2018ᠣᠨ ᠤ ᠰᠢᠨ᠎ᠡ ᠦᠭᠡ ᠨᠡᠷ᠎ᠡ ᠲᠣᠮᠢᠶᠠᠨ ᠤ ᠮᠣᠩᠭᠤᠯ ᠤᠷᠴᠢᠭᠤᠯᠭ᠎ᠠ ᠶᠢ ᠬᠢᠨᠠᠨ ᠲᠤᠭᠲᠠᠭᠠᠬᠤ | ᠡᠷᠳᠡᠮᠲᠡᠳ ᠤᠨ ᠬᠤᠷᠠᠯ 2018 ᠣᠨ ᠤ 9 ᠰᠠᠷ᠎ᠠ ᠶᠢᠨ13 ᠤ ᠡᠳᠦᠷ ᠭᠠᠨᠰᠤ ᠮᠣᠵᠢ ᠶᠢᠨ ᠯᠠᠨᠵᠧᠦ ᠳᠠᠬᠢ | ᠪᠠᠷᠠᠭᠤᠨ ᠬᠤᠶᠢᠲᠤ ᠶᠢᠨ ᠦᠨᠳᠦᠰᠦᠲᠡᠨ ᠤ ᠶᠡᠭᠡ ᠰᠤᠷᠭᠠᠭᠤᠯᠢ ᠳᠤ ᠬᠤᠷᠠᠯᠳᠤᠪᠠ᠃ ᠬᠤᠯᠪᠤᠭᠳᠠᠯ ᠪᠦᠬᠦᠢ | ᠪᠠᠶᠢᠭᠤᠯᠭ᠎ᠠ ᠶᠢᠨ ᠤᠳᠤᠷᠢᠳᠤᠯᠭ᠎ᠠ ᠪᠣᠯᠣᠨ ᠪᠡᠭᠡᠵᠢᠩ᠂ ᠥᠪᠥᠷ ᠮᠣᠩᠭᠤᠯ᠂ ᠭᠠᠨᠰᠤ᠂ ᠬᠦᠬᠡᠨᠠᠭᠤᠷ᠂ ᠯᠢᠶᠤᠤᠨᠢᠩ᠂ | ᠰᠢᠨᠵᠢᠶᠠᠩ᠂ ᠭᠢᠷᠢᠨ ᠵᠡᠷᠭᠡ ᠭᠠᠵᠠᠷ ᠣᠷᠤᠨ ᠠᠴᠠ ᠢᠷᠡᠭᠰᠡᠨ30 ᠭᠠᠷᠦᠢ ᠮᠣᠩᠭᠤᠯ ᠬᠡᠯᠡᠨ ᠤ ᠤᠷᠴᠢᠭᠤᠯᠭ᠎ᠠ ᠶᠢᠨ | ᠡᠷᠳᠡᠮᠲᠡᠳ ᠬᠤᠷᠠᠯ ᠳᠤ ᠣᠷᠤᠯᠴᠠᠵᠠᠢ᠃ ᠡᠷᠳᠡᠮᠲᠡᠳ2017 ᠣᠨ ᠠᠴᠠ ᠨᠠᠭᠠᠰᠢᠬᠢ ᠮᠣᠩᠭᠤᠯ ᠬᠡᠯᠡᠨ ᠤ | ᠤᠷᠴᠢᠭᠤᠯᠭ᠎ᠠ ᠶᠢᠨ ᠳᠤᠮᠳᠠ ᠢᠯᠡᠷᠡᠭᠰᠡᠨ ᠤᠯᠤᠰ ᠲᠦᠷᠦ᠂ ᠠᠵᠤ ᠠᠬᠤᠢ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠵᠡᠷᠭᠡ ᠣᠯᠠᠨ ᠬᠦᠷᠢᠶᠡᠨ ᠳᠤ ᠬᠤᠯᠪᠤᠭᠳᠠᠭᠰᠠᠨ300 ᠭᠠᠷᠤᠢ ᠰᠢᠨ᠎ᠡ ᠦᠭᠡ ᠨᠡᠷ᠎ᠡ ᠲᠣᠮᠢᠶ᠎ᠡ ᠶᠢ ᠬᠢᠨᠠᠨ | ᠲᠤᠭᠲᠠᠭᠠᠵᠤ᠂ ᠰᠢᠨ᠎ᠡ ᠦᠭᠡ ᠨᠡᠷ᠎ᠡ ᠲᠣᠮᠢᠶᠠᠨ ᠤ ᠤᠷᠴᠢᠭᠤᠯᠭ᠎ᠠ ᠶᠢ ᠬᠢᠷᠬᠢᠨ ᠨᠢᠭᠡᠳᠬᠡᠵᠤ ᠳᠦᠷᠢᠮᠵᠢᠭᠦᠯᠬᠦ | ᠠᠰᠠᠭᠤᠳᠠᠯ ᠪᠣᠯᠣᠨ ᠦᠨᠳᠦᠰᠦᠲᠡᠨ ᠤ ᠬᠡᠯᠡᠨ ᠤ ᠤᠷᠴᠢᠭᠤᠯᠭ᠎ᠠ ᠶᠢᠨ ᠠᠵᠢᠯ ᠤᠨ ᠲᠠᠯ᠎ᠠ ᠪᠠᠷ ᠭᠦᠨᠵᠡᠭᠡᠢ ᠰᠣᠳᠤᠯᠤᠨ | ᠶᠠᠷᠢᠯᠴᠠᠵᠤ᠂ ᠬᠤᠷᠠᠯ ᠳᠡᠭᠡᠷ᠎ᠡ ᠪᠠᠰᠠ ᠬᠢᠲᠠᠳ ᠮᠣᠩᠭᠤᠯ ᠤᠷᠴᠢᠭᠤᠯᠭ᠎ᠠ ᠶᠢᠨ ᠡᠷᠳᠡᠮ ᠰᠢᠨᠵᠢᠯᠡᠭᠡᠨ ᠤ ᠦᠨᠳᠦᠷ | ᠲᠦᠪᠰᠢᠨ ᠤ ᠶᠠᠷᠢᠶᠠᠨ ᠤ ᠲᠠᠪᠴᠠᠩ ᠲᠤᠰᠬᠠᠶᠢᠯᠠᠨ ᠵᠣᠬᠢᠶᠠᠨ ᠪᠠᠶᠢᠭᠤᠯᠵᠤ᠂ ᠬᠢᠲᠠᠳ ᠮᠣᠩᠭᠤᠯ | ᠤᠷᠴᠢᠭᠤᠯᠭ᠎ᠠ ᠶᠢᠨ ᠣᠨᠤᠯ ᠪᠣᠯᠣᠨ ᠤᠷᠴᠢᠭᠤᠯᠭ᠎ᠠ ᠶᠢᠨ ᠦᠢᠯᠡᠳᠦᠯᠭᠡ ᠶᠢᠨ ᠲᠠᠯ᠎ᠠ ᠪᠠᠷ ᠭᠦᠨᠵᠡᠭᠡᠢ ᠰᠣᠳᠤᠯᠤᠨ | ᠶᠠᠷᠢᠯᠴᠠᠵᠤ᠂ ᠰᠠᠨᠠᠯ ᠪᠣᠳᠤᠯ ᠢᠶᠠᠨ ᠰᠣᠯᠢᠯᠴᠠᠪᠡ᠃ | ᠡᠨᠡᠬᠦ ᠬᠤᠷᠠᠯ ᠢ ᠲᠥᠪ ᠦᠨᠦᠨᠳᠦᠰᠦᠲᠡᠨ ᠤ ᠠᠵᠢᠯ ᠤᠨ ᠬᠤᠷᠠᠯᠳᠤᠭᠠᠨ ᠪᠣᠯᠣᠨ ︽ᠤᠯᠤᠰ ᠤᠨ | ᠦᠨᠳᠦᠰᠦᠲᠡᠨ ᠤ ᠬᠡᠷᠡᠭ ᠡᠷᠬᠢᠯᠡᠬᠦ ᠬᠤᠷᠢᠶ᠎ᠡ ᠶᠢᠨ ᠦᠨᠳᠦᠰᠦᠲᠡᠨ ᠤ ᠬᠡᠯᠡᠨ ᠤ ᠤᠷᠴᠢᠭᠤᠯᠭ᠎ᠠ ᠶᠢᠨ ᠠᠵᠢᠯ ᠢ ᠤᠯᠠᠮ | ᠨᠢᠭᠡ ᠠᠯᠬᠤᠮ ᠰᠠᠶᠢᠲᠤᠷ ᠬᠢᠬᠦ ᠲᠤᠬᠠᠢ ᠵᠢᠯᠤᠭᠤᠳᠬᠤ ᠰᠠᠨᠠᠯ︾ ᠤᠨ ᠪᠢᠴᠢᠭ ᠮᠠᠲ᠋ᠧᠷᠢᠶᠡᠯ ᠤᠨ ᠵᠣᠷᠢᠭ ᠰᠠᠨᠠᠭ᠎ᠠ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠵᠣᠷᠢᠯᠭ᠎ᠠ ᠪᠠᠷ ᠳᠤᠮᠳᠠᠲᠤ ᠤᠯᠤᠰ ᠤᠨ ᠦᠨᠳᠦᠰᠦᠲᠡᠨ ᠤ ᠬᠡᠯᠡᠨ ᠤ | ᠤᠷᠴᠢᠭᠤᠯᠭ᠎ᠠ ᠶᠢᠨ ᠲᠣᠪᠴᠢᠶ᠎ᠡ ᠠᠴᠠ ᠭᠤᠣᠯᠯᠠᠨ ᠡᠷᠬᠢᠯᠡᠵᠦ᠂ ᠪᠠᠷᠠᠭᠤᠨ ᠬᠤᠶᠢᠲᠤ ᠶᠢᠨ ᠦᠨᠳᠦᠰᠦᠲᠡᠨ ᠤ ᠶᠡᠭᠡ | ᠰᠤᠷᠭᠠᠭᠤᠯᠢ ᠨᠢ ᠤᠯᠤᠰ ᠤᠨ ᠳᠤᠲᠤᠭᠠᠳᠤ ᠶᠢᠨ ᠴᠣᠷ ᠤᠨ ᠭᠠᠭᠴᠠ ᠬᠢᠲᠠᠳ ᠮᠣᠩᠭᠤᠯ ᠤᠷᠴᠢᠭᠤᠯᠭ᠎ᠠ ᠶᠢᠨ | ᠲᠤᠰᠬᠠᠢ ᠮᠡᠷᠭᠡᠵᠢᠯ ᠤᠨ ᠰᠢᠨᠵᠢᠯᠡᠭᠡᠨ ᠤ ᠴᠢᠭ ᠲᠠᠢ ᠶᠡᠭᠡ ᠰᠤᠷᠭᠠᠭᠤᠯᠢ ᠪᠣᠯᠬᠤ ᠪᠦᠭᠡᠳ ᠳᠤᠮᠳᠠᠲᠤ ᠤᠯᠤᠰ ᠤᠨ | ᠦᠨᠳᠦᠰᠦᠲᠡᠨ ᠤ ᠬᠡᠯᠡᠨ ᠤ ᠤᠷᠴᠢᠭᠤᠯᠭ᠎ᠠ ᠶᠢᠨ ᠲᠣᠪᠴᠢᠶ᠎ᠡ ᠲᠠᠢ ᠣᠯᠠᠨ ᠵᠢᠯ ᠤᠨ ᠲᠤᠷᠰᠢ ᠬᠠᠮᠲᠤᠷᠠᠨ | ᠠᠵᠢᠯᠯᠠᠭᠰᠠᠭᠠᠷ ᠢᠷᠡᠵᠠᠢ᠃ | ᠲᠤᠰ ᠤᠳᠠᠭᠠᠨ ᠤ ᠬᠤᠷᠠᠯ ᠤᠨ ᠬᠤᠷᠠᠯᠳᠤᠭᠰᠠᠨ ᠨᠢ ᠰᠢᠨ᠎ᠡ ᠦᠭᠡ ᠨᠡᠷ᠎ᠡ ᠲᠣᠮᠢᠶᠠᠨ ᠤ ᠮᠣᠩᠭᠤᠯ | ᠣᠷᠴᠢᠭᠤᠯᠭ᠎ᠠ ᠶᠢ ᠤᠯᠠᠮ ᠨᠢᠭᠡ ᠠᠯᠬᠤᠮ ᠳᠦᠷᠢᠮᠵᠢᠭᠦᠯᠦᠨ ᠨᠢᠭᠡᠳᠬᠡᠵᠦ᠂ ᠪᠠᠷᠢᠮᠵᠢᠶᠠᠵᠢᠭᠤᠯᠬᠤ ᠳᠤ ᠠᠴᠢ | ᠬᠤᠯᠪᠤᠭᠳᠠᠯ ᠲᠠᠢ ᠶᠤᠮ᠃ |