ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠳᠤᠮᠳᠠ᠂ ᠬᠤᠸᠠᠳᠧ ᠰᠢᠶᠠᠨ | ᠶᠠᠳᠠᠭᠤ ᠬᠦᠴᠢᠷᠳᠡᠯᠲᠡᠶ ᠬᠥᠳᠡᠯᠮᠦᠷᠢ ᠬᠦᠴᠦᠨ ᠢ ᠰᠢᠯᠵᠢᠭᠦᠯᠦᠨ ᠠᠵᠢᠯ ᠣᠯᠭᠤᠬᠤ ᠶᠢ ᠢᠳᠡᠪᠬᠢᠲᠡᠢ ᠰᠦᠪᠡᠭᠴᠢᠯᠡᠵᠦ᠂ | ︽ᠶᠠᠳᠠᠭᠤ ᠶᠢ ᠲᠡᠳᠬᠦᠬᠦ ᠦᠢᠯᠡᠳᠪᠤᠷᠢ ᠶᠢᠨ ᠲᠠᠰᠤᠭ︾ ᠢ ᠪᠠᠶᠢᠭᠤᠯᠵᠤ᠂ ᠶᠠᠳᠠᠭᠤ ᠬᠦᠴᠢᠷᠳᠡᠯᠲᠡᠶ ᠬᠥᠮᠦᠨ | ᠠᠮᠠ ᠶᠢᠨ ᠭᠡᠷ ᠤᠨ ᠡᠭᠦᠳᠡᠨ ᠳᠤ ᠠᠵᠢᠯ ᠣᠯᠬᠤ ᠬᠦᠴᠢᠷ ᠠᠰᠠᠭᠤᠳᠠᠯ ᠢ ᠦᠨᠡᠨ ᠬᠦ ᠰᠢᠢᠳᠪᠤᠷᠢᠯᠡᠵᠦ᠂ ᠲᠣᠰᠬᠤᠨ ᠤ | ᠠᠷᠠᠳ ᠢ ᠭᠡᠷ ᠪᠦᠯᠢ ᠪᠠᠨ ᠬᠠᠷᠠᠭᠠᠯᠵᠠᠬᠤ᠂ ᠲᠠᠷᠢᠶᠠᠨ ᠠᠵᠢᠯ ᠬᠢᠬᠦ᠂ ᠬᠥᠯᠥᠰᠥᠨ ᠠᠵᠢᠯ ᠬᠢᠬᠦ ︽ᠭᠤᠷᠪᠠ ᠶᠢ ᠦᠯᠦ | ᠰᠠᠭᠠᠳᠤᠭᠠᠬᠤ︾ ᠶᠢ ᠪᠡᠶᠡᠯᠡᠭᠦᠯᠪᠡ᠃ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠡᠬᠢᠯᠡᠭᠦᠯᠦᠭᠰᠡᠨ ᠠᠴᠠ ᠨᠠᠰᠢ᠂ | ᠮᠠᠨ ᠤ ᠰᠢᠶᠠᠨ ᠳᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯᠲᠡᠶ ᠡᠷᠦᠬᠡ ᠶᠢᠨ ᠦᠢᠯᠡᠰ ᠪᠣᠰᠬᠠᠬᠤ᠂ ᠠᠵᠢᠯ | ᠣᠯᠭᠤᠯᠲᠠ ᠪᠠᠷ ᠶᠠᠳᠠᠭᠤ ᠶᠢ ᠲᠡᠳᠬᠦᠬᠦ ᠠᠵᠢᠯ ᠢ ᠶᠡᠬᠡᠪᠡᠷ ᠠᠬᠢᠭᠤᠯᠵᠤ᠂ ᠬᠥᠳᠡᠯᠮᠦᠷᠢ ᠨᠢᠭᠲᠠᠷᠠᠭᠰᠠᠨ ᠬᠡᠯᠪᠡᠷᠢ ᠶᠢᠨ | ᠠᠵᠤ ᠠᠬᠤᠶᠢᠯᠠᠯ ᠢ ᠢᠳᠡᠪᠬᠢᠲᠡᠢ ᠬᠥᠳᠡᠯᠦᠨ ᠵᠢᠯᠣᠭᠤᠳᠴᠤ᠂ ᠡᠯ᠎ᠡ ᠪᠠᠯᠭᠠᠰᠤ ᠰᠢᠶᠠᠩ᠂ ᠡᠯ᠎ᠡ ᠵᠢᠵᠢᠭ ᠠᠵᠤ | ᠠᠬᠤᠶᠢᠯᠠᠯ ᠢ ᠬᠥᠲᠥᠯᠥᠨ ᠵᠢᠯᠣᠭᠤᠳᠴᠤ ᠪᠠᠶᠢᠭᠠᠳ ᠠᠵᠢᠯ ᠣᠯᠭᠤᠯᠲᠠ ᠪᠠᠷ ᠶᠠᠳᠠᠭᠤ ᠶᠢ ᠲᠡᠳᠬᠦᠬᠦ | ᠦᠢᠯᠡᠳᠪᠤᠷᠢ ᠶᠢᠨ ᠲᠠᠰᠤᠭ ᠪᠠᠶᠢᠭᠤᠯᠵᠤ᠂ ︽ᠠᠵᠤ ᠠᠬᠤᠶᠢᠯᠠᠯ + ᠦᠢᠯᠡᠳᠪᠤᠷᠢ ᠶᠢᠨ ᠲᠠᠰᠤᠭ + ᠶᠠᠳᠠᠭᠤ | ᠬᠦᠴᠢᠷᠳᠡᠯᠲᠡᠶ ᠡᠷᠦᠬᠡ︾ ᠪᠤᠶᠤ ︽ᠠᠵᠤ ᠠᠬᠤᠶᠢᠯᠠᠯ + ᠵᠠᠬᠢᠶᠠᠯᠠᠭ᠎ᠠ ᠶᠢᠨ ᠬᠠᠭᠤᠳᠠᠰᠤ + ᠶᠠᠳᠠᠭᠤ ᠬᠦᠴᠢᠷᠳᠡᠯᠲᠡᠶ | ᠡᠷᠦᠬᠡ︾ ᠶᠢᠨ ᠵᠠᠭᠪᠤᠷ ᠢ ᠠᠪᠴᠤ᠂ ᠶᠠᠳᠠᠭᠤ ᠬᠦᠴᠢᠷᠳᠡᠯᠲᠡᠶ ᠣᠯᠠᠨ ᠲᠦᠮᠡᠨ᠂ ᠭᠡᠷ ᠲᠡᠭᠡᠨ ᠬᠤᠴᠣᠷᠤᠭᠰᠠᠨ | ᠡᠮᠡᠭᠲᠡᠶᠢᠴᠦᠳ ᠲᠤ ᠠᠵᠢᠯ ᠣᠯᠭᠤᠬᠤ ᠠᠵᠢᠯ ᠤᠨ ᠪᠠᠶᠢᠷᠢ ᠬᠠᠩᠭᠠᠵᠤ᠂ ᠬᠥᠳᠡᠭᠡ ᠲᠣᠰᠬᠤᠨ ᠤ ᠳᠠᠩᠰᠠᠯᠠᠵᠤ | ᠺᠠᠷᠲᠯᠠᠭᠰᠠᠨ ᠶᠠᠳᠠᠭᠤ ᠬᠦᠴᠢᠷᠳᠡᠯᠲᠡᠶ ᠬᠥᠳᠡᠯᠮᠦᠷᠢ ᠬᠦᠴᠦᠨ ᠤ ᠣᠶᠢᠷ᠎ᠠ ᠬᠠᠪᠢ ᠳᠠᠭᠠᠨ ᠲᠤᠬᠠᠶ ᠶᠢᠨ ᠭᠠᠵᠠᠷ ᠲᠠᠭᠠᠨ | ᠠᠵᠢᠯ ᠣᠯᠬᠤ ᠶᠢ ᠠᠬᠢᠭᠤᠯᠵᠤ᠂ ᠶᠠᠳᠠᠭᠤ ᠬᠦᠴᠢᠷᠳᠡᠯᠲᠡᠶ ᠣᠯᠠᠨ ᠲᠦᠮᠡᠨ ᠤ ᠶᠠᠳᠠᠭᠤ ᠠᠴᠠ ᠠᠩᠭᠢᠵᠢᠷᠠᠨ ᠪᠠᠶᠠᠵᠢᠨ | ᠴᠢᠨᠡᠭᠡᠯᠢᠭᠵᠢᠬᠦ ᠠᠯᠬᠤᠴᠠ ᠶᠢ ᠲᠦᠷᠭᠡᠳᠬᠡᠵᠡᠢ᠃ | ᠶᠠᠳᠠᠭᠤ ᠶᠢ ᠲᠡᠳᠬᠦᠬᠦ ᠦᠢᠯᠡᠳᠪᠤᠷᠢ ᠶᠢᠨ ᠲᠠᠰᠤᠭ ᠨᠢ ᠴᠠᠬᠢᠭᠤᠷ ᠲᠡᠮᠦᠷ ᠤᠨ ᠪᠣᠭᠤᠳᠠᠯ ᠪᠠᠭᠯᠠᠭ᠎ᠠ ᠶᠢᠨ | ᠤᠭᠤᠲᠠ᠂ ᠬᠤᠪᠴᠠᠰᠤ ᠬᠤᠨᠠᠷ ᠪᠣᠯᠪᠠᠰᠤᠷᠠᠭᠤᠯᠬᠤ᠂ ᠳᠠᠩᠰᠠ ᠡᠪᠬᠡᠮᠡᠯ ᠤᠨ ᠬᠠᠶᠢᠷᠴᠠᠭ ᠪᠣᠯᠪᠠᠰᠤᠷᠠᠭᠤᠯᠬᠤ ᠵᠡᠷᠭᠡ | ᠠᠵᠢᠯ ᠲᠥᠷᠥᠯ ᠢ ᠬᠠᠮᠤᠷᠴᠤ᠂ ᠠᠵᠢᠯ ᠤᠨ ᠳᠠᠷᠠᠭᠠᠯᠠᠯ ᠨᠢ ᠳᠥᠭᠦᠮᠬᠡᠨ ᠪᠠᠶᠢᠳᠠᠭ᠂ ᠲᠣᠰᠬᠤᠨ ᠤ ᠠᠷᠠᠳ ᠣᠬᠤᠷ | ᠬᠤᠭᠤᠴᠠᠭᠠᠨ ᠤ ᠪᠣᠯᠪᠠᠰᠤᠷᠠᠯ ᠬᠦᠷᠲᠡᠪᠡᠯ ᠳᠠᠷᠤᠶ ᠠᠵᠢᠯ ᠤᠨ ᠪᠠᠶᠢᠷᠢᠨ ᠳᠤ ᠭᠠᠷᠴᠤ ᠪᠣᠯᠤᠨ᠎ᠠ᠃ ᠶᠠᠳᠠᠭᠤ ᠶᠢ | ᠲᠡᠳᠬᠦᠬᠦ ᠦᠢᠯᠡᠳᠪᠤᠷᠢ ᠶᠢᠨ ᠳᠠᠰᠤᠭ ᠲᠤ᠂ ᠲᠣᠰᠬᠤᠨ ᠤ ᠠᠷᠠᠳ ᠦᠢᠯᠡᠳᠪᠤᠷᠢᠯᠡᠭᠰᠡᠨ ᠪᠤᠳᠠᠰ ᠤᠨ ᠰᠢᠷᠬᠡᠭ ᠢᠶᠠᠷ | ᠬᠥᠯᠥᠰᠥ ᠣᠯᠭᠤᠮᠵᠢ ᠣᠯᠵᠣ᠂ ᠰᠠᠷ᠎ᠠ ᠪᠦᠷᠢ 1000 ᠲᠥᠭᠦᠷᠢᠭ ᠠᠴᠠ 2000 ᠲᠥᠭᠦᠷᠢᠭ ᠤᠨ ᠴᠠᠯᠢᠩ ᠣᠯᠵᠤ | ᠂ ᠴᠠᠭ ᠨᠢ ᠴᠢᠯᠥᠭᠡᠲᠡᠶ ᠪᠠᠶᠢᠵᠤ᠂ ᠨᠢᠭᠡ ᠲᠠᠯ᠎ᠠ ᠪᠠᠷ ᠭᠡᠷ ᠪᠦᠯᠢ ᠪᠠᠨ ᠬᠠᠷᠠᠭᠠᠯᠵᠠᠵᠤ ᠨᠥᠭᠦᠭᠡ ᠲᠠᠯ᠎ᠠ ᠪᠠᠷ | ᠦᠢᠯᠡᠳᠪᠤᠷᠢ ᠶᠢᠨ ᠳᠠᠰᠤᠭ ᠲᠤ ᠣᠴᠢᠵᠤ ᠠᠵᠢᠯ ᠬᠢᠵᠦ᠂ ︽ᠵᠣᠭᠤᠰ ᠣᠯᠵᠤ ᠭᠡᠷ ᠪᠦᠯᠢ ᠪᠠᠨ ᠬᠠᠷᠠᠭᠠᠯᠵᠠᠬᠤ︾ ᠶᠢ | ᠪᠡᠶᠡᠯᠡᠭᠦᠯᠵᠦ᠂ ︽ᠶᠠᠭᠠᠷᠠᠤ ᠥᠶ᠎ᠡ ᠳᠤ ᠲᠠᠷᠢᠶᠠᠨ ᠠᠵᠢᠯ ᠬᠢᠵᠦ᠂ ᠰᠡᠯᠡᠭᠦᠤ ᠴᠠᠭ ᠲᠤ ᠬᠥᠯᠥᠰᠥᠨ ᠠᠵᠢᠯ ᠬᠢᠬᠦ︾ | ᠨᠢ ᠠᠭᠠᠵᠢᠮ ᠢᠶᠠᠷ ᠲᠤᠬᠠᠶ ᠶᠢᠨ ᠭᠠᠵᠠᠷ ᠤᠨ ᠣᠯᠠᠨ ᠲᠦᠮᠡᠨ ᠤ ᠦᠢᠯᠡᠳᠪᠤᠷᠢᠯᠡᠯ ᠠᠮᠢᠳᠤᠷᠠᠯ ᠤᠨ ᠰᠢᠨ᠎ᠡ ᠬᠡᠪ | ᠪᠠᠶᠢᠳᠠᠯ ᠪᠣᠯᠵᠠᠶ᠃ | ᠣᠳᠣᠬᠠᠨ ᠪᠣᠯᠲᠠᠯ᠎ᠠ᠂ ᠮᠠᠨ ᠤ ᠰᠢᠶᠠᠨ ᠨᠢᠭᠡᠨᠲᠡ 56 ᠶᠠᠳᠠᠭᠤ ᠠᠴᠠ ᠠᠩᠭᠢᠵᠢᠷᠠᠭᠤᠯᠬᠤ ᠦᠢᠯᠡᠳᠪᠤᠷᠢ ᠶᠢᠨ | ᠲᠠᠰᠤᠭ ᠢ ᠪᠠᠶᠢᠭᠤᠯᠤᠭᠰᠠᠨ ᠪᠥᠭᠡᠳ ᠠᠰᠢᠭᠯᠠᠯᠲᠠ ᠳᠤ ᠣᠷᠣᠭᠤᠯᠵᠤ᠂ 928 ᠶᠠᠳᠠᠭᠤ ᠬᠦᠴᠢᠷᠳᠡᠯᠲᠡᠶ ᠬᠥᠮᠦᠨ | ᠠᠮᠠ ᠶᠢ ᠰᠢᠭᠤᠳ ᠳᠠᠶᠢᠴᠢᠯᠠᠵᠤ᠂ ᠬᠥᠮᠦᠨ ᠳᠤᠮᠳᠠᠴᠢ ᠶᠢᠨ ᠴᠡᠪᠡᠷ ᠣᠷᠣᠯᠭ᠎ᠠ ᠨᠠᠭᠠᠳᠤ ᠵᠠᠬ᠎ᠠ ᠳᠠᠭᠠᠨ 2 ᠲᠦᠮᠡᠨ | ᠲᠥᠭᠦᠷᠢᠭ ᠠᠴᠠ ᠳᠡᠭᠡᠭᠰᠢ ᠪᠠᠶᠢᠵᠤ᠂ ᠶᠠᠳᠠᠭᠤ ᠬᠦᠴᠢᠷᠳᠡᠯᠲᠡᠶ ᠭᠡᠷ ᠪᠦᠯᠢ ᠦᠨᠳᠦᠰᠦᠨ ᠳᠡᠭᠡᠨ ︽ᠨᠢᠭᠡ ᠬᠥᠮᠦᠨ | ᠠᠵᠢᠯ ᠬᠢᠵᠦ᠂ ᠪᠦᠬᠦ ᠭᠡᠷ ᠢᠶᠠᠷ ᠢᠶᠠᠨ ᠶᠠᠳᠠᠭᠤ ᠠᠴᠠ ᠠᠩᠭᠢᠵᠢᠷᠠᠬᠤ︾ ᠶᠢ ᠪᠡᠶᠡᠯᠡᠭᠦᠯᠵᠦ ᠪᠠᠶᠢᠨ᠎ᠠ᠃ ︽ᠠᠵᠢᠯ ᠤᠨ | ᠪᠠᠶᠢᠷᠢ ᠶᠢ ᠭᠡᠷ ᠲᠤᠨᠢ ᠬᠦᠷᠭᠡᠵᠦ᠂ ᠣᠶᠢᠷ᠎ᠠ ᠬᠠᠪᠢ ᠳᠤᠨᠢ ᠠᠵᠢᠯ ᠣᠯᠭᠤᠬᠤ︾ ᠶᠠᠳᠠᠭᠤ ᠶᠢ ᠲᠡᠳᠬᠦᠬᠦ ᠦᠢᠯᠡᠳᠪᠤᠷᠢ | ᠶᠢᠨ ᠳᠠᠰᠤᠭ ᠲᠤ ᠠᠵᠢᠯ ᠣᠯᠭᠤᠬᠤ ᠵᠠᠭᠪᠤᠷ ᠨᠢ ᠶᠠᠳᠠᠭᠤ ᠬᠦᠴᠢᠷᠳᠡᠯᠲᠡᠶ ᠣᠯᠠᠨ ᠲᠦᠮᠡᠨ ᠢ ᠠᠵᠤ ᠦᠢᠯᠡᠰ ᠤᠨ | ᠠᠵᠢᠯᠴᠢᠨ ᠪᠣᠯᠭᠠᠵᠤ᠂ ᠣᠳᠣ ᠨᠢᠭᠡᠨᠲᠡ ᠬᠤᠸᠠᠳᠧ ᠰᠢᠶᠠᠨ ᠤ ᠤᠨᠢᠨ ᠳᠡᠭᠡᠷ᠎ᠡ ᠨᠢ ᠶᠠᠳᠠᠭᠤ ᠶᠢ ᠲᠡᠳᠬᠦᠬᠦ ᠠᠵᠢᠯ ᠤᠨ | ᠴᠢᠬᠤᠯᠠ ᠠᠴᠢᠶᠠᠯᠠᠪᠤᠷᠢ ᠪᠣᠯᠵᠠᠶ᠃ | ᠣᠷᠴᠢᠭᠤᠯᠤᠭᠴᠢ᠄ ᠭᠡᠷᠡᠯ |