ᠥᠪᠥᠷ ᠮᠣᠩᠭᠤᠯ ᠤᠨ ᠳ᠋ᠠ ᠬᠤᠣ ᠱᠠᠨ ᠾᠧ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠮᠠᠨ ᠤ ᠰᠢᠶᠠᠨ ᠤ ᠪᠠ ᠱᠢ ᠴᠢᠩ ᠲᠣᠰᠬᠤᠨ ᠳᠤ ᠬᠦᠷᠴᠦ ᠶᠠᠳᠠᠭᠤ ᠬᠦᠴᠢᠷᠳᠡᠯᠲᠡᠶ ᠡᠷᠦᠬᠡ ᠶᠢᠨ ᠶᠠᠳᠠᠭᠤ ᠶᠢ ᠲᠡᠳᠬᠦᠬᠦ ᠶᠢ ᠵᠣᠯᠭᠠᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2019-10-28
   10 ᠳ᠋ᠤᠭᠠᠷ ᠰᠠᠷ᠎ᠠ ᠶᠢᠨ 26 ᠤ ᠦᠳᠡ ᠶᠢᠨ ᠡᠮᠦᠨ᠎ᠡ᠂ ᠥᠪᠥᠷ ᠮᠣᠩᠭᠤᠯ ᠤᠨ ᠳ᠋ᠠ ᠬᠤᠣ ᠱᠠᠨ ᠾᠧ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠮᠠᠨ ᠤ ᠰᠢᠶᠠᠨ ᠤ ᠳᠡᠪᠡᠭᠡᠲᠤ ᠰᠢᠶᠠᠩ ᠤᠨ ᠪᠠ ᠱᠢ ᠴᠢᠩ ᠲᠣᠰᠬᠤᠨ ᠳᠤ ᠬᠦᠷᠴᠦ ᠶᠠᠳᠠᠭᠤ ᠬᠦᠴᠢᠷᠳᠡᠯᠲᠡᠶ ᠡᠷᠦᠬᠡ ᠶᠢᠨ ᠶᠠᠳᠠᠭᠤ ᠶᠢ ᠲᠡᠳᠬᠦᠬᠦ ᠠᠵᠢᠯ ᠢ ᠵᠣᠯᠭᠠᠯᠳᠤᠭᠤᠯᠬᠤ ᠠᠵᠢᠯᠯᠠᠭ᠎ᠠ ᠥᠷᠨᠢᠭᠦᠯᠪᠡ᠃ ᠪᠠ ᠱᠢ ᠴᠢᠩ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠠᠵᠢᠯᠯᠠᠭ᠎ᠠ ᠳᠤ ᠣᠷᠣᠯᠴᠠᠵᠠᠶ᠃    ᠲᠣᠰᠬᠤᠨ ᠤ ᠬᠠᠨᠳᠢᠪᠯᠠᠬᠤ ᠶᠣᠰᠣᠯᠠᠯ ᠳᠡᠭᠡᠷ᠎ᠡ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠭᠦᠸᠧ ᠶᠢᠩ ᠥᠪᠥᠷ ᠮᠣᠩᠭᠤᠯ ᠤᠨ ᠳ᠋ᠠ ᠬᠤᠣ ᠱᠠᠨ ᠾᠧ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢ ᠲᠥᠯᠥᠭᠡᠯᠡᠨ ᠲᠣᠰᠬᠤᠨ ᠤ ᠸᠠᠩ ᠬᠦᠶ ᠬᠤᠸᠠ᠂ ᠬᠤᠸᠠᠩ ᠠᠶ᠂ ᠭᠤᠤ ᠵᠢᠶᠦ᠋ᠨ᠂ ᠵᠠᠩ ᠸᠠᠨ ᡁᠢ ᠵᠡᠷᠭᠡ 8 ᠶᠠᠳᠠᠭᠤ ᠬᠦᠴᠢᠷᠳᠡᠯᠲᠡᠶ ᠡᠷᠦᠬᠡ ᠳᠤ  ᠬᠠᠪᠰᠤᠷᠤᠨ ᠲᠡᠳᠬᠦᠬᠦ ᠪᠡᠯᠡ ᠮᠥᠩᠭᠦ ᠲᠠᠷᠬᠠᠭᠠᠵᠤ᠂ ᠨᠡᠶᠢᠲᠡ 19000 ᠲᠥᠭᠦᠷᠢᠭ ᠤᠨ ᠪᠡᠯᠡᠨ ᠵᠣᠭᠤᠰ ᠬᠠᠨᠳᠢᠪᠯᠠᠵᠤ᠂ ᠲᠣᠰᠬᠤᠨ ᠤ ᠶᠠᠳᠠᠭᠤ ᠶᠢ ᠲᠡᠳᠬᠦᠬᠦ ᠠᠵᠤ ᠦᠢᠯᠡᠰ ᠲᠤ ᠬᠡᠷᠡᠭᠯᠡᠵᠦ᠂ ᠲᠡᠳᠡᠨ ᠢ ᠬᠠᠪᠰᠤᠷᠤᠨ ᠡᠷᠲᠡᠬᠡᠨ ᠶᠠᠳᠠᠭᠤ ᠠᠴᠠ ᠠᠩᠭᠢᠵᠢᠷᠠᠬᠤ ᠶᠢ ᠬᠦᠰᠡᠵᠡᠢ᠃    ᠬᠤᠸᠠᠳᠧ ᠰᠢᠶᠠᠨ ᠤ ᠳ᠋ᠠ ᠬᠤᠣ ᠱᠠᠨ ᠾᠧ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠪᠣᠯ ᠭᠠᠭ᠋ᠠᠶ ᠦᠷᠡᠵᠢᠭᠦᠯᠦᠨ ᠪᠤᠶᠢᠵᠢᠭᠤᠯᠬᠤ᠂ ᠠᠮᠢ ᠠᠬᠤᠢ ᠶᠢᠨ ᠲᠡᠵᠢᠭᠡᠨ ᠦᠷᠡᠵᠢᠭᠦᠯᠬᠦ᠂ ᠣᠷᠭᠠᠨᠢᠭ ᠲᠠᠷᠢᠮᠠᠯ ᠲᠠᠷᠢᠬᠤ᠂ ᠲᠡᠵᠢᠭᠡᠯ ᠪᠣᠷᠳᠤᠭ᠎ᠠ ᠦᠢᠯᠡᠳᠪᠤᠷᠢᠯᠡᠬᠦ᠂ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡ᠂ ᠮᠢᠬᠠᠨ ᠡᠳ᠋ᠰᠢᠭᠦᠯᠭᠡ᠂ ᠵᠤᠭᠠᠴᠠᠨ ᠲᠣᠭᠤᠷᠢᠬᠤ ᠶᠢ ᠨᠢᠭᠡ ᠴᠣᠭᠴᠠᠵᠢᠭᠤᠯᠤᠭᠰᠠᠨ ᠶᠡᠷᠦᠩᠬᠡᠶᠢᠯᠡᠭᠰᠡᠨ ᠴᠢᠨᠠᠷᠲᠠᠶ ᠠᠵᠤ ᠠᠬᠤᠶᠢᠯᠠᠯ ᠪᠣᠯᠤᠨ᠎ᠠ᠃ 2016 ᠣᠨ ᠠᠴᠠ ᠨᠠᠰᠢ᠂ ᠺᠣᠮᠫᠠᠨᠢ ᠠᠴᠠ 5 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ ᠣᠳᠣ ᠦᠶ᠎ᠡ ᠶᠢᠨ ᠮᠠᠯ ᠠᠵᠤ ᠠᠬᠤᠶ ᠲᠠᠷᠢᠶᠠᠯᠠᠩ ᠤᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠢ ᠪᠠᠶᠢᠭᠤᠯᠵᠤ᠂ ᠵᠢᠯ ᠳᠤ 8 ᠲᠦᠮᠡᠨ ᠭᠠᠭ᠋ᠠᠶ᠂ 100 ᠲᠦᠮᠡᠨ ᠭᠠᠭ᠋ᠠᠶ ᠪᠣᠷᠣᠯᠠᠭᠤᠯᠵᠤ᠂ 180 ᠬᠥᠮᠦᠨ ᠳᠤ ᠠᠵᠢᠯ ᠲᠣᠬᠢᠷᠠᠭᠤᠯᠵᠤ᠂ ᠣᠨᠴᠠᠭᠠᠶᠢᠯᠠᠨ ᠳᠡᠯᠡᠬᠡᠶ ᠶᠢᠨ ᠲᠠᠷᠢᠶᠠᠯᠠᠩ ᠤᠨ ᠲᠠᠯᠠᠪᠠᠢ ᠶᠢᠨ ᠠᠮᠢᠲᠠᠨ ᠤ ᠠᠰᠠᠷᠠᠮᠵᠢ ᠶᠢᠨ ᠨᠡᠶᠢᠭᠡᠮᠯᠢᠭ ᠪᠣᠯᠤᠨ ᠠᠮᠢᠲᠠᠨ ᠤ ᠠᠰᠠᠷᠠᠮᠵᠢ ᠶᠢᠨ ᠣᠯᠠᠨ ᠤᠯᠤᠰ ᠤᠨ ᠵᠥᠪᠯᠡᠯ ᠤᠨ ᠵᠥᠪᠰᠢᠶᠡᠷᠡᠯ ᠢ ᠣᠯᠵᠤ᠂ 2017 ᠣᠨ ᠤ ᠠᠰᠠᠷᠠᠮᠵᠢ ᠶᠢᠨ ᠲᠡᠵᠢᠭᠡᠪᠦᠷᠢ ᠶᠢᠨ ᠠᠯᠲᠠᠨ ᠭᠠᠭ᠋ᠠᠶ ᠱᠠᠩᠨᠠᠯ ᠤᠨ ᠢᠷᠠᠭᠤ ᠠᠯᠳᠠᠷ ᠢ ᠬᠦᠷᠲᠡᠪᠡ᠃    ᠠᠵᠤ ᠠᠬᠤᠶᠢᠯᠠᠯ ᠢ ᠬᠠᠪᠰᠤᠷᠤᠨ ᠲᠡᠳᠬᠦᠬᠦ ᠪᠠᠷ ᠳᠠᠮᠵᠢᠨ᠂ ᠺᠣᠮᠫᠠᠨᠢ ᠠᠴᠠ ᠤᠷᠢᠳᠠᠪᠠᠷ ᠲᠣᠰᠬᠤᠨ ᠤ ᠶᠠᠳᠠᠭᠤ ᠬᠦᠴᠢᠷᠳᠡᠯᠲᠡᠶ ᠡᠷᠦᠬᠡ ᠶᠢ ᠲᠣᠰ ᠠᠵᠤ ᠠᠬᠤᠶᠢᠯᠠᠯ ᠳᠤ ᠠᠵᠢᠯ ᠬᠢᠯᠭᠡᠬᠦ ᠪᠠᠷ ᠲᠣᠬᠢᠷᠠᠭᠤᠯᠵᠤ᠂ ᠶᠠᠳᠠᠭᠤ ᠬᠦᠴᠢᠷᠳᠡᠯᠲᠡᠶ ᠡᠷᠦᠬᠡ ᠶᠢᠨ ᠠᠵᠢᠯ ᠣᠯᠭᠤᠯᠲᠠ ᠶᠢᠨ ᠠᠰᠠᠭᠤᠳᠠᠯ ᠢ ᠦᠨᠡᠨᠬᠦ  ᠰᠢᠢᠳᠪᠤᠷᠢᠯᠡᠵᠦ᠂  ᠪᠦᠬᠦ ᠰᠢᠶᠠᠨ ᠤ ᠶᠠᠳᠠᠭᠤ ᠠᠴᠠ ᠠᠩᠭᠢᠵᠢᠷᠠᠭᠤᠯᠬᠤ ᠬᠠᠷᠠᠯᠲᠠ ᠶᠢ ᠪᠡᠶᠡᠯᠡᠭᠦᠯᠬᠦ ᠳᠤ ᠬᠦᠴᠦ ᠪᠠᠨ ᠬᠠᠨᠳᠢᠪᠯᠡᠪᠡ᠃                                                 ᠣᠷᠴᠢᠭᠤᠯᠤᠭᠴᠢ᠄ ᠭᠡᠷᠡᠯ
 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠲᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10002599号