ᠤᠭ ᠰᠠᠨᠠᠭ᠎ᠠ ᠪᠠᠨ ᠦᠯᠦ ᠮᠠᠷᠲᠠᠵᠤ ᠬᠥᠳᠡᠯᠦᠨ‌‍ᠲ᠋ᠠᠭᠠᠭᠤᠯᠬᠤ ᠶᠢ ᠠᠳᠬᠤᠵᠤ᠂ ᠰᠢᠷᠭᠠᠭᠤ ᠠᠵᠢᠯᠯᠠᠨ ᠶᠠᠳᠠᠭᠤ ᠠᠴᠠ ᠠᠩᠭᠢᠵᠢᠷᠠᠭᠤᠯᠤᠨ᠎ᠠ
ᠨᠡᠶᠢᠲᠡᠯᠡᠭᠰᠡᠨ ᠴᠠᠭ᠄
2019-10-29
    ᠤᠭ ᠰᠠᠨᠠᠭ᠎ᠠ ᠪᠠᠨ ᠦᠯᠦ ᠮᠠᠷᠲᠠᠵᠤ ᠬᠥᠳᠡᠯᠦᠨ‌‍ᠲ᠋ᠠᠭᠠᠭᠤᠯᠬᠤ ᠶᠢ ᠠᠳᠬᠤᠵᠤ᠂ ᠰᠢᠷᠭᠠᠭᠤ ᠠᠵᠢᠯᠯᠠᠨ ᠶᠠᠳᠠᠭᠤ ᠠᠴᠠ ᠠᠩᠭᠢᠵᠢᠷᠠᠭᠤᠯᠤᠨ᠎ᠠ                — ᠰᠢᠶᠠᠨ ᠤ ᠠᠵᠤ ᠦᠢᠯᠡᠳᠪᠤᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶᠠᠨ ᠤ ᠴᠠᠩ ᠱᠦᠨ ᠪᠠᠯᠭᠠᠰᠤᠨ ᠤ ᠾᠧ ᠫᠢᠩ ᠲᠣᠰᠬᠤᠨ ᠳᠤ ᠲᠣᠮᠢᠯᠠᠭᠰᠠᠨ ᠨᠢᠭᠡᠳᠦᠭᠡᠷ ᠱᠦᠵᠢ ᠮᠠ ᠰᠢᠶᠠᠩ
   2017ᠣᠨ ᠤ 3 ᠰᠠᠷ᠎ᠠ ᠳᠤ᠂ ᠵᠣᠬᠢᠶᠠᠨ ᠪᠠᠶᠢᠭᠤᠯᠤᠯᠲᠠ ᠶᠢᠨ ᠤᠷᠢᠶᠠᠯᠠᠭ᠎ᠠ ᠶᠢ ᠴᠤᠤᠷᠢᠶᠠᠲᠤᠨ ᠳᠠᠭᠠᠬᠤ ᠶᠢᠨ ᠲᠥᠯᠥᠭᠡ᠂ ᠬᠤᠸᠠᠳᠧ ᠰᠢᠶᠠᠨ ᠤ ᠠᠵᠤ ᠠᠬᠤᠶ ᠮᠡᠳᠡᠭᠡ ᠵᠠᠩᠭᠢ ᠬᠤᠳᠠᠯᠳᠤᠭᠠᠨ ᠤ ᠶᠠᠪᠤᠳᠠᠯ ᠤᠨ ᠲᠣᠪᠴᠢᠶᠠᠨ ᠤ ᠠᠯᠪᠠᠨ ᠭᠡᠷ ᠤᠨ ᠡᠷᠬᠢᠯᠡᠭᠴᠢ ᠮᠠ ᠰᠢᠶᠠᠩ ᠨᠥᠬᠦᠷ ᠵᠣᠬᠢᠶᠠᠨ ᠪᠠᠶᠢᠭᠤᠯᠤᠯᠲᠠ ᠶᠢᠨ ᠲᠣᠬᠢᠷᠠᠭᠤᠯᠤᠯᠲᠠ ᠶᠣᠰᠣᠭᠠᠷ᠂ ᠾᠧ ᠫᠢᠩ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠶᠢᠨ ᠳᠠᠷᠤᠭ᠎ᠠ ᠪᠥᠭᠡᠳ ᠨᠢᠭᠡᠳᠦᠭᠡᠷ ᠱᠦᠵᠢ ᠪᠣᠯᠪᠠ᠃ ᠬᠤᠶᠠᠷ ᠵᠢᠯ ᠳᠤ᠂ ᠮᠠ ᠰᠢᠶᠠᠩ ᠨᠥᠬᠦᠷ ᠰᠢᠷᠭᠠᠭᠤ ᠬᠠᠲᠠᠭᠤᠵᠢᠯᠲᠠᠶ ᠠᠵᠢᠯᠯᠠᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠨ᠂ ᠲᠣᠰᠬᠤᠨ ᠤ ᠨᠠᠮ ᠤᠨ ᠡᠭᠦᠷ ᠪᠣᠯᠤᠨ ᠶᠠᠳᠠᠭᠤ ᠬᠦᠴᠢᠷᠳᠡᠯᠲᠡᠶ ᠣᠯᠠᠨ ᠲᠦᠮᠡᠨ ᠢ ᠳᠠᠭᠠᠭᠤᠯᠤᠨ ᠲᠣᠰ ᠲᠣᠰᠬᠤᠨ ᠤ ᠬᠥᠭᠵᠢᠯᠲᠡ ᠳᠤ ᠲᠣᠬᠢᠷᠠᠬᠤ ᠶᠠᠳᠠᠭᠤ ᠠᠴᠠ ᠠᠩᠭᠢᠵᠢᠷᠠᠭᠤᠯᠬᠤ ᠵᠠᠮ ᠢ ᠨᠡᠭᠡᠭᠡᠵᠦ᠂ ᠶᠠᠳᠠᠭᠤᠷᠠᠵᠦ ᠪᠠᠶᠢᠭ᠎ᠠ ᠨᠣᠷᠮ᠎ᠠ ᠶᠢᠨ ᠲᠤᠭ᠎ᠠ 2016 ᠣᠨ ᠤ 10.05 % ᠪᠠᠶᠢᠭᠰᠠᠨ ᠠᠴᠠ ᠪᠠᠨ ᠪᠠᠭᠤᠷᠠᠭᠠᠳ 2018 ᠣᠨ ᠳᠤ 1.44 % ᠪᠣᠯᠵᠤ᠂ 2018 ᠣᠨ ᠳᠤ ᠶᠠᠳᠠᠭᠤ ᠬᠦᠴᠢᠷᠳᠡᠯᠲᠡᠢ ᠲᠣᠰᠬᠤᠨ ᠤᠬᠤᠷᠢᠨ ᠭᠠᠷᠬᠤ ᠨᠢ ᠬᠤᠲᠠ ᠶᠢᠨ ᠲᠡᠰ ᠤᠨ ᠰᠢᠯᠭᠠᠨ ᠪᠠᠶᠢᠴᠠᠭᠠᠯᠲᠠ ᠶᠢ ᠤᠷᠤᠭᠰᠢᠲᠠᠶ ᠥᠩᠭᠡᠷᠡᠪᠡ᠃    ︵ᠨᠢᠭᠡ︶ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠪᠠᠶᠢᠭᠤᠯᠤᠨ ᠬᠦᠴᠦᠷᠬᠡᠭᠵᠢᠭᠦᠯᠦᠨ᠎ᠡ    ᠵᠣᠭᠤᠰ ᠮᠥᠩᠭᠦ ᠡᠳ᠋ ᠪᠣᠳᠠᠰ ᠥᠭᠬᠦ ᠪᠠᠷ ᠰᠠᠶᠢᠨ ᠨᠠᠮ ᠤᠨ ᠡᠭᠦᠷ ᠪᠠᠶᠢᠭᠤᠯᠬᠤ ᠶᠢ ᠬᠦᠷᠬᠦ ᠦᠭᠡᠢ᠃ ᠶᠠᠳᠠᠭᠤ ᠬᠦᠴᠢᠷᠳᠡᠯᠲᠡᠶ ᠪᠠᠶᠢᠳᠠᠯ ᠢ ᠬᠤᠪᠢᠷᠠᠭᠤᠯᠬᠤ ᠳᠤ᠂ ᠡᠷᠬᠡᠪᠰᠢ ᠳᠠᠶᠢᠴᠢᠨ ᠬᠦᠴᠦᠨ ᠢᠶᠠᠷ ᠴᠢᠩᠭ᠎ᠠ ᠲᠣᠰᠬᠤᠨ ᠤ ᠱᠠᠲᠤᠨ ᠤ ᠤᠳᠤᠷᠢᠳᠬᠤ ᠪᠠᠭ ᠪᠣᠯᠤᠨ ᠴᠠᠭᠠᠷᠠᠭᠰᠠᠨ ᠨᠠᠮ ᠤᠨ ᠭᠡᠰᠢᠭᠦᠨ ᠤ ᠡᠩᠨᠡᠭᠡ ᠪᠠᠶᠢᠬᠤ ᠬᠡᠷᠡᠭᠲᠡᠶ᠃ ᠾᠧ ᠫᠢᠩ ᠲᠣᠰᠬᠤᠨ ᠤ ᠨᠠᠮ ᠤᠨ ᠡᠭᠦᠷ ᠲᠤ ᠣᠳᠣ 41 ᠨᠠᠮ ᠤᠨ ᠭᠡᠰᠢᠭᠦᠨ ᠲᠠᠢ᠂ ᠭᠡᠪᠡᠴᠦ ᠲᠣᠰᠬᠤᠨ ᠳᠤ ᠪᠠᠶᠢᠩᠭᠤ ᠰᠠᠭᠤᠭ᠎ᠠ ᠨᠠᠮ ᠤᠨ ᠭᠡᠰᠢᠭᠦᠨ 15 ᠯᠠ ᠪᠠᠶᠢᠨ᠎ᠠ᠂ ᠨᠢᠭᠡᠳᠦᠭᠡᠷ ᠱᠦᠵᠢ ᠪᠣᠯᠤᠭᠰᠠᠨ ᠤ ᠬᠤᠪᠢ ᠳᠤ᠂ ᠮᠠ ᠰᠢᠶᠠᠩ ᠨᠥᠬᠦᠷ ᠲᠣᠰ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ︽ᠠᠮᠢᠯᠠᠭᠤᠯᠤᠶ᠎ᠠ︾ ᠭᠡᠪᠡᠯ ᠡᠷᠬᠡᠪᠰᠢ ᠨᠠᠮ ᠤᠨ ᠪᠠᠶᠢᠭᠤᠯᠤᠯᠲᠠ ᠶᠢᠨ ᠠᠵᠢᠯ ᠢ ᠴᠢᠩᠭ᠎ᠠ ᠠᠳᠬᠤᠬᠤ ᠬᠡᠷᠡᠭᠲᠡᠶ᠂ ᠭᠠᠭᠴᠠ ᠬᠦ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠨᠠᠮ ᠤᠨ ᠡᠭᠦᠷ ᠤᠨ ᠪᠠᠭ ᠪᠠᠶ᠋ᠪᠠᠯ ᠰᠠᠶ᠋ᠢ ᠨᠠᠮ ᠤᠨ ᠭᠡᠰᠢᠭᠦᠨ ᠤ ᠬᠠᠷᠢᠭᠤᠴᠠᠯᠭᠠᠲᠤ ᠰᠡᠳᠬᠢᠯᠭᠡ ᠶᠢ ᠬᠥᠭᠵᠢᠭᠡᠵᠦ ᠴᠢᠳᠠᠨ᠎ᠠ ᠭᠡᠳᠡᠭ ᠢ ᠭᠦᠨᠵᠡᠭᠡᠶ ᠣᠶᠢᠯᠠᠭᠠᠵᠤ᠂ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠭᠡᠬᠦ ᠡᠨᠡᠬᠦ ︽ᠬᠥᠳᠡᠯᠭᠡᠭᠦᠷ︾ ᠢ ᠦᠨᠡᠨᠬᠦ ᠠᠮᠢᠵᠢᠷᠠᠯ ᠤᠨ ᠬᠦᠴᠦᠨ ᠲᠠᠢ ᠪᠣᠯᠭᠠᠪᠠ᠃ ᠡᠭᠦᠨ ᠤ ᠲᠤᠯᠠᠳᠠ᠂ ᠮᠠ ᠰᠢᠶᠠᠩ ᠤᠨᠤᠯ ᠤᠨ ᠰᠤᠷᠤᠯᠴᠠᠯᠭ᠎ᠠ ᠪᠠᠨ ᠴᠢᠩᠭᠠᠳᠬᠠᠬᠤ ᠠᠴᠠ ᠭᠠᠷᠳᠠᠵᠤ᠂ ︽ᠬᠤᠶᠠᠷ ᠢ ᠰᠤᠷᠤᠯᠴᠠᠵᠤ ᠨᠢᠭᠡ ᠳᠤ ᠲᠡᠩᠴᠡᠭᠦᠯᠬᠦ︾᠂ ︽ᠭᠤᠤᠯ ᠰᠡᠳᠦᠪᠲᠦ ᠨᠠᠮ ᠤᠨ ᠡᠳᠦᠷ︾ ᠵᠡᠷᠭᠡ ᠠᠵᠢᠯᠯᠠᠭ᠎ᠠ ᠪᠠᠷ ᠳᠠᠮᠵᠢᠨ᠂ ᠲᠣᠰᠬᠤᠨ ᠤ ︽ᠬᠤᠶᠠᠷ ᠵᠥᠪᠯᠡᠯ︾᠂ ᠨᠠᠮ ᠤᠨ ᠭᠡᠰᠢᠭᠦᠨ᠂ ᠲᠣᠰᠬᠤᠨ ᠳᠤ ᠰᠠᠭᠤᠭ᠎ᠠ ᠠᠵᠢᠯᠯᠠᠬᠤ ᠳᠤᠭᠤᠶᠢᠯᠠᠩ ᠢ ᠵᠣᠬᠢᠶᠠᠨ ᠪᠠᠶᠢᠭᠤᠯᠵᠤ ᠶᠡᠷᠦᠩᠬᠡᠶ ᠱᠦᠵᠢ ᠰᠢ ᠶᠢᠨ ᠫᠢᠩ ᠤᠨ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠲᠤᠬᠠᠶ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠵᠤ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠤᠬᠠᠶ ᠴᠢᠬᠤᠯᠠ ᠶᠡᠭᠡ ᠪᠠᠶᠢᠷᠢᠯᠠᠭᠤᠯᠤᠯᠲᠠ ᠪᠣᠯᠤᠨ ᠲᠣᠭᠲᠠᠭᠠᠯ ᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠦᠵᠡᠯ ᠰᠠᠨᠠᠭ᠎ᠠ ᠪᠠᠨ ᠨᠢᠭᠡᠳᠬᠡᠵᠦ᠂ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠬᠤ ᠵᠣᠷᠢᠯᠭ᠎ᠠ ᠳᠤ ᠬᠦᠷᠴᠡᠶ᠃ ᠡᠭᠦᠨ ᠤ ᠬᠠᠮᠲᠤ᠂ ᠲᠡᠷᠡ ᠪᠠᠰᠠ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠳᠦᠷᠢᠮ ᠪᠠ ᠠᠵᠢᠯᠯᠠᠭᠠᠨ ᠤ ᠲᠣᠭᠲᠠᠴᠠ ᠶᠢ ᠪᠦᠷᠢᠨ ᠪᠣᠯᠭᠠᠨ ᠲᠡᠭᠦᠯᠳᠡᠷᠵᠢᠭᠦᠯᠬᠦ ᠪᠠᠷ ᠳᠠᠮᠵᠢᠭᠤᠯᠤᠨ᠂ ᠢᠯᠡ ᠪᠣᠯᠭᠠᠬᠤ ᠶᠢ ᠬᠡᠷᠡᠭᠵᠢᠭᠦᠯᠵᠦ᠂ ︽ᠭᠤᠷᠪᠠᠨ ᠬᠤᠷᠠᠯ ᠨᠢᠭᠡ ᠬᠢᠴᠢᠶᠡᠯ︾ ᠵᠡᠷᠭᠡ ᠳᠦᠷᠢᠮ ᠢ ᠨᠠᠶᠢᠳᠠᠪᠤᠷᠢᠵᠢᠭᠤᠯᠵᠤ᠂ ᠲᠣᠰᠬᠤᠨ ᠤ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠢᠳᠠᠮᠵᠢ ᠪᠠ ᠦᠢᠯᠡᠳᠦᠯ ᠢ ᠭᠦᠢᠴᠡᠳ ᠪᠠᠳᠠᠷᠠᠭᠤᠯᠪᠠ᠃ ᠡᠭᠦᠨ ᠠᠴᠠ ᠭᠠᠳᠠᠨ᠎ᠠ᠂ ᠲᠡᠷᠡ ᠴᠠᠭ ᠢᠮᠠᠭᠲᠠ ᠦᠭᠡᠢ᠂ ᠭᠠᠵᠠᠷ ᠪᠣᠯᠭᠠᠨ ᠳᠤ ᠦᠯᠢᠭᠡᠷ ᠳᠠᠭᠤᠷᠢᠶᠠᠯ ᠦᠵᠡᠭᠦᠯᠵᠦ᠂ ᠭᠤᠤᠯᠴᠢ ᠪᠠᠷ ᠬᠡᠷᠡᠭ ᠰᠢᠢᠳᠪᠤᠷᠢᠯᠡᠬᠦ᠂ ᠠᠷᠠᠳᠴᠢᠯᠠᠭᠰᠠᠨ ᠬᠡᠷᠡᠭ ᠡᠷᠬᠢᠯᠡᠬᠦ᠂ ᠳᠦᠷᠢᠮ ᠲᠣᠭᠲᠠᠭᠠᠯ ᠶᠣᠰᠣᠭᠠᠷ ᠬᠡᠷᠡᠭ ᠡᠷᠬᠢᠯᠡᠬᠦ ᠶᠢ ᠪᠠᠷᠢᠮᠲᠠᠯᠠᠵᠤ᠂ ᠺᠠᠳ᠋ᠷ ᠣᠯᠠᠨ ᠲᠦᠮᠡᠨ ᠤ ᠬᠠᠮᠲᠤ ᠶᠢᠨ ᠰᠠᠶᠢᠨ ᠦᠨᠡᠯᠡᠯᠲᠡ ᠶᠢ ᠣᠯᠵᠠᠶ᠃    ︵ᠬᠤᠶᠠᠷ︶ ᠰᠤᠳᠠᠯ ᠢ ᠠᠳᠬᠤᠨ ᠣᠨᠣᠰᠢᠯᠠᠵᠤ᠂ ᠶᠠᠳᠠᠭᠤ ᠠᠴᠠ ᠠᠩᠭᠢᠵᠢᠷᠠᠭᠤᠯᠬᠤ ᠰᠢᠨ᠎ᠡ ᠵᠠᠮ ᠢᠶᠠᠷ ᠵᠠᠮᠨᠠᠨ᠎ᠠ    ᠾᠧ ᠫᠢᠩ ᠲᠣᠰᠬᠤᠨ ᠬᠤᠸᠠᠳᠧ ᠰᠢᠶᠠᠨ ᠤ ᠡᠮᠦᠨᠡᠲᠦ ᠬᠡᠰᠡᠭ ᠲᠤ ᠪᠠᠶᠢᠷᠢᠯᠠᠵᠤ᠂ 5 ᠪᠠᠶᠢᠭᠠᠯᠢᠭ ᠲᠣᠰᠬᠤᠨ ᠢ ᠬᠠᠷᠢᠶᠠᠯᠠᠵᠤ᠂ ᠪᠦᠬᠦ ᠲᠣᠰᠬᠤᠨ ᠤ ᠳᠠᠩᠰᠠᠨ ᠳᠤ ᠪᠠᠶᠢᠭ᠎ᠠ 851 ᠡᠷᠦᠬᠡ 2069 ᠬᠥᠮᠦᠨ ᠠᠮᠠ᠂ ᠪᠠᠶᠢᠩᠭᠤ ᠰᠠᠭᠤᠷᠢᠰᠢᠭ᠎ᠠ 181 ᠡᠷᠦᠬᠡ 353 ᠬᠥᠮᠦᠨ᠂ ᠶᠠᠳᠠᠭᠤ ᠬᠦᠴᠢᠷᠳᠡᠯᠲᠡᠶ113 ᠡᠷᠦᠬᠡ 259 ᠬᠦᠮᠦᠨ᠃ ᠲᠣᠰ ᠲᠣᠰᠬᠤᠨ ᠤ ᠰᠠᠭᠤᠷᠢ ᠲᠥᠬᠦᠭᠡᠷᠦᠮᠵᠢ ᠬᠤᠴᠣᠷᠤᠩᠭᠤᠶ᠂ ᠭᠠᠵᠠᠷ ᠰᠢᠷᠣᠶ ᠲᠠᠴᠢᠷ ᠨᠢᠮᠭᠡᠨ᠂ ᠣᠯᠠᠩᠬᠢ ᠨᠢ ᠬᠥᠲᠥᠯ ᠨᠢᠷᠤᠭᠤ ᠬᠠᠭᠤᠷᠠᠶ ᠭᠠᠵᠠᠷ ᠪᠠᠶᠢᠵᠤ᠂ ᠲᠠᠷᠢᠮᠠᠯ ᠤᠨ ᠤᠨᠠᠯᠲᠠ ᠳᠣᠤᠷ᠎ᠠ ᠪᠠᠶᠢᠳᠠᠭ᠃ ᠲᠡᠭᠦᠨ ᠤ ᠲᠣᠰᠬᠤᠨ ᠳᠤ ᠰᠠᠭᠤᠭᠰᠠᠨ ᠤ ᠳᠠᠷᠠᠭᠠᠬᠢ ᠨᠢᠭᠡᠳᠦᠭᠡᠷ ᠶᠠᠪᠤᠳᠠᠯ ᠪᠣᠯ ᠳᠠᠷᠤᠶ ᠡᠷᠦᠬᠡ ᠳᠠᠷᠠᠭᠠᠯᠠᠨ ᠲᠣᠭᠤᠷᠢᠨ ᠦᠵᠡᠵᠦ᠂ ᠾᠧ ᠫᠢᠩ ᠵᠠᠰᠠᠭ ᠵᠠᠬᠢᠷᠭᠠᠨ ᠤ ᠲᠣᠰᠬᠤᠨ ᠤ ᠲᠠᠷᠢᠶᠠᠨ ᠭᠠᠵᠠᠷ ᠲᠤ ᠭᠦᠨᠵᠡᠭᠡᠶᠢᠷᠡᠨ᠂ ᠠᠶᠢᠯ ᠲᠣᠰᠬᠤᠨ ᠢᠶᠠᠷ ᠶᠠᠪᠤᠵᠤ ᠰᠡᠳᠬᠢᠯ ᠰᠠᠨᠠᠭ᠎ᠠ ᠪᠠᠨ ᠠᠭᠤᠵᠢᠷᠠᠲᠠᠯ᠎ᠠ ᠶᠠᠷᠢᠯᠴᠠᠵᠤ᠂ ᠲᠣᠰᠬᠤᠨ ᠤ ᠺᠠᠳ᠋ᠷ᠂ ᠲᠣᠰᠬᠤᠨ ᠤ ᠠᠷᠠᠳ ᠲᠠᠢ ᠣᠶᠢᠯᠠᠭᠠᠯᠴᠠᠪᠠ᠃ ᠬᠡᠰᠡᠭ ᠬᠤᠭᠤᠴᠠᠭᠠᠨ ᠤ ᠰᠣᠷᠪᠤᠯᠵᠢᠯᠠᠭ᠎ᠠ ᠪᠠᠷ ᠳᠠᠮᠵᠢᠨ᠂ ᠲᠡᠷᠡ ᠲᠣᠰᠬᠤᠨ ᠤ ᠬᠠᠮᠲᠤ ᠶᠢᠨ ᠤᠳᠤᠷᠢᠳᠬᠤ ᠪᠠᠭ ᠤᠨ ᠪᠦᠲᠦᠭᠡᠨ ᠪᠠᠶᠢᠭᠤᠯᠤᠯᠲᠠ᠂ ᠦᠢᠯᠡᠳᠪᠤᠷᠢᠯᠡᠯ ᠠᠮᠢᠳᠤᠷᠠᠯ᠂ ᠠᠷᠠᠳ ᠤᠨ ᠰᠤᠷᠲᠠᠯ ᠠᠷᠠᠳ ᠤᠨ ᠵᠠᠩᠰᠢᠯ᠂ ᠠᠷᠠᠳ ᠤᠨ ᠪᠠᠶᠢᠳᠠᠯ ᠠᠷᠠᠳ ᠤᠨ ᠰᠠᠨᠠᠭ᠎ᠠ ᠵᠡᠷᠭᠡ ᠪᠠᠶᠢᠳᠠᠯ ᠢ ᠲᠣᠪ ᠲᠣᠳᠣᠷᠬᠠᠶ ᠣᠶᠢᠯᠠᠭᠠᠵᠤ᠂ ᠰᠠᠭᠤᠷᠢ ᠲᠤᠭ᠎ᠠ᠂ ᠪᠠᠶᠢᠳᠠᠯ ᠲᠣᠳᠣᠷᠬᠠᠶ ᠪᠣᠯᠵᠤ᠂ ᠠᠵᠢᠯ ᠢᠶᠠᠨ ᠥᠷᠨᠢᠭᠦᠯᠬᠦ ᠳᠤ ᠰᠠᠭᠤᠷᠢ ᠲᠠᠯᠪᠢᠵᠤ ᠥᠭᠴᠡᠶ᠃ ᠲᠣᠰ ᠲᠣᠰᠬᠤᠨ ᠤ ᠶᠠᠳᠠᠭᠤᠷᠠᠭᠰᠠᠨ ᠰᠢᠯᠲᠠᠭᠠᠨ ᠵᠢᠴᠢ ᠬᠤᠴᠣᠷᠤᠩᠭᠤᠶ ᠬᠥᠭᠵᠢᠯᠲᠡ ᠶᠢᠨ ᠪᠠᠶᠢᠳᠠᠯ ᠳᠤ ᠴᠢᠭᠯᠡᠭᠦᠯᠦᠨ᠂ ᠶᠠᠳᠠᠭᠤᠷᠠᠭᠰᠠᠨ ᠠᠰᠠᠭᠤᠳᠠᠯ ᠢ ᠲᠤᠶᠢᠯᠪᠤᠷᠢᠲᠠᠢ ᠰᠢᠢᠳᠪᠤᠷᠢᠯᠡᠬᠦ ᠵᠢᠨ‌‍ᠲ᠋ᠥ᠋ᠯᠥᠭᠡ᠂ ᠲᠡᠷᠡ ᠡᠷᠭᠢᠨ ᠲᠣᠭᠤᠷᠢᠨ ᠤ ᠬᠥᠭᠵᠢᠯᠲᠡ ᠶᠢᠨ ᠲᠤᠷᠰᠢᠯᠭ᠎ᠠ ᠪᠠᠷ ᠲᠣᠯᠢ ᠪᠣᠯᠭᠠᠵᠤ᠂ ᠠᠵᠤ ᠦᠢᠯᠡᠰ ᠤᠨ ᠲᠥᠷᠥᠯ ᠵᠦᠢᠯ ᠢ ᠶᠡᠬᠡᠪᠡᠷ ᠰᠤᠳᠤᠯᠵᠤ᠂ ︽ᠲᠣᠰᠬᠤᠨ ᠤ ᠬᠠᠮᠲᠤ ᠶᠢᠨ ᠠᠵᠤ ᠠᠬᠤᠶ + ᠣᠨᠴᠠᠯᠢᠭᠲᠤ ᠠᠵᠤ ᠦᠢᠯᠡᠰ + ᠲᠥᠷᠥᠯ ᠵᠦᠢᠯ ᠢᠶᠠᠷ ᠳᠠᠶᠢᠴᠢᠯᠠᠬᠤ︾ ᠬᠥᠭᠵᠢᠯᠲᠡ ᠶᠢᠨ ᠰᠡᠳᠬᠢᠴᠡ ᠶᠢ ᠲᠣᠭᠲᠠᠭᠠᠵᠤ᠂ ᠡᠴᠦᠰ ᠲᠡᠭᠡᠨ ᠣᠶᠢᠷᠠᠬᠠᠨ ᠠᠴᠠ ᠠᠵᠢᠯ ᠣᠯᠬᠤ ᠪᠠ ᠡᠵᠡᠩᠨᠡᠯᠲᠡ ᠬᠢᠬᠦ ᠬᠤᠶᠠᠷ ᠲᠠᠯ᠎ᠠ ᠪᠠᠷ ᠠᠷᠭ᠎ᠠ ᠤᠬᠠᠭᠠᠨ ᠭᠠᠷᠭᠠᠬᠤ ᠪᠠᠷ ᠲᠣᠭᠲᠠᠪᠠ᠃ ︽ᠵᠢᠷᠭᠤᠭᠠᠨ ᠤᠨᠢᠨ ᠳᠡᠭᠡᠷ᠎ᠡ ᠨᠢ︾ ᠢ ᠪᠡᠶᠡᠯᠡᠭᠦᠯᠬᠦ ᠶᠢᠨ ᠲᠥᠯᠥᠭᠡ᠂ ᠲᠡᠷᠡ ᠥᠷᠭᠡᠨ ᠢᠶᠠᠷ ᠰᠠᠨᠠᠯ ᠬᠤᠷᠢᠶᠠᠵᠤ᠂ ᠶᠠᠳᠠᠭᠤ ᠬᠦᠴᠢᠷᠳᠡᠯᠲᠡᠶ ᠭᠡᠷ ᠪᠦᠯᠢ ᠶᠢᠨ ᠬᠥᠮᠦᠨ ᠠᠮᠠ ᠶᠢᠨ ᠪᠣᠳᠠᠲᠠᠶ ᠪᠠᠶᠢᠳᠠᠯ ᠶᠣᠰᠣᠭᠠᠷ᠂ ᠬᠥᠮᠦᠨ ᠪᠠ ᠡᠷᠦᠬᠡ ᠶᠢᠨ ᠪᠠᠶᠢᠳᠠᠯ ᠢ ᠦᠨᠳᠦᠰᠦᠯᠡᠨ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠶᠠᠳᠠᠭᠤ ᠬᠦᠴᠢᠷᠳᠡᠯᠲᠡᠶ ᠡᠷᠦᠬᠡ ᠪᠦᠷᠢ ᠳᠤ ᠲᠣᠰ ᠪᠡᠶ᠎ᠡ ᠶᠢᠨ ᠬᠢᠨᠢ ᠬᠢᠷᠢ ᠪᠠᠷ ᠶᠠᠳᠠᠭᠤ ᠠᠴᠠ ᠠᠩᠭᠢᠵᠢᠷᠠᠭᠤᠯᠬᠤ ᠠᠷᠭ᠎ᠠ ᠬᠡᠮᠵᠢᠶ᠎ᠡ ᠲᠣᠭᠲᠠᠭᠠᠵᠤ ᠥᠭᠴᠡᠶ᠃ ᠶᠠᠳᠠᠭᠤ ᠬᠦᠴᠢᠷᠳᠡᠯᠲᠡᠶ ᠡᠷᠦᠬᠡ ᠸᠠᠩ ᠹᠧᠩ ᠯᠢᠶᠠᠨ ᠤ ᠡᠷ᠎ᠡ ᠨᠥᠬᠦᠷ ᠨᠢ ᠨᠠᠰᠤ ᠪᠠᠷᠠᠵᠤ᠂ ᠲᠡᠷᠡ ᠥᠪᠡᠷ ᠢᠶᠠᠨ ᠬᠤᠶᠠᠷ ᠬᠡᠤᠬᠡᠨ ᠢᠶᠠᠨ ᠠᠰᠠᠷᠠᠨ ᠲᠡᠵᠢᠭᠡᠵᠦ ᠰᠤᠷᠭᠠᠭᠤᠯᠢ ᠳᠤ ᠰᠠᠭᠤᠯᠭᠠᠬᠤ ᠶᠢᠨ ᠬᠠᠮᠲᠤ ᠰᠢᠶᠠᠨ ᠤ ᠬᠤᠲᠠ ᠳᠤ ᠭᠡᠷ ᠲᠦᠷᠢᠶᠡᠰᠦᠯᠡᠬᠦ ᠶᠢᠨ ᠳᠠᠭᠠᠤ ᠬᠥᠯᠥᠰᠥᠨ ᠠᠵᠢᠯ ᠬᠢᠵᠦ ᠬᠡᠤᠬᠡᠨ ᠢᠶᠠᠨ ᠬᠠᠷᠠᠭᠠᠯᠵᠠᠵᠤ᠂ ᠲᠠᠷᠢᠶᠠᠨ ᠠᠵᠢᠯ ᠶᠠᠭᠠᠷᠠᠤ ᠥᠶ᠎ᠡ ᠳᠤ ᠲᠣᠰᠬᠤᠨ ᠳᠠᠭᠠᠨ ᠪᠤᠴᠠᠵᠤ᠂ ᠠᠮᠢᠳᠤᠷᠠᠯ ᠤᠨ ᠳᠠᠷᠤᠭᠠᠰᠤ ᠪᠠᠶᠢᠪᠡ᠃ ᠲᠡᠷᠡ ᠲᠡᠭᠦᠨ ᠤ ᠪᠠᠶᠢᠳᠠᠯ ᠢ ᠣᠶᠢᠯᠠᠭᠠᠭᠰᠠᠨ ᠤ ᠳᠠᠷᠠᠭ᠎ᠠ᠂ ᠲᠡᠭᠦᠨ ᠳᠤ ︽ᠰᠤᠷᠭᠠᠨ ᠬᠥᠮᠦᠵᠢᠯ + ᠣᠨᠳᠣᠤ ᠭᠠᠵᠠᠷ ᠲᠤ ᠨᠡᠭᠦᠯᠭᠡᠬᠦ + ᠠᠵᠢᠯ ᠣᠯᠭᠤᠬᠤ︾ ᠶᠢᠨ ᠲᠡᠳᠬᠦᠨ ᠳᠡᠮᠵᠢᠬᠦ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠵᠤ᠂ ᠸᠠᠩ ᠹᠧᠩ ᠯᠢᠶᠠᠨ ᠪᠦᠬᠦ ᠭᠡᠷ ᠢᠶᠠᠷ ᠢᠶᠠᠨ ᠰᠢᠶᠠᠨ ᠤ ᠬᠤᠲᠠ ᠶᠢᠨ 60 ᠲᠡᠭᠰᠢ ᠳᠥᠷᠪᠡᠯᠵᠢᠨ ᠮᠧᠲᠷ ᠤᠨ ᠶᠠᠳᠠᠭᠤ ᠶᠢ ᠲᠡᠳᠬᠦᠬᠦ ᠠᠰᠠᠷ ᠲᠤ ᠨᠡᠭᠦᠨ ᠰᠠᠭᠤᠵᠤ᠂ ᠬᠤᠶᠠᠷ ᠬᠡᠤᠬᠡᠨ ᠨᠢ ᠰᠤᠷᠭᠠᠨ ᠬᠥᠮᠦᠵᠢᠯ ᠤᠨ ᠲᠡᠳᠬᠦᠮᠵᠢ ᠶᠢ ᠬᠦᠷᠲᠡᠭᠰᠡᠨ ᠪᠥᠭᠡᠳ ᠠᠵᠤ ᠠᠬᠤᠶᠢᠯᠠᠯ ᠲᠠᠢ ᠢᠳᠡᠪᠬᠢᠲᠡᠢ ᠬᠠᠷᠢᠯᠴᠠᠵᠤ ᠲᠡᠭᠦᠨ ᠢ ᠠᠵᠢᠯ ᠣᠯᠭᠤᠵᠤ᠂ ᠠᠵᠢᠯ ᠣᠯᠭᠤᠯᠲᠠ ᠵᠢᠨ‌ᠮᠡᠷᠭᠡᠵᠢᠯ ᠤᠨ ᠪᠣᠯᠪᠠᠰᠤᠷᠠᠯ ᠢᠶᠠᠷ ᠳᠠᠮᠵᠢᠨ᠂ ᠸᠠᠩ ᠹᠧᠩ ᠯᠢᠶᠠᠨ ᠮᠣᠩᠭᠤᠯ ᠲᠡᠮᠡᠭᠡᠨ ᠸᠠᠩ ᠬᠤᠪᠴᠠᠰᠤ ᠵᠠᠰᠠᠯ ᠤᠨ ᠬᠢᠵᠠᠭᠠᠷᠲᠤ ᠺᠣᠮᠫᠠᠨᠢ ᠶᠢᠨ ᠠᠵᠢᠯᠴᠢᠨ ᠪᠣᠯᠵᠤ᠂ ᠵᠢᠯ ᠤᠨ ᠣᠷᠣᠯᠭ᠎ᠠ ᠨᠢ 3 ᠲᠦᠮᠡ ᠭᠠᠷᠤᠶ ᠲᠥᠭᠦᠷᠢᠭ ᠲᠤ ᠬᠦᠷᠴᠦ᠂ ᠠᠮᠢᠳᠤᠷᠠᠯ ᠤᠨ ᠳᠠᠷᠤᠭᠠᠰᠤ ᠶᠢ ᠨᠢ ᠬᠥᠩᠭᠡᠯᠡᠵᠡᠢ᠃ 2017 ᠣᠨ ᠳᠤ ᠶᠠᠳᠠᠭᠤ ᠶᠢ ᠲᠡᠳᠬᠦᠬᠦ ᠳᠤ ᠬᠥᠳᠡᠯᠦᠩᠭᠦᠶ ᠪᠠᠷ ᠲᠣᠬᠢᠷᠠᠭᠤᠯᠤᠯᠲᠠ ᠬᠢᠬᠦ ᠥᠶ᠎ᠡ ᠳᠤ᠂ ᠸᠠᠩ ᠹᠧᠩ ᠯᠢᠶᠠᠨ ᠡᠩ ᠲᠡᠷᠢᠭᠦᠨ ᠳᠤ ᠥᠪᠡᠷ ᠢ ᠪᠠᠨ ᠶᠠᠳᠠᠭᠤ ᠠᠴᠠ ᠠᠩᠭᠢᠵᠢᠷᠠᠭᠤᠯᠬᠤ ᠶᠢ ᠳᠤᠷᠠᠳᠴᠤ᠂ ᠶᠠᠳᠠᠭᠤ ᠬᠦᠴᠢᠷᠳᠡᠯᠲᠡᠶ ᠡᠷᠦᠬᠡ ᠶᠢ ᠶᠠᠳᠠᠭᠤ ᠡᠴᠠ‌ᠠᠩᠭᠢᠵᠢᠷᠠᠭᠤᠯᠬᠤ ᠳᠤ ᠦᠵᠡᠯ ᠰᠠᠨᠠᠭᠠᠨ ᠤ ᠲᠠᠯ᠎ᠠ ᠪᠠᠷ ︽ᠨᠠᠮᠠᠶᠢ ᠶᠠᠳᠠᠭᠤ ᠡᠴᠠ‌ᠠᠩᠭᠢᠵᠢᠷᠠᠭᠤᠯᠬᠤ︾ ᠠᠴᠠ︽ᠪᠢ ᠶᠠᠳᠠᠭᠤ ᠡᠴᠠ‌ᠠᠩᠭᠢᠵᠢᠷᠠᠬᠤ︾ ᠯᠤᠲᠤ ᠶᠡᠭᠡ ᠬᠤᠪᠢᠷᠠᠯᠲᠠ ᠶᠢ ᠪᠡᠶᠡᠯᠡᠭᠦᠯᠪᠡ᠃    ︵ᠭᠤᠷᠪᠠ︶ ᠲᠥᠷᠥᠯ ᠵᠦᠢᠯ ᠢᠶᠠᠷ ᠲᠤᠯᠭᠠᠭᠤᠷᠢᠯᠠᠵᠤ᠂ ᠶᠠᠳᠠᠭᠤ ᠠᠴᠠ ᠠᠩᠭᠢᠵᠢᠷᠠᠭᠤᠯᠬᠤ ᠶᠢ ᠰᠠᠶᠢᠲᠤᠷ ᠲᠥᠯᠥᠪᠵᠢᠭᠦᠯᠦᠨ᠎ᠡ    ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠪᠠ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠣᠯ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠠᠬᠢᠭᠤᠯᠬᠤ ᠴᠢᠬᠤᠯᠠ ᠭᠠᠷᠳᠠᠴᠠ ᠮᠥᠨ᠂ ᠲᠠᠷᠢᠶᠠᠴᠢᠨ ᠡᠷᠦᠬᠡ ᠶᠢᠨ ᠠᠰᠢᠭ ᠲᠤᠰᠠ ᠶᠢ ᠬᠤᠯᠪᠣᠬᠤ᠂ ᠠᠵᠢᠯ ᠣᠯᠭᠤᠬᠤ᠂ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠬᠤ ᠵᠠᠩᠭᠢᠯᠠᠭ᠎ᠠ ᠮᠥᠨ᠃ ᠪᠠᠶᠢᠴᠠᠭᠠᠨ ᠰᠤᠳᠤᠯᠤᠯᠲᠠ ᠪᠠᠷ ᠳᠠᠮᠵᠢᠨ ᠤᠢᠢᠯᠠᠭᠠᠭᠰᠠᠨ ᠢᠶᠠᠷ᠂ ᠾᠧ ᠫᠢᠩ ᠵᠠᠰᠠᠭ ᠵᠠᠬᠢᠷᠭᠠᠨ ᠤ ᠲᠣᠰᠬᠤᠨ ᠤ ᠬᠥᠳᠡᠯᠮᠦᠷᠢ ᠬᠦᠴᠦᠨ ᠤ ᠡᠬᠢ ᠪᠠᠶᠠᠯᠢᠭ ᠬᠠᠷᠢᠴᠠᠩᠭᠤᠶ ᠪᠠᠷ ᠡᠯᠪᠡᠭ ᠪᠠᠶᠠᠯᠢᠭ ᠪᠠᠶᠢᠵᠤ᠂ ᠣᠨᠴᠠᠭᠠᠶᠢᠯᠠᠨ ᠮᠠ ᠯᠢᠶᠠᠨ ᠭᠸᠦ ᠲᠣᠰᠬᠤᠨ ᠳᠤ᠂ 60 ᠨᠠᠰᠤᠨ ᠠᠴᠠ ᠳᠣᠷᠣᠭᠰᠢᠬᠢ ᠬᠤᠪᠴᠠᠰᠤ ᠣᠶᠣᠬᠤ ᠮᠠᠰᠢᠨ ᠤ ᠠᠵᠢᠯᠴᠢᠨ ᠪᠣᠯᠵᠤ ᠥᠩᠭᠡᠷᠡᠭᠰᠡᠨ ᠬᠥᠮᠦᠨ 30 ᠰᠢᠬᠠᠮ ᠪᠠᠶᠢᠬᠤ ᠪᠥᠭᠡᠳ ᠬᠥᠯᠥᠰᠥᠨ ᠠᠵᠢᠯ ᠬᠢᠬᠦ ᠬᠦᠰᠡᠯ ᠡᠷᠡᠮᠡᠯᠵᠡᠯ   ᠲᠠᠢ ᠪᠠᠶᠢᠵᠤ᠂ ᠬᠤᠪᠴᠠᠰᠤ ᠬᠤᠨᠠᠷ ᠦᠢᠯᠡᠳᠬᠦ ᠶᠢ ᠬᠥᠭᠵᠢᠭᠦᠯᠬᠦ ᠨᠥᠬᠦᠴᠡᠯ ᠢ ᠪᠦᠷᠢᠯᠳᠦᠭᠦᠯᠦᠭᠰᠡᠨ ᠪᠠᠶᠢᠨ᠎ᠠ᠃ ᠮᠠ ᠯᠢᠶᠠᠨ ᠭᠸᠤ ᠪᠠᠶᠢᠭᠠᠯᠢᠭ ᠲᠣᠰᠬᠤᠨ ᠶᠡᠷᠡᠭᠡᠳ ᠣᠨ ᠤ ᠡᠬᠢᠨ ᠳᠤ ᠪᠠᠶᠢᠭᠤᠯᠤᠭᠰᠠᠨ ᠰᠤᠷᠭᠠᠭᠤᠯᠢ ᠨᠢ ᠨᠢᠭᠡᠨᠲᠡ ᠣᠯᠠᠨ ᠵᠢᠯ ᠰᠤᠯᠠ ᠬᠠᠶᠠᠭᠳᠠᠵᠠᠢ᠂ ᠥᠭᠡᠷᠡᠴᠢᠯᠡᠨ ᠥᠷᠭᠡᠳᠬᠡᠨ ᠪᠠᠶᠢᠭᠤᠯᠬᠤ ᠪᠠᠷ ᠳᠠᠮᠵᠢᠨ ᠶᠠᠳᠠᠭᠤ ᠠᠴᠠ ᠠᠩᠭᠢᠵᠢᠷᠠᠭᠤᠯᠬᠤ ᠦᠢᠯᠡᠳᠪᠤᠷᠢ ᠶᠢᠨ ᠲᠠᠰᠤᠭ ᠤᠨ ᠲᠥᠷᠥᠯ ᠵᠦᠢᠯ ᠢ ᠬᠡᠷᠡᠭᠵᠢᠭᠦᠯᠵᠦ ᠪᠣᠯᠤᠨ᠎ᠠ᠃ ᠲᠡᠷᠡ ᠣᠯᠠᠨᠲᠠ ᠰᠢᠶᠠᠩ ᠪᠠᠯᠭᠠᠰᠤ᠂ ᠲᠣᠮᠢᠯᠠᠭᠰᠠᠨ ᠪᠠᠶᠢᠭᠤᠯᠭ᠎ᠠ ᠵᠡᠷᠭᠡ ᠰᠠᠯᠠᠭ᠎ᠠ ᠮᠥᠴᠢᠷ ᠲᠤ ᠭᠤᠶᠤᠴᠢᠯᠠᠯ ᠭᠠᠷᠭᠠᠵᠤ᠂ ᠾᠧ ᠫᠢᠩ ᠲᠣᠰᠬᠤᠨ ᠤ ᠬᠤᠪᠴᠠᠰᠤ ᠬᠤᠨᠠᠷ ᠤᠨ ᠶᠠᠳᠠᠭᠤ ᠠᠴᠠ ᠠᠩᠭᠢᠵᠢᠷᠠᠭᠤᠯᠬᠤ ᠦᠢᠯᠡᠳᠪᠤᠷᠢ ᠶᠢᠨ ᠲᠠᠰᠤᠭ ᠤᠨ ᠲᠥᠷᠥᠯ ᠵᠦᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠭᠰᠡᠨ ᠪᠥᠭᠡᠳ ᠬᠤᠸᠠᠳᠧ ᠰᠢᠶᠠᠨ ᠤ ᠠᠯᠲᠠᠨ ᠲᠡᠮᠡᠭᠡᠲᠦ ᠬᠤᠪᠴᠠᠰᠤ ᠵᠠᠰᠠᠯ ᠤᠨ ᠬᠢᠵᠠᠭᠠᠷᠲᠤ ᠺᠣᠮᠫᠠᠨᠢ ᠶᠢ ᠵᠣᠬᠢᠴᠠᠭᠤᠯᠤᠨ ᠣᠷᠣᠭᠤᠯᠵᠤ 2018 ᠣᠨ ᠤ 6 ᠰᠠᠷ᠎ᠠ ᠳᠤ ᠠᠰᠢᠭᠯᠠᠯᠲᠠ ᠳᠤ ᠣᠷᠣᠭᠤᠯᠤᠨ᠂ 14 ᠬᠥᠮᠦᠨ ᠳᠤ ᠠᠵᠢᠯ ᠲᠣᠬᠢᠷᠠᠭᠤᠯᠵᠤ᠂ ᠡᠭᠦᠨ ᠳᠤ ᠶᠠᠳᠠᠭᠤ ᠬᠦᠴᠢᠷᠳᠡᠯᠲᠡᠶ  7ᠡᠷᠦᠬᠡ 22 ᠬᠦᠮᠦᠨ᠂ ᠶᠠᠳᠠᠭᠤ ᠬᠦᠴᠢᠷᠳᠡᠯᠲᠡᠶ ᠪᠣᠰᠤ 7 ᠡᠷᠦᠬᠡ14 ᠬᠦᠮᠦᠨ ᠢ ᠳᠠᠶᠢᠴᠢᠯᠠᠪᠡ᠃ ᠪᠣᠯᠪᠠᠰᠤᠷᠠᠭᠤᠯᠤᠭᠰᠠᠨ ᠠᠴᠠ ᠠᠪᠤᠭᠠᠳ ᠦᠢᠯᠡᠳᠪᠤᠷᠢᠯᠡᠭᠰᠡᠨ ᠬᠦᠷᠲᠡᠯ᠎ᠡ ᠨᠢᠭᠡ ᠵᠢᠯ ᠪᠣᠯᠤᠭ᠎ᠠ ᠦᠭᠡᠢ  ᠬᠤᠭᠤᠴᠠᠭᠠᠨ ᠳᠤ᠂ ᠬᠥᠮᠦᠨ ᠪᠦᠷᠢ ᠶᠢᠨ ᠰᠠᠷ᠎ᠠ ᠶᠢᠨ ᠳᠤᠮᠳᠠᠴᠢ ᠣᠷᠣᠯᠭ᠎ᠠ 1200 ᠭᠠᠷᠤᠶ ᠲᠥᠭᠦᠷᠢᠭ ᠪᠠᠶᠢᠵᠤ᠂ ᠶᠠᠳᠠᠭᠤ ᠬᠦᠴᠢᠷᠳᠡᠯᠲᠡᠶ ᠡᠷᠦᠬᠡ ᠶᠢ ᠲᠣᠰᠬᠤᠨ ᠠᠴᠠ ᠪᠠᠨ ᠭᠠᠷᠬᠤ ᠦᠭᠡᠢ ᠪᠠᠷ ᠠᠵᠢᠯ ᠣᠯᠵᠤ᠂ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠤᠷᠢᠯᠡᠯ᠂ ᠬᠦᠴᠦ ᠶᠠᠪᠤᠬᠤ ᠬᠤᠶᠠᠷ ᠢ ᠰᠠᠭᠠᠲᠠᠭᠠᠬᠤ ᠦᠭᠡᠢ ᠪᠠᠶᠢᠬᠤ ᠶᠢ ᠪᠡᠶᠡᠯᠡᠭᠦᠯᠵᠦ᠂ ᠲᠣᠰᠬᠤᠨ ᠤ ᠬᠠᠮᠲᠤ ᠶᠢᠨ ᠠᠵᠤ ᠠᠬᠤᠶ ᠶᠢ ︽ᠳᠠᠩ︾  ᠪᠣᠯᠭᠠᠪᠡ᠃ 2019 ᠣᠨ ᠤ 4 ᠰᠠᠷ᠎ᠠ ᠳᠤ᠂ ᠲᠡᠭᠦᠨ ᠤ ᠳᠡᠮᠵᠢᠯᠭᠡ ᠪᠠ ᠬᠠᠪᠰᠤᠷᠤᠯᠭ᠎ᠠ ᠳᠣᠤᠷ᠎ᠠ᠂ ᠠᠵᠤ ᠠᠬᠤᠶᠢᠯᠠᠯ ᠤᠯᠠᠮ ᠴᠢᠨᠠᠭᠰᠢᠳᠠ ᠰᠡᠳᠬᠢᠴᠡ ᠪᠠᠨ ᠥᠷᠭᠡᠳᠬᠡᠵᠦ᠂ ᠵᠠᠭᠪᠤᠷ ᠢᠶᠠᠨ ᠰᠢᠨᠡᠴᠢᠯᠡᠵᠦ᠂  ᠦᠢᠯᠡᠳᠪᠤᠷᠢᠯᠡᠯ ᠤᠨ ᠬᠡᠪᠴᠢᠶ᠎ᠡ ᠪᠠᠨ ᠥᠷᠭᠡᠳᠬᠡᠵᠦ ᠂ 15 ᠲᠦᠮᠡᠨ ᠲᠥᠭᠦᠷᠢᠭ ᠤᠨ ᠪᠡᠯᠡ ᠣᠷᠣᠭᠤᠯᠵᠤ 2 ᠪᠦᠷᠢᠨ ᠠᠦ᠋ᠲ᠋ᠣ᠋ ᠣᠶᠣᠳᠠᠯ ᠤᠨ ᠬᠡᠪ ᠵᠠᠭᠪᠤᠷ ᠤᠨ ᠮᠠᠰᠢᠨ ᠪᠠ 1 ᠠᠦ᠋ᠲ᠋ᠣ᠋ ᠨᠣᠯᠤᠤᠷ ᠤᠨ ᠮᠠᠰᠢᠨ ᠣᠷᠣᠭᠤᠯᠵᠤ ᠥᠲᠥᠨ ᠬᠤᠪᠴᠠᠰᠤ ᠦᠢᠯᠡᠳᠪᠤᠷᠢᠯᠡᠵᠦ᠂ ᠠᠵᠢᠯ ᠤᠨ ᠪᠠᠶᠢᠷᠢ 10 ᠶᠢ ᠰᠢᠨ᠎ᠡ ᠪᠠᠷ ᠨᠡᠮᠡᠭᠳᠡᠭᠦᠯᠪᠡ᠃ 7 ᠰᠠᠷ᠎ᠠ ᠳᠤ᠂ ᠲᠡᠷᠡ ᠠᠵᠤ ᠠᠬᠤᠶᠢᠯᠠᠯ ᠤᠨ ᠦᠢᠯᠡᠳᠪᠤᠷᠢᠯᠡᠯ ᠢᠶᠠᠨ ᠤᠯᠠᠮ ᠨᠢᠭᠡ ᠠᠯᠬᠤᠮ ᠥᠷᠭᠡᠳᠬᠡᠬᠦ ᠶᠢ ᠢᠳᠡᠪᠬᠢᠲᠡᠢ ᠵᠣᠷᠢᠭᠵᠢᠭᠤᠯᠵᠤ᠂ ᠶᠠᠳᠠᠭᠤ ᠬᠦᠴᠢᠷᠳᠡᠯᠲᠡᠶ ᠡᠷᠦᠬᠡ ᠶᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠵᠦ᠂ ᠲᠣᠰᠬᠤᠨ ᠳᠤ ᠰᠠᠭᠤᠭ᠎ᠠ  ᠠᠵᠢᠯᠯᠠᠬᠤ ᠳᠤᠭᠤᠶᠢᠯᠠᠩ᠂ ᠲᠣᠰᠬᠤᠨ ᠤ ︽ᠬᠤᠶᠠᠷ ᠵᠥᠪᠯᠡᠯ︾ ᠲᠠᠢ ᠰᠣᠳᠤᠯᠬᠤ ᠪᠠᠷ ᠳᠠᠮᠵᠢᠨ᠂ ᠰᠢᠶᠠᠩ  ᠪᠠᠯᠭᠠᠰᠤᠨ ᠤ ᠬᠤᠪᠴᠠᠰᠤ ᠵᠠᠰᠠᠯ ᠤᠨ ᠲᠣᠪᠴᠢᠶ᠎ᠠ ᠲᠠᠢ ᠢᠳᠡᠪᠬᠢᠲᠡᠢ ᠬᠠᠷᠢᠴᠠᠵᠤ 12 ᠣᠶᠣᠳᠠᠯ ᠤᠨ ᠮᠠᠰᠢᠨ ᠣᠯᠬᠤ ᠪᠠᠷ ᠴᠢᠷᠮᠠᠶᠢᠵᠤ᠂ ᠾᠧ ᠫᠢᠩ ᠪᠠᠶᠢᠭᠠᠯᠢᠭ ᠲᠣᠰᠬᠤᠨ ᠤ ᠲᠦᠷᠢᠶᠡᠰᠦᠯᠡᠬᠦ ᠣᠷᠣᠨ ᠰᠠᠭᠤᠴᠠ ᠶᠢᠨ ᠨᠢᠭᠡ 60 ᠲᠡᠭᠰᠢ ᠳᠥᠷᠪᠡᠯᠵᠢᠨ ᠮᠧᠲᠷ ᠭᠡᠷ ᠲᠤ ᠾᠧ ᠫᠢᠩ ᠲᠣᠰᠬᠤᠨ ᠤ ᠶᠠᠳᠠᠭᠤ ᠠᠴᠠ ᠠᠩᠭᠢᠵᠢᠷᠠᠭᠤᠯᠬᠤ ᠬᠤᠶᠠᠳᠤᠭᠠᠷ ᠦᠢᠯᠡᠳᠪᠤᠷᠢ ᠶᠢᠨ ᠲᠠᠰᠤᠭ ᠢ ᠪᠠᠶᠢᠭᠤᠯᠵᠤ᠂ ᠣᠳᠣᠬᠠᠨ ᠳᠤ ᠨᠢᠭᠡᠨᠲᠡ ᠡᠬᠢᠯᠡᠨ ᠪᠣᠯᠪᠠᠰᠤᠷᠠᠭᠤᠯᠵᠤ᠂ ᠵᠢᠱᠢᠯᠲᠡ ᠪᠠᠷ 12 ᠬᠥᠮᠦᠨ ᠳᠤ ᠠᠵᠢᠯ ᠲᠣᠬᠢᠷᠠᠭᠤᠯᠵᠤ ᠪᠣᠯᠤᠨ᠎ᠠ᠃ ᠾᠧ ᠫᠢᠩ ᠲᠣᠰᠬᠤᠨ ᠤ 530 ᠮᠦ ᠤᠰᠤ ᠠᠷᠪᠢᠯᠠᠵᠤ ᠤᠰᠤᠯᠠᠬᠤ ᠲᠠᠷᠢᠶᠠᠨ ᠭᠠᠵᠠᠷ ᠢ 2 ᠵᠢᠯ ᠠᠰᠢᠭᠯᠠᠭᠰᠠᠨ ᠦᠭᠡᠢ ᠠᠴᠠ ᠪᠣᠯᠵᠤ ᠬᠡᠰᠡᠭ ᠭᠠᠵᠠᠷ ᠤᠨ ᠴᠢᠯᠠᠭᠤᠯᠢᠭ ᠳᠠᠪᠬᠤᠷᠭ᠎ᠠ ᠴᠥᠮᠥᠷᠡᠭᠰᠡᠨ ᠪᠠᠶᠢᠳᠠᠯ ᠳᠤ ᠴᠢᠭᠯᠡᠭᠦᠯᠦᠨ᠂ ᠲᠡᠷᠡ ᠣᠯᠠᠨ ᠲᠠᠯ᠎ᠠ ᠪᠠᠷ ᠬᠠᠷᠢᠯᠴᠠᠵᠤ᠂ ᠱᠠᠩᠳᠤ ᠶᠢᠨ ᠨᠢᠭᠡ ᠲᠠᠷᠢᠮᠠᠯ ᠤᠨ ᠲᠣᠮᠣ ᠡᠷᠦᠬᠡ ᠲᠠᠢ ᠡᠷᠭᠢᠯᠲᠡ ᠶᠢᠨ ᠬᠡᠯᠡᠯᠴᠡᠭᠡᠷ ᠲᠣᠭᠲᠠᠵᠤ᠂ ᠲᠣᠰᠬᠤᠨ ᠤ ᠠᠷᠠᠳ ᠢ ᠢᠳᠬᠠᠵᠤ᠂ 530 ᠮᠦ ᠭᠠᠵᠠᠷ ᠰᠢᠷᠣᠶ ᠶᠢ ᠡᠷᠭᠢᠯᠲᠡ ᠳᠤ ᠣᠷᠣᠭᠤᠯᠪᠠ᠃ ᠡᠨᠡ ᠵᠢᠯ ᠭᠠᠵᠠᠷ ᠰᠢᠷᠣᠶ ᠶᠢᠨ ᠡᠷᠭᠢᠯᠲᠡ ᠶᠢᠨ ᠣᠷᠣᠯᠭ᠎ᠠ ᠶᠢ 13.4 ᠲᠦᠮᠡᠨ ᠲᠥᠭᠦᠷᠢᠭ ᠪᠡᠶᠡᠯᠡᠭᠦᠯᠵᠦ᠂ ᠠᠵᠢᠯ ᠬᠥᠳᠡᠯᠮᠦᠷᠢ ᠬᠢᠭᠰᠡᠨ ᠣᠷᠣᠯᠭ᠎ᠠ ᠶᠢ 11 ᠲᠦᠮᠡᠨ ᠲᠥᠭᠦᠷᠢᠭ ᠨᠡᠮᠡᠭᠳᠡᠭᠦᠯᠬᠦ ᠪᠠᠷ ᠵᠢᠱᠢᠵᠦ ᠪᠠᠶᠢᠨ᠎ᠠ᠃    ᠲᠣᠰᠬᠤᠨ ᠤ ᠪᠠᠶᠢᠩᠭᠤ ᠰᠠᠭᠤᠷᠢᠰᠢᠭ᠎ᠠ 60 ᠨᠠᠰᠤᠨ ᠠᠴᠠ ᠳᠡᠭᠡᠭᠰᠢᠬᠢ ᠬᠥᠮᠦᠨ ᠠᠮᠠ ᠨᠢ ᠪᠠᠶᠢᠩᠭᠤ ᠰᠠᠭᠤᠷᠢᠰᠢᠭ᠎ᠠ ᠬᠦᠮᠦᠨ ᠠᠮᠠ ᠶᠢᠨ 66 % ᠶᠢ ᠡᠵᠡᠯᠡᠵᠦ᠂ ᠣᠯᠠᠩᠬᠢ ᠨᠢ ᠲᠠᠷᠢᠵᠤ ᠲᠡᠵᠢᠭᠡᠬᠦ ᠦᠢᠯᠡᠰ ᠢ ᠬᠥᠭᠵᠢᠭᠦᠯᠬᠦ ᠨᠥᠬᠦᠴᠡᠯ ᠢ ᠪᠦᠷᠢᠯᠳᠦᠭᠦᠯᠦᠭᠰᠡᠨ ᠦᠭᠡᠢ᠃ ᠲᠣᠰᠬᠤᠨ ᠤ ᠨᠠᠰᠤᠲᠠᠳ ᠤᠨ ᠠᠰᠢᠭ ᠣᠷᠣᠯᠭ᠎ᠠ ᠶᠢ ᠳᠠᠶᠢᠴᠢᠯᠠᠬᠤ ᠶᠢᠨ ᠲᠥᠯᠥᠭᠡ᠂ ᠲᠡᠷᠡ ᠬᠤᠸᠠᠳᠧ ᠰᠢᠶᠠᠨ ᠤ ᠶᠠᠨ ᠶᠠᠩ ᠲᠢᠶᠠᠨ ᠲᠠᠷᠢᠶᠠᠯᠠᠩ ᠤᠨ ᠬᠤᠷᠰᠢᠶᠠᠵᠢᠯ ᠲᠠᠢ ᠥᠨᠳᠡᠭᠡᠨ ᠳᠠᠬᠢᠶ᠎ᠠ ᠲᠡᠵᠢᠭᠡᠨ ᠦᠷᠡᠵᠢᠭᠦᠯᠬᠦ ᠬᠡᠯᠡᠯᠴᠡᠭᠡᠷ ᠲᠣᠬᠢᠷᠠᠯᠴᠠᠵᠤ᠂ ︽ᠬᠤᠷᠰᠢᠶ᠎ᠠ + ᠲᠣᠰᠬᠤᠨ ᠤ ᠨᠠᠮ ᠤᠨ ᠡᠭᠦᠷ + ᠡᠯᠧᠺᠲᠷᠣᠨ ᠬᠤᠳᠠᠯᠳᠤᠭ᠎ᠠ + ᠶᠠᠳᠠᠭᠤ ᠬᠦᠴᠢᠷᠳᠡᠯᠲᠡᠶ ᠡᠷᠦᠬᠡ︾ ᠶᠢᠨ ᠠᠰᠢᠭ ᠲᠤᠰᠠ ᠶᠢᠨ ᠬᠤᠯᠪᠣᠭᠠᠨ ᠤ ᠲᠣᠭᠲᠠᠴᠠ ᠶᠢ ᠲᠣᠭᠲᠠᠭᠠᠵᠤ᠂ ᠬᠤᠷᠰᠢᠶᠠᠵᠢᠯ ᠠᠴᠠ ᠳᠠᠬᠢᠶ᠎ᠠ ᠬᠠᠩᠭᠠᠵᠤ᠂ ᠵᠢᠩ  ᠳᠡᠭᠡᠨ10 ᠲᠥᠭᠦᠷᠢᠭ ᠤᠨ ᠦᠨ᠎ᠡ ᠬᠠᠩᠰᠢ ᠪᠠᠷ  ᠲᠠᠬᠢᠶᠠᠨ‌ᠥᠨᠳᠡᠭᠡ ᠶᠢ ᠬᠤᠳᠠᠯᠳᠤᠨ ᠠᠪᠴᠤ᠂ ᠨᠠᠰᠤᠲᠠᠶᠢᠴᠤᠳ ᠤᠨ ᠠᠵᠤ ᠦᠢᠯᠡᠰ ᠤᠨ ᠬᠥᠭᠵᠢᠯᠲᠡ ᠶᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠵᠦ᠂ ᠣᠳᠣᠬᠠᠨ ᠳᠤ 10 ᠶᠠᠳᠠᠭᠤ ᠬᠦᠴᠢᠷᠳᠡᠯᠲᠡᠶ ᠡᠷᠦᠬᠡ ᠶᠢᠨ ᠨᠢᠭᠡᠨᠲᠡ ᠲᠡᠵᠢᠭᠡᠨ ᠦᠷᠡᠵᠢᠭᠦᠯᠦᠭᠰᠡᠨ ᠥᠨᠳᠡᠭᠡᠨ ᠳᠠᠬᠢᠶ᠎ᠠ ᠡᠳᠦᠷ ᠪᠦᠷᠢ 25 ᠵᠢᠩ ᠣᠷᠴᠢᠮ ᠥᠨᠳᠡᠭᠡᠯᠡᠵᠦ᠂ ᠡᠷᠦᠬᠡ ᠪᠦᠷᠢ ᠵᠢᠯ ᠳᠤ 5000 ᠲᠥᠭᠦᠷᠢᠭ ᠶᠢᠨ ᠣᠷᠤᠯᠭ᠎ᠠ ᠨᠡᠮᠡᠭᠳᠡᠬᠦ ᠪᠣᠯᠤᠨ᠎ᠠ᠃ 6 ᠰᠠᠷ᠎ᠠ ᠳᠤ ᠲᠡᠷᠡ ᠲᠠᠬᠢᠶᠠᠨ ᠥᠨᠳᠡᠭᠡ ᠶᠢ ᠬᠤᠷᠢᠶᠠᠨ ᠠᠪᠬᠤ ᠵᠠᠮ ᠰᠢᠯᠤᠭᠤᠨ ᠪᠤᠰᠤ ᠠᠴᠠ ᠪᠣᠯᠵᠤ᠂ ᠪᠠᠶᠢᠭᠤᠯᠭ᠎ᠠ ᠨᠢᠭᠡᠴᠢ ᠵᠢᠴᠢ ᠳᠡᠷᠭᠡᠳᠡᠬᠢ ᠲᠥᠷᠥᠯ ᠰᠠᠳᠤᠨ ᠨᠠᠶᠢᠵᠠ ᠨᠥᠬᠦᠳ ᠢᠶᠠᠨ ᠢᠳᠡᠪᠬᠢᠲᠡᠢ ᠳᠠᠶᠢᠴᠢᠯᠠᠵᠤ᠂ ᠶᠠᠳᠠᠭᠤ ᠬᠦᠴᠢᠷᠳᠡᠯᠲᠡᠶ ᠡᠷᠦᠬᠡ ᠶᠢ ᠬᠠᠪᠰᠤᠷᠤᠨ 200 ᠭᠠᠷᠤᠶ ᠵᠢᠩ ᠥᠨᠳᠡᠭᠡ ᠪᠣᠷᠣᠯᠠᠭᠤᠯᠵᠠᠶ᠃       ︵ᠳᠥᠷᠪᠡ︶ ᠪᠦᠬᠦ ᠰᠡᠳᠬᠢᠯ ᠢᠶᠠᠨ ᠵᠣᠷᠢᠭᠤᠯᠵᠤ᠂ ᠣᠯᠠᠨ ᠲᠦᠮᠡᠨ ᠤ ᠳᠣᠲᠣᠨᠣ ᠬᠦᠮᠦᠨ ᠪᠣᠯᠪᠠ       ᠣᠯᠠᠨ ᠲᠦᠮᠡᠨ ︽ᠨᠢᠭᠡᠳᠦᠭᠡᠷ ᠱᠦᠵᠢ︾ ᠳᠤ ᠮᠠᠰᠢ ᠶᠡᠭᠡ ᠬᠦᠰᠡᠯ ᠡᠷᠡᠮᠡᠯᠵᠡᠯ ᠲᠠᠯᠪᠢᠵᠤ᠂ ᠣᠯᠠᠨ ᠲᠦᠮᠡᠨ ᠤ ᠬᠦᠰᠡᠨ ᠡᠷᠡᠮᠡᠯᠵᠡᠵᠤ ᠪᠠᠶᠢᠭ᠎ᠠ ᠬᠠᠷᠠᠴᠠ ᠶᠢ ᠣᠯᠵᠤ ᠬᠠᠷᠠᠮᠠᠭᠴᠠ᠂ ᠣᠯᠠᠨ ᠲᠦᠮᠡᠨ ᠤ ᠲᠥᠯᠥᠭᠡ ᠢᠯᠡᠭᠦᠬᠡᠨ ᠵᠢᠳᠬᠦᠵᠦ᠂ ᠠᠷᠠᠳ ᠲᠦᠮᠡᠨ ᠢ ᠲᠦᠪᠡᠭᠳᠡᠯ ᠢ ᠨᠢ ᠰᠢᠢᠳᠪᠤᠷᠢᠯᠡᠬᠦ ᠵᠣᠷᠢᠭ ᠰᠢᠭᠤᠳᠴᠠᠢ᠃ ᠲᠡᠷᠡ᠄ ︽ᠣᠯᠠᠨ ᠲᠦᠮᠡᠨ ᠤ ᠶᠠᠪᠤᠳᠠᠯ ᠳᠤ ᠪᠠᠭ᠎ᠠ ᠤᠴᠢᠷ ᠭᠡᠵᠦ ᠪᠠᠶᠢᠬᠤ ᠦᠭᠡᠢ᠂ ᠪᠢᠳᠡ ᠴᠢᠳᠠᠯ ᠤᠨ ᠬᠢᠷᠢ ᠪᠠᠷ ᠢᠶᠠᠨ ᠲᠡᠳᠡᠨ ᠢ ᠬᠠᠪᠰᠤᠷᠬᠤ ᠬᠡᠷᠡᠭᠲᠡᠶ᠂ ᠭᠠᠭᠴᠠ ᠬᠦ ᠪᠢᠳᠡ ᠦᠨᠡᠨ ᠰᠡᠳᠬᠢᠯ ᠠᠴᠠ ᠪᠠᠨ ᠲᠡᠳᠡᠨ ᠳᠤ ᠬᠠᠨᠳᠤᠪᠠᠯ ᠲᠡᠳᠡ ᠰᠠᠶ᠋ᠢ ᠪᠢᠳᠡᠨ ᠢ ᠰᠡᠳᠬᠢᠯ ᠨᠢᠭᠡᠳᠤᠨ ᠳᠠᠭᠠᠨ᠎ᠠ︾ ᠭᠡᠪᠡ᠃ ᠲᠣᠰᠬᠤᠨ ᠳᠤ ᠰᠠᠭᠤᠵᠤ ᠰᠤᠷᠪᠤᠯᠵᠢᠯᠠᠬᠤ ᠶᠠᠪᠤᠴᠠ ᠳᠤ᠂ ᠨᠢᠭᠡ ᠲᠠᠯ᠎ᠠ ᠪᠠᠷ ᠵᠣᠭᠤᠭ ᠳᠡᠯᠭᠡᠵᠦ᠂ ᠲᠥᠷᠦ ᠶᠢᠨ ᠪᠣᠳᠣᠯᠭ᠎ᠠ ᠶᠢ ᠶᠠᠷᠢᠯᠴᠠᠵᠤ᠂ ᠨᠥᠭᠦᠭᠡ ᠲᠠᠯ᠎ᠠ ᠪᠠᠷ ᠴᠢᠳᠠᠯ ᠤᠨ ᠢᠶᠠᠨ ᠬᠢᠷᠢ ᠪᠠᠷ ᠣᠯᠠᠨ ᠲᠦᠮᠡᠨ ᠳᠤ ᠦᠢᠯᠡᠴᠢᠯᠡᠵᠦ᠂ ᠲᠡᠳᠡᠨ ᠳᠤ ᠪᠣᠳᠠᠲᠠᠶ ᠠᠰᠠᠭᠤᠳᠠᠯ ᠢ ᠨᠢ ᠰᠢᠢᠳᠪᠤᠷᠢᠯᠡᠵᠦ ᠪᠠᠶᠢᠪᠠ᠃ 2019 ᠣᠨ ᠤ 4 ᠰᠠᠷ᠎ᠠ ᠶᠢᠨ 15 ᠤ ᠡᠳᠦᠷ᠂ ᠮᠠ ᠯᠢᠶᠠᠨ ᠭᠸᠤ ᠲᠣᠰᠬᠤᠨ ᠤ ᠶᠠᠳᠠᠭᠤ ᠬᠦᠴᠢᠷᠳᠡᠯᠲᠡᠶ ᠡᠷᠦᠬᠡ‌ᠮᠢᠶᠣᠣ ᠬᠤᠩ ᠲᠠᠷᠢᠶᠠᠯᠠᠵᠤ ᠪᠠᠶᠢᠬᠤ ᠳᠠᠭᠠᠨ ᠠᠯᠳᠠᠰᠢ ᠭᠠᠷᠭᠠᠭᠰᠠᠨ ᠠᠴᠠ ᠪᠣᠯᠵᠤ ᠲᠷᠠᠺᠲ᠋ᠣᠷ ᠨᠢ ᠬᠦᠷᠪᠡᠵᠦ ᠪᠣᠯᠤ ᠳᠣᠣᠷ᠎ᠠ ᠨᠢ ᠳᠠᠷᠤᠭᠳᠠᠵᠤ ᠠᠮᠢᠰᠬᠤᠬᠤ ᠳᠠᠭᠠᠨ ᠬᠦᠴᠢᠷᠳᠡᠵᠦ᠂ ᠲᠡᠷᠡ ᠲᠣᠰᠬᠤᠨ ᠤ ᠨᠠᠮ ᠤᠨ ᠡᠭᠦᠷ ᠤᠨ ᠱᠦᠵᠢ ᠲᠠᠢ ᠬᠠᠮᠲᠤ ᠴᠢᠮᠡᠭᠡ ᠣᠯᠤᠮᠠᠭᠴᠠ ᠲᠤᠬᠠᠶ ᠶᠢᠨ ᠲᠠᠯᠠᠪᠤᠷ ᠲᠤ ᠬᠦᠷᠴᠦ᠂ ᠲᠣᠰᠬᠤᠨ ᠤ ᠠᠷᠠᠳ ᠢ ᠵᠣᠬᠢᠶᠠᠨ ᠪᠠᠶᠢᠭᠤᠯᠵᠤ ᠮᠢᠶᠣᠣ ᠬᠤᠩ ᠢ ᠠᠪᠤᠷᠠᠨ ᠭᠠᠷᠭᠠᠵᠤ᠂ ᠴᠠᠭ ᠲᠤᠬᠠᠶ ᠳᠤᠨᠢ 120 ᠳᠤ ᠤᠲᠠᠰᠤᠳᠠᠬᠤ ᠶᠢᠨ ᠬᠠᠮᠲᠤ ᠭᠡᠷ ᠤᠨ ᠬᠥᠮᠦᠰ ᠲᠠᠢ ᠪᠠᠨ ᠬᠠᠷᠢᠯᠴᠠᠵᠤ᠂ ᠳᠠᠷᠠᠭ᠎ᠠ ᠨᠢ ᠪᠠᠰᠠ ᠡᠮᠨᠡᠯᠭᠡ ᠶᠢᠨ ᠬᠤᠷᠢᠶᠠᠨ ᠳᠤ ᠬᠦᠷᠴᠦ ᠲᠣᠰ ᠶᠠᠳᠠᠭᠤ ᠬᠦᠴᠢᠷᠳᠡᠯᠲᠡᠶ ᠡᠷᠦᠬᠡ ᠶᠢ ᠪᠣᠯᠭᠤᠭᠠᠨ ᠦᠵᠡᠪᠡ᠂ ᠮᠢᠶᠣᠣ ᠬᠤᠩ ᠴᠠᠭ ᠲᠤᠬᠠᠶ ᠳᠤᠨᠢ ᠡᠮᠨᠡᠨ ᠠᠪᠤᠷᠠᠭᠰᠠᠨ ᠠᠴᠠ ᠪᠣᠯᠵᠤ ᠠᠮᠢ ᠨᠠᠰᠤᠨ ᠤ ᠠᠶᠤᠯ ᠠᠴᠠ ᠮᠤᠯᠲᠤᠷᠠᠵᠠᠶ᠃ ᠬᠦᠪᠡᠭᠡ ᠵᠠᠬ᠎ᠠ ᠶᠢᠨ ᠡᠷᠦᠬᠡ ᠶᠠᠩ ᠵᠢᠶᠦ᠋ᠨ᠂ 2018 ᠣᠨ ᠤ 5 ᠰᠠᠷ᠎ᠠ ᠳᠤ ᠡᠬᠡᠨᠡᠷ ᠨᠢ ᠡᠪᠡᠳᠴᠢᠨ ᠲᠠᠢ ᠠᠴᠠ ᠪᠣᠯᠵᠤ ᠲᠣᠰᠬᠤᠨ ᠳᠠᠭᠠᠨ ᠬᠠᠷᠢᠵᠤ ᠰᠠᠭᠤᠷᠢᠰᠢᠵᠤ᠂ ᠠᠮᠢᠳᠤᠷᠠᠯ ᠨᠢ ᠨᠡᠯᠢᠶᠡᠳ ᠬᠦᠴᠢᠷᠳᠡᠯᠲᠡᠶ᠂ ᠶᠠᠩ ᠵᠢᠶᠦ᠋ᠨ ᠥᠪᠡᠷ ᠢᠶᠠᠨ ᠨᠡᠯᠢᠶᠡᠳ ᠵᠠᠯᠬᠠᠭᠤ᠂ ᠪᠠᠶᠢᠳᠠᠯ ᠢ ᠣᠶᠢᠯᠠᠭᠠᠭᠰᠠᠨ ᠤ ᠳᠠᠷᠠᠭ᠎ᠠ᠂ ᠨᠠᠮ ᠤᠨ ᠡᠭᠦᠷ ᠤᠨ ᠱᠦᠵᠢ ᠲᠠᠢ ᠬᠠᠮᠲᠤ ᠣᠯᠠᠨ ᠤᠳᠠᠭ᠎ᠠ ᠶᠠᠩ ᠵᠢᠶᠦ᠋ᠨ ᠢ ᠢᠳᠬᠠᠨ ᠰᠤᠷᠭᠠᠵᠤ᠂ ᠲᠡᠭᠦᠨ ᠢ ᠬᠥᠳᠡᠯᠮᠦᠷᠢ ᠪᠠᠷ ᠬᠥᠮᠦᠵᠢᠭᠦᠯᠵᠦ᠂ ᠪᠡᠶ᠎ᠡ ᠪᠠᠨ ᠳᠠᠭᠠᠭᠠᠵᠤ ᠳᠡᠭᠵᠢᠷᠡᠬᠦ ᠬᠡᠷᠡᠭᠲᠡᠶ ᠭᠡᠵᠦ ᠰᠤᠷᠭᠠᠪᠠ᠃ ᠠᠷᠠᠳ ᠲᠤ ᠠᠰᠢᠭ ᠬᠦᠷᠲᠡᠭᠡᠬᠦ ᠨᠡᠶᠢᠭᠡᠮ ᠲᠣᠭᠤᠷᠢᠭ᠂ ᠲᠣᠮᠢᠯᠠᠭᠰᠠᠨ ᠨᠢᠭᠡᠴᠡ ᠲᠠᠢ ᠬᠠᠮᠵᠢᠯᠴᠠᠨ ᠴᠠᠭᠠᠨ ᠰᠠᠷ᠎ᠠ ᠠᠴᠠ ᠡᠮᠦᠨ᠎ᠡ ᠲᠡᠭᠦᠨ ᠳᠤ ᠪᠤᠳᠠᠭ᠎ᠠ ᠭᠤᠯᠢᠷ ᠲᠣᠰᠣ ᠮᠢᠬ᠎ᠠ ᠵᠡᠷᠭᠡ ᠶᠢ ᠬᠠᠨᠳᠢᠪᠯᠠᠵᠤ᠂ ᠬᠠᠨᠵᠤᠨ ᠪᠥᠰ᠂ ᠴᠠᠭᠠᠨ ᠰᠠᠷ᠎ᠠ ᠶᠢᠨ ᠬᠤᠤᠰ ᠤᠶᠠᠩᠭ᠎ᠠ᠂ ᠴᠣᠩᠬᠤᠨ ᠬᠤᠸᠠᠷ ᠵᠡᠷᠭᠡ ᠶᠢ ᠬᠤᠳᠠᠯᠳᠤᠨ ᠠᠪᠴᠤ ᠥᠭᠴᠡᠢ᠂ ᠬᠠᠶᠢᠯᠤᠰᠢ ᠶᠢᠨ ᠠᠵᠤ ᠠᠬᠤᠶᠢᠯᠠᠯ ᠲᠠᠢ ᠢᠳᠡᠪᠬᠢᠲᠡᠢ ᠵᠣᠬᠢᠴᠠᠭᠤᠯᠵᠤ ᠪᠠᠶᠢᠭᠠᠳ ᠲᠡᠭᠦᠨ ᠳᠤ ᠠᠵᠢᠯ ᠣᠯᠭᠤᠵᠤ ᠠᠵᠢᠯ ᠤᠨ ᠪᠠᠶᠢᠷᠢ ᠬᠠᠩᠭᠠᠪᠠ᠃ ᠶᠠᠳᠠᠭᠤ ᠬᠦᠴᠢᠷᠳᠡᠯᠲᠡᠶ ᠡᠷᠦᠬᠡ ᠶᠠᠩ ᠬᠠᠢ ᠹᠧᠩ ᠡᠪᠡᠳᠴᠢᠨ ᠠᠴᠠ ᠪᠣᠯᠵᠤ ᠶᠠᠳᠠᠭᠤᠷᠠᠵᠤ᠂ ᠬᠦᠤ ᠭᠦᠸᠧ ᠵᠢᠶᠠᠨ ᠸᠧᠶ ᠰᠤᠷᠭᠠᠭᠤᠯᠢ ᠳᠤ ᠪᠠᠶᠢᠬᠤ ᠳᠠᠭᠠᠨ ᠬᠢᠴᠢᠶᠡᠮᠵᠢ ᠦᠭᠡᠢ ᠠᠴᠠ ᠪᠣᠯᠵᠤ ᠤᠨᠠᠵᠤ ᠰᠢᠷᠬᠠᠲᠤᠭᠠᠳ ᠳᠣᠲᠣᠷ᠎ᠠ ᠪᠥᠭᠡᠷ᠎ᠡ ᠨᠢ ᠭᠡᠮᠳᠦᠵᠦ 4 ᠲᠦᠮᠡ ᠭᠠᠷᠤᠶ ᠲᠥᠭᠦᠷᠢᠭ ᠤᠨ ᠡᠮ ᠡᠮᠨᠡᠯᠭᠡ ᠶᠢᠨ ᠵᠠᠷᠤᠳᠠᠯ ᠵᠠᠷᠤᠴᠠᠭᠤᠯᠪᠠ᠃ ᠶᠠᠩ ᠬᠠᠢ ᠹᠧᠩ ᠬᠤᠲᠣᠷᠢᠩᠬᠠᠶ ᠭᠡᠳᠡᠰᠦᠨ ᠤ ᠥᠮᠡᠨ ᠳᠤ ᠨᠡᠷᠪᠡᠭᠳᠡᠵᠦ ᠬᠤᠶᠠᠷ ᠤᠳᠠᠭ᠎ᠠ ᠮᠡᠰᠡ ᠵᠠᠰᠠᠯ ᠬᠢᠭᠰᠡᠨ ᠵᠠᠷᠤᠳᠠᠯ 8 ᠲᠦᠮᠡ ᠭᠠᠷᠤᠶ ᠲᠥᠭᠦᠷᠢᠭ ᠬᠦᠷᠴᠡᠶ᠃ ᠶᠠᠳᠠᠭᠤ ᠬᠦᠴᠢᠷᠳᠡᠯᠲᠡᠶ ᠡᠷᠦᠬᠡ ᠬᠤ᠋ ᠳ᠋ᠧ ᠯᠢ ᠵᠣᠯ ᠪᠤᠰᠤ ᠪᠠᠷ ᠴᠢᠰᠤ ᠴᠠᠶᠢᠬᠤ ᠡᠪᠡᠳᠴᠢᠨ ᠣᠯᠵᠤ᠂ ᠰᠠᠷ᠎ᠠ ᠪᠦᠷᠢ 2 ᠤᠳᠠᠭ᠎ᠠ ᠴᠢᠰᠤ  ᠶᠡᠭᠦᠯᠡᠵᠦ᠂ ᠶᠡᠭᠡ ᠬᠡᠮᠵᠢᠶᠡᠨ ᠤ ᠡᠮᠨᠡᠯᠭᠡ ᠶᠢᠨ ᠵᠠᠷᠤᠳᠠᠯ ᠳᠤ ᠡᠬᠡᠨᠡᠷ ᠨᠢ ᠲᠣᠯᠣᠭᠠᠶ ᠥᠨᠳᠡᠶᠢᠵᠦ ᠳᠡᠶᠢᠯᠬᠦ ᠦᠭᠡᠢ ᠪᠠᠶᠢᠯ᠎ᠠ᠃ ᠲᠡᠳᠡ ᠬᠦᠴᠢᠷ ᠲᠠᠢ ᠪᠠᠶᠢᠬᠤ ᠶᠢ ᠨᠢ ᠣᠶᠢᠯᠠᠭᠠᠭᠰᠠᠨ ᠤ ᠳᠠᠷᠠᠭ᠎ᠠ᠂ ᠪᠠᠰᠠ ᠣᠯᠠᠨ ᠤᠳᠠᠭ᠎ᠠ ᠪᠣᠯᠭᠤᠭᠠᠨ ᠦᠵᠡᠵᠦ᠂ ᠲᠡᠳᠡᠨ ᠢ ᠡᠪᠡᠳᠴᠢᠨ ᠡᠮᠭᠡᠭ ᠲᠠᠢ ᠲᠡᠮᠡᠴᠡᠯ ᠬᠢᠬᠦ ᠶᠢ ᠵᠣᠷᠢᠭᠵᠢᠭᠤᠯᠵᠤ᠂ ᠲᠣᠮᠢᠯᠠᠭᠰᠠᠨ ᠪᠠᠶᠢᠭᠤᠯᠭ᠎ᠠ ᠨᠢ 2 ᠥᠮᠡᠨ ᠡᠪᠡᠳᠴᠢᠨ ᠣᠯᠤᠭᠰᠠᠨ ᠡᠷᠦᠬᠡ ᠪᠦᠷᠢ ᠳᠤ 2000 ᠲᠥᠭᠦᠷᠢᠭ ᠢᠶᠠᠷ ᠠᠪᠤᠷᠠᠨ ᠲᠤᠰᠠᠯᠠᠭᠤᠯᠬᠤ ᠪᠠᠷ ᠴᠢᠷᠮᠠᠶᠢᠵᠠᠶ᠃ ᠡᠭᠦᠨ ᠤ ᠬᠠᠮᠲᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠢ ᠵᠣᠬᠢᠴᠠᠭᠤᠯᠵᠤ᠂ 5 ᠬᠦᠨᠳᠦ ᠡᠪᠡᠳᠴᠢᠨ ᠲᠠᠢ ᠶᠠᠳᠠᠭᠤ ᠬᠦᠴᠢᠷᠳᠡᠯᠲᠡᠶ ᠡᠷᠦᠬᠡ ᠳᠤ 7000 ᠲᠥᠭᠦᠷᠢᠭ ᠠᠪᠤᠷᠠᠨ‌‍ᠲ᠋ᠤᠰᠠᠯᠠᠭᠤᠯᠵᠠᠢ᠂ ᠡᠨᠡ ᠨᠢ ᠬᠡᠳᠦ᠋ᠢᠪᠡᠷ ᠵᠣᠭᠤᠰ ᠪᠠᠭ᠎ᠠ ᠪᠣᠯᠪᠠᠴᠤ ᠲᠣᠰᠬᠤᠨ ᠳᠤ ᠰᠠᠭᠤᠭ᠎ᠠ ᠬᠥᠮᠦᠰ ᠤᠨ ᠶᠠᠳᠠᠭᠤ ᠬᠦᠴᠢᠷᠳᠡᠯᠲᠡᠶ ᠡᠷᠦᠬᠡ ᠶᠢ ᠬᠠᠯᠠᠮᠵᠢᠯᠠᠨ ᠬᠠᠶᠢᠷᠠᠯᠠᠵᠤ ᠪᠠᠶᠢᠬᠤ ᠶᠢ ᠬᠠᠷᠠᠭᠤᠯᠵᠤ ᠪᠠᠶᠢᠨ᠎ᠠ᠃ ᠪᠠᠰᠠ‌ᠵᠢᠱᠢᠶᠡᠯᠡᠪᠡᠯ᠂ ᠲᠠᠷᠢᠶᠠᠴᠢᠨ ᠡᠷᠦᠬᠡ ᠶᠢ ᠬᠠᠪᠰᠤᠷᠴᠤ ᠨᠠᠮᠤᠷ ᠤᠨ ᠬᠤᠷᠢᠶᠠᠯᠲᠠ ᠳᠤ ᠬᠠᠪᠰᠤᠷᠬᠤ᠂ ᠪᠠᠴᠢᠮ ᠶᠠᠪᠤᠳᠠᠯ ᠲᠠᠢ ᠲᠠᠷᠢᠶᠠᠴᠢᠨ ᠡᠷᠦᠬᠡ ᠳᠤ ᠵᠠᠮ ᠬᠠᠷᠢᠯᠴᠠᠭᠠᠨ ᠤ ᠪᠠᠭᠠᠵᠢ ᠬᠠᠩᠭᠠᠬᠤ᠂ ᠲᠡᠭᠦᠨ ᠤ ᠮᠠᠰᠢ ᠣᠯᠠᠨ ᠵᠢᠵᠢᠭ ᠰᠠᠵᠢᠭ ᠶᠠᠪᠤᠳᠠᠯ ᠨᠢ ᠣᠯᠠᠨ ᠲᠦᠮᠡᠨ ᠳᠤ ᠮᠡᠳᠡᠷᠡᠭᠳᠡᠵᠦ᠂ ᠺᠠᠳ᠋ᠷ ᠣᠯᠠᠨ ᠲᠦᠮᠡᠨ ᠤ ᠬᠠᠷᠢᠴᠠᠭ᠎ᠠ ᠶᠢ ᠤᠯᠠᠮ ᠨᠢᠭᠡ ᠠᠯᠬᠤᠮ ᠰᠠᠶᠢᠵᠢᠷᠠᠭᠤᠯᠵᠤ᠂ ᠶᠠᠳᠠᠭᠤ ᠠᠴᠠ ᠠᠩᠭᠢᠵᠢᠷᠠ ᠴᠢᠨᠡᠭᠡᠯᠢᠭᠵᠢᠬᠦ ᠳᠤ ᠪᠠᠲᠤ ᠪᠠᠬᠢ ᠣᠯᠠᠨ ᠲᠦᠮᠡᠨ ᠤ ᠰᠠᠭᠤᠷᠢ ᠶᠢ ᠲᠠᠯᠪᠢᠵᠤ ᠥᠭᠭᠦᠭᠰᠡᠨ ᠪᠠᠶᠢᠨ᠎ᠠ᠃                                                  ᠣᠷᠴᠢᠭᠤᠯᠤᠭᠴᠢ᠄ ᠭᠡᠷᠡᠯ  
 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠲᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2