ᠨᠡᠶᠢᠭᠡᠮ ᠤᠨ ᠳᠠᠭᠠᠳᠬᠠᠯ ᠤᠨ ︽ᠵᠢᠷᠭᠤᠳᠤᠭᠠᠷ ᠳᠠᠭᠠᠳᠬᠠᠯ︾ ᠬᠦᠷᠴᠦ ᠢᠷᠡᠯ᠎ᠡ
ᠨᠡᠶᠢᠲᠡᠯᠡᠭᠰᠡᠨ ᠴᠠᠭ᠄
2018-08-16
   ᠨᠠᠰᠤᠵᠢᠯ ᠤᠨ ᠠᠰᠠᠷᠠᠮᠵᠢ ᠶᠢᠨ ᠳᠠᠭᠠᠳᠬᠠᠯ᠂ ᠡᠮᠨᠡᠯᠭᠡ ᠶᠢᠨ ᠳᠠᠭᠠᠳᠬᠠᠯ᠂ ᠠᠵᠢᠯ ᠠᠴᠠ ᠪᠣᠯᠣᠭᠰᠠᠨ ᠭᠡᠮᠳᠤᠯ ᠤᠨ ᠳᠠᠭᠠᠳᠬᠠᠯ᠂ ᠠᠵᠢᠯ ᠠᠯᠳᠠᠯᠲᠠ ᠶᠢᠨ ᠳᠠᠭᠠᠳᠬᠠᠯ᠂ ᠬᠦᠩᠭᠡᠵᠢᠯ ᠤᠨ ᠳᠠᠭᠠᠳᠬᠠᠯ ᠠᠴᠠ ᠭᠠᠳᠠᠨ᠎ᠠ ᠨᠡᠶᠢᠭᠡᠮ ᠤᠨ ᠳᠠᠭᠠᠳᠬᠠᠯ ᠤᠨ ᠰᠢᠨ᠎ᠡ ᠨᠢᠭᠡ ᠲᠦᠷᠦᠯ ᠪᠣᠯᠬᠤ ᠤᠷᠲᠤ ᠬᠤᠭᠤᠴᠠᠭᠠᠨ ᠤ ᠠᠰᠠᠷᠠᠨ ᠰᠣᠪᠢᠯᠠᠬᠤ ᠳᠠᠭᠠᠳᠬᠠᠯ ᠶᠠᠭ ᠳᠤᠮᠳᠠᠲᠤ ᠤᠯᠤᠰ ᠲᠤ ᠠᠯᠭᠤᠷ ᠢᠶᠠᠷ ᠳᠡᠯᠭᠡᠷᠡᠨ ᠬᠡᠷᠡᠭᠵᠢᠭᠦᠯᠦᠭᠳᠡᠵᠦ᠂ ᠠᠮᠢᠳᠤᠷᠠᠯ ᠤᠨ ᠴᠢᠳᠠᠪᠤᠷᠢ ᠪᠠᠨ ᠠᠯᠳᠠᠭᠰᠠᠨ ᠨᠠᠰᠤᠲᠠᠶᠢᠴᠤᠳ ᠲᠤ ᠪᠠᠲᠤᠯᠠᠭ᠎ᠠ ᠬᠠᠩᠭᠠᠵᠤ ᠪᠣᠢ᠃    ᠳᠦᠷᠪᠡᠳᠡᠬᠢ ᠤᠳᠠᠭᠠᠨ ᠤ ᠳᠤᠮᠲᠠᠲᠤ ᠤᠯᠤᠰ ᠤᠨ ᠬᠤᠲᠠ ᠬᠦᠳᠡᠭᠡ ᠶᠢᠨ ᠨᠠᠰᠤᠲᠠᠶᠢᠴᠤᠳ ᠤᠨ ᠠᠮᠢᠳᠤᠷᠠᠯ ᠤᠨ ᠪᠠᠶᠢᠳᠠᠯ ᠤᠨ ᠰᠤᠭᠤᠬᠴᠢᠨ ᠪᠠᠶᠢᠴᠠᠭᠠᠯᠲᠠ ᠠᠴᠠ ᠢᠯᠡᠷᠡᠭᠦᠯᠦᠭᠰᠡᠨ ᠢᠶᠠᠷ᠂ ᠳᠤᠮᠲᠠᠲᠤ ᠤᠯᠤᠰ ᠲᠤ ᠠᠮᠢᠳᠤᠷᠠᠯ ᠤᠨ ᠴᠢᠳᠠᠪᠤᠷᠢ ᠪᠠᠨ ᠪᠦᠷᠢᠮᠤᠰᠤᠨ ᠠᠯᠳᠠᠭᠰᠠᠨ᠂ ᠬᠠᠭᠠᠰ ᠠᠯᠳᠠᠭᠰᠠᠨ ᠨᠠᠰᠤᠲᠠᠶᠢᠴᠣᠳ4000 ᠲᠦᠮᠡ ᠶᠢ ᠳᠠᠪᠠᠪᠡ᠃ ᠬᠠᠮᠢᠶ᠎ᠠ ᠪᠦᠬᠦᠢ ᠪᠠᠶᠢᠴᠠᠭᠠᠯᠲᠠ ᠳᠤ ᠢᠯᠡᠷᠡᠭᠦᠯᠦᠭᠰᠡᠨ ᠢᠶᠠᠷ᠂ ᠪᠦᠬᠦ ᠤᠯᠤᠰ ᠤᠨ7% ᠶᠢᠨ ᠭᠡᠷ ᠪᠦᠯᠢ ᠳᠤ ᠤᠷᠲᠤ ᠬᠤᠭᠤᠴᠠᠭ᠎ᠠ ᠪᠠᠷ ᠠᠰᠠᠷᠠᠬᠤ ᠴᠢᠬᠤᠯᠠ ᠲᠠᠢ ᠨᠠᠰᠤᠳᠠᠨ ᠲᠠᠢ ᠪᠠᠶᠢᠵᠤ᠂ ᠣᠳᠤᠬᠠᠨ ᠳᠤ ᠭᠤᠣᠯᠳᠠᠭᠤ ᠬᠠᠨᠢ ᠨᠦᠬᠦᠷ᠂ ᠦᠷ᠎ᠡ ᠬᠡᠦᠬᠡᠳ ᠪᠤᠶᠤ ᠰᠠᠳᠤᠨ ᠲᠦᠷᠦᠯ ᠨᠢ ᠠᠰᠠᠷᠠᠨ ᠬᠠᠷᠠᠭᠠᠯᠵᠠᠵᠤ᠂ ᠭᠤᠷᠪᠠᠳᠤᠭᠠᠷ ᠡᠲᠡᠭᠡᠳ ᠤᠨ ᠪᠠᠶᠢᠭᠤᠯᠤᠮᠵᠢ ᠶᠢᠨ ᠦᠢᠯᠡᠴᠢᠯᠡᠭᠡ ᠶᠢ ᠬᠦᠷᠲᠡᠵᠤ ᠪᠠᠶᠢᠭ᠎ᠠ ᠬᠠᠷᠢᠴᠠᠯ ᠮᠠᠰᠢ ᠲᠣᠣᠷ᠎ᠠ ᠪᠠᠶᠢᠨ᠎ᠠ᠃    ᠳᠤᠮᠳᠠᠲᠤ ᠤᠯᠤᠰ ᠤᠨ ᠬᠦᠳᠡᠯᠮᠤᠷᠢ ᠪᠠ ᠨᠡᠶᠢᠭᠡᠮ ᠤᠨ ᠪᠠᠳᠤᠯᠠᠪᠤᠷᠢ ᠶᠢᠨ ᠰᠢᠨᠵᠢᠯᠡᠬᠦ ᠤᠬᠠᠭᠠᠨ ᠤ ᠰᠣᠳᠤᠯᠭᠠᠨ ᠤ ᠬᠦᠷᠢᠶᠡᠯᠡᠩ ᠤᠨ ᠳᠠᠷᠤᠭ᠎ᠠ ᠶᠢᠨ ᠸᠧᠢ ᠭᠠᠩ᠂ ᠬᠦᠮᠦᠨ ᠠᠮᠠ ᠦᠷᠬᠦᠯᠵᠢᠯᠡᠨ ᠨᠡᠮᠡᠭᠳᠡᠬᠦ ᠪᠠ ᠨᠠᠰᠤᠵᠢᠯ ᠤᠨ ᠬᠤᠷᠳᠤᠴᠠ ᠲᠠᠰᠤᠷᠠᠯᠲᠠ ᠦᠭᠡᠢ ᠲᠦᠷᠭᠡᠳᠬᠦ ᠶᠢ ᠳᠠᠭᠠᠯᠳᠤᠵᠤ᠂ ᠠᠮᠢᠳᠤᠷᠠᠯ ᠤᠨ ᠴᠢᠳᠠᠪᠤᠷᠢ ᠪᠠᠨ ᠪᠦᠷᠢᠮᠤᠰᠤᠨ ᠠᠯᠳᠠᠭᠰᠠᠨ ᠪᠠ ᠬᠠᠭᠠᠰ ᠠᠯᠳᠠᠭᠰᠠᠨ ᠵᠢᠴᠢ ᠪᠤᠰᠤᠳ ᠤᠶᠤᠨ ᠤ ᠴᠢᠳᠠᠪᠤᠷᠢ ᠪᠠᠨ ᠠᠯᠳᠠᠭᠰᠠᠨ᠂ ᠣᠶᠤᠨ ᠮᠠᠳᠡᠷᠡᠯ ᠤᠨ ᠰᠠᠭᠠᠳ ᠲᠠᠢ ᠬᠦᠮᠦᠨ ᠤ ᠲᠤᠭ᠎ᠠ ᠤᠯᠠᠮ ᠨᠢᠭᠡ ᠠᠯᠬᠤᠮ ᠨᠡᠮᠡᠭᠲᠡᠵᠦ᠂ ᠡᠳᠡᠭᠡᠷ ᠬᠦᠮᠦᠰ ᠲᠤ ᠤᠷᠲᠤ ᠬᠤᠭᠤᠴᠠᠭᠠᠨ ᠤ ᠬᠠᠷᠠᠭᠠᠯᠵᠠᠯ ᠬᠦᠷᠲᠡᠭᠡᠬᠦ ᠨᠡᠶᠢᠭᠡᠮ ᠤᠨ ᠬᠡᠷᠡᠭᠴᠡᠭᠡ ᠱᠠᠭᠠᠷᠳᠠᠯᠭ᠎ᠠ ᠲᠠᠰᠤᠷᠠᠯᠲᠠ ᠦᠭᠡᠢ ᠨᠡᠮᠡᠭᠲᠡᠵᠦ ᠪᠠᠶᠢᠨ᠎ᠠ᠃ ᠡᠶᠢᠮᠤ ᠠᠴᠠ ᠬᠠᠮᠢᠶ᠎ᠡ ᠪᠦᠬᠦᠢ ᠳᠦᠷᠢᠮ ᠲᠤᠭᠲᠠᠭᠠᠯ ᠢ ᠪᠠᠶᠢᠭᠤᠯᠤᠨ ᠲᠡᠭᠦᠯᠳᠡᠷᠵᠢᠭᠦᠯᠬᠦ ᠠᠵᠢᠯ ᠪᠠᠴᠢᠮ ᠲᠤᠯᠭᠠᠮ᠎ᠡ ᠱᠠᠭᠠᠷᠳᠠᠭᠳᠠᠵᠤ ᠪᠠᠶᠢᠨ᠎ᠠ ᠭᠡᠵᠤ ᠬᠡᠯᠡᠵᠠᠢ᠃    ᠡᠶᠢᠮᠤᠷᠬᠦ ᠱᠠᠭᠠᠷᠳᠠᠯᠭ᠎ᠠ ᠳᠤ ᠴᠢᠭᠯᠡᠭᠦᠯᠵᠦ᠂ ᠤᠷᠲᠤ ᠬᠤᠭᠤᠴᠠᠭ᠎ᠠ ᠪᠠᠷ ᠠᠰᠠᠷᠠᠨ ᠰᠣᠪᠢᠯᠠᠬᠤ ᠳᠠᠭᠠᠳᠬᠠᠯ ᠤᠨ ᠳᠦᠷᠢᠮ ᠨᠢ ᠳᠤᠮᠳᠠᠲᠤ ᠤᠯᠤᠰ ᠲᠤ ᠴᠠᠭ ᠲᠠᠭᠠᠨ ᠲᠣᠬᠢᠷᠠᠨ ᠪᠣᠢ ᠪᠣᠯᠪᠠ᠃ 2016 ᠣᠨ ᠤ ᠪᠦᠬᠦ ᠤᠯᠤᠰ ᠤᠨ15 ᠬᠤᠲᠠ ᠪᠠ ᠬᠤᠶᠠᠷ ᠭᠤᠣᠯᠳᠠᠯᠭ᠎ᠠ ᠲᠠᠢ ᠮᠣᠵᠢ ᠣᠷᠤᠨ ᠳᠤ ᠤᠷᠲᠤ ᠬᠠᠭᠤᠷᠴᠠᠭ᠎ᠠ ᠪᠠᠷ ᠠᠰᠠᠷᠠᠨ ᠰᠣᠪᠢᠯᠠᠬᠤ ᠳᠠᠭᠠᠳᠬᠠᠯ ᠤᠨ ᠳᠦᠷᠢᠮ ᠤᠨ ᠲᠤᠷᠰᠢᠯᠲᠡ ᠶᠢᠨ ᠴᠡᠭ ᠤᠨ ᠠᠵᠢᠯ ᠢ ᠡᠬᠢᠯᠡᠭᠦᠯᠵᠦ᠂ ᠨᠡᠶᠢᠭᠡᠮ ᠤᠨ ᠬᠠᠷᠢᠯᠴᠠᠨ ᠬᠠᠪᠰᠤᠷᠤᠯᠴᠠᠨ ᠲᠤᠰᠠᠯᠠᠯᠴᠠᠬᠤ ᠬᠡᠯᠪᠡᠷᠢ ᠪᠠᠷ ᠪᠡᠯᠡ ᠴᠤᠭᠯᠠᠭᠤᠯᠤᠨ᠂ ᠤᠷᠲᠤ ᠬᠤᠭᠤᠴᠠᠭ᠎ᠠ ᠪᠠᠷ ᠠᠮᠢᠳᠤᠷᠠᠯ ᠤᠨ ᠴᠢᠳᠠᠪᠤᠢ ᠪᠠᠨ ᠠᠯᠳᠠᠭᠰᠠᠳ ᠲᠤ ᠦᠨᠳᠤᠰᠤᠨ ᠠᠮᠢᠳᠤᠷᠠᠯ ᠤᠨ ᠬᠠᠷᠠᠭᠠᠯᠵᠠᠯ ᠪᠣᠯᠣᠨ ᠦᠨᠳᠤᠰᠤᠨ ᠠᠮᠢᠳᠤᠷᠠᠯ ᠲᠠᠢ ᠨᠢ ᠨᠢᠭᠲᠠ ᠬᠤᠯᠪᠤᠭᠳᠠᠭᠰᠠᠨ ᠡᠮᠨᠡᠯᠭᠡ ᠶᠢᠨ ᠰᠣᠪᠢᠯᠠᠯᠲᠠ ᠳᠤ ᠪᠡᠯᠡ ᠮᠥᠩᠬᠦ ᠪᠤᠶᠤ ᠦᠢᠯᠡᠴᠢᠯᠡᠭᠡ ᠶᠢᠨ ᠪᠠᠳᠤᠯᠠᠭ᠎ᠠ ᠬᠠᠩᠭᠠᠬᠤ ᠨᠡᠶᠢᠭᠡᠮ ᠤᠨ ᠳᠠᠭᠠᠳᠬᠠᠯ ᠤᠨ ᠳᠦᠷᠢᠮ ᠢ ᠰᠦᠪᠡᠭᠴᠢᠯᠡᠨ ᠪᠠᠶᠢᠭᠤᠯᠵᠠᠢ᠃     ᠲᠠᠨᠢᠯᠴᠠᠭᠤᠯᠤᠭᠰᠠᠨ ᠢᠶᠠᠷ᠂ ᠬᠤᠶᠠᠷ ᠵᠢᠯ ᠤᠨ ᠰᠦᠪᠡᠭᠴᠢᠯᠡᠯᠲᠡ ᠪᠠᠷ ᠳᠠᠮᠵᠢᠵᠤ ᠤᠷᠲᠤ ᠬᠤᠭᠤᠴᠠᠭᠠᠨ ᠤ ᠠᠰᠠᠷᠠᠨ ᠰᠣᠪᠢᠯᠠᠬᠤ ᠳᠠᠭᠠᠳᠬᠠᠯ ᠤᠨ ᠳᠦᠷᠢᠮ ᠨᠢ ᠨᠢᠭᠡᠨᠲᠡ ᠴᠢᠩᠳᠤᠤ᠂ ᠱᠠᠩᠬᠠᠢ ᠵᠡᠷᠭᠡ15 ᠲᠤᠷᠰᠢᠯᠲᠠ ᠶᠢᠨ ᠴᠡᠭ ᠤᠨ ᠬᠤᠲᠠ ᠪᠠ ᠪᠡᠭᠡᠵᠢᠩ᠂ ᠾᠧᠪᠧᠢ ᠵᠡᠷᠬᠡ ᠮᠣᠵᠢ ᠬᠤᠲᠠ ᠶᠢᠨ ᠲᠤᠷᠰᠢᠯᠲᠠ ᠶᠢᠨ ᠴᠡᠭ ᠤᠨ ᠪᠣᠰᠤ ᠣᠷᠤᠨ ᠳᠤ ᠬᠡᠷᠡᠭᠵᠢᠭᠦᠯᠦᠭᠳᠡᠵᠦ᠂ 4800ᠲᠦᠮᠡᠨ‌‍ᠬᠦ᠋ᠮᠦᠨ ᠢ ᠬᠠᠮᠤᠷᠴᠤ᠂ ᠱᠠᠳᠤᠴᠢ ᠴᠢᠨᠠᠷᠲᠠᠢ ᠬᠢᠷᠢ ᠪᠦᠳᠦᠮᠵᠢ ᠣᠯᠵᠠᠢ᠃ 2017 ᠣᠨ ᠤ ᠡᠴᠦᠰ ᠪᠣᠯᠲᠠᠯ᠎ᠠ7.5 ᠲᠦᠮᠡᠨ ᠬᠦᠮᠦᠨ ᠪᠠᠲᠤᠯᠠᠭ᠎ᠠ ᠶᠢᠨ ᠬᠠᠷᠠᠭᠠᠯᠵᠠᠯ ᠢ ᠬᠦᠷᠲᠡᠵᠦ᠂ ᠳᠠᠭᠠᠳᠬᠠᠯ ᠤᠨ ᠲᠦᠯᠦᠪᠤᠷᠢ ᠮᠥᠩᠭᠦ 5.7 ᠳ᠋ᠦᠩᠰᠢᠭᠤᠷ ᠲᠦᠭᠦᠷᠢᠭ ᠲᠤ ᠬᠦᠷᠴᠦ᠂ ᠠᠮᠢᠳᠤᠷᠠᠯ ᠤᠨ ᠴᠢᠳᠠᠪᠤᠷᠢ ᠪᠠᠨ ᠠᠯᠳᠠᠭᠰᠠᠳ ᠪᠣᠯᠣᠨ ᠲᠡᠳᠡᠨ‌‍ᠦ ᠭᠡᠷ ᠪᠦᠯᠢ ᠶᠢᠨ ᠠᠵᠤ ᠠᠬᠤᠢ ᠶᠢᠨ ᠳᠠᠷᠤᠭᠠᠰᠤ ᠶᠢ ᠬᠦᠩᠭᠡᠯᠡᠭᠰᠡᠨ ᠢᠶᠠᠷ ᠪᠠᠷᠠᠬᠤ ᠦᠭᠡᠢ ᠲᠤᠷᠰᠢᠯᠲᠠ ᠶᠢᠨ ᠴᠡᠭ ᠤᠨ ᠭᠠᠵᠠᠷ ᠣᠷᠤᠨ ᠤ ᠬᠠᠮᠢᠶ᠎ᠡ ᠪᠦᠬᠦᠢ ᠠᠵᠤ ᠦᠢᠯᠡᠰ ᠤᠨ ᠪᠡᠯᠡ ᠣᠷᠤᠭᠤᠯᠤᠯᠲᠠ ᠶᠢ 70 ᠳ᠋ᠦᠩᠰᠢᠭᠤᠷ ᠲᠦᠭᠦᠷᠢᠭ ᠳᠠᠶᠢᠴᠢᠯᠠᠵᠤ᠂ 4 ᠲᠦᠮᠡ ᠭᠠᠷᠤᠢ ᠬᠦᠮᠦᠨ ᠤᠳᠠᠭ᠎ᠠ ᠶᠢᠨ ᠠᠵᠢᠯ ᠣᠯᠭᠤᠯᠲᠠ ᠶᠢ ᠰᠢᠭᠤᠳ ᠳᠠᠶᠢᠴᠢᠯᠠᠵᠤ᠂ ᠰᠣᠪᠢᠯᠠᠯᠲᠠ ᠶᠢᠨ ᠦᠢᠯᠡᠴᠢᠯᠡᠭᠡ ᠶᠢᠨ ᠦᠢᠯᠡᠰ ᠤᠨ ᠵᠠᠬ᠎ᠠ ᠳᠡᠯᠭᠡᠭᠦᠷ ᠤᠨ ᠬᠦᠭᠵᠢᠯᠲᠡ ᠶᠢ ᠬᠦᠴᠦᠲᠡᠢ ᠠᠬᠢᠭᠤᠯᠪᠠ᠃
 
ᠢᠷᠡᠯᠲᠡ᠄ ᠳᠤᠮᠳᠠᠲᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10002599号