ᠬᠤᠸᠠᠳᠧ ᠵᠠᠰᠠᠭ ᠠᠯᠪᠠᠨ ᠲᠠᠷᠬᠠᠭᠠᠭᠰᠠᠨ [2018] 39 ᠳ᠋ᠦ᠋ᠭᠡᠷ ᠲᠤᠭᠠᠳᠤ
ᠨᠡᠶᠢᠲᠡᠯᠡᠭᠰᠡᠨ ᠴᠠᠭ᠄
2018-06-12
 ᠲᠠᠩᠰᠠᠯᠠᠨ‌‍ᠺᠠᠷᠲᠯᠠᠭᠰᠠᠨ ᠶᠠᠳᠠᠭᠤ ᠬᠦᠴᠢᠷᠳᠡᠯᠲᠠᠢ ᠬᠦᠮᠦᠨ ᠠᠮᠠ ᠳᠤ ᠰᠦᠢᠳᠭᠡᠯ ᠬᠤᠷᠢᠶᠠᠬᠤ ᠦᠬᠡᠢ ᠪᠠᠷ ᠪᠡᠶ᠎ᠡ ᠶᠢᠨ ᠪᠠᠶᠢᠴᠠᠭᠠᠯᠳᠠ ᠬᠢᠬᠦ ᠲᠤᠬᠠᠢ ᠮᠡᠳᠡᠭᠳᠡ᠊‍ᠯᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠰᠢᠶᠠᠨ ᠤ ᠬᠤᠯᠪᠤᠭᠳᠠᠯ ᠪᠦᠬᠦᠢ ᠨᠢᠭᠡᠴᠢ    ᠤᠯᠠᠭᠠᠨᠴᠠᠪ ᠬᠤᠳᠠ ᠶᠢᠨ ︽ᠤᠯᠠᠭᠠᠨᠴᠠᠪ ᠬᠤᠳᠠ ᠶᠢᠨ 2018 ᠣᠨ ᠤ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠤ ᠠᠵᠢᠯ ᠤᠨ ᠴᠢᠬᠤᠯᠠ ᠵᠦᠢᠯ︾ ᠪᠠ  ︽ᠬᠤᠸᠠᠳᠧ ᠰᠢᠶᠠᠨ ᠤ 2018 ᠣᠨ ᠤ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠤ ᠠᠵᠢᠯ ᠤᠨ ᠴᠢᠬᠤᠯᠠ ᠵᠦᠢᠯ︾ ᠤ ᠱᠠᠭᠠᠷᠳᠠᠯᠭ᠎ᠠ ᠶᠤᠰᠤᠭᠠᠷ᠂ 5 ᠰᠠᠷ᠎ᠠ ᠠᠴᠠ ᠡᠬᠢᠯᠡᠨ ᠪᠦᠬᠦ ᠰᠢᠶᠠᠨ ᠤ ᠬᠡᠪᠴᠢᠶᠠᠨ ᠳᠠᠬᠢ ᠪᠦᠬᠦᠶᠢᠯᠡ ᠲᠠᠩᠰᠠᠯᠠᠨ‌‍ᠺᠠᠷᠲᠯᠠᠭᠰᠠᠨ ᠶᠠᠳᠠᠭᠤ ᠬᠦᠴᠢᠷᠳᠡᠯᠲᠠᠢ ᠬᠦᠮᠦᠨ ᠠᠮᠠ ᠳᠤ ᠰᠦᠢᠳᠬᠡᠯ ᠬᠤᠷᠢᠶᠠᠬᠤ ᠦᠬᠡᠢ ᠪᠠᠷ ᠪᠡᠶ᠎ᠡ ᠶᠢᠨ ᠪᠠᠶᠢᠴᠠᠭᠠᠯᠳᠠ ᠬᠢᠵᠤ᠂ ᠬᠤᠯᠪᠤᠭᠳᠠᠯ ᠪᠦᠬᠦᠢ ᠬᠦᠨᠳᠤ ᠡᠪᠡᠳᠴᠢᠨ ᠡᠮᠭᠡᠭ ᠢ ᠪᠠᠶᠢᠴᠠᠭᠠᠵᠤ᠂ ᠶᠠᠳᠠᠭᠤ ᠬᠦᠴᠢᠷᠳᠡᠯᠲᠠᠢ ᠬᠦᠮᠦᠨ ᠠᠮᠠ ᠶᠢᠨ ᠡᠷᠡᠭᠦᠯ ᠮᠡᠨᠳᠤ ᠳᠤ ᠬᠤᠤᠷ ᠬᠦᠨᠦᠭᠡᠯ ᠦᠵᠡᠬᠦᠯᠦᠭᠰᠡᠨ ᠴᠢᠬᠤᠯᠠ ᠬᠦᠴᠦᠨ ᠵᠦᠢᠯ ᠳᠤ ᠵᠠᠳᠠᠯᠤᠯᠳᠠ ᠬᠢᠨ᠎ᠡ᠃ᠨᠢᠭᠡ  ᠂ ᠡᠭᠦᠷᠭᠡ  ᠶᠢᠨ ᠵᠠᠳᠠᠯᠤᠯᠳᠠ      ᠪᠠᠶ᠎ᠡ ᠶᠢᠨ ᠪᠠᠶᠢᠴᠠᠭᠠᠯᠳᠠ ᠶᠢᠨ ᠠᠵᠢᠯ ᠢ ᠤᠷᠤᠭᠰᠢᠲᠠᠢ ᠶᠠᠪᠤᠭᠳᠠᠭᠤᠯᠬᠤ ᠶᠢᠨ ᠲᠦᠯᠦᠭᠡ᠂ ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ ᠠᠴᠠ ᠬᠠᠷᠢᠭᠤᠴᠠᠯᠭ᠎ᠠ ᠡᠭᠦᠷᠭᠡᠯᠠᠵᠤ᠂  ᠪᠡᠶ᠎ᠡ ᠶᠢᠨ ᠪᠠᠶᠢᠴᠠᠭᠠᠯᠳᠠ ᠶᠢᠨ ᠡᠭᠦᠷᠭᠡ ᠶᠢ ᠰᠢᠶᠠᠨ ᠤ ᠡᠮ ᠡᠮᠨᠡᠯᠭᠡ ᠶᠢᠨ ᠪᠠᠶᠢᠭᠤᠯᠤᠮᠵᠢ ᠪᠠ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠡ ᠠᠴᠠ ᠬᠠᠷᠢᠭᠤᠴᠠᠨ᠎ᠠ᠃ ᠪᠤᠲᠠᠲᠠᠢ ᠡᠭᠦᠷᠭᠡ ᠨᠢ᠄1. ᠠᠮᠠ ᠡᠬᠡ ᠨᠢᠯᠬᠠᠰ ᠤᠨ ᠡᠷᠡᠭᠦᠯᠵᠢᠯ ᠤᠨ ᠭᠠᠵᠠᠷ ᠤᠨ ᠪᠡᠶ᠎ᠡ ᠪᠠᠶᠢᠴᠠᠭᠠᠬᠤ ᠲᠤᠭᠤᠶᠢᠯᠠᠩ ᠴᠣᠣ ᠶᠠᠩ ᠪᠠᠯᠭᠠᠰᠤᠨ ᠤ ᠬᠠᠷᠢᠶᠠᠨ ᠳᠤ ᠰᠠᠭᠤᠭ᠎ᠠ ᠲᠠᠩᠰᠠᠯᠠᠨ ᠺᠠᠷᠲᠯᠠᠭᠰᠠᠨ ᠶᠠᠳᠠᠭᠤ ᠬᠦᠴᠢᠷᠳᠡᠯᠲᠠᠢ ᠬᠦᠮᠦᠨ ᠠᠮᠠ ᠤᠨ ᠪᠡᠶ᠎ᠡ ᠪᠠᠶᠢᠴᠠᠭᠠᠯᠳᠠ ᠶᠢ ᠬᠠᠷᠢᠭᠤᠴᠠᠨ᠎ᠠ2. ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶᠠᠨ ᠤ ᠪᠡᠶ᠎ᠡ ᠪᠠᠶᠢᠴᠠᠭᠠᠬᠤ ᠲᠤᠭᠤᠶᠢᠯᠠᠩ ᠪᠠᠶᠠᠨᠳᠠᠯ᠎ᠠ ᠰᠢᠶᠠᠩ᠂ ᠳ᠋ᠧ ᠪᠣᠣ ᠲᠤ ᠰᠢᠶᠠᠩ ᠤᠨ ᠬᠠᠷᠢᠶᠠᠨ ᠳᠠᠬᠢ ᠲᠠᠩᠰᠠᠯᠠᠨ‌‍ᠺᠠᠷᠲᠯᠠᠭᠰᠠᠨ ᠶᠠᠳᠠᠭᠤ ᠬᠦᠴᠢᠷᠳᠡᠯᠲᠠᠢ ᠬᠦᠮᠦᠨ ᠠᠮᠠ ᠶᠢᠨ ᠪᠡᠶ᠎ᠡ ᠪᠠᠶᠢᠴᠠᠭᠠᠯᠳᠠ ᠶᠢ ᠬᠠᠷᠢᠭᠤᠴᠠᠨ᠎ᠠ3. ᠬᠢᠲᠠᠳ ᠮᠤᠩᠭᠤᠯ ᠡᠮᠨᠡᠯᠭᠡ ᠶᠢᠨ ᠬᠤᠷᠢᠶ᠎ᠠ ᠠᠴᠠ ᠴᠠᠩ ᠱᠦᠨ ᠪᠠᠯᠭᠠᠰᠤᠨ ᠤ ᠬᠠᠷᠢᠶᠠᠨ ᠳᠠᠬᠢ ᠲᠠᠩᠰᠠᠯᠠᠨ ᠺᠠᠷᠲᠯᠠᠭᠰᠠᠨ ᠶᠠᠳᠠᠭᠤ ᠬᠦᠴᠢᠷᠳᠡᠯᠲᠠᠢ ᠬᠦᠮᠦᠨ ᠠᠮᠠ  ᠶᠢᠨ ᠪᠡᠶ᠎ᠡ ᠪᠠᠶᠢᠴᠠᠭᠠᠯᠳᠠ ᠶᠢ ᠬᠠᠷᠢᠭᠤᠴᠠᠨ᠎ᠠ4. ᠯᠢᠶᠠᠨ ᠳ᠋ᠧ ᠡᠮᠨᠡᠯᠭᠡ ᠶᠢᠨ ᠬᠤᠷᠢᠶ᠎ᠠ ᠠᠴᠠ ᠭᠥᠩ ᠯᠠ ᠰᠢᠶᠠᠩ ᠤᠨ ᠬᠠᠷᠢᠶᠠᠨ ᠳᠠᠬᠢ ᠲᠠᠩᠰᠠᠯᠠᠨ ᠺᠠᠷᠲᠯᠠᠭᠰᠠᠨ ᠶᠠᠳᠠᠭᠤ ᠬᠦᠴᠢᠷᠳᠡᠯᠲᠠᠢ ᠬᠦᠮᠦᠨ ᠠᠮᠠ ᠶᠢᠨ ᠪᠠᠶ᠎ᠡ ᠪᠠᠶᠢᠴᠠᠭᠠᠯᠳᠠ ᠶᠢ ᠬᠠᠷᠢᠭᠤᠴᠠᠨ᠎ᠠ5. ᠰᠢᠶᠠᠨ ᠤ ᠡᠮᠨᠡᠯᠭᠡ  ᠶᠢᠨ ᠬᠤᠷᠢᠶ᠎ᠠ ᠠᠴᠠ ᠴᠢ ᠬᠤᠣ ᠪᠠᠯᠭᠠᠰᠤᠨ ᠤ ᠬᠠᠷᠢᠶᠠᠨ ᠳᠠᠬᠢ ᠲᠠᠩᠰᠠᠯᠠᠨ‌‍ᠺᠠᠷᠲᠯᠠᠭᠰᠠᠨ ᠶᠠᠳᠠᠭᠤ ᠬᠦᠴᠢᠷᠳᠡᠯᠲᠠᠢ ᠬᠦᠮᠦᠨ ᠠᠮᠠ ᠶᠢᠨ ᠪᠡᠶ᠎ᠡ ᠪᠠᠶᠢᠴᠠᠭᠠᠯᠳᠠ ᠶᠢ ᠬᠠᠷᠢᠭᠤᠴᠠᠨ᠎ᠠᠬᠤᠶᠠᠷ᠂ ᠪᠡᠶ᠎ᠡ ᠪᠠᠶᠢᠴᠠᠭᠠᠬᠤ ᠴᠠᠭ    2018ᠣᠨ ᠤ5 ᠰᠠᠷ᠎ᠠ ᠶᠢᠨ20 ᠠᠴᠠ ᠡᠬᠢᠯᠡᠵᠤ 2018 ᠣᠨ ᠤ 8 ᠰᠠᠷ᠎ᠠ ᠶᠢᠨ ᠰᠡᠭᠦᠯᠴᠢ ᠳᠤ ᠲᠠᠭᠤᠰᠤᠨ᠎ᠠ  ᠃ ᠡᠯ᠎ᠡ  ᠭᠠᠴᠠᠭ᠎ᠠ ᠪᠤᠲᠠᠲᠠᠢ ᠴᠠᠭ ᠢᠶᠠᠨ ᠪᠡᠶ᠎ᠡ ᠪᠠᠶᠢᠴᠠᠭᠠᠬᠤ ᠪᠠᠶᠢᠭᠤᠯᠭ᠎ᠠ ᠪᠠ ᠰᠢᠶᠠᠩ ᠪᠠᠯᠭᠠᠰᠤᠨ ᠤ ᠵᠠᠰᠠᠭ ᠤᠨ ᠣᠷᠳᠣᠨ᠂ ᠨᠡᠶᠢᠭᠡᠮ ᠤᠨ ᠲᠤᠭᠤᠷᠢᠭ᠂ ᠭᠠᠴᠠᠭᠠᠨ ᠤ ᠵᠦᠪᠯᠡᠯ ᠤᠨ ᠠᠵᠢᠯᠳᠠᠳ ᠲᠠᠢ ᠬᠠᠷᠢᠯᠴᠠᠵᠤ ᠲᠤᠭᠳᠠᠭᠠᠨ᠎ᠠ᠃ᠭᠤᠷᠪᠠ  ᠂ ᠪᠤᠳᠠᠲᠠᠢ ᠱᠠᠭᠠᠷᠳᠠᠯᠭ᠎ᠠ1. ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠠᠴᠠ ᠬᠠᠷᠢᠶᠠᠨ ᠳᠠᠬᠢ ᠲᠠᠩᠰᠠᠯᠠᠨ ᠺᠠᠷᠲᠯᠠᠭᠰᠠᠨ ᠶᠠᠳᠠᠭᠤ ᠬᠦᠴᠢᠷᠳᠡᠯᠲᠠᠢ ᠬᠦᠮᠦᠨ ᠠᠮᠠ ᠶᠢᠨ ᠪᠡᠶ᠎ᠡ ᠪᠠᠶᠢᠴᠠᠭᠠᠯᠳᠠ ᠳᠤ ᠤᠷᠤᠯᠴᠠᠬᠤ ᠶᠢ ᠬᠢᠨᠠᠮᠠᠭᠠᠢ ᠵᠤᠬᠢᠶᠠᠨ ᠪᠠᠶᠢᠭᠤᠯᠵᠤ᠂ ᠭᠠᠴᠠᠭᠠᠨ ᠤ ᠵᠦᠪᠯᠠᠯ᠂ ᠲᠤᠰᠬᠤᠨ ᠳᠤ ᠰᠠᠭᠤᠭ᠎ᠠ ᠠᠵᠢᠯ ᠤᠨ ᠲᠤᠭᠤᠶᠢᠯᠠᠩ ᠢ ᠲᠠᠶᠢᠴᠢᠯᠠᠵᠤ᠂ ᠵᠤᠬᠢᠶᠠᠨ ᠪᠠᠶᠢᠭᠤᠯᠬᠤ ᠠᠵᠢᠯ ᠪᠠ ᠤᠬᠠᠭᠤᠯᠬᠤ ᠠᠵᠢᠯ ᠢ ᠦᠷᠨᠢᠬᠦᠯᠵᠦ᠂ ᠪᠦᠬᠦᠨ ᠢ ᠪᠡᠶ᠎ᠡ ᠶᠢᠨ ᠪᠠᠶᠢᠴᠠᠭᠠᠯᠳᠠ ᠳᠤ ᠤᠷᠤᠯᠴᠠᠭᠤᠯᠬᠤ ᠪᠠᠷ ᠴᠢᠷᠮᠠᠶᠢᠨ᠎ᠠ᠃2.ᠡᠷᠡᠭᠦᠯ ᠬᠠᠮᠠᠭᠠᠯᠠᠯ ᠲᠦᠯᠦᠪᠯᠡᠭᠡᠳᠤ ᠦᠷᠡᠵᠢᠯ ᠤᠨ ᠲᠤᠪᠴᠢᠶ᠎ᠡ ᠠᠴᠠ ᠡᠯ᠎ᠡ ᠪᠡᠶ᠎ᠡ ᠪᠠᠶᠢᠴᠠᠭᠠᠬᠤ ᠪᠠᠶᠢᠭᠤᠯᠭ᠎ᠠ ᠶᠢᠨ ᠠᠵᠢᠯᠳᠠᠨ ᠢ ᠵᠤᠬᠢᠶᠠᠨ ᠪᠠᠶᠢᠭᠤᠯᠵᠤ ᠪᠤᠯᠪᠠᠰᠤᠷᠠᠭᠤᠯᠤᠯᠳᠠ ᠳᠤ ᠤᠷᠤᠯᠴᠠᠭᠤᠯᠵᠤ᠂ ᠲᠦᠬᠦᠬᠡᠷᠦᠮᠵᠢ ᠶᠢ ᠵᠠᠰᠠᠵᠤ᠂ ᠲᠤᠷᠰᠢᠯᠳᠠ ᠶᠢᠨ ᠡᠮ ᠤᠨ ᠨᠦᠬᠡᠴᠡ ᠵᠡᠷᠭᠡ ᠠᠵᠢᠯ ᠬᠢᠨᠠᠮᠠᠭᠠᠢ ᠰᠠᠶᠢᠳᠤᠷ ᠬᠢᠵᠤ᠂ ᠪᠠᠶ᠎ᠡ ᠪᠠᠶᠢᠴᠠᠭᠠᠯᠳᠠ ᠶᠢᠨ ᠴᠢᠨᠠᠷ ᠢ ᠪᠠᠳᠤᠯᠠᠵᠤ᠂ ᠪᠠᠶ᠎ᠡ ᠪᠠᠶᠢᠴᠠᠭᠠᠯᠳᠠ ᠶᠢᠨ ᠮᠡᠳᠡᠭᠡ ᠶᠢ ᠴᠠᠭ ᠲᠤᠬᠠᠢ ᠳᠤᠨᠢ ᠮᠡᠳᠡᠭᠦᠯᠬᠦ ᠶᠢᠨ ᠬᠠᠮᠳᠤ ᠲᠤᠭ᠎ᠠ ᠪᠠᠷᠢᠮᠳᠠ ᠶᠢᠨ ᠡᠮᠬᠢᠳᠬᠡᠯ ᠪᠠ ᠠᠵᠢᠯ ᠤᠨ ᠵᠠᠳᠠᠯᠤᠯᠳᠠ ᠶᠢ ᠰᠠᠶᠢᠳᠤᠷ ᠬᠢᠨ᠎ᠡ᠃3.ᠶᠠᠳᠠᠭᠤ ᠬᠦᠴᠢᠷᠳᠡᠯᠲᠠᠢ ᠬᠦᠮᠦᠨ ᠠᠮᠠ ᠪᠡᠶ᠎ᠡ ᠪᠠᠶᠢᠴᠠᠭᠠᠬᠤ ᠳᠤ ᠪᠠᠨ ᠲᠤᠰ ᠬᠦᠮᠦᠨ ᠤ ᠪᠡᠶ᠎ᠡ ᠶᠢᠨ ᠦᠨᠡᠮᠯᠡᠯ ᠢᠶᠠᠨ ᠠᠪᠬᠤ ᠭᠡᠷᠡᠭᠲᠡᠢ᠂ ᠬᠦᠳᠡᠯᠵᠤ ᠪᠠᠷᠢᠬᠤ ᠳᠤ ᠪᠠᠨ ᠲᠦᠭᠦᠮ ᠦᠬᠡᠢ ᠬᠦᠮᠦᠰ ᠭᠡᠷ ᠤᠨ ᠬᠦᠮᠦᠨ ᠢᠶᠠᠨ ᠲᠠᠭᠠᠭᠤᠯᠬᠤ ᠭᠡᠷᠡᠭᠲᠡᠢ᠃ ᠪᠡᠶ᠎ᠡ ᠶᠢᠨ ᠪᠠᠶᠢᠴᠠᠭᠠᠯᠳᠠ ᠶᠢᠨ ᠡᠮᠤᠨ᠎ᠡ ᠤᠷᠤᠢ ᠶᠢᠨ 8 ᠴᠠᠭ ᠠᠴᠠ ᠬᠤᠶᠢᠰᠢ ᠶᠠᠭᠤᠮ᠎ᠠ ᠢᠳᠡᠵᠤ ᠪᠣᠯᠬᠤ ᠦᠬᠡᠢ᠂ ᠪᠡᠶ᠎ᠡ ᠶᠢᠨ ᠪᠠᠶᠢᠴᠠᠭᠠᠯᠳᠠ ᠶᠢᠨ ᠡᠳᠤᠷ ᠤᠨ ᠦᠷᠯᠦᠭᠡ ᠦᠯᠦᠩ ᠪᠠᠶᠢᠬᠤ ᠭᠡᠷᠡᠭᠲᠡᠢ᠃                  ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠠᠯᠪᠠᠨ ᠭᠡᠷ                                    2018ᠣᠨ ᠤ5 ᠰᠠᠷ᠎ᠠ ᠶᠢᠨ17 ᠤ ᠡᠳᠤᠷ                    
 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠲᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10002599号