ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠪᠢᠩ ᠰᠣᠶᠣᠯ ᠵᠤᠭᠠᠴᠠᠯ ᠤᠨ ᠲᠥᠷᠥᠯ ᠵᠦᠢᠯ ᠤᠨ ᠲᠥᠯᠥᠪᠵᠢᠭᠦᠯᠭᠡ ᠶᠢᠨ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2019-11-29
   11 ᠰᠠᠷ᠎ᠠ ᠶᠢᠨ 28 ᠤ ᠡᠳᠦᠷ᠂ ᠸᠠᠩ ᠪᠢᠩ ᠰᠣᠶᠣᠯ ᠵᠢᠭᠤᠯᠴᠢᠯᠠᠯ ᠤᠨ ᠵᠦᠢᠯᠡᠰ ᠤᠨ ᠲᠥᠯᠥᠪᠵᠢᠭᠦᠯᠭᠡ ᠶᠢᠨ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠵᠤ᠂ ᠬᠤᠷᠠᠯ ᠠᠴᠠ ᠰᠣᠶᠣᠯ ᠵᠢᠭᠤᠯᠴᠢᠯᠠᠯ ᠤᠨ ᠵᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢᠨ ᠪᠠᠶᠢᠳᠠᠯ ᠢ ᠶᠠᠷᠢᠯᠴᠠᠪᠠ᠃ ᠬᠤᠷᠠᠯ ᠳᠡᠭᠡᠷ᠎ᠡ᠂ ᠪᠡᠭᠡᠵᠢᠩ ᠤᠨ ᠯᠢᠩ ᠢᠦᠢ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠯᠢᠦ ᠢᠦᠶ  ᠮᠠᠨ ᠤ ᠰᠢᠶᠠᠨ ᠤ ᠵᠢᠭᠤᠯᠴᠢᠯᠠᠯ ᠤᠨ ᠨᠡᠷᠡᠲᠦ ᠲᠡᠮᠳᠡᠭ ᠤᠨ ᠪᠠᠶᠢᠷᠢ ᠲᠣᠭᠲᠠᠭᠠᠯᠲᠠ ᠪᠠ ᠤᠯᠠᠮᠵᠢᠯᠠᠨ ᠲᠠᠷᠬᠠᠭᠠᠬᠤ ᠪᠠᠶᠢᠯᠳᠤᠬᠤ ᠪᠣᠳᠣᠯᠭ᠎ᠠ ᠶᠢᠨ ᠲᠥᠯᠥᠪᠯᠡᠭᠡ᠂ ᠰᠣᠶᠣᠯ ᠤᠨ ᠬᠦᠷᠢᠶᠡᠯᠡᠩ ᠤᠨ ᠪᠠᠷᠢᠯᠭ᠎ᠠ ᠶᠢᠨ  ᠲᠥᠰᠦᠪᠯᠡᠯ᠂ ᠰᠢᠶᠠᠨ ᠤ ᠰᠣᠶᠣᠯ ᠤᠨ ᠬᠦᠷᠢᠶᠡᠯᠡᠩ ᠤᠨ ᠵᠢᠷᠤᠭ ᠲᠥᠯᠥᠪᠯᠡᠭᠡ᠂ ᠬᠠᠭᠤᠴᠢᠨ ᠵᠡᠭᠡᠯᠢ ᠲᠣᠭᠤᠷᠢᠭ ᠢ ᠥᠭᠡᠷᠡᠴᠢᠯᠡᠬᠦ ᠰᠡᠳᠬᠢᠴᠡ ᠵᠢᠴᠢ ᠵᠢᠷᠤᠭ ᠲᠥᠯᠥᠪᠯᠡᠭᠡ ᠵᠡᠷᠭᠡ ᠨᠠᠢᠮᠠᠨ ᠲᠠᠯ᠎ᠠ ᠶᠢᠨ ᠲᠣᠭᠤᠷᠢᠨ ᠳᠤ᠂ ᠮᠠᠨ ᠤ ᠰᠢᠶᠠᠨ ᠤ ᠰᠣᠶᠣᠯ ᠵᠢᠭᠤᠯᠴᠢᠯᠠᠯ ᠤᠨ ᠬᠥᠭᠵᠢᠯᠲᠡ ᠶᠢᠨ ᠤᠬᠠᠭᠳᠠᠬᠤᠨ ᠵᠢᠴᠢ ᠰᠣᠶᠣᠯ ᠵᠢᠭᠤᠯᠴᠢᠯᠠᠯ ᠤᠨ ᠲᠥᠬᠦᠭᠡᠷᠦᠮᠵᠢ ᠶᠢᠨ ᠲᠦᠯᠦᠪᠵᠢᠭᠦᠯᠭᠡ ᠵᠢᠷᠤᠭ ᠲᠥᠯᠥᠪᠯᠡᠭᠡ ᠶᠢᠨ ᠲᠥᠰᠦᠯ ᠤᠨ ᠲᠤᠬᠠᠢ ᠬᠠᠷᠢᠭᠤ ᠮᠡᠳᠡᠭᠦᠯᠦᠯᠲᠡ ᠬᠢᠪᠡ᠃    ᠬᠤᠷᠠᠯ ᠳᠤ ᠣᠷᠣᠯᠴᠠᠭᠰᠠᠨ ᠡᠯ᠎ᠡ ᠬᠠᠮᠢᠶ᠎ᠠ ᠪᠦᠬᠦᠢ ᠬᠠᠷᠢᠭᠤᠴᠠᠯᠭᠠᠲᠠᠨ ᠲᠣᠰ ᠲᠣᠰ ᠥᠪᠡᠷ ᠥᠪᠡᠷ ᠤᠨ ᠠᠵᠢᠯ  ᠤᠨ ᠡᠭᠦᠷᠭᠡ ᠬᠠᠷᠢᠭᠤᠴᠠᠯᠭ᠎ᠠ ᠲᠠᠢ ᠪᠠᠨ ᠤᠶᠠᠯᠳᠤᠭᠤᠯᠤᠨ ᠡᠯ᠎ᠡ ᠵᠢᠷᠤᠭ ᠲᠥᠯᠥᠪᠯᠡᠭᠡ ᠶᠢᠨ ᠲᠥᠰᠦᠯ ᠢ ᠶᠠᠷᠢᠯᠴᠠᠭᠰᠠᠨ ᠪᠥᠭᠡᠳ ᠪᠣᠳᠠᠲᠠᠶ ᠰᠠᠨᠠᠯ ᠰᠠᠨᠠᠭᠤᠯᠭ᠎ᠠ ᠳᠤᠷᠠᠳᠴᠠᠶ᠃    ᠵᠢᠷᠤᠭ ᠲᠥᠯᠥᠪᠯᠡᠭᠡᠨ ᠤ ᠺᠣᠮᠫᠠᠨᠢ ᠶᠢᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ᠂ ᠸᠠᠩ ᠪᠢᠩ᠂ ᠲᠠᠪᠤᠨ ᠰᠠᠷ᠎ᠠ ᠶᠢᠨ ᠲᠤᠷᠰᠢ᠂ ᠵᠢᠷᠤᠭ ᠲᠥᠯᠥᠪᠯᠡᠭᠡᠨ ᠤ ᠺᠣᠮᠫᠠᠨᠢ ᠣᠯᠠᠨ ᠲᠠᠯ᠎ᠠ ᠶᠢᠨ  ᠪᠠᠶᠢᠴᠠᠭᠠᠨ ᠰᠤᠳᠤᠯᠤᠯᠲᠠ ᠬᠢᠵᠦ᠂ ᠰᠠᠨᠠᠯ ᠬᠤᠷᠢᠶᠠᠵᠤ᠂ ᠮᠠᠨ ᠤ ᠰᠢᠶᠠᠨ ᠤ ᠰᠣᠶᠣᠯ ᠵᠤᠭᠠᠴᠠᠯ ᠤᠨ ᠬᠥᠭᠵᠢᠯᠲᠡ ᠶᠢᠨ ᠲᠥᠰᠦᠯ ᠢ ᠤᠯᠠᠮ ᠴᠢᠨᠠᠭᠰᠢᠳᠠ ᠨᠠᠷᠢᠯᠢᠭᠵᠢᠭᠤᠯᠵᠤ᠂ ᠰᠡᠳᠬᠢᠴᠡ ᠨᠢ ᠨᠠᠩ ᠲᠣᠳᠣᠷᠬᠠᠶ ᠪᠣᠯᠵᠤ᠂ ᠪᠢᠳᠡᠨ ᠳᠤ ᠰᠣᠶᠣᠯ ᠵᠤᠭᠠᠴᠠᠯ ᠤᠨ ᠬᠤᠲᠠ ᠪᠠᠯᠭᠠᠰᠤᠨ ᠤ ᠬᠥᠭᠵᠢᠯᠲᠡ ᠶᠢᠨ ᠴᠢᠭᠯᠡᠯ ᠢ ᠲᠣᠳᠣᠷᠬᠠᠶ ᠵᠢᠭᠠᠵᠤ ᠥᠭᠴᠡᠶ᠃    ᠸᠠᠩ ᠪᠢᠩ ᠴᠢᠬᠤᠯᠠᠴᠢᠯᠠᠭᠰᠠᠨ ᠨᠢ᠂ ᠡᠯ᠎ᠡ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠵᠢᠷᠤᠭ ᠲᠥᠯᠥᠪᠯᠡᠭᠡ ᠶᠢᠨ ᠨᠢᠭᠡᠴᠡ ᠯᠦᠭᠡ ᠶᠢᠨ ᠨᠡᠪᠲᠡᠷᠡᠯᠴᠡᠭᠡ ᠪᠠ ᠵᠣᠯᠭᠠᠯᠴᠠᠭ᠎ᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠲᠥᠯᠥᠪᠵᠢᠭᠦᠯᠭᠡ ᠶᠢᠨ ᠲᠥᠷᠥᠯ ᠵᠦᠢᠯ ᠢ ᠤᠯᠠᠮ ᠨᠢᠭᠡ ᠠᠯᠬᠤᠮ ᠡᠮᠬᠢᠯᠡᠨ ᠲᠢᠭᠯᠡᠵᠦ᠂ ᠲᠥᠷᠥᠯ ᠵᠦᠢᠯ ᠲᠣᠭᠲᠠᠭᠠᠬᠤ ᠠᠬᠢᠴᠠ ᠪᠠᠨ ᠲᠦᠷᠭᠡᠳᠬᠡᠬᠦ ᠬᠡᠷᠡᠭᠲᠡᠶ︔ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠲᠥᠷᠥᠯ ᠵᠦᠢᠯ ᠤᠨ ᠪᠠᠯᠠ ᠮᠥᠩᠭᠦ ᠶᠢ ᠢᠳᠡᠪᠬᠢᠲᠡᠶ ᠪᠠᠷ ᠴᠢᠷᠮᠠᠶᠢᠨ ᠣᠯᠵᠤ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ᠂ ᠲᠥᠷᠥᠯ ᠵᠦᠢᠯ ᠢ  ᠨᠠᠶᠢᠳᠠᠪᠤᠷᠢᠵᠢᠭᠤᠯᠬᠤ ᠶᠢ ᠲᠦᠷᠭᠡᠳᠬᠡᠬᠦ ᠬᠡᠷᠡᠭᠲᠡᠶ ᠭᠡᠵᠡᠢ᠃    ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠢᠶᠠᠨ ᠤ ᠳᠡᠳ᠋ ᠳᠠᠷᠤᠭ᠎ᠠ ᠵᠤᠤ ᠯᠦᠩ ᠹᠸᠢ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠢᠶᠠᠨ ᠤ ᠳᠡᠳ᠋ ᠳᠠᠷᠤᠭ᠎ᠠ ᠶᠢᠩ ᠲᠢᠩ ᠶᠦᠩ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠯᠢ ᠼᠦᠢ ᠯᠢᠩ ᠵᠢᠴᠢ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠶᠠᠷᠢᠯᠴᠠᠬᠤ ᠬᠤᠷᠠᠯ ᠳᠤ ᠣᠷᠣᠯᠴᠠᠪᠠ᠃                                                            ᠣᠷᠴᠢᠭᠤᠯᠤᠭᠴᠢ᠄ ᠭᠡᠷᠡᠯ
 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠲᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2