___2018ᠣᠨ ᠤ2 ᠰᠠᠷ᠎ᠠ ᠶᠢᠨ27 ᠳᠤ ᠬᠤᠸᠠᠳᠡᠸ᠋ ᠰᠢᠶᠠᠨ | ᠤ ᠠᠷᠪᠠᠨ ᠲᠠᠪᠤᠳᠤᠭᠠᠷ ᠬᠤᠭᠤᠴᠠᠭᠠᠨ ᠤ ᠠᠷᠠᠳᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ | ᠤᠳᠠᠭᠠᠨ ᠤ ᠬᠤᠷᠠᠯᠳᠤᠭᠠᠨ ᠲᠡᠭᠡᠷ᠎ᠡ | ᠰᠢᠶᠠᠨ ᠤ ᠲᠠᠷᠤᠭ᠎ᠠ ᠼᠦᠢ ᠢᠦᠢ ᠯᠠᠢ | ᠲᠦᠯᠦᠭᠡᠯᠡᠭᠴᠢᠳ ᠡ᠄ | ᠡᠳᠤᠭᠡ ᠪᠢ ᠰᠢᠶᠠᠨ ᠤ ᠠᠷᠠᠳ ᠤᠨ ᠵᠠᠰᠠᠭ ᠤᠨ ᠤᠷᠳᠤᠨ ᠤ ᠡᠮᠤᠨ᠎ᠡ ᠠᠴᠠ ᠶᠡᠭᠡ ᠬᠤᠷᠠᠯ ᠳᠤ ᠠᠵᠢᠯ ᠢᠶᠠᠨ | ᠮᠡᠳᠡᠭᠦᠯᠦᠶ᠎ᠡ ᠃ ᠬᠢᠨᠠᠨ ᠵᠦᠪᠯᠡᠬᠦ ᠪᠤᠯᠪᠡᠤ︖ ᠲᠡᠷᠡᠴᠢᠯᠡᠨ ᠰᠢᠶᠠᠨ ᠤ ᠤᠯᠤᠰ ᠲᠦᠷᠥ ᠶᠢᠨ ᠬᠡᠰᠢᠬᠦᠳ ᠰᠠᠨᠠᠯ ᠢᠶᠠᠨ | ᠲᠤᠷᠠᠳᠬᠤ ᠪᠤᠯᠪᠡᠤ︖ | 1.2017ᠣᠨ ᠤ ᠭᠤᠤᠯ ᠠᠵᠢᠯ | 2017ᠣᠨ ᠳᠤ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠠᠷᠠᠳ ᠤᠨ ᠵᠠᠰᠠᠭ ᠤᠨ ᠤᠷᠳᠤᠨ᠂ ᠰᠢᠶᠠᠨ ᠤ | ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠲᠤᠤᠷ᠎ᠠ᠂ ᠰᠢᠶᠠᠨ ᠤ ᠠᠷᠠᠳ ᠤᠨ ᠲᠦᠯᠦᠭᠡᠯᠡᠭᠴᠢᠳ ᠤᠨ | ᠶᠡᠭᠡ ᠬᠤᠷᠠᠯ᠂ ᠣᠯᠤᠰ ᠲᠦᠷᠥ ᠶᠢᠨ ᠵᠦᠪᠯᠡᠯᠭᠡᠨ ᠪᠤᠯᠤᠨ ᠨᠡᠶᠢᠭᠡᠮ ᠤᠨ ᠡᠯ᠎ᠡ ᠡᠳᠡᠭᠡᠳ ᠤᠨ ᠬᠢᠨᠠᠯᠳᠠ ᠲᠤᠤᠷ᠎ᠠ᠂ | ᠪᠦᠬᠦ ᠰᠢᠶᠠᠨ ᠤ ᠡᠯ᠎ᠡ ᠦᠨᠳᠤᠰᠤᠳᠡᠨ ᠤ ᠺᠠᠲᠠᠷ ᠣᠯᠠᠨ ᠲᠦᠮᠡᠨ᠂ ᠪᠦᠬᠦ ᠲᠠᠯ᠎ᠠ ᠪᠠᠷ ᠨᠠᠮ ᠤᠨ ᠠᠷᠪᠠ ᠶᠢᠰᠤᠳᠤᠭᠡᠷ | ᠶᠡᠭᠡ ᠬᠤᠷᠠᠯ ᠤᠨ ᠠᠷᠪᠠ ᠶᠢᠰᠤᠳᠤᠭᠡᠷ ᠬᠤᠭᠤᠴᠠᠭᠠᠨ ᠤ ᠬᠤᠶᠠᠳᠤᠭᠠᠷ ᠪᠥᠬᠦᠳᠡ ᠬᠤᠷᠠᠯᠳᠤᠭᠠᠨ ᠤ ᠦᠵᠡᠯ | ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠬᠦᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ | ᠣᠯᠣᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ᠂ ︽ᠲᠠᠪᠤ ᠶᠢ | ᠨᠢᠭᠡ ᠴᠤᠭᠴᠠᠵᠢᠭᠤᠯᠬᠤ︾ ᠶᠡᠷᠤᠩᠭᠡᠢ ᠪᠠᠶᠢᠷᠢᠰᠢᠭᠤᠯᠤᠯᠳᠠ ᠶᠢ ᠨᠢᠭᠡᠳᠤᠯᠳᠠᠢ ᠲᠦᠯᠦᠪᠵᠢᠬᠦᠯᠦᠨ ᠠᠬᠢᠭᠤᠯᠵᠤ᠂ ︽ | ᠲᠦᠷᠪᠡᠨ ᠪᠦᠬᠦ ᠲᠠᠯ᠎ᠡ︾ ᠶᠢᠨ ᠪᠠᠶᠢᠯᠳᠤᠬᠤ ᠪᠤᠳᠥᠯᠭ᠎ᠠ ᠶᠢᠨ ᠪᠠᠶᠢᠷᠢᠰᠢᠭᠤᠯᠤᠯᠳᠠ ᠶᠢ ᠵᠤᠬᠢᠴᠠᠭᠤᠯᠤᠨ ᠠᠬᠢᠭᠤᠯᠵᠤ᠂ | ︽ᠭᠤᠷᠪᠠ ᠶᠢ ᠬᠠᠰᠤᠵᠤ᠂ ᠨᠢᠭᠡ ᠶᠢ ᠪᠠᠭᠤᠷᠠᠭᠤᠯᠵᠤ᠂ ᠨᠢᠭᠡ ᠶᠢ ᠨᠦᠬᠦᠪᠦᠷᠢᠯᠡᠬᠦ︾ ᠲᠠᠪᠤᠨ ᠶᠡᠭᠡ ᠡᠭᠦᠷᠭᠡ ᠶᠢ | ᠢᠳᠡᠪᠬᠢᠲᠠᠢ ᠪᠠᠷ ᠭᠡᠷᠡᠭᠵᠢᠭᠦᠯᠵᠦ᠂ ︽ᠬᠦᠭᠵᠢᠬᠦᠯᠬᠦ᠂ ᠠᠷᠠᠳ ᠤᠨ ᠠᠮᠢᠳᠤᠷᠠᠯ᠂ ᠠᠮᠢ ᠠᠬᠤᠢ︾ ᠭᠤᠷᠪᠡᠨ | ᠬᠤᠷᠢᠭ᠎ᠠ ᠱᠤᠭᠤᠮ ᠢ ᠰᠠᠬᠢᠨ ᠪᠠᠷᠢᠮᠳᠡᠯᠡᠵᠤ᠂ ᠰᠡᠳᠬᠢᠯ ᠢᠶᠠᠨ ᠨᠢᠭᠡᠳᠭᠡᠨ ᠬᠦᠴᠤ ᠪᠠᠨ ᠬᠠᠮᠳᠤᠳᠬᠠᠵᠤ᠂ ᠬᠠᠲᠠᠭᠤ | ᠪᠡᠷᠭᠡᠰᠢᠶᠡᠯ ᠢ ᠲᠤᠭᠤᠯᠤᠨ ᠲᠠᠪᠠᠵᠤ᠂ ᠬᠠᠳᠠᠭᠤᠵᠢᠨ ᠡᠷᠡᠯᠭᠡᠭᠯᠡᠨ ᠤᠷᠤᠭᠰᠢᠯᠠᠬᠤ᠂ ᠵᠠᠮ ᠨᠡᠭᠡᠭᠡᠨ ᠰᠢᠨ᠎ᠡ ᠶᠢ ᠡᠭᠦᠳᠬᠦ | ᠂ ᠡᠯ᠎ᠡ ᠵᠤᠶᠢᠯ ᠤᠨ ᠬᠠᠷᠠᠯᠲᠠ ᠡᠬᠦᠷᠭᠡ ᠪᠠᠨᠲ᠋ᠡᠬᠦᠰ ᠠᠮᠵᠢᠯᠳᠠ ᠲᠠᠢ ᠪᠡᠶᠡᠯᠡᠬᠦᠯᠵᠡᠢ᠃ 2017 ᠣᠨ ᠳᠤ ᠭᠠᠵᠠᠷ | ᠣᠷᠤᠨ ᠤ ᠤᠶᠢᠯᠡᠳᠪᠦᠷᠢᠯᠡᠯ ᠤᠨ ᠶᠡᠷᠤᠩᠭᠡᠢ ᠦᠷᠲᠡᠭ 4.1% ᠢᠶᠠᠷ ᠨᠡᠮᠡᠭᠳᠡᠵᠦ᠂ ᠬᠡᠪᠴᠢᠶᠡᠵᠢᠯ ᠠᠴᠠ ᠲᠡᠭᠡᠭᠰᠢᠬᠢ | ᠠᠵᠤ ᠤᠶᠢᠯᠡᠳᠪᠦᠷᠢ ᠶᠢᠨ ᠨᠡᠮᠡᠭᠳᠡᠯ ᠦᠷᠲᠡᠭ 35% ᠢᠶᠠᠷ ᠨᠡᠮᠡᠭᠳᠡᠵᠦ᠂ ᠡᠩ ᠤᠨ ᠣᠯᠠᠨ ᠨᠡᠶᠢᠲᠡ ᠶᠢᠨ | ᠲᠦᠰᠦᠪ ᠤᠨ ᠤᠷᠤᠯᠭ᠎ᠠ 1.39 ᠳ᠋ᠦᠩᠰᠢᠭᠤᠷ ᠲᠤ ᠬᠦᠷᠴᠤ᠂ ᠡᠳ᠋ ᠤᠨ ᠵᠠᠰᠠᠭ ᠤᠨ ᠤᠷᠤᠯᠭ᠎ᠠ ᠶᠢᠨ ᠶᠠᠰᠤ ᠴᠢᠨᠠᠷ | ᠢᠯᠡᠳᠳᠡ ᠲᠡᠭᠡᠭᠰᠢᠯᠡᠵᠦ᠂ ᠪᠦᠬᠦ ᠨᠡᠶᠢᠭᠡᠮ ᠤᠨ ᠲᠤᠭᠲᠠᠮᠠᠯ ᠬᠦᠷᠦᠩᠭᠡ ᠶᠢᠨ ᠪᠡᠯᠡ ᠤᠷᠤᠭᠤᠯᠤᠯᠳᠠ34.6 | ᠳ᠋ᠦᠩᠰᠢᠭᠤᠷ ᠲᠦᠭᠦᠷᠢᠭ ᠲᠤ ᠬᠦᠷᠴᠤ᠂ 21.2% ᠢᠶᠠᠷ ᠨᠡᠮᠡᠭᠳᠡᠭᠰᠡᠨ ᠪᠠᠶᠢᠨ᠎ᠠ᠃ ᠨᠡᠶᠢᠭᠡᠮ ᠤᠨ ᠭᠡᠷᠡᠭᠯᠡᠭᠡᠨ ᠤ | ᠵᠦᠢᠯ ᠢ ᠵᠢᠵᠢᠭᠯᠡᠨ ᠬᠤᠳᠠᠯᠳᠤᠭᠰᠠᠨ ᠪᠦᠬᠦ ᠲᠤᠭ᠎ᠠ 16.8 ᠳ᠋ᠦᠩᠰᠢᠭᠤᠷ ᠲᠦᠭᠦᠷᠢᠭ ᠲᠤ ᠬᠦᠷᠴᠤ᠂ 7.4% ᠢᠶᠠᠷ | ᠨᠡᠮᠡᠭᠳᠡᠵᠡᠢ᠃ ᠬᠤᠳᠠ ᠪᠠᠯᠭᠠᠰᠤᠨ ᠤ ᠰᠠᠭᠤᠭᠠᠯᠢ ᠠᠷᠠᠳ ᠤᠨ ᠬᠦᠮᠦᠨ ᠲᠤᠮᠳᠠᠴᠢ ᠶᠢᠨ ᠤᠷᠤᠯᠭ᠎ᠠ 28791 | ᠲᠦᠭᠦᠷᠢᠭ ᠲᠤ ᠬᠦᠷᠴᠤ᠂ 8.4% ᠢᠶᠠᠷ ᠨᠡᠮᠡᠭᠳᠡᠵᠡᠢ ᠃ ᠬᠦᠳᠡᠭᠡ ᠲᠤᠰᠬᠤᠨ ᠤ ᠰᠠᠭᠤᠭᠠᠯᠢ ᠠᠷᠠᠳ ᠤᠨ ᠬᠦᠮᠦᠨ | ᠲᠤᠮᠳᠠᠴᠢ ᠶᠢᠨ ᠤᠷᠤᠯᠭ᠎ᠠ 8301 ᠲᠦᠬᠦᠷᠢᠭ ᠪᠠᠶᠢᠵᠤ᠂8.4% ᠢᠶᠠᠷ ᠨᠡᠮᠡᠭᠳᠡᠭᠰᠡᠨ ᠪᠠᠶᠢᠨ᠎ᠠ᠂ᠡᠨᠧᠷᠬᠢ | ᠠᠷᠪᠢᠯᠠᠵᠤ ᠪᠤᠬᠢᠷᠳᠤᠯ ᠪᠤᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠡᠬᠦᠷᠭᠡ ᠶᠢ ᠪᠦᠬᠦ ᠲᠠᠯ᠎ᠠ ᠪᠠᠷ | ᠪᠡᠶᠡᠯᠡᠬᠦᠯᠵᠡᠢ᠃ | (ᠨᠢᠭᠡ ) ᠠᠵᠤ ᠤᠶᠢᠯᠡᠰ ᠤᠨ ᠪᠦᠳᠦᠴᠡ ᠶᠢ ᠰᠢᠯᠢᠳᠡᠭᠵᠢᠭᠦᠯᠬᠦ ᠶᠢ ᠪᠠᠷᠢᠮᠳᠠᠯᠠᠵᠤ᠂ ᠭᠦᠭᠵᠢᠯᠳᠡ ᠶᠢᠨ ᠶᠠᠰᠤ | ᠴᠢᠨᠠᠷ ᠢ ᠦᠷᠬᠦᠯᠵᠢᠯᠡᠨ ᠲᠡᠭᠡᠭᠰᠢᠯᠡᠬᠦᠯᠦᠨ᠎ᠡ᠃ | ᠠᠵᠤ ᠤᠶᠢᠯᠡᠳᠪᠦᠷᠢ ᠶᠢᠨ ᠠᠵᠤ ᠠᠬᠤᠢ ᠶᠢ ᠲᠣᠭᠲᠠᠭᠤᠨ ᠢᠶᠠᠷ ᠲᠡᠭᠡᠭᠰᠢᠯᠡᠬᠦᠯᠦᠨ᠎ᠡ ᠃ ᠬᠤᠪᠴᠠᠰᠤᠨ ᠤ ᠠᠵᠤ | ᠤᠶᠢᠯᠡᠰ᠂ ᠣᠶᠤᠨ ᠤᠬᠠᠭᠠᠨ ᠤ ᠬᠦᠷᠢᠶᠡᠯᠡᠩ ᠲᠤᠭᠤᠷᠢᠭ ᠢ ᠡᠷᠬᠢᠯᠡᠨ ᠬᠡᠷᠡᠭᠵᠢᠬᠦᠯᠵᠦ᠂ ᠬᠦᠷᠢᠶᠡᠯᠡᠩ | ᠲᠤᠭᠤᠷᠢᠭ ᠤᠨ ᠤᠶᠢᠯᠡᠴᠢᠯᠡᠭᠡᠨ ᠤ ᠴᠢᠳᠠᠮᠵᠢ ᠢᠯᠡᠳᠳᠡ ᠲᠡᠭᠡᠭᠰᠢᠯᠡᠵᠡᠢ᠃ ᠦᠪᠡᠷᠳᠡᠭᠡᠨ ᠵᠠᠰᠠᠬᠤ ᠣᠷᠤᠨ ᠤ ᠨᠡᠷᠡᠳᠤ | ᠲᠠᠸᠠᠷ ᠤᠨ ᠲᠡᠮᠳᠡᠭ᠂ ᠦᠪᠦᠷ ᠮᠤᠩᠭᠤᠯ ᠤᠨ ᠨᠡᠷᠡᠳᠤ ᠪᠦᠳᠦᠭᠡᠭᠳᠡᠭᠦᠨ ᠢ ᠲᠤᠰ ᠲᠤᠰ ᠨᠢᠭᠡ ᠶᠢ ᠡᠭᠦᠳᠴᠤ᠂ | ᠨᠡᠷᠡᠳᠤ ᠲᠡᠮᠳᠡᠭᠴᠢᠯᠡᠭᠰᠡᠨ ᠪᠠᠶᠢᠭᠤᠯᠤᠯᠳᠠ ᠳᠤ ᠪᠠᠶᠠᠷᠯᠠᠭᠤᠰᠢᠲᠠᠢ ᠠᠯᠬᠤᠮ ᠢ ᠠᠯᠬᠤᠪᠠ᠃ ᠡᠯᠧᠺᠲᠷᠣᠨ | ᠬᠤᠳᠠᠯᠳᠤᠭᠠᠨ ᠤ ᠲᠡᠪᠴᠠᠩ ᠢ ᠪᠠᠶᠢᠭᠤᠯᠵᠤ᠂ ᠪᠤᠷᠤᠯᠠᠭᠤᠯᠤᠯᠳᠠ ᠬᠢᠭᠡᠳ ᠰᠦᠯᠵᠢᠶᠡᠨ ᠲᠡᠭᠡᠷᠡᠭᠢ | ᠪᠤᠷᠤᠯᠠᠭᠤᠯᠤᠯᠳᠠ ᠶᠢ ᠨᠡᠶᠢᠯᠡᠬᠦᠯᠵᠤ᠂ ᠰᠦᠯᠵᠢᠶᠡᠨ ᠲᠡᠭᠡᠷᠡᠬᠢ ᠪᠤᠷᠤᠯᠠᠭᠤᠯᠤᠯᠳᠠ ᠨᠢ ᠵᠠᠬ᠎ᠠ ᠳᠡᠯᠭᠡᠭᠦᠷ ᠤᠨ | ᠨᠤᠷᠮ᠎ᠡ ᠶᠢᠨ 22% ᠢ ᠡᠵᠡᠯᠡᠵᠡᠢ᠃ ᠬᠤᠪᠴᠠᠰᠤᠨ ᠤ ᠠᠵᠤ ᠤᠶᠢᠯᠡᠰ ᠨᠢ ᠶᠠᠳᠠᠭᠤ ᠠᠴᠠ ᠠᠩᠭᠢᠵᠢᠷᠠᠬᠤ | ᠲᠦᠷᠥ ᠶᠢᠨ ᠪᠤᠳᠣᠯᠭ᠎ᠠ ᠳᠤ ᠴᠢᠬᠤᠯᠠ ᠨᠦᠯᠦᠭᠡ ᠦᠵᠡᠬᠦᠯᠵᠦ᠂ ᠶᠠᠳᠠᠭᠤ ᠠᠴᠠ ᠠᠩᠭᠢᠵᠢᠷᠠᠭᠤᠯᠬᠤ ᠲᠠᠰᠤᠭ ᠨᠢ | ᠰᠢᠨ᠎ᠡ ᠮᠠᠶ᠋ᠢᠭ ᠤᠨ ᠶᠠᠳᠠᠭᠤ ᠶᠢ ᠲᠡᠳᠭᠦᠭᠦ ᠬᠡᠯᠪᠡᠷᠢ ᠲᠠᠢ ᠪᠤᠯᠤᠭᠰᠠᠨ ᠪᠠᠶᠢᠨ᠎ᠠ᠃ ᠲᠡᠮᠤᠷ ᠤᠨᠬᠠᠶᠢᠯᠤᠰᠢ ᠶᠢᠨ ᠠᠵᠤ | ᠤᠶᠢᠯᠡᠰ᠂ ᠰᠢᠶᠦ᠋ᠩ ᠸᠧᠢ ᠭᠤᠸᠠᠩ ᠳ᠋ᠠ100 ᠲᠦᠮᠡᠨ ᠲᠤᠨ ᠪᠢᠴᠢᠯ ᠨᠡᠭᠦᠷᠡᠰᠤᠳᠦ᠋ᠷᠦᠭᠴᠢ ᠶᠢᠨ ᠬᠠᠶᠢᠯᠤᠰᠢ᠂ | ᠵᠦᠩ ᠲᠠᠢ130 ᠲᠦᠮᠡᠨ ᠲᠤᠨ ᠡᠾᠷᠤᠮᠳᠤ ᠲᠡᠮᠤᠷ᠂ ᠲᠢᠶᠠᠨ ᠴᠧᠩ 20 ᠲᠦᠮᠡᠨ ᠲᠤᠨ ᠴᠠᠬᠢᠭᠤᠷ ᠮᠠᠩᠭᠠᠨ | ᠬᠠᠶᠢᠯᠤᠰᠢ᠂ ᠮᠧᠩ ᠳ᠋ᠠ ᠲᠠᠢ ᠶᠧ 30 ᠲᠦᠮᠡᠨ ᠲᠤᠨ ᠲᠢᠲ᠋ᠠᠨ ᠰᠢᠭᠠᠷᠤ᠂ ᠿᠢ ᠱᠧᠩ ᡁᠢ ᠪᠥᠸᠧ 12 ᠲᠦᠮᠡᠨ | ᠲᠤᠨ ᠡᠾᠷᠤᠮᠳᠤ ᠲᠡᠮᠤᠷ ᠤᠨ ᠨᠠᠷᠢᠯᠢᠭ ᠪᠤᠯᠪᠠᠰᠤᠷᠠᠭᠤᠯᠤᠯᠳᠠ ᠵᠡᠷᠭᠡ ᠴᠢᠬᠤᠯᠠ ᠲᠦᠷᠦᠯ ᠵᠦᠢᠯ ᠤᠨ ᠨᠡᠭᠡᠭᠡᠯᠳᠡ ᠶᠢ | ᠡᠭᠦᠳᠦᠪᠡ᠃ ᠪᠦᠬᠦ ᠰᠢᠶᠠᠨ ᠨᠢ 24 ᠲᠡᠮᠤᠷ ᠬᠠᠶᠢᠯᠤᠭᠤᠯᠬᠤ ᠵᠤᠤᠬ᠎ᠠ ᠶᠢ ᠠᠰᠢᠭᠯᠠᠯᠳᠠ ᠳᠤ ᠤᠷᠤᠭᠤᠯᠵᠤ᠂ | ᠲᠡᠮᠤᠷ ᠤᠨᠬᠠᠶᠢᠯᠤᠰᠢ ᠦᠢᠯᠡᠳᠪᠦᠷᠢᠯᠡᠬᠦ ᠴᠢᠳᠠᠪᠦᠷᠢ ᠨᠢ 80 ᠲᠦᠮᠡᠨ ᠲᠤᠨ ᠳᠤ ᠬᠦᠷᠴᠤ᠂ ᠦᠢᠯᠡᠳᠭᠦᠨ ᠤ | ᠥᠷᠳᠡᠭ ᠨᠢ 70 ᠳ᠋ᠦᠩᠰᠢᠭᠤᠷ ᠲᠦᠭᠦᠷᠢᠭ ᠲᠤ ᠬᠦᠷᠦᠭᠰᠡᠨ ᠪᠠᠶᠢᠨ᠎ᠠ᠃ ᠺᠠᠩ ᠳ᠋ᠧ220 ᠮᠢᠩᠭᠠᠨ ᠸᠤᠯᠲ | ᠬᠦᠴᠦᠳᠡᠯ ᠦᠬᠡᠷᠡᠴᠢᠯᠡᠬᠦ ᠦᠷᠲᠡᠭᠡ ᠲᠣᠭᠳᠠᠭᠰᠠᠨ ᠴᠠᠭ ᠲᠠᠭᠠᠨ ᠪᠠᠷᠢᠯᠭ᠎ᠠ ᠪᠠᠨ ᠲᠠᠭᠤᠰᠬᠠᠵᠤ᠂ ᠬᠦᠷᠢᠶᠡᠯᠡᠩ ᠳᠠᠬᠢ | ᠣᠰᠤ ᠶᠢ ᠡᠬᠡᠬᠦᠯᠦᠨ ᠭᠡᠷᠡᠭᠯᠡᠬᠦ ᠶᠢ ᠪᠦᠷᠢᠨ ᠪᠦᠷᠬᠦᠬᠦᠯᠵᠠᠢ᠃ ︽ᠬᠠᠮᠢᠶᠠᠷᠤᠯᠳᠠ ᠶᠢᠨ ᠵᠦᠪᠯᠡᠯ+ ᠺᠤᠮᠫᠠᠨᠢ︾ ᠶᠢᠨ | ᠬᠡᠯᠪᠡᠷᠢ ᠶᠢ ᠬᠡᠷᠡᠭᠵᠢᠬᠦᠯᠵᠦ᠂ ᠬᠤᠸᠠᠳᠧ ᠰᠢᠶᠠᠨ ᠤ ᠵᠢᠶᠠ ᠪᠥᠸᠧ ᠰᠾᠢ ᠡᠨᠧᠷᠬᠢ ᠶᠢᠨ ᠰᠤᠷᠪᠤᠯᠵᠢ ᠶᠢᠨ ᠬᠢᠵᠠᠭᠠᠷᠳᠤ | ᠺᠤᠮᠫᠠᠨᠢ ᠶᠢ ᠡᠭᠦᠰᠬᠡᠨ ᠪᠠᠶᠢᠭᠤᠯᠵᠡᠢ᠃ ᠬᠦᠷᠢᠶᠡᠯᠡᠩ ᠲᠤᠭᠤᠷᠢᠭ ᠤᠨ ᠦᠢᠯᠡᠳᠪᠦᠷᠢᠯᠡᠯ ᠤᠨ ᠡᠯᠧᠮᠧᠨ᠋ᠲ ᠤᠨ | ᠪᠠᠳᠤᠯᠠᠭ᠎ᠠ ᠶᠢ ᠤᠯᠠᠮ ᠨᠢᠭᠡ ᠠᠯᠬᠤᠮ ᠨᠡᠮᠡᠭᠳᠡᠭᠦᠯᠦᠭᠰᠡᠨ ᠪᠠᠶᠢᠨ᠎ᠠ᠃ ᠤᠳᠤᠬᠢ ᠪᠠᠷᠠᠭᠠᠨ ᠤ ᠭᠦᠢᠯᠭᠡᠭᠡᠨ ᠤ ᠦᠢᠯᠡᠰ᠂ | ᠬᠦᠯᠭᠡᠭᠡᠨ ᠤ ᠦᠢᠯᠡᠰ ᠤᠨ ᠰᠠᠭᠤᠷᠢ ᠲᠦᠬᠦᠬᠡᠷᠤᠮᠵᠢ ᠶᠢᠨ ᠪᠦᠳᠦᠬᠡᠨ ᠪᠠᠶᠢᠭᠤᠯᠤᠯᠳᠠ ᠶᠢ ᠴᠢᠩᠭᠠᠳᠬᠠᠵᠤ᠂ | ᠬᠦᠷᠢᠶᠠᠯᠠᠩ ᠲᠤᠭᠤᠷᠢᠭ ᠲᠤ ᠲᠤᠳᠤᠭᠰᠢ ᠨᠡᠪᠳᠡᠷᠡᠵᠤ ᠭᠠᠳᠠᠭᠰᠢ ᠬᠤᠯᠪᠤᠭᠰᠠᠨ23 ᠺᠢᠯᠦᠮᠧᠲᠷ ᠤᠨ ᠭᠡᠳᠤ ᠠᠴᠢᠬᠤ | ᠵᠠᠰᠠᠮᠠᠯ ᠵᠠᠮ ᠢ ᠪᠠᠶᠢᠭᠤᠯᠵᠡᠢ᠂1600 ᠲᠦᠮᠡᠨ ᠲᠦᠬᠦᠷᠢᠭ ᠤᠨ ᠪᠡᠯᠡ ᠤᠷᠤᠭᠤᠯᠤᠨ ᠡᠯᠧᠺᠲᠷᠣᠨ ᠬᠤᠳᠠᠯᠳᠤᠭᠠᠨ ᠤ | ᠠᠵᠤ ᠦᠢᠯᠡᠰ ᠤᠨ ᠬᠦᠷᠢᠶᠡᠯᠡᠩ᠂ ᠯᠧ ᠼᠦᠨ ᠲᠣᠣ᠂ ᠱᠧ ᠶᠤᠸᠠᠨ ᠸᠠᠩ᠂ ᠹᠦ᠋ ᠰᠾᠢ ᠬᠤᠯᠪᠤᠭᠠᠳᠤ ᠬᠤᠳᠠᠯᠳᠤᠭ᠎ᠠ | ᠵᠡᠷᠭᠡ ᠨᠡᠷᠡᠳᠤ ᠡᠯᠧᠺᠲᠷᠣᠨ ᠬᠤᠳᠠᠯᠳᠤᠭᠠᠨ ᠤ ᠡᠵᠡᠩᠨᠡᠯᠳᠡ ᠤᠷᠤᠵᠤ ᠢᠷᠡᠨ᠂ ︽ᠢᠨᠲ᠋ᠤᠷ ᠰᠦᠯᠵᠢᠶ᠎ᠡ+︾ ᠪᠠᠷ | ᠲᠠᠮᠵᠢᠵᠤ ᠮᠠᠨ ᠤ ᠰᠢᠶᠠᠨ ᠤ ᠡᠯ᠎ᠡ ᠲᠦᠷᠦᠯ ᠤᠨ ᠪᠦᠳᠦᠭᠡᠭᠳᠡᠭᠦᠨ ᠤ ᠨᠡᠷ᠎ᠡ ᠠᠯᠳᠠᠷ ᠢ ᠳᠡᠭᠡᠭᠰᠢᠯᠡᠭᠦᠯᠵᠡᠢ᠃ | ᠪᠣᠬᠢᠷᠳᠤᠯ ᠦᠭᠡᠢ ᠡᠨᠧᠷᠬᠢ ᠶᠢᠨ ᠰᠣᠷᠪᠣᠯᠵᠢ ᠶᠢᠨ ᠠᠵᠤ ᠦᠢᠯᠡᠰ᠂ ᠳ᠋ᠦᠩ ᠱᠧᠩ 1ᠲᠦᠮᠡᠨ ᠺᠢᠯᠦᠸᠠᠲ ᠭᠡᠷᠡᠯ | ᠴᠠᠬᠢᠯᠭᠠᠨ᠂ ᠬᠤᠢ ᠳ᠋ᠧ 5 ᠲᠦᠮᠡᠨ ᠺᠢᠯᠦᠸᠠᠲ ᠰᠠᠯᠬᠢᠨ ᠬᠦᠴᠦᠨ ᠤ ᠴᠠᠬᠢᠯᠭᠠᠨ ᠤ ᠢᠯᠴᠢ ᠬᠠᠩᠭᠠᠬᠤ ᠲᠦᠰᠦᠯ ᠢ | ᠠᠮᠵᠢᠯᠳᠠ ᠲᠠᠢ ᠭᠡᠷᠡᠭᠵᠢᠬᠦᠯᠵᠡᠢ᠃3.96 ᠲᠦᠮᠡᠨ ᠺᠢᠯᠦᠸᠠᠲ ᠭᠡᠷᠡᠯ ᠴᠠᠬᠢᠯᠭᠠᠨ ᠢᠶᠠᠷ ᠶᠠᠳᠠᠭᠤ ᠶᠢ ᠲᠡᠳᠭᠦᠭᠦ | ᠲᠦᠰᠦᠯ ᠨᠢ ᠵᠦᠪᠰᠢᠶᠡᠷᠡᠯ ᠤᠯᠤᠭᠰᠠᠨ ᠪᠠᠶᠢᠨ᠎ᠠ᠃ ᠪᠠᠯ ᠴᠢᠯᠠᠭᠤ ᠪᠤᠯᠪᠠᠰᠤᠷᠠᠭᠤᠯᠬᠤ ᠠᠵᠤ ᠦᠢᠯᠡᠳᠪᠦᠷᠢ᠂ ᠬᠤᠸᠠ | ᠴᠧᠩ ᠺᠤᠮᠫᠠᠨᠢ ᠵᠢᠯ ᠳᠤ ᠪᠠᠨ ᠡᠯ᠎ᠡ ᠲᠦᠷᠦᠯ ᠤᠨ ᠬᠠᠪᠳᠠᠰᠤ ᠶᠢ100 ᠲᠦᠮᠡᠨ ᠲᠡᠭᠰᠢ ᠲᠦᠷᠪᠡᠯᠵᠢᠨ ᠺᠦᠸᠠᠳ᠋ | ᠮᠧᠲᠷ ᠪᠤᠯᠪᠠᠰᠤᠷᠠᠭᠤᠯᠵᠤ᠂ ᠦᠢᠯᠡᠳᠭᠦᠨ ᠤ ᠦᠷᠲᠡᠭ ᠨᠢ7000 ᠲᠦᠮᠡᠨ ᠲᠦᠭᠦᠷᠢᠭ ᠲᠤ ᠬᠦᠷᠦᠭᠰᠡᠨ ᠪᠠᠶᠢᠨ᠎ᠠ᠃ | ᠠᠳᠠᠭ ᠰᠢᠭᠠᠷᠤ ᠶᠢ ᠶᠡᠷᠤᠩᠭᠡᠶᠢᠯᠡᠨ ᠠᠰᠢᠭᠯᠠᠭᠰᠠᠨ ᠰᠢᠨ᠎ᠡ ᠮᠠᠶ᠋ᠢᠭ ᠤᠨ ᠪᠠᠷᠢᠯᠭ᠎ᠠ ᠶᠢᠨ ᠮᠠᠲ᠋ᠧᠷᠢᠶᠠᠯ ᠪᠢᠴᠢᠯ ᠲᠡᠯᠡᠰᠳᠤ | ᠴᠢᠯᠠᠭᠤ ᠦᠢᠯᠡᠳᠪᠦᠷᠢᠯᠡᠯ ᠤᠨ ᠵᠦᠢᠯ ᠪᠤᠯᠤᠨ ᠬᠠᠶᠠᠭᠳᠠᠮᠠᠯ ᠰᠢᠭᠠᠷᠤ ᠰᠢᠢᠳᠪᠦᠷᠢᠯᠡᠬᠦ ᠲᠦᠰᠦᠯ ᠤᠨ ᠨᠡᠭᠡᠭᠡᠯᠳᠡ ᠶᠢᠨ | ᠪᠦᠳᠦᠭᠡᠨ ᠪᠠᠶᠢᠭᠤᠯᠤᠯᠳᠠ ᠳᠤ3.9 ᠳ᠋ᠦᠩᠰᠢᠭᠤᠷ ᠲᠦᠭᠦᠷᠢᠭ ᠤᠨ ᠪᠡᠯᠡ ᠤᠷᠤᠭᠤᠯᠤᠨ᠎ᠠ ᠭᠡᠵᠤ ᠲᠦᠯᠦᠪᠯᠡᠵᠡᠢ᠃ | ᠤᠳᠤ ᠦᠶ᠎ᠡ ᠶᠢᠨ ᠲᠠᠷᠢᠶᠠᠯᠠᠩ ᠠᠵᠤ ᠠᠬᠤᠢ ᠶᠢᠨ ᠦᠷ᠎ᠡ ᠪᠦᠳᠦᠮᠵᠢ ᠲᠤᠪᠤᠶᠢᠮ᠎ᠡ᠃ ᠲᠠᠷᠢᠶᠠᠯᠠᠩ ᠮᠠᠯ ᠠᠵᠤ | ᠠᠬᠤᠢ ᠶᠢ ᠲᠦᠷᠭᠡᠨᠬᠦ᠋ᠭᠵᠢᠭᠦᠯᠵᠦ᠂ 4000 ᠮᠦ ᠤᠰᠤ ᠠᠷᠪᠢᠯᠠᠬᠤ ᠤᠰᠤᠯᠠᠯᠳᠠ ᠶᠢᠨ ᠵᠢᠱᠢᠶᠡᠴᠢ ᠤᠷᠤᠨ ᠢ | ᠰᠢᠨ᠎ᠡ ᠪᠠᠷ ᠪᠠᠶᠢᠭᠤᠯᠵᠤ᠂5000 ᠮᠦ ᠤᠰᠤ ᠠᠷᠪᠢᠯᠠᠬᠤ ᠤᠰᠤᠯᠠᠯᠳᠠ ᠶᠢᠨ ᠵᠢᠱᠢᠶᠡᠴᠢ ᠲᠣᠭᠤᠷᠢᠭ ᠢ ᠪᠠᠬᠢᠵᠢᠬᠦᠯᠦᠨ | ᠪᠠᠶᠢᠭᠤᠯᠵᠠᠢ᠃ ᠳ᠋ᠠ ᠬᠤᠣ ᠾᠧ ᠱᠠᠨ ᠵᠠᠭᠤᠨ ᠲᠦᠮᠡᠨ ᠠᠮᠠ ᠤᠳᠤᠬᠢᠴᠢᠯᠠᠭᠰᠠᠨ ᠭᠠᠭ᠋ᠠᠢ ᠲᠠᠵᠢᠬᠡᠬᠦ ᠲᠠᠯᠠᠪᠠᠢ ᠶᠢᠨ | ᠬᠤᠶᠠᠳᠤᠭᠠᠷ ᠤᠳᠠᠭᠠᠨ ᠤ ᠪᠠᠷᠢᠯᠭ᠎ᠠ ᠶᠢᠨ ᠠᠰᠢᠭᠯᠠᠯᠳᠠ ᠨᠢ ᠦᠷ᠎ᠡ ᠪᠦᠳᠤᠮᠵᠢ ᠲᠠᠢ ᠪᠤᠯᠪᠡ᠃ ᠱᠦᠨ ᠰᠢᠨ | ᠲᠠᠷᠢᠶᠠᠯᠠᠩ ᠠᠵᠤ ᠠᠬᠤᠶᠢᠯᠠᠯ ᠤᠨ50 ᠲᠦᠮᠡᠨ ᠲᠤᠯᠤᠭᠠᠢ ᠭᠠᠭ᠋ᠠᠢ ᠲᠡᠵᠢᠭᠡᠨ ᠦᠷᠡᠵᠢᠬᠦᠯᠬᠦ ᠲᠦᠰᠤᠯ ᠨᠢ | ᠠᠮᠵᠢᠯᠳᠠ ᠲᠠᠢ ᠪᠠᠷ ᠭᠡᠷ᠎ᠡ ᠲᠤᠭᠳᠠᠪᠠ᠃ ᠤᠨᠴᠠᠯᠢᠭ ᠪᠦᠬᠦᠢ ᠲᠠᠷᠢᠶᠠᠯᠠᠩ ᠮᠠᠯ ᠠᠵᠤ ᠠᠬᠤᠢ ᠶᠢᠨ ᠲᠠᠪᠠᠭᠤᠯᠢᠭ | ᠲᠠᠯ᠎ᠠ ᠲᠤᠪᠤᠶᠢᠮ᠎ᠡ ᠪᠠᠶᠢᠵᠤ᠂3311ᠢᠨᠵᠧᠨᠧᠷᠢᠩ ᠢ ᠪᠠᠬᠢᠵᠢᠬᠦᠯᠵᠤ᠂ ᠲᠦᠮᠦᠰᠦ ᠶᠢᠨ ᠲᠠᠷᠢᠶᠠᠯᠠᠩ ᠤᠨ | ᠲᠠᠯᠠᠪᠠᠢ ᠶᠢ30 ᠲᠦᠮᠡᠨ ᠮᠦ ᠳᠤ ᠲᠤᠭᠳᠠᠪᠦᠷᠢᠵᠢᠭᠤᠯᠵᠤ᠂ ᠨᠤᠬᠠᠢ ᠶᠢᠨ ᠬᠤᠰᠢᠭᠤ ᠢᠶᠠᠷ ᠭᠤᠤᠯ ᠪᠤᠯᠭᠠᠭᠰᠠᠨ | ᠬᠤᠯᠢᠮᠠᠭ ᠠᠮᠦ ᠬᠤᠯᠢᠮᠠᠭ ᠪᠤᠷᠴᠠᠭ ᠤᠨ ᠭᠠᠷᠦᠯᠲᠠ ᠶᠢ30 ᠲᠦᠮᠡᠨ ᠮᠦ᠂ ᠢᠳᠡᠰᠢᠨ ᠨᠤᠭᠤᠭ᠎ᠠ ᠶᠢ10 ᠲᠦᠮᠡᠨ ᠮᠦ | ᠂ ᠴᠢᠨᠠᠷ ᠰᠠᠶᠢᠲᠠᠢ ᠪᠤᠷᠳᠤᠭᠤᠷ ᠶᠢ10 ᠲᠦᠮᠡᠨ ᠮᠦ ᠳᠤ ᠬᠦᠷᠭᠡᠨ᠎ᠡ᠃ ᠪᠤᠬᠢᠷᠳᠤᠯ ᠦᠬᠡᠢ ᠲᠠᠷᠢᠶᠠᠯᠠᠩ ᠮᠠᠯ ᠠᠵᠤ | ᠠᠬᠤᠢ ᠶᠢᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠦᠭᠰᠡᠨ ᠠᠴᠠ᠂ ᠮᠢᠨ ᠯᠧ ᠲᠤᠰᠬᠤᠨ ᠨᠢ | ᠪᠦᠬᠦ ᠤᠯᠤᠰ ᠤᠨ ︽ᠨᠢᠭᠡ ᠲᠤᠰᠬᠤᠨ ᠨᠢᠭᠡ ᠵᠦᠢᠯ ᠤᠨ ᠦᠢᠯᠡᠳᠬᠦᠨ ᠦᠢᠯᠡᠳᠬᠦ︾ ᠴᠠᠭᠠᠨ ᠨᠤᠭᠤᠭ᠎ᠠ ᠶᠢᠨ | ᠲᠠᠷᠢᠶᠠᠯᠠᠩ ᠤᠨ ᠵᠢᠱᠢᠶᠡᠴᠢ ᠲᠤᠰᠬᠤᠨ ᠪᠤᠯᠤᠭᠰᠠᠨ ᠪᠠᠶᠢᠨ᠎ᠠ᠃ ᠵᠢᠯ ᠳᠤ ᠰᠢᠨ᠎ᠡ ᠪᠠᠷ ᠨᠡᠮᠡᠭᠳᠡᠭᠰᠡᠨ ᠴᠠᠭᠠᠨ | ᠨᠤᠭᠤᠭ᠎ᠠ ᠶᠢᠨ ᠪᠤᠬᠢᠷᠳᠤᠯ ᠦᠬᠡᠢ ᠭᠡᠷᠡᠴᠢᠯᠡᠯ ᠲᠠᠯᠠᠪᠠᠢ1000 ᠮᠦ᠂ ᠾᠧᠩ ᠯᠢ᠂ ᠪᠥᠸᠧ ᠳ᠋ᠠ᠂ ᠳ᠋ᠠ ᠬᠤᠣ ᠾᠧ | ᠱᠠᠨ ᠵᠡᠷᠭᠡ7 ᠶᠡᠭᠡ ᠲᠤᠯᠤᠭᠠᠶᠢᠯᠠᠭᠴᠢ ᠠᠵᠤ ᠠᠬᠤᠶᠢᠯᠡᠯ ᠤᠨ ᠮᠠᠯ ᠲᠠᠷᠢᠶᠠᠯᠩ ᠤᠨ ᠪᠦᠳᠦᠭᠡᠭᠳᠡᠭᠦᠨ ᠨᠢ ᠤᠷᠤᠨ ᠤ | ᠮᠡᠯ ᠲᠠᠷᠢᠶᠠᠯᠠᠩ ᠤᠨ ᠪᠦᠳᠦᠭᠡᠭᠳᠡᠬᠦᠨ ᠤ ᠶᠠᠰᠤ ᠴᠢᠨᠠᠷ ᠤᠨ ᠠᠶᠤᠯ ᠦᠬᠡᠢ ᠶᠢᠨ ᠬᠢᠨᠠᠯᠳᠠ ᠬᠠᠮᠢᠶᠠᠷᠤᠯᠳᠠ ᠶᠢ | ᠮᠦᠷᠳᠡᠬᠦ ᠮᠡᠳᠡᠭᠡ ᠵᠠᠩᠭᠢ ᠶᠢᠨ ᠲᠡᠪᠴᠠᠩ ᠳᠤ ᠤᠷᠤᠭᠰᠠᠨ ᠪᠠᠶᠢᠨ᠎ᠠ᠃ ᠮᠧᠩ ᠰᠢᠨ ᠮᠠᠯ ᠠᠵᠤ ᠠᠬᠤᠶᠢᠯᠠᠯ ᠨᠢ | ᠤᠯᠤᠰ ᠤᠨ ᠲᠡᠰ ᠤᠨ ︽ᠢᠳᠡᠰᠢᠨ ᠬᠤᠨᠢᠨ ᠤ ᠪᠠᠷᠢᠮᠵᠢᠶᠠᠳᠤ ᠵᠢᠱᠢᠶᠡᠴᠢ ᠲᠠᠯᠠᠪᠤᠷ︾ ᠢᠶᠠᠷ ᠰᠤᠩᠭᠤᠭᠳᠠᠵᠤ᠂ | ᠢᠳᠡᠰᠢᠨ ᠬᠤᠨᠢᠨ ᠤ ᠪᠦᠳᠤᠭᠡᠭᠳᠡᠭᠦᠨ ᠨᠢ ᠤᠯᠤᠰ ᠤᠨ ᠪᠤᠬᠢᠷᠳᠤᠯ ᠦᠬᠡᠢ ᠢᠳᠡᠭᠡᠨ ᠤ ᠦᠨᠠᠮᠯᠠᠯ ᠢ ᠬᠦᠷᠳᠡᠭᠰᠡᠨ | ᠪᠠᠶᠢᠨ᠎ᠠ᠃ ᠦᠷ᠎ᠡ ᠶᠢᠨ ᠲᠠᠷᠢᠶᠠᠯᠠᠩ ᠮᠠᠯ ᠠᠵᠤ ᠠᠬᠤᠢ ᠵᠢᠨᠦᠢᠯᠡᠰ ᠴᠢᠩᠭᠠᠷᠠᠵᠤ᠂1000 ᠲᠡᠭᠰᠢ ᠲᠦᠷᠪᠡᠯᠵᠢᠨ | ᠺᠦᠸᠠᠲ ᠮᠧᠲᠷ ᠲᠦᠮᠦᠰᠦ ᠪᠤᠶᠢᠵᠢᠭᠤᠯᠬᠤ ᠲᠠᠰᠤᠭ ᠢ ᠠᠵᠢᠯᠯᠠᠭᠤᠯᠵᠤ᠂ ᠲᠦᠮᠦᠰᠦ ᠶᠢᠨ ᠲᠤᠤᠷ ᠲᠠᠰᠤᠭ655 ᠮᠦ | ᠂ ᠴᠢᠨᠠᠷ ᠰᠠᠶᠢᠲᠠᠢ ᠲᠦᠮᠦᠰᠦ ᠶᠢ ᠦᠷᠡᠵᠢᠬᠦᠯᠦᠨ ᠪᠤᠶᠢᠵᠢᠭᠤᠯᠬᠤ ᠶᠢ5 ᠲᠦᠮᠡᠨ ᠮᠦ ᠳᠤ ᠬᠦᠷᠭᠡᠵᠠᠢ᠃ ᠢᠳᠡᠰᠢᠨ | ᠬᠤᠨᠢᠨ ᠤ ᠰᠠᠶᠢᠨ ᠡᠬᠦᠯᠳᠡᠷ ᠢ ᠪᠤᠶᠢᠵᠢᠭᠤᠯᠬᠤᠰᠠᠭᠤᠷᠢᠨ ᠭᠠᠵᠠᠷ 2 ᠢ ᠪᠠᠶᠢᠭᠤᠯᠵᠤ᠂ ᠬᠤᠨᠢᠨ ᠤ ᠭᠠᠷ | ᠬᠡᠬᠡᠯᠳᠤᠯᠭᠡ ᠵᠢᠨᠦᠷᠲᠡᠭᠡ 20᠂ ᠦᠬᠡᠷ ᠤᠨ ᠢᠴᠢᠭᠡᠯ ᠦᠷ᠎ᠡ ᠶᠢᠨ ᠭᠡᠭᠡᠯᠳᠤᠭᠦᠯᠭᠡ ᠶᠢᠨ ᠦᠷᠲᠡᠭᠡ 10 ᠶᠢ | ᠪᠠᠶᠢᠭᠤᠯᠤᠨ᠂ ᠲᠠᠷᠢᠶᠠᠯᠠᠩ ᠮᠡᠯ ᠠᠵᠤ ᠠᠬᠤᠢ ᠶᠢᠨ ᠪᠤᠯᠪᠠᠰᠤᠷᠠᠭᠤᠯᠤᠯᠳᠠ ᠨᠢ ᠰᠢᠨ᠎ᠡ ᠰᠢᠪᠳᠤᠯᠤᠯᠳᠠ ᠢ ᠡᠭᠦᠳᠴᠡᠢ᠃ | | ᠤᠳᠤᠬᠢ ᠦᠢᠯᠡᠴᠢᠯᠡᠭᠡᠨ ᠤ ᠦᠢᠯᠡᠰ ᠢ ᠲᠠᠰᠤᠷᠠᠯᠳᠠ ᠦᠬᠡᠢ ᠦᠷᠭᠡᠳᠭᠡᠵᠤ ︽ᠲᠦᠷᠪᠡᠨ ᠶᠡᠭᠡ ᠰᠢᠨ᠎ᠡ ᠪᠠᠷ | ᠬᠦᠭᠵᠢᠭᠰᠡᠨ ᠠᠵᠤ ᠦᠢᠯᠡᠰ︾ ᠤᠨ ᠭᠦᠭᠵᠢᠯᠳᠡ ᠢ ᠲᠦᠷᠭᠡᠳᠬᠡᠵᠡᠢ ᠃ ᠯᠢᠶᠠᠨ ᠳ᠋ᠧ ᠡᠮᠴᠢᠯᠡᠭᠡ ᠪᠠ ᠰᠤᠪᠢᠯᠠᠯᠳᠠ ᠶᠢ | ᠨᠢᠭᠡ ᠴᠤᠭᠴᠠᠵᠢᠭᠤᠯᠬᠤ ᠨᠠᠰᠤᠲᠠᠶᠢᠴᠤᠤᠯ ᠤᠨ ᠠᠰᠠᠷᠠᠮᠵᠢ ᠶᠢᠨ ᠦᠢᠯᠡᠴᠢᠯᠡᠭᠡᠨ ᠤ ᠲᠦᠪ ᠤᠨ ᠡᠵᠡᠩᠨᠡᠯᠳᠡ ᠶᠢᠨ | ᠶᠠᠰᠤ ᠴᠢᠨᠠᠷ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠲᠡᠭᠡᠭᠰᠢᠯᠡᠭᠦᠯᠵᠡᠢ᠃ ᠮᠡᠯ ᠲᠠᠷᠢᠶᠠᠯᠠᠩ ᠤᠨ | ᠪᠦᠳᠦᠭᠡᠭᠳᠡᠭᠦᠨ ᠤ ᠰᠣᠯᠢᠯᠴᠠᠭᠠᠨ ᠤ ᠲᠥᠪ ᠢ ᠡᠬᠢᠯᠡᠨ ᠪᠦᠳᠤᠭᠡᠨ ᠪᠠᠶᠢᠭᠤᠯᠵᠤ᠂1400 ᠲᠡᠭᠰᠢ ᠲᠦᠷᠪᠡᠯᠵᠢᠨ | ᠮᠧᠲᠷ ᠤᠨ ᠨᠠᠰᠤᠲᠠᠶᠢᠴᠤᠤᠯ ᠤᠨ ᠬᠦᠳᠡᠯᠭᠡᠭᠡᠨ ᠤ ᠲᠦᠪ ᠢ ᠠᠰᠢᠭᠯᠠᠯᠳᠠ ᠳᠤ ᠤᠷᠤᠭᠤᠯᠵᠡᠢ᠃ ᠠᠵᠢᠯ | ᠮᠡᠷᠭᠡᠵᠢᠯ ᠤᠨ ᠲᠤᠮᠳᠠᠳᠤ ᠰᠤᠷᠭᠠᠭᠤᠯᠢ ᠶᠢᠨ ᠬᠥᠯ ᠪᠦᠮᠪᠦᠭᠡ ᠶᠢᠨ ᠤᠷᠳᠤᠨ ᠤ ᠭᠤᠤᠯ ᠪᠠᠷᠢᠯᠭ᠎ᠠ ᠪᠦᠷᠢᠮᠰᠤᠨᠪᠠᠷᠢᠵᠤ | ᠲᠠᠭᠤᠰᠪᠠ᠃ ᠲᠦᠷᠭᠡᠨ ᠬᠦᠷᠭᠡᠬᠦ ᠬᠦᠢᠯᠭᠡᠭᠡᠨ ᠤ ᠦᠢᠯᠡᠰ ᠦᠳᠳᠡᠷ ᠲᠦᠷᠭᠡᠨ ᠬᠦᠭᠵᠢᠵᠦ᠂16 ᠲᠦᠷᠭᠡᠨ ᠭᠦᠷᠭᠡᠬᠦ | ᠺᠤᠮᠫᠠᠨᠢ ᠬᠤᠸᠠᠷᠠᠩᠨᠠᠵᠤ᠂ ︽ᠮᠧᠢ ᠲᠤᠸᠠᠨ︾ ︽ᠧ ᠯᠧ ᠮᠧ︾ ᠬᠤᠭᠤᠯᠠᠨ ᠵᠠᠬᠢᠶᠠᠯᠠᠭ᠎ᠠ ᠶᠢᠨ ᠲᠠᠪᠴᠠᠩ ᠲᠠᠢ | ᠪᠤᠯᠵᠡᠢ᠂ ᠪᠠᠢ ᠳ᠋ᠧ ᠤᠯᠠᠨ ᠤᠯᠤᠰ ᠤᠨ ᠲᠤᠮᠤ ᠪᠠᠭᠤᠳᠠᠯ ᠤᠨ ᠭᠤᠤᠯ ᠪᠠᠷᠢᠯᠭ᠎ᠠ ᠠᠵᠢᠯ ᠲᠠᠭᠤᠰᠴᠤ᠂ ᠠᠷᠠᠯᠵᠢᠶ᠎ᠠ | ᠬᠤᠳᠠᠯᠳᠤᠭ᠎ᠠ᠂ ᠢᠳᠡᠭᠡᠨ ᠤᠮᠳᠠᠭᠠᠨ ᠤ ᠦᠢᠯᠡᠴᠢᠯᠡᠭᠡᠨ ᠤ ᠦᠢᠯᠡᠰ ᠤᠨ ᠬᠢᠷᠢ ᠬᠡᠮᠵᠢᠶ᠎ᠡ ᠢᠯᠡᠳᠳᠡ ᠲᠡᠭᠡᠭᠰᠢᠯᠡᠵᠡᠢ᠃ | | ︵ᠬᠤᠶᠠᠷ︶ ᠬᠤᠲᠡ ᠬᠦᠳᠡᠭᠡ ᠶᠢᠨ ᠲᠦᠯᠦᠪᠵᠢᠭᠦᠯᠭᠡ ᠶᠢᠨ ᠰᠢᠰᠲ᠋ᠧᠮ ᠢ ᠲᠠᠰᠤᠷᠠᠯᠲᠡ ᠦᠭᠡᠢ ᠲᠡᠭᠦᠯᠳᠡᠷᠵᠢᠭᠦᠯᠪᠡ᠃ | ︽ᠬᠤᠸᠠᠳᠧ ᠰᠢᠶᠠᠨ ᠤ ᠼᠠᠩ ᠰᠦᠨ ᠪᠠᠯᠭᠠᠰᠤᠨ ᠤ ᠶᠡᠷᠦᠩᠬᠡᠢ ᠲᠦᠯᠦᠪᠵᠢᠭᠦᠯᠬᠡ ︵2014-2030︶ ᠶᠢᠨ | ᠦᠨᠡᠯᠡᠯᠲᠡ ᠶᠢ ᠪᠡᠶᠡᠯᠡᠭᠦᠯᠦᠭᠰᠡᠨ ᠪᠦᠭᠡᠳ ︽ᠬᠤᠸᠠᠳᠧ ᠰᠢᠶᠠᠨ ᠤ ᠼᠠᠩ ᠰᠦᠨ ᠪᠠᠯᠭᠠᠰᠤᠨ ᠤ ᠬᠢᠵᠠᠭᠠᠷᠯᠠᠯ ᠤᠨ | ᠴᠢᠨᠠᠷᠲᠠᠢ ᠨᠠᠷᠢᠨ ᠲᠦᠯᠦᠪᠵᠢᠭᠦᠯᠭᠡ ︵2017-2030︶︾ ᠶᠢ ᠬᠤᠶᠠᠷᠳᠡᠬᠢ ᠤᠳᠠᠭ᠎ᠠ ᠵᠠᠰᠠᠨ ᠨᠠᠶᠢᠷᠠᠭᠤᠯᠤᠭᠰᠠᠨ | ᠪᠠᠶᠢᠨ᠎ᠠ᠃ ᠡᠭᠦᠨ ᠳᠤ ᠰᠢᠨ᠎ᠡ ᠬᠦᠳᠡᠭᠡ ᠲᠤᠰᠬᠤᠨ ᠤ ᠵᠢᠱᠢᠶ᠎ᠡ ᠦᠵᠡᠭᠦᠯᠦᠭᠴᠢ ᠲᠣᠰᠬᠤᠨ ᠤ ᠲᠦᠯᠦᠪᠯᠡᠭᠡ 7᠂ | ᠦᠵᠡᠰᠭᠦᠯᠡᠩᠲᠦ ᠬᠦᠳᠡᠭᠡ ᠲᠤᠰᠬᠤᠨ ᠤ ᠲᠦᠯᠦᠪᠯᠡᠭᠡ 2᠂1200 ᠲᠡᠭᠰᠢ ᠲᠦᠷᠪᠡᠯᠵᠢᠨ ᠮᠧᠲᠷ ᠤᠨ | ᠦᠵᠡᠮᠦᠷᠢ ᠶᠢᠨ ᠭᠠᠵᠠᠷ ᠢ ᠪᠦᠳᠦᠬᠡᠨ ᠪᠠᠶᠢᠭᠤᠯᠬᠤ ᠪᠠᠷ ᠲᠦᠯᠦᠪᠯᠡᠵᠤ᠂ ᠲᠦᠯᠦᠪᠵᠢᠭᠦᠯᠬᠡ ᠶᠢᠨ ᠬᠢᠵᠠᠭᠠᠷᠯᠠᠬᠤ | ᠬᠦᠴᠦᠨ ᠢ ᠤᠯᠠᠮ ᠨᠢᠭᠡ ᠠᠯᠬᠤᠮ ᠴᠢᠩᠭᠠᠳᠬᠠᠭᠰᠠᠨ ᠪᠦᠭᠡᠳ ᠬᠤᠲᠡ ᠶᠢᠨ ᠪᠦᠳᠦᠭᠡᠨ ᠪᠠᠶᠢᠭᠤᠯᠤᠯᠲᠡ ᠨᠢ ᠡᠮᠬᠢ | ᠵᠢᠷᠤᠮ ᠲᠠᠢ ᠬᠦᠭᠵᠢᠯᠲᠡ ᠪᠠᠨ ᠣᠯᠣᠭᠰᠠᠨ ᠪᠠᠶᠢᠨ᠎ᠠ᠃ | ᠬᠤᠲᠡ ᠪᠠᠯᠭᠠᠰᠤᠨ ᠤ ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠡ ᠶᠢᠨ ᠡᠷᠴᠢᠮ ᠢ ᠲᠠᠰᠤᠷᠠᠯᠲᠡ | ᠦᠭᠡᠢ ᠴᠢᠩᠭᠠᠷᠠᠭᠤᠯᠵᠠᠢ᠃ ᠪᠦᠬᠦ ᠵᠢᠯ ᠤᠨ ᠬᠤᠲᠡ ᠪᠠᠯᠭᠠᠰᠤᠨ ᠤ ᠰᠠᠭᠤᠷᠢ ᠲᠦᠬᠦᠭᠡᠷᠦᠮᠵᠢ ᠶᠢᠨ ᠪᠦᠳᠦᠭᠡᠨ | ᠪᠠᠶᠢᠭᠤᠯᠤᠯᠲᠡ ᠶᠢᠨ ᠲᠦᠰᠦᠯ 45 ᠵᠦᠢᠯ ᠪᠠᠶᠢᠨ᠎ᠠ᠃ ᠡᠮᠦᠨ᠎ᠡ ᠤᠮᠠᠷᠠᠲᠤ ᠶᠢᠨ ᠦᠶᠡᠷ ᠢ ᠰᠡᠷᠭᠡᠶᠢᠯᠡᠨ᠂ | ᠶᠡᠷᠦᠩᠬᠡᠶᠢᠯᠡᠨ ᠵᠠᠰᠠᠬᠤ ᠪᠠᠷᠢᠯᠭ᠎ᠠ ᠶᠢᠨ ᠠᠬᠢᠴᠠ ᠶᠢ ᠲᠦᠯᠬᠢᠨ ᠠᠬᠢᠭᠤᠯᠬᠤ ᠶᠢ ᠲᠤᠷᠠᠳᠴᠤ᠂ ᠬᠤᠲᠡ ᠶᠢᠨ | ᠬᠤᠶᠢᠭᠤᠷ ᠲᠦᠷᠭᠡᠨ ᠤ ᠵᠠᠮ 5.4 ᠺᠢᠯᠤᠮᠧᠲᠷ ᠵᠠᠰᠠᠵᠤ᠂ ᠭᠤᠣᠯ ᠵᠠᠮ ᠱᠣᠭᠤᠮ ᠢ3.6 ᠺᠢᠯᠤᠮᠧᠲᠷ ᠥᠭᠡᠷᠡᠴᠢᠯᠡᠨ | ᠵᠠᠰᠠᠭᠰᠠᠨ ᠪᠦᠭᠡᠳ ᠵᠡᠭᠡᠯᠢ ᠭᠤᠳᠤᠮᠵᠢ ᠶᠢᠨ ᠵᠠᠮ ᠢ16 ᠺᠢᠯᠤᠮᠧᠲᠷ ᠰᠢᠨᠡᠳᠭᠡᠨ ᠵᠠᠰᠠᠭᠰᠠᠨ ᠪᠠᠶᠢᠨ᠎ᠠ᠃ ᠳᠤᠯᠠᠭᠠᠯᠠᠭ᠎ᠠ | ᠂ ᠲᠥᠭᠡᠭᠡᠯ ᠤᠰᠤ᠂ ᠪᠠᠶᠢᠭᠠᠯᠢ ᠶᠢᠨ ᠰᠢᠲᠠᠮᠠᠬᠠᠢ ᠬᠡᠢ ᠵᠡᠷᠭᠡ ᠬᠤᠭᠤᠯᠠᠢ ᠶᠢᠨ ᠲᠤᠤᠷ ᠪᠠ ᠪᠣᠬᠢᠷ ᠤᠰᠤ | ᠭᠠᠳᠠᠭᠰᠢᠭᠤᠯᠬᠤ ᠬᠤᠭᠤᠯᠠᠢ ᠶᠢᠨ ᠲᠤᠤᠷ ᠤᠨ ᠥᠭᠡᠷᠡᠴᠢᠯᠡᠨ ᠵᠠᠰᠠᠯᠲᠡ22.4ᠺᠢᠯᠤᠮᠧᠲᠷ ᠬᠦᠷᠦᠭᠰᠡᠨ ᠪᠠᠶᠢᠨ᠎ᠠ᠃ | ᠬᠤᠲᠡ ᠪᠠᠯᠭᠠᠰᠤᠨ ᠤ ᠵᠠᠮ ᠤᠨ ᠲᠡᠮᠳᠡᠭ ᠫᠠᠶᠢᠰᠠ᠂ ᠵᠠᠮ ᠬᠠᠷᠢᠯᠴᠠᠭᠠᠨ ᠤ ᠳᠣᠬᠢᠶᠠᠨ ᠳ᠋ᠧᠩ᠂ ᠲᠡᠷᠬᠡᠨ ᠵᠣᠭᠰᠤᠭᠠᠯ | ᠵᠡᠷᠭᠡ ᠶᠢ ᠪᠦᠬᠦ ᠲᠠᠯ᠎ᠠ ᠪᠠᠷ ᠰᠢᠨᠡᠳᠬᠡᠨ ᠵᠠᠰᠠᠭᠰᠠᠨ ᠪᠠᠶᠢᠨ᠎ᠠ᠃ ᠬᠤᠲᠡ ᠪᠠᠯᠭᠠᠰᠤᠨ ᠤ ᠨᠣᠭᠤᠭᠠᠷᠠᠯᠲᠡ178 | ᠡᠾᠧᠺᠲ᠋ᠤᠷ ᠪᠠᠶᠢᠵᠤ᠂ ᠵᠡᠭᠡᠯᠢ ᠭᠤᠳᠤᠮᠵᠢ ᠳᠤ ᠡᠨᠧᠷᠬᠢ ᠠᠷᠪᠢᠯᠠᠭᠰᠠᠨ ᠵᠠᠮ ᠤᠨ ᠳ᠋ᠧᠩ1940 ᠶᠢ ᠰᠣᠯᠢᠨ | ᠤᠭᠰᠠᠷᠠᠭᠰᠠᠨ ᠪᠦᠭᠡᠳ ᠳ᠋ᠧ ᠴᠧᠩ ᠴᠡᠴᠡᠷᠯᠢᠭ᠂ ᠳ᠋ᠦᠩ ᠬᠤ᠋ ᠴᠡᠴᠡᠷᠯᠢᠭ᠂ ᠣᠯᠠᠨ ᠨᠡᠶᠢᠲᠡ ᠶᠢᠨ ᠲᠠᠮᠢᠷ ᠤᠨ | ᠣᠷᠳᠣᠨ ᠵᠡᠷᠭᠡ ᠶᠢ ᠪᠠᠶᠢᠭᠤᠯᠵᠤ᠂ ᠦᠷᠬᠡᠨ ᠣᠯᠠᠨ ᠰᠠᠭᠤᠭᠠᠯᠢ ᠠᠷᠠᠳ ᠤᠨ ᠵᠣᠭᠠᠯᠠᠵᠣ ᠰᠡᠯᠡᠭᠦᠴᠡᠬᠦ | ᠱᠠᠭᠠᠷᠳᠠᠯᠭ᠎ᠠ ᠶᠢ ᠬᠠᠩᠭᠠᠨ ᠥᠭᠴᠦ ᠬᠤᠲᠡ ᠪᠠᠯᠭᠠᠰᠤᠨ ᠤ ᠶᠡᠷᠦᠩᠬᠡᠢ ᠳᠠᠭᠠᠭᠠᠴᠠ ᠶᠢᠨ ᠴᠢᠳᠠᠪᠤᠷᠢ ᠶᠢ ᠤᠯᠠᠮ ᠨᠢᠭᠡ | ᠠᠯᠬᠤᠮ ᠴᠢᠩᠭᠠᠳᠬᠠᠵᠠᠢ᠃ | ᠬᠤᠲᠡ ᠪᠠᠯᠭᠠᠰᠤᠨ ᠤ ᠬᠠᠮᠢᠶᠠᠷᠤᠯᠲᠠ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ | 350 ᠲᠦᠮᠡᠨ ᠲᠦᠭᠦᠷᠢᠭ ᠤᠨ ᠪᠡᠯᠡ ᠮᠦᠩᠭᠦ ᠶᠢ ᠵᠠᠷᠤᠴᠠᠭᠤᠯᠵᠤ᠂ ᠲᠣᠮᠤ ᠬᠡᠯᠪᠡᠷᠢ ᠶᠢᠨ ᠵᠡᠭᠡᠯᠢ ᠱᠦᠭᠦᠷᠳᠡᠨ | ᠴᠡᠪᠡᠷᠯᠡᠬᠦ ᠮᠠᠰᠢᠨ ᠲᠦᠬᠦᠭᠡᠷᠦᠮᠵᠢ ᠬᠤᠳᠠᠯᠳᠤᠨ ᠠᠪᠴᠤ ᠣᠷᠴᠢᠨ ᠲᠣᠭᠤᠷᠢᠨ ᠤ ᠴᠡᠪᠡᠷᠯᠡᠭᠡ ᠶᠢᠨ ᠡᠩᠨᠡᠭᠡ ᠶᠢ ᠨᠢᠭᠡ | ᠠᠯᠬᠤᠮ ᠪᠤᠵᠠᠭᠠᠶᠢᠷᠠᠭᠤᠯᠤᠭᠰᠠᠨ ᠪᠦᠭᠡᠳ ᠡᠭᠦᠨ ᠳᠤ ᠬᠤᠭ ᠤᠨ ᠰᠠᠪᠠ1300 ᠶᠢ ᠤᠭᠰᠠᠷᠠᠵᠤ᠂ ᠰᠢᠨ᠎ᠡ | ᠮᠠᠶ᠋ᠢᠭ ᠤᠨ ᠵᠣᠷᠯᠤᠩ 6 ᠶᠢ ᠪᠠᠶᠢᠭᠤᠯᠵᠠᠢ᠃ ᠪᠠᠶᠢᠭᠤᠯᠤᠯ ᠲᠤᠭᠲᠠᠴᠠ ᠶᠢᠨ ᠲᠠᠯ᠎ᠠ ᠪᠠᠷ ᠰᠢᠨ᠎ᠡ ᠶᠢ ᠡᠭᠦᠳᠤᠨ᠂ | ᠬᠤᠸᠠᠳᠧ ᠰᠢᠶᠠᠨ ᠤ ᠬᠤᠲᠠ ᠶᠢᠨ ᠬᠠᠮᠢᠶᠠᠷᠦᠯᠳᠡ ᠶᠢᠨ ᠶᠡᠷᠦᠩᠬᠡᠶᠢᠯᠡᠭᠰᠡᠨ ᠬᠠᠦᠯᠢ ᠬᠡᠷᠡᠭᠵᠢᠭᠦᠯᠬᠦ ᠲᠣᠪᠴᠢᠶ᠎ᠡ ᠶᠢ | ᠵᠣᠬᠢᠶᠠᠨ ᠪᠠᠶᠢᠭᠤᠯᠵᠤ᠂ ᠬᠤᠲᠡ ᠪᠠᠯᠭᠠᠰᠤᠨ ᠤ ᠬᠠᠮᠢᠶᠠᠷᠦᠯᠲᠡ ᠶᠢ ᠪᠦᠬᠦ ᠲᠠᠯ᠎ᠠ ᠪᠠᠷ ᠴᠢᠩᠭᠠᠳᠬᠠᠵᠤ᠂ ᠪᠠᠯᠭᠠᠰᠤᠨ ᠤ | ᠳᠦᠷᠢ ᠳᠥᠷᠬᠦ ᠶᠢ ᠢᠯᠡᠳᠲᠡ ᠰᠠᠶᠢᠵᠢᠷᠠᠭᠤᠯᠤᠨ ᠤᠷᠤᠭᠰᠢᠲᠠᠢ ᠪᠠᠷ ᠣᠷᠣᠨ ᠤ ᠳᠡᠰ ᠤᠨ ᠡᠷᠡᠭᠦᠯ ᠮᠡᠨᠳᠤ | ᠰᠢᠶᠠᠨ ᠢᠶᠠᠷ ᠳᠡᠪᠰᠢᠬᠦ ᠳᠤ ᠪᠠᠲᠤᠯᠠᠭ᠎ᠠ ᠬᠠᠩᠭᠠᠭᠰᠠᠨ ᠪᠠᠶᠢᠨ᠎ᠠ᠃ | ᠪᠦᠷᠬᠡ ᠭᠡᠷ ᠤᠨ ᠲᠣᠭᠤᠷᠢᠭ ᠤᠨ ᠰᠢᠨᠡᠴᠢᠯᠡᠯᠲᠡ ᠪᠤᠯᠤᠨ ᠠᠶᠤᠯᠲᠠᠢ ᠭᠡᠷ ᠪᠠᠶᠢᠰᠢᠩ ᠢ ᠰᠢᠨᠡᠳᠬᠡᠨ ᠵᠠᠰᠠᠬᠤ | ᠠᠵᠢᠯ ᠢ ᠯᠠᠪᠳᠠᠭᠤᠨ ᠲᠣᠭᠲᠠᠭᠤᠨ ᠢᠶᠠᠷ ᠠᠬᠢᠭᠤᠯᠤᠭᠰᠠᠨ ᠪᠠᠶᠢᠨ᠎ᠠ᠃ ᠪᠦᠷᠬᠡ ᠭᠡᠷ ᠤᠨ ᠲᠤᠭᠤᠷᠢᠭ ᠤᠨ | ᠰᠢᠨᠡᠴᠢᠯᠡᠯᠲᠡ ᠳᠤ 700 ᠡᠷᠦᠬᠡ ᠶᠢ ᠰᠢᠨᠡᠳᠬᠡᠨ ᠵᠠᠰᠠᠵᠤ᠂10.8 ᠲᠦᠮᠡᠨ ᠲᠡᠭᠰᠢ ᠲᠦᠷᠪᠡᠯᠵᠢᠨ ᠮᠧᠲᠷ ᠲᠤ | ᠬᠦᠷᠦᠭᠰᠡᠨ ᠪᠠᠶᠢᠨ᠎ᠠ᠃ ᠣᠯᠠᠨ ᠲᠦᠮᠡᠨ ᠤ ᠬᠦᠰᠡᠯ ᠱᠠᠭᠠᠷᠳᠠᠯᠭ᠎ᠠ ᠪᠠ ᠬᠠᠯᠠᠮᠵᠢᠯᠠᠯ ᠬᠠᠷᠠᠭᠠᠯᠵᠠᠯ ᠳᠤ ᠢᠳᠡᠪᠬᠢᠲᠡᠢ | ᠬᠠᠷᠢᠭᠤᠯᠲᠡ ᠥᠭᠴᠦ᠂ ᠲᠥᠪ ᠬᠤᠲᠡ ᠲᠣᠭᠤᠷᠢᠭ ᠤᠨ ᠡᠬᠡᠭᠦᠯᠤᠨ ᠨᠡᠭᠦᠯᠭᠡᠵᠤ ᠲᠦᠪᠬᠢᠨᠡᠬᠦᠯᠬᠦ ᠶᠢᠨ ᠲᠡᠦᠬᠡᠨ | ᠦᠯᠡᠳᠡᠭᠳᠡᠯ ᠠᠰᠠᠭᠤᠳᠠᠯ ᠤᠳ ᠢ ᠵᠣᠷᠢᠭ ᠰᠢᠭᠤᠳᠤᠨ ᠰᠢᠢᠳᠪᠤᠷᠢᠯᠡᠵᠤ᠂ ᠬᠤᠭᠤᠴᠠᠭᠠᠨ ᠠᠴᠠ ᠬᠡᠲᠦᠷᠡᠭᠰᠡᠨ ᠣᠯᠠᠨ | ᠵᠢᠯ ᠤᠨ ᠡᠬᠡᠭᠦᠯᠦᠨ ᠨᠡᠭᠦᠯᠬᠡᠭᠦ ᠡᠷᠦᠬᠡ ᠶᠢ ᠲᠦᠪᠬᠢᠨᠡᠭᠦᠯᠦᠭᠰᠡᠨ ᠪᠠᠶᠢᠨ᠎ᠠ᠃ ᠳᠣᠲᠣᠭᠠᠳᠤ ᠶᠢ ᠬᠠᠮᠠᠭᠠᠯᠠᠬᠤ ᠲᠦᠷ | ᠬᠤᠷᠢᠬᠤ ᠭᠠᠵᠠᠷ ᠪᠣᠯᠣᠨ ᠵᠠᠰᠠᠭ ᠵᠠᠬᠢᠷᠭᠠᠨ ᠤ ᠲᠦᠷ ᠬᠤᠷᠢᠬᠤ ᠭᠠᠵᠠᠷ᠂ ᠵᠡᠪᠰᠡᠭᠲᠦ ᠴᠠᠭᠳᠠᠭᠠᠨ ᠤ ᠳᠤᠮᠳᠠ | ᠠᠩᠭᠢ ᠶᠢᠨ ᠬᠤᠸᠠᠷᠠᠨ ᠵᠡᠷᠭᠡ ᠶᠢᠨ ᠪᠠᠷᠢᠯᠭ᠎ᠠ ᠶᠢᠨ ᠠᠵᠢᠯ ᠪᠦᠷᠢᠮᠦᠰᠤᠨ ᠳᠠᠭᠤᠰᠴᠤ᠂ ᠨᠡᠭᠦᠨ ᠤᠷᠤᠵᠤ ᠪᠣᠯᠬᠤ | ᠨᠦᠭᠦᠴᠡᠯ ᠢ ᠪᠦᠷᠢᠯᠳᠦᠭᠦᠯᠪᠡ᠃ | ︵ᠭᠤᠷᠪᠠ︶ ᠪᠤᠬᠢᠷᠳᠤᠯ ᠦᠬᠡᠢ ᠬᠦᠭᠵᠢᠯᠳᠡ ᠶᠢ ᠪᠠᠷᠢᠮᠳᠠᠯᠠᠵᠤ᠂ ᠠᠮᠢ ᠠᠬᠤᠢ ᠤᠷᠴᠢᠨ ᠲᠤᠭᠤᠷᠢᠨ ᠡᠳᠤᠷ | ᠢᠷᠡᠭᠦᠶ᠎ᠠ ᠰᠠᠶᠢᠵᠢᠷᠠᠵᠠᠢ᠃ | ᠬᠦᠬᠡᠮᠳᠦᠭ ᠠᠭᠤᠯᠠᠴᠡᠩᠭᠡᠭ ᠤᠰᠤ ᠪᠤᠯ ᠲᠠᠷᠤᠢ ᠠᠯᠲᠠ ᠮᠦᠩᠭᠦᠨ ᠠᠭᠤᠯᠠ ᠪᠤᠯᠬᠤ ᠬᠦᠭᠵᠢᠯᠳᠠ ᠶᠢᠨ | ᠤᠶᠢᠯᠠᠭᠠᠭᠳᠠᠬᠤᠨ ᠢ ᠪᠤᠢ ᠪᠤᠯᠭᠠᠵᠤ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢ ᠪᠦᠬᠦ ᠠᠵᠢᠯ ᠤᠨ | ᠲᠤᠪᠤᠶᠢᠮ᠎ᠠ ᠪᠠᠶᠢᠷᠢᠨ ᠳᠤ ᠲᠠᠯᠪᠢᠪᠠ᠃ 6.5 ᠲᠦᠮᠡᠨ ᠮᠦ ᠤᠯᠤᠰ ᠤᠨ ᠭᠤᠣᠯᠳᠠᠯᠭ᠎ᠠ ᠲᠠᠢ ᠠᠮᠢ ᠠᠬᠤᠢ ᠶᠢᠨ | ᠢᠨᠵᠧᠨᠧᠷᠢᠩ ᠢ ᠪᠡᠶᠡᠯᠡᠬᠦᠯᠵᠤ᠂1.2 ᠲᠦᠮᠡᠨ ᠮᠦ ᠤᠶᠢᠵᠢᠭᠤᠯᠤᠯᠳᠠ ᠶᠢᠨ ᠢᠨᠵᠧᠨᠧᠷᠢᠩ ᠢ ᠲᠤᠰᠬᠤᠨ ᠲᠠᠷᠢᠶᠠᠴᠢᠨ᠂ | ᠵᠠᠮ ᠬᠠᠷᠢᠯᠴᠠᠭ᠎ᠠ ᠵᠡᠷᠭᠡ ᠳᠤ ᠨᠣᠭᠤᠭᠠᠷᠠᠯᠲᠠ ᠬᠢᠵᠣ᠂1 ᠲᠦᠮᠡᠨ ᠮᠦ ᠬᠠᠷ᠎ᠠ ᠴᠢᠨ᠋ᠸ᠎ᠠ ᠶᠢᠨ ᠬᠠᠷᠮᠠᠭ ᠤᠨ ᠠᠮᠢ | ᠠᠬᠤᠢ ᠶᠢᠨ ᠵᠢᠱᠢᠶ᠎ᠡ ᠦᠵᠡᠭᠦᠯᠦᠭᠴᠢ ᠰᠠᠭᠤᠷᠢᠨ ᠭᠠᠵᠠᠷ ᠢ ᠪᠠᠶᠢᠭᠤᠯᠤᠨ᠂ ᠪᠦᠬᠦ ᠰᠢᠶᠠᠨ ᠤ ᠤᠢ ᠰᠢᠭᠤᠢ ᠶᠢᠨ | ᠪᠦᠷᠭᠦᠭᠦᠯᠭᠡ ᠶᠢᠨ ᠨᠤᠷᠮ᠎ᠠ 24.52% ᠳᠤ ᠬᠦᠷᠴᠡᠢ᠃ 2017 ᠣᠨ ᠮᠠᠨ ᠤ ᠰᠢᠶᠠᠨ ᠨᠢ ᠪᠦᠬᠦ ᠤᠷᠤᠨ ᠤ | ᠤᠢ ᠰᠢᠭᠤᠢ ᠠᠮᠢ ᠠᠬᠤᠢ ᠶᠢ ᠬᠠᠮᠠᠭᠠᠯᠠᠨ ᠶᠠᠳᠠᠭᠤ ᠶᠢ ᠲᠡᠳᠭᠦᠭᠦ ᠲᠤᠬᠠᠢ ᠶᠢᠨ ᠲᠠᠯᠠᠪᠠᠢ ᠶᠢᠨ ᠬᠤᠷᠠᠯ ᠳᠤ | ᠲᠡᠷᠢᠬᠦᠨ ᠤ ᠨᠠᠶᠢᠳᠡᠯᠢᠭ ᠴᠢᠨᠠᠷ ᠲᠠᠢ ᠶᠡᠷᠢᠶ᠎ᠠ ᠢᠯᠡᠳᠭᠡᠯ ᠬᠢᠵᠡᠢ᠃1.8 ᠲᠦᠮᠡᠨ ᠮᠦ ᠰᠠᠪᠠ ᠭᠠᠵᠠᠷ ᠢ ᠵᠠᠰᠠᠨ | ᠰᠠᠶᠢᠵᠢᠷᠠᠭᠤᠯᠵᠤ᠂21 ᠠᠭᠤᠷᠠᠬᠠᠢ ᠶᠢᠨ ᠤᠷᠤᠨ ᠤ ᠤᠷᠴᠢᠨ ᠲᠤᠭᠤᠷᠢᠨ ᠢ ᠰᠡᠷᠭᠦᠭᠡᠨ ᠵᠠᠰᠠᠬᠤ ᠶᠢ ᠪᠡᠶᠡᠯᠡᠬᠦᠯᠵᠡᠢ᠃ | ᠲᠦᠪ᠂ ᠦᠪᠡᠷᠳᠡᠭᠡᠨ ᠵᠠᠰᠠᠬᠤ ᠤᠷᠤᠨ ᠤ ᠤᠷᠴᠢᠨ ᠠᠬᠤᠢ ᠶᠢᠨ ᠬᠠᠮᠠᠭᠠᠯᠠᠯᠳᠠ ᠶᠢᠨ ᠰᠢᠪᠠᠳᠠᠨ ᠪᠠᠶᠢᠴᠠᠭᠠᠬᠤ ᠳᠤ | ᠲᠤᠰᠬᠠᠭᠰᠠᠨ ᠰᠠᠨᠠᠯ ᠢ ᠥᠭᠡᠷᠡᠴᠢᠯᠡᠨ ᠲᠣᠣᠱᠯᠠᠭᠤᠯᠵᠤ ᠯᠠᠪᠳᠠᠭᠤᠨ ᠪᠠᠳᠤᠳᠠᠢ ᠲᠦᠯᠬᠢᠨ ᠠᠬᠢᠭᠤᠯᠵᠠᠢ᠃ ᠠᠮᠢ | ᠠᠬᠤᠢ ᠶᠢᠨ ᠤᠷᠴᠢᠨ ᠲᠤᠭᠤᠷᠢᠨ ᠤ ᠬᠠᠮᠠᠭᠠᠯᠠᠯᠳᠠ ᠶᠢ ᠲᠠᠰᠤᠷᠠᠯᠳᠠ ᠦᠬᠡᠢ ᠴᠢᠩᠭᠠᠳᠬᠠᠵᠤ᠂ ᠤᠷᠴᠢᠨ ᠠᠬᠤᠢ ᠶᠢ | ᠬᠠᠮᠠᠭᠠᠯᠠᠬᠤ ᠨᠦᠬᠦᠴᠡᠯ ᠳᠤ ᠬᠦᠷᠦᠭᠰᠡᠨ ᠦᠬᠡᠢ ᠮᠦᠷᠳᠡᠭᠡᠨ ᠠᠮᠦᠷ ᠲᠦᠪᠰᠢᠨ ᠤ ᠠᠰᠠᠭᠤᠳᠠᠯ ᠤᠷᠤᠰᠢᠵᠤ ᠪᠠᠶᠢᠭ᠎ᠠ | ᠨᠠᠩᠬᠢ ᠰᠢᠷᠦᠢ ᠶᠢᠨ ᠲᠤᠭᠤᠰᠭᠠ ᠶᠢᠨ ᠦᠢᠯᠡᠳᠪᠦᠷᠢ 6 ᠶᠢ ᠦᠢᠯᠡᠳᠪᠤᠷᠢᠯᠡᠬᠦ ᠶᠢ ᠨᠢ ᠵᠣᠭᠰᠣᠭᠠᠵᠠᠢ ᠃ ᠪᠦᠬᠦ | ᠰᠢᠶᠠᠨ ᠤ56 ᠠᠵᠤ ᠠᠬᠤᠶᠢᠯᠠᠯ ᠳᠤ ᠤᠷᠴᠢᠨ ᠲᠤᠭᠤᠷᠢᠨ ᠤ ᠶᠡᠷᠦᠩᠬᠡᠶᠢᠯᠡᠭᠰᠡᠨ ᠴᠡᠭᠴᠡᠯᠡᠨ ᠵᠠᠰᠠᠯᠲᠠ ᠬᠢᠵᠣ᠂ | ᠠᠵᠤ ᠦᠢᠯᠡᠳᠪᠦᠷᠢ ᠶᠢᠨ ᠬᠦᠷᠢᠶᠡᠯᠡᠩ ᠲᠤᠭᠤᠷᠢᠭ ᠤᠨ ᠲᠠᠮᠦᠷ ᠬᠠᠶᠢᠯᠠᠭᠤᠯᠬᠤ ᠵᠤᠤᠬ᠎ᠠ ᠶᠢ ᠪᠦᠬᠦ ᠲᠠᠯ᠎ᠠ ᠪᠠᠷ | ᠰᠦᠯᠵᠢᠶᠡᠨ ᠲᠡᠭᠡᠷ᠎ᠡ ᠡᠵᠡᠮᠳᠡᠵᠤ᠂ ᠬᠤᠳᠠ ᠪᠠᠯᠭᠠᠰᠤᠨ ᠤ ᠠᠭᠠᠷ ᠤᠨ ᠶᠠᠰᠤ ᠴᠢᠨᠠᠷ ᠢ ᠬᠢᠨᠡᠨ ᠬᠡᠮᠵᠢᠬᠦ ᠦᠷᠲᠡᠭᠡ ᠶᠢ | ᠪᠦᠳᠦᠭᠡᠨ ᠪᠠᠶᠢᠭᠤᠯᠵᠤ᠂ ᠪᠦᠬᠦ ᠰᠢᠶᠠᠨ ᠤ 4 ᠢᠯᠴᠢ ᠬᠠᠩᠭᠠᠬᠤ ᠺᠤᠮᠫᠠᠨᠢ ᠪᠦᠬᠦ ᠲᠠᠯ᠎ᠠ ᠪᠠᠷ ᠬᠦᠬᠦᠷ ᠦᠬᠡᠶᠢᠳᠡᠬᠦᠯᠬᠦ | ᠲᠦᠭᠦᠭᠡᠷᠦᠮᠵᠢ ᠶᠢ ᠪᠦᠳᠤᠭᠡᠨ ᠪᠠᠶᠢᠭᠤᠯᠵᠤ᠂ ᠬᠠᠶᠠᠭᠳᠠᠮᠠᠯ ᠭᠠᠳᠠᠭᠰᠢᠯᠠᠭᠤᠯᠬᠤ ᠪᠠᠷᠢᠮᠵᠢᠶᠠᠨ ᠳᠤ ᠬᠦᠷᠬᠦ ᠶᠢ | ᠪᠡᠶᠡᠯᠡᠬᠦᠯᠵᠡᠢ᠃ ᠤᠤᠭᠤᠬᠤ ᠤᠰᠤᠨ ᠤ ᠡᠬᠢ ᠰᠣᠷᠪᠤᠯᠵᠢ ᠶᠢᠨ ᠬᠠᠮᠠᠭᠠᠯᠠᠯᠳᠠ ᠶᠢ ᠤᠯᠠᠮ ᠨᠢᠭᠡ ᠠᠯᠬᠤᠮ | ᠴᠢᠩᠭᠠᠳᠬᠠᠵᠤ᠂160 ᠲᠦᠮᠡᠨ ᠲᠦᠭᠦᠷᠢᠭ ᠤᠨ ᠪᠡᠯᠡ ᠤᠷᠤᠭᠤᠯᠤᠯᠳᠠ ᠪᠠᠷ ᠤᠰᠤᠨ ᠤ ᠡᠬᠢ ᠰᠣᠷᠪᠤᠯᠵᠢ ᠶᠢᠨ | ᠠᠦ᠋ᠲ᠋ᠤᠴᠢᠯᠠᠭᠰᠠᠨ ᠬᠢᠨᠠᠨ ᠡᠵᠡᠮᠳᠡᠬᠦ ᠲᠠᠪᠴᠠᠩ ᠢ ᠪᠦᠳᠤᠭᠡᠨ ᠪᠠᠶᠢᠭᠤᠯᠵᠤ᠂ ᠤᠰᠤᠨ ᠤ ᠡᠬᠢ ᠰᠣᠷᠪᠤᠯᠵᠢ ᠶᠢ | ᠰᠦᠯᠵᠢᠶᠡᠨ ᠳᠡᠭᠡᠷ᠎ᠡ ᠬᠢᠨᠠᠨ ᠡᠵᠡᠮᠳᠡᠬᠦ ᠶᠢ ᠪᠠᠶᠡᠯᠡᠭᠦᠯᠦᠭᠰᠡᠨ ᠪᠠᠶᠢᠨ᠎ᠠ᠃360 ᠲᠦᠮᠡᠨ ᠲᠦᠭᠦᠷᠢᠭ ᠤᠨᠪᠡᠯᠡ | ᠤᠷᠤᠭᠤᠯᠤᠯᠳᠠ ᠪᠠᠷ ᠤᠰᠤᠨ ᠤ ᠴᠢᠨᠠᠷ ᠢ ᠰᠢᠯᠭᠠᠨᠬᠡᠮᠵᠢᠬᠦ ᠲᠦᠪ ᠢ ᠪᠠᠶᠢᠭᠤᠯᠵᠤ᠂ ᠠᠷᠠᠳ ᠤᠯᠠᠨ ᠤ ᠤᠤᠭᠤᠬᠤ | ᠤᠰᠤᠨ ᠤ ᠠᠮᠤᠷ ᠲᠦᠪᠰᠢᠨ ᠢ ᠪᠦᠳᠤᠮᠵᠢᠲᠠᠢ ᠪᠠᠳᠤᠯᠠᠵᠠᠢ᠃ ᠰᠢᠶᠠᠨ ᠤ ᠭᠡᠪᠴᠢᠶᠠᠨ ᠲᠤᠳᠤᠷᠠᠬᠢ ᠲᠠᠷᠢᠶᠠᠯᠠᠩ ᠤᠨ | ᠰᠦᠷᠴᠢᠨ ᠤᠰᠤᠯᠠᠯᠲᠠ ᠶᠢᠨ ᠴᠠᠭᠠᠷᠢᠭ ᠲᠦᠬᠦᠭᠡᠷᠤᠮᠵᠢ ᠶᠢ ᠡᠷᠡᠰ ᠴᠠᠭᠠᠵᠠᠯᠠᠵᠤ᠂ ᠭᠠᠵᠠᠷ ᠲᠤᠤᠷᠠᠬᠢ ᠤᠰᠤᠨ ᠤ | ᠡᠬᠢ ᠰᠤᠷᠪᠦᠯᠵᠢ ᠶᠢ ᠪᠦᠳᠦᠮᠵᠢᠲᠠᠢ ᠬᠠᠮᠠᠭᠠᠯᠠᠵᠠᠢ᠃ ︽ᠭᠤᠤᠯ ᠮᠦᠷᠡᠨ ᠤ ᠲᠠᠷᠤᠭ᠎ᠠ︾ ᠶᠢᠨ ᠲᠦᠷᠢᠮ ᠢ ᠪᠦᠬᠦ | ᠲᠠᠯ᠎ᠠ ᠪᠠᠷ ᠨᠠᠶᠢᠳᠠᠪᠤᠷᠢᠵᠢᠭᠤᠯᠵᠦ᠂ ᠤᠰᠤᠨ ᠤ ᠡᠬᠢ ᠪᠠᠶᠠᠯᠢᠭ ᠤᠨ ᠬᠠᠮᠢᠶᠠᠷᠤᠯᠳᠠ ᠶᠢᠨ ᠬᠠᠮᠤᠭ ᠤᠨ ᠴᠢᠩᠭ᠎ᠠ | ᠲᠦᠷᠢᠮ ᠢ ᠬᠡᠷᠡᠭᠵᠢᠬᠦᠯᠦᠨ᠂ ᠡᠬᠢ ᠰᠤᠷᠪᠤᠯᠵᠢ ᠶᠢᠨ ᠬᠠᠮᠠᠭᠠᠯᠠᠯᠳᠠ ᠶᠢ ᠴᠢᠩᠭᠠᠳᠬᠠᠵᠠᠢ᠃ | ︵ᠲᠦᠷᠪᠡ︶ ᠢᠷᠭᠡᠨ ᠤ ᠠᠮᠢᠳᠤᠷᠠᠯ ᠤᠨ ᠬᠢᠷᠢ ᠲᠦᠪᠰᠢᠨ ᠢ ᠪᠠᠳᠤᠯᠠᠨ ᠰᠠᠶᠢᠵᠢᠷᠠᠭᠤᠯᠵᠤ᠂ ᠠᠷᠠᠳ ᠲᠦᠮᠡᠨ ᠤ | ᠪᠤᠶᠠᠨ ᠵᠢᠷᠭᠠᠯ ᠢ ᠦᠨᠡᠨᠬᠦ ᠨᠡᠮᠡᠭᠳᠡᠭᠦᠯᠦᠨ᠎ᠡ᠃ | ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠤᠯᠳᠠ ᠳᠠᠭᠠᠨ ᠱᠠᠳᠤᠴᠢ ᠴᠢᠨᠠᠷᠲᠠᠢ ᠦᠷ᠎ᠡ ᠪᠦᠳᠤᠮᠵᠢ | ᠣᠯᠪᠠ ᠃ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠠᠬᠤ ᠡᠷᠴᠢᠮ ᠢᠶᠠᠨ ᠴᠢᠩᠭᠠᠷᠠᠭᠤᠯᠬᠤ10 | ᠵᠦᠢᠯ ᠤᠨ ᠠᠷᠭ᠎ᠠ ᠠᠪᠴᠢᠯ ᠢ ᠠᠪᠴᠤ᠂ ᠵᠢᠯ ᠤᠨ ᠲᠤᠳᠤᠷ᠎ᠠ ᠶᠠᠳᠠᠭᠤ ᠬᠦᠮᠦᠨ ᠠᠮᠠ ᠶᠢᠨ ᠲᠤᠭ᠎ᠠ ᠶᠢ10822 | ᠠᠴᠠ7065 ᠪᠤᠯᠭᠠᠨ ᠪᠠᠭᠠᠰᠬᠠᠵᠠᠢ᠃ ︽ᠤᠳᠠᠭᠠᠨ ᠴᠢᠨᠠᠷᠲᠠᠢ ᠡᠪᠡᠳᠴᠢᠨ ᠳᠤ ᠡᠮ ᠬᠦᠷᠭᠡᠬᠦ᠂ ᠬᠦᠨᠳᠤ | ᠡᠪᠠᠳᠴᠢᠨ ᠢ ᠪᠠᠶᠢᠳᠠᠭ ᠢᠶᠠᠷ ᠢᠶᠠᠨ ᠲᠡᠳᠭᠦᠭᠦ᠂ᠦᠷᠳᠡᠭᠡᠴᠢᠯᠡᠭᠰᠡᠨᠮᠠᠶ᠋ᠢᠭ ᠤᠨ ᠴᠢᠨᠠᠷᠲᠠᠢ ᠦᠢᠯᠡᠴᠢᠯᠡᠭᠡ︾ ᠶᠢᠨ | ᠡᠷᠡᠭᠦᠯ ᠴᠢᠬᠢᠷᠠᠭ ᠢᠶᠠᠷ ᠶᠠᠳᠠᠭᠤ ᠶᠢ ᠲᠡᠳᠬᠦᠬᠦ ᠵᠠᠭᠪᠤᠷ ᠢ ᠬᠡᠷᠡᠭᠵᠢᠬᠦᠯᠵᠡᠢ᠃200 ᠲᠦᠮᠡᠨ ᠲᠦᠬᠦᠷᠢᠭ ᠤᠨ ᠬᠦᠨᠳᠤ | ᠡᠪᠡᠳᠴᠢᠨ ᠢ ᠠᠪᠣᠷᠠᠨ ᠲᠤᠰᠠᠯᠠᠯᠳᠠ ᠶᠢᠨ ᠰᠠᠭᠤᠷᠢ ᠮᠦᠩᠭᠦ ᠪᠠ ᠤᠳᠠᠭᠠᠨ ᠴᠢᠨᠠᠷᠲᠠᠢ ᠡᠪᠡᠳᠴᠢᠨ ᠢ ᠠᠪᠣᠷᠠᠨ | ᠲᠤᠰᠠᠯᠠᠯᠳᠠ ᠶᠢᠨ ᠰᠠᠭᠤᠷᠢ ᠮᠦᠩᠭᠦ ᠶᠢ ᠬᠤᠷᠠᠮᠳᠤᠭᠤᠯᠵᠠᠢ᠃ ᠬᠦᠨᠳᠤ ᠡᠪᠡᠳᠴᠢᠨ ᠢᠶᠠᠷ ᠡᠮᠨᠡᠯᠭᠡ ᠳᠤ ᠰᠠᠭᠤᠬᠤ ᠪᠠ | ᠤᠳᠠᠭᠠᠨ ᠴᠢᠨᠠᠷᠲᠠᠢ ᠡᠪᠡᠳᠴᠢᠳᠠᠨ ᠳᠤ ᠡᠮ ᠬᠦᠷᠭᠡᠬᠦ ᠳᠠᠩᠰᠠ ᠴᠠᠶᠢᠷᠠᠭᠤᠯᠬᠤ ᠬᠠᠷᠢᠴᠠᠯ ᠢ 90% ᠪᠠᠷ | ᠬᠡᠯᠳᠤᠷᠠᠭᠦᠯᠪᠡ᠃ ᠡᠯ᠎ᠡ ᠲᠦᠷᠦᠯ ᠤᠨ ᠰᠤᠷᠭᠠᠨ ᠬᠦᠮᠦᠵᠢᠯ ᠢᠶᠠᠷ ᠶᠠᠳᠠᠭᠤ ᠶᠢ ᠳᠡᠳᠭᠦᠭᠦ ᠪᠡᠯᠡ ᠮᠦᠩᠭᠦ 2860 | ᠲᠦᠮᠡᠨ ᠲᠦᠭᠦᠷᠢᠭ ᠵᠠᠷᠤᠴᠠᠭᠤᠯᠵᠤ᠂ ᠰᠣᠷᠬᠤ ᠨᠠᠰᠤᠨ ᠠᠴᠠ ᠡᠮᠦᠨᠡᠬᠢ ᠰᠤᠷᠭᠠᠨ ᠬᠦᠮᠦᠵᠢᠯ ᠠᠴᠠ ᠶᠡᠭᠡ | ᠰᠤᠷᠭᠠᠭᠤᠯᠢ ᠬᠦᠷᠳᠡᠯ᠎ᠡ ᠨᠦᠬᠦᠪᠦᠷᠢ ᠪᠠᠷ ᠲᠤᠰᠠᠯᠠᠬᠤ ᠰᠢᠰᠲ᠋ᠧᠮ ᠢ ᠪᠠᠶᠢᠭᠤᠯᠵᠡᠢ᠃ | ᠨᠡᠶᠢᠭᠡᠮ ᠤᠨ ᠪᠠᠳᠤᠯᠠᠭ᠎ᠠ ᠶᠢᠨ ᠲᠤᠭᠳᠠᠴᠠ ᠶᠢ ᠤᠯᠠᠮ ᠲᠡᠭᠦᠯᠳᠡᠷᠵᠢᠬᠦᠯᠵᠡᠢ᠃ ᠠᠳᠠᠯ ᠦᠢᠯᠡᠰ ᠴᠤᠭᠴᠠᠯᠠᠬᠤ | ᠠᠵᠢᠯ ᠤᠯᠭᠤᠯᠳᠠ ᠶᠢ ᠦᠷᠬᠦᠯᠵᠢᠯᠡᠨ ᠰᠠᠶᠢᠵᠢᠷᠠᠭᠤᠯᠵᠤ᠂ ᠬᠦᠳᠡᠭᠡ ᠲᠤᠰᠬᠤᠨ ᠤ ᠬᠦᠳᠡᠯᠮᠦᠷᠢ ᠬᠦᠴᠦ ᠶᠢ | ᠰᠢᠯᠵᠢᠬᠦᠯᠵᠤ 2.6 ᠲᠦᠮᠡᠨ ᠬᠦᠮᠦᠨ ᠠᠵᠢᠯ ᠤᠯᠤᠭᠰᠠᠨ ᠪᠠᠶᠢᠨ᠎ᠠ᠂ ᠪᠠᠭ᠎ᠠ ᠲᠤᠭᠠᠨ ᠤ ᠪᠠᠳᠤᠯᠠᠭᠠᠳᠤ | ᠵᠢᠭᠡᠯᠡᠯᠭᠡ1130 ᠲᠦᠮᠡᠨ ᠲᠦᠬᠦᠷᠢᠭ ᠭᠠᠷᠭᠠᠵᠤ ︽ᠬᠤᠣᠰ ᠦᠢᠯᠡᠰ ᠪᠤᠰᠬᠠᠬᠤ ᠬᠦᠷᠢᠶᠡᠯᠡᠩ︾ ᠶᠢ ᠪᠦᠳᠤᠭᠡᠨ | ᠪᠠᠶᠢᠭᠤᠯᠵᠡᠢ᠃ ᠬᠤᠳᠠ ᠪᠠᠯᠭᠠᠰᠤᠨ ᠤ ᠰᠢᠨ᠎ᠡ ᠪᠠᠷ ᠠᠵᠢᠯ ᠤᠯᠤᠭᠰᠠᠨ ᠬᠦᠮᠦᠨ ᠤ ᠲᠤᠭ᠎ᠠ 859 ᠪᠠᠶᠢᠵᠤ᠂ | ᠬᠤᠳᠠ ᠪᠠᠯᠭᠠᠰᠤᠨ ᠤ ᠲᠠᠩᠰᠠᠯᠠᠭᠤᠯᠤᠭᠰᠠᠨ ᠠᠵᠢᠯ ᠠᠯᠳᠠᠭᠰᠠᠨ ᠨᠤᠷᠮ᠎ᠠ ᠶᠢ4.1% ᠶᠢᠨ ᠲᠤᠳᠤᠷ᠎ᠠ ᠬᠢᠵᠠᠭᠠᠷᠯᠠᠪᠠ᠃ | ᠨᠡᠶᠢᠭᠡᠮ ᠤᠨ ᠨᠠᠰᠤᠵᠢᠯ ᠤᠨ ᠲᠠᠭᠠᠳᠬᠠᠯ ᠢ ᠪᠦᠬᠦᠨ ᠶᠢ ᠪᠦᠷᠬᠦᠭᠦᠯᠭᠦ ᠶᠢ ᠪᠡᠶᠡᠯᠡᠬᠦᠯᠵᠤ᠂ ᠠᠵᠢᠯᠳᠠᠨ ᠬᠢᠭᠡᠳ | ᠬᠤᠳᠠ ᠶᠢᠨ ᠰᠠᠭᠤᠭᠠᠯᠢ ᠠᠷᠠᠳ ᠤᠨ ᠬᠠᠷᠠᠭᠠᠯᠵᠠᠯ ᠢ ᠰᠠᠷ᠎ᠠ ᠪᠦᠷᠢ119 ᠲᠦᠭᠦᠷᠢᠭ ᠪᠠ 20 ᠲᠦᠭᠦᠷᠢᠭ | ᠨᠡᠮᠡᠭᠳᠡᠭᠦᠯᠦᠭᠰᠡᠨ ᠪᠠᠶᠢᠨ᠎ᠠ᠃ ᠬᠤᠳᠠ ᠶᠢᠨ ᠠᠵᠢᠯᠳᠠᠨ ᠬᠢᠭᠡᠳ ᠬᠤᠳᠠ ᠶᠢᠨ ᠰᠠᠭᠤᠭᠠᠯᠢ ᠠᠷᠠᠳ ᠤᠨ ᠡᠮᠴᠢᠯᠡᠭᠡᠨ ᠤ | ᠳᠠᠭᠠᠳᠬᠠᠯ ᠢ ᠲᠥᠷᠢᠮ ᠲᠤᠭᠳᠠᠭᠠᠯ ᠤᠨ ᠲᠤᠲᠤᠷ᠎ᠠ ᠳᠠᠩᠰᠠ ᠲᠠᠶᠢᠯᠬᠤ ᠬᠠᠷᠢᠴᠠᠯ ᠢ 90% ᠪᠠ 80% ᠶᠢᠨ | ᠬᠡᠮᠵᠢᠶᠡᠨ ᠳᠤ ᠬᠦᠷᠭᠡᠪᠡ᠃ ᠬᠤᠳᠠ ᠬᠦᠳᠡᠭᠡ ᠶᠢᠨ ᠠᠮᠢᠳᠤᠷᠠᠯ ᠤᠨ ᠨᠠᠭᠠᠳᠣ ᠵᠠᠬ᠎ᠠ ᠶᠢᠨ ᠪᠠᠳᠤᠯᠠᠭ᠎ᠠ ᠶᠢᠨ ᠬᠢᠷᠢ | ᠲᠦᠪᠰᠢᠨ ᠲᠠᠰᠤᠷᠠᠯᠳᠠ ᠦᠬᠡᠢ ᠲᠡᠭᠡᠭᠰᠢᠯᠡᠵᠦ᠂ ᠲᠤᠰ ᠪᠦᠷᠢ ᠰᠠᠷ᠎ᠠ ᠶᠢᠨ 547 ᠲᠦᠭᠦᠷᠢᠭ ᠪᠠ ᠵᠢᠯ ᠤᠨ 3593 | ᠲᠦᠭᠦᠷᠢᠭ ᠲᠤ ᠬᠦᠷᠦᠭᠰᠡᠨ ᠪᠠᠶᠢᠨ᠎ᠠ᠃3580 ᠨᠡᠷᠡᠰ 80 ᠬᠦᠷᠦᠭᠰᠡᠨ ᠦᠨᠳᠤᠷ ᠨᠠᠰᠤᠲᠠᠶᠢᠴᠤᠳ ᠲᠤ ᠦᠨᠳᠤᠷ | ᠨᠠᠰᠤᠨ ᠤ ᠨᠦᠭᠦᠪᠦᠷᠢ ᠦᠭᠴᠡᠢ᠃ ᠲᠠᠪᠤᠨ ᠪᠠᠳᠤᠯᠠᠭ᠎ᠠ ᠶᠢᠨ ᠡᠳᠡᠭᠡᠳ ᠢ ᠲᠦᠪᠯᠠᠷᠡᠭᠦᠯᠬᠦ ᠪᠠ ᠲᠠᠷᠬᠠᠭᠠᠨᠠᠰᠠᠷᠠᠨ | ᠲᠡᠵᠢᠭᠡᠬᠦ ᠪᠠᠷᠢᠮᠵᠢᠶ᠎ᠠ ᠨᠢ ᠲᠤᠰ ᠲᠤᠰ8000 ᠲᠦᠭᠦᠷᠢᠭ ᠪᠠ 5078 ᠲᠦᠭᠦᠷᠢᠭ ᠲᠤ ᠬᠦᠷᠦᠭᠰᠡᠨ ᠪᠠᠶᠢᠨ᠎ᠠ᠃ | ᠵᠡᠮᠳᠡᠭᠴᠦᠳ᠂ ᠦᠨᠤᠴᠢᠨ ᠬᠡᠤᠬᠡᠳ᠂ ᠭᠡᠷ ᠢᠶᠠᠨ ᠰᠠᠬᠢᠭᠰᠠᠨ ᠬᠡᠤᠬᠡᠳ᠂ ︽ᠭᠤᠷᠪᠠ ᠦᠬᠡᠢ ︾᠂ ︽ᠭᠤᠷᠪᠠᠨ | ᠠᠷᠠᠳ︾ ᠬᠦᠴᠢᠷᠳᠡᠯᠲᠠᠢ ᠠᠵᠢᠯᠳᠠᠨ ᠵᠡᠷᠭᠡ ᠬᠦᠮᠦᠰ ᠤᠨ ᠡᠯ᠎ᠡ ᠲᠦᠷᠦᠯ ᠤᠨ ᠨᠦᠬᠦᠪᠦᠷᠢ ᠶᠢᠨ ᠪᠠᠷᠢᠮᠵᠢᠶ᠎ᠠ ᠶᠢ | ᠲᠠᠰᠤᠷᠠᠯᠳᠠ ᠦᠬᠡᠢ ᠲᠡᠭᠡᠭᠰᠢᠯᠡᠬᠦᠯᠵᠡᠢ᠃ | ᠰᠤᠷᠭᠠᠨ ᠬᠦᠮᠦᠵᠢᠯ ᠰᠢᠨᠵᠢᠯᠡᠬᠦ ᠤᠬᠠᠭᠠᠨ ᠮᠡᠷᠬᠡᠵᠢᠯ ᠤᠨ ᠤᠶᠢᠯᠡᠰ ᠢ ᠪᠦᠬᠦ ᠲᠠᠯ᠎ᠠ ᠪᠠᠷ ᠬᠦᠭᠵᠢᠭᠦᠯᠦᠨ᠎ᠡ᠃ | ᠰᠤᠷᠭᠠᠨ ᠬᠦᠮᠦᠵᠢᠯ ᠤᠨ ᠭᠤᠷᠪᠠᠨ ᠵᠦᠢᠯ ᠤᠨ ᠦᠭᠡᠷᠡᠴᠢᠯᠡᠯᠳᠡ ᠪᠤᠯᠤᠨ ᠬᠠᠮᠢᠶᠠᠷᠬᠤ᠂ ᠡᠷᠬᠢᠯᠡᠬᠦ ᠦᠨᠡᠯᠡᠬᠦ ᠶᠢ | ᠰᠠᠯᠭᠠᠬᠤ ᠦᠬᠡᠷᠡᠴᠢᠯᠡᠯᠳᠡ ᠶᠢ ᠦᠷᠬᠦᠯᠵᠢᠯᠡᠨ ᠬᠦᠨᠵᠡᠬᠡᠶᠢᠷᠡᠬᠦᠯᠦᠨ᠎ᠡ᠃ ᠵᠢᠭᠠᠨ ᠰᠤᠷᠭᠠᠬᠤ ᠶᠠᠰᠤ ᠴᠢᠨᠠᠷ ᠢ ᠪᠦᠬᠦ | ᠲᠠᠯ᠎ᠠ ᠪᠠᠷ ᠲᠡᠭᠡᠭᠰᠢᠯᠡᠭᠦᠯᠵᠦ ᠲᠦᠭᠡᠮᠡᠯ ᠬᠠᠷᠠᠭᠠᠯᠵᠠᠯ ᠤᠨ ᠴᠢᠨᠠᠷᠲᠠᠢ ᠬᠡᠤᠬᠡᠳ ᠤᠨ ᠴᠡᠴᠡᠷᠯᠢᠭ ᠤᠨ ᠪᠦᠳᠦᠭᠡᠨ | ᠪᠠᠶᠢᠭᠤᠯᠤᠯᠳᠠ ᠶᠢᠨ ᠡᠷᠴᠢᠮ ᠢ ᠳᠠᠰᠤᠷᠠᠯᠳᠠ ᠦᠬᠡᠢ ᠴᠢᠩᠭᠠᠳᠬᠠᠵᠤ᠂1200 ᠲᠦᠮᠡᠨ ᠲᠦᠭᠦᠷᠢᠭ ᠤᠨ ᠪᠡᠯᠡ | ᠤᠷᠤᠭᠤᠯᠵᠤ ᠲᠠᠢ ᠾᠧ᠂ ᠢᠦᠢ ᠼᠠᠢ ᠬᠡᠤᠬᠡᠳ ᠤᠨ ᠴᠡᠴᠡᠷᠯᠢᠭ ᠢ ᠪᠠᠶᠢᠭᠤᠯᠵᠤ᠂ ᠰᠣᠷᠭᠠᠭᠤᠯᠢ ᠳᠤ ᠤᠷᠤᠭᠰᠠᠨ | ᠨᠤᠷᠮ᠎ᠠ 93% ᠳᠤ ᠬᠦᠷᠴᠠᠢ᠃ ᠰᠤᠷᠭᠠᠨ ᠬᠦᠮᠦᠵᠢᠯ ᠪᠠ ᠵᠢᠭᠠᠨ ᠰᠤᠷᠭᠠᠬᠤ ᠡᠬᠢ ᠪᠠᠶᠠᠯᠢᠭ ᠢ ᠤᠯᠠᠮ ᠨᠢᠭᠡ | ᠠᠯᠬᠤᠮ ᠨᠡᠶᠢᠳᠬᠡᠵᠤ᠂ ᠠᠵᠢᠯ ᠮᠡᠷᠭᠡᠵᠢᠯ ᠤᠨ ᠬᠠᠷᠢᠶᠠᠳᠤ ᠠᠩᠬ᠎ᠠ ᠲᠤᠮᠳᠠᠳᠤ ᠶᠢ ᠬᠤᠶᠠᠳᠤᠭᠠᠷ ᠲᠤᠮᠳᠠᠳᠤ | ᠰᠤᠷᠭᠠᠭᠤᠯᠢ ᠲᠠᠢ ᠨᠡᠶᠢᠯᠡᠭᠦᠯᠵᠤ᠂ ᠦᠨᠳᠤᠷ ᠲᠤᠮᠳᠠᠳᠤ ᠠᠴᠠ ᠶᠡᠭᠡ ᠰᠤᠷᠭᠠᠭᠤᠯᠢ ᠳᠤ ᠤᠷᠣᠬᠤ | ᠨᠤᠷᠮ᠎ᠡ ᠶᠢ36% ᠪᠠᠷ ᠲᠣᠭᠲᠠᠪᠤᠷᠢᠵᠢᠭᠤᠯᠵᠠᠢ᠃17 ᠨᠡᠷ᠎ᠡ ᠪᠠᠭᠰᠢ ᠡᠯᠰᠡᠨ᠂1266 ᠨᠡᠷᠡᠰ ᠠᠷᠠᠳ ᠤᠨ | ᠡᠷᠬᠢᠯᠡᠭᠰᠡᠨ ᠰᠤᠷᠭᠠᠭᠤᠯᠢ ᠶᠢᠨ ᠪᠠᠭᠰᠢ ᠳᠤ ᠨᠢᠭᠡ ᠯᠠ ᠤᠳᠠᠭ᠎ᠠ ᠠᠵᠢᠯ ᠠᠴᠠ ᠪᠠᠭᠤᠵᠤ ᠠᠮᠠᠷᠠᠬᠤ ᠶᠢᠨ ᠲᠤᠰᠠᠯᠠᠮᠵᠢ | ᠮᠦᠩᠭᠦ 649 ᠲᠦᠮᠡᠨ ᠲᠦᠭᠦᠷᠢᠭ ᠪᠠᠭᠤᠯᠭᠠᠵᠠᠢ᠃ ᠰᠢᠨᠵᠢᠯᠡᠬᠦ ᠤᠬᠠᠭᠠᠨ ᠢ ᠲᠦᠭᠡᠮᠡᠯᠵᠢᠭᠦᠯᠭᠦ ᠦᠢᠯᠡᠰ ᠢ | ᠲᠠᠰᠤᠷᠠᠯᠳᠠ ᠦᠬᠡᠢ ᠤᠷᠤᠭᠰᠢ ᠬᠦᠭᠵᠢᠭᠦᠯᠵᠦ᠂ 45 ᠨᠡᠷᠡᠰ ᠰᠢᠨᠵᠢᠯᠡᠭᠡ ᠮᠡᠷᠭᠡᠵᠢᠯ ᠤᠨ ᠣᠨᠴᠠ | ᠲᠤᠮᠢᠯᠠᠭᠳᠠᠭᠰᠠᠳ ᠢ ᠰᠤᠩᠭᠤᠨ ᠲᠤᠬᠢᠷᠠᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠳᠤᠭᠡᠯ ᠢ | ᠲᠦᠷᠭᠡᠨ ᠠᠬᠢᠭᠤᠯᠵᠠᠢ᠃ | ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠪᠦᠬᠦ ᠲᠠᠯ᠎ᠠ ᠪᠠᠷ ᠳᠡᠭᠡᠭᠰᠢᠯᠡᠭᠦᠯᠵᠡᠢ᠃ | ᠤᠶᠤᠨ ᠤ ᠪᠤᠯᠪᠠᠰᠤᠨ ᠢ ᠡᠭᠦᠳᠤᠨ ᠪᠠᠶᠢᠭᠤᠯᠬᠤ ᠠᠵᠢᠯᠯᠠᠭ᠎ᠠ ᠶᠢ ᠭᠦᠨᠵᠡᠭᠡᠢ ᠲᠦᠯᠬᠢᠨ ᠠᠬᠢᠭᠤᠯᠵᠤ᠂ ᠰᠢᠶᠠᠨ ᠤ | ᠡᠮᠨᠡᠯᠭᠡ ᠶᠢᠨ ᠬᠤᠷᠢᠶ᠎ᠠ ᠨᠢ ᠬᠤᠶᠠᠳᠤᠭᠠᠷ ᠲᠠᠰ ᠤᠨ ᠡᠮᠨᠡᠯᠡᠭᠡ ᠶᠢᠨ ᠬᠤᠷᠢᠶᠠᠨ ᠳᠤ ᠰᠢᠯᠭᠠᠭᠳᠠᠨ ᠤᠷᠤᠵᠠᠢ᠃ | ᠮᠤᠩᠭᠤᠯ ᠬᠢᠲᠠᠳ ᠡᠮᠨᠡᠯᠭᠡ ᠶᠢᠨ ᠦᠢᠯᠡᠰ ᠢ ᠶᠡᠭᠡᠪᠡᠷ ᠬᠦᠭᠵᠢᠬᠦᠯᠵᠦ᠂ ᠶᠡᠷᠤᠩᠭᠡᠶᠢᠯᠡᠭᠰᠡᠨ ᠶᠡᠭᠡ ᠠᠰᠠᠷ ᠢ ᠪᠠᠶᠢᠭᠤᠯᠵᠤ | ᠂ ᠮᠤᠩᠭᠤᠯ ᠬᠢᠲᠠᠳ ᠡᠮᠨᠡᠯᠭᠡ ᠶᠢᠨ ᠪᠤᠯᠪᠠᠰᠤᠷᠠᠯ ᠢ ᠴᠢᠩᠭᠠᠳᠬᠠᠵᠤ᠂ ᠬᠢᠲᠠᠳ ᠡᠮᠨᠡᠯᠭᠡ ᠶᠢᠨ ᠡᠬᠦᠳᠡᠨ ᠡᠮᠨᠡᠯᠭᠡ ᠶᠢ | ᠭᠠᠷᠭᠠᠨ᠎ᠠ᠃ ᠰᠢᠶᠠᠨ ᠤ ᠱᠠᠳᠤᠨ ᠤ ᠡᠮᠴᠢᠯᠡᠭᠡᠨ ᠤ ᠬᠤᠪᠢᠶᠠᠷᠢ ᠪᠠᠶᠢᠭᠤᠯᠤᠮᠵᠢ ᠪᠠ ᠰᠢᠶᠠᠩ ᠪᠠᠯᠭᠠᠰᠤᠨ ᠤ ᠡᠷᠡᠭᠦᠯ | ᠬᠠᠮᠠᠭᠠᠯᠠᠯ ᠤᠨ ᠬᠤᠷᠢᠶ᠎ᠠ ᠶᠢᠨ ᠬᠠᠮᠢᠶᠠᠷᠤᠯᠳᠠ ᠶᠢᠨ ᠰᠢᠨ᠎ᠡ ᠵᠠᠭᠪᠤᠷ ᠢ ᠪᠦᠳᠦᠭᠡᠨ ᠪᠠᠶᠢᠭᠤᠯᠵᠠᠢ᠃ | ᠰᠤᠶᠤᠯ ᠵᠤᠭᠠᠴᠠᠯ ᠤᠨ ᠦᠢᠯᠡᠰ ᠢ ᠦᠷᠨᠢᠨ ᠭᠦᠭᠵᠢᠬᠦᠯᠵᠡᠢ᠃ ᠤᠶᠤᠨ ᠤ ᠪᠤᠯᠪᠠᠰᠤᠨ ᠢ ᠡᠭᠦᠳᠤᠨ ᠪᠠᠶᠢᠭᠤᠯᠬᠤ | ᠠᠵᠢᠯᠯᠠᠭ᠎ᠠ ᠶᠢ ᠭᠦᠨᠵᠡᠭᠡᠢ ᠲᠦᠯᠬᠢᠨ ᠠᠬᠢᠭᠤᠯᠵᠤ᠂ ᠠᠷᠠᠳ ᠲᠤ ᠠᠰᠢᠭ ᠬᠦᠷᠳᠡᠭᠦ ᠢᠨᠵᠧᠨᠧᠷᠢᠩ᠂ ᠰᠤᠶᠤᠯ ᠤᠨ | ᠰᠠᠭᠤᠷᠢᠨ ᠭᠠᠵᠠᠷ ᠢ ᠴᠢᠩᠭᠠᠳᠬᠠᠨ ᠪᠠᠶᠢᠭᠤᠯᠵᠤ᠂ ᠤᠯᠠᠭᠠᠨᠮᠥ᠋ᠴᠢᠷ ᠤᠨ ᠠᠵᠢᠯ ᠦᠢᠯᠡᠰ ᠰᠢᠨ᠎ᠡ ᠳᠡᠭᠳᠡᠷ ᠲᠤ | ᠭᠠᠷᠴᠠᠢ᠃ ᠰᠤᠶᠤᠯ ᠤᠨ ᠵᠠᠬ᠎ᠠ ᠲᠡᠯᠭᠡᠭᠦᠷ ᠤᠨ ᠲᠤᠰᠬᠠᠢ ᠵᠤᠶᠢᠯ ᠤᠨ ᠴᠡᠭᠴᠠᠯᠡᠨ ᠵᠠᠰᠠᠬᠤ ᠠᠵᠢᠯ ᠢ ᠦᠷᠨᠢᠭᠦᠯᠵᠦ᠂ | ᠡᠷᠡᠭᠦᠯ ᠰᠠᠷᠠᠭᠤᠯ ᠦᠬᠡᠳᠡᠯᠡᠨ ᠳᠠᠪᠰᠢᠭᠰᠠᠨ ᠰᠤᠶᠤᠯ ᠤᠨ ᠵᠠᠮᠴᠢ ᠶᠢ ᠪᠦᠬᠦ ᠬᠦᠴᠦ ᠪᠠᠷ ᠢᠶᠠᠨ ᠡᠭᠦᠳᠴᠠᠢ᠃ ᠪᠦᠬᠦ | ᠰᠢᠶᠠᠨ ᠤ ᠵᠢᠭᠤᠯᠴᠢᠯᠠᠯ ᠤᠨ ᠬᠦᠭᠵᠢᠯᠳᠡ ᠶᠢᠨ ᠲᠦᠯᠦᠪᠵᠢᠭᠦᠯᠭᠡ ᠶᠢ ᠪᠡᠶᠡᠯᠡᠭᠦᠯᠵᠤ᠂ ᠴᠡᠷᠢᠭ ᠤᠨ ᠰᠤᠶᠤᠯ ᠢᠶᠠᠷ | ᠰᠠᠳᠤᠪᠯᠡᠵᠤ600 ᠭᠠᠷᠤᠢ ᠲᠡᠤᠭᠡ ᠶᠢᠨ ᠲᠤᠷᠠᠰᠬᠠᠯᠳᠤ ᠵᠤᠶᠢᠯ ᠢ ᠴᠤᠭᠯᠠᠭᠤᠯᠵᠤ᠂ ᠴᠡᠷᠢᠭ ᠤᠨ ᠰᠤᠶᠤᠯ ᠤᠨ | ᠮᠦᠽᠧᠢ ᠶᠢᠨ ᠲᠦᠰᠦᠯ ᠳᠤ ᠮᠡᠳᠡᠭᠦᠯᠬᠦ ᠳᠤ ᠪᠠᠲᠤ ᠪᠠᠬᠢ ᠰᠠᠭᠤᠷᠢ ᠪᠤᠯᠵᠡᠢ᠃ ᠶᠢᠨ ᠵᠢᠶᠧ ᠬᠤᠤ ᠬᠠᠭᠤᠴᠢᠨ | ᠪᠠᠭᠤᠷᠢ ᠶᠢ ᠬᠠᠮᠠᠭᠠᠯᠠᠬᠤ ᠢᠨᠵᠧᠨᠧᠷᠢᠩ ᠢ ᠬᠡᠷᠡᠭᠵᠢᠭᠦᠯᠵᠦ᠂ ᠰᠤᠶᠤᠯ ᠵᠤᠭᠠᠴᠠᠯ ᠤᠨᠦᠢᠯᠡᠰ ᠤᠨ ᠰᠢᠨ᠎ᠡ | ᠬᠦᠭᠵᠢᠯᠳᠡ ᠶᠢ ᠪᠡᠶᠡᠯᠡᠭᠦᠯᠵᠡᠢ᠃ | ᠨᠡᠶᠢᠭᠡᠮ ᠤᠨ ᠠᠮᠤᠷ ᠲᠦᠪᠰᠢᠨ ᠢ ᠬᠠᠮᠢᠶᠠᠷᠬᠤ ᠲᠠᠯ᠎ᠠ ᠪᠠᠷ ᠳᠠᠰᠤᠷᠠᠯᠳᠠ ᠦᠬᠡᠢ ᠰᠢᠨ᠎ᠡ ᠶᠢ ᠡᠭᠦᠳᠴᠠᠢ᠃ | ᠬᠠᠤᠯᠢ ᠶᠤᠰᠤᠭᠠᠷ ᠰᠢᠶᠠᠨ ᠢᠶᠠᠨ ᠵᠠᠰᠠᠬᠤ ᠠᠵᠢᠯ ᠢ ᠯᠠᠪᠳᠠᠭᠤᠨ ᠪᠠᠳᠤᠲᠠᠢ ᠠᠬᠢᠭᠤᠯᠵᠤ᠂ ᠲᠤᠯᠤᠳᠤᠭᠠᠷ ᠲᠠᠪᠤᠨ | ᠵᠢᠯ ᠤᠨ ᠬᠠᠤᠯᠢ ᠲᠦᠭᠡᠮᠡᠯᠵᠢᠬᠦᠯᠬᠦ ᠠᠵᠢᠯ ᠢ ᠬᠦᠨᠵᠡᠬᠡᠢ ᠦᠷᠨᠢᠭᠦᠯᠵᠦ᠂ ᠵᠠᠬᠢᠳᠠᠯ ᠰᠤᠷᠪᠤᠯᠵᠢᠯᠠᠭ᠎ᠠ ᠪᠠ | ᠲᠤᠭᠳᠠᠭᠤᠨ ᠢ ᠬᠠᠮᠠᠭᠠᠯᠠᠬᠤ ᠠᠵᠢᠯ ᠶᠢ ᠴᠢᠩᠭᠠᠳᠬᠠᠪᠠ᠃ ᠨᠤᠳᠤᠭ ᠪᠤᠴᠠᠭᠰᠠᠨ ᠲᠠᠷᠢᠶᠠᠴᠢᠨ ᠤ ᠭᠠᠵᠠᠷ ᠠᠪᠬᠤ᠂ | ᠬᠦᠯᠦᠰᠦᠨ ᠠᠵᠢᠯᠳᠠᠨ ᠤ ᠴᠠᠯᠢᠩ ᠵᠡᠷᠭᠡ ᠨᠡᠶᠢᠭᠡᠮ ᠤᠨ ᠵᠦᠷᠢᠴᠠᠯ ᠢ ᠪᠦᠳᠦᠮᠵᠢᠲᠠᠢ ᠠᠷᠢᠯᠭᠠᠵᠠᠢ᠃ ᠢᠳᠡᠭᠡᠨ ᠤ | ᠵᠦᠢᠯ᠂ ᠡᠮ ᠤᠨ ᠵᠦᠢᠯ ᠤᠨ ᠠᠮᠤᠷ ᠲᠦᠪᠰᠢᠨ ᠤ ᠬᠢᠨᠠᠯᠳᠠ ᠬᠠᠮᠢᠶᠠᠷᠤᠯᠳᠠ ᠶᠢᠨ ᠡᠷᠴᠢᠮ ᠦᠷᠭᠦᠯᠵᠢᠯᠡᠨ | ᠴᠢᠩᠭᠠᠷᠠᠵᠤ᠂ ᠨᠠᠶᠢᠳᠠ ᠶᠢᠨ ᠢᠳᠡᠭᠡᠨ ᠤᠮᠳᠠᠭᠠᠨ ᠤ ᠭᠠᠵᠠᠷ ᠢ ᠰᠦᠯᠵᠢᠶᠡᠨ ᠲᠡᠭᠡᠷ᠎ᠡ ᠬᠢᠨᠠᠨ ᠡᠵᠡᠮᠳᠡᠵᠤ ᠠᠷᠠᠳ | ᠤᠯᠠᠨ ᠤ ᠢᠳᠡᠭᠡᠨ ᠤᠮᠳᠠᠭᠠᠨ ᠤ ᠠᠶᠤᠯ ᠦᠬᠡᠢ ᠶᠢ ᠪᠠᠳᠤᠯᠠᠵᠠᠢ᠃ ᠠᠶᠤᠯᠬᠦᠢ ᠦᠢᠯᠡᠳᠪᠦᠷᠢᠯᠡᠯ ᠤᠨ ᠪᠠᠶᠢᠳᠠᠯ | ᠶᠠᠷᠤᠩᠬᠡᠢ ᠳᠡᠭᠡᠨ ᠲᠤᠭᠳᠠᠭᠤᠠ ᠪᠠᠶᠢᠵᠤ᠂ ᠴᠢᠬᠤᠯᠠ ᠶᠡᠭᠡ ᠬᠦᠳᠡᠯᠭᠡᠭᠡᠨ ᠤ ᠠᠮᠤᠷ ᠢ ᠬᠠᠮᠠᠭᠠᠯᠠᠬᠤ ᠡᠭᠦᠷᠭᠡ ᠶᠢ | ᠲᠡᠭᠦᠰ ᠠᠮᠵᠢᠯᠳᠠ ᠲᠠᠢ ᠪᠡᠶᠡᠯᠡᠭᠦᠯᠪᠡ᠃ ᠠᠷᠠᠳ ᠤᠨ ᠵᠡᠪᠰᠡᠭᠳᠦ ᠬᠦᠴᠦᠨ ᠤ ᠬᠡᠯᠲᠡᠰ᠂ ᠠᠷᠠᠳ ᠤᠨ ᠠᠭᠠᠷ ᠤᠨ | ᠰᠡᠷᠭᠡᠶᠢᠯᠡᠯᠳᠡ᠂ ᠭᠠᠯ ᠰᠡᠷᠭᠡᠶᠢᠯᠡᠯᠳᠡ᠂ ᠬᠢᠨᠠᠨ ᠪᠤᠳᠤᠬᠤ᠂ ᠪᠦᠷᠢᠳᠬᠡᠨ ᠪᠤᠳᠤᠬᠤ᠂ ᠬᠠᠩᠭᠠᠨ ᠪᠤᠷᠤᠯᠠᠭᠤᠯᠬᠤ᠂ | ᠦᠨᠳᠤᠰᠤᠳᠡᠨ ᠤ ᠲᠤᠪᠴᠢᠶ᠎ᠠ ᠵᠠᠷᠭᠡ ᠡᠯ᠎ᠡ ᠲᠦᠷᠦᠯ ᠤᠨ ᠠᠵᠢᠯ ᠲᠦᠷᠭᠡᠨ ᠬᠦᠭᠵᠢᠯᠳᠡ ᠶᠢ ᠤᠯᠵᠠᠢ᠃ | ︵ᠲᠠᠪᠤ︶ ᠥᠭᠡᠷᠡᠴᠢᠯᠡᠯᠲᠡ ᠶᠢ ᠠᠳᠬᠤᠵᠤ᠂ ᠨᠡᠭᠡᠭᠡᠯᠲᠡ ᠶᠢ ᠠᠬᠢᠭᠤᠯᠤᠨ ᠪᠠᠷᠢᠮᠲᠠᠯᠠᠵᠤ᠂ ᠬᠦᠭᠵᠢᠯᠲᠡ ᠶᠢᠨ | ᠠᠮᠢᠵᠢᠷᠠᠯ ᠤᠨ ᠬᠦᠴᠦᠨ ᠢ ᠡᠳᠦᠷ ᠢᠷᠡᠬᠦᠶ᠎ᠡ ᠴᠢᠩᠭᠠᠷᠠᠭᠤᠯᠪᠡ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ | ᠪᠠᠷᠢᠮᠲᠠᠯᠠᠨ ᠭᠤᠤᠯᠳᠠᠯᠭ᠎ᠠ ᠲᠠᠢ ᠥᠭᠡᠷᠡᠴᠢᠯᠡᠯᠲᠡ ᠶᠢᠨ ᠠᠷᠭ᠎ᠠ ᠪᠣᠳᠣᠯᠭ᠎ᠠ ᠶᠢ ᠳᠤᠷᠠᠳᠤᠨ᠂ ᠪᠤᠳᠠᠲᠠᠢ | ᠨᠠᠶᠢᠳᠠᠪᠤᠷᠢᠵᠢᠭᠤᠯᠪᠠ᠃ ᠪᠦᠬᠦ ᠵᠢᠯ ᠦᠷᠨᠢᠬᠦᠯᠦᠭᠰᠡᠨ ᠠᠵᠤ ᠠᠬᠤᠢ ᠶᠢᠨ ᠪᠠᠶᠢᠭᠤᠯᠤᠯ ᠪᠣᠯᠣᠨ ᠠᠮᠢ ᠠᠬᠤᠢ ᠶᠢᠨ | ᠪᠠᠶᠢᠭᠤᠯᠤᠯ ᠤᠨ ᠥᠭᠡᠷᠡᠴᠢᠯᠡᠯᠲᠡ173 ᠲᠦᠷᠦᠯ ᠪᠠᠶᠢᠵᠤ᠂ ᠡᠭᠦᠨ ᠳᠤ107 ᠲᠦᠷᠦᠯ ᠵᠦᠢᠯ ᠢ ᠪᠡᠶᠡᠯᠡᠭᠦᠯᠦᠭᠰᠡᠨ | ᠪᠠᠶᠢᠨ᠎ᠠ᠃ ᠪᠦᠬᠦ ᠬᠦᠴᠦᠨ ᠢᠶᠠᠷ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯ ᠤᠨ ᠥᠭᠡᠷᠡᠴᠢᠯᠡᠯᠲᠡ ᠶᠢ ᠰᠠᠶᠢᠳᠤᠷ | ᠠᠳᠬᠤᠵᠤ᠂ ᠤᠯᠤᠰ ᠤᠨ ᠥᠮᠴᠢᠯᠡᠯ ᠤᠨ ᠣᠢ ᠰᠢᠭᠤᠢ ᠶᠢᠨ ᠲᠠᠯᠠᠪᠠᠢ ᠶᠢᠨ ᠥᠭᠡᠷᠡᠴᠢᠯᠡᠯᠲᠡ ᠶᠢ ᠤᠷᠤᠭᠰᠢᠲᠠᠢ | ᠪᠡᠶᠡᠯᠡᠭᠦᠯᠦᠨ᠎ᠡ᠃ ᠲᠣᠭᠲᠠᠮᠠᠯ ᠬᠦᠷᠦᠩᠭᠡ ᠶᠢᠨ ᠳᠠᠩᠰᠠᠯᠠᠯᠲᠠ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ | ᠪᠡᠶᠡᠯᠡᠭᠦᠯᠦᠭᠰᠡᠨ ᠪᠠᠶᠢᠨ᠎ᠠ᠃ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠬᠦᠯᠵᠢᠯᠡᠨ | ᠭᠦᠨᠵᠡᠬᠡᠶᠢᠷᠡᠬᠦᠯᠵᠤ᠂ ︽ᠣᠯᠠᠨ ᠦᠨᠡᠮᠯᠡᠯ ᠢ ᠨᠡᠶᠢᠯᠡᠭᠦᠯᠦᠨ ᠨᠢᠭᠡ ᠪᠣᠯᠭᠠᠬᠤ᠂ ᠨᠢᠭᠡ ᠦᠨᠡᠮᠯᠡᠯ ᠳᠤ ᠨᠢᠭᠡ ᠨᠣᠮᠧᠷ | ᠲᠠᠢ ᠪᠠᠶᠢᠯᠭᠠᠬᠤ︾ ᠳᠦᠷᠢᠮ ᠤᠨ ᠥᠭᠡᠷᠡᠴᠢᠯᠡᠯᠲᠡ ᠶᠢ ᠢᠳᠡᠪᠬᠢᠲᠠᠢ ᠠᠬᠢᠭᠤᠯᠤᠨ᠂ ᠵᠠᠬ᠎ᠠ ᠳᠡᠯᠭᠡᠭᠦᠷ ᠲᠤ ᠣᠷᠣᠬᠤ | ᠵᠦᠪᠰᠢᠶᠡᠷᠡᠯ ᠢ ᠠᠭᠤᠵᠢᠭᠤ ᠪᠣᠯᠭᠠᠵᠣ᠂ ᠪᠦᠬᠦ ᠰᠢᠶᠠᠨ ᠤ ᠡᠯ᠎ᠡ ᠲᠦᠷᠦᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ | 6492 ᠡᠷᠦᠬᠡ ᠪᠣᠯᠤᠭᠰᠠᠨ ᠪᠠᠶᠢᠨ᠎ᠠ᠃ ᠶᠠᠪᠤᠳᠠᠯ ᠤᠨ ᠳᠣᠮᠳᠡᠬᠢ ᠶᠠᠪᠤᠳᠠᠯ ᠤᠨ ᠳᠠᠷᠠᠭᠠᠬᠢ ᠬᠢᠨᠠᠨ ᠬᠠᠮᠢᠶᠠᠷᠦᠯᠳᠡ ᠶᠢ | ᠴᠢᠩᠭᠠᠳᠬᠠᠵᠤ᠂ ︽ᠬᠤᠶᠠᠷ ᠢ ᠰᠤᠭᠤᠴᠢᠵᠤ ᠨᠢᠭᠡ ᠶᠢ ᠢᠯᠡ ᠪᠣᠯᠭᠠᠬᠤ︾ ᠬᠢᠨᠠᠨ ᠬᠠᠮᠢᠶᠠᠷᠬᠤ ᠲᠣᠭᠲᠠᠴᠠ ᠶᠢ ᠪᠦᠬᠦ | ᠲᠠᠯ᠎ᠠ ᠪᠠᠷ ᠲᠡᠯᠭᠡᠷᠡᠭᠦᠯᠦᠨ᠂ ᠵᠠᠬ᠎ᠠ ᠲᠡᠯᠭᠡᠭᠦᠷ ᠤᠨ ᠭᠤᠣᠯ ᠴᠣᠭᠴᠠ ᠶᠢᠨ ᠵᠠᠬ᠎ᠠ ᠲᠡᠯᠭᠡᠭᠦᠷ ᠲᠤ ᠪᠣᠯᠣᠨ ᠲᠡᠭᠦᠨ ᠤ | ᠵᠠᠯᠭᠠᠮᠵᠢ ᠬᠢᠨᠠᠯᠲᠡ ᠬᠠᠮᠢᠶᠠᠷᠤᠯᠲᠠ ᠶᠢ ᠵᠠᠢ ᠵᠠᠪᠰᠠᠷ ᠦᠭᠡᠢ ᠵᠣᠯᠭᠠᠯᠳᠤᠭᠤᠯᠬᠤ ᠶᠢ ᠪᠠᠲᠤᠯᠠᠭᠰᠠᠨ ᠪᠠᠶᠢᠨ᠎ᠠ᠃ | ᠡᠳ᠋ ᠤᠨ ᠵᠠᠰᠠᠭ ᠤᠨ ᠭᠠᠶᠢᠯᠢ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠤ᠂ ᠡᠳ᠋ ᠤᠨ ᠵᠠᠰᠠᠭ ᠤᠨ | ᠤᠷᠳᠤᠪᠲᠤᠷ ᠬᠤᠭᠤᠴᠠᠭᠠᠨ ᠤ ᠲᠦᠯᠦᠪᠵᠢᠭᠦᠯᠭᠡ ᠶᠢ ᠲᠤᠭᠲᠠᠭᠠᠨ᠂ ᠲᠦᠰᠦᠪ ᠢ ᠪᠡᠶᠡᠯᠡᠭᠦᠯᠬᠦ ᠪᠦᠬᠦ ᠶᠠᠪᠤᠴᠠ ᠳᠤ | ᠦᠷ᠎ᠡ ᠪᠦᠳᠦᠮᠵᠢ ᠶᠢᠨ ᠬᠠᠮᠢᠶᠠᠷᠤᠯᠲᠠ ᠶᠢᠨ ᠬᠡᠷᠡᠭᠵᠢᠭᠦᠯᠦᠭᠰᠡᠨ ᠪᠠᠶᠢᠨ᠎ᠠ᠃ ᠦᠪᠦᠷ ᠮᠣᠩᠭᠤᠯ ᠤᠨ ᠫᠦ᠋ ᠡᠾᠦ᠋ᠢ | ᠮᠦᠩᠭᠦᠨ ᠭᠦᠢᠯᠭᠡᠭᠡᠨ ᠤ ᠰᠣᠳᠣᠯᠭᠠᠨ ᠤ ᠬᠦᠷᠢᠶᠡᠯᠡᠩ ᠢ ᠤᠷᠢᠨ ᠣᠷᠣᠭᠤᠯᠵᠤ᠂ ᠰᠢᠶᠠᠨ ᠤ ᠬᠡᠪᠴᠢᠶᠡᠨ ᠳᠤ ᠣᠶᠣᠨ | ᠤᠬᠠᠭᠠᠨ ᠤ ᠦᠢᠯᠡᠴᠢᠯᠡᠭᠡᠨ ᠤ ᠲᠥᠪ ᠪᠠᠶᠢᠭᠤᠯᠤᠨ ᠠᠵᠤ ᠠᠬᠤᠶᠢᠯᠠᠯ ᠤᠨ ᠬᠦᠭᠵᠢᠯᠲᠡ ᠶᠢ ᠳᠦᠷᠢᠮᠵᠢᠭᠦᠯᠵᠠᠢ᠃ | ︵ᠵᠢᠷᠭᠤᠭ᠎ᠠ︶ᠲᠡᠮᠦᠷ ᠳᠠᠪᠲᠠᠬᠤ ᠳᠤ ᠥᠪᠡᠷ ᠢᠶᠠᠨ ᠡᠷᠬᠡᠪᠰᠢ ᠬᠠᠲᠠᠭᠤ ᠪᠠᠶᠢᠬᠤ ᠬᠡᠷᠡᠭᠲᠡᠢ᠃ ᠰᠢᠶᠠᠨ ᠤ ᠨᠠᠮ ᠤᠨ | ᠬᠤᠷᠢᠶᠠᠨ ᠤ ᠵᠦᠪ ᠤᠳᠤᠷᠢᠳᠣᠯᠭ᠎ᠠ ᠲᠣᠣᠷ᠎ᠠ᠂ ᠰᠢᠶᠠᠨ ᠤ ᠵᠠᠰᠠᠭ ᠤᠨ ᠣᠷᠳᠤᠨ ᠪᠦᠬᠦ ᠲᠠᠯ᠎ᠠ ᠪᠠᠷ ᠨᠠᠮ ᠢ ᠴᠢᠩᠭ᠎ᠠ | ᠵᠠᠰᠠᠬᠤ ᠱᠠᠭᠠᠷᠳᠠᠯᠭ᠎ᠠ ᠶᠢ ᠵᠠᠰᠠᠭ ᠤᠨ ᠣᠷᠳᠣᠨ ᠤ ᠠᠵᠢᠯ ᠤᠨ ᠪᠦᠬᠦ ᠲᠠᠯ᠎ᠠ ᠳᠤ ᠲᠣᠣᠱᠯᠠᠭᠤᠯᠬᠤ ᠶᠢ ᠪᠠᠷᠢᠮᠲᠠᠯᠠᠨ᠂ | ︽ᠬᠤᠶᠠᠷ ᠢ ᠰᠣᠷᠴᠤ ᠨᠢᠭᠡ ᠳᠤ ᠲᠡᠩᠴᠡᠭᠦᠯᠬᠦ︾ ᠰᠣᠷᠣᠯᠴᠠᠯᠭ᠎ᠠ ᠬᠦᠮᠦᠵᠢᠯ ᠢ ᠦᠷᠬᠦᠯᠵᠢᠯᠡᠨ ᠦᠷᠨᠢᠬᠦᠯᠵᠤ᠂ | ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠥᠭᠡᠷᠡᠴᠢᠯᠡᠬᠦ ᠰᠠᠨᠠᠯ ᠢ ᠨᠠᠷᠢᠨ ᠬᠢᠨᠠᠮᠠᠭᠠᠢ | ᠨᠠᠶᠢᠳᠠᠪᠤᠷᠢᠵᠢᠭᠤᠯᠤᠨ ︽ᠭᠤᠷᠪᠠᠨ ᠴᠢᠬᠤᠯᠠ ᠨᠢᠭᠡ ᠲᠣᠮᠣ︾ ᠶᠢ ᠬᠠᠮᠳᠤᠪᠡᠷ ᠵᠦᠪᠯᠡᠨ ᠰᠢᠢᠳᠪᠤᠷᠢ ᠭᠠᠷᠭᠠᠬᠤ ᠵᠡᠷᠬᠡ | ᠲᠥᠷᠢᠮ ᠢ ᠲᠣᠭᠲᠠᠭᠠᠨ ᠬᠡᠷᠡᠭᠵᠢᠭᠦᠯᠵᠦ᠂ ᠵᠠᠰᠠᠭ ᠤᠨ ᠣᠷᠳᠤᠨ ᠤ ᠰᠢᠰᠲ᠋ᠧᠮ ᠤᠨ ᠠᠷᠢᠭᠤᠨ ᠴᠢᠭᠴᠢ | ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠠᠳᠬᠠᠪᠡ᠃ ᠵᠠᠰᠠᠭ ᠵᠠᠬᠢᠷᠭᠠᠨ ᠤ ᠬᠢᠨᠠᠨ ᠪᠠᠶᠢᠴᠠᠭᠠᠬᠤ ᠪᠣᠯᠣᠨ ᠬᠢᠨᠠᠨ | ᠪᠣᠳᠣᠵᠣ ᠬᠢᠨᠠᠯᠲᠡ ᠲᠠᠯᠪᠢᠬᠤ ᠵᠠᠷᠴᠢᠮ ᠢ ᠴᠢᠩᠭᠠᠳᠬᠠᠨ᠂ ᠰᠠᠬᠢᠯᠭ᠎ᠠ ᠪᠠᠲᠤ ᠶᠢ ᠰᠠᠮᠠᠷᠠᠭᠤᠯᠤᠨ᠂ ᠡᠯ᠎ᠡ ᠵᠦᠢᠯ ᠤᠨ | ᠬᠠᠦᠯᠢ ᠵᠦᠷᠢᠴᠡᠭᠰᠡᠨ ᠬᠡᠷᠡᠭ ᠢ ᠴᠢᠩᠭ᠎ᠠ ᠪᠠᠶᠢᠴᠠᠭᠠᠨ ᠰᠢᠢᠳᠬᠡᠵᠠᠢ᠃ ᠵᠠᠰᠠᠭ ᠤᠨ ᠣᠷᠳᠣᠨ ᠤ ᠲᠦᠰᠦᠪ᠂ ᠰᠠᠯᠠᠭ᠎ᠠ | ᠮᠦᠴᠢᠷ ᠤᠨ ᠲᠦᠰᠦᠪ᠂ ᠭᠤᠷᠪᠠᠨ ᠠᠯᠪᠠᠨ ᠵᠠᠷᠤᠳᠠᠯ ᠢ ᠪᠦᠬᠦᠨ ᠢ ᠨᠡᠶᠢᠭᠡᠮ ᠨᠡᠡᠶᠢᠲᠡ ᠳᠤ ᠢᠯᠡ ᠨᠡᠶᠢᠲᠡᠯᠡᠪᠡ᠃ | ᠲᠤᠰᠬᠠᠢ ᠲᠦᠷᠦᠯ ᠤᠨ ᠰᠢᠮᠳᠠᠭᠤᠯᠤᠨ ᠪᠠᠶᠢᠴᠠᠭᠠᠬᠤ ᠡᠷᠴᠢᠮ ᠢᠶᠠᠨ ᠴᠢᠩᠭᠠᠳᠬᠠᠨ ᠲᠣᠮᠣ ᠶᠡᠭᠡ ᠲᠦᠷᠤ ᠶᠢᠨ | ᠪᠣᠳᠣᠯᠭ᠎ᠠ ᠶᠢᠨ ᠬᠡᠷᠡᠭᠵᠢᠬᠦᠯᠦᠨ ᠨᠠᠶᠢᠳᠠᠪᠤᠷᠢᠵᠢᠭᠤᠯᠬᠤ ᠶᠢ ᠬᠥᠴᠥᠲᠠᠢ ᠠᠳᠬᠤᠵᠠᠢ᠃ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠵᠢᠴᠢ ᠪᠠᠶᠢᠩᠭᠤ ᠶᠢᠨ ᠬᠤᠷᠢᠶᠠᠨ ᠰᠢᠢᠳᠪᠤᠷᠢ ᠲᠣᠭᠲᠠᠭᠠᠯ ᠢ ᠨᠠᠷᠢᠨ ᠬᠢᠨᠠᠮᠠᠭᠠᠢ | ᠬᠡᠷᠡᠭᠵᠢᠭᠦᠯᠦᠨ᠂ ᠤᠬᠠᠮᠰᠠᠷ ᠠᠴᠠ ᠪᠠᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ | ᠵᠦᠪᠯᠡᠯᠭᠡᠨ ᠪᠣᠯᠣᠨ ᠨᠡᠶᠢᠭᠡᠮ ᠨᠡᠶᠢᠲᠡ ᠶᠢᠨ ᠬᠢᠨᠠᠯᠲᠡ ᠶᠢ ᠬᠦᠯᠢᠶᠡᠪᠡ᠃ ᠠᠷᠠᠳ ᠤᠨ ᠲᠦᠯᠦᠭᠡᠯᠡᠭᠴᠢᠳ ᠤᠨ ᠰᠠᠨᠠᠯ | ᠵᠦᠪᠯᠡᠯᠭᠡ᠂ ᠰᠠᠨᠠᠭᠤᠯᠭ᠎ᠠ ᠪᠣᠯᠣᠨ ᠤᠯᠤᠰ ᠲᠥᠷᠥ ᠶᠢᠨ ᠵᠦᠪᠯᠡᠯᠭᠡᠨ ᠤ ᠭᠡᠰᠢᠭᠦᠳ ᠤᠨ ᠳᠤᠷᠠᠳᠤᠭᠰᠠᠨ | ᠳᠤᠷᠠᠳᠤᠯᠭ᠎ᠠ ᠶᠢ ᠭᠦᠢᠴᠡᠳᠬᠡᠭᠡᠳ ᠬᠠᠷᠢᠭᠤ ᠦᠭᠭᠦᠭᠰᠡᠨ ᠨᠣᠷᠮ᠎ᠠ ᠨᠢ100% ᠳᠤ ᠬᠦᠷᠴᠠᠢ᠃ | ᠲᠦᠯᠦᠭᠡᠯᠡᠭᠴᠢᠳ ᠡ᠂2017 ᠣᠨ ᠪᠣᠯ ᠲᠤᠶᠢᠯ ᠤᠨ ᠶᠡᠷᠤ ᠪᠣᠰᠤ ᠶᠢᠨ ᠨᠢᠭᠡ ᠵᠢᠯ ᠪᠣᠯᠣᠨ᠎ᠠ᠂ ᠨᠠᠮ ᠤᠨ | ᠠᠷᠪᠠ ᠶᠢᠰᠦᠳᠦᠭᠡᠷ ᠶᠡᠭᠡ ᠬᠤᠷᠠᠯ ᠨᠢ ᠪᠦᠬᠦ ᠲᠠᠯ᠎ᠠ ᠪᠠᠷ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ | ᠪᠠᠶᠢᠭᠤᠯᠬᠤ ᠰᠢᠨ᠎ᠡ ᠠᠶᠠᠨ ᠵᠠᠮ ᠢ ᠡᠬᠢᠯᠡᠭᠦᠯᠦᠭᠰᠡᠨ ᠪᠠᠶᠢᠨ᠎ᠠ᠃ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠲᠤᠮᠲᠠᠲᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠣᠨ ᠨᠠᠮ ᠤᠨ ᠠᠷᠪᠠ | ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠬᠡᠢ ᠰᠣᠷᠣᠯᠴᠠᠨ ᠤᠬᠠᠭᠤᠯᠤᠨ ᠲᠤᠤᠱᠯᠠᠭᠤᠯᠵᠤ᠂ | ᠬᠦᠭᠵᠢᠯᠲᠡ ᠶᠢᠨ ᠢᠲᠡᠭᠡᠯ ᠬᠤᠪᠢᠷᠠᠬᠤ ᠦᠭᠡᠢ᠂ ᠥᠭᠡᠷᠡᠴᠢᠯᠡᠯᠲᠡ ᠶᠢᠨ ᠡᠷᠴᠢ ᠪᠠᠭᠤᠷᠠᠬᠤ ᠦᠭᠡᠢ᠂ | ᠪᠣᠭᠤᠮᠲᠡᠰᠢᠪᠳᠤᠯᠬᠤ ᠠᠯᠬᠤᠮ ᠵᠣᠭᠰᠣᠰᠢ ᠦᠭᠡᠢ ᠪᠠᠶᠢᠬᠤ ᠶᠢ ᠢᠮᠬᠠᠲᠡ ᠪᠠᠷᠢᠮᠲᠠᠯᠠᠨ᠎ᠠ᠃ ᠪᠢᠳᠡ ᠥᠪᠡᠷᠲᠡᠭᠡᠨ | ᠵᠠᠰᠠᠬᠤ ᠣᠷᠣᠨ ᠪᠠᠶᠢᠭᠤᠯᠤᠭᠳᠠᠭᠰᠠᠨ70 ᠵᠢᠯ ᠤᠨ ᠣᠢ ᠶᠢ ᠪᠠᠶᠠᠷᠯᠠᠨ ᠪᠡᠯᠭᠡᠯᠡᠵᠣ᠂ ︽ᠦᠵᠡᠰᠭᠦᠯᠡᠩᠲᠤ ᠰᠠᠶᠢᠬᠠᠨ | ᠦᠪᠤᠷ ᠮᠣᠩᠭᠤᠯ ᠢᠶᠠᠨ ᠪᠦᠳᠦᠭᠡᠨ ᠪᠠᠶᠢᠭᠤᠯᠵᠣ᠂ ᠠᠭᠤᠤ ᠶᠡᠭᠡ ᠲᠤᠮᠲᠠᠲᠤ ᠶᠢᠨ ᠵᠡᠭᠦᠲᠤ ᠪᠠᠨ ᠬᠠᠮᠲᠤᠪᠡᠷ | ᠲᠡᠷᠭᠡᠯᠰᠢᠯᠡᠬᠦᠯᠬᠦ︾ ᠠᠤᠭ᠎ᠠ ᠶᠡᠭᠡ ᠬᠦᠴᠦᠨ ᠢ ᠳᠠᠶᠢᠴᠢᠯᠠᠨ ᠨᠢᠭᠲᠠᠷᠠᠭᠤᠯᠪᠠ᠃ ᠪᠢᠳᠡ ᠳᠡᠭᠡᠳᠤ ᠬᠡᠮᠵᠢᠶᠡᠨ ᠤ ᠤᠯᠤᠰ | ᠲᠥᠷᠥ ᠶᠢᠨ ᠤᠬᠠᠮᠰᠠᠷ ᠢᠶᠠᠷ᠂ ᠲᠥᠪ ᠪᠣᠯᠣᠨ ᠥᠪᠡᠷᠲᠡᠭᠡᠨ ᠵᠠᠰᠠᠬᠤ ᠣᠷᠣᠨ ᠤ ᠲᠣᠭᠤᠷᠢᠨ ᠪᠠᠶᠢᠴᠠᠭᠠᠭᠰᠠᠨ᠂ | ᠣᠷᠴᠢᠨ ᠠᠬᠤᠢ ᠶᠢ ᠰᠢᠮᠳᠠᠭᠤᠯᠤᠨ ᠪᠠᠶᠢᠴᠠᠭᠠᠵᠤ᠂ ᠬᠠᠷᠢᠭᠤ ᠲᠤᠰᠬᠠᠭᠰᠠᠨ ᠰᠠᠨᠠᠯ ᠢᠶᠠᠷ ᠴᠡᠭᠴᠡᠯᠡᠨ | ᠰᠠᠶᠢᠵᠢᠷᠠᠭᠤᠯᠬᠤ ᠶᠢ ᠲᠦᠯᠬᠢᠨ ᠠᠬᠢᠭᠤᠯᠵᠤ᠂ ᠡᠳ᠋ ᠤᠨ ᠵᠠᠰᠠᠭ ᠤᠨ ᠮᠦᠩᠭᠦᠨ ᠭᠦᠢᠯᠭᠡᠭᠡᠨ ᠤ ᠬᠡᠨᠡᠨ | ᠲᠦᠭᠰᠢᠭᠦᠷᠢ ᠶᠢ ᠰᠡᠷᠭᠡᠶᠢᠯᠡᠵᠤ ᠬᠦᠭᠵᠢᠯᠲᠡ ᠶᠢᠨ ᠠᠯᠬᠤᠴᠠ ᠤᠯᠠᠮ ᠯᠠᠪᠳᠠᠭᠤᠨ ᠪᠠᠲᠤᠲᠠᠢ ᠪᠣᠯᠣᠭᠰᠠᠨ ᠪᠠᠶᠢᠨ᠎ᠠ᠃ | ᠡᠨᠡ ᠪᠣᠯ ᠬᠤᠲᠡ ᠶᠢᠨ ᠨᠠᠮ ᠤᠨ ᠬᠤᠷᠢᠶ᠎ᠡ᠂ ᠵᠠᠰᠠᠭ ᠤᠨ ᠣᠷᠳᠣᠨ ᠪᠣᠯᠣᠨ ᠰᠢᠶᠠᠨ ᠤ ᠨᠠᠮ ᠤᠨ ᠬᠤᠷᠢᠶᠠᠨ ᠤ ᠪᠠᠲᠤ | ᠴᠢᠩᠭ᠎ᠠ ᠤᠳᠤᠷᠢᠳᠤᠯᠭ᠎ᠠ ᠶᠢᠨ ᠦᠷ᠎ᠡ ᠳ᠋ᠦᠩ ᠮᠦᠨ ᠴᠤ ᠰᠢᠶᠠᠨ ᠤ ᠠᠷᠠᠳ ᠤᠨ ᠲᠦᠯᠦᠭᠡᠯᠡᠭᠴᠢᠳ ᠤᠨ ᠶᠡᠭᠡ | ᠬᠤᠷᠠᠯ᠂ ᠰᠢᠶᠠᠨ ᠤ ᠤᠯᠤᠰ ᠲᠥᠷᠥ ᠶᠢᠨ ᠵᠦᠪᠯᠡᠯᠭᠡᠨ ᠤ ᠬᠦᠴᠦᠲᠠᠢ ᠲᠡᠮᠵᠢᠯᠭᠡ ᠶᠢᠨ ᠦᠷ᠎ᠡ ᠳ᠋ᠦᠩ᠂ ᠪᠠᠰᠠ ᠴᠤ | ᠪᠦᠬᠦ ᠰᠢᠶᠠᠨ ᠤ ᠡᠯ᠎ᠡ ᠦᠨᠳᠦᠰᠦᠲᠡᠨ ᠤ ᠠᠷᠠᠳ ᠲᠦᠮᠡᠨ ᠤ ᠪᠦᠯᠬᠦᠮᠳᠡᠨ ᠲᠡᠮᠡᠴᠡᠵᠤ᠂ ᠬᠠᠲᠠᠭᠤᠯᠲᠠᠢ | ᠠᠵᠢᠯᠯᠠᠭᠰᠠᠨ ᠤ ᠦᠷ᠎ᠡ ᠳ᠋ᠥᠩ ᠮᠥᠨ᠃ ᠡᠭᠦᠨ ᠳᠤ᠂ ᠪᠢ ᠰᠢᠶᠠᠨ ᠤ ᠠᠷᠠᠳ ᠤᠨ ᠵᠠᠰᠠᠭ ᠤᠨ ᠣᠷᠳᠣᠨ ᠢ | ᠲᠦᠯᠦᠭᠡᠯᠡᠨ᠂ ᠪᠦᠬᠦ ᠰᠢᠶᠠᠨ ᠤ ᠡᠯ᠎ᠡ ᠦᠨᠳᠦᠰᠦᠲᠡᠨ ᠤ ᠺᠠᠳᠠᠷ ᠣᠯᠠᠨ ᠲᠦᠮᠡᠨ ᠳᠤ᠂ ᠬᠤᠸᠠᠳᠧ ᠰᠢᠶᠠᠨ ᠤ | ᠬᠦᠭᠵᠢᠯᠲᠡ ᠪᠦᠳᠦᠭᠡᠨ ᠪᠠᠶᠢᠭᠤᠯᠤᠯᠲᠡ ᠳᠤ ᠵᠢᠳᠭᠦᠯ ᠢᠶᠠᠨ ᠵᠣᠷᠢᠭᠤᠯᠣᠭᠰᠠᠨ ᠪᠦᠬᠦᠶᠢᠯᠡ ᠬᠦᠮᠦᠰ᠂ ᠡᠷᠬᠢᠮ ᠨᠠᠶᠢᠵᠠ | ᠨᠠᠷ ᠲᠠᠭᠠᠨ ᠬᠠᠮᠤᠭ ᠤᠨ ᠡᠷᠬᠢᠮ ᠳᠡᠭᠡᠲᠤ ᠬᠦᠨᠳᠤᠳᠬᠡᠯ ᠪᠠ ᠦᠨᠡᠨ ᠰᠡᠳᠬᠢᠯ ᠤᠨ ᠪᠠᠶᠠᠷ ᠲᠠᠯᠠᠷᠬᠠᠯ ᠢᠶᠠᠨ | ᠳᠡᠪᠰᠢᠭᠦᠯᠵᠤ ᠪᠠᠶᠢᠨ᠎ᠠ᠃ | ᠦᠷ᠎ᠡ ᠪᠦᠳᠦᠭᠡᠯ ᠨᠣᠲᠠᠯᠠᠭᠤᠰᠢᠲᠠᠢ ᠪᠣᠯᠪᠠᠴᠤ ᠠᠰᠠᠭᠤᠳᠠᠯ ᠠᠴᠠ ᠵᠠᠶᠢᠯᠠᠰᠬᠢᠵᠤ ᠪᠣᠯᠬᠤ ᠦᠭᠡᠢ ᠶᠤᠮ᠃ | ᠮᠠᠨ ᠤ ᠬᠠᠮᠤᠭ ᠤᠨ ᠳᠤᠪᠤᠶᠢᠮ᠎ᠠ ᠠᠰᠠᠭᠤᠳᠠᠯ ᠪᠣᠯ ᠳᠠᠷᠤᠢ ᠬᠦᠭᠵᠢᠯᠲᠡ ᠲᠡᠩᠴᠡᠭᠦᠷᠢ ᠦᠭᠡᠢ᠂ ᠭᠦᠢᠴᠡᠳ ᠪᠤᠰᠤ | ᠠᠰᠠᠭᠤᠳᠠᠯ ᠪᠣᠯᠣᠨ᠎ᠠ᠃ ᠡᠨᠡ ᠨᠢ ᠨᠢᠭᠡᠨᠲᠡ ᠠᠷᠠᠳ ᠲᠦᠮᠡᠨ ᠤ ᠡᠳᠦᠷ ᠢᠷᠡᠭᠦᠶ᠎ᠡ ᠨᠡᠮᠡᠭᠳᠡᠵᠦ ᠪᠠᠶᠢᠭ᠎ᠠ ᠰᠠᠶᠢᠨ | ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠶᠠᠪᠤᠳᠠᠯ ᠢ ᠬᠢᠵᠠᠭᠠᠷᠯᠠᠵᠤ ᠪᠠᠶᠢᠭ᠎ᠠ ᠭᠤᠣᠯ ᠡᠯᠧᠮᠧᠲ ᠪᠣᠯᠵᠤ | ᠪᠤᠢ᠃ ᠭᠦᠢᠴᠡᠳ ᠪᠣᠰᠤ ᠪᠠᠶᠢᠬᠤ ᠶᠢᠨ ᠭᠤᠣᠯ ᠢᠯᠡᠷᠡᠯ ᠨᠢ᠄ ᠠᠵᠤ ᠠᠬᠤᠢ ᠶᠢᠨ ᠶᠡᠷᠦᠩᠬᠡᠢ ᠬᠡᠮᠵᠢᠶ᠎ᠡ ᠪᠠᠭ᠎ᠠ᠂ | ᠠᠵᠢᠯ ᠦᠢᠯᠡᠰ ᠤᠨ ᠪᠦᠳᠦᠴᠡ ᠲᠣᠬᠢᠷᠠᠮᠵᠢ ᠦᠭᠡᠢ᠂ ᠨᠢᠭᠡ᠂ ᠬᠤᠶᠠᠷ᠂ ᠭᠤᠷᠪᠠᠳᠤᠭᠠᠷ ᠠᠵᠤ ᠦᠢᠯᠡᠰ ᠤᠨ | ᠠᠭᠤᠰᠤᠯᠴᠠᠯ ᠭᠦᠢᠴᠡᠳ ᠪᠣᠰᠤ ᠪᠠᠶᠢᠭ᠎ᠠ ᠶᠠᠪᠤᠳᠠᠯ ᠪᠣᠯᠣᠨ᠎ᠠ᠃ ᠣᠳᠣᠬᠢᠴᠢᠯᠠᠭᠰᠠᠨ ᠲᠠᠷᠢᠶᠠᠯᠠᠩ ᠮᠠᠯ ᠠᠵᠤ | ᠠᠬᠤᠢ ᠶᠢᠨ ᠡᠵᠡᠩᠨᠡᠯᠲᠡ ᠶᠢᠨ ᠰᠢᠰᠲ᠋ᠧᠮ ᠲᠡᠭᠦᠯᠲᠡᠷ ᠪᠣᠰᠤ᠂ ᠲᠣᠯᠣᠭᠠᠶᠢᠯᠠᠭᠴᠢ ᠠᠵᠤ ᠠᠬᠤᠶᠢᠯᠠᠯ ᠣᠯᠠᠨ ᠪᠢᠰᠢ᠂ | ᠨᠡᠷᠡᠲᠤ ᠲᠡᠮᠲᠡᠭ ᠡᠭᠦᠳᠤᠨ ᠪᠦᠳᠦᠭᠡᠬᠦ ᠤᠬᠠᠮᠰᠠᠷ ᠲᠣᠷᠣᠢ ᠵᠡᠷᠭᠡ ᠠᠰᠠᠭᠤᠳᠠᠯ ᠣᠷᠤᠰᠢᠵᠣ ᠪᠤᠢ᠃ ᠤᠯᠠᠮᠵᠢᠯᠠᠯᠲᠤ | ᠠᠵᠤ ᠦᠢᠯᠡᠰ ᠤᠨ ᠦᠢᠯᠡᠳᠪᠤᠷᠢᠯᠡᠯ ᠤᠨ ᠠᠷᠭ᠎ᠠ ᠮᠠᠶ᠋ᠢᠭ ᠪᠦᠳᠦᠭᠦᠯᠢᠭ᠂ ᠦᠢᠯᠡᠳᠪᠦᠷᠢᠯᠡᠯ ᠤᠨ ᠴᠢᠨᠠᠷᠲᠠᠢ | ᠪᠠᠷᠠᠭᠠᠨ ᠤ ᠭᠦᠢᠯᠭᠡᠭᠡ᠂ ᠬᠦᠮᠦᠷᠭᠡᠯᠡᠨ ᠬᠠᠳᠠᠭᠠᠯᠠᠯᠲᠡ᠂ ᠡᠯᠧᠺᠲᠷᠣᠨ ᠬᠤᠳᠠᠯᠳᠤᠭ᠎ᠠ ᠵᠡᠷᠭᠡ ᠲᠦᠭᠦᠷᠵᠢᠭᠰᠡᠨ | ᠰᠢᠰᠲ᠋ᠧᠮ ᠲᠡᠭᠦᠯᠳᠡᠷ ᠪᠣᠰᠣ᠂ ᠦᠢᠯᠡᠴᠢᠯᠡᠭᠡᠨ ᠤ ᠦᠢᠯᠡᠰ ᠤᠨ ᠬᠦᠭᠵᠢᠯᠲᠡ ᠶᠢᠨ ᠲᠦᠪᠰᠢᠨ ᠦᠨᠳᠦᠷ ᠪᠢᠰᠢ ᠵᠡᠷᠭᠡ | ᠠᠰᠠᠭᠤᠳᠠᠯ ᠤᠷᠤᠰᠢᠵᠣ ᠪᠤᠢ᠃ ᠵᠠᠰᠠᠭ ᠤᠨ ᠣᠷᠳᠣᠨ ᠤ ᠦᠷᠢ ᠰᠢᠷᠢ ᠠᠷᠢᠯᠭᠠᠬᠤ ᠳᠠᠷᠤᠯᠲᠡ ᠪᠠᠷ ᠶᠡᠭᠡ᠂ | ᠤᠷᠤᠯᠭ᠎ᠠ ᠵᠠᠷᠤᠯᠭ᠎ᠠ ᠶᠢᠨ ᠵᠦᠷᠢᠴᠡᠯ ᠳᠣᠪᠤᠶᠢᠮ᠎ᠠ ᠪᠠᠶᠢᠨ᠎ᠠ᠃ ᠪᠣᠳᠠᠲᠤ ᠴᠣᠭᠴᠠ ᠶᠢᠨ ᠠᠵᠤ ᠠᠬᠤᠢ ᠶᠢᠨ | ᠭᠦᠢᠯᠭᠡᠭᠡᠨ ᠤ ᠪᠡᠯᠡ ᠮᠦᠩᠭᠦᠨ ᠤ ᠮᠠᠳᠠᠭ ᠲᠠᠢ ᠠᠰᠠᠭᠤᠳᠠᠯ ᠮᠦᠨ ᠯᠠ ᠤᠷᠤᠰᠢᠵᠣ ᠪᠤᠢ᠃ ᠲᠡᠩᠴᠡᠭᠦᠷᠢ | ᠦᠭᠡᠢ ᠶᠢᠨ ᠭᠤᠣᠯ ᠢᠯᠡᠷᠡᠯ ᠭᠡᠪᠡᠯ᠄ ᠶᠠᠳᠠᠭᠤ ᠠᠴᠠ ᠠᠩᠬᠢᠵᠢᠷᠠᠭᠤᠯᠬᠤ ᠪᠣᠭᠤᠮᠲᠡ ᠰᠢᠪᠲᠤᠯᠬᠤ ᠡᠭᠦᠷᠬᠡ | ᠬᠠᠳᠠᠭᠤᠵᠢᠯᠲᠠᠢ ᠪᠠᠶᠢᠨ᠎ᠠ᠃ ᠣᠯᠠᠨ ᠨᠡᠶᠢᠲᠡ ᠶᠢᠨ ᠦᠢᠯᠡᠴᠢᠯᠡᠬᠡᠨ ᠤ ᠬᠢᠷᠢ ᠲᠦᠪᠰᠢᠨ ᠳᠣᠣᠷ᠎ᠠ᠂ ᠠᠷᠠᠳ ᠣᠯᠠᠨ ᠤ | ᠬᠠᠯᠠᠮᠵᠢᠯᠠᠵᠤ ᠪᠠᠶᠢᠭ᠎ᠠ ᠠᠵᠢᠯ ᠣᠯᠬᠤ᠂ ᠰᠤᠷᠭᠠᠭᠤᠯᠢ ᠳᠤ ᠰᠠᠭᠤᠬᠤ᠂ ᠡᠪᠡᠳᠴᠢᠨ ᠦᠵᠡᠬᠦᠯᠬᠦ᠂ ᠠᠳᠠᠯ ᠠᠬᠤᠢ ᠶᠢᠨ | ᠬᠠᠮᠢᠶᠠᠷᠤᠯᠲᠡ ᠵᠡᠷᠬᠡ ᠲᠠᠯ᠎ᠠ ᠪᠠᠷ ᠪᠠᠰᠠ ᠴᠥᠬᠡᠨ ᠪᠣᠰᠤ ᠠᠰᠠᠭᠤᠳᠠᠯ ᠣᠷᠣᠰᠢᠵᠤ ᠬᠤᠶᠢᠰᠢᠳᠠ ᠬᠤᠲᠠ ᠶᠢᠨ | ᠬᠠᠮᠢᠶᠠᠷᠤᠯᠲᠠ ᠶᠢᠨ ᠬᠢᠷᠢ ᠲᠦᠪᠰᠢᠨ ᠢ ᠲᠡᠭᠡᠭᠰᠢᠯᠡᠭᠦᠯᠬᠦ ᠴᠢᠬᠤᠯᠠᠲᠠᠢ ᠪᠠᠶᠢᠨ᠎ᠠ᠃ ᠠᠮᠢ ᠠᠬᠤᠢ ᠶᠢᠨ ᠣᠷᠴᠢᠨ | ᠲᠣᠭᠤᠷᠢᠨ ᠤ ᠬᠠᠮᠠᠭᠠᠯᠠᠯᠲᠡ ᠶᠢᠨ ᠡᠭᠦᠷᠭᠡ ᠬᠦᠨᠳᠤ᠂ ᠵᠠᠮ ᠬᠤᠯᠠ᠂ ᠡᠬᠢ ᠪᠠᠶᠠᠯᠢᠭ ᠤᠨ ᠣᠷᠴᠢᠨ ᠲᠣᠭᠤᠷᠢᠨ ᠤ | ᠬᠢᠵᠠᠭᠠᠷᠯᠠᠯ᠂ ᠡᠳᠦᠷ ᠢᠷᠡᠭᠦᠶ᠎ᠡ ᠳᠤᠪᠤᠶᠢᠮ᠎ᠠ ᠪᠣᠯᠵᠤ᠂ ᠪᠦᠬᠦ ᠠᠷᠠᠳ ᠤᠨ ᠤᠰᠤ ᠠᠷᠪᠢᠯᠠᠬᠤ ᠤᠬᠠᠮᠰᠠᠷ ᠪᠠ | ᠲᠣᠭᠲᠠᠴᠠ ᠵᠢᠩᠬᠢᠨᠢ ᠪᠦᠷᠢᠯᠳᠤᠵᠤ ᠴᠢᠳᠠᠭᠠᠳᠤᠢ᠂ ᠠᠶᠤᠯᠬᠦᠢ ᠦᠢᠯᠡᠳᠪᠤᠷᠢᠯᠡᠯ ᠪᠠᠰᠠ ᠴᠥᠬᠡᠨ ᠪᠣᠰᠣ ᠳᠠᠯᠳᠡ ᠬᠡᠮ | ᠲᠠᠢ ᠪᠠᠶᠢᠨ᠎ᠠ᠃ ᠡᠭᠦᠨ ᠤ ᠲᠠᠭᠠᠤ᠂ ᠵᠠᠰᠠᠭ ᠤᠨ ᠣᠷᠳᠣᠨ ᠤ ᠠᠵᠢᠯ ᠳᠤ ᠮᠠᠰᠢ ᠣᠯᠠᠨ ᠬᠦᠷᠦᠯᠴᠡᠬᠦ ᠦᠭᠡᠢ ᠲᠠᠯ᠎ᠠ | ᠲᠠᠢ᠂ ᠵᠠᠷᠢᠮ ᠺᠠᠳᠠᠷ ᠤᠨ ᠠᠵᠤ ᠠᠬᠤᠶᠢᠯᠠᠯ ᠳᠤ ᠰᠠᠨᠠᠭᠠᠴᠢᠯᠠᠭ᠎ᠠ ᠠᠴᠠ ᠪᠠᠨ ᠦᠢᠯᠡᠴᠢᠯᠡᠬᠦ ᠤᠬᠠᠮᠰᠠᠷ ᠴᠢᠩᠭ᠎ᠠ ᠪᠣᠰᠣ | ᠂ ᠨᠠᠶᠢᠳᠠᠪᠤᠷᠢᠵᠢᠭᠤᠯᠤᠯᠲᠡ ᠶᠢᠨ ᠬᠦᠴᠤᠨ ᠦᠭᠡᠢ᠂ ᠠᠷᠠᠳ ᠣᠯᠠᠨ ᠳᠤ ᠠᠰᠠᠭᠤᠳᠠᠯ ᠢ ᠰᠢᠢᠳᠪᠤᠷᠢᠯᠡᠬᠦ ᠦᠷ᠎ᠡ | ᠠᠰᠢᠭ ᠢᠶᠠᠷ ᠦᠨᠳᠤᠷ ᠪᠣᠰᠣ᠂ ᠬᠡᠪ ᠰᠣᠷᠲᠠᠯ ᠪᠤᠳᠠᠲᠠᠢ ᠪᠣᠰᠣ ︽ᠶᠠᠪᠤᠳᠠᠯ ᠬᠢᠬᠦ ᠳᠤ ᠬᠦᠴᠢᠷ ᠲᠠᠢ︾ ᠦᠵᠡᠭᠳᠡᠯ | ᠪᠠᠰᠠ ᠯᠠ ᠵᠣᠬᠢᠬᠤ ᠬᠡᠮᠵᠢᠶ᠎ᠡ ᠪᠠᠷ ᠤᠷᠤᠰᠢᠵᠤ ᠪᠤᠢ᠃ ᠡᠶᠢᠮᠤ ᠠᠴᠠ ᠪᠢᠳᠡ ᠳᠡᠭᠡᠳᠤ ᠬᠡᠮᠵᠢᠶ᠎ᠡ ᠪᠠᠷ ᠴᠢᠬᠤᠯᠠᠴᠢᠯᠠᠵᠤ᠂ | ᠠᠰᠠᠭᠤᠳᠠᠯ ᠢᠶᠠᠷ ᠵᠢᠯᠤᠭᠤᠳᠤᠮᠵᠢ ᠪᠣᠯᠭᠠᠬᠤ ᠶᠢ ᠢᠮᠬᠠᠳᠡ ᠪᠠᠷᠢᠮᠲᠠᠯᠠᠵᠤ᠂ ᠠᠰᠢᠭ ᠦᠭᠡᠢ ᠲᠠᠯ᠎ᠠ ᠪᠠᠨ ᠡᠷᠡᠰ ᠬᠠᠯᠠᠵᠤ | ᠂ ᠳᠤᠲᠠᠭᠤᠳᠠᠯ ᠢᠶᠠᠨ ᠲᠦᠷᠭᠡᠨ ᠨᠦᠬᠦᠪᠦᠷᠢᠯᠡᠵᠤ᠂ ᠪᠦᠬᠦ ᠰᠡᠳᠬᠢᠯ ᠪᠦᠬᠦ ᠴᠢᠳᠠᠯ ᠢᠶᠠᠷ ᠢᠶᠠᠨ ᠵᠠᠰᠠᠭ ᠤᠨ ᠣᠷᠳᠣᠨ ᠤ | ᠠᠵᠢᠯ ᠢ ᠰᠠᠶᠢᠲᠤᠷ ᠬᠢᠵᠤ᠂ ᠠᠷᠠᠳ ᠲᠦᠮᠡᠨ ᠤ ᠢᠲᠡᠭᠡᠯ ᠪᠠ ᠬᠦᠰᠡᠯ ᠢ ᠶᠠᠭᠠᠬᠢᠭᠰᠠᠨ ᠴᠤ ᠬᠦᠰᠡᠷᠳᠡᠬᠦᠯᠬᠦ ᠦᠭᠡᠢ᠃ | 2018ᠣᠨ ᠤ ᠠᠵᠢᠯ ᠭᠤᠤᠯ ᠡᠭᠦᠷᠭᠡ | ᠲᠠᠪᠤᠨ ᠵᠢᠯ ᠠᠴᠠ ᠲᠡᠷᠢᠬᠦᠨ ᠣᠨ ᠢ ᠬᠠᠷᠠᠬᠤ ᠳᠤ᠂ ᠡᠬᠢᠯᠡᠯᠳᠡ ᠨᠢ ᠲᠠᠷᠤᠢ ᠬᠠᠮᠤᠭ ᠵᠠᠩᠭᠢᠯᠭ᠎ᠠ ᠪᠠᠶᠢᠳᠠᠭ᠃ | 2018 ᠣᠨ ᠨᠢ ᠰᠢᠨ᠎ᠡ ᠨᠢᠭᠡᠨ ᠬᠤᠭᠤᠴᠠᠭᠠᠨ ᠤ ᠵᠠᠰᠠᠭ ᠤᠨ ᠣᠷᠳᠤᠨ ᠤ ᠡᠬᠢᠯᠡᠯᠳᠡ ᠶᠢᠨ ᠣᠨ ᠮᠦᠨ᠂ ᠮᠦᠨ | ᠴᠤ ᠨᠠᠮ ᠤᠨ ᠠᠷᠪᠠ ᠶᠢᠰᠤᠳᠤᠭᠡᠷ ᠬᠤᠭᠤᠴᠠᠭᠠᠨ ᠤ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠤᠱᠠᠯᠠᠭᠤᠯᠬᠤ | ᠡᠬᠢᠯᠡᠯᠳᠡ ᠶᠢᠨ ᠵᠢᠯ ᠪᠤᠯᠤᠨ᠎ᠠ᠃ ᠪᠠᠰᠠᠴᠤ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠴᠤᠭᠴᠠᠯᠠᠨ ᠪᠠᠶᠢᠭᠤᠯᠬᠤ | ᠰᠢᠳᠪᠦᠷᠢᠳᠤ ᠢᠯᠡᠯᠳᠡ ᠶᠢ ᠣᠯᠬᠤ ︽ᠠᠷᠪᠠᠨ ᠭᠤᠷᠪᠠᠳᠤᠭᠠᠷ ᠲᠠᠪᠤᠨ ᠵᠢᠯ︾ ᠶᠢᠨ ᠲᠦᠯᠦᠪᠵᠢᠭᠦᠯᠭᠡ ᠶᠢ | ᠭᠡᠷᠡᠭᠵᠢᠬᠦᠯᠬᠦ ᠤᠷᠢᠳᠤᠬᠢ ᠶᠢ ᠵᠠᠯᠭᠠᠮᠵᠢᠯᠠᠨ ᠬᠤᠶᠢᠳᠤᠬᠢ ᠳᠤ ᠵᠠᠮ ᠨᠡᠭᠡᠭᠡᠬᠦ ᠵᠠᠩᠭᠢᠯᠠᠭ᠎ᠠ ᠶᠢᠨ ᠣᠨ ᠪᠤᠯᠤᠨ᠎ᠠ᠃ | ᠪᠢᠳᠡ ᠡᠨᠡᠬᠦ ᠲᠠᠪᠤᠨ ᠵᠢᠯ ᠳᠤ ᠬᠠᠷᠠᠭᠠᠰᠤ ᠪᠠᠨ ᠲᠠᠯᠪᠢᠵᠤ᠂ ᠲᠣᠰ ᠣᠨ ᠳᠤ ᠪᠠᠨ ᠰᠠᠭᠤᠷᠢᠯᠠᠵᠤ ᠪᠠᠶᠢᠭᠠᠳ | ᠭᠤᠤᠯᠳᠠᠯᠠᠭ᠎ᠠ ᠪᠠᠨ ᠲᠤᠪᠦᠶᠢᠯᠭᠠᠨ᠂ ᠵᠠᠩᠭᠢᠯᠠᠭ᠎ᠠ ᠪᠠᠨ ᠠᠳᠬᠤᠵᠤ᠂ ᠦᠭᠡᠷᠡᠴᠢᠯᠡᠯᠳᠡ ᠬᠦᠭᠵᠢᠬᠦᠯᠦᠯᠳᠡ ᠶᠢᠨ ᠰᠢᠨ᠎ᠡ | ᠲᠦᠷᠰᠤ ᠪᠠᠶᠢᠳᠠᠯ ᠢ ᠴᠢᠷᠮᠠᠶᠢᠨ ᠨᠡᠭᠡᠭᠡᠰᠦᠬᠦᠢ᠃ ᠡᠨᠡ ᠵᠢᠯ ᠤᠨ ᠵᠠᠰᠠᠭ ᠤᠨ ᠤᠷᠳᠤᠨ ᠤ ᠶᠡᠷᠤᠩᠭᠡᠢ ᠬᠠᠷᠠᠯᠲᠠ ᠪᠣᠯ᠄ | ᠨᠠᠮ ᠤᠨ ᠠᠷᠪᠠ ᠶᠢᠰᠤᠳᠤᠭᠡᠷ ᠬᠤᠭᠤᠴᠠᠭᠠᠨ ᠤ ᠶᠡᠭᠡ ᠬᠤᠷᠡᠯ᠂ ᠠᠷᠪᠠ ᠶᠢᠰᠤᠳᠤᠭᠡᠷ ᠬᠤᠭᠤᠴᠠᠭᠠᠨ ᠤ ᠬᠤᠶᠠᠳᠤᠭᠠᠷ | ᠪᠦᠬᠦᠳᠡ ᠬᠤᠷᠠᠯᠳᠤᠭᠠᠨ᠂ ᠭᠤᠷᠪᠠᠳᠤᠭᠠᠷ ᠪᠦᠬᠦᠳᠡ ᠬᠤᠷᠠᠯᠳᠤᠭᠠᠨ ᠤ ᠵᠣᠷᠢᠭ ᠰᠠᠨᠠᠭ᠎ᠠ ᠪᠤᠯᠤᠨ ᠲᠦᠪ ᠤᠨ ᠠᠵᠤ | ᠠᠬᠤᠢ ᠠᠵᠢᠯ ᠤᠨ ᠬᠤᠷᠠᠯᠳᠤᠭᠠᠨ᠂ ᠲᠦᠪ ᠤᠨ ᠬᠦᠳᠡᠭᠡ ᠲᠤᠰᠬᠤᠨ ᠤ ᠠᠵᠢᠯ ᠤᠨ ᠬᠤᠷᠠᠯᠳᠤᠭᠠᠨ ᠤ ᠵᠣᠷᠢᠭ | ᠰᠠᠨᠠᠭ᠎ᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠪᠦᠬᠦᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠦᠭᠤᠳᠤᠯᠭ᠎ᠠ ᠪᠤᠯᠭᠠᠵᠤ᠂ ᠦᠪᠡᠷᠳᠡᠭᠡᠨ ᠵᠠᠰᠠᠬᠤ ᠤᠷᠤᠨ ᠤ ᠨᠠᠮ ᠤᠨ | ᠬᠤᠷᠢᠶᠠᠨ ᠤ ᠠᠷᠪᠠᠳᠤᠭᠠᠷ ᠬᠤᠭᠤᠴᠠᠭᠠᠨ ᠤ ᠲᠠᠪᠤᠳᠤᠭᠠᠷ ᠤᠳᠠᠭᠠᠨ ᠤ ᠪᠦᠬᠦ ᠬᠡᠰᠢᠬᠦᠳ ᠤᠨ ᠬᠤᠷᠠᠯ᠂ ᠬᠤᠳᠠ ᠶᠢᠨ | ᠨᠠᠮ ᠤᠨ ᠬᠤᠷᠢᠶᠠᠨ ᠤ ᠲᠦᠷᠪᠡᠳᠤᠭᠡᠷ ᠬᠤᠭᠤᠴᠠᠭᠠᠨ ᠤ ᠵᠢᠷᠭᠤᠳᠤᠭᠠᠷ ᠤᠳᠠᠭᠠᠨ ᠤ ᠪᠦᠬᠦ ᠭᠡᠰᠢᠬᠦᠳ ᠤᠨ ᠬᠤᠷᠠᠯ | ᠪᠤᠯᠤᠨ ᠰᠢᠶᠠᠨ ᠤ ᠨᠠᠮ ᠤᠨ ᠬᠤᠷᠢᠶᠠᠨ ᠤ ᠠᠷᠪᠠᠨ ᠭᠤᠷᠪᠠᠳᠤᠭᠠᠷ ᠬᠤᠭᠤᠴᠠᠭᠠᠨ ᠤ ᠲᠦᠷᠪᠡᠳᠤᠭᠡᠷ ᠤᠳᠠᠭᠠᠨ ᠤ | ᠪᠦᠬᠦ ᠬᠡᠰᠢᠭᠦᠳ ᠤᠨ ᠬᠤᠷᠠᠯ ᠤᠨ ᠱᠠᠭᠠᠷᠳᠠᠯᠠᠭ᠎ᠠ ᠶᠤᠰᠤᠭᠠᠷ᠂ ᠬᠦᠭᠵᠢᠯᠳᠡ ᠪᠣᠯ ᠲᠡᠷᠢᠬᠦᠨ ᠴᠢᠬᠤᠯᠠ ᠡᠬᠦᠷᠭᠡ ᠶᠢ | ᠢᠮᠬᠠᠳᠠ ᠪᠠᠷᠢᠮᠳᠠᠯᠠᠵᠤ᠂ ᠠᠷᠠᠳ ᠲᠦᠮᠡᠨ ᠪᠠᠷ ᠭᠤᠤᠯ ᠪᠤᠯᠭᠠᠬᠤ ᠬᠦᠭᠵᠢᠯᠳᠡ ᠶᠢᠨ ᠦᠵᠡᠯ ᠰᠠᠨᠠᠭ᠎ᠠ ᠶᠢ | ᠦᠢᠯᠡᠳᠥᠯᠭᠡᠵᠢᠬᠦᠯᠵᠦ᠂ ᠲᠤᠮᠦ ᠴᠢᠬᠤᠯᠠ ᠭᠡᠨᠡᠨ ᠲᠦᠭᠰᠢᠬᠦᠷᠢ ᠶᠢ ᠰᠡᠷᠭᠡᠶᠢᠯᠡᠨ ᠠᠷᠢᠯᠠᠭᠠᠬᠤ᠂ ᠤᠨᠢᠨ ᠲᠡᠭᠡᠷ᠎ᠡ ᠨᠢ | ᠶᠠᠳᠠᠭᠤ ᠠᠴᠠ ᠠᠩᠭᠢᠵᠢᠷᠠᠭᠤᠯᠬᠤ᠂ ᠪᠤᠬᠢᠷᠳᠤᠯ ᠢ ᠰᠡᠷᠭᠡᠶᠢᠯᠡᠨ ᠵᠠᠰᠠᠬᠤ ︽ᠭᠤᠷᠪᠠᠨ ᠰᠢᠪᠳᠤᠯᠤᠯᠳᠠ ᠶᠢᠨ | ᠲᠠᠶᠢᠯᠠᠯᠳᠣᠭᠠᠨ︾ ᠢ ᠡᠷᠡᠰ ᠰᠢᠭᠤᠷᠬᠠᠢ ᠰᠠᠶᠢᠨ ᠬᠢᠵᠤ᠂ ᠬᠦᠭᠵᠢᠯᠳᠡ᠂ ᠠᠷᠠᠳ ᠤᠨ ᠠᠮᠢᠳᠤᠷᠠᠯ ᠂ ᠠᠮᠢ ᠠᠬᠤᠢ | ᠭᠤᠷᠪᠠᠨ ᠬᠤᠷᠢᠭ᠎ᠠ ᠱᠤᠭᠤᠮ ᠢ ᠡᠷᠡᠰ ᠰᠠᠬᠢᠵᠤ᠂ ᠪᠦᠬᠦ ᠰᠢᠶᠠᠨ ᠤ ᠡᠯ᠎ᠡ ᠦᠨᠳᠤᠰᠤᠳᠠᠨ ᠤ ᠠᠷᠠᠳ ᠲᠦᠮᠡᠨ ᠢ | ᠪᠦᠯᠬᠦᠮᠳᠡᠭᠦᠯᠦᠨᠲ᠋ᠠᠶᠢᠴᠢᠯᠠᠵᠤ᠂ ᠴᠢᠨᠠᠭᠡᠯᠢᠭ ᠨᠡᠶᠢᠭᠡᠮ ᠢ ᠪᠦᠬᠦ ᠲᠠᠯ᠎ᠠ ᠪᠠᠷ ᠴᠤᠭᠴᠠᠯᠠᠨ ᠪᠠᠶᠢᠭᠤᠯᠤᠨ᠎ᠠ᠃ | 2018ᠣᠨ᠂ ᠠᠵᠤ ᠠᠬᠤᠢ ᠨᠡᠶᠢᠭᠡᠮ ᠤᠨ ᠬᠦᠭᠵᠢᠯᠳᠡ ᠶᠢᠨ ᠭᠤᠤᠯ ᠬᠠᠷᠠᠯᠲᠠ ᠪᠣᠯ᠄ ᠭᠠᠵᠠᠷ ᠤᠷᠤᠨ ᠤ | ᠶᠡᠷᠤᠩᠭᠡᠢ ᠦᠷᠲᠡᠭ ᠢ 8% ᠨᠡᠮᠡᠭᠳᠡᠭᠦᠯᠦᠨ᠂ ᠭᠡᠪᠴᠢᠶᠡᠵᠢᠭᠰᠡᠨ ᠠᠵᠤ ᠦᠢᠯᠡᠳᠪᠦᠷᠢ ᠶᠢᠨ ᠨᠡᠮᠡᠭᠳᠡᠯ ᠦᠷᠲᠡᠭ ᠢ | 2% ᠨᠡᠮᠡᠭᠳᠡᠭᠦᠯᠦᠨ᠂ ᠲᠤᠭᠳᠠᠮᠠᠯ ᠬᠦᠷᠤᠩᠭᠡ ᠶᠢᠨ ᠪᠡᠯᠡ ᠤᠷᠤᠭᠤᠯᠤᠯᠳᠠ ᠶᠢᠨ ᠨᠡᠮᠡᠭᠳᠡᠯ ᠢ 10% ᠨᠡᠮᠡᠭᠳᠡᠭᠦᠯᠦᠨ᠂ | ᠨᠡᠶᠢᠭᠡᠮ ᠤᠨ ᠭᠡᠷᠡᠭᠯᠡᠭᠡᠨ ᠤ ᠵᠦᠢᠯ ᠤᠨ ᠵᠢᠵᠢᠭᠯᠡᠨ ᠪᠤᠷᠤᠯᠠᠭᠤᠯᠬᠤ ᠶᠡᠷᠤᠩᠭᠡᠢ ᠭᠡᠮᠵᠢᠶᠡᠨ ᠤ ᠨᠡᠮᠡᠭᠳᠡᠯ ᠢ 8. | 5% ᠨᠡᠮᠡᠭᠳᠡᠭᠦᠯᠦᠨ᠂ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠬᠦᠮᠦᠨ ᠪᠦᠷᠢ ᠶᠢᠨ ᠡᠵᠡᠮᠳᠡᠵᠤ ᠪᠣᠯᠬᠤ | ᠤᠷᠤᠯᠭ᠎ᠠ ᠶᠢ ᠲᠤᠰ ᠪᠦᠷᠢ 9% | ᠪᠠ11% ᠨᠡᠮᠡᠭᠳᠡᠭᠦᠯᠦᠨ᠎ᠡ᠃ | ︵ ᠨᠢᠭᠡ︶ ︽ᠲᠦᠷᠪᠡᠨ ᠤᠬᠠᠮᠰᠠᠷ︾ ᠢ ᠪᠤᠢ ᠪᠤᠯᠭᠠᠨ᠂ ᠭᠤᠷᠪᠠᠨ ᠶᠡᠭᠡ ᠰᠢᠪᠳᠤᠯᠤᠯᠳᠡ ᠶᠢᠨ ᠲᠠᠶᠢᠨ ᠤ ᠢᠯᠡᠯᠳᠠ | ᠶᠢ ᠲᠡᠮᠡᠴᠡᠨ ᠤᠯᠬᠤ ᠪᠠᠷ ᠴᠢᠷᠮᠠᠶᠢᠨ᠎ᠠ | ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠰᠢᠪᠳᠤᠯᠤᠯᠳᠠ ᠶᠢᠨ ᠲᠠᠶᠢᠨ ᠤ ᠢᠯᠡᠯᠳᠠ ᠶᠢ ᠲᠡᠮᠡᠴᠡᠨ ᠤᠯᠬᠤ | ᠪᠠᠷ ᠴᠢᠷᠮᠠᠶᠢᠨ᠎ᠠ᠃ ᠰᠢᠨ᠎ᠠ ᠦᠵᠡᠯ ᠰᠠᠨᠠᠭ᠎ᠠ᠂ ᠰᠢᠨ᠎ᠠ ᠤᠶᠢᠯᠠᠭᠠᠭᠳᠠᠬᠤᠨ ᠢ ᠪᠦᠬᠦ ᠲᠠᠯ᠎ᠠ ᠪᠠᠷ ᠲᠤᠭᠤᠰᠢᠯᠠᠭᠤᠯᠤᠨ | ᠨᠠᠶᠢᠳᠠᠪᠤᠷᠢᠵᠢᠭᠤᠯᠵᠦ᠂ ᠬᠢᠮᠤᠷᠠᠯ ᠤᠨ ᠤᠬᠠᠮᠰᠠᠷ ᠪᠠ ᠬᠤᠷᠢᠭ᠎ᠠ ᠱᠤᠭᠤᠮ ᠤᠨ ᠰᠡᠳᠬᠢᠬᠦᠢ ᠶᠢ ᠦᠨᠡᠨᠬᠦ | ᠲᠡᠭᠡᠭᠰᠢᠯᠡᠬᠦᠯᠦᠨ᠂ ᠬᠦᠭᠵᠢᠯᠳᠠ ᠶᠢ ᠲᠦᠷᠭᠡᠳᠭᠡᠬᠦ ᠪᠤᠯᠤᠨ ᠵᠠᠰᠠᠭ ᠤᠨ ᠤᠷᠳᠤᠨ ᠤ ᠴᠢᠨᠠᠷᠳᠠᠢ ᠦᠭᠴᠡᠭᠡ ᠶᠢᠨ | ᠬᠤᠭᠤᠷᠤᠨᠳᠤᠬᠢ ᠬᠠᠷᠢᠴᠠᠭ᠎ᠠ ᠶᠢ ᠰᠠᠶᠢᠳᠤᠷ ᠰᠢᠢᠳᠪᠦᠷᠢᠯᠠᠨ᠎ᠠ᠃ ᠵᠠᠷᠴᠢᠮ ᠢ ᠦᠨᠳᠦᠰᠦᠯᠡᠨ᠂ ᠦᠭᠴᠡᠬᠡᠨ ᠤ | ᠬᠠᠮᠢᠶᠠᠷᠤᠯᠳᠠ ᠶᠢ ᠴᠢᠩᠭᠠᠳᠬᠠᠵᠦ᠂ ᠦᠭᠴᠡᠭᠡᠨ ᠤ ᠲᠤᠭ᠎ᠠ ᠬᠡᠮᠵᠢᠶ᠎ᠠ ᠶᠢ ᠮᠡᠳᠡᠵᠦ᠂ ᠵᠢᠯ ᠤᠨ ᠦᠭᠴᠡᠭᠡ ᠶᠢ | ᠰᠢᠢᠳᠪᠦᠷᠢᠯᠡᠬᠦ ᠠᠷᠭ᠎ᠠ ᠲᠦᠰᠦᠯ ᠢ ᠲᠡᠭᠦᠯᠳᠡᠷᠵᠢᠬᠦᠯᠦᠨ᠂ ᠲᠦᠰᠦᠪ ᠢ ᠲᠤᠬᠢᠷᠠᠭᠤᠯᠬᠤ᠂ ᠦᠭᠴᠡᠭᠡᠨ ᠤ ᠡᠷᠬᠡ ᠶᠢ | ᠲᠦᠪᠬᠢᠨᠡᠬᠦᠯᠬᠦ᠂ ᠡᠳ᠋ ᠬᠦᠷᠦᠩᠭᠡ ᠶᠢ ᠲᠠᠬᠢᠨ ᠵᠤᠬᠢᠶᠠᠨ ᠪᠠᠶᠢᠭᠤᠯᠬᠤ᠂ ᠪᠠᠯᠠ ᠮᠦᠩᠭᠦ ᠶᠢ ᠠᠮᠢᠳᠤᠯᠢᠭ ᠬᠡᠷᠡᠭᠯᠡᠬᠦ᠂ | ᠭᠠᠵᠠᠷ ᠰᠢᠷᠤᠢ ᠶᠢ ᠬᠤᠷᠢᠶᠠᠨ ᠬᠠᠳᠠᠭᠠᠯᠠᠵᠦ ᠦᠷᠳᠡᠭ ᠢ ᠨᠢ ᠨᠡᠮᠡᠭᠳᠡᠬᠦᠯᠬᠦ ᠵᠠᠷᠬᠡ ᠠᠵᠢᠯ ᠤᠳ ᠢ ᠰᠠᠶᠢᠳᠦᠷ ᠬᠢᠵᠦ᠂ | ᠲᠡᠭᠡᠷ᠎ᠡ ᠱᠠᠳᠤᠨ ᠤ ᠨᠦᠬᠦᠪᠦᠷᠢ ᠮᠦᠩᠭᠦ ᠶᠢ ᠲᠡᠮᠡᠴᠡᠨ ᠤᠯᠬᠤ ᠪᠠᠷ ᠴᠢᠷᠮᠠᠶᠢᠨ᠂ ᠭᠠᠶᠢᠯᠢ ᠲᠠᠳᠠᠪᠤᠷᠢ ᠪᠠ ᠲᠦᠷᠦᠯ | ᠵᠦᠢᠯ ᠢ ᠨᠡᠮᠡᠭᠳᠡᠬᠦᠯᠵᠦ᠂ ᠤᠯᠠᠨ ᠵᠦᠢᠯ ᠤᠨ ᠠᠷᠭ᠎ᠠ ᠵᠠᠮ ᠢᠶᠠᠷ ᠪᠠᠯᠠ ᠮᠦᠩᠭᠦ ᠴᠤᠭᠯᠠᠭᠤᠯᠤᠨ᠂ ᠦᠭᠴᠡᠭᠡᠨ ᠤ | ᠠᠰᠠᠭᠤᠳᠠᠯ ᠢ ᠡᠮᠬᠢ ᠲᠢᠭᠯᠢᠮ ᠲᠠᠢ ᠯᠠᠪᠳᠠᠭᠤᠨ ᠢᠶᠠᠷ ᠰᠢᠢᠳᠪᠦᠷᠢᠯᠠᠨ᠎ᠠ᠃ ᠵᠠᠰᠠᠭ ᠤᠨ ᠤᠷᠳᠤᠨ ᠤ ᠦᠭᠴᠡᠭᠡᠨ ᠤ | ᠨᠡᠮᠡᠭᠳᠡᠯ ᠢ ᠴᠢᠩᠭ᠎ᠠ ᠬᠢᠵᠠᠭᠠᠷᠯᠠᠵᠦ᠂ ︽ᠬᠤᠸᠠᠳᠧ ᠰᠢᠶᠠᠨ ᠤ ᠵᠠᠰᠠᠭ ᠤᠨ ᠤᠷᠳᠤᠨ ᠤ ᠪᠠᠯᠠ ᠤᠷᠤᠭᠤᠯᠤᠯᠳᠠ ᠶᠢᠨ | ᠲᠦᠷᠦᠯ ᠵᠦᠢᠯ ᠤᠨ ᠬᠠᠮᠢᠶᠠᠷᠤᠯᠳᠠ ᠶᠢᠨ ᠠᠷᠭ᠎ᠠ︾ ᠶᠢᠨ ᠶᠤᠰᠤᠭᠠᠷ᠂ ᠵᠠᠰᠠᠭ ᠤᠨ ᠤᠷᠳᠤᠨ ᠤ ᠪᠠᠯᠠ ᠤᠷᠤᠭᠤᠯᠬᠤ | ᠠᠵᠢᠯᠯᠠᠭ᠎ᠠ ᠶᠢ ᠲᠦᠷᠢᠮᠵᠢᠬᠦᠯᠦᠨ᠂ ᠰᠢᠨ᠎ᠠ ᠲᠦᠷᠦᠯ ᠵᠦᠢᠯ ᠤᠨ ᠪᠠᠯᠠ ᠤᠷᠤᠭᠤᠯᠤᠯᠳᠠ ᠬᠢᠬᠦ ᠳᠡᠭᠡᠨ ᠦᠭᠴᠡᠭᠡᠨ ᠤ | ᠠᠶᠤᠯ ᠲᠦᠭᠰᠢᠭᠦᠷᠢ ᠶᠢᠨ ᠰᠢᠯᠭᠠᠨ ᠬᠢᠨᠠᠯᠳᠠ ᠪᠠ ᠬᠠᠤᠯᠢ ᠴᠠᠭᠠᠵᠠ ᠶᠢᠨ ᠬᠢᠨᠠᠯᠳᠠ ᠶᠢ ᠴᠢᠩᠭ᠎ᠠ ᠬᠡᠷᠡᠭᠵᠢᠬᠦᠯᠦᠨ᠎ᠠ᠃ | ᠠᠷᠠᠳ ᠤᠨ ᠲᠦᠯᠦᠭᠡᠯᠡᠭᠴᠢᠳ ᠤᠨ ᠪᠠᠶᠢᠩᠭᠤ ᠶᠢᠨ ᠬᠤᠷᠢᠶ᠎ᠠ ᠠᠴᠠ ᠦᠯᠦ ᠵᠦᠪᠰᠢᠶᠡᠷᠡᠭᠰᠡᠨ᠂ ᠲᠦᠰᠦᠪ ᠲᠡᠭᠡᠷ᠎ᠠ | ᠦᠯᠦ ᠲᠤᠬᠢᠷᠠᠭᠤᠯᠤᠭᠰᠠᠨ ᠬᠢᠬᠡᠳ ᠪᠠᠯᠠ ᠮᠦᠩᠭᠦ ᠶᠢᠨ ᠡᠬᠢ ᠢᠷᠡᠯᠳᠠ ᠨᠢ ᠲᠤᠳᠤᠷᠬᠠᠢ ᠪᠤᠰᠦ ᠰᠢᠨ᠎ᠠ ᠲᠦᠷᠦᠯ | ᠵᠦᠢᠯ ᠤᠳ ᠢ ᠨᠢᠬᠡ ᠶᠢ ᠴᠦ ᠬᠢᠨᠠᠨ ᠵᠦᠪᠰᠢᠶᠡᠷᠡᠬᠦ ᠦᠭᠡᠢ᠃ ᠪᠠᠯᠠ ᠴᠤᠭᠯᠠᠭᠤᠯᠬᠤ ᠪᠠᠶᠢᠭᠤᠯᠤᠯ ᠦᠭᠡᠷᠡᠴᠢᠯᠡᠯᠳᠠ | ᠶᠢ ᠲᠦᠷᠭᠡᠳᠭᠡᠨ ᠠᠬᠢᠭᠤᠯᠵᠦ᠂ ᠵᠠᠰᠠᠭ ᠤᠨ ᠤᠷᠳᠤᠨ ᠤ ᠪᠠᠯᠠ ᠴᠤᠭᠯᠠᠭᠤᠯᠬᠤ ᠲᠡᠪᠴᠡᠩ ᠢ ᠬᠤᠪᠢᠷᠠᠭᠤᠯᠵᠦ᠂ | ᠵᠠᠰᠠᠭ ᠤᠨ ᠤᠷᠳᠤᠨ ᠤ ᠨᠦᠰᠡᠷ ᠬᠦᠨᠳᠦ ᠲᠠᠷᠤᠭᠠᠰᠦ ᠶᠢ ᠬᠦᠩᠭᠡᠯᠡᠵᠦ᠂ ᠠᠵᠦ ᠠᠬᠤᠢ ᠨᠠᠶᠢᠬᠡᠮ ᠤᠨ ᠦᠨᠳᠦᠷ | ᠴᠢᠨᠠᠷ ᠴᠢᠨᠰᠠᠭ᠎ᠠ ᠲᠠᠢ ᠬᠦᠭᠵᠢᠬᠦ ᠶᠢ ᠲᠦᠯᠬᠢᠨ ᠠᠬᠢᠭᠤᠯᠤᠨ᠎ᠠ᠃ ᠮᠦᠩᠭᠦᠨ ᠬᠦᠢᠯᠬᠡᠬᠡᠨ ᠤ ᠠᠶᠤᠯ ᠲᠦᠭᠰᠢᠭᠦᠷᠢ ᠶᠢ | ᠰᠡᠷᠭᠡᠶᠢᠯᠡᠬᠦ ᠠᠵᠢᠯ ᠢ ᠨᠢᠭᠡᠳᠦᠯᠵᠢᠬᠦᠯᠦᠨ ᠰᠠᠶᠢᠳᠦᠷ ᠬᠢᠵᠦ᠂ ᠬᠠᠤᠯᠢ ᠲᠦᠷᠢᠮ ᠠᠴᠠ ᠵᠦᠷᠢᠴᠡᠭᠰᠡᠨ ᠮᠦᠩᠭᠦᠨ | ᠬᠦᠢᠯᠬᠡᠬᠡᠨ ᠤ ᠠᠵᠢᠯᠯᠠᠭ᠎ᠠ ᠳᠤ ᠴᠢᠩᠭ᠎ᠠ ᠴᠤᠬᠢᠯᠳᠠ ᠦᠭᠴᠦ᠂ ᠢᠳᠡᠬᠡᠮᠵᠢ ᠶᠢᠨ ᠲᠦᠭᠰᠢᠭᠦᠷᠢ ᠶᠢ ᠪᠦᠳᠦᠮᠵᠢᠳᠠᠢ | ᠰᠡᠷᠭᠡᠶᠢᠯᠡᠨ ᠰᠢᠢᠳᠪᠦᠷᠢᠯᠠᠨ᠎ᠠ᠃ | ᠶᠠᠳᠠᠭᠤ ᠠᠴᠠ ᠠᠩᠭᠢᠵᠢᠷᠠᠭᠤᠯᠬᠤ ᠰᠢᠪᠳᠤᠯᠤᠯᠳᠠ ᠶᠢᠨ ᠲᠠᠶᠢᠨ ᠤ ᠢᠯᠡᠯᠳᠠ ᠶᠢ ᠲᠡᠮᠡᠴᠡᠨ ᠤᠯᠬᠤ ᠪᠠᠷ | ᠴᠢᠷᠮᠠᠶᠢᠨ᠎ᠠ᠃ ᠶᠠᠳᠠᠭᠤ ᠠᠴᠠ ᠠᠩᠭᠢᠵᠢᠷᠠᠭᠤᠯᠬᠤ ᠶᠢᠨ ᠶᠠᠰᠦ ᠴᠢᠨᠠᠷ ᠢ ᠲᠡᠷᠢᠬᠦᠨ ᠪᠠᠶᠢᠷᠢᠨ ᠳᠤ ᠲᠠᠯᠪᠢᠬᠤ ᠶᠢ | ᠪᠠᠷᠢᠮᠳᠠᠯᠠᠵᠦ᠂ ︽ᠵᠢᠷᠭᠤᠭᠠᠨ ᠤᠨᠤᠪᠴᠢᠳᠠᠢ︾ ᠪᠠ ︽ᠲᠠᠪᠤᠨ ᠨᠢᠬᠡ ᠪᠦᠯᠦᠭ︾ ᠶᠢᠨ ᠱᠠᠭᠠᠷᠳᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠤᠨ᠂ ︽ᠬᠤᠶᠠᠷ ᠵᠤᠪᠠᠭ᠋ᠤ ᠦᠭᠡᠢ᠂ ᠭᠤᠷᠪᠠ ᠶᠢ ᠪᠠᠳᠤᠯᠠᠬᠤ︾ ᠪᠠᠷᠢᠮᠵᠢᠶ᠎ᠠ ᠳᠤ ᠨᠠᠶᠢᠴᠡᠬᠦᠯᠵᠦ᠂ | ᠪᠦᠬᠦ ᠰᠢᠶᠠᠨ ᠢᠶᠠᠷ ᠢᠶᠠᠨ ᠶᠠᠳᠠᠭᠤ ᠬᠦᠴᠢᠷᠳᠠᠯᠳᠠᠢ ᠪᠠᠬᠢᠯᠡᠯᠳᠠ ᠶᠢ ᠲᠠᠭᠠᠷᠢᠨ ᠢᠯᠠᠵᠦ᠂ ᠬᠤᠳᠠ ᠶᠢᠨ ᠨᠠᠮ ᠤᠨ | ᠬᠤᠷᠢᠶ᠎ᠠ ᠪᠤᠯᠤᠨ ᠵᠠᠰᠠᠭ ᠤᠨ ᠤᠷᠳᠤᠨ ᠤ ᠲᠤᠬᠢᠷᠠᠭᠤᠯᠭ᠎ᠠ ᠶᠢᠨ ᠶᠤᠰᠤᠭᠠᠷ᠂ ᠲᠤᠭᠳᠠᠭᠰᠠᠨ ᠬᠤᠭᠤᠴᠠᠭᠠᠨ | ᠲᠤᠳᠤᠷ᠎ᠠ ᠶᠠᠳᠠᠭᠤ ᠬᠦᠴᠢᠷᠳᠠᠯ ᠲᠠᠢ ᠮᠠᠯᠠᠭᠠᠢ ᠪᠠᠨ ᠠᠪᠴᠦ ᠬᠠᠶᠠᠵᠦ᠂ ᠤᠳᠤᠬᠢ ᠪᠠᠷᠢᠮᠵᠢᠶᠠᠨ ᠳᠠᠬᠢ ᠬᠦᠳᠡᠭᠡ | ᠲᠤᠰᠬᠤᠨ ᠤ ᠶᠠᠳᠠᠭᠤ ᠬᠦᠴᠢᠷᠳᠠᠯᠳᠠᠢ ᠬᠦᠮᠦᠨ ᠠᠮᠠ ᠶᠢ ᠪᠦᠬᠦᠨ ᠢ ᠶᠠᠳᠠᠭᠤ ᠠᠴᠠ ᠠᠩᠭᠢᠵᠢᠷᠠᠭᠤᠯᠤᠨ᠎ᠠ᠃ ᠠᠵᠦ | ᠤᠶᠢᠯᠡᠰ ᠢᠶᠠᠷ ᠶᠠᠳᠠᠭᠤ ᠶᠢ ᠲᠡᠳᠬᠦᠬᠦ ᠶᠢ ᠭᠤᠤᠯ ᠠᠷᠭ᠎ᠠ ᠵᠠᠮ ᠢᠶᠠᠨ ᠪᠤᠯᠭᠠᠵᠦ᠂ ᠠᠵᠦ ᠦᠢᠯᠡᠰ ᠤᠨ ᠤᠳᠤᠬᠢ | ᠪᠠᠶᠢᠳᠠᠯ ᠳᠤ ᠰᠠᠭᠤᠷᠢᠯᠠᠨ᠂ ᠲᠤᠰᠬᠤᠨ ᠤ ᠲᠠᠰ ᠤᠨ ᠨᠠᠮ ᠤᠨ ᠵᠤᠬᠢᠶᠠᠨ ᠪᠠᠶᠢᠭᠤᠯᠤᠯᠳᠠ ᠶᠢᠨ ᠵᠢᠱᠢᠶ᠎ᠠ ᠦᠵᠡᠬᠦᠯᠦᠨ | ᠲᠠᠭᠠᠭᠤᠯᠬᠤ ᠦᠢᠯᠡᠳᠦᠯ ᠢ ᠬᠦᠢᠴᠡᠳ ᠪᠠᠳᠠᠷᠠᠭᠤᠯᠵᠦ᠂ ᠮᠠᠯ ᠲᠠᠷᠢᠶᠠᠯᠠᠩ ᠦᠢᠯᠡᠰ ᠤᠨ ᠲᠤᠯᠤᠭᠠᠶᠢᠯᠠᠭᠴᠢ ᠠᠵᠦ | ᠠᠬᠤᠶᠢᠯᠠᠯ ᠳᠤ ᠲᠦᠰᠢᠭᠯᠡᠨ᠂ ᠤᠷᠤᠯᠠᠨ ᠲᠡᠵᠢᠬᠡᠬᠦ᠂ ᠵᠠᠬᠢᠶᠠᠯᠠᠬᠤ ᠵᠡᠷᠬᠡ ᠠᠰᠢᠭ ᠤᠯᠵᠠ ᠶᠢᠨ ᠪᠠᠶᠢᠭᠤᠯᠤᠯ ᠤᠨ | ᠰᠢᠨ᠎ᠠ ᠶᠢ ᠡᠬᠦᠳᠴᠦ᠂ ᠦᠪᠡᠷᠮᠢᠴᠡ ᠤᠨᠴᠠᠯᠢᠭ ᠲᠠᠢ ᠲᠠᠷᠢᠵᠦ ᠲᠡᠵᠢᠬᠡᠬᠦ ᠦᠢᠯᠡᠰ ᠢ ᠶᠡᠭᠡᠪᠡᠷ ᠬᠦᠭᠵᠢᠬᠦᠯᠦᠨ᠂ | ᠶᠠᠳᠠᠭᠤ ᠬᠦᠴᠢᠷᠳᠠᠯᠳᠠᠢ ᠡᠷᠦᠬᠡ ᠶᠢᠨ ᠨᠠᠮᠡᠭᠳᠡᠯ ᠤᠷᠤᠯᠭ᠎ᠠ ᠶᠢ ᠲᠠᠮᠵᠢᠵᠦ᠂ ᠶᠠᠳᠠᠭᠤ ᠠᠴᠠ ᠲᠤᠭᠳᠠᠪᠤᠷᠢᠳᠠᠢ | ᠠᠩᠭᠢᠵᠢᠷᠠᠭᠤᠯᠤᠨ᠎ᠠ᠃ ᠲᠤᠰᠬᠤᠨ ᠤ ᠬᠠᠮᠳᠦ ᠶᠢᠨ ᠡᠳ᠋ ᠬᠦᠷᠦᠩᠭᠡ ᠶᠢ ᠠᠮᠢᠳᠤᠯᠢᠭᠵᠢᠭᠤᠯᠵᠦ᠂ ᠬᠠᠮᠳᠦ ᠶᠢ ᠠᠵᠦ | ᠠᠬᠤᠢ ᠶᠢ ᠤᠯᠠᠨ ᠠᠷᠭ᠎ᠠ ᠪᠠᠷ ᠬᠦᠭᠵᠢᠬᠦᠯᠦᠨ ᠪᠤᠵᠠᠭᠠᠶᠢᠷᠠᠭᠤᠯᠵᠦ᠂ ᠶᠠᠳᠠᠭᠤ ᠠᠴᠠ ᠠᠩᠭᠢᠵᠢᠷᠠᠬᠤ ᠦᠢᠯᠡᠳᠪᠦᠷᠢ | ᠶᠢᠨ ᠲᠠᠰᠤᠭ᠂ ᠬᠠᠮᠳᠦ ᠶᠢᠨ ᠭᠠᠭ᠋ᠠᠢ ᠲᠡᠵᠢᠬᠡᠬᠦ ᠲᠠᠯᠠᠪᠤᠷ᠂ ᠬᠡᠷᠡᠯ ᠴᠠᠬᠢᠯᠭᠠᠨ ᠢᠶᠠᠷ ᠶᠠᠳᠠᠭᠤ ᠶᠢ ᠲᠡᠳᠬᠦᠬᠦ ᠦᠷᠳᠡᠭᠡ | ᠵᠡᠷᠬᠡ ᠬᠡᠯᠪᠡᠷᠢ ᠶᠢ ᠠᠰᠢᠭᠯᠠᠨ᠂ ︽ᠡᠬᠢ ᠪᠠᠶᠠᠯᠢᠭ ᠢ ᠡᠳ᠋ ᠬᠦᠷᠦᠩᠭᠡ ᠪᠤᠯᠭᠠᠬᠤ︾᠂ ︽ᠡᠳ᠋ ᠬᠦᠷᠦᠩᠭᠡ ᠶᠢ | ᠬᠤᠪᠢᠴᠠᠭ᠎ᠠ ᠮᠦᠩᠭᠦ ᠪᠤᠯᠭᠠᠬᠤ︾᠂ ︽ᠲᠠᠷᠢᠶᠠᠴᠢᠨ ᠠᠴᠠ ᠬᠤᠪᠢ ᠤᠷᠤᠭᠤᠯᠤᠭᠴᠢ ᠪᠤᠯᠬᠤ︾ ᠶᠢ ᠪᠠᠶᠠᠯᠠᠬᠦᠯᠦᠨ᠎ᠠ᠃ | ᠮᠦᠩᠭᠦᠨ ᠬᠦᠢᠯᠬᠡᠬᠡᠨ ᠢᠶᠠᠷ ᠶᠠᠳᠠᠭᠤ ᠶᠢ ᠲᠡᠳᠬᠦᠬᠦ ᠬᠦᠴᠦᠯᠠᠴᠠ ᠶᠢ ᠨᠡᠮᠡᠭᠳᠡᠬᠦᠯᠵᠦ᠂ 1.5 ᠳ᠋ᠦᠩᠰᠢᠭᠤᠷ | ᠲᠦᠬᠦᠷᠢᠭ ᠤᠨ ᠮᠦᠩᠭᠦᠨ ᠬᠦᠢᠯᠬᠡᠬᠡ ᠪᠠᠷ ᠶᠠᠳᠠᠭᠤ ᠶᠢ ᠲᠡᠳᠬᠦᠬᠦ ᠵᠢᠭᠡᠯᠡᠯᠬᠡ ᠲᠠᠷᠬᠠᠭᠠᠵᠦ᠂ ᠶᠠᠳᠠᠭᠤ ᠬᠦᠴᠢᠷᠳᠠᠯᠳᠠᠢ | ᠤᠯᠠᠨ ᠲᠦᠮᠡᠨ ᠤ ᠶᠠᠳᠠᠭᠤ ᠠᠴᠠ ᠠᠩᠭᠢᠵᠢᠷᠠᠬᠤ ᠢᠳᠡᠪᠬᠢᠵᠢᠯ ᠢ ᠬᠦᠢᠴᠡᠳ ᠲᠠᠶᠢᠴᠢᠯᠠᠨ᠎ᠠ᠃ ᠤᠷᠤᠨ ᠰᠠᠭᠤᠴᠠ | ᠶᠢᠨ ᠪᠠᠳᠤᠯᠠᠭ᠎ᠠ ᠶᠢ ᠭᠤᠤᠯᠳᠠᠯᠭ᠎ᠠ ᠲᠠᠢ ᠠᠳᠬᠤᠵᠦ᠂ ᠵᠢᠯ ᠲᠤᠳᠤᠷ᠎ᠠ 730 ᠡᠷᠦᠬᠡ ᠶᠢᠨ ᠨᠤᠷᠠᠬᠤ ᠠᠶᠤᠯᠳᠠᠢ ᠬᠡᠷ | ᠪᠠᠶᠢᠰᠢᠩ ᠢ ᠨᠢ ᠰᠠᠯᠪᠢᠨ ᠦᠭᠡᠷᠡᠴᠢᠯᠠᠵᠦ᠂ ᠬᠦᠳᠡᠭᠡ ᠲᠤᠰᠬᠤᠨ ᠤ ᠪᠠᠶᠢᠩᠭᠤ ᠰᠠᠭᠤᠬᠤ ᠬᠦᠮᠦᠨ ᠠᠮᠠ ᠶᠢᠨ ᠤᠷᠤᠨ | ᠰᠠᠭᠤᠴᠠ ᠶᠢᠨ ᠠᠮᠤᠷ ᠲᠦᠪᠰᠢᠨ ᠢ ᠪᠦᠬᠦ ᠲᠠᠯ᠎ᠠ ᠪᠠᠷ ᠪᠠᠳᠤᠯᠠᠨ᠎ᠠ᠃ ᠡᠮ ᠡᠮᠨᠡᠯᠬᠡ ᠡᠷᠡᠬᠦᠯ ᠴᠠᠬᠢᠷᠠᠭ ᠢᠶᠠᠷ ᠶᠠᠳᠠᠭᠤ | ᠶᠢ ᠲᠡᠳᠬᠦᠬᠦ ᠠᠵᠢᠯ ᠢ ᠴᠢᠬᠤᠯᠠᠴᠢᠯᠠᠵᠦ᠂ ᠶᠠᠳᠠᠭᠤ ᠬᠦᠴᠢᠷᠳᠠᠯᠳᠠᠢ ᠬᠦᠮᠦᠨ ᠠᠮᠠ ᠳᠤ ᠪᠠᠶ᠎ᠠ ᠶᠢᠨ ᠪᠠᠶᠢᠴᠠᠭᠠᠯᠳᠠ | ᠬᠢᠵᠦ ᠦᠭᠬᠦ ᠶᠢ ᠪᠦᠬᠦ ᠲᠠᠯ᠎ᠠ ᠪᠠᠷ ᠪᠠᠶᠠᠯᠠᠬᠦᠯᠦᠨ᠎ᠠ᠃ ᠦᠨᠳᠦᠰᠦᠨ ᠡᠮ ᠡᠮᠨᠡᠯᠬᠡ᠂ ᠬᠦᠨᠳᠦ ᠡᠪᠡᠳᠴᠢᠨ ᠤ | ᠲᠠᠭᠠᠳᠬᠠᠯ᠂ ᠡᠮ ᠡᠮᠨᠡᠯᠬᠡ ᠶᠢᠨ ᠲᠤᠰᠠᠯᠠᠮᠵᠢ ᠵᠡᠷᠬᠡ ᠲᠦᠷᠢᠮ ᠢ ᠪᠦᠷᠢᠨᠰᠢᠬᠦᠯᠦᠨ᠂ ᠠᠪᠤᠷᠠᠨ ᠲᠤᠰᠠᠯᠠᠬᠤ ᠰᠠᠭᠤᠷᠢ | ᠮᠦᠩᠭᠦᠨ ᠤ ᠦᠢᠯᠡᠳᠦᠯ ᠢ ᠪᠠᠳᠠᠷᠠᠭᠤᠯᠤᠨ᠂ ᠨᠢᠬᠡ ᠦᠷᠳᠡᠭᠡ ᠮᠠᠶ᠋ᠢᠭ ᠤᠨ ᠲᠠᠩᠰᠠᠨ ᠠᠴᠠ ᠲᠠᠶᠢᠯᠬᠤ ᠪᠠᠶᠢᠭᠤᠯᠤᠯ ᠢ | ᠲᠡᠬᠦᠯᠳᠡᠷᠵᠢᠬᠦᠯᠤᠨ᠂ ᠶᠠᠳᠠᠭᠤ ᠬᠦᠴᠢᠷᠳᠠᠯᠳᠠᠢ ᠬᠦᠮᠦᠨ ᠠᠮᠠ ᠶᠢᠨ ᠲᠠᠩᠰᠠᠨ ᠠᠴᠠ ᠲᠠᠶᠢᠯᠬᠤ ᠨᠤᠷᠮ᠎ᠠ ᠶᠢ 90% | ᠳᠤ ᠬᠦᠷᠬᠡᠵᠦ᠂ ᠶᠠᠳᠠᠭᠤ ᠬᠦᠴᠢᠷᠳᠠᠯᠳᠠᠢ ᠬᠦᠮᠦᠨ ᠠᠮᠠ ᠶᠢᠨ 32 ᠵᠤᠶᠢᠯ ᠤᠨ ᠤᠳᠠᠭᠠᠨ ᠴᠢᠨᠠᠷᠳᠠᠢ ᠡᠪᠡᠳᠴᠢᠨ ᠢ | ᠲᠠᠩᠰᠠᠨ ᠠᠴᠠ ᠲᠠᠶᠢᠯᠬᠤ ᠨᠤᠷᠮ᠎ᠠ ᠶᠢ 95% ᠳᠤ ᠬᠦᠷᠬᠡᠨ᠎ᠠ᠃ ᠶᠠᠳᠠᠭᠤ ᠬᠦᠴᠢᠷᠳᠠᠯᠳᠠᠢ ᠪᠤᠰᠦ ᠬᠦᠮᠦᠨ ᠠᠮᠠ | ᠶᠢᠨ 32 ᠵᠦᠢᠯ ᠤᠨ ᠤᠳᠠᠭᠠᠨ ᠴᠢᠨᠠᠷᠳᠠᠢ ᠡᠪᠡᠳᠴᠢᠨ ᠢ ᠲᠠᠩᠰᠠᠨ ᠠᠴᠠ ᠲᠠᠶᠢᠯᠬᠤ ᠨᠤᠷᠮ᠎ᠠ ᠶᠢ 80% ᠠᠴᠠ | ᠲᠡᠭᠡᠭᠰᠢ ᠪᠠᠶᠢᠯᠭᠠᠵᠦ᠂ ᠡᠪᠡᠳᠴᠢᠨ ᠦᠵᠡᠬᠦ ᠳᠤ ᠬᠦᠴᠢᠷ᠂ ᠡᠪᠡᠳᠴᠢᠨ ᠦᠵᠡᠬᠦ ᠳᠤ ᠦᠨ᠎ᠠ ᠲᠠᠢ ᠪᠤᠯᠤᠨ | ᠡᠪᠡᠳᠴᠢᠨ ᠠᠴᠠ ᠪᠤᠯᠵᠦ ᠶᠠᠳᠠᠭᠤᠷᠠᠬᠤ ᠵᠡᠷᠬᠡ ᠠᠰᠠᠭᠤᠳᠠᠯ ᠢ ᠪᠦᠳᠦᠮᠵᠢᠳᠠᠢ ᠰᠢᠢᠳᠪᠦᠷᠢᠯᠠᠨ᠎ᠠ᠃ ᠰᠤᠷᠭᠠᠨ | ᠬᠦᠮᠦᠵᠢᠯ ᠢᠶᠠᠷ ᠶᠠᠳᠠᠭᠤ ᠶᠢ ᠲᠡᠳᠬᠦᠬᠦ ᠶᠢ ᠦᠨᠳᠦᠰᠦ ᠪᠤᠯᠭᠠᠨ᠂ 200 ᠲᠦᠮᠡᠨ ᠲᠦᠬᠦᠷᠢᠭ ᠤᠨ ᠶᠠᠳᠠᠭᠤ | ᠬᠦᠴᠢᠷᠳᠠᠯᠳᠠᠢ ᠭᠡᠷ ᠪᠦᠯᠢ ᠶᠢᠨ ᠰᠤᠷᠤᠭᠴᠢᠳ ᠢ ᠲᠤᠰᠠᠯᠠᠨ ᠲᠠᠮᠵᠢᠬᠦ ᠰᠠᠭᠤᠷᠢ ᠮᠦᠩᠭᠦ ᠪᠠᠶᠢᠭᠤᠯᠵᠦ᠂ ᠶᠠᠳᠠᠭᠤ | ᠬᠦᠴᠢᠷᠳᠠᠯᠳᠠᠢ ᠰᠤᠷᠤᠭᠴᠢᠳ ᠢ ᠲᠤᠰᠠᠯᠠᠨ ᠲᠡᠮᠵᠢᠬᠦ ᠰᠢᠰᠲ᠋ᠧᠮ ᠢ ᠪᠦᠷᠢᠨᠰᠢᠬᠦᠯᠦᠨ ᠲᠡᠭᠦᠯᠳᠡᠷᠵᠢᠬᠦᠵᠦ᠂ ᠶᠠᠳᠠᠭᠤ | ᠬᠦᠴᠢᠷᠳᠠᠯᠳᠠᠢ ᠬᠡᠷ ᠪᠦᠯᠢ ᠶᠢᠨ ᠰᠤᠷᠤᠭᠴᠢᠳ ᠤᠨ ᠰᠤᠷᠬᠤ ᠨᠠᠰᠤᠨ ᠠᠴᠠ ᠡᠮᠦᠨᠡᠬᠢ ᠰᠤᠷᠭᠠᠨ ᠬᠦᠮᠦᠵᠢᠯ ᠠᠴᠠ | ᠡᠬᠢᠯᠡᠬᠡᠳ ᠦᠨᠳᠦᠷ ᠲᠡᠭᠡᠳᠦ ᠵᠡᠷᠬᠡ ᠶᠢᠨ ᠰᠤᠷᠭᠠᠨ ᠬᠦᠮᠦᠵᠢᠯ ᠬᠦᠷᠳᠡᠯᠡᠬᠢ ᠡᠯ᠎ᠡ ᠱᠠᠳᠤᠨ ᠤ ᠲᠤᠰᠠᠯᠠᠨ ᠲᠡᠮᠵᠢᠬᠦ | ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠨ᠎ᠠ᠃ ᠲᠦᠷᠢᠮ ᠪᠠᠶᠢᠭᠤᠯᠤᠯ ᠤᠨ ᠰᠢᠨ᠎ᠠ ᠡᠬᠦᠳᠦᠯᠳᠠ ᠪᠠᠷ | ᠪᠠᠳᠤᠯᠠᠭ᠎ᠠ ᠪᠤᠯᠭᠠᠨ᠂ ᠡᠳ᠋ ᠤᠨ ᠵᠠᠰᠠᠭ ᠢᠶᠠᠷ ᠶᠠᠳᠠᠭᠤ ᠶᠢ ᠲᠡᠳᠬᠦᠬᠦ ᠪᠠᠯᠠ ᠮᠦᠩᠭᠦ ᠶᠢ ᠨᠡᠮᠡᠭᠳᠡᠬᠦᠯᠬᠦ ᠪᠠᠶᠢᠭᠤᠯᠤᠯ ᠢ | ᠪᠦᠷᠢᠨᠰᠢᠬᠦᠯᠵᠦ᠂ ᠲᠠᠷᠢᠶᠠᠯᠠᠩ ᠳᠤ ᠬᠤᠯᠪᠤᠭᠳᠠᠬᠤ ᠪᠠᠯᠠ ᠮᠦᠩᠭᠦ ᠶᠢ ᠨᠢᠭᠡᠳᠭᠡᠬᠦ ᠬᠦᠴᠦᠯᠠᠴᠠ ᠶᠢ ᠨᠡᠮᠡᠭᠳᠡᠬᠦᠯᠦᠨ᠎ᠠ᠃ | ᠲᠤᠮᠢᠯᠠᠭᠳᠠᠨ ᠰᠠᠭᠤᠬᠤ ᠨᠢᠬᠡᠳᠦᠭᠡᠷ ᠱᠦᠵᠢ᠂ ᠲᠤᠰᠬᠤᠨ ᠳᠤ ᠰᠠᠭᠤᠬᠤ ᠠᠵᠢᠯ ᠤᠨ ᠲᠤᠭᠤᠶᠢᠯᠠᠩ᠂ ᠲᠤᠰᠬᠤᠨ ᠢ | ᠲᠠᠭᠠᠭᠠᠴᠢᠯᠠᠬᠤ ᠺᠠᠳ᠋ᠷ ᠤᠨ ᠦᠢᠯᠡᠳᠦᠯ ᠢ ᠬᠦᠢᠴᠡᠳ ᠪᠠᠳᠠᠷᠠᠭᠤᠯᠵᠦ᠂ ᠶᠠᠳᠠᠭᠤ ᠠᠴᠠ ᠠᠩᠭᠢᠵᠢᠷᠠᠭᠤᠯᠤᠨ ᠪᠠᠬᠢᠯᠠᠯᠳᠠ | ᠰᠢᠪᠳᠤᠯᠬᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠬᠠᠮᠢᠶᠠᠷᠤᠯᠳᠠ ᠪᠠᠨ ᠴᠢᠩᠭᠠᠳᠬᠠᠵᠦ᠂ ᠵᠦᠪ | ᠤᠨᠤᠪᠴᠢᠳᠠᠢ ᠪᠠᠷ ᠶᠠᠳᠠᠭᠤ ᠶᠢ ᠲᠡᠳᠬᠦᠨ᠂ ᠶᠠᠰᠦ ᠴᠢᠨᠠᠷ ᠢ ᠲᠡᠭᠡᠭᠰᠢᠯᠡᠬᠦᠯᠦᠨ᠎ᠠ᠃ ᠶᠠᠳᠠᠭᠤ ᠠᠴᠠ | ᠠᠩᠭᠢᠵᠢᠷᠠᠭᠤᠯᠤᠨ ᠪᠠᠬᠢᠯᠠᠯᠳᠠ ᠰᠢᠪᠳᠤᠯᠬᠤ ᠰᠤᠷᠳᠠᠯ ᠤᠨ ᠪᠠᠶᠢᠭᠤᠯᠤᠯᠳᠠ ᠶᠢᠨ ᠤᠨ ᠢᠶᠠᠷ ᠲᠤᠬᠢᠶᠠᠯ ᠪᠤᠯᠭᠠᠨ᠂ | ᠶᠠᠳᠠᠭᠤ ᠶᠢ ᠲᠡᠳᠬᠦᠬᠦ ᠬᠦᠷᠢᠶ᠎ᠠ ᠬᠡᠪᠴᠢᠶᠠᠨ ᠳᠠᠬᠢ ᠰᠤᠷᠳᠠᠯ ᠤᠨ ᠲᠤᠰᠬᠠᠢ ᠴᠡᠭᠴᠡᠯᠡᠯᠳᠡ ᠶᠢ ᠴᠢᠩᠭᠠᠳᠬᠠᠵᠦ᠂ | ᠢᠯᠵᠢᠷᠠᠯ ᠢ ᠴᠢᠩᠭ᠎ᠠ ᠰᠢᠢᠳᠭᠡᠨ᠂ ᠶᠠᠳᠠᠭᠤ ᠠᠴᠠ ᠠᠩᠭᠢᠵᠢᠷᠠᠭᠤᠯᠬᠤ ᠶᠢ ᠦᠨᠡᠨᠬᠦ ᠪᠠᠶᠠᠯᠡᠬᠦᠯᠦᠨ᠎ᠠ᠃ | ᠪᠤᠬᠢᠷᠳᠤᠯ ᠢ ᠰᠡᠷᠭᠡᠶᠢᠯᠡᠨ ᠵᠠᠰᠠᠬᠤ ᠰᠢᠪᠳᠤᠯᠤᠯᠳᠠ ᠶᠢᠨ ᠲᠠᠶᠢᠨ ᠤ ᠢᠯᠡᠯᠳᠠ ᠶᠢ ᠲᠡᠮᠡᠴᠡᠨ ᠤᠯᠬᠤ ᠪᠠᠷ | ᠴᠢᠷᠮᠠᠶᠢᠨ᠎ᠠ᠃ ᠬᠦᠬᠡᠮᠳᠦᠭ ᠠᠭᠤᠯᠠ ᠬᠦᠬᠡ ᠤᠢ ᠪᠤᠯ ᠲᠠᠷᠤᠢ ᠠᠯᠳᠠᠨ ᠠᠭᠤᠯᠠ ᠮᠦᠩᠭᠦᠨ ᠠᠭᠤᠯᠠ ᠪᠤᠯᠬᠤ | ᠬᠦᠭᠵᠢᠯᠳᠠ ᠶᠢᠨ ᠤᠶᠢᠯᠠᠭᠠᠭᠳᠠᠬᠤᠨ ᠢ ᠪᠤᠢ ᠪᠤᠯᠭᠠᠨ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢ ᠪᠦᠬᠦ | ᠠᠵᠢᠯ ᠤᠨ ᠲᠤᠪᠤᠶᠢᠮ᠎ᠠ ᠪᠠᠶᠢᠷᠢᠨ ᠳᠤ ᠲᠠᠯᠪᠢᠨ᠎ᠠ᠃ ᠪᠡᠭᠡᠵᠢᠩ ᠲᠢᠶᠠᠨᠵᠢᠨ ᠤ ᠡᠯᠡᠰᠦᠨ ᠰᠢᠭᠤᠷᠭ᠎ᠠ ᠶᠢᠨ ᠡᠬᠢ ᠶᠢ | ᠵᠠᠰᠠᠬᠤ ᠭᠤᠤᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ 2.9 ᠲᠦᠮᠡᠨ ᠮᠤ᠋ ᠬᠡᠷᠡᠭᠵᠢᠬᠦᠯᠵᠦ᠂ ᠠᠵᠦ ᠠᠬᠤᠢ | ᠶᠢᠨ ᠤᠢ ᠮᠤᠳᠦ ᠶᠢ ᠲᠦᠷᠬᠡᠳᠬᠡᠨ ᠬᠦᠭᠵᠢᠬᠦᠯᠵᠦ᠂ 1 ᠲᠦᠮᠡᠨ ᠮᠤ᠋ ᠬᠠᠷ᠎ᠠ ᠨᠤᠬᠠᠢ ᠶᠢᠨ ᠬᠤᠰᠢᠭᠤ ᠲᠠᠷᠢᠵᠦ᠂ | ᠠᠮᠢ ᠠᠬᠤᠢ ᠪᠤᠯᠤᠨ ᠠᠵᠦ ᠠᠮᠢᠳᠤᠷᠠᠯ ᠢ ᠬᠤᠤᠰᠯᠠᠨ ᠪᠤᠰᠬᠠᠨ᠎ᠠ᠃ ︽ᠨᠠᠮ ᠵᠠᠰᠠᠭ ᠬᠠᠮᠳᠦ ᠪᠠᠷ ᠬᠠᠷᠢᠭᠤᠴᠠᠵᠦ᠂ | ᠨᠢᠬᠡ ᠠᠵᠢᠯ ᠤᠨ ᠪᠠᠶᠢᠷᠢ ᠳᠤ ᠬᠤᠤᠰ ᠬᠠᠷᠢᠭᠤᠴᠠᠯᠭ᠎ᠠ ᠡᠬᠦᠷᠬᠡᠯᠡᠬᠦ︾ ᠱᠠᠭᠠᠷᠳᠠᠯᠭ᠎ᠠ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠤᠨ᠂ ᠠᠮᠢ ᠠᠬᠤᠢ ᠶᠢᠨ ᠤᠷᠴᠢᠨ ᠲᠤᠭᠤᠷᠢᠨ ᠤ ᠬᠠᠮᠭᠠᠯᠠᠯᠳᠠ ᠶᠢ ᠴᠢᠩᠭᠠᠳᠬᠠᠵᠦ᠂ ᠠᠭᠤᠯᠠ | ᠤᠰᠦ ᠤᠢ ᠰᠢᠭᠤᠢ ᠡᠪᠡᠰᠦ ᠲᠠᠷᠢᠶᠠᠨ ᠤ ᠰᠢᠰᠲ᠋ᠧᠮ ᠤᠨ ᠴᠡᠭᠴᠡᠯᠡᠯᠳᠡ ᠶᠢ ᠨᠢᠭᠡᠳᠦᠯᠵᠢᠬᠦᠯᠦᠨ ᠠᠬᠢᠭᠤᠯᠵᠦ᠂ | ᠪᠡᠯᠴᠢᠭᠡᠷᠯᠡᠬᠦᠯᠬᠦ ᠶᠢ ᠴᠠᠭᠠᠵᠠᠯᠠᠬᠤ᠂ ᠮᠠᠯ ᠪᠡᠯᠴᠢᠭᠡᠷ ᠢ ᠲᠡᠩᠴᠡᠬᠦᠷᠢᠰᠢᠬᠦᠯᠬᠦ᠂ ᠲᠠᠷᠢᠶᠠᠯᠠᠬᠤ ᠶᠢ ᠵᠤᠭᠰᠤᠭᠠᠨ ᠤᠢ | ᠮᠤᠳᠦ ᠲᠠᠷᠢᠬᠤ ᠬᠢᠭᠡᠳ ᠲᠠᠯ᠎ᠠ ᠨᠤᠳᠤᠭ ᠤᠨ ᠠᠮᠢ ᠠᠬᠤᠢ ᠶᠢᠨ ᠬᠠᠮᠠᠭᠠᠯᠠᠯᠳᠠ ᠶᠢᠨ ᠱᠠᠩᠨᠠᠨ ᠨᠦᠬᠦᠪᠦᠷᠢᠯᠡᠬᠦ ᠲᠦᠷᠦ | ᠶᠢᠨ ᠪᠤᠳᠤᠯᠭ᠎ᠠ ᠤᠳ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠦ᠂ ᠬᠠᠤᠯᠢ ᠴᠠᠭᠠᠵᠠ ᠶᠢᠨ ᠠᠷᠭ᠎ᠠ ᠠᠪᠴᠢᠯ ᠢᠶᠠᠷ | ᠠᠮᠢ ᠠᠬᠤᠢ ᠶᠢᠨ ᠬᠠᠮᠠᠭᠠᠯᠠᠯᠳᠠ ᠶᠢ ᠴᠢᠩᠭᠠᠳᠬᠠᠨ᠂ ᠠᠮᠢ ᠠᠬᠤᠢ ᠶᠢᠨ ᠤᠷᠴᠢᠨ ᠲᠤᠭᠤᠷᠢᠨ ᠢ ᠦᠷᠬᠦᠯᠵᠢᠯᠡᠨ | ᠰᠠᠶᠢᠵᠢᠷᠠᠭᠤᠯᠤᠨ᠎ᠠ᠃ ᠲᠡᠭᠡᠷ᠎ᠡ ᠱᠠᠳᠤᠨ ᠤ ᠪᠠᠭᠤᠯᠭᠠᠭᠰᠠᠨ 10 ᠲᠦᠯᠡᠰᠢᠨ ᠵᠤᠤᠬ᠎ᠠ ᠶᠢ ᠠᠪᠴᠦ ᠬᠠᠶᠠᠬᠤ ᠡᠬᠦᠷᠬᠡ | ᠶᠢ ᠪᠠᠶᠠᠯᠡᠬᠦᠯᠵᠦ᠂ ︽ᠬᠡᠢ ᠶᠢ ᠵᠡᠬᠦᠨᠰᠢ ᠶᠠᠪᠤᠭᠤᠯᠬᠤ︾ ᠪᠠᠶᠢᠯᠳᠤᠬᠤ ᠪᠤᠳᠤᠯᠭ᠎ᠠ ᠶᠢᠨ ᠲᠤᠬᠢᠶᠠᠯ ᠢ ᠠᠳᠬᠤᠨ᠂ | ᠬᠦᠬᠡ ᠲᠡᠭᠷᠢ ᠪᠠᠨ ᠬᠠᠮᠠᠭᠠᠯᠠᠬᠤ ᠲᠠᠶᠢᠨ ᠤ ᠢᠯᠡᠯᠳᠠ ᠶᠢ ᠤᠯᠬᠤ ᠪᠠᠷ ᠡᠷᠡᠰ ᠴᠢᠷᠮᠠᠶᠢᠨ᠎ᠠ᠃ ︽ᠭᠤᠤᠯ ᠮᠦᠷᠡᠨ ᠤ | ᠲᠠᠷᠤᠭ᠎ᠠ︾ ᠶᠢᠨ ᠲᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠦ᠂ ᠤᠰᠤᠨ ᠤ ᠡᠬᠢ ᠪᠠᠶᠠᠯᠢᠭ ᠤᠨ | ᠬᠠᠮᠢᠶᠠᠷᠤᠯᠳᠠ ᠶᠢᠨ ᠬᠠᠮᠤᠭ ᠤᠨ ᠴᠢᠩᠭ᠎ᠠ ᠲᠦᠷᠢᠮ ᠢ ᠬᠡᠷᠡᠭᠵᠢᠬᠦᠯᠦᠨ᠂ ᠡᠬᠢ ᠰᠤᠷᠪᠤᠯᠵᠢ ᠶᠢᠨ ᠬᠠᠮᠠᠭᠠᠯᠠᠯᠳᠠ ᠶᠢ | ᠴᠢᠩᠭᠠᠳᠬᠠᠵᠦ᠂ ᠠᠭᠤᠷᠬᠠᠢ ᠶᠢᠨ ᠤᠷᠤᠨ ᠤ ᠴᠡᠴᠡᠭᠯᠡᠯᠳᠡ ᠵᠠᠰᠠᠯᠳᠠ ᠶᠢ ᠲᠦᠯᠦᠪᠵᠢᠬᠦᠯᠬᠡ ᠲᠠᠢ ᠦᠷᠨᠢᠬᠦᠯᠦᠨ᠂ | ᠲᠡᠩᠴᠡᠬᠦᠷᠢ ᠶᠢ ᠪᠠᠳᠤᠯᠠᠨ᠎ᠠ᠃ ᠤᠰᠦ ᠠᠷᠪᠢᠯᠠᠨ ᠤᠰᠤᠯᠠᠬᠤ ᠢ ᠪᠦᠬᠦ ᠲᠠᠯ᠎ᠠ ᠪᠠᠷ ᠬᠡᠷᠡᠭᠵᠢᠬᠦᠯᠵᠦ᠂ ᠲᠡᠬᠦᠨ ᠤ | ᠲᠠᠷᠢᠬᠤ ᠲᠠᠯᠠᠪᠠᠢ ᠶᠢ 8.9 ᠲᠦᠮᠡᠨ ᠮᠤ᠋ ᠳᠤ ᠬᠦᠷᠬᠡᠨ᠎ᠠ᠃ ᠪᠤᠬᠢᠷᠳᠤᠯ ᠦᠭᠡᠢ ᠠᠭᠤᠷᠬᠠᠢ ᠶᠢᠨ ᠴᠡᠭᠴᠡᠯᠡᠯᠳᠡ ᠶᠢ | ᠲᠦᠯᠬᠢᠨ ᠠᠬᠢᠭᠤᠯᠵᠦ᠂ ᠬᠦᠷᠦᠰᠦ ᠰᠢᠷᠤᠢ ᠶᠢᠨ ᠪᠤᠬᠢᠷᠳᠤᠯ ᠢ ᠬᠢᠵᠠᠭᠠᠷᠯᠠᠨ ᠰᠡᠷᠭᠦᠬᠡᠬᠦ ᠶᠢ ᠴᠢᠩᠭᠠᠳᠬᠠᠨ᠂ ᠬᠠᠳᠠᠭᠤ | ᠪᠠᠶᠠᠳᠦ ᠶᠢᠨ ᠬᠠᠶᠠᠭᠳᠠᠮᠠᠯ᠂ ᠬᠤᠭ ᠨᠤᠪᠰᠢ ᠶᠢ ᠰᠢᠢᠳᠪᠦᠷᠢᠯᠡᠬᠦ ᠪᠤᠯᠤᠨ ᠲᠠᠷᠢᠶᠠᠯᠠᠩ ᠤᠨ ᠲᠠᠯ᠎ᠠ ᠪᠠᠷ ᠬᠢ ᠪᠤᠬᠢᠷᠳᠤᠯ | ᠢ ᠰᠡᠷᠬᠡᠶᠢᠯᠡᠬᠦ ᠪᠠᠨ ᠴᠢᠩᠭᠠᠳᠬᠠᠵᠦ᠂ ᠪᠤᠷᠳᠤᠭᠤᠷ᠂ ᠡᠮ᠂ ᠪᠦᠷᠬᠦᠪᠴᠢ᠂ ᠤᠰᠦ ᠵᠡᠷᠬᠡ ︽ᠲᠦᠷᠪᠡ ᠶᠢ | ᠬᠢᠵᠠᠭᠠᠷᠯᠠᠬᠤ︾ ᠠᠵᠢᠯᠯᠠᠭ᠎ᠠ ᠶᠢ ᠬᠦᠨᠵᠡᠭᠡᠢ ᠦᠷᠨᠢᠬᠦᠯᠦᠨ᠎ᠠ᠃ ᠤᠷᠴᠢᠨ ᠲᠤᠭᠤᠷᠢᠨ ᠤ ᠬᠠᠮᠢᠶᠠᠷᠤᠯᠳᠠ ᠶᠢ | ᠰᠦᠯᠵᠢᠶᠠᠨ ᠳᠤ ᠤᠷᠤᠭᠤᠯᠵᠦ᠂ ᠰᠠᠯᠠᠭ᠎ᠠ ᠮᠦᠴᠢᠷ ᠤᠳ ᠤᠨ ᠬᠤᠭᠤᠷᠤᠨᠳᠤᠬᠢ ᠬᠤᠯᠪᠤᠯᠴᠠᠭ᠎ᠠ ᠡᠵᠡᠮᠳᠠᠯ ᠢ | ᠠᠬᠢᠭᠤᠯᠤᠨ᠂ ᠬᠠᠤᠯᠢ ᠠᠴᠠ ᠵᠦᠷᠢᠴᠡᠭᠰᠡᠨ ᠠᠵᠢᠯᠯᠠᠭ᠎ᠠ ᠳᠤ ᠴᠢᠩᠭ᠎ᠠ ᠴᠤᠬᠢᠯᠳᠠ ᠦᠭᠬᠦᠨ᠎ᠠ᠃ ᠠᠮᠢ ᠠᠬᠤᠢ ᠶᠢᠨ | ᠰᠤᠶᠤᠯ ᠢ ᠢᠳᠡᠪᠬᠢᠳᠠᠢ ᠮᠠᠨᠳᠤᠭᠤᠯᠤᠨ ᠤᠯᠠᠮᠵᠢᠯᠠᠵᠦ᠂ ᠪᠤᠬᠢᠷᠳᠤᠯ ᠦᠭᠡᠢ ᠬᠡᠷᠡᠭᠯᠡᠭᠡ᠂ ᠪᠤᠬᠢᠷᠳᠤᠯ ᠦᠭᠡᠢ | ᠠᠮᠢᠳᠤᠷᠠᠯ ᠢ ᠤᠷᠤᠰᠬᠠᠯ ᠪᠤᠯᠭᠠᠨ᠎ᠠ᠃ | ︵ ᠬᠤᠶᠠᠷ︶ ᠰᠢᠶᠠᠩ ᠲᠤᠰᠬᠤᠨ ᠢ ᠰᠡᠷᠭᠦᠭᠡᠨ ᠬᠦᠭᠵᠢᠬᠦᠯᠬᠦ ᠪᠤᠳᠤᠯᠭ᠎ᠠ ᠶᠢ ᠶᠠᠬᠡᠪᠠᠷ ᠬᠡᠷᠡᠭᠵᠢᠬᠦᠯᠵᠦ᠂ ᠮᠠᠯ | ᠲᠠᠷᠢᠶᠠᠯᠠᠩ ᠤᠨ ᠦᠢᠯᠡᠰ ᠤᠨ ᠤᠳᠤᠬᠢᠴᠢᠯᠠᠯᠳᠠ ᠶᠢ ᠲᠦᠷᠭᠡᠳᠭᠡᠨ᠎ᠠ ᠃ | ᠵᠠᠬ᠎ᠠ ᠲᠡᠯᠭᠡᠬᠦᠷ ᠤᠨ ᠭᠡᠷᠡᠭᠴᠡᠭᠡ ᠪᠠᠷ ᠤᠳᠤᠷᠢᠳᠤᠮᠵᠢ ᠪᠤᠯᠭᠠᠨ᠂ ᠤᠨᠴᠠᠯᠢᠭ ᠪᠦᠬᠦᠢ ᠵᠠᠮ ᠢᠶᠠᠷ ᠵᠠᠮᠨᠠᠬᠤ ᠶᠢ | ᠪᠠᠷᠢᠮᠳᠠᠯᠠᠵᠤ᠂ ᠪᠤᠬᠢᠷᠳᠤᠯ ᠦᠬᠡᠢ ᠮᠠᠯ ᠬᠠᠩᠭᠠᠯᠭ᠎ᠠ ᠶᠢᠨ ᠪᠦᠳᠤᠴᠠ ᠶᠢᠨ ᠴᠢᠨᠠᠷᠲᠠᠢ ᠦᠭᠡᠷᠡᠴᠢᠯᠡᠯᠡᠳᠡ ᠶᠢ | ᠦᠷᠭᠦᠯᠵᠢᠯᠡᠨ ᠭᠦᠨᠵᠡᠭᠡᠶᠢᠷᠡᠬᠦᠯᠵᠤ᠂ ᠭᠡᠷᠡᠭᠯᠡᠭᠴᠢᠳ ᠲᠤ ᠨᠡᠩ ᠡᠯᠪᠡᠭ ᠲᠡᠯᠪᠡᠭ᠂ ᠪᠤᠷᠤᠯᠠᠭᠤᠯᠭ᠎ᠠ ᠰᠠᠶᠢᠲᠠᠢ ᠮᠠᠯ | ᠲᠠᠷᠢᠶᠠᠯᠠᠩ ᠤᠨ ᠪᠦᠳᠦᠭᠡᠭᠳᠡᠭᠦᠨ ᠢ ᠬᠠᠩᠭᠠᠨ᠎ᠠ᠃ ︽ᠰᠢᠯᠢᠳᠡᠭᠵᠢᠬᠦᠯᠬᠦ︾ ᠲᠠᠷᠢᠶᠠᠯᠩ ᠮᠠᠯ ᠠᠵᠤ ᠠᠬᠤᠢ ᠶᠢᠨ | ᠪᠦᠳᠦᠴᠠ ᠶᠢᠨ ᠰᠢᠰᠲ᠋ᠧᠮ ᠪᠤᠢ ᠪᠤᠯᠭᠠᠨ᠎ᠠ᠃ ︽3311︾ ᠲᠠᠷᠢᠬᠤ ᠦᠢᠯᠡᠰ ᠤᠨ ᠶᠠᠷᠤᠩᠭᠡᠢ | ᠪᠠᠶᠢᠷᠢᠰᠢᠯᠠᠭᠤᠯᠤᠯᠳᠠ ᠶᠢ ᠰᠢᠯᠢᠳᠡᠭᠵᠢᠬᠦᠯᠵᠦ᠂ ᠦᠷ᠎ᠡ ᠶᠢᠨ ᠲᠦᠮᠦᠰᠦ ᠦᠷᠡᠵᠢᠬᠦᠯᠦᠨ ᠪᠤᠶᠢᠵᠢᠭᠤᠯᠬᠤ ᠰᠢᠰᠲ᠋ᠧᠮ ᠢ | ᠪᠦᠳᠤᠭᠡᠨ ᠪᠠᠶᠢᠭᠤᠯᠤᠨ᠎ᠠ᠃ ᠴᠢᠨᠠᠷ ᠰᠠᠶᠢᠲᠠᠢ ᠨᠤᠬᠠᠢ ᠶᠢᠨ ᠬᠤᠰᠢᠭᠤ ᠶᠢ ᠲᠠᠷᠢᠵᠤ ᠤᠷᠭᠤᠭᠤᠯᠬᠤ ᠵᠢᠱᠢᠶᠡᠳᠤ | ᠰᠠᠭᠤᠷᠢᠨ ᠭᠠᠵᠠᠷ 1 ᠠᠴᠠ 2 ᠢ ᠪᠦᠳᠤᠭᠡᠨ ᠪᠠᠶᠢᠭᠤᠯᠤᠨ᠎ᠠ᠃ ︽ᠬᠤᠸᠠᠳᠧ ᠴᠠᠭᠠᠨ ᠨᠤᠭᠤᠭ᠎ᠠ︾ ᠭᠠᠵᠠᠷ | ᠤᠷᠤᠨ ᠤ ᠰᠢᠨᠵᠢ ᠲᠡᠮᠳᠡᠭ ᠢᠶᠠᠷ ᠰᠠᠭᠤᠷᠢ ᠪᠤᠯᠭᠠᠵᠤ᠂ ᠮᠢᠩᠭᠠᠨ ᠮᠦ ᠵᠠᠳᠠᠭᠠᠢ ᠭᠠᠵᠠᠷ ᠤᠨ ᠢᠳᠡᠰᠢᠨ ᠨᠤᠭᠤᠭ᠎ᠠ | ᠲᠠᠷᠢᠬᠤ ᠵᠢᠱᠢᠶᠡᠳᠤ ᠰᠠᠭᠤᠷᠢᠨ ᠭᠠᠵᠠᠷ 2 ᠢ ᠪᠦᠳᠤᠭᠡᠨ ᠪᠠᠶᠢᠭᠤᠯᠤᠨ᠎ᠠ᠃ ᠦᠨᠳᠤᠷ ᠬᠤᠷᠢᠶᠠᠯᠳᠠ ᠲᠠᠢ ᠴᠢᠨᠠᠷ | ᠰᠠᠶᠢᠲᠠᠢ ᠪᠤᠷᠳᠤᠭᠤᠷ ᠤᠨ ᠲᠠᠷᠢᠮᠠᠯ ᠢ10 ᠲᠦᠮᠡᠨ ᠮᠦ ᠳᠤ ᠲᠤᠭᠳᠠᠪᠤᠷᠢᠵᠢᠭᠤᠯᠤᠨ᠎ᠠ᠃ ᠭᠤᠷᠪᠠᠳᠤᠭᠠᠷ | ᠬᠤᠭᠤᠴᠠᠭᠠᠨ ᠤ ᠳ᠋ᠠ ᠬᠤᠣ ᠾᠧ ᠱᠠᠨ ᠵᠠᠭᠤᠨ ᠲᠦᠮᠡᠨ ᠠᠮᠠ ᠤᠳᠤᠬᠢᠴᠢᠯᠠᠭᠰᠠᠨ ᠭᠠᠭ᠋ᠠᠢ ᠲᠡᠵᠢᠬᠡᠬᠦ ᠲᠠᠯᠠᠪᠠᠢ ᠶᠢ | ᠲᠦᠷᠭᠡᠨ ᠠᠬᠢᠭᠤᠯᠵᠤ᠂ ᠱᠦᠨ ᠰᠢᠨ ᠬᠦᠳᠡᠭᠡ ᠠᠵᠤ ᠠᠬᠤᠶᠢᠯᠠᠯ ᠤᠨ 50 ᠲᠦᠮᠡᠨ ᠲᠤᠯᠤᠭᠠᠢ ᠭᠠᠭ᠋ᠠᠢ ᠲᠡᠵᠢᠭᠡᠨ | ᠦᠷᠡᠵᠢᠭᠦᠯᠬᠦ ᠲᠦᠰᠤᠯ ᠢ ᠪᠦᠳᠤᠭᠡᠨ ᠪᠠᠶᠢᠭᠤᠯᠤᠨ᠎ᠠ᠃ 8 ᠰᠠᠷ᠎ᠠ ᠳᠤ ᠳ᠋ᠧ ᠪᠣᠣ ᠲᠤ᠂ ᠪᠠᠶᠠᠨᠳᠠᠯ᠎ᠠ ᠶᠢᠨ | ᠬᠠᠮᠳᠤ ᠵᠢᠨᠭᠠᠭ᠋ᠠᠢ ᠲᠡᠵᠢᠭᠡᠨᠦᠷᠡᠵᠢᠭᠦᠯᠬᠦ ᠦᠯᠡᠳᠪᠤᠷᠢ ᠶᠢ ᠠᠰᠢᠭᠯᠠᠯᠳᠠ ᠳᠤ ᠤᠷᠤᠭᠤᠯᠬᠤ ᠪᠠᠷ ᠴᠢᠷᠮᠠᠶᠢᠨ᠎ᠠ᠃ | ᠭᠠᠭ᠋ᠠᠢ ᠲᠡᠵᠢᠭᠡᠨ ᠦᠷᠡᠵᠢᠭᠦᠯᠬᠦ ᠲᠠᠯᠠᠪᠠᠢ2 ᠶᠢ ᠰᠢᠨ᠎ᠡ ᠪᠠᠷ ᠪᠠᠶᠢᠭᠤᠯᠬᠤ ᠪᠤᠶᠤ ᠦᠷᠭᠡᠳᠭᠡᠨ ᠪᠠᠶᠢᠭᠤᠯᠵᠤ᠂ | ᠭᠠᠭ᠋ᠠᠢ ᠶᠢᠨ ᠵᠢᠯ ᠤᠨ ᠭᠠᠷᠭᠠᠯᠳᠠ ᠶᠢ 35 ᠲᠦᠮᠡᠨ ᠲᠤᠯᠤᠭᠠᠢ ᠳᠤ ᠬᠦᠷᠭᠡᠨ᠎ᠡ᠃ ᠢᠳᠡᠰᠢᠨ ᠤ ᠬᠤᠨᠢᠨ ᠰᠠᠶᠢᠨ | ᠡᠭᠦᠯᠳᠡᠷ ᠢ ᠦᠷᠡᠵᠢᠬᠦᠯᠬᠦ ᠰᠢᠰᠲ᠋ᠧᠮ ᠢ ᠪᠦᠳᠦᠭᠡᠨ ᠪᠠᠶᠢᠭᠤᠯᠵᠤ᠂ ᠢᠳᠡᠰᠢᠨ ᠬᠤᠨᠢᠨ ᠤ ᠴᠢᠨᠠᠷ ᠴᠢᠨᠰᠠᠭ᠎ᠠ ᠶᠢ | ᠲᠡᠭᠡᠭᠰᠢᠯᠡᠭᠦᠯᠵᠦ᠂ ᠢᠳᠡᠰᠢᠨ ᠬᠤᠨᠢᠨ ᠤ ᠵᠢᠯ ᠤᠨ ᠭᠠᠷᠭᠠᠯᠳᠠ ᠶᠢ 70 ᠲᠦᠮᠡᠨ ᠲᠤᠯᠤᠭᠠᠢ ᠳᠤ ᠬᠦᠷᠭᠡᠨ᠎ᠡ᠃ | ᠲᠠᠬᠢᠶ᠎ᠠ᠂ ᠦᠬᠡᠷ ᠂ ᠡᠯᠵᠢᠭᠡ ᠵᠡᠷᠭᠡ ᠤᠨᠴᠠᠯᠢᠭ ᠪᠦᠬᠦᠢ ᠲᠡᠵᠢᠭᠡᠨ ᠦᠷᠡᠵᠢᠭᠦᠯᠬᠦ ᠦᠢᠯᠡᠰ ᠢ ᠶᠡᠭᠡᠪᠡᠷ | ᠬᠦᠭᠵᠢᠭᠦᠯᠦᠨ᠎ᠡ᠃ ᠤᠯᠠᠨ ᠠᠷᠭ᠎ᠠ ᠵᠠᠮ ᠢᠶᠠᠷ ᠲᠠᠷᠢᠶᠠᠴᠢᠨ ᠮᠠᠯᠴᠢᠨ ᠤ ᠤᠷᠤᠯᠭ᠎ᠠ ᠶᠢ ᠨᠡᠮᠡᠭᠳᠡᠭᠦᠯᠵᠦ ᠪᠠᠶᠠᠵᠢᠬᠤ ᠶᠢ | ᠨᠢ ᠳᠠᠶᠢᠴᠢᠯᠠᠨ᠎ᠠ᠃ ᠭᠠᠵᠠᠷ ᠰᠢᠷᠦᠢ᠂ ᠣᠰᠤ᠂ ᠤᠷᠴᠢᠨ ᠲᠤᠭᠤᠷᠢᠨ ᠵᠡᠷᠭᠡ ᠡᠬᠢ ᠪᠠᠶᠠᠯᠢᠭ ᠤᠨ ᠬᠦᠯᠢᠶᠡᠰᠤᠯᠡᠯ ᠢ | ᠭᠦᠢᠴᠠᠳ ᠪᠤᠳᠤᠯᠬᠢᠯᠠᠵᠤ᠂ ᠲᠠᠷᠢᠵᠤ ᠲᠡᠵᠢᠭᠡᠬᠦ ᠭᠡᠪᠴᠢᠶ᠎ᠡ ᠪᠠᠨ ᠵᠤᠬᠢᠰᠲᠠᠢ ᠲᠤᠭᠢᠷᠠᠭᠤᠯᠵᠤ ᠲᠠᠷᠢᠶᠠᠯᠩ ᠮᠠᠯ ᠠᠵᠤ | ᠠᠬᠤᠢ ᠶᠢᠨ ᠪᠤᠬᠢᠷᠳᠤᠯ ᠦᠬᠡᠢ ᠬᠦᠭᠵᠢᠯᠳᠡ ᠶᠢ ᠲᠦᠯᠬᠢᠨ ᠠᠬᠢᠭᠤᠯᠤᠨ᠎ᠠ᠃ ᠮᠠᠯ ᠲᠠᠷᠢᠶᠠᠯᠠᠩ ᠤᠨ | ᠪᠦᠳᠦᠭᠡᠭᠳᠡᠬᠦᠨ ᠤ ᠶᠠᠰᠤ ᠴᠢᠨᠠᠷ ᠤᠨ ᠠᠶᠤᠯ ᠦᠬᠡᠢ ᠶᠢ ᠮᠦᠷᠳᠡᠭᠦ ᠰᠢᠰᠲ᠋ᠧᠮ ᠤᠨ ᠪᠠᠶᠢᠭᠤᠯᠤᠯᠳᠠ ᠶᠢ ᠴᠢᠩᠭᠠᠳᠬᠠᠵᠤ | ᠂ ︽ᠭᠤᠷᠪᠠᠨ ᠲᠠᠸᠠᠷ ᠨᠢᠭᠡ ᠲᠡᠮᠳᠡᠭ︾ ᠤᠨ ᠭᠡᠷᠡᠴᠢᠯᠡᠯᠳᠡ ᠶᠢ ᠶᠡᠭᠡ ᠭᠡᠮᠵᠢᠶ᠎ᠡ ᠦᠷᠨᠢᠬᠦᠯᠦᠨ᠎ᠡ᠃ ᠪᠤᠬᠢᠷᠳᠤᠯ ᠦᠬᠡᠢ | ᠲᠠᠷᠢᠶᠠᠯᠠᠩ ᠤᠨ ᠪᠦᠳᠦᠭᠡᠭᠳᠡᠭᠦᠨ ᠤ ᠭᠡᠷᠡᠴᠢᠯᠡᠯ ᠲᠠᠯᠠᠪᠠᠢ1000 ᠮᠦ ᠰᠢᠨ᠎ᠡ ᠪᠠᠷ ᠨᠡᠮᠡᠭᠳᠡᠨ᠎ᠡ᠃ ᠪᠤᠬᠢᠷᠳᠤᠯ ᠦᠬᠡᠢ | ᠮᠠᠯ ᠤᠨ ᠪᠦᠳᠦᠭᠡᠭᠳᠡᠬᠦᠨ ᠤ ᠭᠡᠷᠡᠴᠢᠯᠡᠯ ᠤᠨ ᠲᠤᠭ᠎ᠠ 8 ᠳᠤ ᠬᠦᠷᠦᠨ᠎ᠡ᠃ ︽ᠴᠢᠩᠭ᠎ᠠ ᠲᠤᠬᠢᠷᠠᠭᠤᠯᠬᠤ︾ | ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠳᠡ ᠶᠢᠨ ᠰᠢᠰᠲ᠋ᠧᠮ ᠶᠢ ᠪᠤᠢ ᠪᠤᠯᠭᠠᠨ᠎ᠠ᠃ ᠵᠠᠬ᠎ᠠ ᠲᠡᠯᠭᠡᠭᠦᠷ ᠢᠶᠠᠷ | ᠦᠢᠯᠡᠳᠪᠦᠷᠢᠯᠡᠯ ᠢ ᠬᠦᠳᠤᠯᠦᠬᠦᠯᠵᠤ᠂ ᠡᠵᠡᠩᠨᠡᠯᠳᠡ ᠪᠤᠷᠤᠯᠠᠭᠤᠯᠤᠯᠳᠠ ᠲᠡᠯᠡᠬᠦ ᠬᠦᠴᠦᠨ ᠢ ᠴᠢᠩᠭᠠᠯᠠᠨ᠎ᠠ᠃ | ᠲᠠᠷᠢᠶᠠᠯᠠᠩ ᠮᠠᠯ ᠠᠵᠤ ᠠᠬᠤᠢ ᠶᠢᠨ ᠪᠤᠯᠪᠠᠰᠤᠷᠠᠭᠤᠯᠤᠯᠳᠠ ᠶᠢ ᠲᠤᠪᠤᠶᠢᠮ᠎ᠠ ᠬᠦᠭᠵᠢᠬᠦᠯᠵᠦ᠂ ᠬᠤᠩ ᠸᠠᠩ ᠮᠢᠬᠠᠨ | ᠢᠳᠡᠭᠡᠨ᠂ ᠰᠢᠨ ᠪᠠᠩ ᠲᠦᠮᠦᠰᠦᠨ ᠦᠢᠯᠡᠰ ᠤᠨ ᠠᠰᠢᠭᠯᠠᠯᠳᠠ ᠳᠤ ᠣᠷᠤᠬᠤ ᠶᠢ ᠲᠦᠷᠭᠡᠨ ᠠᠬᠢᠭᠤᠯᠦᠨ᠎ᠠ᠃ | ᠵᠢᠯ ᠤᠨ ᠲᠤᠳᠤᠷ᠎ᠠ ᠲᠠᠷᠢᠶᠠᠯᠠᠩ ᠮᠠᠯ ᠠᠵᠤ ᠠᠬᠤᠢ ᠶᠢᠨ ᠪᠦᠳᠦᠭᠡᠭᠳᠡᠬᠦᠨ ᠤ ᠠᠷᠠᠯᠵᠢᠶᠠᠨ ᠤ ᠲᠦᠪ ᠢ ᠪᠦᠳᠤᠭᠡᠨ | ᠪᠠᠶᠢᠭᠤᠯᠤᠨ᠎ᠠ ᠃ ᠬᠦᠳᠡᠭᠡ ᠲᠤᠰᠬᠤᠨ ᠤ ᠠᠵᠤ ᠠᠬᠤᠢ ᠶᠢ ᠵᠤᠬᠢᠶᠠᠨ ᠪᠠᠶᠢᠭᠤᠯᠵᠤ᠂ ᠲᠠᠭᠠᠭᠠᠭᠤᠯᠤᠭᠴᠢ ᠬᠦᠮᠦᠨ | ᠰᠤᠩᠭᠤᠵᠤ ᠰᠢᠨ᠎ᠡ ᠦᠶ᠎ᠡ ᠤᠨ ᠲᠤᠰᠬᠠᠢ ᠮᠡᠷᠭᠡᠵᠢᠯ ᠤᠨ ᠲᠠᠷᠢᠶᠠᠴᠢᠨ ᠬᠦᠮᠦᠵᠢᠬᠦᠯᠦᠨ᠎ᠡ᠃ ︽ᠲᠠᠷᠢᠶᠠᠯᠠᠩ | ᠬᠤᠳᠠᠯᠳᠤᠭ᠎ᠠ ᠶᠢ ᠵᠤᠯᠭᠠᠯᠳᠤᠭᠤᠯᠬᠤ᠂ ᠲᠠᠷᠢᠶᠠᠯᠠᠩ ᠲᠡᠯᠭᠡᠭᠦᠷ ᠢ ᠵᠤᠯᠭᠠᠯᠳᠤᠭᠤᠯᠬᠤ᠂ ᠲᠠᠷᠢᠶᠠᠯᠠᠩ ᠲᠠᠸᠠᠷ ᠢ | ᠵᠤᠯᠭᠠᠯᠳᠤᠭᠤᠯᠬᠤ︾ ᠶᠢ ᠴᠢᠩᠭᠠᠳᠬᠠᠵᠤ᠂ ︽ᠢᠨᠲ᠋ᠤᠷ ᠰᠦᠯᠵᠢᠶ᠎ᠡ+ ᠪᠤᠭᠢᠷᠳᠤᠯ ᠦᠬᠡᠢ︾ ᠶᠢ ᠠᠬᠢᠭᠤᠯᠵᠤ᠂ | ᠨᠢᠭᠡᠳᠤᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠢ ᠤᠶᠠᠯᠳᠤᠭᠤᠯᠤᠨ ᠬᠦᠭᠵᠢᠬᠦᠯᠬᠦ ᠶᠢ ᠲᠦᠯᠬᠢᠨ | ᠠᠬᠢᠭᠤᠯᠤᠨ᠎ᠠ᠃ | ᠬᠦᠳᠡᠭᠡ ᠲᠤᠰᠬᠤᠨ ᠤ ᠦᠭᠡᠷᠡᠴᠢᠯᠡᠯᠳᠡ ᠶᠢ ᠭᠦᠨᠵᠡᠭᠡᠶᠢᠷᠡᠭᠦᠯᠦᠨ᠎ᠡ᠃ ᠡᠯ᠎ᠡ ᠵᠦᠢᠯ ᠤᠨ ᠭᠠᠵᠠᠷ ᠰᠢᠷᠦᠢ ᠶᠢᠨ | ᠡᠬᠢ ᠪᠠᠶᠠᠯᠢᠭ ᠢ ᠵᠤᠬᠢᠴᠠᠭᠤᠯᠤᠨ ᠨᠡᠶᠢᠯᠡᠭᠦᠯᠵᠤ᠂ ᠭᠠᠵᠠᠷ ᠰᠢᠷᠦᠢ ᠶᠢᠨ ᠲᠠᠭᠠᠭᠠᠴᠢᠯᠠᠯᠳᠠ ᠶᠢᠨ ᠵᠦᠷᠢᠴᠠᠯ ᠢ | ᠢᠳᠡᠪᠬᠢᠲᠠᠢ ᠪᠠᠷ ᠨᠠᠮᠳᠠᠭᠤᠯᠵᠤ᠂ ᠲᠠᠭᠠᠭᠠᠴᠢᠯᠠᠯᠳᠠ ᠶᠢᠨ ᠬᠠᠷᠢᠴᠠᠭ᠎ᠠ ᠶᠢ ᠰᠢᠯᠤᠭᠤᠳᠬᠠᠵᠤ᠂ ᠭᠠᠵᠠᠷ | ᠰᠢᠷᠦᠢ ᠵᠢᠨᠡᠷᠬᠡ ᠶᠢᠨ ᠲᠤᠭᠳᠠᠭᠠᠯᠳᠠ ᠶᠢᠨ ᠳᠠᠩᠰᠠᠯᠠᠯᠳᠠ᠂ ᠦᠨᠡᠮᠯᠡᠯ ᠤᠯᠭᠤᠯᠳᠠ ᠶᠢᠨ ᠠᠵᠢᠯ ᠢ ᠪᠡᠶᠡᠯᠡᠬᠦᠯᠦᠨ᠎ᠡ᠃ | ︽ᠭᠤᠷᠪᠠᠨ ᠡᠷᠬᠡ︾ ᠶᠢ ᠰᠠᠯᠭᠠᠨ ᠲᠠᠯᠪᠢᠬᠤ ᠲᠥᠷᠢᠮ ᠤᠨ ᠦᠬᠡᠷᠡᠴᠢᠯᠡᠯᠳᠡ ᠶᠢ ᠲᠦᠯᠬᠢᠨ ᠠᠬᠢᠭᠤᠯᠵᠤ᠂ | ᠲᠠᠷᠢᠶᠠᠴᠢᠨ ᠡᠷᠤᠭᠡ ᠶᠢᠨ ᠲᠠᠭᠠᠭᠠᠴᠢᠯᠠᠯᠳᠠ ᠶᠢᠨ ᠡᠷᠬᠡ ᠶᠢ ᠦᠨᠡᠨᠬᠦ ᠲᠤᠭᠳᠠᠪᠦᠷᠢᠵᠢᠭᠤᠯᠵᠤ᠂ ᠡᠵᠡᠩᠨᠠᠯᠳᠡ ᠶᠢᠨ | ᠡᠷᠬᠡ ᠶᠢ ᠠᠮᠢᠳᠤᠯᠢᠭ ᠪᠤᠯᠭᠠᠨ᠎ᠠ᠃ ᠬᠠᠩᠭᠠᠨ ᠪᠤᠷᠤᠯᠠᠭᠤᠯᠬᠤ ᠬᠤᠷᠰᠢᠶᠠᠨ ᠤ ᠦᠭᠡᠷᠡᠴᠢᠯᠡᠯᠡᠳᠡ ᠶᠢ | ᠬᠦᠨᠵᠡᠬᠡᠶᠢᠷᠡᠬᠦᠯᠵᠤ ᠦᠪᠡᠷᠳᠡᠭᠡᠨ ᠵᠠᠰᠠᠬᠤ ᠤᠷᠤᠨ ᠤ ᠳᠡᠰ ᠤᠨ ᠵᠢᠱᠢᠶ᠎ᠡ ᠦᠵᠡᠬᠦᠯᠬᠦ ᠬᠤᠷᠰᠢᠶ᠎ᠠ 2᠂ | ᠬᠡᠪᠴᠢᠶᠡᠵᠢᠭᠰᠡᠨ ᠡᠵᠡᠩᠨᠡᠯᠳᠡ ᠶᠢ ᠬᠦᠭᠵᠢᠬᠦᠯᠵᠦ ᠂ ᠭᠠᠵᠠᠷ ᠰᠢᠷᠦᠢ ᠶᠢᠨ ᠰᠢᠯᠵᠢᠭᠦᠯᠦᠯᠳᠡ ᠶᠢᠨ ᠲᠠᠯᠠᠪᠠᠢ ᠶᠢ 2 | ᠲᠦᠮᠡᠨ ᠮᠦ ᠰᠢᠨ᠎ᠡ ᠪᠠᠷ ᠨᠡᠮᠡᠭᠳᠡᠬᠦᠯᠵᠦ᠂ 10 ᠲᠦᠮᠡᠨ ᠮᠦ ᠳᠤ ᠬᠦᠷᠭᠡᠨ᠎ᠡ᠂ ᠮᠦᠩᠭᠦᠨ ᠬᠦᠢᠯᠭᠡᠭᠡᠨ ᠤ | ᠪᠠᠶᠢᠭᠤᠯᠦᠮᠵᠢ ᠠᠴᠠ ᠰᠢᠶᠠᠩ ᠪᠠᠯᠭᠠᠰᠤᠨ ᠳᠤ ᠮᠦᠩᠭᠦᠨ ᠬᠦᠢᠯᠭᠡᠭᠡᠨ ᠶᠢᠨ ᠦᠢᠯᠡᠴᠢᠯᠡᠭᠡᠨ ᠤ ᠦᠷᠲᠡᠭᠡ | ᠪᠠᠶᠢᠭᠤᠯᠬᠤ ᠶᠢ ᠵᠤᠷᠢᠭᠵᠢᠭᠤᠯᠵᠤ ᠲᠠᠷᠢᠶᠠᠴᠢᠨ ᠮᠠᠯᠴᠢᠨ ᠤ ᠮᠦᠩᠭᠦᠨ ᠬᠦᠢᠯᠭᠡᠭᠡᠨ ᠤ ᠬᠡᠷᠡᠭᠴᠡᠭᠡ ᠱᠠᠭᠠᠷᠳᠠᠯᠭ᠎ᠠ ᠳᠠᠬᠢ | ᠲᠡᠮᠵᠢᠯᠭᠡ ᠶᠢ ᠴᠢᠩᠭᠠᠳᠬᠠᠨ᠎ᠠ᠃ | ᠦᠵᠡᠰᠬᠦᠯᠡᠩᠳᠤ ᠭᠤᠶᠤ ᠬᠦᠳᠡᠭᠡ ᠲᠤᠰᠬᠤᠨ ᠤ ᠪᠦᠳᠤᠭᠡᠨ ᠪᠠᠶᠢᠭᠤᠯᠤᠯᠳᠠ ᠶᠢ ᠲᠦᠯᠬᠢᠨ ᠠᠭᠢᠭᠤᠯᠦᠨᠠ᠃ | ᠲᠠᠷᠢᠶᠠᠯᠠᠬᠤ ᠮᠠᠯᠵᠢᠬᠤ ᠤᠷᠤᠨ ᠤ ᠪᠦᠳᠤᠭᠡᠨ ᠪᠠᠶᠢᠭᠤᠯᠤᠯᠳᠠ ᠶᠢᠨ ᠦᠷ᠎ᠡ ᠪᠦᠳᠤᠭᠡᠯ ᠶᠢ ᠪᠠᠬᠢᠵᠢᠭᠦᠯᠦᠨ | ᠲᠡᠭᠡᠭᠰᠢᠯᠡᠭᠦᠯᠦᠨ᠎ᠡ᠃ ᠤᠰᠤ ᠴᠠᠭᠢᠯᠭᠠᠨ᠂ ᠵᠠᠮ ᠨᠡᠪᠳᠡᠷᠡᠯᠭᠡ᠂ ᠴᠢᠮᠡᠭᠡ ᠵᠠᠩᠭᠢ᠂ ᠭᠡᠷ ᠲᠡᠷᠭᠡ ᠵᠡᠷᠭᠡ ᠦᠨᠳᠤᠰᠤᠨ | ᠲᠦᠬᠦᠭᠡᠷᠦᠮᠵᠢ ᠶᠢ ᠶᠡᠭᠡᠪᠡᠷ ᠰᠠᠶᠢᠵᠢᠷᠠᠭᠤᠯᠤᠨ᠎ᠠ᠃ ᠬᠦᠳᠡᠭᠡ ᠲᠤᠰᠬᠤᠨ ᠤ ᠠᠮᠢᠳᠤᠷᠠᠯ ᠤᠨ ᠤᠷᠴᠢᠨ ᠠᠬᠤᠢ ᠶᠢ | ᠭᠤᠷᠪᠠᠨ ᠵᠢᠯ ᠲᠠᠷᠠᠭᠠᠯᠠᠨ ᠴᠡᠭᠴᠡᠯᠡᠨ ᠵᠠᠰᠠᠵᠤ᠂ ᠲᠠᠷᠢᠶᠠᠯᠠᠬᠤ ᠮᠠᠯᠵᠢᠬᠤ ᠤᠷᠤᠨ ᠤ ᠬᠤᠭ ᠨᠤᠪᠰᠢ ᠰᠢᠢᠳᠪᠦᠷᠢᠯᠡᠬᠦ | ᠲᠦᠬᠦᠬᠡᠷᠦᠮᠵᠢ ᠶᠢ ᠪᠦᠳᠤᠭᠡᠨ ᠪᠠᠶᠢᠭᠤᠯᠦᠨ᠎ᠡ᠃ ᠬᠦᠳᠡᠭᠡ ᠲᠤᠰᠬᠤᠨ ᠤ ᠤᠤᠭᠤᠬᠤ ᠤᠰᠤᠨ ᠤ ᠠᠶᠤᠯᠬᠦᠢ | ᠢᠨᠵᠧᠨᠧᠷᠢᠩ 46 ᠶᠢ ᠬᠡᠷᠡᠭᠵᠢᠬᠦᠯᠵᠦ᠂ 6000 ᠭᠠᠷᠤᠢ ᠬᠦᠮᠦᠨ ᠤ ᠤᠤᠭᠤᠬᠤ ᠤᠰᠤᠨ ᠤ ᠠᠶᠤᠯᠬᠦᠢ | ᠪᠠᠶᠢᠬᠤ ᠶᠢ ᠰᠢᠢᠳᠪᠦᠷᠢᠯᠡᠨ᠎ᠡ᠃ ᠲᠤᠬᠠᠢ ᠶᠢᠨ ᠭᠠᠵᠠᠷ ᠤᠨ ᠪᠠᠶᠢᠳᠠᠯ ᠳᠤ ᠨᠢ ᠲᠤᠬᠢᠷᠠᠭᠤᠯᠤᠨ ᠤᠨᠴᠠᠯᠢᠭᠳᠤ ᠵᠢᠵᠢᠭ | ᠪᠠᠯᠭᠠᠰᠤ ᠶᠢ ᠴᠢᠷᠮᠠᠶᠢᠨ ᠴᠤᠭᠴᠠᠯᠠᠨ᠎ᠠ᠃ ᠴᠠᠩᠬᠡᠭ ᠤᠰᠤ ᠬᠦᠬᠡᠮᠳᠦᠭ ᠠᠭᠤᠯᠠ ᠪᠠ ᠬᠦᠳᠡᠭᠡ ᠲᠤᠰᠬᠤᠨ ᠤ ᠭᠤᠶᠤ | ᠰᠠᠶᠢᠬᠠᠨ ᠦᠩᠭᠡ ᠦᠵᠡᠮᠵᠢ ᠶᠢ ᠰᠠᠶᠢᠳᠤᠷ ᠬᠠᠮᠠᠭᠠᠯᠠᠵᠤ᠂ ᠲᠠᠷᠢᠶᠠᠯᠠᠬᠤ ᠮᠠᠯᠵᠢᠬᠤ ᠤᠷᠤᠨ ᠤ ᠰᠤᠶᠤᠯ ᠰᠤᠷᠭᠠᠨ | ᠬᠦᠮᠦᠵᠢᠯ᠂ ᠡᠮᠨᠡᠯᠭᠡ ᠡᠷᠡᠭᠦᠯ ᠬᠠᠮᠠᠭᠠᠯᠠᠯ ᠵᠡᠷᠭᠡ ᠠᠵᠢᠯ ᠦᠢᠯᠡᠰ ᠤᠨ ᠬᠦᠭᠵᠢᠯᠳᠡ ᠶᠢ ᠠᠬᠢᠭᠤᠯᠵᠤ ᠲᠠᠷᠢᠶᠠᠯᠠᠬᠤ | ᠮᠠᠯᠵᠢᠬᠤ ᠤᠷᠤᠨ ᠤ ᠦᠨᠳᠤᠰᠤᠨ ᠱᠠᠳᠤᠨ ᠤ ᠰᠠᠭᠤᠷᠢ ᠠᠵᠢᠯ ᠢ ᠴᠢᠩᠭᠠᠳᠬᠠᠵᠤ᠂ ᠦᠪᠡᠷ ᠢᠶᠠᠨ ᠵᠠᠰᠠᠬᠤ᠂ ᠬᠠᠤᠯᠢ | ᠪᠠᠷ ᠵᠠᠰᠠᠬᠤ᠂ ᠮᠤᠷᠠᠯ ᠢᠶᠠᠷ ᠵᠠᠰᠠᠬᠤ ᠶᠢ ᠬᠠᠷᠢᠯᠴᠠᠨ ᠤᠶᠠᠯᠳᠤᠭᠤᠯᠤᠭᠰᠠᠨ ᠬᠦᠳᠡᠭᠡ ᠲᠤᠰᠬᠤᠨ ᠤ ᠵᠠᠰᠠᠯᠲᠠ ᠶᠢᠨ | ᠰᠢᠰᠲ᠋ᠧᠮᠵᠢ ᠶᠢ ᠲᠡᠭᠦᠯᠳᠡᠷᠵᠢᠭᠦᠯᠦᠨ᠎ᠡ᠃ | ︵ ᠭᠤᠷᠪᠠ︶ ᠰᠢᠨ᠎ᠡ ᠬᠡᠯᠪᠡᠷᠢ ᠶᠢᠨ ᠠᠵᠤ ᠦᠢᠯᠡᠳᠪᠤᠷᠢᠯᠡᠵᠢᠯᠡᠯᠲᠡ ᠶᠢᠨ ᠠᠬᠢᠭᠤᠯᠤᠯᠲᠡ ᠶᠢ ᠲᠦᠷᠭᠡᠳᠬᠡᠵᠤ᠂ ᠠᠵᠤ | ᠦᠢᠯᠡᠳᠪᠤᠷᠢ ᠶᠢᠨ ᠠᠵᠤ ᠠᠬᠤᠢ ᠶᠢᠨ ᠬᠦᠭᠵᠢᠯᠲᠡ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ᠃ | ᠦᠪᠦᠷ ᠮᠣᠩᠭᠤᠯ ᠤᠨ ᠠᠵᠤ ᠦᠢᠯᠡᠳᠪᠤᠷᠢ ᠶᠢᠨ ᠶᠡᠭᠡ ᠰᠤᠷᠭᠠᠭᠤᠯᠢ ᠶᠢᠨ ᠨᠡᠬᠡᠮᠡᠯ ᠤᠨ ᠲᠡᠭᠡᠲᠤ ᠰᠤᠷᠭᠠᠭᠤᠯᠢ | ᠵᠡᠷᠭᠡ ᠨᠡᠷᠡᠲᠤ ᠶᠡᠭᠡ ᠰᠤᠷᠭᠠᠭᠤᠯᠢ᠂ ᠬᠦᠷᠢᠶᠡᠯᠡᠩ ᠲᠠᠢ ᠬᠠᠮᠳᠤᠷᠠᠯᠲᠡ ᠪᠠᠨ ᠠᠬᠢᠭᠤᠯᠤᠨ᠂ ᠦᠢᠯᠡᠳᠬᠦᠨ ᠤ | ᠰᠣᠳᠣᠯᠣᠨ ᠨᠡᠭᠡᠭᠡᠯᠲᠡ᠂ ᠭᠤᠣᠯᠳᠠᠯᠭ᠎ᠠ ᠲᠠᠢ ᠮᠡᠷᠭᠡᠵᠢᠯ ᠵᠡᠷᠬᠡ ᠲᠠᠯ᠎ᠠ ᠳᠤ ᠴᠢᠬᠤᠯᠠ ᠶᠡᠭᠡ ᠰᠢᠪᠳᠤᠯᠤᠯᠲᠡ ᠭᠠᠷᠭᠠᠨ᠎ᠠ | ᠃ ᠤᠯᠤᠰ ᠤᠨ ᠲᠡᠰ ᠤᠨ ᠨᠤᠤᠰᠤ ᠨᠤᠤᠯᠤᠷ ᠤᠨ ᠶᠠᠰᠤ ᠴᠢᠨᠠᠷ ᠤᠨ ᠰᠢᠯᠭᠠᠨ ᠪᠠᠶᠢᠴᠠᠭᠠᠬᠤ ᠲᠥᠪ ᠤᠨ | ᠦᠢᠯᠡᠳᠤᠯ ᠢ ᠭᠦᠢᠴᠡᠳ ᠪᠠᠳᠠᠷᠠᠭᠤᠯᠤᠨ᠂ ᠦᠢᠯᠡᠳᠬᠦᠨ ᠤ ᠴᠢᠨᠠᠷ ᠴᠢᠨᠰᠠᠭ᠎ᠠ ᠶᠢᠨ ᠪᠠᠷᠢᠮᠵᠢᠶᠠᠯᠡᠯ ᠤᠨ ᠬᠢᠨᠠᠨ | ᠬᠠᠮᠢᠶᠠᠷᠤᠯᠲᠠ ᠶᠢ ᠴᠢᠩᠭᠠᠳᠬᠠᠨ᠎ᠠ᠃ ᠦᠢᠯᠡᠳᠪᠤᠷᠢᠯᠡᠯ ᠪᠠ ᠠᠮᠢᠳᠤᠷᠠᠯ ᠤᠨ ᠬᠡᠷᠡᠭᠯᠡᠭᠡᠨ ᠤ ᠲᠠᠰ ᠳᠡᠪᠰᠢᠬᠦ | ᠬᠡᠷᠡᠭᠴᠡᠭᠡ ᠳᠤ ᠰᠠᠭᠤᠷᠢᠯᠠᠨ᠂ ᠬᠤᠪᠴᠠᠰᠤᠨ ᠤ ᠨᠡᠷᠡᠲᠤ ᠲᠡᠮᠳᠡᠭᠵᠢᠯᠡᠭᠦᠯᠤᠯᠲᠡ ᠶᠢᠨ ᠪᠦᠳᠦᠭᠡᠨ ᠪᠠᠶᠢᠭᠤᠯᠤᠯᠲᠠ ᠶᠢ | ᠶᠡᠬᠡᠪᠡᠷ ᠲᠦᠯᠬᠢᠨ ᠠᠬᠢᠭᠤᠯᠤᠨ᠎ᠠ᠃ ︽ᠢᠨᠲ᠋ᠧᠷ ᠰᠦᠯᠵᠢᠶ᠎ᠡ+ ᠬᠤᠪᠴᠠᠰᠤ ᠬᠤᠨᠠᠷ︾ ᠤᠨ ᠦᠢᠯᠡᠴᠢᠯᠡᠭᠡ ᠤᠨ | ᠴᠢᠳᠠᠮᠵᠢ ᠶᠢ ᠬᠦᠢᠴᠡᠳ ᠪᠠᠳᠠᠷᠠᠭᠤᠯᠵᠤ᠂ ᠬᠤᠪᠴᠠᠰᠤᠨ ᠤ ᠰᠦᠯᠵᠢᠶᠡᠨ ᠳᠡᠭᠡᠷᠡᠬᠢ | ᠪᠣᠷᠣᠯᠠᠭᠤᠯᠤᠯᠲᠡ ᠶᠢ30% ᠠᠴᠠ ᠳᠡᠭᠡᠭᠰᠢ ᠪᠣᠯᠭᠠᠬᠤ ᠪᠠᠷ ᠴᠢᠷᠮᠠᠶᠢᠨ᠎ᠠ᠃ | ᠲᠡᠮᠤᠷ ᠤᠨᠬᠠᠶᠢᠯᠤᠰᠢ ᠤᠨ ᠠᠵᠣ ᠦᠢᠯᠡᠰ ᠤᠨ ᠪᠣᠬᠢᠷᠳᠤᠯ ᠦᠭᠡᠢ ᠬᠦᠭᠵᠢᠯᠲᠡ ᠶᠢ ᠲᠦᠯᠬᠢᠨ ᠠᠬᠢᠭᠤᠯᠤᠨ᠎ᠠ᠃ | ᠪᠣᠬᠢᠷᠳᠤᠯ ᠦᠭᠡᠢ ᠭᠦᠭᠵᠢᠯᠲᠡ ᠶᠢᠨ ᠴᠢᠭᠯᠡᠯ ᠢ ᠪᠠᠷᠢᠮᠲᠠᠯᠠᠵᠤ᠂ ᠬᠠᠶᠢᠯᠤᠰᠢ ᠶᠢᠨ ᠠᠵᠤ ᠦᠢᠯᠡᠰ ᠤᠨ ᠰᠢᠨ᠎ᠡ | ᠮᠠᠲ᠋ᠧᠷᠢᠶᠠᠯ ᠵᠢᠴᠢ ᠲᠤᠤᠷ᠎ᠠ ᠲᠠᠯ᠎ᠠ ᠶᠢᠨ ᠪᠦᠲᠦᠭᠡᠭᠳᠡᠭᠦᠨ ᠲᠠᠶᠢᠰᠢ ᠦᠷᠭᠡᠳᠬᠦ ᠶᠢ ᠠᠬᠢᠭᠤᠯᠤᠨ᠎ᠠ᠃ ᠰᠢᠶᠦ᠋ᠩ ᠸᠧᠢ | ᠭᠤᠸᠠᠩ ᠳ᠋ᠠ ᠺᠣᠮᠫᠠᠨᠢ100 ᠲᠦᠮᠡᠨ ᠲᠤᠨ ᠪᠢᠴᠢᠯ ᠨᠡᠭᠦᠷᠡᠰᠦᠳᠦ᠋ᠷᠦᠭᠴᠢ ᠶᠢᠨ ᠬᠠᠶᠢᠯᠤᠰᠢ ᠶᠢᠨ ᠰᠢᠨ᠎ᠡ ᠮᠠᠲ᠋ᠧᠷᠢᠶᠠᠯ | ᠂ ᠵᠦᠩ ᠲᠠᠢ ᠤᠨ130 ᠲᠦᠮᠡᠨ ᠲᠤᠨ ᠾᠷᠤᠮᠲᠤ ᠲᠡᠮᠤᠷ᠂ ᠲᠢᠶᠠᠨ ᠴᠧᠩ ᠤᠨ20 ᠲᠦᠮᠡᠨ ᠲᠤᠨ ᠴᠠᠬᠢᠭᠤᠷ | ᠮᠠᠩᠭᠠᠨ ᠬᠠᠶᠢᠯᠤᠰᠢ᠂ ᠮᠧᠩ ᠳ᠋ᠠ ᠤᠨ30 ᠲᠦᠮᠡᠨ ᠲᠤᠨ ᠳᠡᠭᠡᠲᠤ ᠲᠢᠲ᠋ᠠᠨ ᠰᠢᠭᠠᠷᠤ ᠵᠡᠷᠭᠡ ᠲᠦᠷᠦᠯ ᠵᠦᠢᠯ ᠢ | ᠦᠢᠯᠡᠳᠪᠤᠷᠢᠯᠡᠯ ᠤᠨ ᠠᠰᠢᠭᠯᠠᠯᠲᠠ ᠳᠤ ᠣᠷᠤᠬᠤ ᠶᠢ ᠠᠬᠢᠭᠤᠯᠬᠤ ᠪᠠᠷ ᠴᠢᠷᠮᠠᠶᠢᠨ᠂ ᠡᠨᠡ ᠵᠢᠯ ᠪᠡᠯᠡ | ᠣᠷᠤᠭᠤᠯᠤᠨᠰᠢᠨᠡ ᠪᠠᠷ ᠬᠦᠳᠡᠷ ᠠᠩᠭᠢᠵᠢᠷᠠᠭᠤᠯᠬᠤ ᠵᠤᠤᠬ᠎ᠠ16 ᠶᠢ ᠨᠡᠮᠡᠭᠳᠡᠭᠦᠯᠭᠦ ᠪᠠᠷ ᠴᠢᠷᠮᠠᠶᠢᠨ᠂ | ᠲᠡᠮᠤᠷ ᠤᠨᠬᠠᠶᠢᠯᠤᠰᠢ ᠶᠢᠨ ᠦᠢᠯᠡᠳᠪᠤᠷᠢᠯᠡᠬᠦ ᠬᠡᠮᠵᠢᠶ᠎ᠡ ᠶᠢ20 ᠲᠦᠮᠡᠨ ᠲᠤᠨ ᠳᠤ ᠬᠦᠷᠭᠡᠵᠤ᠂ ᠦᠢᠯᠡᠳᠪᠤᠷᠢᠯᠡᠯ ᠤᠨ | ᠦᠷᠲᠡᠭ150 ᠳ᠋ᠦᠩᠰᠢᠭᠤᠷ ᠲᠦᠭᠦᠷᠢᠭ ᠢ ᠪᠡᠶᠡᠯᠡᠭᠦᠯᠡᠨ᠂ ᠠᠵᠤ ᠦᠢᠯᠡᠰ ᠤᠨ ᠪᠦᠬᠦᠶᠢᠯᠡ ᠴᠤᠭᠴᠠ ᠶᠢᠨ | ᠦᠷᠢᠰᠦᠯᠳᠦᠬᠦ ᠬᠦᠴᠦᠨ ᠢ ᠲᠠᠰᠤᠷᠠᠯᠲᠡ ᠦᠭᠡᠢ ᠴᠢᠩᠭᠠᠳᠬᠠᠨ᠎ᠠ᠃ | ᠴᠡᠪᠡᠷ ᠡᠨᠧᠷᠬᠢ ᠶᠢᠨ ᠰᠤᠷᠪᠤᠯᠵᠢ ᠶᠢᠨ ᠠᠵᠤ ᠦᠢᠯᠡᠰ ᠢ ᠲᠦᠷᠭᠡᠨ ᠬᠦᠭᠵᠢᠭᠦᠯᠦᠨ᠎ᠡ᠃ ᠮᠠᠨ ᠤ | ᠰᠢᠶᠠᠨ ᠢᠶᠠᠨ600 ᠲᠦᠮᠡᠨ ᠺᠢᠯᠦᠸᠠᠲ ᠴᠠᠬᠢᠯᠭᠠᠨ ᠢ ᠪᠡᠭᠡᠵᠢᠩ ᠡᠾᠧᠪᠧᠢ ᠳᠤ ᠰᠢᠭᠤᠳ ᠬᠦᠷᠭᠡᠬᠦ ᠭᠡᠷᠡᠯ | ᠴᠠᠬᠢᠯᠭᠠᠨ ᠤ ᠰᠠᠭᠤᠷᠢᠨ ᠭᠠᠵᠠᠷ ᠲᠤ ᠣᠷᠣᠭᠤᠯᠬᠤ ᠪᠠᠷ ᠴᠢᠷᠮᠠᠶᠢᠨ᠂ ᠴᠧᠩ ᠲᠤᠩ᠂ ᠺᠡ ᠨᠥᠸᠧ ᠤᠨ3.96 | ᠲᠦᠮᠡᠨ ᠺᠢᠯᠤᠸᠠᠲ ᠴᠠᠬᠢᠯᠭᠠᠨ ᠢᠶᠠᠷ ᠶᠠᠳᠠᠭᠤ ᠶᠢ ᠲᠡᠳᠬᠦᠬᠦ ᠲᠦᠷᠦᠯ ᠵᠦᠢᠯ ᠢ ᠪᠡᠶᠡᠯᠡᠭᠦᠯᠭᠦ ᠪᠠᠷ ᠪᠠᠶᠢᠨ᠎ᠠ᠃ ᠬᠤᠢ | ᠳ᠋ᠡ ᠺᠣᠮᠫᠠᠨᠢ ᠶᠢᠨ5 ᠲᠦᠮᠡᠨ ᠺᠢᠯᠦᠸᠠᠲ ᠭᠡᠷᠡᠯ ᠴᠠᠬᠢᠯᠭᠠᠨ ᠢᠶᠠᠷ ᠲᠤᠯᠠᠭᠠᠯᠭ᠎ᠠ ᠬᠠᠩᠭᠠᠬᠤ ᠲᠦᠷᠦᠯ ᠵᠦᠢᠯ ᠢ | ᠪᠦᠳᠦᠭᠡᠨ ᠪᠠᠶᠢᠭᠤᠯᠬᠤ ᠶᠢ ᠠᠬᠢᠭᠤᠯᠵᠤ᠂ ᠪᠡᠭᠡᠵᠢᠩ ᠤᠨ ᠭᠥᠸᠧ ᠬᠤᠩ ᠺᠣᠮᠫᠠᠨᠢ ᠶᠢᠨ50 ᠲᠦᠮᠡᠨ ᠺᠢᠯᠦᠸᠠᠲ | ᠰᠠᠯᠬᠢᠨ ᠬᠦᠴᠦᠨ ᠤ ᠴᠠᠬᠢᠯᠭᠠᠨ ᠭᠠᠷᠭᠠᠬᠤ ᠲᠦᠷᠦᠯ ᠵᠦᠢᠯ ᠤᠨ ᠬᠢᠨᠠᠨ ᠵᠦᠪᠰᠢᠶᠡᠷᠡᠯ ᠣᠯᠬᠤ ᠶᠢ ᠠᠬᠢᠭᠤᠯᠬᠤ ᠪᠠᠷ | ᠴᠢᠷᠮᠠᠶᠢᠨ᠎ᠠ᠃ | ᠠᠭᠤᠷᠬᠠᠢ ᠶᠢᠨ ᠪᠦᠳᠦᠭᠡᠭᠳᠡᠭᠦᠨ ᠢ ᠪᠤᠯᠪᠠᠰᠤᠷᠠᠭᠤᠯᠬᠤ ᠠᠵᠤ ᠦᠢᠯᠡᠳᠪᠤᠷᠢ ᠶᠢ ᠪᠤᠶᠢᠵᠢᠭᠤᠯᠤᠨ ᠪᠤᠵᠠᠭᠠᠶᠢᠷᠠᠭᠤᠯᠤᠨ᠎ᠠ | ᠃ ᠬᠤᠸᠠ ᠴᠧᠩ ᠠᠭᠤᠷᠬᠠᠢ ᠶᠢᠨ ᠦᠢᠯᠡᠰ 8500 ᠲᠦᠮᠡᠨ ᠲᠦᠭᠦᠷᠢᠭ ᠪᠡᠯᠡ ᠣᠷᠣᠭᠤᠯᠣᠨ ᠵᠢᠯ ᠳᠤ 20 | ᠲᠦᠮᠡᠨ ᠲᠤᠨ ᠪᠣᠷᠵᠢᠨ ᠴᠢᠯᠠᠭᠤᠯᠢᠭ ᠤᠨ ᠬᠠᠶᠠᠭᠳᠠᠮᠠᠯ ᠰᠢᠭᠠᠷᠤ ᠶᠢ ᠠᠰᠢᠭᠯᠠᠨ19 ᠲᠦᠮᠡᠨ ᠲᠤᠨ ᠵᠤᠩᠰᠢ ᠶᠢᠨ | ᠨᠠᠷᠢᠯᠢᠭ ᠨᠣᠨᠳᠠᠭ ᠢ ᠦᠢᠯᠡᠳᠪᠤᠷᠢᠯᠡᠬᠦ ᠲᠦᠷᠦᠯ ᠵᠦᠢᠯ ᠠᠵᠢᠯ ᠡᠬᠢᠯᠡᠭᠦᠯᠵᠤ ᠪᠦᠳᠦᠭᠡᠨ ᠪᠠᠶᠢᠭᠤᠯᠤᠭᠳᠠᠵᠤ᠂ ᠡᠬᠢ | ᠪᠠᠶᠠᠯᠢᠭ ᠢ ᠳᠠᠬᠢᠨ ᠦᠢᠯᠡᠳᠪᠤᠷᠢᠯᠡᠨ ᠠᠰᠢᠭᠯᠠᠬᠤ ᠲᠦᠷᠦᠯ ᠵᠦᠢᠯ ᠨᠢ ᠰᠢᠪᠳᠤᠯᠤᠯᠲᠡ ᠶᠢᠨ ᠴᠢᠨᠠᠷᠲᠠᠢ ᠠᠬᠢᠴᠠ ᠲᠠᠢ | ᠪᠣᠯᠣᠭᠰᠠᠨ ᠪᠠᠶᠢᠨ᠎ᠠ᠃ | ᠬᠦᠷᠢᠶᠡᠯᠡᠩ ᠲᠣᠭᠤᠷᠢᠭ ᠢ ᠬᠦᠭᠵᠢᠭᠦᠯᠬᠦ ᠲᠦᠯᠦᠪᠯᠡᠭᠡ ᠶᠢ ᠬᠡᠷᠡᠭᠵᠢᠭᠦᠯᠵᠦ᠂ ᠬᠦᠷᠢᠶᠡᠯᠡᠩ ᠲᠣᠭᠤᠷᠢᠭ ᠤᠨ | ᠪᠠᠳᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ︽ᠬᠠᠮᠢᠶᠠᠷᠤᠯᠲᠠ ᠶᠢᠨ ᠵᠦᠪᠯᠡᠯ+ ᠺᠣᠮᠫᠠᠨᠢ︾ | ᠬᠠᠮᠢᠶᠠᠷᠤᠯᠲᠠ ᠶᠢᠨ ᠵᠠᠭᠪᠤᠷ ᠢ ᠲᠡᠭᠦᠯᠳᠡᠷᠵᠢᠭᠦᠯᠦᠨ᠂ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ | ᠪᠠᠶᠢᠭᠤᠯᠤᠮᠵᠢ ᠪᠣᠯᠣᠨ ᠠᠵᠢᠯ ᠤᠨ ᠲᠣᠭᠲᠠᠯᠴᠠᠭ᠎ᠠ ᠶᠢ ᠰᠢᠯᠤᠭᠤᠳᠬᠠᠨ᠎ᠠ᠃ ᠺᠠᠩ ᠳ᠋ᠡ ᠴᠠᠬᠢᠯᠭᠠᠨ ᠬᠦᠴᠦᠳᠡᠯ | ᠥᠭᠡᠷᠡᠴᠢᠯᠡᠬᠦ ᠦᠷᠲᠡᠭᠡ ᠶᠢᠨ 3᠂ 4 ᠳ᠋ᠤᠭᠠᠷ ᠭᠤᠣᠯ ᠬᠦᠴᠤᠳᠠᠯ ᠬᠤᠪᠢᠷᠠᠭᠠᠬᠤ ᠦᠷᠲᠡᠭᠡ ᠶᠢᠨ ᠪᠠᠷᠢᠯᠭ᠎ᠠ ᠶᠢᠨ | ᠠᠵᠢᠯ ᠡᠬᠢᠯᠡᠨ ᠶᠠᠪᠤᠭᠳᠠᠵᠣ᠂ ᠡᠨᠡ ᠵᠢᠯ ᠤᠨ ᠲᠣᠳᠣᠷ᠎ᠠ ᠠᠰᠢᠭᠯᠠᠯᠲᠠ ᠳᠤ ᠣᠷᠤᠬᠤ ᠪᠠᠷ ᠪᠠᠶᠢᠨ᠎ᠠ᠃ ᠳᠤᠮᠳᠠᠬᠢ | ᠤᠰᠤ ᠶᠢ ᠡᠬᠡᠭᠦᠯᠦᠨ ᠬᠡᠷᠡᠭᠯᠡᠬᠦ ᠢᠵᠢ ᠪᠦᠷᠢᠳᠦᠭᠦᠯᠭᠦ ᠬᠤᠭᠤᠯᠠᠢ ᠶᠢᠨ ᠲᠣᠣᠷ ᠤᠨ ᠪᠦᠳᠦᠭᠡᠨ ᠪᠠᠶᠢᠭᠤᠯᠤᠯᠲᠠ ᠶᠢ | ᠦᠷᠬᠦᠯᠵᠢᠯᠡᠨ ᠲᠡᠭᠦᠯᠲᠡᠷᠵᠢᠭᠦᠯᠵᠣ᠂ ᠪᠣᠬᠢᠷ ᠤᠰᠤ ᠶᠢ ᠰᠢᠢᠳᠪᠤᠷᠢᠯᠡᠬᠦ ᠦᠢᠯᠡᠰ ᠤᠨ ᠥᠭᠡᠷᠡᠴᠢᠯᠡᠯᠲᠡ ᠶᠢᠨ | ᠢᠨᠵᠧᠨᠧᠷᠢᠩ ᠢ ᠲᠡᠰ ᠳᠡᠪᠰᠢᠭᠦᠯᠭᠦ ᠶᠢ ᠪᠡᠶᠡᠯᠡᠭᠦᠯᠦᠨ᠂ ᠤᠰᠤᠨ ᠤ ᠭᠠᠷᠭᠠᠯᠲᠠ ᠶᠢᠨ ᠴᠢᠨᠠᠷ ᠴᠢᠨᠰᠠᠭ᠎ᠠ ᠶᠢ ᠨᠢᠭᠡᠳᠦᠭᠡᠷ | ᠲᠠᠰ ᠤᠨA ᠪᠠᠷᠢᠮᠵᠢᠶ᠎ᠠ ᠳᠤ ᠬᠦᠷᠭᠡᠬᠦ ᠶᠢ ᠪᠡᠶᠡᠯᠡᠭᠦᠯᠦᠨ᠎ᠡ᠃ ᠵᠢᠶᠠ ᠪᠥᠸᠧ ᠰᠾᠢ ᠡᠨᠧᠷᠬᠢ ᠶᠢᠨ ᠺᠣᠮᠫᠠᠨᠢ ᠶᠢᠨ | ᠶᠡᠷᠦᠩᠬᠡᠢ ᠦᠷ᠎ᠡ ᠠᠰᠢᠭ ᠢ ᠭᠦᠢᠴᠡᠳ ᠪᠠᠳᠠᠷᠠᠭᠤᠯᠵᠤ᠂ ᠬᠦᠷᠢᠶᠡᠯᠡᠩ ᠲᠣᠭᠤᠷᠢᠭ ᠤᠨ ᠭᠠᠶᠢᠯᠢ ᠲᠠᠲᠠᠪᠤᠷᠢ ᠶᠢᠨ | ᠴᠢᠳᠠᠪᠤᠷᠢ ᠶᠢ ᠳᠡᠭᠡᠭᠰᠢᠯᠡᠭᠦᠯᠦᠨ᠎ᠡ᠃ ᠰᠢᠨ ᠣᠣ ᠪᠦᠯᠦᠭᠯᠡᠯ ᠢ ᠤᠷᠢᠨ ᠴᠠᠬᠢᠯᠭᠠᠨ ᠪᠤᠷᠤᠯᠠᠭᠤᠯᠬᠤ ᠺᠣᠮᠫᠠᠨᠢ ᠶᠢ | ᠪᠠᠶᠢᠭᠤᠯᠬᠤ ᠠᠯᠬᠤᠴᠠ ᠶᠢ ᠲᠦᠷᠭᠡᠳᠬᠡᠵᠣ᠂ ᠲᠤᠭᠲᠠᠮᠠᠯ ᠬᠦᠷᠦᠩᠭᠡ ᠶᠢ ᠠᠮᠢᠳᠤᠯᠢᠭᠵᠢᠭᠤᠯᠤᠨ᠂ᠪᠡᠯᠡ | ᠤᠷᠤᠭᠤᠯᠤᠯᠲᠠ ᠵᠢᠨᠠᠰᠢᠭ ᠣᠯᠵᠠᠪᠤᠷᠢ ᠢ ᠬᠠᠮᠤᠭ ᠦᠨᠳᠤᠷ ᠪᠣᠯᠭᠠᠨ᠎ᠠ᠃ ᠦᠬᠦᠰᠢᠷᠡᠮᠡᠯ ᠠᠵᠤ ᠠᠬᠤᠶᠢᠯᠠᠯ ᠪᠠ | ᠵᠣᠭᠰᠤᠩᠭᠤᠶᠢᠷᠠᠭᠰᠠ ᠲᠦᠷᠦᠯ ᠵᠦᠢᠯ ᠢ ᠪᠦᠬᠦ ᠲᠠᠯ᠎ᠠ ᠪᠠᠷ ᠴᠡᠪᠡᠷᠯᠡᠨ ᠭᠠᠷᠭᠠᠭᠠᠳ᠂ ᠵᠠᠬ᠎ᠠ ᠳᠡᠯᠭᠡᠭᠦᠷ ᠤᠨ ᠡᠬᠢ | ᠪᠠᠶᠠᠯᠢᠭ ᠤᠨ ᠲᠤᠬᠢᠷᠠᠭᠤᠯᠤᠲᠠ ᠶᠢᠨ ᠰᠢᠢᠳᠪᠤᠷᠢᠯᠡᠬᠦ ᠴᠢᠨᠠᠷᠲᠠᠢ ᠦᠢᠯᠡᠳᠤᠯ ᠪᠠ ᠵᠠᠬ᠎ᠠ ᠲᠡᠯᠭᠡᠭᠦᠷ ᠤᠨ ᠭᠡᠳᠡᠷᠬᠦ | ᠰᠢᠬᠠᠬᠤ ᠲᠤᠭᠲᠠᠴᠠ ᠶᠢᠨ ᠦᠢᠯᠡᠳᠤᠯ ᠢ ᠭᠦᠢᠴᠡᠳ ᠪᠠᠳᠠᠷᠠᠭᠤᠯᠵᠤ᠂ ᠲᠦᠷᠦᠯ ᠬᠤᠪᠢᠶᠠᠨ ᠬᠡᠷᠡᠭᠵᠢᠭᠦᠯᠵᠦ᠂ | ᠬᠦᠷᠦᠩᠭᠡ ᠶᠢᠨ ᠬᠠᠳᠠᠭᠠᠯᠠᠭᠳᠠᠴᠠ ᠶᠢ ᠠᠮᠢᠳᠤᠯᠢᠭᠵᠢᠭᠤᠯᠤᠨ ᠠᠵᠤ ᠦᠢᠯᠡᠰ ᠤᠨ ᠲᠦᠪᠯᠡᠷᠡᠨ ᠬᠦᠭᠵᠢᠬᠦ ᠶᠢ | ᠠᠬᠢᠭᠤᠯᠤᠨ᠎ᠠ᠃ | ︵ᠲᠦᠷᠪᠡ︶ ᠲᠦᠷᠦᠯ ᠵᠦᠢᠯ ᠤᠨ ᠪᠡᠯᠡ ᠤᠷᠤᠭᠤᠯᠤᠯᠳᠠ ᠶᠢᠨ ᠵᠠᠩᠭᠢᠯᠠᠭ᠎ᠠ ᠶᠢᠨ ᠦᠢᠯᠡᠳᠤᠯ ᠢ ᠪᠠᠳᠠᠷᠠᠭᠤᠯᠵᠣ᠂ | ᠠᠵᠤ ᠠᠬᠤᠢ ᠶᠢᠨ ᠬᠦᠭᠵᠢᠯᠳᠡ ᠶᠢᠨ ᠬᠦᠴᠦ ᠶᠢ ᠨᠡᠮᠡᠭᠳᠡᠬᠦᠯᠦᠨ᠎ᠡ᠃ | ᠬᠤᠳᠠᠯᠳᠤᠭᠠᠴᠢᠨ ᠤᠷᠢᠵᠤ ᠪᠡᠯᠡ ᠤᠷᠤᠭᠤᠯᠬᠤ ᠭᠦᠴᠦᠯᠡᠴᠠ ᠪᠠᠨ ᠨᠡᠮᠡᠭᠳᠡᠭᠦᠯᠦᠨ᠎ᠡ᠃ ᠯᠢ ᠵᠢᠢ ᠾᠧᠩ | ᠱᠦᠵᠢ ᠶᠢᠨ ᠤᠯᠠᠭᠠᠨᠴᠠᠪ ᠢ ᠨᠡᠭᠡᠭᠡᠯᠳᠡᠳᠤ ᠬᠦᠭᠵᠢᠯᠳᠡ ᠶᠢᠨ ᠰᠢᠨ᠎ᠡ ᠤᠷᠤᠨ ᠪᠤᠯᠭᠠᠨ ᠪᠦᠳᠤᠭᠡᠨ ᠪᠠᠶᠢᠭᠤᠯᠬᠤ | ᠱᠠᠭᠠᠷᠳᠠᠯᠭ᠎ᠠ ᠶᠢ ᠦᠨᠳᠤᠰᠤᠯᠡᠨ᠂ ᠤᠯᠤᠰ ᠤᠨ ︽ᠨᠢᠭᠡ ᠪᠦᠰᠡ ᠨᠢᠭᠡ ᠵᠠᠮ︾᠂ ᠪᠡᠭᠡᠵᠢᠩ ᠲᠢᠶᠠᠨᠵᠢᠨ | ᠾᠧᠪᠧᠢ ᠶᠢᠨ ᠬᠠᠮᠳᠤᠷᠠᠭᠰᠠᠨ ᠬᠦᠭᠵᠢᠯᠳᠡ ᠪᠠ ᠪᠡᠭᠡᠵᠢᠩ ᠦᠪᠤᠷ ᠮᠤᠩᠭᠤᠯ ᠬᠠᠷᠢᠯᠴᠠᠨ ᠬᠠᠪᠰᠤᠷᠤᠯᠴᠠᠬᠤ᠂ | ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠵᠡᠷᠭᠡ ᠲᠤᠮᠤ ᠴᠢᠬᠤᠯᠠ ᠲᠦᠷᠥ ᠶᠢᠨ ᠪᠤᠳᠣᠯᠭ᠎ᠠ | ᠬᠦᠨᠵᠡᠬᠡᠢ ᠬᠡᠷᠡᠭᠵᠢᠭᠦᠯᠦᠭᠳᠡᠪᠡ᠃ ᠡᠨᠡ ᠪᠣᠯ ᠪᠢᠳᠡᠨ ᠳᠤ ᠬᠤᠪᠤᠷ ᠲᠤᠬᠢᠶᠡᠯᠳᠤᠬᠤ ᠨᠠᠨᠳᠢᠨ ᠠᠵᠠ ᠲᠤᠬᠢᠶᠠᠯ ᠮᠦᠨ᠃ | ᠲᠦᠷᠥ ᠶᠢᠨ ᠵᠠᠰᠠᠭ ᠤᠨ ᠪᠠᠶᠢᠭᠤᠯᠭ᠎ᠠ ᠶᠢᠨ ᠤᠷᠤᠨ ᠲᠤᠭᠠᠨ ᠤ ᠠᠯᠪᠠᠨ ᠭᠡᠷ᠂ ᠪᠡᠭᠡᠵᠢᠩ ᠤᠨ ᠳ᠋ᠦᠩ ᠴᠧᠩ | ᠲᠤᠭᠤᠷᠢᠭ ᠨᠢ ᠮᠠᠨ ᠤ ᠰᠢᠶᠠᠨ ᠢ ᠲᠠᠭᠠᠭᠠᠵᠤ ᠲᠡᠳᠭᠦᠵᠤ ᠪᠠᠶᠢᠭ᠎ᠠ ᠠᠰᠢᠭᠲᠠᠢ ᠲᠤᠬᠢᠶᠠᠯ ᠪᠠᠷ ᠬᠦᠭᠵᠢᠯᠳᠡ ᠶᠢᠨ | ᠰᠡᠳᠬᠢᠴᠠ ᠢᠶᠠᠨ ᠨᠡᠩ ᠭᠦᠨᠵᠡᠬᠡᠶᠢᠷᠡᠭᠦᠯᠵᠤ᠂ ᠤᠯᠤᠰᠤᠷᠤᠨ ᠤ ᠠᠵᠤ ᠦᠢᠯᠡᠰ ᠤᠨ ᠲᠦᠷᠥ ᠶᠢᠨ ᠪᠤᠳᠣᠯᠭ᠎ᠠ ᠪᠠᠷ | ᠤᠳᠤᠷᠢᠳᠤᠮᠵᠢ ᠪᠤᠯᠭᠠᠨ᠂ ︽ᠤᠯᠤᠰ ᠤᠨ ᠲᠡᠰ ᠤᠨ ᠠᠮᠢ ᠠᠬᠤᠢ ᠶᠢᠨ ᠪᠡᠶᠡᠴᠢ ᠴᠤᠭᠴᠠ ᠶᠢᠨ ᠴᠢᠳᠠᠮᠵᠢᠳᠤ | ᠤᠷᠤᠨ ᠤ ᠠᠵᠤ ᠦᠢᠯᠡᠰ ᠤᠨ ᠬᠦᠭᠵᠢᠯᠳᠡ ᠶᠢᠨ ᠵᠢᠯᠦᠭᠤᠳᠤᠮᠵᠢ︾ ᠶᠢ ᠴᠢᠩᠭ᠎ᠠ ᠬᠡᠷᠡᠭᠵᠢᠭᠦᠯᠵᠦ᠂ ᠠᠵᠤ | ᠦᠢᠯᠡᠳᠪᠦᠷᠢ ᠶᠢᠨ ᠲᠦᠷᠥ ᠶᠢᠨ ᠪᠤᠳᠣᠯᠭ᠎ᠠ ᠳᠤ ᠨᠡᠶᠢᠴᠡᠭᠰᠡᠨ ᠤᠷᠤᠨ ᠨᠣᠳᠤᠭ ᠤᠨ ᠠᠵᠤ ᠠᠬᠤᠢ ᠶᠢ ᠬᠦᠳᠤᠯᠦᠨ | ᠲᠠᠶᠢᠴᠢᠯᠠᠵᠤ ᠲᠠᠶᠢᠯᠬᠦ ᠲᠦᠰᠤᠯ ᠢ ᠤᠷᠤᠭᠤᠯᠤᠨ᠎ᠠ᠃ ᠬᠤᠳᠠᠯᠳᠤᠭ᠎ᠠ ᠡᠵᠡᠩᠨᠡᠯᠳᠡ ᠵᠢᠨᠤᠷᠴᠢᠨ ᠲᠤᠭᠤᠷᠢᠨ ᠢ | ᠰᠢᠯᠢᠳᠡᠭᠵᠢᠬᠦᠯᠵᠦ᠂ ᠠᠵᠤ ᠠᠬᠤᠶᠢᠯᠠᠳᠠᠨ ᠤ ᠡᠷᠡᠬᠦᠯ ᠢᠶᠠᠷ ᠦᠰᠦᠨ ᠪᠦᠢᠵᠢᠬᠤ ᠤᠷᠴᠢᠨ ᠲᠤᠭᠤᠷᠢᠨ ᠶᠢ ᠪᠤᠢ | ᠪᠤᠯᠭᠠᠵᠤ᠂ ᠠᠵᠤ ᠠᠬᠤᠶᠢᠯᠠᠲᠠᠨ ᠤ ᠦᠢᠯᠡᠳᠤᠯ ᠢ ᠨᠡᠩ ᠰᠠᠶᠢᠨ ᠪᠠᠳᠠᠷᠠᠭᠤᠯᠤᠨ᠎ᠠ ᠃ | ᠲᠦᠷᠦᠯ ᠵᠦᠢᠯ ᠤᠨ ᠪᠦᠳᠤᠭᠡᠨ ᠪᠠᠶᠢᠭᠤᠯᠤᠯᠳᠠ ᠶᠢ ᠡᠷᠴᠢᠮ ᠲᠠᠢ ᠲᠦᠯᠬᠢᠨ ᠠᠬᠢᠭᠤᠯᠤᠨ᠎ᠠ᠃ ᠠᠵᠤ | ᠠᠬᠤᠢ ᠶᠢᠨ ᠪᠡᠯᠡ ᠤᠷᠤᠭᠤᠯᠤᠯᠳᠠ ᠶᠢᠨ ᠭᠤᠤᠯ ᠲᠦᠰᠦᠯ ᠢ ᠵᠢᠯ ᠤᠨ ᠲᠤᠳᠤᠷ᠎ᠠ17 ᠶᠢ ᠬᠡᠷᠡᠭᠵᠢᠬᠦᠯᠬᠦ ᠪᠠᠷ | ᠲᠦᠯᠦᠪᠯᠡᠵᠤ᠂ 25 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠤᠯᠳᠠ ᠶᠢ ᠪᠡᠶᠡᠯᠡᠬᠦᠯᠬᠦ ᠪᠠᠷ ᠲᠦᠯᠦᠪᠯᠡᠵᠤ | ᠪᠠᠶᠢᠨ᠎ᠠ᠃ ᠤᠳᠤᠷᠢᠳᠤᠯᠭ᠎ᠠ ᠶᠢᠨ ᠬᠠᠷᠢᠭᠤᠴᠠᠯᠭ᠎ᠠ ᠶᠢᠨ ᠲᠥᠷᠢᠮ ᠢ ᠨᠠᠶᠢᠳᠠᠪᠦᠷᠢᠵᠢᠭᠤᠯᠵᠤ᠂ ᠪᠡᠯᠡ ᠲᠤᠬᠢᠷᠠᠭᠤᠯᠬᠤ | ᠦᠵᠡᠯᠳᠡ ᠪᠠᠨ ᠬᠤᠪᠢᠷᠠᠭᠤᠯᠵᠤ᠂ ᠭᠦᠭᠵᠢᠯᠳᠡ ᠶᠢᠨ ᠬᠦᠴᠢᠷᠲᠡᠯᠲᠠᠢ ᠠᠰᠠᠭᠤᠳᠠᠯ ᠢᠶᠠᠨ ᠰᠢᠢᠳᠪᠦᠷᠢᠯᠡᠨ᠂ ᠰᠠᠭᠤᠷᠢ | ᠮᠦᠩᠭᠦᠨ ᠤ ᠲᠦᠰᠦᠯ ᠢ ᠢᠳᠡᠪᠬᠢᠲᠠᠢ ᠣᠯᠵᠤ᠂ ᠨᠡᠶᠢᠭᠡᠮ ᠤᠨ ᠭᠦᠷᠦᠩᠭᠡ ᠶᠢ ᠬᠤᠳᠠ ᠶᠢᠨ ᠵᠠᠰᠠᠭ᠂ ᠵᠠᠮ | ᠬᠠᠷᠢᠯᠴᠠᠭ᠎ᠠ᠂ ᠠᠮᠢ ᠠᠬᠤᠢ᠂ ᠨᠠᠶᠢᠳᠡ ᠶᠢᠨ ᠦᠢᠯᠡᠴᠢᠯᠡᠭᠡ ᠵᠡᠷᠭᠡ ᠳᠤ ᠴᠢᠭᠯᠡᠬᠦᠯᠦᠨᠡ᠃ ᠲᠦᠷᠥ ᠶᠢᠨ | ᠪᠤᠳᠣᠯᠭ᠎ᠠ ᠶᠢᠨ ᠴᠠᠪᠠᠷ ᠤᠷᠤᠯᠭ᠎ᠠ ᠢ ᠬᠦᠭᠵᠢᠯᠳᠡ ᠶᠢᠨ ᠦᠷ᠎ᠡ ᠠᠰᠢᠭ ᠪᠤᠯᠭᠠᠨ ᠬᠤᠪᠢᠷᠠᠭᠤᠯᠵᠤ᠂ ᠰᠠᠭᠤᠷᠢ | ᠲᠦᠬᠦᠭᠡᠷᠦᠮᠵᠢ ᠶᠢᠨ ᠪᠦᠳᠤᠭᠡᠨ ᠪᠠᠶᠢᠭᠤᠯᠤᠯᠳᠠ ᠪᠠ ᠠᠵᠤ ᠦᠢᠯᠡᠰ ᠤᠨ ᠬᠦᠭᠵᠢᠯᠳᠡ ᠶᠢᠨ ᠪᠡᠯᠡ ᠬᠤᠷᠠᠮᠳᠤᠭᠤᠯᠬᠤ | ᠬᠦᠴᠢᠷ ᠠᠰᠠᠭᠤᠳᠠᠯ ᠢ ᠪᠦᠳᠤᠮᠵᠢᠲᠠᠢ ᠰᠢᠢᠳᠪᠦᠷᠢᠯᠡᠨ᠎ᠡ᠃ | ︵ᠲᠠᠪᠤ︶ ᠲᠠᠪᠤᠨ ᠬᠤᠳᠠ ᠶᠢ ᠬᠠᠮᠳᠤ ᠳᠤᠨᠢ ᠴᠤᠭᠴᠠᠯᠠᠬᠤ ᠪᠠᠷ ᠠᠴᠢᠶᠠᠯᠠᠪᠦᠷᠢ ᠪᠤᠯᠭᠠᠨ᠂ ᠬᠤᠳᠠ ᠶᠢᠨ | ᠬᠦᠭᠵᠢᠯᠳᠡ ᠶᠢᠨ ᠭᠢᠷᠢ ᠲᠦᠪᠰᠢᠨ ᠢ ᠲᠡᠭᠡᠭᠰᠢᠯᠡᠬᠦᠯᠦᠨ᠎ᠡ ᠃ | ᠲᠦᠯᠦᠪᠵᠢᠭᠦᠯᠭᠡ ᠶᠢᠨ ᠤᠨᠴᠠᠯᠢᠭ ᠪᠠᠨ ᠲᠤᠪᠤᠶᠢᠮ᠎ᠠ ᠪᠤᠯᠭᠠᠨ᠎ᠠ᠃ ᠵᠢᠯ ᠤᠨ ᠲᠤᠳᠤᠷ᠎ᠠ ︽ᠴᠠᠩ ᠱᠦᠨ | ᠪᠠᠯᠭᠠᠰᠤᠨ ᠤ ᠶᠠᠷᠤᠩᠭᠡᠢ ᠲᠦᠯᠦᠪᠵᠢᠭᠦᠯᠭᠡ ︵2017__2035 ᠣᠨ︶︾᠂ ︽ᠴᠠᠩ ᠱᠦᠨ ᠪᠠᠯᠭᠠᠰᠤᠨ ᠤ | ᠬᠢᠵᠠᠭᠠᠷᠯᠠᠯ ᠤᠨ ᠴᠢᠨᠠᠷᠲᠠᠢ ᠨᠠᠷᠢᠨ ᠲᠦᠯᠦᠪᠵᠢᠭᠦᠯᠭᠡ ︵2017___2035 ᠣᠨ︶︾ ᠢ ᠬᠤᠶᠠᠳᠤᠭᠠᠷ | ᠤᠳᠠᠭᠠᠨ ᠤ ᠵᠠᠰᠠᠨ ᠨᠠᠶᠢᠷᠠᠭᠤᠯᠤᠭᠰᠠᠨ ᠨᠤᠳᠠᠯᠠᠯᠳᠠ ᠶᠢ ᠪᠡᠶᠡᠯᠡᠭᠦᠯᠦᠨ᠎ᠡ᠃ ᠰᠢᠨ᠎ᠡ ᠬᠦᠳᠡᠭᠡ ᠲᠤᠰᠬᠤᠨ᠂ | ᠤᠨᠴᠠᠯᠢᠭᠳᠤ ᠵᠢᠵᠢᠭ ᠪᠠᠯᠭᠠᠰᠤ ᠶᠢᠨ ᠲᠦᠯᠦᠪᠵᠢᠭᠦᠯᠭᠡ ᠶᠢ ᠪᠡᠶᠡᠯᠡᠭᠦᠯᠦᠨ᠎ᠡ᠃ ᠪᠦᠷᠭᠡ ᠭᠡᠷ ᠲᠤᠭᠤᠷᠢᠭ ᠤᠨ | ᠰᠢᠨᠠᠴᠢᠯᠡᠯᠳᠡ ᠶᠢᠨ ᠲᠦᠯᠦᠪᠵᠢᠭᠦᠯᠭᠡ ᠶᠢ ᠲᠦᠰᠦᠪᠯᠡᠨ ᠨᠠᠶᠢᠷᠠᠭᠤᠯᠵᠤ᠂ ᠪᠠᠷᠢᠯᠭ᠎ᠠ ᠶᠢᠨ ᠵᠢᠷᠤᠵᠤ ᠲᠦᠯᠦᠪᠯᠡᠬᠦ | ᠬᠢᠷᠢ ᠲᠦᠪᠰᠢᠨ ᠢ ᠨᠠᠷᠢᠨ ᠬᠢᠨᠠᠮᠠᠭᠠᠢ ᠨᠠᠶᠢᠳᠡᠪᠦᠷᠢᠵᠢᠭᠤᠯᠦᠨ᠂ ᠲᠦᠯᠦᠪᠵᠢᠭᠦᠯᠭᠡ ᠤᠨ ᠬᠢᠵᠠᠭᠠᠷᠯᠠᠯ ᠤᠨ ᠬᠠᠳᠠᠨ | ᠴᠢᠨᠠᠷ ᠢ ᠴᠢᠩᠭᠠᠳᠬᠠᠵᠤ ᠂ ᠪᠠᠷᠢᠯᠭ᠎ᠠ ᠶᠢᠨ ᠪᠣᠷᠣ ᠵᠢᠷᠤᠭ ᠲᠥᠰᠦᠪ ᠢ ᠲᠦᠰᠦᠪᠯᠡᠨ ᠵᠢᠷᠤᠬᠤ ᠶᠢ ᠦᠨᠡᠨᠬᠦ ᠪᠠᠳᠤᠯᠠᠨ᠎ᠠ | ᠃ | ᠬᠤᠳᠠ ᠶᠢᠨ ᠴᠢᠳᠠᠪᠬᠢ ᠶᠢ ᠲᠡᠭᠦᠯᠳᠡᠷᠵᠢᠬᠦᠯᠦᠨ᠎ᠡ᠃ ᠬᠠᠭᠤᠴᠢᠨ ᠬᠤᠳᠠ ᠶᠢᠨ ᠦᠬᠡᠷᠡᠴᠢᠯᠡᠯᠳᠡ ᠬᠢᠭᠡᠳ ᠰᠢᠨ᠎ᠡ | ᠬᠤᠳᠠ ᠶᠢᠨ ᠪᠠᠶᠢᠭᠤᠯᠦᠯᠳᠠ᠂ ᠰᠠᠭᠤᠷᠢ ᠲᠦᠬᠦᠭᠡᠷᠤᠮᠵᠢ ᠬᠢᠭᠡᠳ ᠤᠯᠠᠨ ᠨᠡᠶᠢᠲᠡ ᠶᠢᠨ ᠦᠢᠯᠡᠴᠢᠯᠡᠭᠡ᠂ ᠭᠠᠵᠠᠷ | ᠲᠤᠤᠷᠠᠬᠢ ᠪᠠᠶᠢᠭᠤᠯᠦᠯᠳᠠ ᠬᠢᠭᠡᠳᠭᠠᠵᠠᠷ ᠲᠡᠭᠡᠷᠡᠬᠢ ᠪᠠᠶᠢᠭᠤᠯᠤᠯᠳᠠ ᠶᠢ ᠨᠢᠭᠡᠳᠤᠯᠲᠠᠢ ᠲᠦᠯᠦᠪᠯᠡᠨ ᠰᠠᠶᠢᠳᠤᠷ | ᠠᠳᠬᠤᠨ᠎ᠠ᠃ ᠡᠮᠤᠨᠡᠳᠤ ᠤᠮᠠᠷᠠᠳᠤ ᠶᠢᠨ ᠦᠶᠠᠷ ᠢ ᠰᠡᠷᠬᠡᠶᠢᠯᠡᠬᠦ ᠶᠡᠷᠤᠩᠭᠡᠢ ᠢᠨᠵᠧᠨᠧᠷᠢᠩ ᠤᠨ ᠵᠠᠰᠠᠯᠲᠠ ᠶᠢ | ᠲᠦᠷᠭᠡᠳᠬᠡᠨ᠎ᠡ᠃ ᠤᠯᠠᠨ ᠠᠷᠭ᠎ᠠ ᠵᠠᠮ ᠢᠶᠠᠷ ᠪᠦᠷᠭᠡ ᠭᠡᠷ ᠲᠤᠭᠤᠷᠢᠭ ᠶᠢ ᠦᠬᠡᠷᠡᠴᠢᠯᠡᠬᠦ ᠪᠡᠯᠡ ᠮᠦᠩᠭᠦ ᠶᠢ | ᠰᠢᠢᠳᠪᠦᠷᠢᠯᠡᠨ 1280 ᠡᠷᠦᠬᠡ ᠪᠦᠷᠭᠡ ᠭᠡᠷ ᠲᠤᠭᠤᠷᠢᠭ ᠢ ᠦᠭᠡᠷᠡᠴᠢᠯᠡᠬᠦ ᠡᠬᠦᠷᠭᠡ ᠶᠢ ᠪᠡᠶᠡᠯᠡᠬᠦᠯᠦᠨ᠂ ᠲᠤᠲᠠᠭᠤ | ᠲᠤᠷᠭᠤᠨ ᠪᠠᠷᠢᠯᠭ᠎ᠠ ᠶᠢᠨ ᠠᠰᠠᠭᠤᠳᠠᠯ ᠢ ᠰᠠᠶᠢᠳᠤᠷ ᠰᠢᠢᠳᠪᠦᠷᠢᠯᠡᠨ᠎ᠡ᠃ ᠲᠤᠯᠠᠭᠠᠯᠠᠭ᠎ᠠ᠂ ᠤᠰᠤ ᠬᠠᠩᠭᠠᠬᠤ | ᠬᠤᠭᠤᠯᠠᠢ 43.7 ᠺᠢᠯᠦᠮᠧᠲᠷ ᠢ ᠰᠢᠨ᠎ᠡ ᠪᠠᠷ ᠪᠤᠶᠤ ᠦᠬᠡᠷᠡᠴᠢᠯᠡᠨ ᠪᠠᠶᠢᠭᠤᠯᠵᠤ᠂ ᠲᠦᠪᠯᠡᠷᠡᠩᠭᠦᠢ ᠲᠤᠯᠠᠭᠠᠯᠠᠭ᠎ᠠ | ᠪᠤᠯᠤᠨ ᠤᠰᠤ ᠬᠠᠩᠭᠠᠬᠤ ᠲᠦᠭᠡᠮᠡᠯᠵᠢᠬᠦᠯᠦᠯᠳᠡ ᠶᠢᠨ ᠨᠤᠷᠮ᠎ᠠ ᠶᠢ 85 % ᠪᠤᠯᠤᠨ 79% ᠳᠤ ᠬᠦᠷᠭᠡᠨ᠎ᠡ᠃ | ᠬᠤᠳᠠ ᠶᠢᠨ ᠲᠡᠷᠭᠡᠨ ᠵᠤᠭᠰᠤᠭᠠᠯ ᠤᠨ ᠪᠠᠶᠢᠭᠤᠯᠤᠯᠳᠠ ᠵᠢᠨᠡᠷᠴᠢᠮ ᠢ ᠴᠢᠩᠭᠠᠳᠬᠠᠵᠤ ︽ᠵᠤᠷᠯᠤᠩ ᠤᠨ ᠬᠤᠪᠢᠰᠬᠠᠯ︾ | ᠶᠢ ᠲᠦᠯᠬᠢᠨ ᠠᠬᠢᠭᠤᠯᠤᠨ᠎ᠠ᠃ ᠬᠤᠳᠠ ᠪᠠᠯᠭᠠᠰᠤᠨ ᠤ ᠭᠤᠤᠯᠳᠠᠯᠭ᠎ᠠ ᠲᠠᠢ ᠭᠠᠵᠠᠷ ᠤᠷᠤᠨ ᠤ ᠨᠤᠭᠤᠭᠠᠷᠠᠭᠤᠯᠤᠯᠳᠠ | ᠳᠠᠪᠬᠤᠷᠭ᠎ᠠ ᠪᠠ ᠰᠤᠶᠤᠯ ᠤᠨ ᠠᠭᠤᠯᠤᠭᠳᠠᠬᠤᠨᠢ ᠦᠷᠬᠦᠯᠵᠢᠯᠡᠨ ᠲᠠᠭᠦᠯᠳᠡᠷᠵᠢᠬᠦᠯᠦᠨᠡ᠃ ᠴᠡᠴᠡᠷᠯᠢᠭᠳᠦ ᠰᠢᠶᠠᠨ ᠪᠠ | ᠡᠷᠡᠭᠦᠯ ᠮᠡᠨᠳᠦ ᠰᠢᠶᠠᠨ ᠤ ᠪᠦᠳᠤᠭᠡᠨ ᠪᠠᠶᠢᠭᠤᠯᠤᠯᠳᠠ ᠶᠢᠨ ᠦᠷ᠎ᠡ ᠪᠦᠳᠦᠮᠵᠢ ᠶᠢ ᠪᠠᠬᠢᠵᠢᠬᠦᠯᠵᠦ᠂ ︽ᠲᠠᠪᠤᠨ | ᠬᠤᠳᠠ ᠶᠢ ᠬᠠᠮᠳᠤ ᠳᠤᠨᠢ ᠴᠤᠭᠴᠠᠯᠠᠬᠤ︾ ᠶᠢ ᠪᠠᠳᠦᠳᠠᠢ ᠠᠬᠢᠭᠤᠯᠤᠨ᠎ᠠ᠃ ᠲᠤᠭᠤᠷᠢᠭ ᠤᠨ ᠠᠳᠠᠯ ᠠᠬᠤᠢ ᠶᠢᠨ | ᠬᠠᠮᠢᠶᠠᠷᠤᠯᠳᠠ ᠶᠢ ᠲᠦᠷᠢᠮᠵᠢᠬᠦᠯᠵᠦ᠂ ᠦᠢᠯᠡᠴᠢᠯᠡᠬᠡᠨ ᠤ ᠶᠠᠰᠦ ᠴᠢᠨᠠᠷ ᠪᠠ ᠬᠢᠷᠢ ᠲᠦᠪᠰᠢᠨ ᠢ ᠲᠡᠭᠡᠭᠰᠢᠯᠡᠬᠦᠯᠦᠨ᠎ᠠ᠃ | ᠬᠤᠳᠠ ᠶᠢᠨ ᠬᠠᠮᠢᠶᠠᠷᠤᠯᠳᠠ ᠶᠢᠨ ᠪᠠᠶᠢᠭᠤᠯᠤᠯ ᠪᠠ ᠶᠡᠷᠦᠩᠭᠡᠶᠢᠯᠡᠭᠰᠡᠨ ᠬᠠᠤᠯᠢ ᠶᠢᠨ ᠬᠡᠷᠡᠭᠵᠢᠬᠦᠯᠤᠯᠳᠠ ᠶᠢᠨ | ᠪᠠᠶᠢᠭᠤᠯᠤᠯ ᠤᠨ ᠦᠭᠡᠷᠡᠴᠢᠯᠡᠯᠳᠠ ᠶᠢ ᠬᠦᠨᠵᠡᠭᠡᠶᠢᠷᠠᠭᠦᠯᠦᠨ᠂ ᠬᠤᠳᠠ ᠪᠠᠯᠭᠠᠰᠤᠨ ᠤ ᠬᠠᠮᠢᠶᠠᠷᠤᠯᠳᠠ ᠶᠢᠨ ᠬᠢᠷᠢ | ᠲᠦᠪᠰᠢᠨ ᠢ ᠲᠠᠰᠤᠷᠠᠯᠳᠠ ᠦᠭᠡᠢ ᠲᠡᠭᠡᠭᠰᠢᠯᠡᠬᠦᠯᠦᠨ᠎ᠠ᠃ | ︵ᠵᠢᠷᠭᠤᠭ᠎ᠠ︶ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠢ ᠬᠦᠴᠦᠯᠡᠨᠬᠦ᠋ᠭᠵᠢᠭᠦᠯᠵᠦ ᠪᠦᠬᠦ ᠬᠦᠴᠦᠨ ᠢᠶᠠᠷ | ᠰᠢᠨ᠎ᠡ ᠬᠦᠳᠡᠯᠭᠡᠬᠦ ᠬᠦᠴᠦᠨ ᠢ ᠪᠥᠢᠵᠢᠭᠤᠯᠤᠨ ᠬᠦᠭᠵᠢᠭᠦᠯᠦᠨ᠎ᠡ᠃ | ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠦᠢᠯᠡᠰ ᠤᠨ ᠬᠦᠭᠵᠢᠯᠲᠡ ᠶᠢ ᠲᠦᠷᠭᠡᠳᠬᠡᠨ᠎ᠡ᠃ ᠬᠤᠪᠴᠠᠰᠤ | ᠬᠤᠨᠠᠷ᠂ ᠲᠡᠮᠤᠷ ᠤᠨ ᠬᠠᠶᠢᠯᠤᠰᠢ᠂ ᠪᠠᠯ ᠴᠢᠯᠠᠭᠤᠨ ᠮᠡᠲ᠋ᠧᠷᠢᠶᠡᠯ ᠳᠤ ᠲᠦᠰᠢᠭᠯᠡᠨ ᠭᠤᠷᠪᠠᠨ ᠲᠤᠮᠤ ᠬᠦᠷᠢᠶᠡᠯᠡᠩ | ᠲᠣᠭᠤᠷᠢᠭ ᠤᠨᠦᠢᠯᠡᠳᠪᠦᠷᠢᠯᠡᠯ ᠤᠨ ᠰᠠᠭᠤᠷᠢᠨ ᠭᠠᠵᠠᠷ ᠪᠣᠯᠣᠨ ᠮᠠᠯ ᠲᠠᠷᠢᠶᠠᠯᠠᠩ ᠤᠨ ᠪᠦᠳᠦᠭᠡᠭᠳᠡᠭᠦᠨ ᠤ | ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠠᠶᠢᠭᠤᠯᠵᠤ᠂ ᠬᠦᠮᠦᠷᠭᠡᠯᠡᠨ ᠬᠠᠳᠠᠭᠠᠯᠠᠬᠤ ᠪᠠ ᠪᠤᠯᠪᠠᠰᠤᠷᠠᠭᠤᠯᠬᠤ᠂ | ᠠᠷᠠᠯᠵᠢᠶ᠎ᠠ ᠬᠤᠳᠠᠯᠳᠤᠭᠠᠨᠤ ᠭᠦᠢᠯᠭᠡᠭᠡ᠂ ᠡᠯᠧᠺᠲᠷᠤᠨ ᠬᠤᠳᠠᠯᠳᠤᠭ᠎ᠠ ᠵᠡᠷᠬᠡ ᠵᠢᠨᠵᠣᠬᠢᠴᠠᠯᠳᠤᠯ᠂ ᠣᠯᠠᠨ | ᠬᠡᠯᠪᠡᠷᠢ ᠶᠢᠨ ᠬᠠᠮᠳᠤᠷᠠᠭᠰᠠᠨ ᠲᠡᠭᠡᠭᠡᠪᠤᠷᠢᠯᠡᠯᠲᠡ ᠶᠢᠨ ᠠᠷᠠᠯᠵᠢᠶ᠎ᠠ ᠬᠤᠳᠠᠯᠳᠤᠭ᠎ᠠ ᠡᠳ᠋ ᠪᠠᠷᠠᠭᠠᠨ ᠤ ᠭᠦᠢᠯᠭᠡᠭᠡᠨ ᠤ | ᠰᠢᠰᠲ᠋ᠧᠮ ᠢ ᠴᠣᠭᠴᠠᠯᠠᠨ ᠪᠠᠶᠢᠭᠤᠯᠤᠨ᠎ᠠ᠃ ᠮᠣᠵᠢ ᠶᠢᠨ ᠲᠡᠰ ᠤᠨ ᠵᠠᠮ ᠱᠣᠭᠤᠮ ᠤᠨ ᠦᠭᠡᠷᠡᠴᠢᠯᠡᠯᠲᠡ ᠶᠢᠨ | ᠲᠦᠷᠤ ᠶᠢᠨ ᠪᠣᠳᠤᠯᠭ᠎ᠠ ᠶᠢ ᠪᠦᠬᠦ ᠬᠦᠴᠦᠨ ᠢᠶᠠᠷ ᠳᠡᠮᠵᠢᠨ ᠲᠣᠰᠠᠯᠠᠵᠤ᠂ ᠰᠦᠨᠢᠳ ᠪᠠᠷᠠᠭᠤᠨ ᠬᠤᠰᠢᠭᠤᠨ ᠠᠴᠠ | ᠬᠤᠸᠠᠳᠧ ᠰᠢᠶᠠᠨ ᠬᠦᠷᠲᠡᠯᠡᠬᠢ ᠲᠦᠷᠬᠡᠨ ᠤ ᠵᠠᠮ ᠱᠣᠭᠤᠮ ᠢ ᠪᠠᠶᠢᠭᠤᠯᠤᠨ᠎ᠠ᠃1.4 ᠳ᠋ᠦᠩᠰᠢᠭᠤᠷ ᠲᠦᠭᠦᠷᠢᠭ ᠤᠨ | ᠪᠡᠯᠡ ᠤᠷᠤᠭᠤᠯᠤᠯᠲᠡ ᠶᠢᠨ ᠲᠦᠰᠦᠪ ᠪᠠᠨᠲ᠋ᠦ᠋ᠷᠭᠡᠳᠬᠡᠵᠣ᠂ ᠠᠵᠤ ᠦᠢᠯᠡᠳᠪᠤᠷᠢ ᠶᠢᠨ ᠬᠦᠷᠢᠶᠡᠯᠡᠩ ᠲᠤᠭᠤᠷᠢᠭ | ᠪᠤᠯᠤᠨ ᠪᠠᠷᠠᠭ᠎ᠠ ᠲᠡᠭᠡᠭᠡᠪᠤᠷᠢ ᠶᠢᠨ ᠭᠦᠢᠯᠭᠡᠭᠡᠨ ᠤ ᠲᠤᠰᠬᠠᠢ ᠱᠣᠭᠤᠮ ᠵᠢᠴᠢ ᠪᠠᠷᠠᠭᠠᠨ ᠲᠠᠯᠠᠪᠤᠷ ᠤᠨ | ᠪᠠᠶᠢᠭᠤᠯᠤᠯᠲᠡ ᠶᠢ ᠠᠬᠢᠭᠤᠯᠤᠨ᠎ᠠ᠃ ᠲᠢᠶᠠᠨᠵᠢᠨ ᠤᠨ ᠭᠠᠷᠠᠮ ᠤᠨ ᠲᠣᠪᠴᠢᠶ᠎ᠡ ᠶᠢ ᠢᠲᠡᠪᠬᠢᠲᠠᠢ ᠤᠷᠢᠨ ᠤᠷᠤᠭᠤᠯᠵᠤ᠂ | ᠡᠳ᠋ ᠪᠠᠷᠠᠭᠠᠨ ᠤ ᠭᠦᠯᠬᠡᠬᠡᠨ ᠤ ᠰᠡᠯᠭᠦᠴᠡᠬᠦ ᠰᠠᠭᠤᠷᠢᠨ ᠭᠠᠵᠠᠷ ᠢ ᠪᠠᠶᠢᠭᠤᠯᠤᠨ᠂ ᠮᠠᠨ ᠤ ᠰᠢᠶᠠᠨ ᠢᠶᠠᠨ ᠤᠯᠠᠭᠠᠨᠴᠠᠪ | ᠬᠤᠲᠠ ᠶᠢᠨ ᠴᠢᠬᠤᠯᠠ ᠭᠦᠢᠯᠭᠡᠭᠡᠨ ᠤ ᠰᠠᠭᠤᠷᠢᠨ ᠭᠠᠵᠠᠷ ᠪᠣᠯᠭᠠᠨ᠎ᠠ᠃ᠡᠯᠧᠺᠲᠷᠤᠨ ᠬᠤᠳᠠᠯᠳᠤᠭ᠎ᠠ ᠶᠢ ᠬᠦᠳᠡᠭᠡ | ᠲᠣᠰᠬᠤᠨ ᠤ ᠠᠵᠢᠯ ᠳᠤ ᠲᠦᠭᠡᠮᠡᠯᠵᠢᠭᠦᠯᠵᠤ᠂ ᠰᠢᠨ᠎ᠡ ᠨᠡᠮᠡᠭᠳᠡᠬᠦ ᠲᠣᠰᠬᠤᠨ ᠵᠢᠴᠢ ᠦᠢᠯᠡᠴᠢᠯᠡᠬᠡᠨ ᠤ ᠲᠥᠪ30 ᠶᠢ | ᠪᠠᠶᠢᠭᠤᠯᠵᠤ᠂ ᠣᠯᠣᠰ ᠤᠨ ᠲᠡᠰ ᠦᠨᠡᠯᠧᠺᠲᠷᠤᠨ ᠬᠤᠳᠠᠯᠳᠣᠭᠠᠨ ᠤ ᠵᠢᠱᠢᠶᠠᠴᠢ ᠰᠢᠶᠠᠨ ᠤ ᠲᠦᠷᠦᠯ ᠵᠦᠢᠯ ᠢ | ᠢᠳᠡᠪᠬᠢᠯᠡᠨ ᠣᠯᠬᠤ ᠪᠠᠷ ᠴᠢᠷᠮᠠᠶᠢᠨ᠂ ᠡᠯᠧᠺᠲᠷᠤᠨ ᠬᠤᠳᠠᠯᠳᠣᠭᠠᠨ ᠤ ᠠᠵᠤ ᠦᠢᠯᠡᠰ ᠤᠨ ᠬᠦᠷᠢᠶᠡᠯᠡᠩ ᠤᠨ ᠲᠡᠰ | ᠲᠡᠪᠰᠢᠬᠦ ᠶᠢ ᠲᠦᠷᠭᠡᠳᠬᠡᠨ᠂ ᠦᠢᠯᠡᠳᠪᠤᠷᠢᠯᠡᠯ᠂ ᠪᠣᠯᠪᠠᠰᠤᠷᠠᠭᠤᠯᠤᠯᠲᠠ᠂ ᠬᠡᠷᠡᠭᠯᠡᠭᠡ ᠵᠡᠷᠬᠡ ᠵᠠᠬ᠎ᠠ ᠲᠡᠯᠭᠡᠭᠦᠷ ᠤᠨ | ᠰᠢᠪᠳᠤᠷᠭᠠ ᠶᠢ ᠬᠤᠯᠪᠤᠯᠳᠤᠭᠤᠯᠤᠨᠡᠯᠧᠺᠲᠷᠤᠨ ᠬᠤᠳᠠᠯᠳᠤᠭ᠎ᠠ ᠪᠣᠯᠤᠨ ᠠᠵᠤ ᠦᠢᠯᠡᠰ ᠤᠨ ᠭᠦᠨᠵᠡᠭᠡᠢ ᠨᠡᠶᠢᠯᠡᠯ ᠢ | ᠠᠬᠢᠭᠤᠯᠤᠨ᠎ᠠ᠃ | ᠪᠦᠬᠦ ᠲᠠᠯ᠎ᠠ ᠪᠠᠷ ᠰᠣᠶᠣᠯ ᠵᠤᠭᠠᠴᠠᠯ ᠤᠨ ᠦᠢᠯᠡᠰ ᠢ ᠬᠦᠭᠵᠢᠭᠦᠯᠦᠨ᠎ᠡ᠃ ᠨᠡᠶᠢᠬᠡᠮ ᠵᠢᠷᠤᠮ ᠤᠨ ᠭᠤᠣᠯᠯᠠᠬᠤ | ᠦᠷᠲᠡᠭ ᠤᠨ ᠦᠵᠡᠯᠲᠡ ᠶᠢ ᠪᠣᠢ ᠪᠣᠯᠭᠠᠨ ᠦᠢᠯᠡᠳᠦᠯᠭᠡᠵᠢᠭᠦᠯᠵᠤ᠂ ᠣᠶᠣᠨ ᠤ ᠪᠤᠯᠪᠠᠰᠤᠨ ᠤ ᠪᠠᠶᠢᠭᠤᠯᠤᠯᠲᠠ ᠶᠢ | ᠭᠦᠨᠵᠡᠭᠡᠢ ᠦᠷᠨᠢᠭᠦᠯᠦᠨ ︽ᠬᠤᠸᠠᠳᠧ ᠰᠢᠶᠠᠨ ᠤ ᠰᠣᠶᠣᠯ ᠤᠨ ᠦᠢᠯᠡᠰ ᠤᠨ ᠬᠦᠭᠵᠢᠯᠲᠡ ᠶᠢᠨ ᠲᠦᠯᠦᠪᠵᠢᠭᠦᠯᠭᠡ︾ | ᠶᠢ ᠲᠦᠷᠭᠡᠳᠬᠡᠨ ᠨᠠᠶᠢᠷᠠᠭᠤᠯᠤᠨ᠎ᠠ᠃ ︽ᠤᠯᠠᠭᠠᠨᠮᠦ᠋ᠴᠢᠷ︾ ᠤᠨ ᠪᠦᠳᠦᠭᠡᠨ ᠪᠠᠶᠢᠭᠤᠯᠤᠯᠲᠠ ᠶᠢᠨ ᠡᠷᠴᠢᠮ ᠢ | ᠴᠢᠩᠭᠠᠷᠠᠭᠤᠯᠵᠤ᠂ ᠰᠣᠶᠣᠯ ᠢᠶᠠᠷ ᠠᠷᠠᠳ ᠲᠤ ᠠᠰᠢᠭ ᠬᠦᠷᠲᠡᠭᠡᠨ ᠠᠷᠠᠳ ᠲᠦᠮᠡᠨ ᠤ ᠰᠣᠶᠣᠯ ᠤᠨ ᠠᠮᠢᠳᠤᠷᠠᠯ ᠢ | ᠪᠠᠶᠠᠯᠢᠭᠵᠢᠭᠤᠯᠤᠨ᠎ᠠ᠃ ᠰᠣᠶᠣᠯ ᠤᠨ ᠵᠠᠬ᠎ᠠ ᠲᠡᠯᠭᠡᠭᠦᠷ ᠤᠨ ᠶᠡᠷᠦᠩᠬᠡᠶᠢᠯᠡᠭᠰᠡᠨ ᠬᠠᠦᠯᠢ ᠲᠦᠷᠢᠮ ᠤᠨ | ᠬᠡᠷᠡᠭᠵᠢᠭᠦᠯᠦᠯᠲᠡ ᠶᠢ ᠴᠢᠩᠭᠠᠳᠬᠠᠵᠤ ᠰᠣᠶᠣᠯ ᠤᠨ ᠤᠷᠴᠢᠨ ᠲᠣᠭᠤᠷᠢᠨ ᠢ ᠴᠡᠪᠡᠷᠰᠢᠭᠦᠯᠦᠨ᠎ᠡ᠃ ᠰᠣᠶᠣᠯ | ᠵᠢᠭᠤᠴᠢᠯᠠᠯ ᠤᠨ ᠠᠭᠤᠰᠤᠯᠴᠠᠯ ᠢ ᠭᠦᠨᠵᠡᠬᠡᠢ ᠠᠬᠢᠭᠤᠯᠵᠤ᠂ ᠴᠡᠷᠢᠭ ᠠᠩᠭᠢ ᠶᠢᠨ ᠰᠣᠶᠣᠯ᠂ ᠲᠠᠯ᠎ᠠ ᠨᠤᠳᠤᠭ ᠤ | ᠰᠣᠶᠣᠯ᠂ ᠨᠡᠭᠦᠳᠡᠯ ᠮᠠᠯᠵᠢᠯ ᠤᠨ ᠰᠣᠶᠣᠯ ᠲᠠᠷᠢᠶᠠᠯᠠᠬᠤ ᠰᠣᠶᠣᠯ ᠪᠣᠯᠣᠨ ᠰᠣᠶᠣᠯ ᠵᠢᠭᠤᠴᠢᠯᠠᠯ ᠬᠤᠳᠠᠯᠳᠤᠭᠠᠨ ᠤ | ᠡᠬᠢ ᠪᠠᠶᠠᠯᠢᠭ ᠢ ᠭᠦᠢᠴᠡᠳ ᠠᠭᠤᠳᠠᠯᠤᠨ ᠵᠤᠭᠠᠴᠠᠯ ᠤᠨ ᠨᠡᠷᠡᠲᠤ ᠲᠡᠮᠳᠡᠭ ᠢ ᠡᠭᠦᠳᠦᠨ᠎ᠡ᠃ | ᠰᠢᠨ᠎ᠡ ᠪᠠᠷ ᠬᠦᠭᠵᠢᠭᠰᠡᠨ ᠦᠢᠯᠡᠴᠢᠯᠡᠭᠡᠨ ᠤ ᠦᠢᠯᠡᠰ ᠢ ᠢᠳᠡᠪᠬᠢᠲᠠᠢ ᠬᠦᠭᠵᠢᠭᠦᠯᠦᠨ᠎ᠡ᠃ ᠯᠢᠶᠠᠨ ᠳ᠋ᠧ | ᠡᠮᠴᠢᠯᠡᠭᠡ ᠰᠣᠪᠢᠯᠠᠯᠲᠠ ᠶᠢᠨ ᠨᠢᠭᠡ ᠴᠣᠭᠴᠠᠲᠤ ᠦᠢᠯᠡᠴᠢᠯᠡᠭᠡᠨ ᠤ ᠬᠢᠷᠢ ᠲᠦᠪᠰᠢᠨ ᠢ ᠤᠯᠡᠮᠨᠢᠭᠡ ᠠᠯᠬᠤᠮ | ᠳᠡᠭᠡᠭᠰᠢᠯᠡᠭᠦᠯᠵᠦ᠂ ᠦᠳᠡᠭᠦᠰ ᠨᠠᠰᠤᠲᠠᠳ ᠲᠤ ᠰᠠᠭᠤᠬᠤ ᠣᠷᠣᠨ ᠰᠠᠭᠤᠴᠠ ᠵᠢᠴᠢ ᠪᠡᠶ᠎ᠡ ᠴᠢᠬᠢᠷᠠᠭᠵᠢᠭᠤᠯᠬᠤ | ᠲᠥᠪ ᠤᠨ ᠬᠤᠶᠠᠳᠣᠭᠠᠷ ᠬᠤᠭᠤᠴᠠᠭᠠᠨ ᠤ ᠪᠠᠷᠢᠯᠭ᠎ᠠ ᠶᠢᠨ ᠠᠵᠢᠯ ᠨᠢᠭᠡᠨᠲᠡ ᠡᠬᠢᠯᠡᠵᠠᠢ᠃ ᠪᠣᠳᠠᠲᠤ ᠬᠦᠴᠦᠨ ᠪᠦᠬᠦᠢ | ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢ ᠤᠷᠢᠨ ᠤᠷᠤᠭᠤᠯᠵᠤ᠂ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ᠲᠥᠪ ᠢ ᠪᠠᠶᠢᠭᠤᠯᠤᠨ᠂ ᠦᠢᠯᠡᠴᠢᠯᠡᠭᠡᠨ ᠤ ᠬᠡᠪᠴᠢᠶᠡᠵᠢᠯ ᠢ ᠦᠷᠭᠡᠳᠬᠡᠵᠤ᠂ ︽ᠵᠣᠯ ᠵᠢᠷᠭᠠᠯ ᠤᠨ | ᠬᠦᠷᠢᠶᠡᠯᠡᠩ ᠢᠶᠠᠷ ᠭᠤᠣᠯ ᠰᠡᠳᠦᠪᠯᠡᠵᠤ ᠨᠠᠰᠤᠲᠠᠨ ᠢ ᠠᠰᠠᠷᠠᠬᠤ ᠬᠦᠷᠢᠶᠡᠯᠡᠩ ᠢᠶᠠᠷ ᠭᠤᠣᠯᠯᠠᠨ ᠠᠰᠠᠷᠠᠮᠵᠢ ᠶᠢᠨ | ᠬᠦᠷᠢᠶᠡᠯᠡᠩ ᠢᠶᠠᠷ ᠨᠦᠬᠦᠪᠦᠷᠢᠯᠡᠵᠤ᠂ ᠡᠮᠴᠢᠯᠡᠭᠡ ᠰᠣᠪᠢᠯᠠᠯᠲᠠ ᠶᠢ ᠨᠢᠭᠡ ᠴᠣᠭᠴᠠᠵᠢᠭᠤᠯᠤᠨ ᠪᠡᠭᠡᠵᠢᠩ ᠲᠢᠶᠠᠨᠵᠢᠨ | ᠡᠾᠧᠪᠧᠢ ᠳᠤ ᠬᠠᠨᠳᠤᠭᠤᠯᠤᠭᠰᠠᠨ ᠨᠠᠰᠤᠵᠢᠯ ᠤᠨ ᠠᠰᠠᠷᠠᠮᠵᠢ ᠶᠢᠨ ᠲᠦᠷᠦᠯ ᠲᠡᠮᠳᠡᠭ ᠢ ᠪᠣᠢ ᠪᠣᠯᠭᠠᠨ᠎ᠠ᠃ ᠭᠡᠷ | ᠪᠦᠯᠢ ᠶᠢᠨ ᠡᠮᠴᠢ ᠶᠢᠨ ᠭᠡᠷ᠎ᠡ ᠶᠢᠨ ᠦᠢᠯᠡᠴᠢᠯᠡᠭᠡ ᠶᠢ 65 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠲᠤ | ᠬᠠᠮᠤᠭᠲ᠋ᠡᠷᠢᠬᠦᠨ ᠳᠤ ᠲᠤᠭᠲᠠᠬᠤ ᠶᠢ ᠰᠠᠶᠢᠳᠤᠷ ᠨᠠᠶᠢᠳᠠᠪᠤᠷᠢᠵᠢᠭᠤᠯᠬᠤ ᠶᠢᠨ ᠬᠠᠮᠲᠣ ᠬᠤᠶᠠᠳᠤᠭᠠᠷ ᠲᠡᠰ ᠠᠴᠠ | ᠳᠡᠭᠡᠭᠰᠢᠬᠢ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶᠠᠨ ᠳᠤ ᠨᠠᠰᠤᠲᠠᠶᠢᠴᠤᠳ ᠤᠨ ᠡᠪᠡᠳᠴᠢᠨ ᠦᠵᠡᠭᠦᠯᠬᠦ ᠳᠤ | ᠰᠠᠭᠠᠳ ᠦᠭᠡᠢ ᠲᠦᠷᠦ ᠶᠢᠨ ᠪᠣᠳᠤᠯᠭ᠎ᠠ ᠶᠢ ᠶᠠᠪᠤᠭᠳᠠᠭᠤᠯᠤᠨ᠎ᠠ᠃ | ︵ ᠲᠤᠯᠤᠭ᠎ᠠ︶ ᠠᠷᠠᠳ ᠲᠦᠮᠡᠨ ᠢᠶᠠᠷ ᠭᠤᠤᠯ ᠪᠤᠯᠭᠠᠬᠤ ᠬᠦᠭᠵᠢᠯᠳᠡ ᠶᠢᠨ ᠦᠵᠡᠯ ᠰᠠᠨᠠᠭ᠎ᠠ ᠶᠢ ᠪᠠᠷᠢᠮᠳᠠᠯᠠᠵᠤ᠂ | ᠠᠷᠠᠳ ᠤᠨ ᠠᠮᠢᠳᠤᠷᠠᠯ ᠢ ᠰᠠᠶᠢᠵᠢᠷᠠᠭᠤᠯᠤᠨ᠎ᠠ᠃ | ᠠᠵᠢᠯ ᠤᠯᠭᠤᠯᠳᠠ ᠶᠢᠨ ᠬᠢᠷᠢ ᠲᠦᠪᠰᠢᠨ ᠢ ᠲᠡᠭᠡᠭᠰᠢᠯᠡᠬᠦᠯᠦᠨ᠎ᠡ ᠃ ᠬᠤᠪᠴᠠᠰᠤ ᠬᠤᠨᠠᠷ ᠤᠨ ︽ᠬᠤᠶᠠᠷ | ᠦᠢᠯᠡᠰ ᠪᠤᠰᠠᠬᠠᠬᠤ ᠬᠦᠷᠢᠶᠡᠯᠡᠩ︾ ᠂ ︽ᠵᠠᠭᠤᠨ ᠳ᠋ᠦᠩᠰᠢᠭᠤᠷ ᠦᠢᠯᠡᠰ ᠪᠤᠰᠬᠠᠬᠤ ᠬᠦᠷᠢᠶᠡᠯᠡᠩ︾᠂ ᠠᠵᠢᠯ | ᠮᠡᠷᠭᠡᠵᠢᠯ ᠤᠨ ᠲᠤᠮᠳᠠᠳᠣ ᠰᠤᠷᠭᠠᠭᠤᠯᠢ ᠶᠢᠨ ᠲᠠᠳᠤᠯᠭ᠎ᠠ ᠪᠤᠯᠪᠠᠰᠤᠷᠠᠭᠤᠯᠤᠯ ᠤᠨ ᠰᠠᠭᠤᠷᠢᠨ ᠭᠠᠵᠠᠷ ᠤᠨ ᠦᠢᠯᠡᠳᠤᠯ | ᠢ ᠬᠦᠢᠴᠡᠳ ᠪᠠᠳᠠᠷᠠᠭᠤᠯᠵᠣ᠂ ᠨᠡᠶᠢᠳᠡ ᠶᠢᠨ ᠠᠵᠢᠯ ᠤᠯᠭᠤᠯᠳᠠ ᠶᠢᠨ ᠦᠢᠯᠡᠴᠢᠯᠡᠭᠡ ᠶᠢ ᠪᠦᠬᠦ ᠲᠠᠯ᠎ᠠ ᠪᠠᠷ | ᠬᠠᠩᠭᠠᠵᠤ᠂ ᠠᠵᠢᠯ ᠤᠯᠬᠤ ᠬᠦᠴᠢᠷᠳᠡᠯᠲᠠᠢ ᠬᠦᠮᠦᠰ᠂ ᠠᠵᠢᠯ ᠤᠯᠤᠭ᠎ᠠ ᠦᠬᠡᠢ ᠭᠡᠷ ᠪᠦᠯᠢ᠂ ᠤᠶᠤᠳᠠᠨ᠂ ᠴᠡᠷᠢᠭ | ᠠᠴᠠ ᠪᠠᠭᠤᠭᠰᠠᠨ ᠬᠦᠮᠦᠰ ᠵᠡᠷᠭᠡ ᠬᠦᠮᠦᠰ ᠤᠨ ᠠᠵᠢᠯ ᠤᠯᠭᠤᠯᠳᠠ ᠶᠢ ᠲᠦᠯᠬᠢᠨ ᠠᠬᠢᠭᠤᠯᠤᠨ᠎ᠠ ᠃ ︽ᠦ᠋ ᠯᠠᠨ | ᠮᠧᠢ︾ ᠨᠡᠷᠡᠳᠤ ᠪᠦᠳᠤᠭᠡᠭᠳᠡᠭᠦᠨ ᠳᠤ ᠲᠦᠰᠢᠭᠯᠡᠵᠤ᠂ ︽ᠯᠢᠶᠠᠨ ᠳ᠋ᠧ ᠡᠮᠴᠢᠯᠡᠯᠭᠡ ᠪᠡ ᠰᠤᠪᠢᠯᠠᠯᠳᠠ︾ ᠂ ︽ᠬᠤᠩ | ᠳ᠋ᠧ ᠭᠡᠷ ᠠᠬᠤᠢ ᠶᠢᠨ ᠦᠢᠯᠡᠴᠢᠯᠡᠭᠡ︾ ᠶᠢᠨ ᠪᠦᠳᠤᠭᠡᠨ ᠪᠠᠶᠢᠭᠤᠯᠤᠯᠳᠠ ᠶᠢᠨ ᠠᠵᠢᠯ ᠢ ᠭᠤᠣᠯᠳᠠᠯᠭ᠎ᠠ ᠲᠠᠢ | ᠠᠳᠬᠤᠨ᠎ᠠ᠃ ᠵᠢᠯ ᠤᠨ ᠲᠤᠳᠤᠷ᠎ᠠ ᠲᠠᠷᠢᠶᠠᠴᠢᠨ ᠤ ᠬᠦᠳᠡᠯᠮᠦᠷᠢ ᠬᠦᠴᠦᠨ ᠢ ᠰᠢᠯᠵᠢᠬᠦᠯᠦᠨ ᠠᠵᠢᠯ ᠤᠯᠤᠭᠰᠠᠨ | ᠬᠦᠮᠦᠨ ᠤ ᠲᠤᠭ᠎ᠠ ᠶᠢ1.6 ᠲᠦᠮᠡ ᠳᠤ ᠬᠦᠷᠭᠡᠨ᠎ᠡ ᠂ ᠪᠠᠭ᠎ᠠ ᠲᠤᠭᠠᠨ ᠤ ᠪᠠᠳᠤᠯᠠᠭᠠᠳᠤ ᠵᠢᠭᠡᠯᠡᠯᠬᠡ 1000 | ᠲᠦᠮᠡᠨ ᠲᠦᠬᠦᠷᠢᠭ ᠠᠴᠠ ᠲᠡᠭᠡᠭᠰᠢ ᠲᠠᠯᠪᠢᠵᠦ᠂ ᠬᠤᠳᠠ ᠪᠠᠯᠭᠠᠰᠤᠨ ᠤ ᠠᠵᠢᠯ ᠤᠯᠬᠤ ᠬᠦᠮᠦᠨ ᠤ ᠲᠤᠭ᠎ᠠ ᠶᠢ | 800 ᠬᠦᠮᠦᠨ ᠠᠴᠠ ᠲᠡᠭᠡᠭᠰᠢ ᠬᠦᠷᠭᠡᠵᠦ᠂ ᠬᠤᠳᠠ ᠪᠠᠯᠭᠠᠰᠤᠨ ᠤ ᠠᠵᠢᠯ ᠠᠯᠳᠠᠭᠰᠠᠳ ᠤᠨ ᠲᠤᠭ᠎ᠠ ᠶᠢ 3.8% | ᠲᠤᠳᠤᠷ᠎ᠠ ᠬᠢᠵᠠᠭᠠᠷᠯᠠᠨ᠎ᠠ᠃ | ᠨᠠᠶᠢᠭᠡᠮ ᠤᠨ ᠪᠠᠳᠤᠯᠠᠭ᠎ᠠ ᠶᠢᠨ ᠰᠢᠰᠲ᠋ᠧᠮ ᠢ ᠲᠡᠭᠦᠯᠳᠡᠷᠵᠢᠬᠦᠯᠦᠨ᠎ᠠ᠃ ᠪᠦᠬᠦ ᠠᠷᠠᠳ ᠢᠶᠠᠷ ᠢᠶᠠᠨ ᠲᠠᠭᠠᠳᠬᠠᠯ | ᠳᠤ ᠤᠷᠤᠯᠴᠠᠬᠤ ᠲᠦᠯᠦᠪᠵᠢᠬᠦᠯᠭᠡ ᠶᠢ ᠪᠦᠬᠦ ᠲᠠᠯ᠎ᠠ ᠪᠠᠷ ᠬᠡᠷᠡᠭᠵᠢᠬᠦᠯᠵᠦ᠂ ᠬᠤᠳᠠ ᠳᠤ ᠤᠷᠤᠵᠦ ᠠᠵᠢᠯ ᠬᠢᠬᠦ᠂ | ᠲᠠᠷᠢᠶᠠᠴᠢᠳ ᠤᠨ᠂ ᠬᠤᠳᠠ ᠰᠢᠶᠠᠩ ᠤᠨ ᠰᠠᠭᠤᠭᠠᠯᠢ ᠠᠷᠠᠳ ᠤᠨ ᠨᠠᠰᠤᠵᠢᠯ ᠤᠨ ᠲᠠᠭᠠᠳᠬᠠᠯ ᠳᠤ ᠤᠷᠤᠯᠴᠠᠬᠤ ᠶᠢ | ᠬᠦᠳᠦᠯᠦᠨ ᠵᠤᠷᠢᠭᠵᠢᠭᠤᠯᠤᠨ᠎ᠠ᠃ ᠡᠮᠨᠡᠯᠭᠡ ᠶᠢᠨ ᠲᠠᠭᠠᠳᠬᠠᠯ ᠤᠨ ᠪᠦᠷᠬᠦᠭᠦᠯᠬᠦ ᠭᠡᠪᠴᠢᠶ᠎ᠡ ᠶᠢ ᠦᠷᠭᠡᠳᠬᠡᠵᠤ᠂ | ᠬᠤᠳᠠ ᠰᠢᠶᠠᠩ ᠤᠨ ᠰᠠᠭᠤᠭᠠᠯᠢ ᠠᠷᠠᠳ ᠤᠨ ᠲᠠᠭᠠᠳᠬᠠᠯ ᠳᠤ ᠤᠷᠤᠯᠴᠠᠬᠤ ᠪᠠ ᠰᠠᠶ᠋ᠢ ᠲᠦᠷᠦᠭᠰᠡᠨ ᠭᠡᠤᠭᠡᠳ ᠤᠨ | ᠲᠦᠯᠦᠪᠦᠷᠢ ᠦᠬᠡᠢ ᠪᠠᠷ ᠲᠠᠭᠠᠳᠬᠠᠯ ᠳᠤ ᠤᠷᠤᠯᠴᠠᠬᠤ ᠲᠦᠷᠥ ᠶᠢᠨ ᠪᠤᠳᠣᠯᠭ᠎ᠠ ᠶᠢ ᠨᠠᠶᠢᠳᠠᠪᠦᠷᠢᠵᠢᠭᠤᠯᠤᠨ᠎ᠠ᠃ | ᠨᠡᠶᠢᠭᠡᠮ ᠤᠨ ᠠᠪᠤᠷᠠᠨ ᠲᠤᠰᠠᠯᠠᠬᠤ ᠡᠳᠡᠭᠡᠳ ᠤᠨ ᠮᠠᠭᠠᠳᠯᠠᠨ ᠲᠤᠭᠲᠠᠭᠠᠬᠤ ᠣᠨᠣᠪᠴᠢ ᠶᠢᠨ ᠬᠡᠮᠵᠢᠶ᠎ᠡ ᠪᠠ ᠠᠪᠤᠷᠠᠨ | ᠲᠤᠰᠠᠯᠠᠬᠤ ᠪᠠᠷᠢᠮᠵᠢᠶ᠎ᠠ ᠶᠢ ᠲᠡᠭᠡᠭᠰᠢᠯᠡᠬᠦᠯᠦᠨ᠎ᠡ᠃ ᠪᠦᠬᠦ ᠰᠢᠶᠠᠨ ᠤ ᠡᠷᠦᠭᠡ ᠪᠠᠷ ᠪᠠᠳᠤᠯᠠᠭ᠎ᠠ ᠣᠯᠭᠤᠬᠤ ᠬᠠᠷᠢᠴᠠᠯ ᠢ | ᠤᠷᠤᠨ ᠤ ᠲᠤᠮᠳᠠᠴᠢ ᠲᠦᠪᠰᠢᠨ ᠳᠤ ᠬᠦᠷᠭᠡᠨ᠎ᠡ᠃ ︽8+1︾ ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮ ᠢ | ᠲᠡᠭᠦᠯᠳᠡᠷᠵᠢᠭᠦᠯᠵᠦ᠂ ᠦᠨᠦᠴᠢᠨ ᠬᠡᠤᠬᠡᠳ᠂ ᠬᠦᠴᠢᠷᠳᠡᠯᠲᠠᠢ ᠬᠡᠤᠬᠡᠳ᠂ ᠦᠨᠳᠤᠷ ᠨᠠᠰᠤᠲᠠᠶᠢᠴᠤᠳ᠂ ᠵᠡᠮᠳᠡᠭ | ᠬᠦᠮᠤᠨ᠂ ︽ ᠭᠤᠷᠪᠠᠨ ᠠᠷᠠᠳ︾ ᠵᠡᠷᠭᠡ ᠪᠠᠭᠤᠷᠠᠶᠢᠴᠤᠤᠯ ᠪᠠ ᠠᠰᠠᠷᠠᠬᠤ ᠡᠳᠡᠭᠡᠳ ᠤᠨ ᠨᠦᠭᠦᠪᠦᠷᠢ ᠶᠢᠨ | ᠪᠠᠷᠢᠮᠵᠢᠶ᠎ᠠ ᠶᠢ ᠲᠡᠭᠡᠭᠰᠢᠯᠡᠬᠦᠯᠵᠦ ᠂ ᠬᠦᠴᠢᠷᠳᠡᠯᠲᠠᠢ ᠠᠷᠠᠳ ᠤᠯᠠᠨ ᠤ ᠪᠦᠬᠦᠨ ᠢ ᠳᠠᠭᠠᠭᠠᠬᠤ ᠪᠠᠲᠤᠯᠠᠭ᠎ᠠ ᠶᠢ | ᠪᠦᠬᠦᠨ ᠢ ᠪᠦᠷᠬᠦᠭᠦᠯᠬᠦ ᠶᠢ ᠪᠠᠳᠤᠳᠬᠠᠨ᠎ᠠ᠃ ᠬᠦᠳᠡᠯᠮᠤᠷᠢ ᠶᠢᠨ ᠬᠢᠨᠠᠨ ᠪᠠᠶᠢᠴᠠᠭᠠᠬᠤ ᠬᠠᠤᠯᠢ ᠶᠢᠨ ᠡᠷᠴᠢᠮ ᠢ | ᠴᠢᠩᠭᠠᠳᠬᠠᠨ᠂ ᠬᠦᠯᠤᠰᠤᠨ ᠠᠵᠢᠯᠳᠠᠨ ᠤ ᠬᠠᠤᠯᠢ ᠶᠢᠨ ᠡᠷᠬᠡ ᠠᠰᠢᠭ ᠢ ᠦᠨᠡᠨᠬᠦ ᠬᠠᠮᠠᠭᠠᠯᠠᠨ᠎ᠠ᠃ | ᠰᠤᠷᠭᠠᠨ ᠬᠦᠮᠦᠵᠢᠯ ᠤᠨ ᠦᠢᠯᠡᠰ ᠢ ᠬᠦᠭᠵᠢᠬᠦᠯᠦᠨ᠎ᠡ ᠃ ᠰᠤᠷᠭᠠᠨ ᠬᠦᠮᠦᠵᠢᠯ ᠤᠨ ︽ ᠭᠤᠷᠪᠠᠨ | ᠵᠦᠢᠯ ᠤᠨ ᠦᠭᠡᠷᠡᠴᠢᠯᠡᠯᠳᠠ︾᠂ ︽ᠬᠠᠮᠢᠶᠠᠷᠠᠬᠤ᠂ ᠡᠷᠬᠢᠯᠡᠬᠦ᠂ ᠦᠨᠡᠯᠡᠬᠦ︾ ᠶᠢ ᠰᠠᠯᠭᠠᠨ ᠦᠬᠡᠷᠡᠴᠢᠯᠡᠬᠦ ᠶᠢ ᠤᠯᠠᠮ | ᠨᠢᠭᠡ ᠠᠯᠬᠤᠮ ᠬᠦᠨᠵᠡᠭᠡᠶᠢᠷᠡᠭᠦᠯᠵᠤ᠂ ᠰᠤᠷᠭᠠᠨ ᠬᠦᠮᠦᠵᠢᠯ ᠤᠨ ᠶᠠᠰᠤ ᠴᠢᠨᠠᠷ ᠢ ᠦᠨᠡᠨᠬᠦ ᠲᠡᠭᠡᠭᠰᠢᠯᠡᠬᠦᠯᠦᠨ᠎ᠡ᠃ | ᠰᠤᠷᠬᠤ ᠠᠴᠠ ᠡᠮᠤᠨᠡᠬᠢ ᠭᠤᠷᠪᠠᠨ ᠵᠢᠯ ᠤᠨ ᠲᠦᠯᠤᠪᠯᠡᠭᠡ ᠶᠢ ᠭᠡᠷᠡᠭᠵᠢᠬᠦᠯᠵᠦ᠂ ᠴᠡᠴᠡᠷᠯᠢᠭ ᠡᠷᠬᠢᠯᠡᠬᠦ | ᠠᠵᠢᠯᠯᠠᠭ᠎ᠠ ᠶᠢ ᠲᠦᠷᠢᠮᠵᠢᠬᠦᠯᠦᠨ᠎ᠡ᠃ ᠰᠤᠷᠭᠠᠭᠤᠯᠢ ᠶᠢᠨ ᠪᠠᠷᠢᠮᠵᠢᠶᠠᠵᠢᠭᠰᠠᠨ᠂ ᠰᠤᠷᠭᠠᠨ ᠬᠦᠮᠦᠵᠢᠯ ᠤᠨ | ᠵᠠᠩᠭᠢᠵᠢᠯᠠᠯᠳᠠ ᠶᠢᠨ ᠪᠦᠳᠤᠭᠡᠨ ᠪᠠᠶᠢᠭᠤᠯᠤᠯᠳᠠ ᠶᠢ ᠲᠦᠯᠬᠢᠨ ᠠᠬᠢᠭᠤᠯᠵᠤ᠂ ᠲᠠᠢ ᠾᠧ᠂ ᠢᠦᠢ ᠼᠠᠢ | ᠴᠡᠴᠡᠷᠯᠢᠭ ᠤᠨ ᠪᠦᠳᠤᠭᠡᠨ ᠪᠠᠶᠢᠭᠤᠯᠤᠯᠳᠠ ᠶᠢ ᠪᠡᠶᠡᠯᠡᠬᠦᠯᠦᠨ᠎ᠡ᠃ ᠰᠤᠷᠭᠠᠨ ᠬᠦᠮᠦᠵᠢᠯ ᠤᠨ ᠲᠡᠩᠴᠡᠭᠦᠷᠢᠲᠠᠢ | ᠬᠦᠭᠵᠢᠯᠳᠡ ᠶᠢᠨ ᠦᠷ᠎ᠡ ᠪᠦᠳᠤᠮᠵᠢ ᠶᠢ ᠪᠠᠬᠢᠵᠢᠬᠦᠯᠵᠤ᠂ ᠦᠨᠳᠤᠷ ᠲᠤᠮᠳᠠᠳᠤ ᠶᠢᠨ ᠤᠯᠠᠨ ᠴᠢᠨᠠᠷᠳᠤ ᠤᠨᠴᠠᠯᠢᠭᠳᠤ | ᠰᠤᠷᠭᠠᠨ ᠬᠦᠮᠦᠵᠢᠯ ᠤᠨ ᠬᠦᠭᠵᠢᠯᠳᠡ ᠴᠢᠩᠭᠠᠳᠬᠠᠨ᠎ᠠ᠂ ᠠᠵᠢᠯ ᠮᠡᠷᠭᠡᠵᠢᠯ ᠤᠨ ᠰᠤᠷᠭᠠᠨ ᠬᠦᠮᠦᠵᠢᠯ ᠢ ᠢᠳᠡᠪᠬᠢᠲᠠᠢ | ᠲᠦᠯᠬᠢᠨ ᠠᠬᠢᠭᠤᠯᠵᠤ᠂ ᠵᠢᠯ ᠤᠨ ᠲᠤᠳᠤᠷ᠎ᠠ ᠠᠵᠢᠯ ᠮᠡᠷᠭᠡᠵᠢᠯ ᠤᠨ ᠲᠤᠮᠳᠠᠳᠤ ᠰᠤᠷᠭᠠᠭᠤᠯᠢ ᠶᠢᠨ ᠲᠤᠷᠰᠢᠯᠳᠠ ᠶᠢᠨ | ᠠᠰᠠᠷ ᠢ ᠠᠰᠢᠭᠯᠠᠯᠳᠠ ᠳᠤ ᠣᠷᠤᠭᠤᠯᠤᠨ᠎ᠠ᠃ | ᠡᠮᠨᠡᠯᠭᠡ ᠶᠢᠨ ᠦᠢᠯᠡᠴᠢᠯᠡᠭᠡᠨ ᠤ ᠬᠢᠷᠢ ᠭᠡᠮ ᠲᠡᠭᠡᠭᠰᠢᠯᠡᠬᠦᠯᠦᠨ᠎ᠡ᠃ ᠡᠮ ᠡᠮᠨᠡᠯᠭᠡ ᠶᠢᠨ ᠪᠠᠶᠢᠭᠤᠯᠤᠮᠵᠢ ᠶᠢᠨ | ᠦᠭᠡᠷᠡᠴᠢᠯᠡᠯᠳᠡ ᠶᠢ ᠬᠦᠨᠵᠡᠭᠡᠶᠢᠷᠡᠬᠦᠯᠵᠤ᠂ ᠡᠮᠴᠢᠯᠡᠭᠡᠨ ᠤ ᠡᠬᠢ ᠰᠤᠷᠪᠤᠯᠵᠢ ᠶᠢᠨ ᠲᠤᠬᠢᠷᠠᠭᠤᠯᠭ᠎ᠠ ᠶᠢ | ᠰᠢᠯᠢᠳᠡᠭᠵᠢᠬᠦᠯᠵᠦ᠂ ᠰᠢᠶᠠᠨ᠂ ᠰᠢᠶᠠᠩ᠂ ᠲᠤᠰᠬᠤᠨ ᠭᠤᠷᠪᠠᠨ ᠱᠠᠳᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ | ᠦᠢᠯᠡᠴᠢᠯᠡᠭᠡᠨ ᠤ ᠰᠦᠯᠵᠢᠶ᠎ᠠ ᠶᠢ ᠲᠡᠭᠦᠯᠳᠡᠷᠵᠢᠬᠦᠯᠦᠨ᠎ᠡ᠃ ᠪᠡᠭᠡᠵᠢᠩ ᠦᠪᠤᠷ ᠮᠤᠩᠭᠤᠯ ᠬᠠᠷᠢᠯᠴᠠᠨ ᠬᠠᠪᠰᠤᠷᠤᠨ | ᠶᠠᠳᠠᠭᠤ ᠶᠢ ᠲᠡᠳᠬᠦᠬᠦ ᠲᠠᠪᠴᠠᠩ ᠢ ᠠᠰᠢᠭᠯᠠᠵᠤ᠂ ᠰᠢᠶᠠᠨ ᠤ ᠡᠮᠨᠡᠯᠭᠡ ᠶᠢᠨ ᠬᠤᠷᠢᠶ᠎ᠠ ᠬᠢᠭᠡᠳ ᠣᠷᠤᠨ ᠤ ᠲᠤᠳᠤᠨ᠎ᠠ | ᠭᠠᠳᠠᠨᠠᠬᠢ ᠡᠮᠨᠡᠯᠭᠡ ᠶᠢᠨ ᠪᠠᠶᠢᠭᠤᠯᠤᠮᠵᠢ ᠶᠢᠨ ᠬᠠᠮᠵᠢᠯᠴᠠᠭᠠᠨ ᠤ ᠡᠷᠴᠢᠮ ᠢ ᠦᠷᠭᠡᠳᠬᠡᠨ᠂ ᠡᠮᠴᠢᠯᠡᠭᠡᠨ ᠤ | ᠦᠢᠯᠡᠴᠢᠯᠡᠭᠡᠨ ᠤ ᠬᠢᠷᠢ ᠭᠡᠮ ᠢ ᠲᠡᠭᠡᠭᠰᠢᠯᠡᠬᠦᠯᠦᠨ᠎ᠡ ᠃ ᠬᠢᠲᠠᠳ ᠮᠤᠩᠭᠤᠯ ᠡᠮᠨᠡᠯᠬᠡ ᠶᠢᠨ ᠬᠤᠷᠢᠶ᠎ᠠ ᠬᠢᠭᠡᠳ | ᠬᠤᠶᠠᠳᠤᠭᠠᠷ ᠲᠡᠰ ᠤᠨ ᠡᠮᠨᠡᠯᠭᠡ ᠶᠢᠨ ᠬᠤᠷᠢᠶ᠎ᠠ ᠶᠢ ᠪᠦᠳᠦᠭᠡᠨ ᠪᠠᠶᠢᠭᠤᠯᠬᠤ ᠠᠵᠢᠯ ᠢ ᠦᠷᠨᠢᠬᠦᠯᠵᠤ᠂ ᠬᠢᠲᠠᠳ | ᠮᠤᠩᠭᠤᠯ ᠡᠮᠨᠡᠯᠭᠡ ᠶᠢᠨ ᠬᠤᠷᠢᠶ᠎ᠠ ᠶᠢ ᠨᠡᠬᠦᠨ ᠰᠢᠯᠵᠢᠬᠦᠯᠬᠦ ᠶᠢ ᠪᠡᠶᠡᠯᠡᠬᠦᠯᠵᠤ᠂ ᠵᠡᠮᠳᠡᠭᠴᠦᠳ ᠤᠨ ᠡᠷᠡᠭᠦᠯᠵᠢᠯ ᠤᠨ | ᠲᠥᠪ ᠢ ᠪᠦᠳᠤᠭᠡᠨ ᠪᠠᠶᠢᠭᠤᠯᠬᠤ ᠠᠵᠢᠯ ᠢ ᠡᠬᠢᠯᠡᠬᠦᠯᠵᠤ᠂ ᠮᠤᠩᠭᠤᠯ ᠬᠢᠲᠠᠳ ᠡᠮᠨᠡᠯᠭᠡ ᠶᠢᠨ ᠤᠨᠴᠠᠯᠢᠭᠳᠤ | ᠰᠠᠯᠠᠭ᠎ᠠ ᠶᠢ ᠪᠠᠶᠢᠭᠤᠯᠤᠨ᠎ᠠ᠃ ᠤᠯᠤᠰ ᠢᠶᠠᠨ ᠬᠠᠶᠢᠷᠠᠯᠠᠬᠤ ᠡᠷᠡᠬᠦᠯ ᠬᠠᠮᠠᠭᠠᠯᠠᠯ ᠤᠨ ᠬᠦᠳᠡᠯᠭᠡᠭᠡᠨ ᠢ ᠬᠦᠨᠵᠡᠭᠡᠢ | ᠦᠷᠨᠢᠬᠦᠯᠵᠤ᠂ᠨᠡᠶᠢᠲᠡ ᠶᠢᠨ ᠡᠷᠡᠭᠦᠯ ᠬᠠᠮᠠᠭᠠᠯᠠᠯ ᠪᠠ ᠬᠦᠨᠳᠤ ᠶᠡᠭᠡ ᠭᠡᠮ ᠬᠢᠵᠢᠭ ᠤᠨ ᠰᠡᠷᠭᠡᠶᠢᠯᠡᠯᠳᠡ ᠶᠢ ᠰᠠᠶᠢᠳᠤᠷ | ᠬᠢᠨ᠎ᠡ᠃ ᠡᠬᠡ ᠨᠢᠯᠬᠠᠰ ᠤᠨ ᠡᠷᠡᠭᠦᠯ ᠬᠠᠮᠠᠭᠠᠯᠠᠯ ᠬᠢᠭᠡᠳ ᠲᠦᠯᠤᠪᠯᠡᠭᠡᠳᠤ ᠦᠷᠡᠵᠢᠯ ᠤᠨ ᠠᠵᠢᠯ ᠢ ᠴᠢᠩᠭᠠᠳᠬᠠᠨ᠂ | ᠬᠦᠮᠦᠨ ᠠᠮᠠ ᠶᠢᠨ ᠬᠡᠪ ᠴᠢᠨᠠᠷ ᠢ ᠲᠡᠭᠡᠭᠰᠢᠯᠡᠬᠦᠯᠦᠨ᠎ᠡ᠃ | ᠨᠡᠶᠢᠭᠡᠮ ᠤᠨ ᠶᠡᠷᠤᠩᠭᠡᠢ ᠵᠠᠰᠠᠯᠲᠠ ᠶᠢ ᠴᠢᠩᠭᠠᠳᠬᠠᠨ᠎ᠠ᠃ ︽ᠠᠮᠢ ᠨᠠᠰᠤ ᠠᠯᠢᠪᠠ ᠠᠴᠠ ᠡᠷᠬᠢᠮ᠂ ᠠᠮᠤᠷ | ᠲᠦᠪᠰᠢᠨ ᠲᠠᠶᠢᠱᠠᠨ ᠠᠭᠤᠯᠠ ᠠᠴᠠ ᠭᠦᠨᠳᠤ︾᠃ ᠠᠶᠤᠯᠬᠦᠢ ᠦᠢᠯᠡᠳᠪᠦᠷᠢᠯᠡᠯ ᠤᠨ ᠡᠨᠡᠬᠦ ᠬᠦᠪᠴᠢ ᠶᠢ ᠢᠮᠠᠭᠳᠠ | ᠴᠢᠩᠭᠠᠯᠠᠵᠤ᠂ ᠤᠯᠠᠭᠠᠨ ᠱᠤᠭᠤᠮ ᠤᠨ ᠤᠬᠠᠮᠰᠠᠷ ᠢ ᠪᠠᠲᠤ ᠪᠤᠢ ᠪᠤᠯᠭᠠᠵᠤ᠂ ᠨᠠᠮ ᠵᠠᠰᠠᠭ ᠬᠠᠮᠳᠤ ᠳᠤ ᠪᠠᠨ | ᠬᠠᠷᠢᠭᠤᠴᠠᠬᠤ᠂ ᠨᠢᠭᠡ ᠪᠠᠶᠢᠷᠢ ᠶᠢᠨ ᠬᠤᠣᠰ ᠬᠠᠷᠢᠭᠤᠴᠠᠯᠭ᠎ᠠ ᠳᠤ ᠠᠵᠤ ᠠᠬᠤᠶᠢᠯᠠᠯ ᠭᠤᠣᠯ ᠬᠠᠷᠢᠭᠤᠴᠠᠯᠭ᠎ᠠ | ᠡᠭᠦᠷᠭᠡᠯᠡᠵᠤ᠂ ᠬᠠᠷᠢᠭᠤᠴᠠᠯᠭ᠎ᠠ ᠪᠠᠨ ᠠᠯᠳᠠᠪᠠᠯ ᠬᠠᠷᠢᠭᠤᠴᠠᠯᠭ᠎ᠠ ᠨᠡᠬᠡᠮᠵᠢᠯᠡᠬᠦ ᠶᠢ ᠪᠠᠷᠢᠮᠳᠠᠯᠠᠵᠤ᠂ ᠰᠦᠷᠭᠡᠬᠦ ᠨᠠᠷᠢᠨ | ᠳᠠᠩᠰᠠ ᠪᠠᠷ ᠬᠠᠷᠢᠭᠤᠴᠠᠯᠭ᠎ᠠ ᠶᠢᠨ ᠭᠤᠣᠯ ᠴᠤᠭᠴᠠ ᠶᠢ ᠡᠷᠬᠢᠭᠦᠯᠦᠨ ᠲᠤᠯᠭᠠᠵᠤ ᠠᠶᠤᠯᠬᠦᠢ ᠶᠢᠨ ᠤᠬᠠᠮᠰᠠᠷ ᠢ | ᠴᠢᠩᠭᠠᠳᠬᠠᠨ᠎ᠠ᠃ ᠢᠳᠡᠭᠡᠨ ᠤᠮᠳᠠᠭᠠᠨ᠂ ᠡᠮ ᠤᠨ ᠵᠦᠢᠯ ᠤᠨ ᠠᠶᠤᠯᠬᠦᠢ ᠬᠢᠨᠠᠨ ᠬᠠᠮᠢᠶᠠᠷᠤᠯᠳᠠ ᠶᠢ ᠪᠦᠬᠦ | ᠲᠠᠯ᠎ᠠ ᠪᠠᠷ ᠴᠢᠩᠭᠠᠳᠬᠠᠵᠤ᠂ ᠰᠦᠯᠵᠢᠶᠡᠨ ᠲᠡᠭᠡᠷᠡᠭᠢ ᠬᠢᠨᠠᠯᠳᠠ ᠶᠢ ᠪᠦᠬᠦ ᠲᠠᠯ᠎ᠠ ᠪᠠᠷ ᠪᠦᠷᠭᠦᠬᠦᠯᠬᠦ ᠶᠢ ᠪᠡᠶᠡᠯᠡᠬᠦᠯᠦᠨ᠎ᠡ | ᠃ ᠨᠡᠶᠢᠭᠡᠮ ᠤᠨ ᠠᠮᠤᠷ ᠲᠦᠪᠰᠢᠨ ᠢ ᠶᠡᠷᠤᠩᠭᠡᠶᠢᠯᠡᠨ ᠵᠠᠰᠠᠬᠤ ᠶᠢ ᠴᠢᠩᠭᠠᠳᠬᠠᠵᠤ᠂ ︽ᠪᠤᠷᠤᠩᠬᠠᠢ ᠶᠢ ᠰᠢᠭᠦᠷᠳᠡᠨ | ᠬᠠᠷᠬᠢᠰ ᠢ ᠴᠠᠪᠡᠷᠯᠡᠬᠦ︾ ᠲᠤᠰᠬᠠᠢ ᠬᠦᠳᠡᠯᠭᠡᠭᠡᠨ ᠢ ᠬᠦᠨᠵᠡᠬᠡᠢ ᠦᠷᠨᠢᠬᠦᠯᠵᠤ ᠂ ᠡᠯ᠎ᠡ ᠵᠦᠢᠯ ᠤᠨ ᠬᠠᠤᠯᠢ ᠠᠴᠠ | ᠵᠦᠷᠢᠴᠡᠵᠤ ᠶᠠᠯ᠎ᠡ ᠬᠢᠬᠦ ᠬᠦᠳᠡᠯᠭᠡᠭᠡᠨ ᠢ ᠬᠢᠨᠠᠮᠠᠭᠠᠢ ᠰᠡᠷᠭᠡᠶᠢᠯᠡᠨ ᠴᠢᠩᠭ᠎ᠠ ᠴᠤᠬᠢᠯᠳᠡ ᠦᠭᠬᠦᠨ᠎ᠡ᠃ ᠵᠠᠬᠢᠳᠠᠯ | ᠰᠤᠷᠪᠤᠯᠵᠢᠯᠠᠭ᠎ᠠ ᠶᠢᠨ ᠠᠵᠢᠯ ᠢ ᠴᠢᠩᠭᠠᠳᠬᠠᠨ ᠰᠠᠶᠢᠵᠢᠷᠠᠭᠤᠯᠵᠤ᠂ ᠵᠠᠬᠢᠳᠠᠯᠰᠤᠷᠪᠤᠯᠵᠢᠯᠠᠭᠠ ᠶᠢᠨ ᠲᠤᠪᠤᠶᠢᠮ᠎ᠠ | ᠠᠰᠠᠭᠤᠳᠠᠯ ᠢ ᠵᠤᠬᠢᠰᠲᠠᠢ ᠰᠢᠢᠳᠪᠦᠷᠢᠯᠡᠨ᠎ᠡ᠃ ᠪᠠᠴᠢᠮ ᠪᠠᠶᠢᠳᠠᠯ ᠢ ᠠᠷᠭᠠᠴᠠᠭᠠᠬᠤ ᠠᠵᠢᠯᠯᠠᠭ᠎ᠠ ᠶᠢ ᠲᠠᠭᠦᠯᠳᠡᠷᠵᠢᠬᠦᠯᠦᠨ | ᠂ ᠪᠠᠴᠢᠮ ᠪᠠᠶᠢᠳᠠᠯ ᠢ ᠠᠷᠭᠠᠴᠠᠭᠠᠬᠤ ᠵᠢᠯᠤᠭᠤᠳᠤᠮᠵᠢ ᠶᠢᠨ ᠰᠢᠰᠲ᠋ᠧᠮᠵᠢ ᠶᠢᠨ ᠪᠠᠶᠢᠭᠤᠯᠤᠮᠵᠢ ᠶᠢ ᠴᠢᠩᠭᠠᠳᠬᠠᠵᠤ ᠂ | ᠤᠷᠢᠳᠴᠢᠯᠠᠨ ᠭᠡᠮᠵᠢᠬᠦ ᠤᠷᠢᠳᠴᠢᠯᠠᠨ ᠰᠡᠷᠡᠮᠵᠢᠯᠡᠬᠦᠯᠬᠦ ᠪᠠ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ | ᠴᠢᠳᠠᠪᠦᠷᠢ ᠪᠠᠨ ᠲᠡᠭᠡᠭᠰᠢᠯᠡᠬᠦᠯᠦᠨ᠎ᠡ᠃ ᠤᠯᠤᠰ ᠤᠨ ᠪᠠᠳᠤᠯᠠᠨ ᠬᠠᠮᠠᠭᠠᠯᠠᠯᠳᠠ ᠶᠢᠨ ᠲᠠᠶᠢᠴᠢᠯᠠᠯᠳᠠ ᠪᠤᠯᠤᠨ ᠬᠤᠶᠠᠷ ᠢ | ᠬᠦᠷᠢᠶᠡᠯᠡᠬᠦ ᠶᠢᠨ ᠬᠠᠮᠳᠤᠪᠠᠷ ᠪᠠᠶᠢᠭᠤᠯᠬᠤ ᠶᠢ ᠬᠦᠨᠵᠡᠭᠡᠶᠢᠷᠡᠬᠦᠯᠦᠨ᠂ ᠴᠡᠷᠢᠭ ᠠᠷᠠᠳ ᠤᠨ ᠠᠭᠤᠰᠤᠯᠴᠠᠨ | ᠬᠦᠭᠵᠢᠬᠦ ᠶᠢ ᠠᠬᠢᠭᠤᠯᠤᠨ᠎ᠠ᠃ ᠨᠠᠮ ᠤᠨ ᠦᠨᠳᠤᠰᠣᠳᠡᠨ ᠱᠠᠰᠢᠨ ᠰᠤᠷᠳᠠᠬᠤᠨ ᠤ ᠲᠦᠷᠥ ᠶᠢᠨ ᠪᠤᠳᠣᠯᠭ᠎ᠠ ᠶᠢ ᠪᠦᠬᠦ | ᠲᠠᠯ᠎ᠠ ᠪᠠᠷ ᠲᠣᠣᠱᠯᠠᠭᠤᠯᠤᠨ᠂ ᠦᠨᠳᠤᠰᠤᠳᠠᠨ ᠤ ᠪᠦᠯᠭᠦᠮᠳᠠᠯ ᠲᠠᠪᠰᠢᠯᠳᠠ ᠶᠢᠨ ᠬᠦᠮᠦᠵᠢᠯ ᠪᠤᠯᠤᠨ ᠡᠭᠦᠳᠤᠨ | ᠴᠤᠭᠴᠠᠯᠠᠬᠤ ᠠᠵᠢᠯᠯᠠᠭ᠎ᠠ ᠶᠢ ᠬᠦᠨᠵᠡᠬᠡᠢ ᠦᠷᠨᠢᠬᠦᠯᠦᠨ᠎ᠡ᠃ ᠠᠬᠠᠮᠠᠳ ᠺᠠᠳ᠋ᠷ᠂ ᠠᠵᠤ ᠦᠢᠯᠡᠳᠪᠦᠷᠢ | ᠬᠤᠳᠠᠯᠳᠤᠭᠠᠨ ᠤ ᠬᠤᠯᠪᠤᠭ᠎ᠠ᠂ ᠠᠵᠢᠯᠴᠢᠨ ᠤ ᠡᠪᠯᠡᠯ ᠂ ᠡᠪ ᠬᠠᠮᠳᠤ ᠵᠠᠯᠠᠭᠤᠴᠤᠳ ᠤᠨ ᠡᠪᠯᠡᠯ᠂ | ᠡᠮᠡᠭᠲᠠᠶᠢᠴᠦᠳ ᠤᠨ ᠬᠤᠯᠪᠤᠭ᠎ᠠ᠂ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠨᠡᠶᠢᠭᠡᠮᠯᠢᠭ᠂ ᠤᠳᠬ᠎ᠠ ᠤᠷᠠᠯᠢᠭ ᠤᠨ ᠬᠤᠯᠪᠤᠭ᠎ᠠ ᠵᠡᠷᠭᠡ ᠵᠤᠬᠢᠶᠠᠨ ᠪᠠᠶᠢᠭᠤᠯᠤᠯᠳᠠ ᠶᠢᠨ ᠬᠦᠭᠦᠷᠭᠡ | ᠬᠤᠯᠪᠤᠭᠠᠰᠤ ᠶᠢᠨ ᠦᠢᠯᠡᠳᠤᠯ ᠢ ᠪᠠᠳᠠᠷᠠᠭᠤᠯᠬᠤ ᠶᠢ ᠴᠢᠬᠤᠯᠠᠴᠢᠯᠠᠵᠤ᠂ ᠲᠤᠭ᠎ᠠ ᠪᠦᠷᠢᠳᠭᠡᠯ᠂ ᠴᠠᠭ ᠠᠭᠤᠷ᠂ | ᠳᠠᠩᠰᠠ ᠡᠪᠬᠡᠮᠡᠯ ᠵᠡᠷᠭᠡ ᠠᠵᠢᠯ ᠢ ᠨᠠᠷᠢᠨ ᠬᠢᠨᠠᠮᠠᠭᠠᠢ ᠬᠢᠵᠦ᠂ ᠨᠡᠶᠢᠭᠡᠮ ᠤᠨ ᠡᠯ᠎ᠡ ᠵᠦᠢᠯ ᠤᠨ ᠠᠵᠢᠯ ᠦᠢᠯᠡᠰ ᠤᠨ | ᠲᠠᠬᠢᠨ ᠨᠢᠭᠡᠨ ᠳᠡᠭᠲᠡᠷ ᠲᠤ ᠭᠠᠷᠬᠤ ᠶᠢ ᠲᠦᠯᠬᠢᠨ ᠠᠬᠢᠭᠤᠯᠤᠨ᠎ᠠ᠃ | ︵ᠨᠠᠢᠮᠠ︶ ᠦᠬᠡᠷᠡᠴᠢᠯᠡᠯᠳᠠ ᠶᠢ ᠪᠦᠬᠦ ᠲᠠᠯ᠎ᠠ ᠪᠠᠷ ᠬᠦᠨᠵᠡᠭᠡᠶᠢᠷᠡᠭᠦᠯᠵᠤ᠂ ᠵᠠᠬ᠎ᠠ ᠲᠡᠯᠭᠡᠭᠦᠷ ᠤᠨ ᠠᠮᠢᠵᠢᠷᠠᠯ ᠤᠨ | ᠬᠦᠴᠤᠨ ᠢ ᠪᠠᠳᠠᠷᠠᠭᠤᠯᠤᠨ᠎ᠠ᠃ | ᠬᠠᠩᠭᠠᠯᠭ᠎ᠠ ᠶᠢᠨ ᠲᠠᠯ᠎ᠠ ᠶᠢᠨ ᠪᠦᠳᠤᠴᠠ ᠶᠢᠨ ᠴᠢᠨᠠᠷᠲᠠᠢ ᠦᠭᠡᠷᠡᠴᠢᠯᠡᠯᠳᠡ ᠶᠢ ᠬᠦᠨᠵᠡᠬᠡᠢ ᠲᠦᠯᠬᠢᠨ | ᠠᠬᠢᠭᠤᠯᠤᠨ᠎ᠠ᠃ ᠦᠢᠯᠡᠳᠪᠦᠷᠢᠯᠡᠬᠦ ᠴᠢᠳᠠᠪᠦᠷᠢ ᠶᠢ ᠬᠠᠰᠤᠭᠳᠠᠭᠤᠯᠬᠤ ᠦᠷ᠎ᠡ ᠪᠦᠳᠤᠮᠵᠢ ᠶᠢ ᠦᠷᠭᠡᠳᠬᠡᠨ | ᠪᠠᠬᠢᠵᠢᠬᠦᠯᠵᠤ᠂ ᠦᠢᠯᠡᠳᠪᠦᠷᠢᠯᠡᠬᠦ ᠴᠢᠳᠠᠪᠦᠷᠢ ᠦᠯᠡᠳᠡᠵᠤ ᠪᠠᠶᠢᠭ᠎ᠠ ᠠᠵᠢᠯ ᠲᠦᠷᠦᠯ ᠤᠨ ᠲᠥᠷᠢᠮ ᠢ ᠵᠦᠷᠢᠴᠠᠵᠤ | ᠰᠢᠨ᠎ᠡ ᠲᠦᠷᠦᠯ ᠵᠦᠢᠯ ᠭᠠᠷᠭᠠᠬᠤ ᠶᠢ ᠨᠢ ᠡᠷᠡᠰ ᠴᠠᠭᠠᠵᠠᠯᠠᠨ᠎ᠠ᠃ ᠰᠦᠢᠳᠭᠡᠯ ᠬᠤᠷᠢᠶᠠᠬᠤ ᠭᠠᠷᠴᠠᠭ ᠤᠨ ᠨᠠᠷᠢᠨ | ᠳᠠᠩᠰᠠ ᠶᠢ ᠴᠢᠩᠭ᠎ᠠ ᠬᠡᠷᠡᠭᠵᠢᠬᠦᠯᠵᠦ᠂ ᠠᠵᠤ ᠠᠬᠤᠶᠢᠯᠠᠯ ᠳᠤ ᠬᠤᠯᠪᠤᠭᠳᠠᠭᠰᠠᠨ ᠰᠦᠢᠳᠭᠡᠯ ᠬᠤᠷᠢᠶᠠᠯᠳᠠ ᠶᠢ | ᠦᠷᠭᠦᠯᠵᠢᠯᠡᠨ ᠴᠠᠪᠠᠷᠯᠡᠨ ᠲᠦᠷᠢᠮᠵᠢᠬᠦᠯᠵᠤ᠂ ᠪᠤᠳᠠᠳᠤ ᠴᠤᠭᠴᠠ ᠶᠢᠨ ᠠᠵᠤ ᠠᠬᠤᠢ ᠶᠢᠨ ᠲᠠᠷᠤᠭᠠᠰᠤ ᠶᠢ | ᠦᠷᠬᠦᠯᠵᠢᠯᠡᠨ ᠬᠦᠩᠭᠡᠯᠡᠵᠤ ᠦᠭᠬᠦᠨ᠎ᠡ᠂ ᠴᠠᠬᠢᠯᠭᠠᠨ ᠬᠦᠴᠤᠨ ᠤ ᠲᠥᠷᠢᠮ ᠤᠨ ᠦᠭᠡᠷᠡᠴᠢᠯᠡᠯᠳᠡ ᠶᠢ | ᠬᠦᠨᠵᠡᠭᠡᠶᠢᠷᠡᠭᠦᠯᠵᠤ᠂ ᠴᠠᠬᠢᠯᠭᠠᠨ ᠬᠦᠴᠦᠨ ᠤ ᠤᠯᠠᠨ ᠲᠠᠯᠠᠳᠤ ᠠᠷᠠᠯᠵᠢᠶᠠᠨ ᠤ ᠭᠡᠪᠴᠢᠶ᠎ᠡ ᠶᠢ ᠦᠷᠭᠡᠳᠬᠡᠨ᠎ᠡ᠃ | ᠭᠤᠤᠯᠳᠠᠯᠭᠠᠳᠤ ᠬᠦᠷᠢᠶ᠎ᠡ ᠴᠠᠷᠢᠶ᠎ᠠ ᠳᠠᠬᠢ ᠦᠭᠡᠷᠡᠴᠢᠯᠡᠯᠳᠡ ᠪᠠᠨ ᠲᠦᠷᠭᠡᠳᠭᠡᠨ᠎ᠡ᠃ ︽ ᠪᠠᠭᠤᠯᠭᠠᠬᠤ | ᠬᠠᠮᠢᠶᠠᠷᠠᠬᠤ ᠦᠢᠯᠡᠴᠢᠯᠡᠬᠦ︾ ᠦᠭᠡᠷᠡᠴᠢᠯᠡᠯᠳᠠ ᠶᠢ ᠦᠷᠬᠦᠯᠵᠢᠯᠡᠨ ᠬᠦᠨᠵᠡᠭᠡᠶᠢᠷᠡᠬᠦᠯᠵᠤ᠂ ︽ᠲᠠᠷᠤᠶᠢᠬᠠᠨ | ᠬᠦᠢᠴᠡᠳᠭᠡᠬᠦ︾ ︽ᠢᠯᠡᠬᠦᠦ ᠨᠢᠭᠡ ᠤᠳᠠᠭ᠎ᠠ ᠬᠦᠶᠦᠬᠦ︾ ᠵᠢᠴᠢ ᠦᠨᠡᠮᠯᠡᠯ ᠭᠡᠷᠡᠴᠢ ᠶᠢ ᠰᠠᠯᠭᠠᠵᠤ᠂ ᠶᠠᠪᠣᠳᠠᠯ ᠤᠨ | ᠲᠤᠮᠳᠠᠬᠢ ᠶᠠᠪᠣᠳᠠᠯ ᠤᠨ ᠲᠠᠷᠠᠭᠠᠭᠢ ᠶᠡᠷᠤᠩᠭᠡᠢ ᠬᠢᠨᠡᠨ ᠬᠠᠮᠢᠶᠠᠷᠤᠯᠳᠠ ᠵᠡᠷᠭᠡ ᠠᠷᠭ᠎ᠠ ᠪᠠᠷᠢᠯ ᠢ ᠲᠡᠯᠭᠡᠷᠡᠬᠦᠯᠵᠤ | ᠵᠠᠰᠠᠭ ᠤᠨ ᠣᠷᠳᠤᠨ ᠤ ᠴᠢᠳᠠᠪᠬᠢ ᠶᠢᠨ ᠬᠤᠪᠢᠷᠠᠯᠳᠠ ᠪᠠᠷ ᠵᠠᠬ᠎ᠠ ᠲᠡᠯᠭᠡᠬᠦᠷ ᠤᠨ ᠠᠮᠢᠵᠢᠷᠠᠯ ᠤᠨ ᠬᠦᠴᠤᠨ ᠢ | ᠬᠦᠭᠵᠢᠭᠡᠨ᠎ᠡ᠃ ︽ ᠢᠨᠲ᠋ᠤᠷ ᠰᠦᠯᠵᠢᠶ᠎ᠡ + ᠵᠠᠰᠠᠭ ᠤᠨ ᠤᠷᠳᠤᠨ ᠤ ᠦᠢᠯᠡᠴᠢᠯᠡᠭᠡ︾ ᠶᠢᠨ ᠵᠠᠭᠪᠤᠷ ᠢ ᠪᠦᠬᠦ | ᠲᠠᠯ᠎ᠠ ᠪᠠᠷ ᠬᠡᠷᠡᠭᠵᠢᠬᠦᠯᠵᠦ᠂ ᠵᠠᠰᠠᠭ ᠤᠨ ᠶᠠᠪᠣᠳᠠᠯ ᠤᠨ ᠰᠤᠷᠠᠭ ᠵᠠᠩᠭᠢ ᠶᠢᠨ ᠰᠢᠰᠲ᠋ᠧᠮ ᠢ ᠨᠡᠶᠢᠳᠭᠡᠨ ᠴᠤᠭᠭᠠᠷ | ᠡᠳ᠋ᠯᠡᠬᠦ ᠶᠢ ᠲᠦᠷᠭᠡᠳᠭᠡᠨ ᠠᠬᠢᠭᠤᠯᠵᠤ᠂ ᠪᠦᠬᠦ ᠰᠢᠶᠠᠨ ᠤ ︽ᠨᠢᠭᠡ ᠵᠦᠭ ᠲᠡᠭᠡᠨ ᠤᠷᠤᠭᠤᠯᠵᠤ᠂ ᠤᠯᠠᠨ ᠰᠠᠯᠠᠭ᠎ᠠ | ᠮᠦᠴᠢᠷ ᠬᠠᠮᠳᠤᠪᠠᠷ ᠡᠳ᠋ᠯᠡᠬᠦ︾᠂ ︽ᠨᠢᠭᠡ ᠤᠳᠠᠭ᠎ᠠ ᠪᠦᠷᠢᠳᠭᠡᠬᠦᠯᠦᠭᠡᠳ ᠨᠢᠭᠡ ᠰᠦᠯᠵᠢᠶᠡᠨ ᠳᠡᠭᠡᠷ᠎ᠡ | ᠬᠦᠢᠴᠠᠳᠭᠡᠬᠦ︾ ᠤᠯᠠᠨ ᠨᠠᠶᠢᠳᠡ ᠶᠢᠨ ᠦᠢᠯᠡᠴᠢᠯᠡᠬᠡᠨ ᠤ ᠶᠡᠷᠤᠩᠭᠡᠶᠢᠯᠡᠭᠰᠡᠨ ᠲᠠᠪᠴᠠᠩ ᠢ ᠪᠠᠶᠢᠭᠤᠯᠵᠤ᠂ ᠵᠠᠰᠠᠭ ᠤᠨ | ᠶᠠᠪᠤᠳᠠᠯ ᠤᠨ ᠲᠤᠮᠤ ᠲᠢᠩᠭᠢᠮ ᠤᠨ ᠪᠤᠳᠠᠳᠤ ᠪᠠᠶ᠎ᠡ ᠶᠢᠨ ᠰᠢᠰᠲ᠋ᠧᠮᠵᠢ ᠲᠠᠢ ᠤᠷᠭᠠᠨᠢᠭ ᠢᠶᠠᠷ ᠵᠤᠯᠭᠠᠯᠳᠤᠭᠤᠯᠬᠤ ᠶᠢ | ᠪᠡᠶᠡᠯᠡᠭᠦᠯᠤᠨ᠎ᠡ᠃ ᠤᠯᠠᠨ ᠨᠠᠶᠢᠳᠠ ᠶᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠤᠨ ᠪᠠᠶᠢᠭᠤᠯᠤᠯᠳᠠ ᠶᠢ | ᠲᠦᠷᠢᠮᠵᠢᠬᠦᠯᠵᠤ᠂ ᠤᠯᠠᠨ ᠨᠡᠶᠢᠲᠡ ᠶᠢᠨ ᠡᠬᠢ ᠪᠠᠶᠠᠯᠢᠭ ᠢ ᠲᠤᠬᠢᠷᠠᠭᠤᠯᠬᠤ ᠦᠷ᠎ᠡ ᠠᠰᠢᠭ ᠢ ᠲᠡᠭᠡᠭᠰᠢᠯᠡᠬᠦᠯᠦᠨ᠎ᠡ᠃ | ᠡᠳ᠋ ᠤᠨ ᠵᠠᠰᠠᠭ ᠭᠠᠶᠢᠯᠢ ᠶᠢᠨ ᠪᠠᠶᠢᠭᠤᠯᠤᠮᠵᠢ ᠶᠢᠨ ᠦᠭᠡᠷᠡᠴᠢᠯᠡᠯᠳᠠ ᠶᠢ ᠬᠦᠨᠵᠡᠭᠡᠶᠢᠷᠡᠬᠦᠯᠵᠤ᠂ ᠤᠷᠴᠢᠨ | ᠲᠤᠭᠤᠷᠢᠨ ᠤ ᠬᠠᠮᠠᠭᠠᠯᠠᠯᠳᠠ ᠶᠢᠨ ᠭᠠᠶᠢᠯᠢ ᠵᠡᠷᠭᠡ ᠭᠠᠶᠢᠯᠢ ᠲᠥᠷᠢᠮ ᠤᠨ ᠦᠭᠡᠷᠡᠴᠢᠯᠡᠯᠳᠡ ᠶᠢᠨ ᠠᠵᠢᠯ ᠢ ᠰᠠᠶᠢᠳᠤᠷ | ᠬᠢᠨ᠎ᠡ᠃ ᠴᠢᠮᠡᠭᠡ ᠵᠠᠩᠭᠢ ᠶᠢᠨ ᠰᠢᠰᠲ᠋ᠧᠮᠵᠢ ᠶᠢᠨ ᠪᠦᠳᠤᠭᠡᠨ ᠪᠠᠶᠢᠭᠤᠯᠤᠯᠳᠠ ᠶᠢ ᠲᠠᠰᠤᠷᠠᠯᠳᠠ ᠦᠬᠡᠢ | ᠰᠠᠶᠢᠵᠢᠷᠠᠭᠤᠯᠵᠤ᠂ ᠦᠨᠡᠨᠴᠢ ᠢᠳᠡᠭᠡᠮᠵᠢᠲᠠᠢ ᠪᠠᠷ ᠡᠵᠡᠩᠨᠡᠬᠦ ᠂ ᠵᠠᠬ᠎ᠠ ᠳᠡᠯᠭᠡᠭᠦᠷ ᠤᠨ ᠤᠷᠴᠢᠨ ᠲᠤᠭᠤᠷᠢᠨ ᠤ | ᠭᠤᠣᠯᠴᠢ ᠦᠷᠢᠰᠤᠯᠳᠤᠭᠡᠨ ᠢ ᠪᠤᠢ ᠪᠤᠯᠭᠠᠵᠤ᠂ ᠡᠯ᠎ᠡ ᠲᠦᠷᠤᠯ ᠤᠨ ᠵᠠᠬ᠎ᠠ ᠲᠠᠯᠭᠡᠭᠦᠷ ᠤᠨ ᠪᠠᠶᠡᠴᠢ ᠴᠤᠭᠴᠠ ᠶᠢᠨ | ᠠᠮᠢᠵᠢᠷᠠᠯ ᠤᠨ ᠬᠦᠴᠤᠨ ᠢ ᠪᠠᠳᠠᠷᠠᠭᠤᠯᠤᠨ᠎ᠠ᠃ | ︵ ᠶᠢᠰᠤ︶ ᠵᠠᠰᠠᠭ ᠤᠨ ᠤᠷᠳᠤᠨ ᠤ ᠬᠠᠮᠢᠶᠠᠷᠤᠯᠳᠠ ᠶᠢᠨ ᠴᠢᠳᠠᠮᠵᠢ ᠶᠢ ᠦᠨᠡᠨᠬᠦ ᠲᠡᠭᠡᠭᠰᠢᠯᠡᠬᠦᠯᠵᠦ᠂ ᠠᠷᠠᠳ | ᠲᠦᠮᠡᠨ ᠳᠤ ᠬᠠᠨᠤᠮᠵᠢᠲᠠᠢ ᠦᠢᠯᠡᠴᠢᠯᠡᠭᠡᠨ ᠤ ᠮᠠᠶ᠋ᠢᠭ ᠤᠨ ᠵᠠᠰᠠᠭ ᠤᠨ ᠤᠷᠳᠤᠨ ᠢ ᠴᠢᠷᠮᠠᠶᠢᠨ ᠪᠠᠶᠢᠭᠤᠯᠤᠨ᠎ᠠ᠃ | ᠦᠨᠡᠨᠴᠢ ᠰᠢᠳᠤᠷᠭᠤ ᠡᠷᠡᠰ ᠪᠠᠳᠥ ᠲᠥᠪ ᠴᠢᠩᠭ᠎ᠠ ᠪᠠᠷ ᠵᠠᠰᠠᠭ ᠶᠠᠪᠤᠭᠤᠯᠤᠨ᠎ᠠ ᠃ ᠲᠤᠭ ᠲᠡᠮᠳᠡᠭ | ᠲᠤᠳᠤᠷᠬᠠᠢ ᠪᠠᠷ ᠤᠯᠤᠰ ᠲᠦᠷᠥ ᠶᠢ ᠡᠷᠬᠢᠮᠯᠡᠨ ︽ᠲᠦᠷᠪᠡᠨ ᠤᠬᠠᠮᠰᠠᠷ︾ ᠢ ᠪᠠᠳᠥ ᠪᠤᠢ ᠪᠤᠯᠭᠠᠵᠤ᠂ ᠤᠯᠤᠰ | ᠲᠦᠷᠥ ᠶᠢᠨ ᠰᠠᠬᠢᠯᠭ᠎ᠠ ᠪᠠᠲᠤ ᠪᠤᠯᠤᠨ ᠤᠯᠤᠰ ᠲᠦᠷᠥ ᠶᠢᠨ ᠶᠤᠰᠤ ᠵᠦᠢ ᠶᠢ ᠴᠢᠩᠭ᠎ᠠ ᠵᠢᠷᠤᠮᠯᠠᠨ᠂ ᠦᠵᠡᠯ | ᠰᠠᠨᠠᠭᠠᠨ ᠤ ᠲᠠᠯ᠎ᠠ ᠪᠠᠷ ᠤᠯᠤᠰ ᠲᠦᠷᠥ ᠶᠢᠨ ᠲᠠᠯ᠎ᠠ ᠪᠠᠷ ᠠᠵᠢᠯᠯᠠᠭᠠᠨ ᠤ ᠲᠠᠯ᠎ᠠ ᠪᠠᠷ ᠤᠬᠠᠮᠰᠠᠷ ᠠᠴᠠ ᠪᠠᠨ ᠰᠢ ᠶᠢᠨ | ᠫᠢᠩ ᠨᠦᠬᠦᠷ ᠢᠶᠠᠷ ᠭᠤᠣᠯ ᠪᠤᠯᠭᠠᠭᠰᠠᠨ ᠨᠠᠮ ᠤᠨ ᠲᠥᠪ ᠬᠤᠷᠢᠶ᠎ᠠ ᠲᠠᠢ ᠲᠡᠭᠡᠳᠤ ᠭᠡᠮᠵᠢᠶ᠎ᠡ ᠪᠠᠷ ᠨᠢᠭᠡᠳᠤᠯᠲᠠᠢ | ᠪᠠᠶᠢᠬᠤ ᠬᠡᠷᠡᠭᠲᠡᠢ᠃ ᠰᠢᠶᠠᠨ ᠤ ᠨᠠᠮ ᠤᠨ ᠬᠤᠷᠢᠶᠠᠨ ᠤ ᠵᠥᠪ ᠤᠳᠤᠷᠢᠳᠤᠯᠭ᠎ᠠ ᠲᠤᠤᠷ᠎ᠠ ᠵᠠᠰᠠᠭ ᠤᠨ ᠤᠷᠳᠤᠨ ᠤ | ᠨᠠᠮ ᠤᠨ ᠲᠤᠭᠤᠶᠢᠯᠠᠩ ᠤᠨ ᠦᠪᠡᠷ ᠤᠨ ᠪᠠᠶ᠎ᠡ ᠶᠢᠨ ᠪᠦᠳᠤᠭᠡᠨ ᠪᠠᠶᠢᠭᠤᠯᠤᠯᠳᠠ ᠶᠢ ᠴᠢᠩᠭᠠᠳᠬᠠᠵᠤ᠂ ᠨᠠᠮ ᠤᠨ | ᠲᠤᠭᠤᠶᠢᠯᠠᠩ ᠤᠨ ᠠᠵᠢᠯ ᠤᠨ ᠠᠷᠭ᠎ᠠ ᠪᠠᠷᠢᠯ ᠢ ᠦᠭᠡᠷᠡᠴᠢᠯᠡᠨ ᠰᠠᠶᠢᠵᠢᠷᠠᠭᠤᠯᠵᠤ᠂ ᠡᠯ᠎ᠡ ᠵᠦᠢᠯ ᠤᠨ ᠲᠤᠭᠳᠠᠭᠠᠯ ᠢ | ᠵᠠᠰᠠᠭ ᠤᠨ ᠤᠷᠳᠤᠨ ᠤ ᠠᠵᠢᠯ ᠤᠨ ᠡᠯ᠎ᠡ ᠬᠦᠷᠢᠶ᠎ᠡ ᠭᠡᠪᠴᠢᠶ᠎ᠠ ᠪᠤᠯᠤᠨ ᠪᠦᠬᠦ ᠶᠠᠪᠤᠴᠠ ᠳᠤ ᠨᠠᠶᠢᠳᠠᠪᠦᠷᠢᠵᠢᠭᠤᠯᠤᠨᠡ | ᠃ | ᠬᠠᠤᠯᠢᠵᠢᠯ ᠢ ᠴᠢᠩᠭ᠎ᠠ ᠶᠠᠪᠤᠭᠤᠯᠵᠤ᠂ ᠬᠠᠤᠯᠢ ᠶᠤᠰᠤᠭᠠᠷ ᠵᠠᠰᠠᠭ ᠶᠠᠪᠤᠭᠤᠯᠤᠨ᠎ᠠ᠃ ᠬᠠᠤᠯᠢᠵᠢᠯ ᠤᠨ ᠰᠡᠳᠬᠢᠴᠠ ᠶᠢ | ᠪᠠᠲᠥ ᠪᠤᠢ ᠪᠤᠯᠭᠠᠵᠤ᠂ ᠵᠠᠰᠠᠭ ᠤᠨ ᠤᠷᠳᠤᠨ ᠤ ᠠᠵᠢᠯ ᠢᠶᠠᠨ ᠬᠠᠤᠯᠢᠵᠢᠯ ᠤᠨ ᠵᠠᠮ ᠳᠤ ᠤᠷᠤᠭᠤᠯᠵᠤ᠂ ᠵᠠᠰᠠᠭ | ᠵᠠᠬᠢᠷᠭᠠᠨ ᠤ ᠡᠷᠬᠡ ᠶᠢᠨ ᠨᠠᠷᠢᠨ ᠳᠠᠩᠰᠠᠴᠢᠯᠠᠭᠰᠠᠨ ᠬᠠᠮᠢᠶᠠᠷᠤᠯᠳᠠ ᠶᠢ ᠪᠦᠬᠦ ᠲᠠᠯ᠎ᠠ ᠪᠠᠷ ᠲᠡᠯᠭᠡᠷᠡᠭᠦᠯᠵᠤ᠂ ᠶᠠᠪᠤᠴᠠ | ᠶᠤᠰᠤᠭᠠᠷ ᠰᠢᠢᠳᠪᠦᠷᠢᠲᠦ ᠪᠤᠳᠣᠯᠭ᠎ᠠ ᠭᠠᠷᠭᠠᠵᠤ᠂ ᠶᠤᠰᠤ ᠵᠦᠢ ᠶᠢ ᠴᠢᠩᠭ᠎ᠠ ᠵᠢᠷᠤᠮᠯᠠᠵᠤ ᠤᠴᠢᠷ ᠶᠠᠪᠤᠳᠠᠯ ᠬᠢᠨ᠎ᠡ᠃ | ᠠᠷᠠᠳ ᠶᠢᠨ ᠲᠦᠯᠦᠭᠡᠯᠡᠭᠴᠢᠳ ᠤᠨ ᠶᠡᠭᠡ ᠬᠤᠷᠠᠯ᠂ ᠤᠯᠤᠰ ᠲᠦᠷᠥ ᠶᠢᠨ ᠵᠦᠪᠯᠡᠯᠭᠡᠨ ᠤ ᠬᠢᠨᠠᠯᠳᠠ ᠶᠢ ᠤᠬᠠᠮᠰᠠᠷ | ᠠᠴᠠ ᠪᠠᠨ ᠬᠦᠯᠢᠶᠡᠵᠤ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠶᠢᠨ ᠰᠠᠨᠠᠯ | ᠵᠦᠪᠯᠡᠯᠭᠡ᠂ ᠰᠠᠨᠠᠭᠤᠯᠭ᠎ᠠ ᠪᠠ ᠤᠯᠤᠰ ᠲᠦᠷᠥ ᠶᠢᠨ ᠵᠦᠪᠯᠠᠯᠭᠡᠨ ᠤ ᠭᠡᠰᠢᠬᠦᠨ ᠤ ᠲᠤᠷᠠᠳᠤᠯᠭ᠎ᠠ ᠶᠢ ᠤᠬᠠᠮᠰᠠᠷ | ᠠᠴᠠ ᠪᠠᠨ ᠨᠠᠷᠢᠨ ᠨᠢᠮᠪᠠᠢ ᠬᠦᠢᠴᠡᠳᠭᠡᠵᠤ᠂ ᠨᠡᠶᠢᠭᠡᠮ ᠪᠠ ᠶᠠᠷᠢᠶ᠎ᠠ ᠭᠡᠯᠡᠯᠴᠡᠭᠡᠨ ᠤ ᠬᠢᠨᠠᠯᠳᠠ ᠶᠢ ᠰᠠᠨᠠᠭᠠᠴᠢᠯᠠᠭ᠎ᠠ | ᠠᠴᠠ ᠪᠠᠨ ᠬᠦᠯᠢᠶᠡᠨ᠎ᠡ᠃ ᠬᠠᠤᠯᠢ ᠲᠦᠷᠢᠮᠵᠢᠭᠰᠡᠨ ᠵᠠᠰᠠᠭ ᠤᠨ ᠤᠷᠳᠤᠨ ᠤ ᠪᠦᠳᠦᠭᠡᠨ ᠪᠠᠶᠢᠭᠤᠯᠤᠯᠳᠠ ᠶᠢ | ᠴᠢᠩᠭᠠᠳᠬᠠᠵᠤ᠂ ᠪᠢᠴᠢᠭ ᠮᠠᠲ᠋ᠧᠷᠢᠶᠠᠯ ᠤᠨ ᠬᠢᠨᠠᠨ ᠪᠠᠶᠢᠴᠠᠭᠠᠯᠳᠠ ᠶᠢ ᠬᠢᠨᠠᠮᠠᠭᠠᠢ ᠲᠦᠷᠢᠮᠵᠢᠬᠦᠯᠵᠤ᠂ ᠬᠠᠤᠯᠢ | ᠲᠥᠷᠢᠮ ᠤᠨ ᠰᠡᠳᠬᠢᠭᠦᠢ ᠬᠢᠭᠡᠳ ᠬᠠᠤᠯᠢ ᠲᠥᠷᠢᠮ ᠤᠨ ᠠᠷᠭ᠎ᠠ ᠪᠠᠷᠢᠯ ᠢᠶᠠᠷ ᠤᠴᠢᠷ ᠶᠠᠪᠤᠳᠠᠯ ᠢ ᠰᠢᠢᠳᠪᠦᠷᠢᠯᠡᠬᠦ | ᠴᠢᠳᠠᠮᠵᠢ ᠶᠢ ᠲᠡᠭᠡᠭᠰᠢᠯᠡᠬᠦᠯᠦᠨ᠎ᠡ᠃ ᠵᠠᠰᠠᠭ ᠤᠨ ᠶᠠᠪᠤᠳᠠᠯ ᠢ ᠢᠯᠡ ᠪᠤᠯᠭᠠᠬᠤ ᠡᠷᠴᠢᠮ ᠢ ᠴᠢᠩᠭᠠᠷᠠᠭᠤᠯᠵᠤ᠂ ᠡᠷᠬᠡ ᠶᠢ | ᠢᠯᠡ ᠲᠤᠳᠤ ᠡᠷᠬᠢᠯᠳᠤᠭᠦᠯᠦᠨᠡ᠃ | ᠨᠠᠶᠢᠳᠠᠪᠦᠷᠢᠵᠢᠭᠤᠯᠦᠯᠳᠠ ᠶᠢ ᠴᠢᠩᠭ᠎ᠠ ᠠᠳᠬᠤᠵᠤ᠂ ᠦᠨᠳᠤᠷ ᠦᠷ᠎ᠡ ᠠᠰᠢᠭ ᠲᠠᠢ ᠵᠠᠰᠠᠭ ᠶᠠᠪᠤᠭᠤᠯᠤᠨ᠎ᠠ᠃ | ᠦᠨᠡᠨᠴᠢ ᠢᠲᠡᠭᠡᠯ ᠲᠠᠢ ᠪᠠᠶᠢᠬᠤ ᠤᠬᠠᠮᠰᠠᠷ ᠢᠶᠠᠨ ᠴᠢᠩᠭᠠᠳᠬᠠᠵᠤ᠂ ᠵᠠᠰᠠᠭ ᠤᠨ ᠶᠠᠪᠤᠳᠠᠯ ᠤᠨ ᠦᠨᠡᠨᠴᠢ ᠢᠲᠡᠭᠡᠯ ᠤᠨ | ᠪᠠᠶᠢᠭᠤᠯᠤᠯᠳᠠ ᠪᠠᠷ ᠪᠦᠬᠦ ᠨᠡᠶᠢᠭᠡᠮ ᠤᠨ ᠦᠨᠡᠨᠴᠢ ᠢᠳᠡᠭᠡᠮᠵᠢᠲᠠᠢ ᠪᠠᠶᠢᠬᠤ ᠶᠢ ᠲᠠᠶᠢᠴᠢᠯᠠᠵᠤ᠂ ᠵᠤᠷᠢᠭᠲᠠᠢ ᠡᠭᠦᠷᠭᠡᠯᠡᠬᠦ | ᠤᠬᠠᠮᠰᠠᠷ ᠢ ᠴᠢᠩᠭᠠᠳᠬᠠᠵᠤ᠂ ᠨᠠᠶᠢᠳᠠᠪᠦᠷᠢᠵᠢᠭᠤᠯᠤᠯᠳᠠ ᠶᠢ ᠠᠳᠬᠠᠬᠤ ᠠᠵᠢᠯ ᠪᠠᠨ ᠠᠮᠢᠨ ᠰᠤᠳᠠᠰᠤ ᠪᠤᠯᠭᠠᠵᠤ᠂ | ᠦᠨᠡᠨ ᠢ ᠲᠡᠷᠢᠬᠦᠨ ᠲᠠᠯᠪᠢᠵᠤ᠂ ᠠᠵᠢᠯ ᠢ ᠴᠢᠬᠤᠯᠠᠴᠢᠯᠠᠵᠤ᠂ ᠬᠡᠢ ᠬᠤᠭᠤᠰᠤᠨ ᠪᠤᠳᠤᠬᠤ ᠦᠬᠡᠢ᠂ ᠬᠤᠳᠠᠯ | ᠬᠠᠭᠤᠷᠠᠮᠠᠭ ᠢ ᠢᠳᠡᠭᠡᠬᠦ ᠦᠬᠡᠢ᠂ ᠴᠢᠮᠪᠠᠢ ᠠᠯᠬᠤᠵᠤ᠂ ᠠᠵᠢᠯ ᠢᠶᠠᠨ ᠯᠠᠪᠳᠠᠭᠤᠨ ᠰᠠᠶᠢᠳᠤᠷ ᠬᠢᠨ᠎ᠡ᠃ | ᠬᠠᠷᠢᠭᠤᠴᠠᠯᠭ᠎ᠠ ᠶᠢᠨ ᠤᠬᠠᠨᠮᠰᠠᠷ ᠢᠶᠠᠨ ᠴᠢᠩᠭᠠᠳᠬᠠᠵᠤ ᠱᠠᠯᠠᠪᠳᠠᠭᠤᠯᠤᠨ ᠪᠠᠶᠢᠴᠠᠭᠠᠬᠤ ᠬᠢᠨᠠᠨ ᠰᠢᠯᠭᠠᠬᠤ | ᠬᠠᠷᠢᠭᠤᠴᠠᠯᠭ᠎ᠠ ᠨᠡᠭᠡᠮᠵᠢᠯᠡᠬᠦ ᠠᠵᠢᠯ ᠢ ᠴᠢᠩᠭᠠᠳᠬᠠᠵᠤ᠂ ᠵᠥᠪ ᠴᠢᠭᠯᠡᠯ ᠢᠶᠠᠷ ᠤᠷᠮᠠᠰᠢᠭᠤᠯᠬᠤ ᠪᠠ ᠠᠯᠳᠠᠭ᠎ᠠ ᠶᠢᠨ | ᠠᠭᠤᠴᠢᠯᠠᠵᠤ ᠵᠠᠯᠠᠷᠠᠭᠤᠯᠬᠤ ᠲᠤᠭᠳᠠᠴᠠ ᠶᠢ ᠴᠢᠨᠠᠭᠰᠢᠳᠠ ᠲᠡᠭᠦᠯᠳᠡᠷᠵᠢᠬᠦᠯᠵᠤ᠂ ᠦᠭᠡᠷᠡᠴᠢᠯᠡᠭᠴᠢ ᠶᠢ ᠪᠡᠶ᠎ᠡ | ᠬᠦᠩᠭᠡᠨ ᠢᠶᠠᠷ ᠪᠠᠶᠢᠯᠳᠤᠭᠠᠨ ᠳᠤ ᠤᠷᠤᠯᠴᠠᠭᠤᠯᠵᠤ᠂ ᠵᠤᠷᠢᠭᠲᠠᠢ ᠡᠬᠦᠷᠭᠡᠯᠡᠭᠴᠢ ᠶᠢ ᠴᠤᠯᠭᠤᠷᠠᠨ ᠭᠠᠷᠭᠠᠵᠤ᠂ ᠪᠤᠳᠠᠲᠠᠢ | ᠠᠵᠢᠯᠯᠠᠭᠴᠢ ᠶᠢᠨ ᠭᠠᠷᠮᠠᠭᠠᠢ ᠴᠢᠳᠠᠪᠤᠷᠢ ᠶᠢ ᠨᠢ ᠭᠠᠷᠭᠠᠨ᠎ᠠ᠃ | ᠴᠠᠪᠠᠷ ᠠᠷᠢᠭᠤᠨ ᠢᠶᠠᠷ ᠪᠠᠶ᠎ᠡ ᠪᠠᠨ ᠪᠠᠷᠢᠵᠤ᠂ ᠠᠷᠢᠭᠤᠨ ᠴᠢᠭᠡᠴᠢ ᠪᠠᠷ ᠵᠠᠰᠠᠭ ᠤᠨ ᠠᠵᠢᠯ ᠬᠢᠨ᠎ᠡ᠃ ᠢᠮᠠᠭᠳᠠ | ᠠᠷᠢᠭᠤᠨ ᠴᠢᠭᠡᠴᠢ ᠪᠠᠷ ᠵᠠᠰᠠᠭ ᠤᠨ ᠠᠵᠢᠯ ᠬᠢᠬᠦ ᠶᠢ ᠵᠠᠰᠠᠭ ᠤᠨ ᠤᠷᠳᠤᠨ ᠤ ᠬᠤᠷᠢᠭ᠎ᠠ ᠱᠤᠭᠤᠮ ᠪᠤᠯᠭᠠᠵᠤ᠂ | ᠢᠯᠵᠡᠷᠡᠯ ᠢ ᠡᠰᠡᠷᠭᠦᠴᠡᠨ ᠠᠷᠢᠭᠤᠨ ᠴᠢᠭᠡᠴᠢ ᠶᠢ ᠴᠢᠬᠤᠯᠠᠴᠢᠯᠠᠬᠤ ᠶᠢ ᠭᠤᠶᠢᠪᠢᠰᠢ ᠦᠬᠡᠢ ᠭᠦᠨ ᠲᠡᠰᠢ ᠠᠬᠢᠭᠤᠯᠤᠨ᠎ᠠ | ᠃ ᠲᠥᠪ ᠤᠨ ᠨᠠᠢᠮᠠᠨ ᠵᠤᠷᠪᠤᠰ ᠲᠤᠭᠳᠠᠭᠠᠯ ᠤᠨ ᠭᠡᠷᠡᠭᠵᠢᠬᠦᠯᠬᠦ ᠨᠠᠷᠢᠨ ᠲᠥᠷᠢᠮ ᠤᠨ ᠴᠢᠩᠭ᠎ᠠ ᠬᠡᠷᠡᠭᠵᠢᠬᠦᠯᠵᠦ᠂ ︽ | ᠬᠤᠶᠠᠷ ᠢ ᠰᠤᠷᠴᠤ ᠨᠢᠭᠡ ᠶᠢ ᠲᠡᠩᠴᠡᠭᠦᠯᠬᠦ︾ ᠰᠤᠷᠤᠯᠴᠠᠯᠭ᠎ᠠ ᠬᠦᠮᠦᠵᠢᠯ ᠤᠨ ᠪᠠᠶᠢᠩᠭᠤᠵᠢᠯᠤᠯᠳᠠ | ᠲᠦᠷᠢᠮᠵᠢᠯᠳᠡ ᠶᠢ ᠯᠠᠪᠳᠠᠭᠤᠨ ᠪᠠᠳᠤᠲᠠᠢ ᠲᠦᠯᠬᠢᠨ ᠠᠬᠢᠭᠤᠯᠵᠤ᠂ ︽ᠤᠭ ᠰᠠᠨᠠᠭ᠎ᠠ ᠪᠠᠨ ᠦᠯᠦ ᠮᠠᠷᠳᠠᠨ᠂ ᠡᠬᠦᠷᠭᠡ | ᠬᠠᠷᠢᠭᠤᠴᠠᠯᠭ᠎ᠠ ᠪᠠᠨ ᠪᠠᠳᠤᠳᠬᠠᠬᠤ︾ ᠭᠤᠣᠯ ᠰᠡᠳᠤᠪᠳᠤ ᠬᠦᠮᠦᠵᠢᠯ ᠢ ᠬᠦᠨᠵᠡᠬᠡᠢ ᠦᠷᠨᠢᠬᠦᠯᠵᠤ᠂ ᠴᠤᠴᠠᠯᠳᠠ | ᠦᠬᠡᠢ ︽ᠲᠦᠷᠪᠡᠨ ᠰᠤᠷᠳᠠᠯ︾ ᠢ ᠵᠠᠯᠠᠷᠠᠭᠤᠯᠵᠤ᠂ ᠴᠦᠬᠦᠷᠡᠯ ᠦᠬᠡᠢ ᠬᠡᠪ ᠰᠤᠷᠳᠠᠯ ᠢᠶᠠᠨ ᠵᠠᠯᠠᠷᠠᠭᠤᠯᠤᠨ᠎ᠠ᠃ | ᠠᠷᠪᠢᠯᠠᠨ ᠭᠠᠮᠨᠠᠬᠤ ᠦᠵᠡᠯ ᠰᠠᠨᠠᠭ᠎ᠠ ᠶᠢ ᠪᠠᠲᠥ ᠪᠤᠢ ᠪᠤᠯᠭᠠᠵᠤ ᠂ ᠠᠵᠢᠯᠴᠢ ᠠᠷᠪᠢᠴᠢ ᠪᠠᠷ ᠠᠯᠢᠪᠠ ᠠᠵᠢᠯ ᠦᠢᠯᠡᠰ | ᠡᠷᠬᠢᠯᠡᠬᠦ ᠶᠢ ᠪᠠᠷᠢᠮᠳᠠᠯᠠᠵᠤ᠂ ᠡᠩ ᠤᠨ ᠴᠢᠨᠠᠷᠲᠠᠢ ᠵᠠᠷᠤᠯᠭ᠎ᠠ ᠶᠢ ᠴᠢᠩᠭ᠎ᠠ ᠲᠤᠬᠢᠢᠷᠠᠭᠤᠯᠵᠤ᠂ ᠵᠠᠰᠠᠭ ᠵᠠᠬᠢᠷᠭᠠᠨ ᠤ | ᠵᠠᠷᠤᠳᠠᠯ ᠢ ᠦᠨᠡᠨᠬᠦ ᠬᠠᠰᠤᠨ᠎ᠠ᠃ ᠡᠯ᠎ᠡ ᠵᠦᠢᠯ ᠤᠨ ᠲᠥᠪ ᠪᠤᠰᠤ ᠰᠤᠷᠳᠠᠯ ᠢ ᠡᠷᠡᠰ ᠰᠢᠭᠤᠷᠬᠠᠢ ᠵᠠᠯᠠᠷᠠᠭᠤᠯᠵᠤ᠂ | ᠠᠷᠢᠭᠤᠨ ᠴᠢᠭᠡᠴᠢ ᠬᠡᠪ ᠰᠤᠷᠳᠠᠯ ᠲᠠᠢ ᠵᠠᠰᠠᠭ ᠵᠠᠬᠢᠷᠭᠠᠨ ᠤ ᠤᠷᠴᠢᠨ ᠲᠤᠭᠤᠷᠢᠨ ᠢ ᠴᠢᠷᠮᠠᠶᠢᠨ ᠪᠤᠢ ᠪᠤᠯᠭᠠᠨ᠎ᠠ᠃ | ᠲᠦᠯᠦᠭᠡᠯᠡᠭᠴᠢᠳ ᠡ︕ ᠲᠡᠭᠡᠳᠤ ᠱᠠᠳᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ᠂ ᠰᠢᠶᠠᠨ ᠤ | ᠨᠠᠮ ᠤᠨ ᠬᠤᠷᠢᠶᠠᠨ ᠤ ᠡᠷᠡᠰ ᠪᠠᠲᠥ ᠤᠳᠤᠷᠢᠳᠤᠯᠭ᠎ᠠ ᠲᠤᠤᠷ᠎ᠠ᠂ ᠪᠦᠬᠦ ᠰᠢᠶᠠᠨ ᠤ ᠡᠯ᠎ᠡ ᠦᠨᠳᠤᠰᠤᠳᠡᠨ ᠤ ᠠᠷᠠᠳ | ᠲᠦᠮᠡᠨ ᠢ ᠪᠦᠯᠬᠦᠮᠳᠡᠨ ᠨᠢᠭᠲᠠᠷᠠᠵᠤ᠂ ᠤᠭ ᠰᠠᠨᠠᠭ᠎ᠠ ᠪᠠᠨ ᠦᠯᠦ ᠮᠠᠷᠳᠠᠨ᠂ ᠡᠭᠦᠷᠭᠡ ᠬᠠᠷᠢᠭᠤᠴᠠᠯᠭ᠎ᠠ ᠪᠠᠨ ᠪᠠᠳᠥ | ᠴᠡᠭᠡᠵᠢᠯᠡᠵᠤ᠂ ᠠᠵᠠ ᠲᠤᠬᠢᠶᠠᠯ ᠢ ᠵᠠᠪᠳᠤᠨ ᠡᠵᠡᠮᠳᠡᠵᠤ᠂ ᠮᠠᠩᠯᠠᠢ ᠳᠤ ᠨᠢ ᠭᠠᠷᠬᠤ ᠪᠠᠷ ᠮᠠᠷᠠᠶᠢᠨ ᠴᠢᠷᠮᠠᠶᠢᠵᠤ᠂ | ᠲᠠᠤᠭᠡ ᠶᠢᠨ ᠰᠢᠨ᠎ᠡ ᠡᠬᠢᠯᠡᠯᠳᠡ ᠶᠢᠨ ᠴᠡᠭ ᠠᠴᠠ ᠰᠢᠨ᠎ᠡ ᠴᠠᠭ ᠦᠶ᠎ᠡ ᠶᠢ ᠤᠭᠳᠤᠨ ᠠᠪᠴᠤ ᠰᠢᠨ᠎ᠡ ᠠᠶᠠᠨ ᠢᠶᠠᠨ | ᠡᠯᠬᠦᠨ᠂ ᠰᠢᠵᠢᠷ ᠬᠠᠭᠤᠳᠠᠰᠤ ᠪᠠᠨ ᠪᠢᠴᠢᠭᠯᠡᠨᠡᠮ ᠃ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠶᠢᠨ | ᠲᠦᠯᠦᠭᠡ ᠴᠢᠷᠮᠠᠶᠢᠨ ᠲᠡᠮᠡᠴᠠᠶᠡ︕ |