ᠵᠠᠰᠠᠭ ᠤᠨ ᠣᠷᠳᠣᠨ ᠤ ᠠᠯᠪᠠᠨ ᠭᠡᠷ ᠤᠨ ᠨᠠᠮ ᠤᠨ ᠤᠳᠤᠷᠢᠳᠬᠤ ᠳᠤᠭᠤᠶᠢᠯᠠᠩ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠨᠠᠮ ᠤᠨ ᠳᠦᠷᠢᠮ ᠲᠠᠢ ᠬᠠᠷᠭᠤᠭᠤᠯᠬᠤ ᠲᠤᠰᠬᠠᠶ ᠰᠡᠳᠦᠪᠲᠤ ᠪᠠᠶᠢᠴᠠᠭᠠᠨ ᠦᠵᠡᠬᠦ ᠬᠤᠷᠠᠯ ᠬᠢᠪᠡ
ᠨᠡᠶᠢᠲᠡᠯᠡᠭᠰᠡᠨ ᠴᠠᠭ᠄
2019-11-14
   11ᠰᠠᠷ᠎ᠠ ᠶᠢᠨ 13 ᠤ ᠡᠳᠦᠷ᠂ ᠵᠠᠰᠠᠭ ᠤᠨ ᠣᠷᠳᠣᠨ ᠤ ᠠᠯᠪᠠᠨ ᠭᠡᠷ ᠤᠨ ᠨᠠᠮ ᠤᠨ ᠤᠳᠤᠷᠢᠳᠬᠤ ᠳᠤᠭᠤᠶᠢᠯᠠᠩ ︽ᠲᠤᠯᠭᠤᠷ ᠵᠣᠷᠢᠯᠲᠠ ᠪᠠᠨ ᠮᠠᠷᠲᠠᠯ ᠦᠭᠡᠢ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠬᠢᠵᠦ ᠨᠠᠮ ᠤᠨ ᠳᠦᠷᠢᠮ ᠲᠠᠢ ᠬᠠᠷᠭᠤᠭᠤᠯᠤᠨ ᠲᠤᠰᠬᠠᠶ ᠰᠡᠳᠦᠪ ᠢᠶᠠᠷ ᠪᠠᠶᠢᠴᠠᠭᠠᠨ ᠦᠵᠡᠬᠦ ᠬᠤᠷᠠᠯ ᠬᠢᠪᠡ᠃ ᠵᠠᠰᠠᠭ ᠤᠨ ᠣᠷᠳᠣᠨ ᠤ ᠠᠯᠪᠠᠨ ᠭᠡᠷ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠨᠠᠮ ᠤᠨ ᠳᠦᠷᠢᠮ ᠲᠠᠢ ᠬᠠᠷᠭᠤᠭᠤᠯᠵᠤ ᠪᠠᠶᠢᠭᠠᠳ ᠵᠥᠷᠢᠶ᠎ᠡ ᠪᠠᠨ ᠡᠷᠢᠵᠦ᠂ ᠠᠰᠠᠭᠤᠳᠠᠯ ᠢ ᠪᠠᠶᠢᠴᠠᠭᠠᠨ ᠦᠵᠡᠵᠦ᠂ ᠲᠣᠰ ᠲᠣᠰ ᠤᠨ ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ ᠶᠢᠨ ᠲᠣᠭᠤᠷᠢᠨ ᠳᠤ᠂ ᠠᠰᠠᠭᠤᠳᠠᠯ ᠳᠤ ᠵᠥᠪ ᠢᠶᠠᠷ ᠬᠠᠨᠳᠤᠬᠤ ᠤᠬᠠᠮᠰᠠᠷ ᠪᠣᠯᠤᠨ ᠥᠪᠡᠷ ᠢ ᠪᠠᠨ ᠴᠢᠩᠭ᠎ᠠ ᠬᠢᠨᠠᠬᠤ ᠰᠥᠰᠥ ᠵᠣᠷᠢᠭ ᠢᠶᠠᠷ᠂ ᠥᠪᠡᠷ ᠢ ᠪᠠᠨ᠂ ᠡᠭᠦᠷᠭᠡ ᠬᠠᠷᠢᠭᠤᠴᠠᠯᠭ᠎ᠠ ᠪᠠᠨ᠂ ᠠᠵᠢᠯ ᠢᠶᠠᠨ ᠬᠢᠨᠠᠵᠤ᠂ ᠥᠪᠡᠷ ᠢ ᠪᠠᠨ ᠢᠯᠡᠴᠢᠯᠡᠵᠦ᠂ ᠭᠦᠨᠵᠡᠭᠡᠶ ᠴᠡᠭᠴᠡᠯᠡᠨ ᠰᠠᠶᠢᠵᠢᠷᠠᠭᠤᠯᠵᠤ᠂ ᠨᠠᠷᠢᠨ ᠬᠢᠨᠠᠮᠠᠭᠠᠶ ᠰᠤᠷᠤᠯᠴᠠᠵᠤ᠂ ᠣᠪᠣᠷ ᠦᠨᠡᠨᠴᠢ ᠰᠢᠳᠤᠷᠭᠤ ᠪᠠᠶᠢᠵᠤ᠂ ᠭᠦᠨᠵᠡᠭᠡᠶ  ᠪᠠᠶᠢᠴᠠᠭᠠᠨ ᠦᠵᠡᠵᠦ᠂ ᠴᠡᠭᠴᠡᠯᠡᠨ ᠰᠠᠶᠢᠵᠢᠷᠠᠭᠤᠯᠵᠤ ᠪᠣᠳᠠᠲᠠᠶ ᠶᠢ ᠡᠷᠬᠢᠮᠯᠡᠬᠦ ᠬᠡᠷᠡᠭᠲᠡᠶ᠃
   ᠳᠠᠷᠠᠭᠠᠴᠢ ᠶᠢᠨ ᠠᠯᠬᠤᠮ ᠳᠤ᠂ ᠵᠠᠰᠠᠭ ᠤᠨ ᠣᠷᠳᠣᠨ ᠤ ᠠᠯᠪᠠᠨ ᠭᠡᠷ ᠤᠨ ᠨᠠᠮ ᠤᠨ ᠤᠳᠤᠷᠢᠳᠬᠤ ᠳᠤᠭᠤᠶᠢᠯᠠᠩ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠠᠵᠢᠯ ᠳᠠᠭᠠᠨ  ᠲᠤᠭᠤᠰᠢᠯᠠᠭᠤᠯᠵᠦ᠂ ᠤᠳᠤᠷᠢᠳᠬᠤ ᠪᠠᠭ ᠪᠣᠯᠤᠨ ᠬᠤᠪᠢ ᠬᠥᠮᠦᠨ ᠤ ᠠᠰᠠᠭᠤᠳᠠᠯ ᠤᠨ ᠨᠠᠷᠢᠨ ᠳᠠᠩᠰᠠ᠂ ᠴᠡᠭᠴᠡᠯᠡᠨ ᠰᠠᠶᠢᠵᠢᠷᠠᠭᠤᠯᠬᠤ ᠨᠠᠷᠢᠨ ᠳᠠᠩᠰᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ᠰᠤᠷᠤᠯᠴᠠᠬᠤ ᠶᠢᠨ ᠳᠠᠭᠠᠤ ᠰᠠᠶᠢᠵᠢᠷᠠᠭᠤᠯᠬᠤ᠂ ᠪᠠᠷᠢᠨ ᠪᠠᠶᠢᠴᠠᠭᠠᠵᠤ ᠪᠠᠷᠢᠨ ᠰᠠᠶᠢᠵᠢᠷᠠᠭᠤᠯᠬᠤ ᠶᠢ ᠪᠡᠶᠡᠯᠡᠭᠦᠯᠵᠦ᠂ ᠭᠤᠤᠯ ᠰᠡᠳᠦᠪᠲᠦ ᠬᠥᠮᠦᠵᠢᠯ ᠤᠨ ᠦᠨᠡᠨ ᠪᠣᠳᠠᠲᠠᠶ ᠦᠷ᠎ᠡ ᠪᠦᠲᠦᠮᠵᠢ ᠣᠯᠬᠤ ᠶᠢ ᠠᠬᠢᠭᠤᠯᠤᠨ᠎ᠠ᠃                                                ᠣᠷᠴᠢᠭᠤᠯᠤᠭᠴᠢ᠄ ᠭᠡᠷᠡᠯ
 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠲᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2