭᠤᠯᠵᠤ ᠬᠢᠨᠠᠨ ᠬᠠᠷᠭᠤᠭᠤᠯᠬᠤ ᠶᠢᠨ ᠬᠠᠮᠲᠤ ᠬᠤᠯᠪᠤᠭᠳᠠᠯ ᠪᠦᠬᠦᠢ | ᠲᠤᠭᠲᠠᠭᠠᠯ ᠶᠣᠰᠤᠭᠠᠷ ᠴᠢᠩᠭ᠎ᠠ ᠰᠢᠢᠳᠪᠤᠷᠢᠯᠡᠨ᠎ᠡ᠃ | 7᠂ ᠣᠷᠤᠨ ᠤ ᠭᠠᠳᠠᠨᠠᠬᠢ ᠲᠤᠰᠢᠶᠠᠯ ᠤᠨ ᠴᠣᠯᠠ ᠶᠢᠨ ᠦᠨᠡᠮᠯᠡᠯ ᠰᠣᠯᠢᠬᠤ ᠬᠠᠮᠢᠶᠠᠷᠤᠯᠲᠠ ᠶᠢ ᠴᠢᠩᠭᠠᠳᠬᠠᠨ᠎ᠠ᠃ | ᠲᠥᠪ ᠤᠨ ᠪᠠᠶᠢᠭᠤᠯᠭ᠎ᠠ᠂ ᠭᠠᠳᠠᠷ ᠮᠣᠵᠢ ᠬᠤᠲᠠ ᠪᠣᠯᠣᠨ ᠴᠡᠷᠢᠭ ᠠᠩᠭᠢ ᠠᠴᠠ ᠵᠣᠬᠢᠶᠠᠨ ᠪᠠᠶᠢᠭᠤᠯᠤᠯᠲᠠ ᠶᠢᠨ | ᠲᠣᠬᠢᠷᠠᠭᠤᠯᠭ᠎ᠠ ᠪᠠᠷ ᠴᠡᠷᠢᠭ ᠠᠴᠠ ᠰᠢᠯᠵᠢᠨ ᠲᠦᠪᠬᠢᠨᠡᠭᠦᠯᠬᠦ ᠪᠤᠶᠤ ᠬᠤᠪᠢ ᠬᠦᠮᠦᠨ ᠰᠠᠶᠢᠨ ᠳᠤᠷ᠎ᠠ ᠠᠴᠠ ᠪᠠᠨ | ᠮᠠᠨ ᠤ ᠰᠢᠶᠠᠨ ᠳᠤ ᠢᠷᠡᠵᠦ ᠠᠵᠢᠯᠯᠠᠭᠰᠠᠨ ᠲᠤᠰᠬᠠᠢ ᠮᠡᠷᠭᠡᠵᠢᠯ ᠤᠨ ᠴᠢᠳᠠᠪᠤᠷᠢᠲᠠᠨ᠂ ᠣᠷᠤᠨ ᠤ ᠭᠠᠳᠠᠨᠠᠬᠢ ︵ | ᠴᠡᠷᠢᠭ︶ ᠬᠦᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠦᠴᠢᠷ ᠠᠴᠠ ᠡᠷᠬᠡ | ᠣᠯᠭᠤᠨ ᠰᠢᠯᠭᠠᠷᠠᠭᠤᠯᠬᠤ ᠺᠣᠮᠢᠰ ᠤᠨ ᠬᠢᠨᠠᠨ ᠲᠤᠭᠲᠠᠭᠠᠯᠲᠠ ᠪᠠᠷ ᠣᠯᠣᠭᠰᠠᠨ ᠲᠤᠰᠬᠠᠢ ᠮᠡᠷᠭᠡᠵᠢᠯ ᠤᠨ ᠬᠢᠷᠢ ᠬᠡᠮ | ᠦᠨᠡᠮᠯᠡᠯ ᠨᠢ ᠰᠣᠯᠢᠬᠤ ᠴᠢᠬᠤᠯᠠᠲᠠᠢ ᠪᠣᠯ ᠲᠤᠰᠢᠶᠠᠯ ᠤᠨ ᠴᠣᠯᠠ ᠶᠢᠨ ᠦᠨᠡᠮᠯᠡᠯ ᠪᠣᠯᠣᠨ ᠦᠨᠡᠯᠡᠨ ᠬᠢᠨᠠᠬᠤ ᠳᠠᠩᠰᠠ | ᠡᠪᠬᠡᠮᠡᠯ ᠤᠨ ᠵᠢᠩᠭᠢᠨᠢ ᠡᠬᠡ᠂ ᠬᠤᠯᠪᠤᠭᠳᠠᠯ ᠪᠦᠬᠦᠢ ᠬᠢᠨᠠᠨ ᠵᠦᠪᠰᠢᠶᠡᠷᠡᠭᠰᠡᠨ ᠪᠢᠴᠢᠭ ᠮᠠᠲ᠋ᠧᠷᠢᠶᠡᠯ ᠢᠶᠠᠨ ᠲᠤᠰᠢᠶᠠᠬᠤ | ᠬᠡᠷᠡᠭᠲᠡᠢ᠃ | ︵ᠵᠢᠷᠭᠤᠭ᠎ᠠ︶ ᠲᠤᠰᠢᠶᠠᠯ ᠤᠨ ᠴᠣᠯᠠ ᠤᠷᠢᠵᠤ ᠬᠡᠷᠡᠭᠯᠡᠬᠦ ᠬᠠᠮᠢᠶᠠᠷᠤᠯᠲᠠ ᠶᠢ ᠵᠢᠷᠤᠮᠵᠢᠭᠤᠯᠤᠨ᠎ᠠ᠃ | 1᠂ ᠲᠤᠰᠢᠶᠠᠯ ᠤᠨ ᠴᠣᠯᠠ ᠤᠷᠢᠵᠤ ᠬᠡᠷᠡᠭᠯᠡᠬᠦ ᠨᠢ ᠡᠷᠬᠡ ᠲᠡᠭᠰᠢ᠂ ᠲᠥᠪ ᠭᠤᠣᠯᠴᠢ ᠢᠯᠡ ᠪᠠᠶᠢᠬᠤ ᠵᠠᠷᠴᠢᠮ ᠢ | ᠪᠠᠷᠢᠮᠲᠠᠯᠠᠨ᠂ ᠬᠡᠷᠡᠭᠴᠡᠭᠡ ᠪᠠᠨ ᠦᠨᠳᠦᠰᠦᠯᠡᠨ ᠠᠵᠢᠯ ᠤᠨ ᠪᠠᠶᠢᠷᠢ ᠲᠤᠬᠢᠷᠠᠭᠤᠯᠵᠤ᠂ ᠠᠵᠢᠯ ᠤᠨ ᠪᠠᠶᠢᠷᠢ ᠪᠠᠨ | ᠦᠨᠳᠦᠰᠦᠯᠡᠨ ᠲᠣᠬᠢᠷᠠᠭᠤᠯᠤᠨ ᠰᠢᠯᠢᠳᠡᠭ ᠢ ᠨᠢ ᠰᠤᠩᠭᠤᠨ ᠤᠷᠢᠨ ᠬᠡᠷᠡᠭᠯᠡᠵᠦ᠂ ᠲᠤᠰᠬᠠᠢ ᠮᠡᠷᠭᠡᠵᠢᠯ ᠤᠨ | ᠠᠵᠢᠯᠲᠠᠨ ᠤ ᠪᠡᠶ᠎ᠡ ᠶᠢᠨ ᠭᠠᠷᠤᠯ ᠤᠨ ᠬᠠᠮᠢᠶᠠᠷᠤᠯᠲᠠ ᠠᠴᠠ ᠠᠵᠢᠯ ᠤᠨ ᠪᠠᠶᠢᠷᠢ ᠶᠢᠨ ᠬᠠᠮᠢᠶᠠᠷᠤᠯᠲᠡ ᠲᠡᠰᠢ | ᠬᠤᠪᠢᠷᠠᠭᠤᠯᠬᠤ ᠶᠢ ᠠᠬᠢᠭᠤᠯᠤᠨ᠎ᠠ᠃ ᠰᠢᠶᠠᠨ ᠤ ᠵᠠᠰᠠᠭ ᠤᠨ ᠣᠷᠳᠤᠨ ᠨᠢ ᠡᠯ᠎ᠡ ᠪᠠᠶᠢᠭᠤᠯᠭ᠎ᠠ ᠶᠢᠨ ᠲᠤᠬᠢᠷᠠᠭᠤᠯᠭ᠎ᠠ | ᠵᠢᠴᠢ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠵᠦ ᠤᠷᠢᠨ ᠬᠡᠷᠡᠭᠯᠡᠬᠦ ᠠᠵᠢᠯ ᠤᠨ ᠴᠠᠭ ᠢᠶᠠᠨ ᠲᠤᠭᠲᠠᠭᠠᠨ᠎ᠠ᠃ | ᠵᠠᠷᠴᠢᠮ ᠳᠡᠭᠡᠷ᠎ᠡ ᠪᠠᠨ᠂ ᠪᠦᠬᠦ ᠰᠢᠶᠠᠨ ᠨᠢ ᠤᠷᠢᠨ ᠬᠡᠷᠡᠭᠯᠡᠬᠦ ᠠᠵᠢᠯ ᠤᠨ ᠴᠠᠭ ᠢ ᠲᠦᠪᠯᠡᠷᠡᠭᠦᠯᠦᠨ ᠨᠢᠭᠡᠳᠦᠯᠲᠡᠢ | ᠶᠠᠪᠤᠭᠳᠠᠭᠤᠯᠵᠤ ᠪᠤᠰᠤᠳ ᠴᠠᠭ ᠲᠤ ᠤᠷᠢᠨ ᠬᠡᠷᠡᠭᠯᠡᠬᠦ ᠭᠠᠷ ᠭᠦᠢᠴᠡᠳᠬᠡᠯ ᠬᠢᠬᠦ ᠦᠭᠡᠢ᠃ | 2᠂ ᠤᠷᠢᠨ ᠬᠡᠷᠡᠭᠯᠡᠬᠦ ᠨᠦᠭᠦᠴᠡᠯ | ⑴ᠤᠯᠤᠰ ᠤᠨ ᠬᠠᠦᠯᠢ ᠴᠠᠭᠠᠵᠠ ᠳᠦᠷᠢᠮ ᠲᠤᠭᠲᠠᠭᠠᠯ ᠢ ᠵᠢᠷᠤᠮᠯᠠᠨ ᠰᠠᠬᠢᠵᠤ᠂ ᠰᠢᠯᠢᠳᠡᠭ ᠰᠠᠶᠢᠨ ᠠᠵᠢᠯ | ᠮᠡᠷᠭᠡᠵᠢᠯ ᠤᠨ ᠬᠡᠪ ᠪᠤᠯᠪᠠᠰᠤᠷᠠᠯ ᠪᠣᠯᠣᠨ ᠦᠢᠯᠡ ᠠᠵᠢᠯᠯᠠᠭᠠᠨ ᠤ ᠳᠦᠷᠢᠮᠵᠢᠯ ᠲᠠᠢ᠃ | ⑵ᠪᠡᠶ᠎ᠡ ᠮᠠᠬᠠᠪᠤᠳ ᠡᠷᠡᠭᠦᠯ ᠴᠢᠬᠢᠷᠠᠭ᠂ ᠲᠤᠬᠠᠶᠢᠯᠠᠭᠰᠠᠨ ᠠᠵᠢᠯ ᠢᠶᠠᠨ ᠭᠦᠢᠴᠡᠳᠬᠡᠵᠦ ᠴᠢᠳᠠᠭᠰᠠᠨ᠂ | ᠦᠷᠬᠦᠯᠵᠢᠯᠡᠭᠰᠡ ᠰᠤᠷᠭᠠᠨ ᠬᠦᠮᠦᠵᠢᠯ ᠤᠨ ᠲᠤᠭᠲᠠᠭᠠᠭᠰᠠᠨ ᠬᠢᠴᠢᠶᠡᠯᠯᠡᠭᠡ ᠶᠢᠨ ᠴᠠᠭ ᠢ ᠪᠡᠶᠡᠯᠡᠭᠦᠯᠵᠦ᠂ | ᠪᠠᠶᠢᠭᠤᠯᠭ᠎ᠠ ᠶᠢᠨ ᠵᠢᠯ ᠤᠨ ᠡᠴᠦᠰ ᠤᠨ ᠦᠨᠡᠯᠯᠡᠭᠡᠨ ᠳᠤ ᠬᠢᠷᠢ ᠲᠡᠩᠴᠡᠭᠰᠡᠨ ᠪᠠᠶᠢᠬᠤ ᠬᠡᠷᠡᠭᠲᠡᠢ᠃ | ⑶ᠲᠤᠰ ᠪᠠᠶᠢᠭᠤᠯᠭ᠎ᠠ ᠶᠢᠨ ᠠᠵᠢᠯ ᠤᠨ ᠪᠠᠶᠢᠷᠢᠨ ᠳᠤ ᠪᠠᠶᠢᠭ᠎ᠠ ᠠᠵᠢᠯᠲᠠᠨ ᠤ ᠣᠯᠤᠭᠰᠠᠨ ᠬᠠᠷᠠᠭᠠᠯᠵᠠᠭᠰᠠᠨ | ᠲᠤᠰᠢᠶᠡᠯ ᠤᠨ ᠬᠢᠷᠢ ᠬᠡᠮ ᠨᠢ ᠵᠠᠪᠠᠯ ᠲᠤᠰᠬᠠᠢ ᠮᠡᠷᠭᠡᠵᠢᠯ ᠤᠨ ᠠᠵᠢᠯ ᠤᠨ ᠪᠠᠶᠢᠷᠢ ᠶᠢᠨ ᠱᠠᠭᠠᠷᠳᠠᠭᠰᠠᠨ | ᠰᠤᠷᠤᠯᠭ᠎ᠠ ᠶᠢᠨ ᠨᠠᠮᠲᠠᠷ᠂ ᠠᠵᠢᠯᠯᠠᠭᠰᠠᠨ ᠵᠢᠯ ᠵᠡᠷᠭᠡ ᠲᠠᠯ᠎ᠠ ᠲᠠᠢ ᠲᠣᠬᠢᠷᠠᠯᠴᠠᠭᠰᠠᠨ ᠪᠠᠶᠢᠬᠤ ᠬᠡᠷᠡᠭᠲᠡᠢ᠂ ᠡᠰᠡ | ᠲᠡᠭᠡᠪᠡᠯ ᠤᠷᠢᠨ ᠬᠡᠷᠡᠭᠯᠡᠬᠦ ᠦᠭᠡᠢ᠃ | ⑷ᠰᠢᠯᠭᠠᠯᠲᠠ ᠪᠠᠷ ᠳᠠᠮᠵᠢᠨ ᠲᠤᠰᠬᠠᠢ ᠮᠡᠷᠭᠡᠵᠢᠯ ᠤᠨ ᠴᠣᠯᠠ ᠣᠯᠤᠭᠰᠠᠳ ᠵᠠᠪᠠᠯ ᠲᠤᠰ ᠱᠠᠲᠤᠨ ᠤ ᠪᠠᠨ ᠬᠦᠮᠦᠨ ᠤ | ᠬᠦᠴᠦᠨ ᠤ ᠡᠬᠢ ᠪᠠᠶᠠᠯᠢᠭ ᠪᠣᠯᠣᠨ ᠨᠡᠶᠢᠭᠡᠮ ᠤᠨ ᠪᠠᠲᠤᠯᠠᠭ᠎ᠠ ᠶᠢᠨ ᠲᠤᠪᠴᠢᠶᠠᠨ ᠳᠤ ᠳᠠᠩᠰᠠᠯᠠᠭᠤᠯᠬᠤ ᠬᠡᠷᠡᠭᠲᠡᠢ᠂ | ᠡᠰᠡ ᠳᠡᠭᠡᠪᠡᠯ ᠤᠷᠢᠨ ᠬᠡᠷᠡᠭᠯᠡᠬᠦ ᠦᠭᠡᠢ᠃ | 3᠂ ᠤᠷᠢᠨ ᠬᠡᠷᠡᠭᠯᠡᠬᠦ ᠳᠡᠰ ᠳᠠᠷᠠᠭᠠᠯᠠᠯ | ⑴ᠡᠯ᠎ᠡ ᠬᠠᠷᠢᠭᠤᠴᠠᠬᠤ ᠰᠠᠯᠠᠭ᠎ᠠ ᠮᠦᠴᠢᠷ ᠬᠢᠨ ᠨᠢ ᠤᠷᠢᠨ ᠬᠡᠷᠡᠭᠯᠡᠬᠦ ᠠᠵᠢᠯ ᠤᠨ ᠤᠳᠤᠷᠢᠳᠬᠤ ᠳᠤᠭᠤᠶᠢᠯᠠᠩ | ᠪᠠᠶᠢᠭᠤᠯᠵᠦ᠂ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠨᠢ7 ᠬᠦᠮᠦᠨ ᠠᠴᠠ ᠴᠥᠬᠡᠨ ᠪᠠᠶᠢᠵᠤ ᠪᠣᠯᠬᠤ | ᠦᠭᠡᠢ᠂ ᠥᠷᠭᠡᠨ ᠳᠡᠯᠭᠡᠷ ᠲᠦᠯᠦᠭᠡᠯᠡᠬᠦ ᠴᠢᠨᠠᠷ ᠲᠠᠢ᠂ ᠲᠤᠰᠬᠠᠢ ᠮᠡᠷᠭᠡᠵᠢᠯ ᠤᠨ ᠮᠡᠷᠭᠡᠵᠢᠯᠲᠡᠨ ᠨᠢ ᠳᠤᠭᠤᠶᠢᠯᠠᠩ ᠤᠨ | ᠪᠦᠷᠢᠯᠳᠦᠭᠦᠨ ᠤ 2/3 ᠠᠴᠠ ᠴᠥᠬᠡᠨ ᠪᠠᠶᠢᠵᠤ ᠪᠣᠯᠬᠤ ᠦᠭᠡᠢ᠃ | ⑵ᠡᠯ᠎ᠡ ᠪᠠᠶᠢᠭᠤᠯᠭ᠎ᠠ ᠨᠢ ᠲᠤᠰᠬᠠᠢ ᠮᠡᠷᠭᠡᠵᠢᠯ ᠤᠨ ᠴᠢᠳᠠᠪᠤᠷᠢᠲᠠᠨ ᠤ ᠠᠵᠢᠯ ᠤᠨ ᠪᠠᠶᠢᠷᠢ ᠶᠢ ᠬᠢᠨᠠᠨ | ᠵᠦᠪᠰᠢᠶᠡᠷᠡᠭᠰᠡᠨ ᠤᠷᠢᠳᠠᠯ ᠳᠣᠣᠷ᠎ᠠ ᠤᠷᠢᠨ ᠬᠡᠷᠡᠭᠯᠡᠨ᠎ᠡ᠃ | ⑶ᠲᠤᠰᠬᠠᠢ ᠮᠡᠷᠭᠡᠵᠢᠯ ᠤᠨ ᠠᠵᠢᠯᠲᠠᠨ ᠬᠤᠪᠢ ᠪᠡᠶ᠎ᠡ ᠶᠢᠨ ᠬᠢᠷᠢ ᠬᠡᠮ ᠪᠠ ᠪᠠᠶᠢᠭᠤᠯᠭ᠎ᠠ ᠶᠢᠨ ᠠᠵᠢᠯ ᠤᠨ ᠪᠠᠶᠢᠷᠢ ᠶᠢᠨ | ᠱᠠᠭᠠᠷᠳᠠᠯᠭ᠎ᠠ ᠶᠢ ᠦᠨᠳᠦᠰᠦᠯᠡᠨᠠᠵᠢᠯ ᠤᠨ ᠪᠠᠶᠢᠷᠢ ᠦᠷᠢᠰᠦᠯᠳᠦᠬᠦ ᠠᠮᠠᠯᠠᠯᠲᠠ ᠶᠢᠨ ᠪᠢᠴᠢᠭ ᠢᠶᠠᠨ ᠪᠢᠴᠢᠨ᠎ᠡ᠃ | ⑷ᠲᠤᠰᠬᠠᠢ ᠮᠡᠷᠭᠡᠵᠢᠯ ᠦᠨᠠᠵᠢᠯᠲᠠᠨ ᠤ ᠬᠤᠪᠢ ᠪᠡᠶ᠎ᠡ ᠶᠢᠨ ᠠᠮᠠᠯᠠᠯᠲᠠ ᠶᠢᠨ ᠪᠠᠶᠢᠳᠠᠯ ᠢ ᠦᠨᠳᠦᠰᠦᠯᠡᠨ | ᠠᠷᠠᠳᠴᠢᠯᠡᠯ ᠢᠶᠠᠷ ᠲᠠᠨᠢᠯᠴᠠᠭᠤᠯᠬᠤ ᠪᠠ ᠪᠠᠶᠢᠭᠤᠯᠭ᠎ᠠ ᠶᠢᠨ ᠬᠠᠷᠢᠭᠤᠴᠠᠯᠭᠠᠲᠠᠨ ᠤ ᠠᠩᠬᠠᠨ ᠤ ᠬᠢᠨᠠᠯᠲᠠ ᠬᠢᠭᠡᠳ | ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠤᠨ ᠤᠷᠢᠨ ᠬᠡᠷᠡᠭᠯᠡᠬᠦ ᠤᠳᠤᠷᠢᠳᠬᠤ ᠲᠤᠭᠤᠶᠢᠯᠠᠩ ᠤᠨ ᠳᠠᠬᠢᠨ | ᠬᠢᠨᠠᠯᠲᠠ ᠪᠠᠷ ᠳᠠᠮᠵᠢᠨ ᠠᠵᠢᠯ ᠤᠨ ᠪᠠᠶᠢᠷᠢ ᠶᠢᠨ ᠤᠷᠢᠨ ᠬᠡᠷᠡᠭᠯᠡᠬᠦ ᠨᠦᠭᠦᠴᠡᠯ ᠳᠤ ᠨᠡᠶᠢᠴᠡᠭᠰᠡᠨᠲ᠋ᠤᠰᠬᠠᠢ | ᠮᠡᠷᠭᠡᠵᠢᠯ ᠤᠨ ᠠᠵᠢᠯᠲᠠᠨ ᠢ ᠢᠯᠡᠵᠠᠷᠯᠠᠨ ᠨᠡᠶᠢᠲᠡᠯᠡᠵᠦ᠂ ᠵᠠᠷᠯᠠᠬᠤ ᠬᠤᠭᠤᠴᠠᠭ᠎ᠠ ᠨᠢ5 ᠡᠳᠦᠷ ᠠᠴᠠ ᠴᠥᠬᠡᠨ ᠪᠠᠶᠢᠵᠤ | ᠪᠣᠯᠬᠤ ᠦᠭᠡᠢ᠃ ᠵᠠᠷᠯᠠᠭᠰᠠᠨ ᠤ ᠳᠠᠷᠠᠭ᠎ᠠ ᠤᠷᠢᠨ ᠬᠡᠷᠡᠭᠯᠡᠬᠦ ᠬᠦᠮᠦᠨ ᠤ ᠨᠡᠷ᠎ᠡ ᠶᠢ ᠲᠤᠭᠲᠠᠭᠠᠨ ᠪᠠᠶᠢᠭᠤᠯᠭ᠎ᠠ ᠶᠢᠨ | ᠬᠠᠷᠢᠭᠤᠴᠠᠯᠭᠠᠲᠠᠨ ᠪᠣᠯᠣᠨ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠤᠨ ᠬᠠᠷᠢᠭᠤᠴᠠᠯᠭᠠᠲᠠᠨ ᠢᠶᠠᠷ ᠭᠠᠷ ᠤᠨ | ᠦᠰᠦᠭ ᠵᠢᠷᠤᠭᠤᠯᠤᠨ ᠲᠠᠮᠠᠭ᠎ᠠ ᠳᠠᠷᠤᠭᠤᠯᠤᠭᠰᠠᠨ ᠤ ᠳᠠᠷᠠᠭ᠎ᠠ᠂ ᠵᠢᠩᠬᠢᠨᠢ ᠪᠢᠴᠢᠭ ᠮᠠᠲ᠋ᠧᠷᠢᠶᠡᠯ ᠤᠨ ᠬᠡᠯᠪᠡᠷᠢ ᠪᠠᠷ | ᠰᠢᠶᠠᠨ ᠤ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶᠡᠨ ᠳᠤ ᠮᠡᠳᠡᠭᠦᠯᠦᠨ᠎ᠡ | ᠃ | ⑸ ᠤᠷᠢᠨ ᠡᠯᠰᠡᠭᠦᠯᠦᠭᠴᠢ ᠬᠦᠴᠦᠨ ᠲᠠᠢ ᠲᠡᠭᠦᠰᠦᠭᠰᠡᠨ ᠦᠨᠡᠮᠯᠡᠯ᠂ ᠡᠷᠳᠡᠮ ᠤᠨ ᠴᠣᠯᠠ ᠶᠢᠨ ᠦᠨᠡᠮᠯᠡᠯ᠂ | ᠲᠤᠰᠬᠠᠢ ᠮᠡᠷᠭᠡᠵᠢᠯ ᠤᠨ ᠬᠢᠷᠢ ᠬᠡᠮ ᠤᠨ ᠦᠨᠡᠮᠯᠡᠯ ︵ᠪᠦᠬᠦ ᠤᠯᠤᠰ ᠤᠨ ᠨᠢᠭᠡᠳᠦᠯᠲᠡᠢ ᠰᠢᠯᠭᠠᠯᠲᠠ ᠪᠠᠷ ᠳᠠᠮᠵᠢᠨ | ᠣᠯᠣᠭᠰᠠᠨᠲ᠋ᠤᠰᠬᠠᠢ ᠮᠡᠷᠭᠡᠵᠢᠯ ᠤᠨ ᠬᠢᠷᠢ ᠬᠡᠮ ᠤᠨ ᠦᠨᠡᠮᠯᠡᠯ ᠪᠠᠭᠲᠠᠨ᠎ᠠ︶᠂ ᠵᠢᠯ ᠤᠨ ᠡᠴᠦᠰ ᠤᠨ ᠦᠨᠡᠯᠡᠯᠭᠡᠨ ᠤ | ᠬᠢᠷᠢ ᠲᠡᠩᠴᠡᠭᠰᠡᠨ ᠦᠨᠡᠮᠯᠡᠯ᠂ ᠦᠷᠭᠦᠯᠵᠢᠯᠡᠨ ᠰᠤᠷᠭᠠᠨ ᠬᠦᠮᠦᠵᠢᠭᠦᠯᠬᠦ ᠦᠨᠡᠮᠯᠡᠯ ᠵᠡᠷᠭᠡ ᠬᠤᠯᠪᠤᠭᠳᠠᠯ ᠪᠦᠬᠦᠢ | ᠮᠠᠲ᠋ᠧᠷᠢᠶᠡᠯ ᠢᠶᠠᠨ ᠠᠪᠴᠤ ᠰᠢᠶᠠᠨ ᠤ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠣᠪᠴᠢᠶᠡᠨ ᠳᠤ ᠬᠢᠨᠠᠨ ᠬᠠᠷᠭᠤᠭᠤᠯᠤᠨ᠎ᠠ᠂ ᠬᠢᠨᠠᠨ ᠬᠠᠷᠭᠤᠭᠤᠯᠬᠤ ᠶᠠᠪᠤᠴᠠ ᠳᠤ ᠬᠤᠳᠠᠯ ᠬᠠᠭᠤᠷᠮᠠᠭ ᠪᠤᠶᠤ | ᠪᠤᠰᠤᠳ ᠬᠦᠮᠦᠨ ᠢᠯᠡᠴᠢᠯᠡᠨ ᠮᠡᠳᠡᠭᠦᠯᠦᠭᠰᠡᠨ ᠪᠠᠶᠢᠪᠠᠯ ᠲᠠᠨᠢᠯᠴᠠᠭᠤᠯᠤᠭᠰᠠᠨ ᠪᠠᠶᠢᠭᠤᠯᠭ᠎ᠠ ᠵᠢᠴᠢ ᠭᠤᠣᠯᠯᠠᠨ | ᠬᠠᠮᠢᠶᠠᠷᠬᠤ ᠰᠠᠯᠠᠭ᠎ᠠ ᠮᠦᠴᠢᠷ ᠠᠴᠠ ᠪᠦᠷᠢᠮᠦᠰᠦᠨ ᠬᠠᠷᠢᠭᠤᠴᠠᠬᠤ ᠪᠦᠭᠡᠳ ᠬᠡᠷᠡᠭ ᠤᠨ ᠰᠦᠪᠡᠭᠴᠢ ᠵᠢᠴᠢ | ᠲᠤᠰᠢᠶᠠᠭᠰᠠᠨ ᠮᠠᠲ᠋ᠧᠷᠢᠶᠡᠯ ᠢ ᠰᠠᠬᠢᠯᠭ᠎ᠠ ᠪᠠᠲᠤ ᠪᠠᠶᠢᠴᠠᠭᠠᠬᠤ ᠰᠠᠯᠠᠭ᠎ᠠ ᠮᠦᠴᠢᠷ ᠪᠠ ᠳᠣᠲᠤᠭᠠᠲᠤ ᠶᠢ ᠬᠠᠮᠠᠭᠠᠯᠠᠬᠤ | ᠪᠠᠶᠢᠭᠤᠯᠭ᠎ᠠ ᠳᠤ ᠰᠢᠯᠵᠢᠭᠦᠯᠦᠨ ᠲᠤᠰᠢᠶᠠᠨ ᠥᠭᠴᠦ ᠰᠢᠢᠳᠪᠤᠷᠢᠯᠡᠬᠦᠯᠬᠦ ᠶᠢᠨ ᠬᠠᠮᠲᠤ ᠰᠢᠯᠭᠠᠷᠠᠭᠤᠯᠤᠯᠲᠠ ᠳᠤ | ᠣᠷᠤᠯᠴᠠᠬᠤ ᠶᠢ ᠬᠢᠵᠠᠭᠠᠷᠯᠠᠨ᠂3 ᠵᠢᠯ ᠳᠣᠲᠤᠷ᠎ᠠ ᠲᠤᠰᠢᠶᠠᠯ ᠤᠨ ᠴᠣᠯᠠ ᠶᠢᠨ ᠬᠢᠨᠠᠨ ᠲᠤᠭᠲᠠᠭᠠᠯᠲᠠ ᠳᠤ | ᠣᠷᠤᠯᠴᠠᠵᠤ ᠪᠣᠯᠬᠤ ᠦᠭᠡᠢ᠃ ᠬᠢᠨᠠᠨ ᠬᠠᠷᠭᠤᠭᠤᠯᠵᠤ ᠪᠠᠲᠤᠯᠠᠭᠰᠠᠨ ᠤ ᠳᠠᠷᠠᠭ᠎ᠠ ᠰᠢᠶᠠᠨ ᠤ ᠬᠦᠮᠦᠨ ᠤ ᠬᠦᠴᠦᠨ ᠤ | ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠡ ᠠᠴᠠ ᠤᠷᠢᠨ ᠬᠡᠷᠡᠭᠯᠡᠬᠦ ᠴᠣᠬᠤᠯᠠᠪᠤᠷᠢ ᠪᠢᠴᠢᠭ | ᠮᠠᠲ᠋ᠧᠷᠢᠶᠡᠯ ᠢ ᠨᠢᠭᠡᠲᠦᠯᠲᠡᠢ ᠳᠠᠷᠤᠮᠯᠠᠨ ᠲᠠᠷᠬᠠᠭᠠᠵᠤ ᠤᠷᠢᠨ ᠬᠡᠷᠡᠭᠯᠡᠬᠦ ᠭᠠᠷ ᠭᠦᠢᠴᠡᠳᠬᠡᠯ ᠢ ᠬᠢᠨ᠎ᠡ᠃ | 4᠂ ᠡᠯᠰᠡᠭᠰᠡᠨ ᠤ ᠳᠠᠷᠠᠭᠠᠬᠢ ᠬᠠᠮᠢᠶᠠᠷᠤᠯᠲᠠ | ⑴ᠲᠤᠰᠬᠠᠢ ᠮᠡᠷᠭᠡᠵᠢᠯ ᠦᠨᠠᠵᠢᠯᠲᠠᠨ ᠤ ᠠᠵᠢᠯ ᠤᠨ ᠪᠠᠶᠢᠷᠢ ᠵᠢᠨᠡᠯᠰᠡᠨ ᠬᠡᠷᠡᠭᠯᠡᠬᠦ ᠬᠤᠭᠤᠴᠠᠭ᠎ᠠ ᠨᠢ 3 ᠵᠢᠯ᠂ | ᠣᠨᠴᠠᠭᠠᠢ ᠠᠵᠢᠯ ᠤᠨ ᠪᠠᠶᠢᠷᠢ ᠶᠢᠨ ᠡᠯᠰᠡᠨ ᠬᠡᠷᠡᠭᠯᠡᠬᠦ ᠬᠤᠭᠤᠴᠠᠭ᠎ᠠ ᠶᠢ ᠤᠷᠲᠤᠳᠬᠠᠬᠤ ᠴᠢᠬᠤᠯᠠᠲᠠᠢ ᠪᠣᠯ ᠭᠤᠣᠯᠯᠠᠨ | ᠬᠠᠮᠢᠶᠠᠷᠬᠤ ᠰᠠᠯᠠᠭ᠎ᠠ ᠮᠦᠴᠢᠷ ᠲᠠᠢ ᠵᠦᠪᠯᠡᠯᠳᠦᠨ ᠵᠦᠪᠰᠢᠶᠡᠷᠡᠭᠦᠯᠦᠭᠰᠡᠨ ᠤ ᠳᠠᠷᠠᠭ᠎ᠠ ᠬᠤᠭᠤᠴᠠᠭ᠎ᠠ ᠪᠠᠨ | ᠤᠷᠲᠤᠳᠬᠠᠨ᠎ᠠ᠂ ᠭᠡᠪᠡᠴᠦ ᠡᠩ ᠤᠨ ᠥᠶ᠎ᠡ ᠳᠤ5 ᠵᠢᠯ ᠠᠴᠠ ᠬᠡᠲᠦᠷᠡᠭᠦᠯᠵᠦ ᠪᠣᠯᠬᠤ ᠦᠭᠡᠢ᠃ | ⑵ᠡᠯ᠎ᠡ ᠪᠠᠶᠢᠭᠤᠯᠭ᠎ᠠ ᠨᠢ ᠠᠵᠢᠯ ᠤᠨ ᠪᠠᠶᠢᠷᠢ ᠶᠢᠨ ᠤᠷᠢᠨ ᠬᠡᠷᠡᠭᠯᠡᠭᠴᠢ ᠵᠢᠨᠵᠢᠯ ᠤᠨ ᠡᠴᠦᠰ ᠤᠨ ᠦᠨᠡᠯᠡᠯᠭᠡᠨ ᠤ | ᠰᠢᠯᠭᠠᠭᠤᠷ ᠪᠣᠯᠣᠨ ᠦᠨᠡᠯᠡᠯᠭᠡᠨ ᠤ ᠠᠷᠭ᠎ᠠ ᠶᠢ ᠲᠡᠭᠦᠯᠳᠡᠷᠵᠢᠭᠦᠯᠵᠦ᠂ ᠦᠨᠡᠯᠡᠯᠭᠡᠨ ᠤ ᠦᠷ᠎ᠡ ᠳ᠋ᠦᠩ ᠨᠢ ᠤᠷᠢᠨ | ᠬᠡᠷᠡᠭᠯᠡᠬᠦ ᠠᠵᠢᠯᠲᠠᠨ ᠤ ᠠᠵᠢᠯ ᠤᠨ ᠪᠦᠲᠦᠮᠵᠢ ᠲᠠᠢ ᠬᠤᠯᠪᠤᠭᠳᠠᠨ ᠬᠤᠪᠢ ᠬᠦᠮᠦᠨ ᠤ ᠠᠮᠠᠯᠠᠯᠲᠠ ᠶᠢᠨ ᠠᠭᠤᠯᠭ᠎ᠠ | ᠪᠣᠯᠣᠨ ᠤᠷᠢᠨ ᠡᠯᠰᠡᠬᠦ ᠭᠡᠷ᠎ᠡ ᠶᠢᠨ ᠱᠠᠭᠠᠷᠳᠠᠭᠰᠠᠨ ᠡᠭᠦᠷᠭᠡ ᠬᠠᠷᠠᠯᠲᠠ ᠶᠢ ᠪᠡᠶᠡᠯᠡᠭᠦᠯᠦᠭᠰᠡᠨ ᠦᠭᠡᠢ ᠡᠯᠰᠡᠭᠦᠯᠦᠭᠴᠢ | ᠠᠵᠢᠯᠲᠠᠨ ᠢ ᠤᠭᠴᠠᠷᠠᠭᠤᠯᠬᠤ ᠪᠤᠶᠤ ᠤᠷᠢᠨ ᠬᠡᠷᠡᠭᠯᠡᠬᠦ ᠳᠡᠰ ᠢ ᠨᠢ ᠪᠠᠭᠤᠷᠠᠭᠤᠯᠤᠨ᠎ᠠ᠃ | ⑶ᠲᠤᠰᠬᠠᠢ ᠮᠡᠷᠭᠡᠵᠢᠯ ᠤᠨ ᠠᠵᠢᠯᠲᠠᠨ ᠳᠣᠣᠷᠠᠬᠢ ᠪᠠᠶᠢᠳᠠᠯ ᠤᠨ ᠨᠢᠭᠡ ᠨᠢ ᠪᠠᠶᠢᠬᠤ ᠳᠤ ᠬᠦᠷᠪᠡᠯᠤᠷᠢᠨ ᠬᠡᠷᠡᠭᠯᠡᠬᠦ | ᠪᠠᠶᠢᠭᠤᠯᠭ᠎ᠠ ᠨᠢ ᠤᠷᠢᠨ ᠬᠡᠷᠡᠭᠯᠡᠬᠦ ᠬᠤᠭᠤᠴᠠᠭᠠᠨ ᠤ ᠬᠢᠵᠠᠭᠠᠷᠯᠠᠯ ᠬᠦᠯᠢᠶᠡᠬᠦ ᠦᠭᠡᠢ᠂ ᠪᠠᠶᠢᠭᠤᠯᠭ᠎ᠠ ᠠᠴᠠ ᠰᠣᠳᠤᠯᠤᠨ | ᠂ ᠰᠢᠶᠠᠨ ᠤ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶᠡᠨ ᠳᠤ ᠳᠠᠩᠰᠠᠯᠠᠨ | ᠮᠡᠳᠡᠭᠦᠯᠵᠦ ᠬᠡᠵᠢᠶ᠎ᠡ ᠴᠤ ᠭᠡᠰᠡᠨ ᠲᠡᠭᠦᠨ ᠤ ᠡᠭᠦᠷᠭᠡᠯᠡᠵᠦ ᠪᠠᠶᠢᠭ᠎ᠠ ᠲᠤᠰᠬᠠᠢ ᠮᠡᠷᠭᠡᠵᠢᠯ ᠤᠨ ᠲᠤᠰᠢᠶᠠᠯ ᠢ ᠬᠦᠴᠦᠨ | ᠦᠭᠡᠢ ᠪᠣᠯᠭᠠᠵᠤ ᠪᠣᠯᠣᠨ᠎ᠠ᠃ | a᠂ ᠠᠵᠢᠯᠯᠠᠵᠤ ᠪᠠᠶᠢᠭ᠎ᠠ ᠬᠤᠭᠤᠴᠠᠭᠠᠨ ᠳᠤ ᠵᠢᠯ ᠤᠨ ᠡᠴᠦᠰ ᠤᠨ ᠦᠨᠡᠯᠡᠯᠭᠡᠨ ᠳᠤ ᠬᠢᠷᠢ ᠲᠡᠩᠴᠡᠭᠰᠡᠨ ᠦᠭᠡᠢ᠃ | b᠂ ᠲᠤᠰᠢᠶᠠᠯ ᠢᠶᠠᠨ ᠤᠮᠳᠤᠭᠠᠶᠢᠯᠠᠵᠤ ᠬᠠᠷᠢᠭᠤᠴᠠᠯᠭ᠎ᠠ ᠪᠠᠨ ᠠᠯᠳᠠᠭᠠᠳ᠂ ᠬᠠᠷᠢᠭᠤᠴᠠᠯᠭ᠎ᠠ ᠶᠢᠨ ᠠᠳᠡᠯ ᠭᠠᠷᠭᠠᠭᠰᠠᠨ | ᠃ | c᠂ ᠵᠠᠰᠠᠭ ᠵᠠᠬᠢᠷᠭᠠᠨ ᠤ ᠣᠰᠤᠯ ᠲᠡᠮᠳᠡᠭᠯᠡᠭᠦᠯᠦᠭᠰᠡᠨ᠂ ᠨᠠᠮ ᠤᠨ ᠳᠣᠲᠤᠭᠠᠳᠤ ᠳᠤ ᠴᠢᠩᠭ᠎ᠠ ᠳᠣᠩᠭᠤᠳᠬᠤ | ᠰᠢᠢᠳᠬᠡᠯ ᠣᠯᠣᠭᠰᠠᠨ᠃ | d᠂ ᠡᠪᠡᠳᠴᠢᠯᠡᠭᠰᠡᠨ ᠪᠤᠶᠤ ᠠᠵᠢᠯ ᠤᠨ ᠪᠣᠰᠤ ᠰᠢᠯᠲᠠᠭᠠᠨ ᠢᠶᠠᠷ ᠰᠢᠷᠬᠠᠳᠤᠭᠠᠳ ᠨᠢᠭᠡ ᠵᠢᠯ ᠠᠴᠠ ᠳᠡᠭᠡᠭᠰᠢ | ᠬᠡᠪ ᠤᠨ ᠶᠣᠰᠤᠭᠠᠷ ᠠᠵᠢᠯᠯᠠᠭᠰᠠᠨ ᠦᠭᠡᠢ᠃ | e᠂ ᠳᠤᠷ᠎ᠠ ᠪᠠᠷ ᠢᠶᠠᠨ ᠠᠵᠢᠯ ᠠᠴᠠ ᠪᠠᠨ ᠰᠠᠭᠠᠲᠠᠬᠤ ᠪᠤᠶᠤ ᠵᠦᠢ ᠶᠣᠰᠤᠨ ᠤ ᠰᠢᠯᠲᠠᠭᠠᠨ ᠦᠭᠡᠢ ᠠᠵᠢᠯ ᠤᠨ | ᠪᠠᠶᠢᠷᠢᠨ ᠳᠠᠭᠠᠨ ᠪᠤᠴᠠᠵᠤ ᠢᠷᠡᠬᠦ ᠦᠭᠡᠢ ᠵᠠᠯᠭᠠᠪᠡᠷ15 ᠬᠤᠨᠤᠭ ᠬᠡᠲᠦᠷᠡᠬᠦ ᠪᠤᠶᠤ ᠨᠢᠭᠡ ᠵᠢᠯ ᠤᠨ ᠳᠣᠲᠤᠷ᠎ᠠ ᠨᠡᠶᠢᠲᠡ | ᠭᠤᠴᠢᠨ ᠡᠳᠦᠷ ᠠᠴᠠ ᠬᠡᠲᠦᠷᠡᠭᠰᠡᠨ᠃ | f᠂ ᠮᠡᠷᠭᠡᠵᠢᠯ ᠤᠨ ᠪᠠᠶᠢᠷᠢᠨ ᠳᠠᠭᠠᠨ ᠪᠠᠶᠢᠪᠠᠴᠤ ᠤᠷᠲᠤ ᠬᠤᠭᠤᠴᠠᠭ᠎ᠠ ᠪᠠᠷ ᠦᠢᠯᠡᠳᠦᠯ ᠢᠶᠠᠨ ᠪᠠᠳᠠᠷᠠᠭᠤᠯᠤᠭᠰᠠᠨ | ᠦᠭᠡᠢ᠃ | 5᠂ ᠰᠤᠯᠠ ᠮᠡᠷᠭᠡᠵᠢᠯ ᠤᠨ ᠠᠵᠢᠯᠲᠠᠨ ᠢ ᠲᠤᠰᠢᠶᠠᠯ ᠤᠨᠴᠣᠯᠠ ᠳᠤ ᠤᠷᠢᠵᠤ ᠬᠡᠷᠡᠭᠯᠡᠬᠦ ᠳᠤ ᠲᠤᠰᠬᠠᠢ ᠮᠡᠷᠭᠡᠵᠢᠯ ᠤᠨ | ᠠᠵᠢᠯᠲᠠᠨ ᠤ ᠲᠤᠰᠢᠶᠠᠯ ᠤᠨ ᠴᠣᠯᠠ ᠳᠤ ᠤᠷᠢᠵᠤ ᠬᠡᠷᠡᠭᠯᠡᠬᠦ ᠬᠠᠮᠢᠶᠠᠷᠤᠯᠲᠠ ᠪᠠᠷ ᠯᠠᠪᠯᠠᠯᠲᠠ ᠪᠣᠯᠭᠠᠨ᠎ᠠ᠃ | ᠲᠠᠪᠤ᠂ ᠪᠠᠲᠤᠯᠠᠬᠤ ᠠᠷᠭ᠎ᠠ ᠬᠡᠮᠵᠢᠶ᠎ᠡ | ︵ᠨᠢᠭᠡ︶ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠨ᠎ᠠ᠃ ᠨᠠᠮ ᠠᠴᠠ ᠴᠢᠳᠠᠪᠤᠷᠢᠲᠠᠨ ᠢ | ᠬᠠᠮᠢᠶᠠᠷᠬᠤ ᠵᠠᠷᠴᠢᠮ ᠢ ᠪᠠᠷᠢᠮᠲᠠᠯᠠᠨ᠂ ᠨᠠᠮ ᠤᠨ ᠬᠤᠷᠢᠶ᠎ᠡ ᠪᠣᠯᠣᠨ ᠵᠠᠰᠠᠭ ᠤᠨ ᠣᠷᠳᠤᠨ ᠤ ᠲᠤᠰᠢᠶᠠᠯ ᠤᠨ | ᠴᠣᠯᠠ ᠶᠢᠨ ᠠᠵᠢᠯ ᠳᠠᠬᠢ ᠨᠢᠭᠡᠳᠦᠯᠲᠡᠢ ᠣᠳᠤᠷᠢᠳᠤᠯᠭ᠎ᠠ ᠶᠢ ᠦᠨᠡᠨᠬᠦ ᠴᠢᠩᠭᠠᠳᠬᠠᠨᠨᠠ᠃ ᠮᠡᠷᠭᠡᠵᠢᠯ ᠤᠨ ᠴᠣᠯᠠ | ᠰᠢᠯᠭᠠᠨ ᠲᠤᠭᠲᠠᠭᠠᠬᠤ ᠪᠠ ᠤᠷᠢᠵᠤ ᠬᠡᠷᠡᠭᠯᠡᠬᠦ ᠳᠦᠷᠢᠮ ᠤᠨ ᠥᠭᠡᠷᠡᠴᠢᠯᠡᠯᠲᠡ ᠶᠢ ᠴᠢᠳᠠᠪᠤᠷᠢᠲᠠᠨ ᠤ ᠠᠵᠢᠯ ᠤᠨ | ᠴᠢᠬᠤᠯᠠ ᠠᠭᠤᠯᠭ᠎ᠠ ᠪᠣᠯᠭᠠᠵᠤ᠂ ᠡᠳᠦᠷ ᠳᠤᠲᠤᠮ ᠤᠨ ᠴᠢᠬᠤᠯᠠ ᠵᠦᠪᠯᠡᠬᠦ ᠵᠦᠢᠯ ᠳᠡᠭᠡᠨ ᠣᠷᠤᠭᠤᠯᠵᠤ ᠵᠣᠬᠢᠶᠠᠨ | ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠂ ᠲᠥᠷᠦ ᠶᠢᠨ ᠪᠣᠳᠤᠯᠭ᠎ᠠ ᠶᠢᠨ ᠰᠣᠳᠤᠯᠤᠯ᠂ ᠬᠤᠷᠸ᠎ᠠ | ᠵᠢᠯᠤᠭᠤᠳᠤᠯᠭ᠎ᠠ ᠵᠡᠷᠭᠡ ᠲᠠᠯ᠎ᠠ ᠪᠠᠷ ᠨᠢᠭᠡᠳᠦᠯᠲᠡᠢ ᠲᠦᠯᠦᠪᠯᠡᠨ ᠵᠣᠬᠢᠴᠠᠭᠤᠯᠬᠤ ᠦᠢᠯᠡᠳᠦᠯ ᠢ ᠪᠠᠳᠠᠷᠠᠭᠤᠯᠵᠤ᠂ | ᠬᠠᠷᠢᠭᠤᠴᠠᠯᠭ᠎ᠠ ᠪᠠᠨ ᠲᠣᠳᠤᠷᠬᠠᠢ᠂ ᠨᠠᠷᠢᠨ ᠨᠢᠮᠪᠠᠢ ᠵᠣᠬᠢᠶᠠᠨ ᠪᠠᠶᠢᠭᠤᠯᠵᠤ ᠠᠵᠢᠯ ᠤᠨ ᠨᠠᠶᠢᠳᠠᠪᠤᠷᠢᠵᠢᠭᠤᠯᠤᠯᠲᠠ ᠶᠢ | ᠴᠢᠩᠭ᠎ᠠ ᠠᠳᠬᠤᠨ᠎ᠠ᠃ | ︵ᠬᠤᠶᠠᠷ︶ ᠦᠵᠡᠯ ᠰᠠᠨᠠᠭ᠎ᠠ ᠲᠠᠨᠢᠯᠲᠡ ᠪᠠᠨ ᠳᠡᠭᠡᠭᠰᠢᠯᠡᠭᠦᠯᠬᠦ ᠬᠡᠷᠡᠭᠲᠡᠢ᠃ ᠲᠤᠰᠢᠶᠠᠯ ᠤᠨ ᠴᠣᠯᠠ ᠦᠨᠡᠯᠡᠨ | ᠬᠡᠷᠡᠭᠯᠡᠬᠦ ᠳᠦᠷᠢᠮ ᠤᠨ ᠥᠭᠡᠷᠡᠴᠢᠯᠡᠯᠲᠡ ᠪᠣᠯ ᠴᠢᠳᠠᠪᠤᠷᠢᠲᠠᠨ ᠤ ᠬᠦᠭᠵᠢᠯᠲᠡ ᠶᠢᠨ ᠪᠠᠶᠢᠭᠤᠯᠤᠮᠵᠢ ᠲᠤᠭᠲᠠᠴᠠ ᠶᠢᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠴᠢᠬᠤᠯᠠ ᠠᠭᠤᠯᠭ᠎ᠠ ᠪᠣᠯᠣᠨ᠎ᠠ᠂ ᠥᠭᠡᠷᠡᠴᠢᠯᠡᠯᠲᠡ ᠶᠢᠨ ᠲᠥᠷᠦ ᠶᠢᠨ | ᠪᠣᠳᠤᠯᠭ᠎ᠠ ᠶᠢᠨ ᠴᠢᠨᠠᠷ ᠢᠶᠠᠷ ᠴᠢᠩᠭ᠎ᠠ᠂ ᠬᠤᠯᠪᠤᠭᠳᠠᠬᠤ ᠬᠡᠪᠴᠢᠶ᠎ᠡ ᠨᠢ ᠥᠷᠭᠡᠨ᠂ ᠨᠡᠶᠢᠭᠡᠮ ᠤᠨ ᠠᠩᠬᠠᠷᠤᠯ ᠢ ᠳᠡᠭᠡᠳᠤ | ᠬᠡᠮᠵᠢᠶ᠎ᠡ ᠪᠠᠷ ᠲᠠᠲᠠᠭᠰᠠᠨ᠂ ᠴᠢᠳᠠᠪᠤᠷᠢᠲᠠᠨ ᠤ ᠡᠩᠨᠡᠭᠡᠨ ᠤ ᠡᠯ᠎ᠡ ᠲᠠᠯ᠎ᠠ ᠳᠤ ᠬᠤᠯᠪᠤᠭᠳᠠᠵᠤ ᠪᠦᠬᠦ ᠰᠢᠶᠠᠨ ᠤ ᠡᠯ᠎ᠡ | ᠲᠥᠷᠦᠯ ᠤᠨ ᠲᠤᠰᠬᠠᠢ ᠮᠡᠷᠭᠡᠵᠢᠯ ᠤᠨ ᠴᠢᠳᠠᠪᠤᠷᠢᠲᠠᠨ ᠤ ᠠᠮᠢ ᠪᠡᠶ᠎ᠡ ᠶᠢᠨ ᠠᠰᠢᠭ ᠲᠤᠰᠠ ᠳᠤ ᠬᠤᠯᠪᠤᠭᠳᠠᠵᠤ | ᠪᠠᠶᠢᠳᠠᠭ᠃ ᠡᠯ᠎ᠡ ᠪᠠᠶᠢᠭᠤᠯᠭ᠎ᠠ᠂ ᠡᠯ᠎ᠡ ᠰᠠᠯᠠᠭ᠎ᠠ ᠮᠦᠴᠢᠷ ᠤᠳ ᠳᠡᠭᠡᠳᠤ ᠬᠡᠮᠵᠢᠶ᠎ᠡ ᠪᠠᠷ ᠴᠢᠬᠤᠯᠠᠴᠢᠯᠠᠵᠤ᠂ | ᠲᠤᠰᠢᠶᠠᠯ ᠤᠨ ᠴᠣᠯᠠ ᠦᠨᠡᠯᠡᠨ ᠬᠡᠷᠡᠭᠯᠡᠬᠦ ᠳᠦᠷᠢᠮ ᠤᠨ ᠥᠭᠡᠷᠡᠴᠢᠯᠡᠯᠲᠡ ᠶᠢᠨ ᠴᠢᠬᠤᠯᠠ ᠴᠢᠨᠠᠷ᠂ ᠪᠤᠳᠤᠯᠢᠶᠠᠨᠲᠤ | ᠴᠢᠨᠠᠷ᠂ ᠰᠡᠷᠡᠮᠲᠡᠭᠡᠢ ᠴᠢᠨᠠᠷ ᠢ ᠭᠦᠢᠴᠡᠳ ᠲᠠᠨᠢᠨ᠂ ᠥᠭᠡᠷᠡᠴᠢᠯᠡᠯᠲᠡ᠂ ᠬᠦᠭᠵᠢᠯᠲᠡ᠂ ᠲᠤᠭᠲᠠᠭᠤᠨ ᠪᠠᠶᠢᠯᠭᠠᠬᠤ | ᠬᠠᠷᠢᠴᠠᠭ᠎ᠠ ᠶᠢ ᠲᠣᠬᠢᠲᠠᠢ ᠰᠠᠶᠢᠲᠤᠷ ᠰᠢᠢᠳᠪᠤᠷᠢᠯᠡᠵᠦ᠂ ᠮᠡᠷᠭᠡᠵᠢᠯ ᠤᠨ ᠴᠣᠯᠠ ᠦᠨᠡᠯᠡᠨ ᠬᠡᠷᠡᠭᠯᠡᠬᠦ ᠳᠦᠷᠢᠮ ᠤᠨ | ᠥᠭᠡᠷᠡᠴᠢᠯᠡᠯᠲᠡ ᠶᠢ ᠲᠤᠭᠲᠠᠭᠤᠨ ᠢᠶᠠᠷ ᠠᠬᠢᠭᠤᠯᠬᠤ ᠪᠠ ᠤᠷᠤᠭᠰᠢᠲᠠᠢ ᠬᠡᠷᠡᠭᠵᠢᠭᠦᠯᠬᠦ ᠶᠢ ᠦᠨᠡᠨᠬᠦ ᠪᠠᠲᠤᠯᠠᠬᠤ | ᠬᠡᠷᠡᠭᠲᠡᠢ᠃ | ︵ᠭᠤᠷᠪᠠ︶ ᠠᠵᠢᠯ ᠤᠨ ᠲᠤᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ᠃ ᠡᠯ᠎ᠡ ᠪᠠᠶᠢᠭᠤᠯᠭ᠎ᠠ᠂ ᠡᠯ᠎ᠡ ᠰᠠᠯᠠᠭ᠎ᠠ | ᠮᠦᠴᠢᠷ ᠤᠳ ᠲᠤᠰ ᠪᠡᠶ᠎ᠡ ᠶᠢᠨ ᠢᠶᠠᠨ ᠡᠭᠦᠷᠭᠡ ᠴᠢᠳᠠᠪᠤᠷᠢ ᠳᠠᠭᠠᠨ ᠲᠦᠰᠢᠭᠯᠡᠨ ᠵᠣᠬᠢᠴᠠᠭᠤᠯᠤᠨ ᠬᠠᠮᠵᠢᠯᠴᠠᠬᠤ ᠪᠠᠨ | ᠴᠢᠩᠭᠠᠳᠬᠠᠵᠤ ᠠᠵᠢᠯ ᠤᠨ ᠲᠤᠭᠲᠠᠴᠠ ᠶᠢ ᠲᠡᠭᠦᠯᠳᠡᠷᠵᠢᠭᠦᠯᠦᠨ ᠲᠤᠰᠢᠶᠠᠯ ᠤᠨ ᠴᠣᠯᠠ ᠰᠢᠯᠭᠠᠨ ᠲᠤᠭᠲᠠᠭᠠᠬᠤ ᠪᠠ | ᠬᠡᠷᠡᠭᠯᠡᠬᠦ ᠳᠦᠷᠢᠮ ᠤᠨ ᠥᠭᠡᠷᠡᠴᠢᠯᠡᠯᠲᠡ ᠶᠢᠨ ᠬᠤᠯᠪᠤᠭᠳᠠᠯ ᠪᠦᠬᠦᠢ ᠠᠵᠢᠯ ᠢ ᠬᠠᠮᠲᠤᠪᠡᠷ ᠲᠦᠯᠬᠢᠨ ᠠᠬᠢᠭᠤᠯᠤᠨ᠎ᠠ᠃ | ᠰᠢᠶᠠᠨ ᠤ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠡ ᠨᠢ | ᠲᠣᠯᠤᠭᠠᠶᠢᠯᠠᠬᠤ ᠦᠢᠯᠡᠳᠦᠯ ᠢᠶᠠᠨ ᠰᠠᠶᠢᠲᠤᠷ ᠪᠠᠳᠠᠷᠠᠭᠤᠯᠵᠦ᠂ ᠠᠵᠢᠯ ᠲᠥᠷᠦᠯ ᠤᠨ ᠡᠷᠬᠢᠯᠡᠨ ᠬᠠᠮᠢᠶᠠᠷᠬᠤ ᠰᠠᠯᠠᠭ᠎ᠠ | ᠮᠦᠴᠢᠷ ᠤᠨ ᠲᠠᠢ ᠬᠠᠮᠲᠤ ᠲᠤᠰᠢᠶᠠᠯ ᠤᠨ ᠴᠣᠯᠠ ᠶᠢᠨ ᠲᠥᠷᠥ ᠶᠢᠨ ᠪᠣᠳᠤᠯᠭ᠎ᠠ ᠶᠢᠨ ᠲᠤᠭᠲᠠᠭᠠᠯ᠂ ᠪᠠᠶᠢᠭᠤᠯᠤᠯ ᠤᠨ | ᠪᠦᠲᠦᠭᠡᠨ ᠪᠠᠶᠢᠭᠤᠯᠤᠯᠲᠠ ᠶᠢ ᠵᠣᠬᠢᠴᠠᠭᠤᠯᠤᠨ ᠨᠠᠶᠢᠳᠠᠪᠤᠷᠢᠵᠢᠭᠤᠯᠬᠤ ᠪᠠ ᠬᠢᠨᠠᠨ ᠪᠠᠶᠢᠴᠠᠭᠠᠨ᠎ᠠ᠃ ᠬᠦᠮᠦᠨ ᠬᠡᠷᠡᠭᠯᠡᠬᠦ | ᠪᠠᠶᠢᠭᠤᠯᠭ᠎ᠠ ᠨᠢ ᠴᠢᠳᠠᠪᠤᠷᠢᠲᠠᠨ ᠢ ᠬᠡᠷᠡᠭᠯᠡᠬᠦ ᠪᠡᠶᠡᠴᠢ ᠴᠣᠭᠴᠠ ᠪᠣᠯᠣᠭᠰᠠᠨ ᠤ ᠬᠤᠪᠢ ᠳᠤ᠂ ᠪᠠᠶᠢᠭᠤᠯᠭ᠎ᠠ ᠶᠢᠨ | ᠠᠵᠢᠯ ᠤᠨ ᠪᠠᠶᠢᠷᠢᠯᠠᠭᠤᠯᠤᠯᠲᠠ ᠪᠣᠯᠣᠨ ᠠᠵᠢᠯᠲᠠᠨ ᠤ ᠪᠠᠶᠢᠳᠠᠯ ᠢ ᠦᠨᠳᠦᠰᠦᠯᠡᠨ ᠢᠳᠡᠪᠬᠢᠲᠡᠢ ᠵᠤᠬᠢᠶᠠᠨ ᠪᠠᠶᠢᠭᠤᠯᠤᠨ | ᠲᠤᠰ ᠪᠠᠶᠢᠭᠤᠯᠭ᠎ᠠ ᠶᠢᠨ ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠲᠤᠰᠢᠶᠠᠯ ᠤᠨ ᠴᠣᠯᠠ ᠶᠢᠨ ᠬᠢᠨᠠᠨ | ᠲᠤᠭᠲᠠᠭᠠᠯᠲᠠ ᠳᠤ ᠲᠠᠨᠢᠯᠴᠠᠭᠤᠯᠤᠨᠣᠷᠤᠯᠴᠠᠭᠤᠯᠵᠦ᠂ ᠦᠨᠡᠯᠡᠯᠲᠡ ᠵᠢᠨᠦᠷ᠎ᠡ ᠳ᠋ᠦᠩ ᠪᠣᠯᠣᠨ ᠬᠡᠷᠡᠭᠯᠡᠯᠲᠡ ᠶᠢ | ᠤᠷᠭᠠᠨᠢᠭ ᠢᠶᠠᠷ ᠤᠶᠠᠯᠳᠤᠭᠤᠯᠬᠤ ᠶᠢ ᠪᠡᠶᠡᠯᠡᠭᠦᠯᠦᠨ᠎ᠡ᠃ | ︵ᠳᠥᠷᠪᠡ︶ ᠲᠥᠷᠦ ᠶᠢᠨ ᠪᠣᠳᠤᠯᠭ᠎ᠠ ᠶᠢᠨ ᠤᠬᠠᠭᠤᠯᠭ᠎ᠠ ᠶᠢ ᠴᠢᠩᠭᠠᠳᠬᠠᠬᠤ ᠬᠡᠷᠡᠭᠲᠡᠢ᠃ ᠶᠠᠷᠢᠶ᠎ᠡ ᠬᠡᠯᠡᠯᠴᠡᠭᠡᠨ ᠤ | ᠳᠠᠭᠠᠭᠤᠯᠭ᠎ᠠ ᠪᠠᠨ ᠡᠷᠴᠢᠮᠵᠢᠭᠦᠯᠦᠨᠲ᠋ᠥ᠋ᠷᠦ ᠶᠢᠨ ᠪᠣᠳᠤᠯᠭ᠎ᠠ ᠶᠢᠨ ᠲᠠᠶᠢᠯᠤᠮᠵᠢ ᠶᠢ ᠴᠢᠩᠭᠠᠳᠬᠠᠵᠤ᠂ ᠦᠵᠡᠯ ᠰᠠᠨᠠᠭ᠎ᠠ | ᠤᠯᠤᠰ ᠲᠥᠷᠦ ᠶᠢᠨ ᠠᠵᠢᠯ ᠢ ᠭᠦᠨ ᠭᠦᠨᠵᠡᠭᠡᠢ ᠨᠠᠷᠢᠨ ᠨᠢᠮᠪᠠᠢ ᠰᠠᠶᠢᠲᠤᠷ ᠬᠢᠵᠤ᠂ ᠰᠢᠶᠠᠨ ᠤ ᠥᠷᠭᠡᠨ ᠣᠯᠠᠨ | ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠬᠦᠲᠦᠯᠦᠨ ᠵᠢᠯᠤᠭᠤᠳᠴᠤ ᠬᠠᠮᠢᠶ᠎ᠡ ᠪᠦᠬᠦᠢ ᠲᠥᠷᠦ ᠶᠢᠨ ᠪᠣᠳᠤᠯᠭ᠎ᠠ ᠶᠢᠨ | ᠲᠤᠭᠲᠠᠭᠠᠯ ᠢ ᠣᠶᠢᠯᠭᠠᠭᠤᠯᠵᠦ᠂ ᠲᠤᠰᠢᠶᠠᠯ ᠤᠨ ᠴᠣᠯᠠ ᠶᠢᠨ ᠦᠨᠡᠯᠡᠨ ᠲᠤᠭᠲᠠᠭᠠᠬᠤ ᠳᠦᠷᠢᠮ ᠤᠨ | ᠥᠭᠡᠷᠡᠴᠢᠯᠡᠯᠲᠡ ᠶᠢ ᠢᠳᠡᠪᠬᠢᠲᠡᠢ ᠳᠡᠮᠵᠢᠬᠦ ᠪᠠ ᠣᠷᠤᠯᠴᠠᠭᠤᠯᠬᠤ ᠬᠡᠷᠡᠭᠲᠡᠢ᠃ ᠲᠤᠰᠢᠶᠠᠯ ᠤᠨ ᠴᠣᠯᠠ ᠶᠢᠨ ᠠᠵᠢᠯ ᠤᠨ | ᠢᠯᠡ ᠲᠣᠳᠤ ᠶᠢᠨ ᠬᠡᠮᠵᠢᠶ᠎ᠡ ᠶᠢ ᠦᠨᠡᠨᠬᠦ ᠴᠢᠩᠭᠠᠳᠬᠠᠵᠤ᠂ ᠨᠡᠶᠢᠭᠡᠮ ᠤᠨ ᠡᠯ᠎ᠡ ᠡᠲᠡᠭᠡᠳ ᠤᠨ ᠬᠢᠨᠠᠯᠲᠠ ᠶᠢ | ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠲᠤᠰᠢᠶᠠᠯ ᠤᠨ ᠴᠣᠯᠠ ᠶᠢᠨ ᠦᠨᠡᠯᠡᠨ ᠲᠤᠭᠲᠠᠭᠠᠬᠤ ᠳᠦᠷᠢᠮ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠳᠤ ᠰᠠᠶᠢᠨ ᠰᠠᠶᠢᠬᠠᠨ ᠨᠡᠶᠢᠭᠡᠮ ᠤᠨ ᠪᠠᠶᠢᠳᠠᠯ ᠢ ᠪᠣᠢ ᠪᠣᠯᠭᠠᠨ᠎ᠠ᠃ | ᠣᠷᠴᠢᠭᠤᠯᠤᠭᠴᠢ᠄ ᠭᠡᠷᠡᠯ | ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ | |