ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠠᠷᠪᠠᠨ ᠳᠦᠷᠪᠡᠳᠦᠭᠡᠷ ᠬᠤᠭᠤᠴᠠᠭᠠᠨ ᠤ ᠪᠡᠶ᠎ᠡ ᠲᠠᠮᠢᠷ ᠤᠨ ᠴᠤᠭᠯᠠᠭᠠᠨ ᠮᠠᠨ ᠤ ᠬᠤᠲᠠ ᠳᠤ ᠥᠪᠡᠳᠡᠭᠰᠢ ᠶᠡᠬᠡᠪᠡᠷ ᠬᠦᠰᠢᠭᠡ ᠪᠠᠨ ᠰᠡᠬᠦᠪᠡ
ᠨᠡᠶᠢᠲᠡᠯᠡᠭᠰᠡᠨ ᠴᠠᠭ᠄
2018-08-23
    8ᠰᠠᠷ᠎ᠠ ᠶᠢᠨ18 ᠤ20 ᠴᠠᠭ ᠲᠤ᠂ ︽ᠤᠯᠠᠭᠠᠨᠴᠠᠪ ᠲᠤ ᠤᠴᠠᠷᠠᠨ ᠵᠣᠯᠭᠠᠵᠤ᠂ ᠪᠡᠶ᠎ᠡ ᠲᠠᠮᠢᠷ ᠤᠨ ᠬᠦᠰᠡᠯ‌‍ᠲ᠋ᠡᠭᠦᠯᠢᠯ︾ ᠭᠡᠬᠦ ᠭᠤᠣᠯ ᠰᠡᠳᠦᠪ ᠵᠶ᠋ᠡᠷ‌ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠠᠷᠪᠠᠨ ᠳᠦᠷᠪᠡᠳᠦᠭᠡᠷ ᠬᠤᠭᠤᠴᠠᠭᠠᠨ ᠤ ᠪᠡᠶ᠎ᠡ ᠲᠠᠮᠢᠷ ᠤᠨ ᠴᠤᠭᠯᠠᠭᠠᠨ ᠤᠯᠠᠭᠠᠨᠴᠠᠪ ᠬᠤᠲᠠ ᠶᠢᠨ ᠪᠡᠶ᠎ᠡ ᠲᠠᠮᠢᠷ ᠤᠨ ᠲᠠᠯᠠᠪᠤᠷ ᠲᠤ ᠥᠪᠡᠳᠡᠭᠰᠢ ᠶᠡᠭᠡ ᠪᠠᠷ ᠡᠬᠢᠯᠡᠪᠡ᠃ ᠲᠣᠰ ᠡᠳᠦᠷ ᠤᠨ19 ᠴᠠᠭ ᠲᠤ᠂ ᠪᠡᠶ᠎ᠡ ᠲᠠᠮᠢᠷ ᠤᠨ ᠴᠤᠭᠯᠠᠭᠠᠨ ᠤ ᠬᠦᠰᠢᠭᠡ ᠨᠡᠭᠡᠭᠡᠭᠳᠡᠬᠦ ᠠᠴᠠ ᠨᠢᠭᠡ ᠴᠠᠭ ‍ᠤᠨ‌ᠡᠮᠦᠨ᠎ᠡ ᠡᠷᠲᠡ ᠠᠴᠠ ᠡᠷᠲᠡ ᠢᠷᠡᠭᠰᠡᠨ‌ᠦᠵᠡᠭᠴᠢᠳ ᠨᠢᠭᠡᠨᠲᠡ ᠪᠡᠶ᠎ᠡ ᠲᠠᠮᠢᠷ ᠤᠨ ᠲᠠᠯᠠᠪᠤᠷ ᠤᠨ ᠡᠭᠦᠳᠡᠨ ᠳᠤ ᠮᠦᠷᠯᠡᠵᠤ‌ᠵᠢᠭᠰᠠᠭᠠᠳ ᠲᠠᠯᠠᠪᠤᠷ ᠲᠤ ᠣᠷᠣᠵᠤ‌‍ᠪᠠᠶᠢᠪᠠ᠃ ᠪᠡᠶ᠎ᠡ ᠲᠠᠮᠢᠷ ᠤᠨ ᠲᠠᠯᠠᠪᠤᠷ ᠳᠤ ᠠᠳᠡ ᠲᠡᠨᠳᠡ ᠦᠭᠡᠢ ᠲᠤᠭ ᠭᠬᠢᠷᠢ ᠪᠠ ᠤᠷᠢᠶ᠎ᠡ ᠯᠤᠽᠤᠩ ᠤᠨ ᠪᠢᠴᠢᠭᠡᠰᠦ ᠬᠠᠷᠠᠭᠳᠠᠵᠤ ᠬᠦᠮᠦᠰ‌ᠨᠡᠭᠡᠭᠡᠯᠲᠡ ᠶᠢᠨ ᠶᠣᠰᠤᠯᠠᠯ ᠤᠨ ᠡᠬᠢᠯᠡᠬᠦ ᠶᠢ ᠬᠦᠯᠢᠶᠡᠵᠤ ᠶᠠᠳᠠᠭᠰᠠᠨ ᠨᠢ ᠢᠯᠡᠬᠡᠨ ᠪᠠᠶᠢᠨ᠎ᠠ᠃    20ᠴᠠᠭ ᠲᠤ᠂ ᠨᠡᠭᠡᠭᠡᠯᠲᠡ ᠶᠢᠨ ᠶᠣᠰᠤᠯᠠᠯ ᠵᠢᠩᠭᠢᠨᠢ ᠪᠠᠷ ᠡᠬᠢᠯᠡᠪᠡ᠃18 ᠨᠡᠷᠡᠰ ᠲᠤᠭ ᠬᠠᠮᠠᠭᠠᠯᠠᠭᠴᠢ ᠪᠦᠭᠦᠳᠡ ᠨᠠᠶᠢᠷᠠᠮᠳᠠᠬᠤ ᠳᠤᠮᠳᠠᠲᠤ ᠠᠷᠠᠳ ᠤᠯᠤᠰ ᠤᠨ ᠤᠯᠤᠰ ᠤᠨ ᠲᠤᠭ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠪᠦᠬᠦ ᠤᠯᠤᠰ ᠤᠨ ᠲᠠᠮᠢᠷ ᠤᠨ ᠴᠤᠭᠯᠠᠭᠠᠨ ᠤ ᠲᠤᠭ ᠵᠢᠴᠢ ᠥᠪᠡᠷᠲᠡᠭᠡᠨ ᠵᠠᠰᠠᠬᠤ ᠣᠷᠤᠨ ᠤ ᠠᠷᠪᠠᠨ ᠳᠦᠷᠪᠡᠳᠦᠭᠡᠷ ᠬᠤᠭᠤᠴᠠᠭᠠᠨ ᠤ ᠪᠡᠶ᠎ᠡ ᠲᠠᠮᠢᠷ ᠤᠨ ᠴᠤᠭᠯᠠᠭᠠᠨ ᠤ ᠲᠤᠭ ᠢ ᠡᠷᠭᠦᠨ ᠵᠢᠪᠬᠤᠭᠠᠯᠢᠭ ᠠᠯᠬᠤᠭ᠎ᠠ ᠪᠠᠷ ᠲᠠᠯᠠᠪᠤᠷ ᠲᠤ ᠣᠷᠤᠪᠠ᠃ ᠵᠠᠯᠭᠠᠪᠡᠷ᠂ ᠬᠢᠨᠠᠭᠴᠢᠳ ᠤᠨ ᠲᠦᠯᠦᠭᠡᠯᠡᠭᠴᠢᠳ ᠤᠨ ᠪᠦᠯᠬᠦᠮ‌‍ᠪᠣᠯᠣᠨ ᠡᠯ᠎ᠡ ᠠᠶᠢᠮᠠᠭ ᠬᠤᠲᠠ᠂ ᠶᠡᠭᠡ ᠳᠡᠭᠡᠳᠦ ᠰᠤᠷᠭᠠᠭᠤᠯᠢ ᠶᠢᠨ ᠲᠦᠯᠦᠭᠡᠯᠡᠭᠴᠢᠳ ᠤᠨ ᠠᠩᠭᠢ  ᠲᠡᠰ ᠳᠠᠷᠠᠭᠠᠯᠠᠨ ᠲᠠᠯᠠᠪᠤᠷ ᠲᠤ ᠣᠷᠤᠪᠠ᠃ ᠬᠦᠬᠡᠬᠤᠲᠠ᠂ ᠪᠤᠭᠤᠲᠣ᠂ ᠬᠦᠯᠦᠨ ᠪᠥᠢᠷ᠂ ᠤᠯᠠᠭᠠᠨᠴᠠᠪ…… ᠲᠦᠯᠦᠭᠡᠯᠡᠭᠴᠢᠳ ᠤᠨ ᠪᠦᠯᠬᠦᠮ ᠪᠣᠯᠭᠠᠨ ᠢ ᠲᠠᠯᠠᠪᠤᠷ ᠲᠤ ᠣᠷᠤᠬᠤ ᠳᠤ ᠦᠵᠡᠭᠴᠢᠳ ᠤᠨ ᠠᠯᠠᠭ᠎ᠠ ᠲᠠᠰᠢᠯᠲᠠ ᠪᠠ ᠣᠣᠬᠠᠶᠢᠯᠠᠯ‌‍ᠲ᠋ᠠᠰᠤᠷᠠᠯᠲᠠ ᠦᠭᠡᠢ ᠪᠠᠶᠢᠵᠤ᠂ ᠲᠠᠮᠢᠷᠴᠢᠳ ᠢᠶᠠᠨ ︽ᠨᠡᠩ ᠦᠨᠳᠦᠷ᠂ ᠨᠡᠩ ᠲᠦᠷᠭᠡᠨ᠂ ᠨᠡᠩ ᠬᠦᠴᠦᠷᠬᠡᠭ︾ ᠬᠠᠷᠠᠯᠲᠠ ᠵᠦᠭ ᠲᠤ ᠰᠢᠨ᠎ᠡ ᠳᠦᠷᠢ ᠳᠥᠷᠬᠦ ᠪᠠᠷ‌‍ᠰᠢᠯᠢᠳᠡᠭ ᠬᠢᠷᠢ ᠪᠦᠳᠦᠮᠵᠢ ᠣᠯᠬᠤ ᠶᠢ ᠨᠢ ᠪᠡᠯᠭᠡᠳᠡᠨ ᠵᠤᠷᠢᠭᠵᠢᠭᠤᠯᠤᠨ᠎ᠠ᠃    ᠲᠠᠯᠠᠪᠤᠷ ᠲᠤ ᠣᠷᠤᠭᠰᠠᠨ ᠤ ᠳᠠᠷᠠᠭ᠎ᠠ᠂ ᠪᠦᠬᠦᠳᠡᠭᠡᠷ ᠪᠣᠰᠴᠤ ᠪᠥᠭᠦᠳᠡ ᠨᠠᠶᠢᠷᠠᠮᠳᠠᠬᠤ ᠳᠤᠮᠲᠠᠲᠤ ᠠᠷᠠᠳ ᠤᠯᠤᠰ ᠤᠨ ᠤᠯᠤᠰ ᠤᠨ ᠰᠦᠯᠳᠡ ᠳᠠᠭᠤᠤ ᠶᠢ ᠬᠤᠭᠤᠯᠠᠢ ᠨᠡᠶᠢᠯᠡᠭᠦᠯᠦᠨ ᠳᠠᠭᠤᠯᠠᠪᠠ᠃ ᠦᠩᠭᠡ ᠢᠯᠭᠠᠷᠠᠮ᠎ᠠ ᠲᠠᠪᠤᠨ ᠣᠳᠤᠲᠤ ᠲᠤᠭ ᠰᠦᠯᠳᠡ ᠲᠠᠭᠤᠨ ᠤ ᠬᠥᠭ ᠠᠶᠠᠰ ᠤᠨ ᠳᠤᠮᠳᠠ ᠠᠯᠭᠤᠷ ᠮᠠᠨᠳᠤᠨ ᠨᠠᠮᠢᠷᠠᠨ᠎ᠠ᠃ ᠵᠠᠯᠭᠠᠭᠠᠳ᠂ ᠲᠤᠰ ᠤᠳᠠᠭᠠᠨ ᠤ ᠪᠡᠶ᠎ᠡ ᠲᠠᠮᠢᠷ ᠤᠨ ᠴᠤᠭᠯᠠᠭᠠᠨ ᠤ ᠳᠠᠭᠤᠤ ᠶᠢ ᠳᠠᠭᠤᠯᠠᠨ ᠬᠦᠭᠵᠢᠮᠳᠡᠬᠦ ᠠᠶᠠᠰ ᠢᠶᠠᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠪᠦᠬᠦ ᠤᠯᠤᠰ ᠤᠨ ᠲᠠᠮᠢᠷ ᠤᠨ ᠴᠤᠭᠯᠠᠭᠠᠨ ᠤ ᠲᠤᠭ ᠵᠢᠴᠢ ᠥᠪᠡᠷᠲᠡᠭᠡᠨ ᠵᠠᠰᠠᠬᠤ ᠣᠷᠤᠨ ᠤ ᠠᠷᠪᠠᠨ ᠳᠦᠷᠪᠡᠳᠦᠭᠡᠷ ᠬᠤᠭᠤᠴᠠᠭᠠᠨ ᠤ ᠪᠡᠶ᠎ᠡ ᠲᠠᠮᠢᠷ ᠤᠨ ᠴᠤᠭᠯᠠᠭᠠᠨ ᠤ ᠲᠤᠭ ᠢ ᠮᠠᠨᠳᠤᠭᠤᠯᠪᠠ᠃ ᠳᠠᠷᠠᠭ᠎ᠠ ᠨᠢ ᠲᠠᠮᠢᠷᠴᠢᠳ᠂ ᠬᠢᠨᠠᠭᠴᠢᠳ ᠤᠨ ᠲᠦᠯᠦᠭᠡᠯᠡᠭᠴᠢᠳ ᠤᠨ ᠪᠦᠯᠬᠦᠮ ᠲᠡᠷᠢᠭᠦᠯᠡᠭᠴᠢ ᠶᠢᠨ ᠲᠠᠶᠢᠰᠠᠨ ᠳᠤ ᠬᠠᠨᠳᠤᠨ ᠳᠠᠩᠭᠠᠷᠢᠭ ᠬᠢᠪᠡ᠃    ᠰᠦᠨᠢ ᠶᠢᠨ ᠤᠭᠲᠠᠷᠭᠤᠢ ᠳᠤ ᠦᠩᠭᠡ ᠶᠢᠨ ᠣᠴᠢ ᠪᠠᠳᠠᠷᠠᠨ ᠳᠤᠸᠠᠯᠠᠵᠤ᠂ ᠤᠯᠠᠭᠠᠨᠴᠠᠪ ᠬᠤᠲᠠ ᠶᠢᠨ ᠲᠠᠮᠢᠷ ᠤᠨ ᠲᠠᠯᠠᠪᠤᠷ ᠲᠤ ᠬᠦᠭᠵᠢᠯᠳᠦᠨ ᠪᠠᠶᠠᠷᠯᠠᠯᠳᠤᠵᠤ᠂ ᠡᠬᠢᠯᠡᠯᠲᠡ ᠶᠢᠨ ᠶᠣᠰᠤᠯᠠᠯ ᠤᠨ ︽ᠤᠯᠠᠭᠠᠨᠴᠠᠪ ᠤᠨ ᠤᠴᠠᠷᠠᠨ ᠵᠣᠯᠭᠠᠯᠲᠠ︾ ᠤᠷᠠᠨ ᠰᠠᠶᠢᠬᠠᠨ ᠤ ᠦᠳᠡᠰᠢᠯᠡᠭᠡ ᠬᠦᠰᠢᠭᠡ ᠪᠠᠨ ᠨᠡᠭᠡᠭᠡᠪᠡ᠃ ᠦᠳᠡᠰᠢᠯᠡᠭᠡ ᠶᠢᠨ ᠲᠣᠭᠯᠠᠯᠲᠠ ᠨᠢ ︽ᠦᠩᠭᠡ ᠭᠡᠷᠡᠯᠲᠤ ᠤᠯᠠᠮᠵᠢᠯᠠᠯ ᠲᠠᠢ ᠪᠡᠶ᠎ᠡ ᠲᠠᠮᠢᠷ︾᠂ ︽ ᠠᠮᠢᠵᠢᠷᠠᠯ ᠤᠨ ᠬᠦᠴᠦᠨ ᠪᠢᠯᠬᠠᠭᠰᠠᠨ ᠬᠤᠲᠠ︾᠂ ︽ᠬᠦᠭᠵᠢᠯ ᠪᠠᠳᠠᠷᠠᠯᠲᠤ ᠤᠯᠠᠭᠠᠨᠴᠠᠪ︾ ᠭᠡᠬᠦ ᠭᠤᠷᠪᠠᠨ ᠪᠦᠯᠦᠭ ᠠᠭᠤᠯᠭ᠎ᠠ ᠲᠠᠢ ᠶᠠᠪᠤᠭᠳᠠᠪᠠ᠃    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠠᠷᠪᠠᠨ ᠳᠦᠷᠪᠡᠳᠦᠭᠡᠷ ᠬᠤᠭᠤᠴᠠᠭᠠᠨ ᠤ ᠪᠡᠶ᠎ᠡ ᠲᠠᠮᠢᠷ ᠤᠨ ᠴᠤᠭᠯᠠᠭᠠᠨ ᠤ ᠡᠬᠢᠯᠡᠯᠲᠡ ᠶᠢᠨ ᠶᠣᠰᠤᠯᠠᠯ ᠤᠨ ᠶᠡᠷᠦᠩᠬᠡᠢ ᠤᠳᠤᠷᠢᠳᠤᠭᠠᠴᠢ ᠽᠠᠩ ᡁᠢ ᠵᠦᠨ ᠤᠨ ᠶᠠᠷᠢᠬᠤ ᠪᠠᠷ᠄ ︽ᠲᠣᠰ ᠤᠳᠠᠭᠠᠨ ᠤ ᠦᠳᠡᠰᠢᠯᠡᠭᠡ ᠳᠤ ᠣᠷᠤᠯᠴᠠᠭᠰᠠᠨ ᠲᠣᠭᠯᠠᠭᠴᠢ3000 ᠭᠠᠷᠤᠢ ᠬᠦᠮᠦᠨ ᠪᠠᠶᠢᠵᠤ᠂ ᠡᠭᠦᠨ ᠤ ᠳᠤᠲᠤᠷ᠎ᠠ ᠤᠯᠠᠭᠠᠨᠴᠠᠪ ᠬᠤᠲᠠ ᠶᠢᠨ ᠠᠵᠢᠯ ᠮᠡᠷᠭᠡᠵᠢᠯ ᠤᠨ ᠳᠡᠭᠡᠳᠤ ᠰᠤᠷᠭᠠᠭᠤᠯᠢ ᠪᠣᠯᠣᠨ ᠵᠢᠨᠢᠩ ᠤᠨ ᠪᠠᠭᠰᠢ ᠶᠢᠨ ᠳᠡᠭᠡᠳᠤ ᠰᠤᠷᠭᠠᠭᠤᠯᠢ ᠶᠢᠨ ᠰᠤᠷᠤᠭᠴᠢᠳ2000 ᠰᠢᠬᠠᠭᠤ ᠬᠦᠮᠦᠨ ᠪᠠᠶᠢᠨ᠎ᠠ᠃ ᠡᠨᠡ ᠤᠳᠠᠭᠠᠨ ᠤ ᠬᠦᠳᠡᠯᠭᠡᠭᠡᠨ ᠬᠡᠪᠴᠢᠶ᠎ᠡ ᠪᠠᠷ ᠲᠤᠶᠢᠯ ᠤᠨ ᠶᠡᠭᠡ᠂ ᠤᠴᠢᠷ ᠨᠢ  ᠠᠷᠪᠠᠨ ᠳᠦᠷᠪᠡᠳᠦᠭᠡᠷ ᠬᠤᠭᠤᠴᠠᠭᠠᠨ ᠤ ᠪᠡᠶ᠎ᠡ ᠲᠠᠮᠢᠷ ᠤᠨ ᠴᠤᠭᠯᠠᠭᠠᠨ ᠢ ᠠᠮᠵᠢᠯᠲᠠ ᠲᠠᠢ ᠬᠢᠬᠦ ᠨᠢ ᠤᠯᠠᠭᠠᠨᠴᠠᠪ ᠬᠤᠲᠠ ᠶᠢᠨ ᠲᠡᠷᠢᠭᠦᠨ ᠴᠢᠬᠤᠯᠠ ᠤᠴᠢᠷ ᠪᠣᠯᠣᠨ᠎ᠠ᠃ ᠥᠪᠡᠷᠲᠡᠭᠡᠨ ᠵᠠᠰᠠᠬᠤ ᠣᠷᠤᠨ ᠠᠴᠠ ᠲᠤᠶᠢᠯ ᠢᠶᠠᠷ ᠴᠢᠬᠤᠯᠠᠴᠢᠯᠠᠵᠤ᠂ ᠡᠯ᠎ᠡ ᠱᠠᠳᠤᠨ ᠤ ᠤᠳᠤᠷᠢᠳᠤᠯᠭ᠎ᠠ ᠤᠳ ᠪᠡᠶ᠎ᠡ ᠪᠠᠷ ᠢᠶᠠᠨ ᠲᠤᠬᠠᠢ ᠶᠢᠨ ᠲᠠᠯᠠᠪᠠᠢ ᠳᠤ ᠢᠷᠡᠵᠤ ᠡᠬᠢᠯᠡᠯᠲᠡ ᠶᠢᠨ ᠶᠣᠰᠤᠯᠠᠯ ᠳᠤ ᠤᠷᠤᠯᠴᠠᠪᠠ᠃ ᠪᠢᠳᠡ ᠪᠦᠳᠦᠨ ᠬᠠᠭᠠᠰ ᠵᠢᠯ ᠤᠨ ᠲᠦᠯᠦᠪᠯᠡᠭᠡ ᠪᠠ ᠨᠠᠶᠢᠷᠠᠭᠤᠯᠭ᠎ᠠ᠂ ᠨᠢᠭᠡ ᠰᠠᠷ᠎ᠠ ᠰᠢᠬᠠᠭᠤ ᠶᠢᠨ ᠲᠣᠭᠯᠠᠨ ᠪᠣᠯᠪᠠᠰᠤᠷᠠᠯᠲᠠ ᠪᠠᠷ ᠳᠠᠮᠵᠢᠵᠤ ᠡᠨᠡ ᠡᠳᠦᠷ ᠤᠨ ᠲᠣᠭᠯᠠᠯᠲᠠ ᠶᠢ ᠦᠵᠡᠭᠴᠢᠳ ᠲᠤ ᠬᠦᠷᠭᠡᠵᠤ ᠪᠠᠶᠢᠨ᠎ᠠ᠂ ᠭᠤᠣᠯ ᠨᠢ ᠤᠷᠠᠨ ᠰᠠᠶᠢᠬᠠᠨ ᠤ ᠲᠣᠭᠯᠠᠯᠲᠠ ᠪᠠᠷ ᠢᠶᠠᠨ ᠳᠠᠮᠵᠢᠵᠤ ᠤᠯᠠᠭᠠᠨᠴᠠᠪ ᠤᠨ ᠢᠶᠠᠨ ᠰᠣᠶᠤᠯ ᠢᠷᠭᠡᠨᠰᠢᠯ ᠤᠨ ᠦᠩᠭᠡ ᠦᠵᠡᠮᠵᠢ᠂ ᠪᠠᠶᠢᠭᠠᠯᠢ ᠶᠢᠨ ᠦᠩᠭᠡ ᠦᠵᠡᠮᠵᠢ ᠵᠢᠴᠢ ᠪᠦᠳᠦᠭᠡᠨ ᠪᠠᠶᠢᠭᠤᠯᠤᠯᠲᠠ ᠶᠢᠨ ᠠᠮᠵᠢᠯᠲᠠ ᠶᠢ ᠬᠠᠷᠠᠭᠤᠯᠬᠤ ᠭᠡᠰᠡᠨ ᠶᠤᠮ᠃ ᠨᠡᠩ ᠣᠯᠠᠨ ᠬᠦᠮᠦᠰ ᠲᠤ ᠤᠯᠠᠭᠠᠨᠴᠠᠪ ᠬᠤᠲᠠ ᠶᠢᠨ ᠬᠦᠮᠦᠨ ᠠᠷᠠᠳ ᠤᠨ ᠣᠬᠢ ᠰᠠᠶᠢᠨ ᠤᠶᠤᠨ ᠰᠠᠨᠠᠭᠠᠨ ᠤ ᠴᠤᠭ ᠵᠢᠪᠬᠤᠭ᠎ᠠ ᠶᠢ ᠦᠵᠡᠬᠦᠯᠬᠦ ᠭᠡᠰᠡᠨ ᠶᠤᠮ︾ ᠭᠡᠵᠡᠢ᠃
    ᠤᠷᠠᠨ ᠰᠠᠶᠢᠬᠠᠨ ᠤ ᠦᠳᠡᠰᠢᠯᠡᠭᠡ ᠳᠠᠭᠤᠰᠤᠭᠰᠠᠨ ᠤ ᠳᠠᠷᠠᠭ᠎ᠠ᠂14 ᠭᠠᠯ ᠪᠠᠮᠪᠠᠷᠴᠢᠨ ᠲᠡᠰ ᠳᠠᠷᠠᠭᠠᠯᠠᠨ ᠭᠠᠯ ᠪᠠᠮᠪᠠᠷ ᠳᠠᠮᠵᠢᠭᠤᠯᠵᠤ᠂ ᠠᠷᠢᠭᠤᠨ ᠭᠠᠯ ᠢ ᠠᠰᠠᠭᠠᠪᠠ᠃ ᠠᠷᠢᠭᠤᠨ ᠭᠠᠯ ᠲᠦᠷᠡᠯᠵᠢᠨ ᠨᠣᠴᠤᠵᠤ ᠤᠯᠠᠭᠠᠨᠴᠠᠪ ᠤᠨ ᠰᠦᠨᠢ ᠶᠢᠨ ᠤᠭᠲᠠᠷᠭᠤᠢ ᠶᠢ ᠭᠡᠶᠢᠭᠦᠯᠦᠨ ᠬᠡᠷᠡᠯᠲᠤᠭᠦᠯᠵᠦ‌ᠠᠷᠪᠠᠨ ᠳᠦᠷᠪᠡᠳᠦᠭᠡᠷ ᠬᠤᠭᠤᠴᠠᠭᠠᠨ ᠤ ᠪᠡᠶ᠎ᠡ ᠲᠠᠮᠢᠷ ᠤᠨ ᠴᠤᠭᠯᠠᠭᠠᠨ ᠤ ᠡᠬᠢᠯᠡᠯᠲᠡ ᠶᠢᠨ ᠶᠣᠰᠣᠯᠠᠯ ᠠᠳᠡ ᠬᠦᠷᠦᠭᠡᠳ ᠠᠮᠵᠢᠯᠲᠠ ᠲᠠᠢ ᠲᠡᠭᠦᠰᠪᠡ᠃                                                     ᠤᠷᠴᠢᠭᠤᠯᠤᠭᠴᠢ᠄ ᠭᠡᠷᠡᠯ
 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10002599号