ᠬᠤᠸᠠᠳᠧ ᠰᠢᠶᠠᠨ ᠭᠤᠷᠪᠠᠨ‌ᠵᠦ᠋ᠢᠯ ᠤᠨ ᠠᠷᠭ᠎ᠠ ᠬᠡᠮᠵᠢᠶ᠎ᠡ ᠠᠪᠴᠤ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠪᠠ
ᠨᠡᠶᠢᠲᠡᠯᠡᠭᠰᠡᠨ ᠴᠠᠭ᠄
2019-11-25
   ᠬᠤᠸᠠᠳᠧ ᠰᠢᠶᠠᠨ ᠠᠵᠤ ᠦᠢᠯᠡᠰ ᠤᠨ ᠲᠥᠯᠥᠪᠵᠢᠭᠦᠯᠭᠡ ᠪᠠᠷ ᠬᠦᠷᠢᠶᠡᠯᠡᠩ ᠲᠣᠭᠤᠷᠢᠭ ᠤᠨ ᠪᠠᠶᠢᠷᠢ ᠰᠣᠯᠪᠢᠴᠠᠨ ᠬᠥᠭᠵᠢᠬᠦ ᠶᠢ ᠬᠥᠲᠥᠯᠥᠨ ᠵᠢᠯᠣᠭᠤᠳᠴᠤ᠂ ᠰᠠᠭᠤᠷᠢ ᠢᠵᠢ ᠪᠦᠷᠢᠳᠦᠭᠦᠯᠬᠦ ᠲᠥᠬᠦᠭᠡᠷᠦᠮᠵᠢ ᠶᠢᠨ ᠳᠤᠲᠠᠭᠤᠳᠠᠯ ᠢ ᠨᠥᠬᠦᠪᠥᠷᠢᠯᠡᠵᠦ᠂ ᠬᠦᠷᠢᠶᠡᠯᠡᠩ ᠲᠣᠭᠤᠷᠢᠭ ᠤᠨ ᠳᠠᠭᠠᠭᠠᠴᠠ ᠪᠣᠯᠤᠨ ︽ᠵᠥᠭᠡᠯᠡᠨ ᠪᠣᠳᠠᠲᠤ ᠬᠦᠴᠦᠨ ︾ ᠢ ᠳᠡᠭᠡᠭᠰᠢᠯᠡᠭᠦᠯᠪᠡ᠃    ᠨᠢᠭᠡ ᠳᠤ᠂ ᠴᠠᠬᠢᠯᠭᠠᠨ ᠬᠦᠴᠦᠨ ᠤ ᠪᠠᠲᠤᠯᠠᠭ᠎ᠠ ᠶᠢ ᠴᠢᠩᠭᠠᠳᠬᠠᠵᠤ᠂ ᠺᠠᠩ ᠳ᠋ᠧ ᠶᠢᠨ 220 ᠺᠢᠯᠣᠸᠣᠯᠲ ᠤᠨ ᠬᠦᠴᠦᠳᠡᠯ ᠥᠭᠡᠷᠡᠴᠢᠯᠡᠬᠦ ᠥᠷᠲᠡᠭᠡᠨ ᠤ 3᠂ 4 ᠳ᠋ᠦ᠋ᠭᠡᠷ ᠭᠤᠤᠯ ᠬᠤᠪᠢᠷᠠᠯᠲᠠ ᠶᠢᠨ ᠪᠠᠭᠲᠠᠭᠠᠮᠵᠢ ᠶᠢ ᠥᠷᠭᠡᠳᠬᠡᠬᠦ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ ᠬᠦᠷᠢᠶᠡᠯᠡᠩ ᠲᠣᠭᠤᠷᠢᠭ ᠤᠨ 220 ᠺᠢᠯᠣᠸᠣᠯᠲ ᠤᠨ ᠬᠦᠴᠦᠳᠡᠯ ᠥᠭᠡᠷᠡᠴᠢᠯᠡᠬᠦ ᠥᠷᠲᠡᠭᠡ ᠶᠢᠨ ᠰᠢᠨ᠎ᠡ ᠪᠠᠷ ᠪᠠᠶᠢᠭᠤᠯᠬᠤ ᠲᠦᠷᠦᠭᠦᠦ ᠬᠤᠭᠤᠴᠠᠭᠠᠨ ᠤ ᠭᠤᠶᠤᠴᠢᠯᠠᠨ ᠮᠡᠳᠡᠭᠦᠯᠬᠦ ᠠᠵᠢᠯ ᠢ ᠢᠳᠡᠪᠬᠢᠲᠡᠢ ᠥᠷᠨᠢᠭᠦᠯᠦᠨ᠎ᠡ︔    ᠬᠤᠶᠠᠷ ᠲᠤ᠂ ᠰᠠᠭᠤᠷᠢ ᠲᠥᠬᠦᠭᠡᠷᠦᠮᠵᠢ ᠶᠢᠨ ᠢᠵᠢ ᠪᠦᠷᠢᠳᠦᠭᠦᠯᠦᠯ ᠢ ᠲᠡᠭᠦᠯᠳᠡᠷᠵᠢᠭᠦᠯᠦᠨ᠎ᠡ᠃ ᠬᠦᠷᠢᠶᠡᠯᠡᠩ ᠲᠣᠭᠤᠷᠢᠭ ᠤᠨ ᠲᠥᠬᠦᠭᠡᠷᠦᠮᠵᠢ ᠶᠢ ᠲᠥᠬᠦᠷᠵᠢᠭᠦᠯᠬᠦ ᠶᠢ ᠴᠢᠩᠭᠠᠳᠬᠠᠵᠤ᠂ ᠡᠨᠡ ᠵᠢᠯ ᠰᠢᠶᠦ᠋ᠩ ᠸᠧᠶ ᠭᠤᠸᠠᠩ ᠳ᠋ᠠ ᠺᠣᠮᠫᠠᠨᠢ ᠳᠤ ᠳᠤᠮᠳᠠ ᠵᠡᠷᠭᠡ ᠶᠢᠨ ᠤᠰᠤᠨ ᠬᠤᠭᠤᠯᠠᠢ ᠶᠢᠨ ᠱᠤᠭᠤᠮ ᠢ 5 ᠺᠢᠯᠤᠮᠧᠲᠷ ᠳᠡᠪᠢᠰᠴᠦ᠂ ᠪᠣᠬᠢᠷᠲᠤᠯ ᠭᠠᠳᠠᠭᠰᠢᠯᠠᠭᠤᠯᠬᠤ ᠬᠤᠭᠤᠯᠠᠢ ᠶᠢᠨ ᠱᠤᠭᠤᠮ ᠢ 5.2  ᠺᠢᠯᠤᠮᠧᠲᠷ ᠳᠡᠪᠢᠰᠴᠦ᠂ ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ ᠤᠨ ᠳᠤᠮᠳᠠ ᠵᠡᠷᠭᠡ ᠶᠢᠨ ᠤᠰᠤᠨ ᠬᠤᠭᠤᠯᠠᠢ ᠶᠢᠨ ᠲᠣᠣᠷ᠂ ᠲᠥᠭᠡᠭᠡᠯ ᠤᠰᠤᠨ ᠬᠤᠭᠤᠯᠠᠢ ᠶᠢᠨ ᠲᠣᠣᠷ ᠢ ᠳᠠᠬᠢᠨ ᠥᠭᠡᠷᠡᠴᠢᠯᠡᠵᠦ᠂ ᠠᠵᠤ ᠠᠬᠤᠶᠢᠯᠠᠯ ᠤᠨ ᠦᠢᠯᠡᠳᠪᠦᠷᠢᠯᠡᠯ᠂ ᠠᠮᠢᠳᠤᠷᠠᠯ ᠤᠨ ᠬᠡᠷᠡᠭᠯᠡᠭᠡᠨ ᠤ ᠤᠰᠤᠨ ᠤ ᠪᠦᠷᠬᠦᠴᠡ ᠶᠢ ᠪᠡᠶᠡᠯᠡᠭᠦᠯᠪᠡ︔    ᠭᠤᠷᠪᠠ ᠳᠤ᠂ ᠭᠠᠵᠠᠷ ᠰᠢᠷᠣᠶ ᠬᠡᠷᠡᠭᠯᠡᠬᠦ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠭᠠᠵᠠᠷ ᠰᠢᠷᠣᠶ ᠶᠢᠨ ᠡᠬᠢ ᠪᠠᠶᠠᠯᠢᠭ ᠤᠨ ᠬᠠᠩᠭᠠᠯᠭ᠎ᠠ ᠶᠢ ᠰᠢᠯᠢᠳᠡᠭᠵᠢᠭᠦᠯᠵᠦ᠂ ᠬᠠᠳᠠᠭᠠᠯᠠᠭᠳᠠᠵᠤ ᠪᠠᠶᠢᠭ᠎ᠠ ᠭᠠᠵᠠᠷ ᠰᠢᠷᠣᠶ ᠶᠢ ᠰᠠᠶᠢᠲᠤᠷ ᠬᠡᠷᠡᠭᠯᠡᠵᠦ᠂ ᠰᠤᠯᠠ ᠪᠠᠶᠢᠭ᠎ᠠ ᠦᠷ᠎ᠡ ᠠᠰᠢᠭ ᠢᠶᠠᠷ ᠳᠣᠤᠷ᠎ᠠ ᠬᠡᠷᠡᠭᠯᠡᠬᠦ ᠭᠠᠵᠠᠷ ᠢ ᠬᠠᠤᠯᠢ ᠶᠣᠰᠣᠭᠠᠷ ᠰᠢᠢᠳᠪᠤᠷᠢᠯᠡᠵᠦ᠂ ᠭᠠᠵᠠᠷ ᠰᠢᠷᠣᠶ ᠶᠢᠨ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠦᠨ᠎ᠡ᠃                                                            ᠣᠷᠴᠢᠭᠤᠯᠤᠭᠴᠢ᠄ ᠭᠡᠷᠡᠯ
 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠲᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2