2018 ᠣᠨ ᠤ 4 ᠰᠠᠷ᠎ᠠ ᠶᠢᠨ25 ᠤ ᠡᠳᠦᠷ᠂ ᠤᠯᠠᠭᠠᠨᠴᠠᠪ ᠨᠢᠰᠭᠡᠯ ᠤᠨ ᠪᠠᠭᠤᠳᠠᠯ ᠠᠶᠠᠯᠠᠯ ᠨᠡᠪᠲᠡᠷᠡᠭᠰᠡᠨ | ᠬᠤᠶᠠᠷ ᠵᠢᠯ ᠤᠨ ᠬᠤᠭᠤᠴᠠᠭᠠᠨ ᠳᠤ14 ᠵᠣᠷᠪᠤᠰ ᠠᠭᠠᠷ ᠠᠶᠠᠯᠠᠯ ᠤᠨ ᠱᠣᠭᠤᠮ ᠢᠶᠠᠷ20 ᠬᠤᠲᠡ ᠳᠤ ᠨᠡᠪᠲᠡᠷᠡᠭᠰᠡᠨ | ᠪᠠᠶᠢᠨ᠎ᠠ᠃ | 2016 ᠣᠨ ᠤ 4 ᠰᠠᠷ᠎ᠠ ᠶᠢᠨ25 ᠤ ᠡᠳᠦᠷ᠂ ᠤᠯᠠᠭᠠᠨᠴᠠᠪ ᠨᠢᠰᠭᠡᠯ ᠤᠨ ᠪᠠᠭᠤᠳᠠᠯ ᠵᠢᠩᠭᠢᠨᠢ ᠪᠠᠷ ᠠᠶᠠᠯᠠᠯ | ᠨᠡᠪᠲᠡᠷᠡᠵᠤ᠂ ᠮᠠᠨ ᠤ ᠬᠤᠲᠡ ︽ᠠᠭᠠᠷ ᠠᠶᠠᠯᠠᠯ ᠤᠨ ᠴᠠᠭ ᠦᠶ᠎ᠡ︾ ᠳᠤ ᠣᠷᠤᠭᠰᠠᠨ ᠢ ᠲᠤᠩᠬᠠᠭᠯᠠᠭᠰᠠᠨ ᠪᠠᠶᠢᠨ᠎ᠠ᠃ | ᠬᠤᠶᠠᠷ ᠵᠢᠯ ᠤᠨ ᠲᠤᠷᠰᠢ᠂ ᠤᠯᠠᠭᠠᠨᠴᠠᠪ ᠨᠢᠰᠭᠡᠯ ᠤᠨ ᠪᠠᠭᠤᠳᠠᠯ ᠠᠮᠤᠷ ᠲᠦᠪᠰᠢᠨ ᠢᠶᠠᠷ ᠡᠵᠡᠩᠨᠡᠵᠤ᠂14 ᠠᠭᠠᠷ | ᠠᠶᠠᠯᠠᠯ ᠤᠨ ᠵᠠᠮ ᠱᠣᠭᠤᠮ ᠢᠶᠠᠷ ᠪᠡᠭᠡᠵᠢᠩ᠂ ᠱᠠᠩᠬᠠᠢ᠂ ᠲᠢᠶᠠᠨᠵᠢᠨ᠂ ᠱᠧᠨᠵᠧᠨ᠂ ᠴᠦᠩᠴᠢᠩ ᠵᠡᠷᠬᠡ 20 | ᠬᠤᠲᠡ ᠳᠤ ᠠᠶᠠᠯᠠᠯ ᠨᠡᠪᠲᠡᠷᠡᠵᠤ᠂7997 ᠤᠳᠠᠭ᠎ᠠ ᠨᠢᠰᠴᠤ ᠪᠠᠭᠤᠵᠤ᠂ ᠠᠶᠠᠨᠴᠢᠳ ᠤᠨ ᠲᠤᠭ᠎ᠠ 51.07 | ᠲᠦᠮᠡᠨ ᠬᠦᠮᠦᠨ ᠤᠳᠠᠭ᠎ᠠ ᠳᠤ ᠬᠦᠷᠴᠤ᠂ ᠪᠦᠬᠦ ᠤᠯᠤᠰ ᠤᠨ ᠴᠢᠬᠤᠯᠠ ᠶᠡᠭᠡ ᠬᠤᠲᠠ ᠳᠤ ᠠᠶᠠᠯᠠᠯ ᠨᠡᠪᠲᠡᠷᠡᠬᠦ ᠶᠢ | ᠦᠨᠳᠦᠰᠦᠨ ᠳᠡᠭᠡᠨ ᠪᠡᠶᠡᠯᠡᠭᠦᠯᠵᠡᠢ᠃ ᠡᠭᠦᠨ ᠤ ᠬᠠᠮᠲᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠤᠷᠤᠨ ᠤ | 70 ᠵᠢᠯ ᠤᠨ ᠤᠢ ᠶᠢ ᠪᠡᠯᠭᠡᠯᠡᠬᠦ ᠴᠡᠷᠢᠭ ᠰᠢᠯᠭᠠᠨᠦᠵᠡᠬᠦ ᠶᠣᠰᠤᠯᠠᠯ ᠪᠠ ᠪᠡᠭᠡᠵᠢᠩ ᠠᠴᠠ ᠥᠪᠥᠷ ᠮᠣᠩᠭᠤᠯ ᠤᠨ | ᠠᠵᠢᠯ ᠲᠦᠷᠦᠯ ᠢᠶᠠᠷ ᠬᠠᠪᠰᠤᠷᠤᠨ ᠲᠡᠳᠬᠦᠬᠦ ᠪᠠᠶᠢᠴᠠᠭᠠᠯᠲᠠ ᠶᠢᠨ ᠪᠦᠯᠬᠦᠮ ᠵᠡᠷᠭᠡ ᠴᠢᠬᠤᠯᠠ ᠠᠵᠢᠯᠯᠠᠭᠠᠨ ᠤ ᠠᠷᠤ | ᠲᠠᠯ᠎ᠠ ᠶᠢᠨ ᠪᠠᠲᠤᠯᠠᠭ᠎ᠠ ᠶᠢᠨ ᠡᠭᠦᠷᠭᠡ ᠶᠢ ᠠᠮᠵᠢᠯᠲᠠᠲᠠᠢ ᠪᠡᠶᠡᠯᠡᠭᠦᠯᠦᠭᠰᠡᠨ ᠪᠠᠶᠢᠨ᠎ᠠ᠃ | ᠥᠨᠥ ᠵᠢᠯ᠂ ᠮᠠᠨ ᠤ ᠬᠤᠲᠡ ᠶᠢ ᠪᠦᠬᠦ ᠤᠷᠤᠨ ᠤ ᠨᠡᠭᠡᠭᠡᠯᠲᠡ ᠬᠦᠭᠵᠢᠯᠲᠡ ᠶᠢᠨ ᠰᠢᠨ᠎ᠡ ᠳᠡᠭᠲᠡᠷ ᠢ | ᠴᠣᠭᠴᠠᠯᠠᠬᠤ ᠳᠤ ᠬᠦᠴᠦᠨ ᠨᠡᠮᠡᠷᠢᠯᠡᠵᠤ᠂ ᠤᠯᠠᠭᠠᠨᠴᠠᠪ ᠨᠢᠰᠭᠡᠯ ᠤᠨ ᠪᠠᠭᠤᠳᠠᠯ ᠢ ᠣᠯᠠᠨ ᠤᠯᠤᠰ ᠤᠨ ᠠᠭᠠᠷ | ᠠᠶᠠᠯᠠᠯ ᠤᠨ ᠱᠣᠭᠤᠮ ᠪᠣᠯᠭᠠᠨ ᠥᠭᠡᠷᠡᠴᠢᠯᠡᠨ ᠰᠢᠨᠡᠳᠬᠡᠬᠦ ᠲᠦᠷᠦᠯ ᠵᠦᠢᠯ ᠢ ᠡᠬᠢᠯᠡᠭᠦᠯᠵᠦ᠂ ᠨᠦᠭᠦᠴᠡᠯ ᠳᠤ | ᠨᠡᠶᠢᠴᠡᠭᠰᠡᠨ ᠲᠦᠷ ᠴᠠᠭ ᠤᠨ ᠠᠭᠠᠷ ᠠᠶᠠᠯᠠᠯ ᠤᠨ ᠪᠣᠭᠤᠮᠲᠠ ᠶᠢ ᠨᠡᠭᠡᠭᠡᠵᠦ᠂ ᠤᠷᠤᠰ ᠮᠣᠩᠭᠤᠯ ᠳᠤ ᠨᠡᠪᠲᠡᠷᠡᠬᠦ ᠶᠢ | ᠪᠡᠶᠡᠯᠡᠭᠦᠯᠵᠦ᠂ ︽13.5︾ ᠵᠢᠯ ᠤᠨ ᠬᠤᠷᠭᠤᠴᠠᠭᠠᠨ ᠳᠤ ᠣᠯᠠᠨ ᠤᠯᠤᠰ ᠤᠨ ᠠᠭᠠᠷ ᠠᠶᠠᠯᠠᠯ ᠤᠨ ᠨᠢᠰᠭᠡᠯ ᠤᠨ | ᠪᠠᠭᠤᠳᠠᠯ ᠪᠣᠯᠭᠠᠨ ᠪᠠᠶᠢᠭᠤᠯᠬᠤ ᠪᠠᠷ ᠪᠠᠶᠢᠨ᠎ᠠ᠃ ᠬᠠᠮᠲᠤ ᠳᠤᠨᠢ ᠤᠯᠠᠭᠠᠨᠴᠠᠪ ᠨᠢᠰᠭᠡᠯ ᠤᠨ ᠪᠠᠭᠤᠳᠠᠯ ᠤᠨ ᠠᠵᠤ | ᠠᠬᠤᠢ ᠳᠤ ᠦᠵᠡᠭᠦᠯᠬᠦ ᠳᠠᠶᠢᠴᠢᠯᠠᠭᠴᠢ ᠬᠦᠴᠦᠨ ᠢ ᠪᠠᠳᠠᠷᠠᠭᠤᠯᠵᠤ᠂ ᠠᠭᠠᠷ ᠠᠶᠠᠯᠠᠯ ᠤᠨ ᠠᠵᠣ ᠠᠬᠤᠢ ᠶᠢ | ᠬᠦᠭᠵᠢᠭᠦᠯᠵᠦ᠂ ᠪᠦᠬᠦ ᠬᠦᠴᠦᠨ ᠢᠶᠠᠷ ᠰᠢᠨ᠎ᠡ ᠠᠵᠤ ᠠᠬᠤᠢ ᠶᠢᠨ ᠨᠡᠮᠡᠭᠳᠡᠯ ᠴᠢᠭ ᠪᠣᠯᠭᠠᠨ ᠪᠠᠶᠢᠭᠤᠯᠤᠨ᠎ᠠ᠃ |