ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠣᠶᠢᠷ᠎ᠠ ᠳᠤ ︽ᠡᠮᠴᠢᠯᠡᠭᠡᠨ ᠤ ᠪᠠᠲᠤᠯᠠᠭ᠎ᠠ ᠶᠢᠨ ᠴᠡᠭ | ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠵᠡᠷᠭᠡ ᠮᠡᠳᠡᠭᠡ ᠵᠠᠩᠭᠢ ᠶᠢᠨ ᠲᠤᠬᠠᠶᠢᠯᠠᠭᠰᠠᠨ ᠠᠵᠢᠯ ᠤᠨ ᠺᠣᠳ᠋ᠯᠠᠬᠤ | ᠳᠦᠷᠢᠮ ᠪᠠ ᠠᠷᠭ᠎ᠠ ᠶᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ︾ ᠪᠠᠭᠤᠯᠭᠠᠵᠤ᠂ 15 ᠵᠦᠢᠯ ᠤᠨ | ᠡᠮᠴᠢᠯᠡᠭᠡᠨ ᠤ ᠳᠠᠭᠠᠳᠬᠠᠯ ᠤᠨ ᠮᠡᠳᠡᠭᠡ ᠵᠠᠩᠭᠢ ᠶᠢᠨ ᠲᠤᠬᠠᠶᠢᠯᠠᠭᠰᠠᠨ ᠠᠵᠢᠯ ᠤᠨ ᠺᠣᠳ᠋ᠯᠠᠬᠤ ᠪᠠᠷᠢᠮᠵᠢᠶ᠎ᠠ ᠶᠢ ᠨᠢᠭᠡᠨᠲᠡ | ᠪᠦᠬᠦᠨ ᠢ ᠲᠣᠭᠲᠠᠭᠠᠵᠤ ᠳᠠᠭᠤᠰᠤᠭᠰᠠᠨ ᠢ ᠬᠠᠷᠠᠭᠤᠯᠵᠤ ᠪᠠᠶᠢᠨ᠎ᠠ᠃ ᠵᠢᠱᠢᠯᠲᠡ ᠪᠠᠷ 2020 ᠤᠨ ᠪᠣᠯᠬᠤ ᠳᠤ᠂ | ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ 15 ᠵᠦᠢᠯ ᠤᠨ ᠮᠡᠳᠡᠭᠡ ᠵᠠᠩᠭᠢ ᠶᠢᠨ ᠲᠤᠬᠠᠶᠢᠯᠠᠭᠰᠠᠨ | ᠠᠵᠢᠯ ᠤᠨ ᠺᠣᠳ᠋ᠯᠠᠬᠤ ᠪᠠᠷᠢᠮᠵᠢᠶ᠎ᠠ ᠶᠢ ᠨᠠᠶᠢᠳᠠᠪᠤᠷᠢᠵᠢᠭᠤᠯᠤᠨ ᠬᠡᠷᠡᠭᠯᠡᠬᠦ ᠶᠢ ᠪᠡᠶᠡᠯᠡᠭᠦᠯᠵᠦ᠂ ᠪᠥᠬᠦ ᠤᠯᠤᠰ ᠤᠨ ᠡᠮ | ᠡᠮᠨᠡᠯᠭᠡ ᠶᠢᠨ ᠳᠠᠭᠠᠳᠬᠠᠯ ᠤᠨ ᠰᠢᠰᠲ᠋ᠧᠮ ᠪᠠ ᠡᠯ᠎ᠡ ᠲᠤᠬᠠᠶᠢᠯᠠᠭᠰᠠᠨ ᠠᠵᠢᠯ ᠤᠨ ᠵᠠᠩᠭᠢᠯᠠᠭ᠎ᠠ ᠶᠢᠨ ︽ᠨᠢᠭᠡ | ᠨᠣᠮᠧᠷ ᠲᠤ ᠨᠡᠪᠲᠡᠷᠡᠬᠦ︾ ᠶᠢ ᠪᠡᠶᠡᠯᠡᠭᠦᠯᠦᠨ᠎ᠡ᠃ ᠲᠠᠨᠢᠯᠴᠠᠭᠤᠯᠤᠭᠰᠠᠨ ᠢᠶᠠᠷ᠂ ᠤᠯᠤᠰ ᠤᠨ ᠡᠮ ᠡᠮᠨᠡᠯᠭᠡ ᠶᠢᠨ | ᠳᠠᠭᠠᠳᠬᠠᠯ ᠤᠨ ᠲᠣᠪᠴᠢᠶ᠎ᠠ 2018 ᠤᠨ 8 ᠰᠠᠷ᠎ᠠ ᠳᠤ᠂ ︽ᠨᠢᠭᠡᠳᠦᠯᠲᠡᠶ ᠲᠥᠷᠥᠯ ᠬᠤᠪᠢᠶᠠᠬᠤ᠂ ᠨᠢᠭᠡᠳᠦᠯᠲᠡᠶ | ᠨᠣᠮᠧᠷᠯᠠᠬᠤ᠂ ᠨᠢᠭᠡᠳᠦᠯᠲᠡᠶ ᠨᠡᠶᠢᠲᠡᠯᠡᠬᠦ᠂ ᠨᠢᠭᠡᠳᠦᠯᠲᠡᠶ ᠬᠠᠮᠢᠶᠠᠷᠬᠤ︾ ᠶᠡᠷᠦᠩᠬᠡᠶ ᠱᠠᠭᠠᠷᠳᠠᠯᠭ᠎ᠠ ᠶᠣᠰᠣᠭᠠᠷ᠂ ᠡᠮ | ᠡᠮᠨᠡᠯᠭᠡ ᠶᠢᠨ ᠳᠠᠭᠠᠳᠬᠠᠯ ᠤᠨ ᠮᠡᠳᠡᠭᠡ ᠵᠠᠩᠭᠢ ᠶᠢᠨ 15 ᠵᠦᠢᠯ ᠤᠨ ᠳ᠋ᠤᠭᠠᠷᠯᠠᠯ ᠤᠨ ᠪᠠᠷᠢᠮᠵᠢᠶ᠎ᠠ ᠶᠢ ᠲᠣᠭᠲᠠᠭᠠᠬᠤ | ᠠᠵᠢᠯ ᠢ ᠡᠬᠢᠯᠡᠭᠦᠯᠪᠡ᠃ ᠡᠨᠡ ᠵᠢᠯ ᠤᠨ 6 ᠰᠠᠷ᠎ᠠ ᠳᠤ᠂ ᠡᠪᠡᠳᠴᠢᠨ ᠡᠮᠭᠡᠭ ᠢ ᠣᠨᠣᠰᠢᠯᠠᠬᠤ ᠪᠠ ᠮᠡᠰᠡ ᠵᠠᠰᠠᠯ ᠬᠢᠬᠦ᠂ | ᠡᠮᠴᠢᠯᠡᠭᠡᠨ ᠤ ᠦᠢᠯᠡᠴᠢᠯᠡᠭᠡᠨ ᠤ ᠲᠥᠷᠥᠯ ᠵᠦᠢᠯ᠂ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ | ᠮᠠᠲ᠋ᠧᠷᠢᠶᠠᠯ ᠵᠡᠷᠭᠡ 4 ᠵᠦᠢᠯ ᠤᠨ ᠺᠣᠳ᠋ᠯᠠᠬᠤ ᠪᠠᠷᠢᠮᠵᠢᠶ᠎ᠠ ᠶᠢᠨ ᠳ᠋ᠠᠶᠢᠲ᠋ᠠ ᠬᠥᠮᠥᠷᠭᠡ ᠪᠠ ᠬᠥᠳᠡᠯᠦᠩᠭᠦᠶ | ᠬᠠᠮᠠᠭᠠᠯᠠᠯᠲᠠ ᠶᠢᠨ ᠲᠠᠪᠴᠠᠩ ᠰᠦᠯᠵᠢᠶᠡᠨ ᠳᠤ ᠭᠠᠷᠪᠠ᠃ ᠡᠨᠡ ᠵᠢᠯ ᠤᠨ 9 ᠰᠠᠷ᠎ᠠ ᠶᠢᠨ ᠰᠡᠭᠦᠯᠴᠢ ᠪᠣᠯᠲᠠᠯ᠎ᠠ᠂ | ᠡᠮ ᠤᠨ ᠵᠦᠢᠯ ᠤᠨ ᠠᠵᠤ ᠠᠬᠤᠶᠢᠯᠠᠯ ᠨᠢᠭᠡᠨᠲᠡ ᠰᠦᠯᠵᠢᠶᠡᠨ ᠳᠡᠭᠡᠷ᠎ᠡ ᠦᠢᠯᠡᠳᠭᠦᠨ ᠤ ᠮᠡᠳᠡᠭᠡ ᠵᠠᠩᠭᠢ ᠶᠢ | 120459 ᠵᠦᠢᠯ ᠬᠠᠮᠠᠭᠠᠯᠠᠪᠠ᠃ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠠᠵᠤ ᠠᠬᠤᠶᠢᠯᠠᠯ | ᠨᠢᠭᠡᠨᠲᠡ ᠳᠠᠩᠰᠠᠯᠠᠭᠤᠯᠤᠭᠰᠠᠨ ᠦᠨᠡᠮᠯᠡᠯ ᠤᠨ ᠮᠡᠳᠡᠭᠡ ᠵᠠᠩᠭᠢ ᠶᠢ 175 ᠵᠤᠷᠪᠤᠰ᠂ ᠬᠡᠪ ᠵᠠᠭᠪᠤᠷ ᠤᠨ ᠬᠡᠯᠪᠡᠷᠢ | ᠮᠠᠶ᠋ᠢᠭ ᠨᠢ 2000 ᠲᠦᠮᠡᠨ ᠵᠤᠷᠪᠤᠰ ᠪᠠᠶᠢᠵᠤ᠂ ᠡᠭᠦᠨ ᠳᠤ ᠨᠢᠭᠡᠨᠲᠡ ᠡᠯ᠎ᠡ ᠭᠠᠵᠠᠷ ᠲᠤ ᠬᠡᠷᠡᠭᠯᠡᠭᠰᠡᠨ | ᠦᠢᠯᠡᠳᠬᠦᠨ ᠨᠢ 12000 ᠵᠤᠷᠪᠤᠰ ᠪᠠᠶᠢᠨ᠎ᠠ᠃ | 9 ᠰᠠᠷ᠎ᠠ ᠶᠢᠨ 26 ᠤ ᠡᠳᠦᠷ᠂ ᠤᠯᠤᠰ ᠤᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠡᠮ ᠡᠮᠨᠡᠯᠭᠡ ᠶᠢᠨ | ᠪᠠᠲᠤᠯᠠᠭ᠎ᠠ ᠶᠢᠨ ᠰᠠᠭᠤᠷᠢ ᠮᠥᠩᠭᠦ ᠶᠢᠨ ᠲᠠᠰᠤᠯᠤᠨ ᠪᠣᠳᠣᠯᠲᠠ ᠶᠢᠨ ᠲᠣᠳᠣᠷᠬᠠᠶ ᠬᠠᠭᠤᠳᠠᠰᠤ᠂ ᠴᠡᠭ ᠲᠣᠭᠲᠠᠭᠠᠭᠰᠠᠨ | ᠡᠮ ᠡᠮᠨᠡᠯᠭᠡ ᠶᠢᠨ ᠪᠠᠶᠢᠭᠤᠯᠤᠮᠵᠢ᠂ ᠡᠮ ᠡᠮᠨᠡᠯᠭᠡ ᠶᠢᠨ ᠳᠠᠭᠠᠳᠬᠠᠯ ᠤᠨ ᠡᠮᠴᠢ᠂ ᠡᠮ ᠡᠮᠨᠡᠯᠭᠡ ᠶᠢᠨ ᠳᠠᠭᠠᠳᠬᠠᠯ ᠤᠨ | ᠰᠤᠪᠢᠯᠠᠭᠴᠢ᠂ ᠲᠣᠭᠲᠠᠭᠠᠭᠰᠠᠨ ᠴᠡᠭ ᠤᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ᠂ ᠡᠮ ᠡᠮᠨᠡᠯᠭᠡ ᠶᠢᠨ | ᠳᠠᠭᠠᠳᠬᠠᠯ ᠤᠨ ᠡᠮ ᠨᠠᠶᠢᠷᠠᠭᠴᠢ᠂ ᠡᠮ ᠡᠮᠨᠡᠯᠭᠡ ᠶᠢᠨ ᠳᠠᠭᠠᠳᠬᠠᠯ ᠤᠨ ᠰᠢᠰᠲ᠋ᠧᠮ ᠤᠨ ᠨᠢᠭᠡᠴᠢ᠂ ᠡᠮ ᠡᠮᠨᠡᠯᠭᠡ ᠶᠢᠨ | ᠳᠠᠭᠠᠳᠬᠠᠯ ᠤᠨ ᠰᠢᠰᠲ᠋ᠧᠮ ᠤᠨ ᠠᠵᠢᠯᠲᠠᠨ᠂ ᠡᠮ ᠡᠮᠨᠡᠯᠭᠡ ᠶᠢᠨ ᠳᠠᠭᠠᠳᠬᠠᠯ ᠤᠨ ᠡᠭᠦᠳᠡᠨ ᠡᠮᠨᠡᠯᠭᠡ ᠶᠢᠨ ᠤᠳᠠᠭᠠᠨ | ᠴᠢᠨᠠᠷᠲᠠᠶ ᠡᠪᠡᠳᠴᠢᠨ᠂ ᠡᠮ ᠡᠮᠨᠡᠯᠭᠡ ᠶᠢᠨ ᠳᠠᠭᠠᠳᠬᠠᠯ ᠢ ᠦᠨᠳᠦᠰᠦᠯᠡᠨ ᠲᠠᠰᠤᠯᠤᠨ ᠪᠣᠳᠣᠬᠤ᠂ ᠡᠮ ᠡᠮᠨᠡᠯᠭᠡ ᠶᠢᠨ | ᠳᠠᠭᠠᠳᠬᠠᠯ ᠤᠨ ᠡᠳᠦᠷ ᠤᠨ ᠮᠡᠰᠡ ᠵᠠᠰᠠᠯ ᠬᠢᠬᠦ ᠵᠡᠷᠭᠡ 11 ᠵᠦᠢᠯ ᠤᠨ ᠡᠮ ᠡᠮᠨᠡᠯᠭᠡ ᠶᠢᠨ ᠳᠠᠭᠠᠳᠬᠠᠯ ᠤᠨ ᠮᠡᠳᠡᠭᠡ | ᠵᠠᠩᠭᠢ ᠶᠢᠨ ᠲᠤᠬᠠᠶᠢᠯᠠᠭᠰᠠᠨ ᠠᠵᠢᠯ ᠢ ᠨᠣᠮᠧᠷᠯᠠᠬᠤ ᠳᠦᠷᠢᠮ ᠪᠠ ᠠᠷᠭ᠎ᠠ ᠶᠢ ᠨᠡᠶᠢᠲᠡᠯᠡᠪᠡ᠃ ᠡᠭᠦᠨ ᠤ ᠬᠠᠮᠲᠤ᠂ | ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠶᠢᠨ ᠰᠦᠯᠵᠢᠶᠡᠨ ᠳᠡᠭᠡᠷ᠎ᠡ ︽ᠡᠮ ᠡᠮᠨᠡᠯᠭᠡ ᠶᠢᠨ | ᠳᠠᠭᠠᠳᠬᠠᠯ ᠤᠨ ᠮᠡᠳᠡᠭᠡ ᠵᠠᠩᠭᠢ ᠶᠢᠨ ᠲᠤᠬᠠᠶᠢᠯᠠᠭᠰᠠᠨ ᠠᠵᠢᠯ ᠤᠨ ᠺᠣᠳ᠋ᠯᠠᠬᠤ ᠪᠠᠷᠢᠮᠵᠢᠶ᠎ᠠ ᠶᠢᠨ ᠳ᠋ᠠᠶᠢᠲ᠋ᠠ | ᠬᠥᠮᠥᠷᠭᠡ ᠶᠢᠨ ᠬᠥᠳᠡᠯᠦᠩᠭᠦᠶ ᠬᠠᠮᠠᠭᠠᠯᠠᠯᠲᠠ︾ ᠶᠢᠨ ᠴᠣᠩᠬᠤ ᠶᠢ ᠨᠡᠪᠲᠡᠷᠡᠭᠦᠯᠪᠡ᠃ ᠤᠯᠤᠰ ᠤᠨ ᠡᠮ ᠡᠮᠨᠡᠯᠭᠡ ᠶᠢᠨ | ᠳᠠᠭᠠᠳᠬᠠᠯ ᠤᠨ ᠲᠣᠪᠴᠢᠶ᠎ᠠ ᠢᠯᠡᠷᠬᠡᠶᠢᠯᠡᠬᠦ ᠳᠡᠭᠡᠨ᠂ ᠲᠤᠬᠠᠶᠢᠯᠠᠭᠰᠠᠨ ᠠᠵᠢᠯ ᠤᠨ ᠳ᠋ᠤᠭᠠᠷᠯᠠᠯ ᠤᠨ ᠳᠦᠷᠢᠮ ᠪᠠ | ᠠᠷᠭ᠎ᠠ ᠶᠢ ᠲᠣᠭᠲᠠᠭᠠᠬᠤ ᠪᠣᠯ ᠵᠥᠪᠬᠡᠨ ᠡᠮ ᠡᠮᠨᠡᠯᠭᠡ ᠶᠢᠨ ᠳᠠᠭᠠᠳᠬᠠᠯ ᠤᠨ ᠮᠡᠳᠡᠭᠡ ᠵᠠᠩᠭᠢ ᠶᠢ ᠪᠠᠷᠢᠮᠵᠢᠶᠠᠵᠢᠭᠤᠯᠬᠤ | ᠠᠵᠢᠯ ᠤᠨ ᠡᠬᠢᠯᠡᠯᠲᠡ ᠮᠥᠨ᠃ | ᠤᠷᠴᠢᠭᠤᠯᠤᠭᠴᠢ᠄ ᠲᠤᠶᠠᠭ᠎ᠠ ᠪᠡᠯᠡᠳᠬᠡᠭᠴᠢ᠄ ᠭᠡᠷᠡᠯ |