ᠥᠪᠥᠷ ᠮᠣᠩᠭᠤᠯ ᠤᠨ ᠥᠷᠯᠦᠭᠡ ᠶᠢᠨ ᠰᠣᠨᠢᠨ ᠤ ᠮᠡᠳᠡᠭᠡᠯᠡᠭᠰᠡᠨ ᠠᠴᠠ ᠦᠵᠡᠪᠡᠯ᠂ 2018 ᠣᠨ ᠠᠴᠠ | ᠡᠬᠢᠯᠡᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠨᠠᠰᠤᠲᠠᠶᠢᠴᠤᠳ ᠤᠨ ᠭᠡᠨᠡᠳᠲᠡ ᠶᠢᠨ ᠭᠡᠮᠳᠤᠯ ᠤᠨ | ᠳᠠᠭᠠᠳᠬᠠᠯ ᠤᠨ ᠲᠦᠷᠦᠯ ᠵᠦᠢᠯ ᠢ ᠪᠦᠬᠦ ᠲᠠᠯ᠎ᠠ ᠪᠠᠷ ᠬᠡᠷᠡᠭᠵᠢᠭᠦᠯᠵᠦ᠂ ᠥᠪᠥᠷ ᠮᠣᠩᠭᠤᠯ ᠤᠨ ᠡᠷᠦᠬᠡ ᠠᠮᠠ ᠪᠦᠬᠦᠢ | 60 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠴᠦᠮ ᠵᠠᠰᠠᠭ ᠤᠨ ᠣᠷᠳᠤᠨ ᠠᠴᠠ ᠨᠦᠬᠦᠪᠦᠷᠢ ᠥᠭᠬᠦ | ᠭᠡᠨᠡᠳᠲᠡ ᠶᠢᠨ ᠭᠡᠮᠳᠤᠯ ᠤᠨ ᠳᠠᠭᠠᠳᠬᠠᠯ ᠤᠨ ᠦᠢᠯᠡᠴᠢᠯᠡᠭᠡ ᠬᠦᠷᠲᠡᠬᠦ ᠪᠣᠯᠣᠮᠵᠢ ᠲᠠᠢ ᠪᠣᠯᠪᠠ᠃ | ᠤᠶᠢᠷ᠎ᠠ ᠶᠢᠨ ᠡᠳᠦᠷ᠂ ᠳᠤᠮᠳᠠᠲᠤ ᠤᠯᠤᠰ ᠤᠨ ᠠᠮᠢ ᠨᠠᠰᠤᠨ ᠤ ᠳᠠᠭᠠᠳᠬᠠᠯ ᠤᠨ ᠬᠤᠪᠢ ᠤᠷᠤᠭᠤᠯᠤᠭᠰᠠᠨ | ᠬᠢᠵᠠᠭᠠᠷᠲᠤ ᠺᠣᠮᠫᠠᠨᠢ ᠶᠢᠨ ᠥᠪᠥᠷ ᠮᠣᠩᠭᠤᠯ ᠳᠠᠬᠢ ᠬᠤᠪᠢᠶᠠᠷᠢ ᠺᠣᠮᠫᠠᠨᠢ ᠬᠢᠭᠡᠳᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠤᠨ ᠤ ᠠᠷᠠᠳ ᠤᠨ ᠶᠠᠪᠤᠳᠠᠯ ᠤᠨ ᠲᠢᠩᠭᠢᠮ ᠠᠴᠠ ᠨᠠᠰᠤᠲᠠᠶᠢᠴᠤᠳ ᠤᠨ ᠭᠡᠨᠡᠳᠲᠡ ᠶᠢᠨ ᠭᠡᠮᠳᠦᠯ ᠤᠨ | ᠳᠠᠭᠠᠳᠬᠠᠯ ᠤᠨ ᠬᠡᠯᠡᠯᠴᠡᠭᠡᠷ ᠲᠤ ᠠᠯᠪᠠᠨ ᠶᠤᠰᠤ ᠪᠠᠷ ᠭᠠᠷ ᠤᠨ ᠦᠰᠦᠭ ᠵᠢᠷᠤᠵᠤ᠂ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠤᠨ ᠤ ᠨᠠᠰᠤᠲᠠᠶᠢᠴᠤᠳ ᠤᠨ ᠭᠡᠨᠡᠳᠲᠡ ᠶᠢᠨ ᠭᠡᠮᠳᠦᠯ ᠤᠨ ᠳᠠᠭᠠᠳᠬᠠᠯ ᠤᠨ ᠳᠠᠭᠠᠭᠠᠴᠢᠯᠠᠨ | ᠦᠢᠯᠡᠴᠢᠯᠡᠬᠦ ᠨᠢᠭᠡᠴᠡ ᠪᠣᠯᠪᠠ᠃ | ᠲᠤᠭᠲᠠᠭᠠᠯ ᠠᠴᠠ ᠦᠵᠡᠪᠡᠯ᠂ ᠥᠪᠡᠷᠲᠡᠭᠡᠨ ᠵᠠᠰᠠᠬᠤ ᠤᠷᠤᠨ ᠠᠴᠠ ᠠᠳᠠᠯᠢ ᠪᠣᠰᠤ ᠪᠠᠶᠢᠳᠠᠯ ᠢ ᠦᠨᠳᠦᠰᠦᠯᠡᠨ | ᠨᠠᠰᠤᠲᠠᠶᠢᠴᠤᠳ ᠲᠤ ᠰᠦᠢᠳᠬᠡᠯ ᠨᠢ15 ᠲᠦᠭᠦᠷᠢᠭ᠂ ᠳᠠᠭᠠᠳᠬᠠᠬᠤ ᠲᠤᠭ᠎ᠠ ᠨᠢ2.5 ᠲᠦᠮᠡᠨ ᠲᠦᠭᠦᠷᠢᠭ ᠤᠨ | ᠭᠡᠨᠡᠳᠲᠡ ᠶᠢᠨ ᠭᠡᠮᠳᠦᠯ ᠤᠨ ᠳᠠᠭᠠᠳᠬᠠᠯ ᠢ ᠪᠦᠬᠦ ᠦᠨ᠎ᠡ ᠪᠠᠷ ᠨᠢ ᠬᠤᠳᠠᠯᠳᠤᠨ ᠠᠪᠴᠤ ᠥᠭᠬᠦ ᠪᠤᠶᠤ ᠨᠢᠭᠡ | ᠬᠡᠰᠡᠭ ᠢ ᠨᠢ ᠨᠦᠬᠦᠪᠤᠷᠢᠯᠡᠨ ᠬᠤᠳᠠᠯᠳᠤᠨ ᠠᠪᠴᠤ ᠥᠭᠬᠦᠨ᠎ᠡ᠃ ᠡᠭᠦᠨ ᠳᠤ᠂ ᠥᠪᠥᠷ ᠮᠣᠩᠭᠤᠯ ᠤᠨᠡᠷᠦᠬᠡ ᠠᠮᠠ | ᠪᠦᠬᠦᠢ ᠪᠦᠬᠦᠯᠢ 60 ᠨᠠᠰᠤᠨ ᠠᠴᠠ ᠳᠡᠭᠡᠭᠰᠢᠬᠢ᠂ ᠠᠷᠠᠳ ᠤᠨ ᠶᠠᠪᠤᠳᠠᠯ ᠤᠨ ᠪᠠᠶᠢᠭᠤᠯᠭ᠎ᠠ ᠠᠴᠠ ᠭᠤᠣᠯᠳᠠᠯᠭ᠎ᠠ ᠲᠠᠢ | ᠲᠡᠳᠬᠦᠨ ᠳᠡᠮᠵᠢᠵᠤ ᠪᠠᠶᠢᠭ᠎ᠠ ᠡᠲᠡᠭᠡᠳ᠂ ᠣᠨᠴᠠ ᠬᠦᠴᠢᠷᠳᠡᠯ ᠲᠠᠢ ᠬᠦᠮᠦᠰ᠂ ᠵᠡᠮᠳᠡᠭᠴᠦᠳ ᠤᠨ ᠰᠣᠪᠢᠯᠠᠯᠲᠠ ᠶᠢᠨ | ᠨᠦᠬᠦᠪᠦᠷᠢ ᠬᠦᠷᠲᠡᠵᠦ ᠪᠠᠶᠢᠭ᠎ᠠ ᠬᠦᠮᠦᠰ᠂ ︽ ᠭᠤᠷᠪᠠᠨᠠᠷᠠᠳ︾ ᠤᠨ ᠬᠦᠮᠦᠰ ᠤᠨ ᠳᠠᠭᠠᠳᠬᠠᠯ ᠤᠨ ᠰᠦᠢᠳᠬᠡᠯ ᠢ | ᠥᠪᠡᠷᠲᠡᠭᠡᠨ ᠵᠠᠰᠠᠬᠤ ᠣᠷᠤᠨ ᠤ ᠡᠳ᠋ ᠤᠨ ᠵᠠᠰᠠᠭ ᠠᠴᠠ5 ᠲᠦᠭᠦᠷᠢᠭ ᠤᠨ ᠨᠦᠬᠦᠪᠦᠷᠢ ᠥᠭᠴᠦ᠂ ᠬᠤᠪᠢ ᠬᠦᠮᠦᠨ | ᠨᠢ10 ᠲᠦᠭᠦᠷᠢᠭ ᠭᠠᠷᠭᠠᠵᠤ ᠪᠠᠶᠢᠭᠠᠳ ᠠᠳᠠᠯᠢ ᠲᠦᠷᠦᠯ ᠬᠡᠯᠪᠡᠷᠢ ᠶᠢᠨ ᠭᠡᠨᠡᠳᠲᠡ ᠶᠢᠨ ᠭᠡᠮᠳᠦᠯ ᠤᠨ ᠳᠠᠭᠠᠳᠬᠠᠯ | ᠬᠤᠳᠠᠯᠳᠤᠨ ᠠᠪᠴᠤ ᠥᠭᠬᠦᠨ᠎ᠡ᠃ ᠳᠠᠭᠠᠳᠬᠠᠭᠤᠯᠤᠭᠴᠢ ᠶᠢᠨ ᠳᠠᠭᠠᠳᠬᠠᠭᠤᠯᠬᠤ ᠪᠦᠬᠦ ᠲᠤᠭ᠎ᠠ ᠨᠢ 2.5 ᠲᠦᠮᠡᠨ | ᠲᠦᠭᠦᠷᠢᠭ ᠪᠠᠶᠢᠵᠤ ᠪᠣᠯᠣᠨ᠎ᠠ᠂ ᠡᠭᠦᠨ ᠳᠤ ᠬᠡᠨᠡᠳᠲᠡ ᠶᠢᠨ ᠭᠡᠮᠳᠦᠯ ᠳᠤ ᠨᠠᠰᠤ ᠪᠠᠷᠠᠭᠰᠠᠨ ᠪᠠ ᠰᠢᠷᠬᠠᠳᠤᠵᠤ | ᠵᠡᠮᠲᠡᠭᠷᠡᠭᠰᠡᠨ ᠤ ᠳᠠᠭᠠᠳᠬᠠᠯ ᠤᠨ ᠮᠥᠩᠭᠦ ᠨᠢ 2 ᠲᠦᠮᠡᠨ ᠲᠦᠭᠦᠷᠢᠭ᠂ ᠬᠡᠨᠡᠳᠲᠡ ᠶᠢᠨ ᠭᠡᠮᠳᠦᠯ ᠤᠨ ᠡᠮᠴᠢᠯᠡᠭᠡᠨ ᠤ | ᠳᠠᠭᠠᠳᠬᠠᠯ ᠤᠨ ᠮᠥᠩᠭᠦ ᠨᠢ 5000 ᠲᠦᠬᠦᠷᠢᠭ ᠪᠣᠯᠣᠨ᠎ᠠ᠃ | ᠤᠶᠢᠯᠭᠠᠭᠰᠠᠨ ᠢᠶᠠᠷ᠂ 2017 ᠣᠨ ᠤ ᠡᠴᠦᠰ ᠪᠣᠯᠲᠠᠯ᠎ᠠ ᠥᠪᠡᠷᠲᠡᠭᠡᠨ ᠵᠠᠰᠠᠬᠤ ᠣᠷᠤᠨ ᠤ ᠪᠦᠬᠦᠯᠢ 60 | ᠨᠠᠰᠤ ᠬᠦᠷᠦᠭᠰᠡᠨ ᠨᠠᠰᠤᠲᠠᠶᠢᠴᠤᠳ445 ᠲᠦᠮᠡ ᠬᠦᠷᠴᠦ᠂ ᠪᠦᠬᠦ ᠤᠷᠤᠨ ᠤ ᠡᠷᠦᠬᠡ ᠠᠮᠠ ᠶᠢᠨ ᠳᠠᠩᠰᠠ ᠲᠠᠢ | ᠪᠦᠬᠦ ᠬᠦᠮᠦᠨ ᠠᠮᠠ ᠶᠢᠨ18.3% ᠶᠢ ᠡᠵᠡᠯᠡᠵᠠᠢ᠃ ᠨᠠᠰᠤᠲᠠᠶᠢᠴᠤᠳ ᠤᠨ ᠭᠡᠨᠡᠳᠲᠡ ᠶᠢᠨ ᠭᠡᠮᠳᠦᠯ ᠤᠨ | ᠳᠠᠭᠠᠳᠬᠠᠯ ᠤᠨ ᠲᠦᠷᠦᠯ ᠵᠦᠢᠯ ᠢ ᠬᠡᠷᠡᠭᠵᠢᠭᠦᠯᠬᠦ ᠨᠢ ᠦᠨᠳᠦᠰᠦᠨ ᠨᠡᠶᠢᠭᠡᠮ ᠤᠨ ᠳᠠᠭᠠᠳᠬᠠᠯ ᠤᠨ ᠠᠰᠢᠭᠲᠠᠢ | ᠨᠦᠬᠦᠪᠦᠷᠢᠯᠡᠯ ᠪᠣᠯᠵᠤ᠂ ᠭᠡᠨᠡᠳᠲᠡ ᠶᠢᠨ ᠭᠡᠮᠳᠤᠯ ᠠᠴᠠ ᠪᠣᠯᠣᠭᠰᠠᠨ ᠨᠠᠰᠤᠲᠠᠶᠢᠴᠤᠳ ᠤᠨ ᠠᠵᠤ ᠠᠬᠤᠢ ᠶᠢᠨ | ᠳᠠᠷᠤᠯᠲᠠ ᠶᠢ ᠪᠦᠳᠦᠮᠵᠢᠲᠡᠢ ᠪᠠᠭᠤᠷᠠᠭᠤᠯᠵᠤ᠂ ᠨᠠᠰᠤᠲᠠᠶᠢᠴᠤᠳ ᠪᠣᠯᠣᠨ ᠭᠡᠷ ᠪᠦᠯᠢ ᠶᠢᠨ ᠬᠢᠨᠢ ᠠᠶᠤᠯ | ᠲᠦᠭᠰᠢᠭᠦᠷᠢ ᠶᠢ ᠡᠰᠡᠷᠭᠦᠴᠡᠬᠦ ᠴᠢᠳᠠᠪᠤᠷᠢ ᠶᠢ ᠳᠡᠭᠡᠭᠰᠢᠯᠡᠭᠦᠯᠬᠦ ᠶᠢᠨ ᠤᠯᠠᠮ ᠠᠴᠠ ᠬᠦᠮᠦᠨ ᠠᠮᠠ ᠶᠢᠨ | ᠨᠠᠰᠤᠵᠢᠯᠲᠠ ᠠᠴᠠ ᠪᠣᠯᠣᠭᠰᠠᠨ ᠨᠠᠰᠤᠵᠢᠯ ᠤᠨ ᠠᠰᠠᠷᠠᠮᠵᠢ᠂ ᠡᠮᠴᠢᠯᠡᠭᠡ ᠵᠡᠷᠭᠡ ᠲᠠᠯ᠎ᠠ ᠶᠢᠨ ᠨᠡᠶᠢᠭᠡᠮ ᠤᠨ ᠠᠶᠤᠯ | ᠲᠦᠭᠰᠢᠭᠦᠷᠢ ᠶᠢ ᠪᠠᠭᠤᠷᠠᠭᠤᠯᠵᠤ ᠳᠡᠶᠢᠯᠬᠦ ᠤᠴᠢᠷ ᠠᠴᠠ ᠥᠪᠡᠷᠲᠡᠭᠡᠨ ᠵᠠᠰᠠᠬᠤ ᠤᠷᠤᠨ ᠤ ᠬᠦᠮᠦᠨ ᠠᠮᠠ ᠶᠢᠨ | ᠨᠠᠰᠤᠵᠢᠯᠲᠠ ᠶᠢ ᠢᠳᠡᠪᠬᠢᠲᠡᠢ ᠠᠷᠭᠠᠴᠠᠬᠤ ᠪᠠ ᠣᠯᠠᠨ ᠳᠠᠪᠬᠤᠷᠭᠠᠲᠤ ᠨᠠᠰᠤᠵᠢᠯ ᠤᠨ ᠠᠰᠠᠷᠠᠮᠵᠢ ᠶᠢᠨ | ᠪᠠᠲᠤᠯᠠᠭ᠎ᠠ ᠶᠢᠨ ᠰᠢᠰᠲ᠋ᠧᠮ ᠢ ᠪᠦᠷᠢᠨᠰᠢᠬᠦᠯᠬᠦ ᠳᠤ ᠴᠢᠬᠤᠯᠠ ᠠᠴᠢ ᠬᠤᠯᠪᠤᠭᠳᠠᠯ ᠲᠠᠢ ᠶᠤᠮ᠃ ᠳᠠᠷᠠᠭᠠᠴᠢ ᠶᠢᠨ | ᠠᠯᠬᠤᠮ ᠳᠤ᠂ ᠥᠪᠡᠷᠲᠡᠭᠡᠨ ᠵᠠᠰᠠᠬᠤ ᠣᠷᠤᠨ ᠵᠠᠰᠠᠭ ᠤᠨ ᠣᠷᠳᠤᠨ ᠠᠴᠠ ᠬᠦᠲᠦᠯᠦᠨ ᠵᠢᠯᠦᠭᠤᠳᠬᠤ᠂ ᠵᠠᠬ᠎ᠠ | ᠳᠡᠯᠭᠡᠭᠦᠷ ᠢᠶᠠᠷ ᠠᠵᠢᠯᠯᠠᠭᠤᠯᠬᠤ᠂ ᠨᠡᠶᠢᠲᠡ ᠶᠢᠨ ᠠᠰᠠᠷᠠᠮᠵᠢ ᠶᠢ ᠢᠯᠡᠷᠡᠭᠦᠯᠬᠦ᠂ ᠰᠠᠶᠢᠨ ᠳᠤᠷ᠎ᠠ ᠠᠴᠠ ᠪᠠᠨ | ᠳᠠᠭᠠᠳᠬᠠᠯ ᠳᠤ ᠣᠷᠤᠬᠤ ᠶᠢ ᠤᠶᠠᠯᠳᠤᠭᠤᠯᠤᠭᠰᠠᠨ ᠨᠠᠰᠤᠲᠠᠶᠢᠴᠤᠳ ᠤᠨ ᠭᠡᠨᠡᠳᠲᠡ ᠶᠢᠨ ᠭᠡᠮᠳᠦᠯ ᠤᠨ | ᠳᠠᠭᠠᠳᠬᠠᠯ ᠤᠨ ᠳᠦᠷᠢᠮ ᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠨᠠᠰᠤᠲᠠᠶᠢᠴᠤᠳ ᠤᠨ ᠭᠡᠨᠡᠳᠲᠡ ᠶᠢᠨ | ᠭᠡᠮᠳᠦᠯ ᠤᠨ ᠳᠠᠭᠠᠳᠬᠠᠯ ᠤᠨ ᠬᠠᠮᠤᠷᠬᠤ ᠬᠡᠪᠴᠢᠶ᠎ᠡ ᠶᠢ ᠠᠯᠬᠤᠮ ᠠᠯᠬᠤᠮ ᠢᠶᠠᠷ ᠦᠷᠭᠡᠳᠬᠡᠬᠦ ᠪᠣᠯᠣᠨ᠎ᠠ᠃ |