ᠬᠤᠸᠠᠳᠧ ᠰᠢᠶᠠᠨ ᠠᠮᠢ ᠠᠬᠤᠶ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ ᠪᠣᠬᠢᠷᠲᠤᠯ ᠦᠭᠡᠢ ᠬᠥᠭᠵᠢᠯᠲᠡ ᠶᠢ ᠪᠡᠶᠡᠯᠡᠭᠦᠯᠵᠡᠶ
ᠨᠡᠶᠢᠲᠡᠯᠡᠭᠰᠡᠨ ᠴᠠᠭ᠄
2019-11-29
   ᠣᠶᠢᠷ᠎ᠠ ᠶᠢᠨ ᠵᠢᠯ ᠤᠨ ᠲᠤᠷᠰᠢ᠂ ᠬᠤᠸᠠᠳᠧ ᠰᠢᠶᠠᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ ︽ᠳᠥᠷᠪᠡᠨ ᠤᠬᠠᠮᠰᠠᠷ︾ ᠢ ᠪᠠᠲᠤ ᠪᠣᠶ ᠪᠣᠯᠭᠠᠬᠤ᠂ ︽ᠳᠥᠷᠪᠡᠨ ᠢᠲᠡᠭᠡᠯ︾ ᠢ ᠪᠠᠲᠤᠳᠬᠠᠬᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠪᠠᠷ ᠴᠢᠬᠤᠯᠠ ᠭᠠᠷᠳᠠᠴᠠ ᠪᠣᠯᠭᠠᠵᠤ᠂ ᠬᠥᠬᠡᠮᠳᠦᠭ ᠠᠭᠤᠯᠠ ᠴᠡᠩᠬᠡᠭ ᠤᠰᠤ ᠪᠣᠯ ᠠᠯᠲᠠ ᠮᠥᠩᠭᠦᠨ ᠠᠭᠤᠯᠠ ᠪᠣᠯᠬᠤ ᠬᠥᠭᠵᠢᠯᠲᠡ ᠶᠢᠨ ᠰᠡᠳᠬᠢᠴᠡ ᠶᠢ ᠪᠠᠷᠢᠮᠲᠠᠯᠠᠵᠤ᠂ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠦᠲᠦᠭᠡᠨ ᠪᠠᠶᠢᠭᠤᠯᠬᠤ ᠴᠢᠬᠤᠯᠠ ᠶᠡᠭᠡ ᠬᠠᠷᠢᠭᠤᠴᠠᠯᠭ᠎ᠠ ᠶᠢ ᠤᠬᠠᠮᠰᠠᠷ ᠠᠴᠠ ᠪᠠᠨ ᠡᠭᠦᠷᠭᠡᠯᠡᠵᠦ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ ᠶᠡᠬᠡᠪᠡᠷ ᠠᠬᠢᠭᠤᠯᠵᠤ᠂ ᠡᠬᠡ ᠤᠯᠤᠰ ᠤᠨ ᠤᠮᠠᠷᠠᠲᠤ ᠶᠢᠨ ᠦᠵᠡᠮᠵᠢ ᠶᠢᠨ ᠣᠷᠣᠨ ᠢ ᠨᠠᠩ ᠦᠵᠡᠰᠬᠦᠯᠡᠩᠲᠦ ᠰᠠᠶᠢᠬᠠᠨ ᠪᠣᠯᠭᠠᠨ ᠪᠦᠲᠦᠭᠡᠨ ᠪᠠᠶᠢᠭᠤᠯᠪᠠ᠃    ᠣᠶᠢᠯᠠᠭᠠᠭᠰᠠᠨ ᠢᠶᠠᠷ᠂ ᠬᠤᠸᠠᠳᠧ ᠰᠢᠶᠠᠨ ᠤᠯᠤᠰ ᠤᠨ ᠭᠤᠤᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠢᠶᠠᠷ ᠰᠠᠭᠤᠷᠢ ᠪᠣᠯᠭᠠᠵᠤ᠂ ᠵᠠᠮ ᠢ ᠨᠣᠭᠤᠭᠠᠷᠠᠭᠤᠯᠬᠤ ᠪᠠᠷ ᠬᠤᠯᠪᠣᠭᠠᠰᠤ ᠪᠣᠯᠭᠠᠵᠤ᠂ ᠠᠯᠪᠠᠨ ᠵᠢᠷᠤᠮ ᠤᠨ ᠮᠣᠳᠣ ᠲᠠᠷᠢᠬᠤ ᠰᠠᠭᠤᠷᠢᠨ ᠭᠠᠵᠠᠷ ᠢᠶᠠᠷ ᠵᠠᠩᠭᠢᠯᠠᠭ᠎ᠠ ᠶᠢᠨ ᠴᠡᠭ ᠪᠣᠯᠭᠠᠵᠤ᠂ ᠨᠡᠶᠢᠲᠡ 7.2 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠰᠢᠶᠠᠨ ᠤ ᠱᠠᠲᠤᠨ ᠤ ᠠᠯᠪᠠᠨ ᠵᠢᠷᠤᠮ ᠤᠨ ᠮᠣᠳᠣ ᠲᠠᠷᠢᠬᠤ ᠰᠠᠭᠤᠷᠢᠨ ᠭᠠᠵᠠᠷ ᠢ 5.2 ᠲᠦᠮᠡᠨ ᠮᠤ᠋᠂ ᠰᠢᠶᠠᠩ ᠪᠠᠯᠭᠠᠰᠤᠨ ᠤ ᠲᠡᠰ ᠤᠨ ᠠᠯᠪᠠᠨ ᠵᠢᠷᠤᠮ ᠤᠨ ᠮᠣᠳᠣ ᠲᠠᠷᠢᠬᠤ ᠰᠠᠭᠤᠷᠢᠨ ᠭᠠᠵᠠᠷ ᠢ 1.5 ᠲᠦᠮᠡᠨ ᠮᠤ᠋ ᠪᠠᠶᠢᠭᠤᠯᠪᠠ᠃ ᠤᠯᠤᠰ ᠤᠨ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠢ 66.83 ᠲᠦᠮᠡᠨ ᠮᠤ᠋ ᠪᠡᠶᠡᠯᠡᠭᠦᠯᠵᠦ᠂ 317.2 ᠺᠢᠯᠤᠮᠧᠲᠷ ᠵᠠᠮ ᠢ ᠨᠣᠭᠤᠭᠠᠷᠠᠭᠤᠯᠪᠠ᠃ ᠣᠨᠴᠠᠭᠠᠶᠢᠯᠠᠨ ᠳᠤᠷᠠᠳᠤᠭᠤᠰᠢᠲᠠᠶ ᠵᠦᠢᠯ ᠭᠡᠪᠡᠯ᠂ ᠬᠤᠸᠠᠳᠧ ᠰᠢᠶᠠᠨ ᠨᠣᠭᠤᠭᠠᠨ ᠥᠩᠭᠡ ᠠᠴᠠGDP ᠠᠪᠴᠤ᠂ ᠠᠮᠢ ᠠᠬᠤᠶ ᠠᠴᠠGDP ᠠᠪᠴᠤ᠂ ᠠᠵᠤ ᠠᠬᠤᠢ ᠶᠢᠨ ᠤᠢ ᠶᠢᠨ ᠠᠵᠤ ᠦᠢᠯᠡᠰ+ ᠢ ᠬᠥᠭᠵᠢᠭᠦᠯᠬᠦ ᠶᠢ ᠬᠠᠶᠢᠨ ᠰᠦᠪᠡᠭᠴᠢᠯᠡᠵᠦ᠂ ᠲᠦᠮᠡᠨ ᠮᠦ ᠶᠢᠨ ᠬᠠᠷ᠎ᠠ ᠴᠢᠨ᠋ᠸ᠎ᠠ ᠶᠢᠨ ᠬᠠᠷᠮᠠᠭ ᠠᠮᠢ ᠠᠬᠤᠢ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠠᠶᠢᠭᠤᠯᠵᠤ᠂ ᠬᠥᠬᠡᠮᠳᠦᠭ ᠠᠭᠤᠯᠠ ᠴᠡᠩᠬᠡᠭ ᠤᠰᠤ ᠪᠣᠯᠣᠨ‌ᠠᠯᠲᠠ ᠮᠥᠩᠭᠦᠨ ᠠᠭᠤᠯᠠ ᠶᠢᠨ ᠤᠷᠭᠠᠨᠢᠭ ᠨᠢᠭᠡᠳᠦᠯ ᠢ ᠪᠡᠶᠡᠯᠡᠭᠦᠯᠪᠡ᠃ ᠡᠭᠦᠨ ᠤ ᠬᠠᠮᠲᠤ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠭᠰᠠᠨ ᠰᠠᠭᠤᠷᠢᠨ ᠳᠡᠭᠡᠷ᠎ᠡ᠂ ᠣᠷᠴᠢᠨ ᠲᠣᠭᠤᠷᠢᠨ ᠤ ᠬᠠᠮᠠᠭᠠᠯᠠᠯᠲᠠ ᠶᠢ ᠠᠳᠬᠤᠵᠤ᠂ 56 ᠠᠵᠤ ᠠᠬᠤᠶᠢᠯᠠᠯ ᠳᠤ ᠣᠷᠴᠢᠨ ᠲᠣᠭᠤᠷᠢᠨ ᠤ ᠶᠡᠷᠦᠩᠬᠡᠶᠢᠯᠡᠭᠰᠡᠨ ᠴᠡᠭᠴᠡᠯᠡᠯᠲᠡ ᠬᠢᠵᠦ᠂ ᠠᠵᠤ ᠦᠢᠯᠡᠳᠪᠤᠷᠢ ᠶᠢᠨ ᠬᠦᠷᠢᠶᠡᠯᠡᠩ ᠲᠣᠭᠤᠷᠢᠭ ᠤᠨ ᠠᠭᠤᠷᠬᠠᠢ ᠶᠢᠨ ᠢᠯᠴᠢ ᠶᠢᠨ ᠵᠤᠤᠬ᠎ᠠ ᠶᠢ ᠪᠦᠬᠦᠨ ᠢ ᠰᠦᠯᠵᠢᠶᠡᠨ ᠳᠡᠭᠡᠷ᠎ᠡ ᠬᠢᠨᠠᠨ ᠡᠵᠡᠮᠳᠡᠵᠦ᠂ ᠬᠤᠲᠠ ᠪᠠᠯᠭᠠᠰᠤᠨ ᠤ ᠠᠭᠠᠷ ᠤᠨ ᠴᠢᠨᠠᠷ ᠢ ᠬᠢᠨᠠᠨ ᠬᠡᠮᠵᠢᠬᠦ ᠥᠷᠲᠡᠭᠡ ᠪᠠᠶᠢᠭᠤᠯᠵᠤ᠂ ᠨᠡᠶᠢᠲᠡ 10 ᠠᠭᠤᠷ ᠤᠨ ᠲᠣᠨ ᠠᠴᠠ ᠳᠣᠷᠣᠭᠰᠢᠬᠢ ᠭᠦᠸᠧᠯᠦ 33 ᠶᠢ ᠰᠢᠭᠰᠢᠵᠦ᠂ ᠪᠦᠬᠦ ᠰᠢᠶᠠᠨ ᠤ ᠢᠯᠴᠢ ᠬᠠᠩᠭᠠᠬᠤ 4 ᠺᠣᠮᠫᠠᠨᠢ ᠶᠢ ᠪᠦᠬᠦᠨ ᠢ ᠬᠦᠬᠦᠷ ᠦᠭᠡᠢᠳᠡᠭᠦᠯᠬᠦ ᠲᠥᠬᠦᠭᠡᠷᠦᠮᠵᠢ ᠲᠠᠢ ᠪᠣᠯᠭᠠᠵᠤ᠂ ᠭᠠᠳᠠᠭᠰᠢᠯᠠᠭᠤᠯᠬᠤ ᠪᠠᠷᠢᠮᠵᠢᠶ᠎ᠠ ᠳᠤ ᠬᠦᠷᠭᠡᠬᠦ ᠶᠢ ᠪᠡᠶᠡᠯᠡᠭᠦᠯᠪᠡ᠃ ᠠᠵᠤ ᠠᠬᠤᠢ ᠶᠢᠨ ᠣᠢ + ᠤᠢ ᠶᠢᠨ ᠬᠤᠷᠮᠣᠶ ᠶᠢᠨ ᠠᠵᠤ ᠠᠬᠤᠶ ᠠᠮᠢ ᠠᠬᠤᠢ ᠶᠢᠨ ᠠᠵᠤ ᠦᠢᠯᠡᠰ ᠤᠨ ᠬᠤᠤᠰ ᠬᠥᠳᠡᠯᠭᠡᠭᠦᠷ ᠤᠨ ᠬᠥᠭᠵᠢᠯᠲᠡ ᠶᠢ ᠶᠡᠬᠡᠪᠡᠷ ᠠᠬᠢᠭᠤᠯᠵᠤ᠂ ᠠᠵᠤ ᠠᠬᠤᠢ ᠶᠢᠨ ᠤᠢ ᠶᠢᠨ ᠠᠵᠤ  ᠦᠢᠯᠡᠰ ᠢ 5600 ᠮᠤ᠋ ᠬᠦᠭᠵᠢᠭᠦᠯᠪᠡ᠃                                                      ᠣᠷᠴᠢᠭᠤᠯᠤᠭᠴᠢ᠄ ᠭᠡᠷᠡᠯ  
 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠲᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2