ᠶᠠᠳᠠᠭᠤ ᠬᠦᠴᠢᠷᠳᠡᠯᠲᠡᠶ ᠡᠷᠦᠬᠡ ᠶᠢᠨ ︽ᠡᠪᠡᠳᠴᠢᠨ ᠠᠴᠠ ᠪᠣᠯᠵᠤ ᠶᠠᠳᠠᠭᠤᠷᠠᠬᠤ᠂ ᠡᠪᠡᠳᠴᠢᠨ ᠠᠴᠠ ᠪᠣᠯᠵᠤ | ᠳᠠᠬᠢᠨ ᠶᠠᠳᠠᠭᠤᠷᠠᠬᠤ︾ ᠦᠵᠡᠭᠳᠡᠯ ᠢ ᠪᠠᠭᠠᠰᠬᠠᠬᠤ ᠪᠠ ᠬᠤᠷᠢᠭᠯᠠᠬᠤ ᠶᠢᠨ ᠲᠥᠯᠥᠭᠡ᠂ ᠦᠢᠷ᠎ᠡ ᠶᠢᠨ ᠵᠢᠯ ᠤᠨ | ᠲᠤᠷᠰᠢ᠂ ᠬᠤᠸᠠᠳᠧ ᠰᠢᠶᠠᠨ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ ᠬᠠᠮᠢᠶ᠎ᠠ ᠪᠦᠬᠦᠢ ᠲᠥᠷᠦ ᠶᠢᠨ | ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠ ᠡᠬᠢ | ᠪᠠᠶᠠᠯᠢᠭ ᠢ ᠨᠡᠶᠢᠳᠬᠡᠬᠦ ᠶᠢ ᠴᠢᠨᠠᠭᠰᠢᠳᠠ ᠴᠢᠩᠭᠠᠳᠬᠠᠵᠤ᠂ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ ᠡᠯ᠎ᠡ | ᠵᠦᠢᠯ ᠤᠨ ᠠᠵᠢᠯ ᠢ ᠪᠦᠬᠦ ᠬᠦᠴᠦᠨ ᠢᠶᠠᠷ ᠢᠶᠠᠨ ᠲᠡᠭᠦᠯᠲᠡᠷᠵᠢᠬᠦᠯᠵᠦ᠂ ᠶᠠᠳᠠᠭᠤ ᠬᠦᠴᠢᠷᠳᠡᠯᠲᠡᠶ ᠣᠯᠠᠨ ᠲᠦᠮᠡᠨ ᠳᠤ | ᠡᠷᠡᠭᠦᠯ ᠡᠩᠬᠡ ᠶᠢᠨ ᠬᠠᠯᠬᠠᠪᠴᠢ ᠬᠠᠩᠭᠠᠪᠠ᠃ | ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠡᠮᠨᠡᠯᠭᠡ ᠳᠤ ᠰᠠᠭᠤᠵᠤ ᠡᠪᠡᠳᠴᠢᠨ ᠦᠵᠡᠭᠦᠯᠬᠦ ᠶᠢᠨ | ᠪᠠᠲᠤᠯᠠᠪᠤᠷᠢ ᠶᠢᠨ ᠰᠦᠯᠵᠢᠶ᠎ᠡ ᠶᠢ ᠪᠠᠲᠤᠳᠬᠠᠨ ᠪᠠᠶᠢᠭᠤᠯᠪᠠ᠃ ᠦᠨᠳᠦᠰᠦᠨ ᠡᠮ ᠡᠮᠨᠡᠯᠭᠡ ᠶᠢᠨ ᠳᠠᠭᠠᠳᠬᠠᠯ᠂ ᠬᠦᠨᠳᠦ | ᠡᠪᠡᠳᠴᠢᠨ ᠤ ᠳᠠᠭᠠᠳᠬᠠᠯ᠂ ᠠᠷᠠᠳ ᠤᠨ ᠶᠠᠪᠤᠳᠠᠯ ᠤᠨ ᠬᠦᠨᠳᠦ ᠡᠪᠡᠳᠴᠢᠨ ᠤ ᠲᠡᠳᠭᠦᠯᠭᠡ᠂ ᠬᠦᠨᠳᠦ ᠡᠪᠡᠳᠴᠢᠨ ᠤ | ᠬᠤᠳᠠᠯᠳᠤᠭᠠᠨ ᠤ ᠨᠥᠬᠦᠪᠥᠷᠢ ᠳᠠᠭᠠᠳᠬᠠᠯ᠂ ᠬᠦᠨᠳᠦ ᠤᠳᠠᠭᠠᠨ ᠴᠢᠨᠠᠷᠲᠠᠢ ᠡᠪᠡᠳᠴᠢᠨ ᠤ ᠰᠠᠭᠤᠷᠢ ᠮᠥᠩᠭᠦ ᠶᠢᠨ | ᠲᠠᠪᠤᠨ ᠪᠠᠲᠤᠯᠠᠭ᠎ᠠ ᠶᠢᠨ ᠳᠦᠷᠢᠮ ᠢ ᠪᠠᠶᠢᠭᠤᠯᠪᠠ᠃ ᠳᠠᠩᠰᠠᠯᠠᠨ ᠺᠠᠷᠳ᠋ᠯᠠᠭᠰᠠᠨ ᠶᠠᠳᠠᠭᠤ ᠬᠦᠴᠢᠷᠳᠡᠯᠲᠡᠢ ᠬᠥᠮᠦᠨ ᠠᠮᠠ | ᠪᠦᠷᠢ ᠳᠤ 110 ᠲᠥᠭᠦᠷᠢᠭ ᠤᠨ ᠦᠨᠳᠤᠰᠤᠨ ᠡᠮ ᠡᠮᠨᠡᠯᠭᠡ ᠶᠢᠨ ᠳᠠᠭᠠᠳᠬᠠᠯ ᠤᠨ ᠰᠦᠢᠳᠭᠡᠯ ︵18 ᠪᠦᠬᠦᠯᠢ | ᠨᠠᠰᠤᠨ ᠠᠴᠠ ᠳᠣᠷᠣᠭᠰᠢᠬᠢ ᠬᠥᠮᠦᠰ ᠲᠤ 100 ᠲᠥᠭᠦᠷᠢᠭ︶᠂ 105 ᠲᠥᠭᠦᠷᠢᠭ ᠤᠨ ᠬᠤᠳᠠᠯᠳᠤᠭᠠᠨ ᠤ | ᠳᠠᠭᠠᠳᠬᠠᠯ ᠤᠨ ᠰᠦᠢᠳᠭᠡᠯ᠂ 50 ᠲᠥᠭᠦᠷᠢᠭ ᠤᠨ ᠬᠤᠳᠠᠯᠳᠤᠭᠠᠨ ᠤ ᠬᠦᠨᠳᠦ ᠡᠪᠡᠳᠴᠢᠨ ᠤ ᠳᠠᠭᠠᠳᠬᠠᠯ ᠤᠨ | ᠰᠦᠢᠳᠭᠡᠯ ᠤᠨ ᠨᠦᠬᠦᠪᠦᠷᠢ ᠵᠡᠷᠭᠡ ᠶᠢ ᠤᠯᠭᠤᠵᠤ᠂ ᠵᠠᠰᠠᠭ ᠤᠨ ᠣᠷᠳᠣᠨ ᠤ ᠪᠠᠲᠤᠯᠠᠭ᠎ᠠ ᠶᠢᠨ ᠰᠠᠭᠤᠷᠢ ᠮᠥᠩᠭᠦ ᠶᠢ | ᠨᠡᠶᠢᠲᠡ 962 ᠲᠦᠮᠡᠨ ᠲᠥᠭᠦᠷᠢᠭ ᠵᠠᠷᠤᠴᠠᠭᠤᠯᠪᠠ᠃ ᠡᠭᠦᠨ ᠤ ᠬᠠᠮᠲᠤ᠂ ᠲᠡᠰ ᠬᠤᠪᠢᠶᠠᠨ ᠣᠨᠣᠰᠢᠯᠠᠨ ᠡᠮᠨᠡᠬᠦ | ᠳᠦᠷᠢᠮ ᠪᠠ ︽ᠬᠤᠶᠠᠷ ᠢ ᠳᠡᠭᠡᠭᠰᠢᠯᠡᠭᠦᠯᠬᠦ᠂ ᠬᠤᠶᠠᠷ ᠢ ᠪᠠᠭᠤᠷᠠᠭᠤᠯᠬᠤ︾ ᠲᠥᠷᠥ ᠶᠢᠨ ᠪᠣᠳᠣᠯᠭ᠎ᠠ ᠶᠢ ᠴᠢᠩᠭ᠎ᠠ | ᠨᠠᠶᠢᠳᠠᠪᠤᠷᠢᠵᠢᠭᠤᠯᠬᠤ᠂ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠡᠮᠨᠡᠯᠭᠡ ᠳᠤ ᠰᠠᠭᠤᠵᠤ ᠳᠠᠩᠰᠠ ᠠᠴᠠ ᠲᠠᠶᠢᠯᠬᠤ | ᠬᠠᠷᠢᠴᠠᠯ ᠢ 90 % ᠳᠤ ᠬᠦᠷᠭᠡᠵᠦ᠂ ᠡᠩ ᠤᠨ ᠡᠪᠡᠳᠴᠢᠨ᠂ ᠤᠳᠠᠭᠠᠨ ᠴᠢᠨᠠᠷ ᠤᠨ ᠡᠪᠡᠳᠴᠢᠨ ᠢ ᠦᠵᠡᠬᠦ | ᠭᠠᠵᠠᠷ ᠲᠠᠢ᠂ ᠦᠵᠡᠵᠦ ᠳᠠᠶᠢᠯᠬᠦ ᠭᠠᠵᠠᠷ ᠪᠠᠶᠢᠬᠤ ᠶᠢ ᠪᠡᠶᠡᠯᠡᠭᠦᠯᠵᠦ᠂ ᠬᠦᠨᠳᠦ ᠡᠪᠡᠳᠴᠢᠨ ᠳᠤ ᠨᠡᠷᠪᠡᠭᠳᠡᠪᠡᠯ | ᠦᠵᠡᠭᠦᠯᠵᠤ ᠲᠡᠶᠢᠯᠬᠦ ᠶᠢ ᠪᠠᠲᠤᠯᠠᠪᠠ᠃ ᠤᠨᠢᠨ ᠳᠡᠭᠡᠷ᠎ᠡ ᠨᠢ ᠶᠠᠳᠠᠭᠤ ᠶᠢ ᠲᠡᠳᠬᠦᠭᠰᠡᠨ ᠠᠴᠠ ᠨᠠᠰᠢ᠂ ᠡᠮ | ᠡᠮᠨᠡᠯᠭᠡ ᠶᠢᠨ ᠦᠨᠳᠦᠰᠦᠨ ᠳᠠᠭᠠᠳᠬᠠᠯ ᠤᠨ ᠳᠠᠩᠰᠠ ᠠᠴᠠ ᠲᠠᠶᠢᠯᠬᠤ ᠳᠤ 7219.4 ᠲᠦᠮᠡᠨ ᠲᠥᠭᠦᠷᠢᠭ | ᠵᠠᠷᠤᠴᠠᠭᠤᠯᠵᠤ᠂ ᠶᠠᠳᠠᠭᠤ ᠬᠦᠴᠢᠷᠳᠡᠯᠲᠡᠶ ᠬᠥᠮᠦᠨ ᠠᠮᠠ ᠶᠢ 13870 ᠬᠥᠮᠦᠨ ᠤᠳᠠᠭ᠎ᠠ ᠪᠠᠷ ᠪᠦᠷᠬᠦᠵᠦ᠂ | ᠬᠤᠳᠠᠯᠳᠤᠭᠠᠨ ᠤ ᠬᠦᠨᠳᠦ ᠡᠪᠡᠳᠴᠢᠨ ᠤ ᠳᠠᠭᠠᠳᠬᠠᠯ ᠤᠨ ᠳᠠᠩᠰᠠ ᠠᠴᠠ 1289 ᠬᠥᠮᠦᠨ ᠤᠳᠠᠭ᠎ᠠ 156.57 | ᠲᠦᠮᠡᠨ ᠲᠥᠭᠦᠷᠢᠭ ᠲᠠᠶᠢᠯᠵᠦ᠂ ᠣᠨᠴᠠ ᠶᠡᠭᠡ ᠬᠦᠨᠳᠦ ᠡᠪᠡᠳᠴᠢᠨ ᠡᠮᠭᠡᠭ ᠢ ᠠᠪᠤᠷᠠᠨ ᠵᠠᠰᠠᠬᠤ ᠳᠠᠩᠰᠠ ᠠᠴᠠ 86 | ᠬᠥᠮᠦᠨ ᠤᠳᠠᠭ᠎ᠠ 884.47 ᠲᠦᠮᠡᠨ ᠲᠥᠭᠦᠷᠢᠭ ᠲᠠᠶᠢᠯᠵᠦ᠂ ᠬᠦᠨᠳᠦ ᠡᠪᠡᠳᠴᠢᠨ ᠠᠷᠬᠠᠭ ᠡᠪᠡᠳᠴᠢᠨ ᠤ | ᠰᠠᠭᠤᠷᠢ ᠮᠥᠩᠭᠦ ᠶᠢᠨ ᠵᠠᠷᠤᠯᠭ᠎ᠠ 740.96 ᠲᠦᠮᠡᠨ ᠲᠥᠭᠦᠷᠢᠭ ᠲᠤ ᠬᠦᠷᠴᠡᠶ᠃ | ᠦᠨᠳᠦᠰᠦᠨ ᠱᠠᠲᠤᠨ ᠤ ᠦᠨᠳᠦᠰᠦᠨ ᠡᠮᠴᠢᠯᠡᠭᠡ ᠦᠢᠯᠡᠴᠢᠯᠡᠭᠡ ᠶᠢᠨ ᠪᠠᠲᠤᠯᠠᠭ᠎ᠠ ᠶᠢ ᠴᠢᠩᠭᠠᠳᠬᠠᠪᠠ᠃ ᠡᠷᠡᠭᠦᠯ | ᠬᠠᠮᠠᠭᠠᠯᠠᠯ ᠤᠨ ᠬᠤᠷᠢᠶ᠎ᠠ᠂ ᠡᠷᠡᠭᠦᠯ ᠬᠠᠮᠠᠭᠠᠯᠠᠯ ᠤᠨ ᠲᠠᠰᠤᠭ ᠤᠨ ᠪᠦᠲᠦᠭᠡᠨ ᠪᠠᠶᠢᠭᠤᠯᠤᠯᠲᠠ ᠪᠠ ᠡᠮᠨᠡᠯᠭᠡ ᠶᠢᠨ | ᠠᠵᠢᠯᠲᠠᠨ᠂ ᠡᠮ ᠤᠨ ᠵᠦᠢᠯ᠂ ᠲᠥᠬᠦᠭᠡᠷᠦᠮᠵᠢ ᠶᠢᠨ ᠲᠣᠬᠢᠷᠠᠭᠤᠯᠤᠯᠲᠠ ᠶᠢ ᠴᠢᠩᠭᠠᠳᠬᠠᠵᠤ᠂ ᠶᠠᠳᠠᠭᠤ | ᠬᠦᠴᠢᠷᠳᠡᠯᠲᠡᠢ ᠬᠥᠮᠦᠨ ᠠᠮᠠ ᠶᠢᠨ ᠦᠨᠳᠦᠰᠦᠨ ᠡᠮ ᠡᠮᠨᠡᠯᠭᠡ ᠶᠢᠨ ᠬᠡᠷᠡᠭᠴᠡᠭᠡ ᠶᠢ ᠪᠠᠲᠤᠯᠠᠬᠤ ᠴᠢᠳᠠᠪᠤᠷᠢ ᠶᠢ | ᠦᠨᠡᠨᠬᠦ ᠳᠡᠭᠡᠭᠰᠢᠯᠡᠭᠦᠯᠵᠦ᠂ ᠶᠠᠳᠠᠭᠤ ᠬᠦᠴᠢᠷᠳᠡᠯᠲᠡᠢ ᠣᠯᠠᠨ ᠲᠦᠮᠡᠨ ᠤ ᠡᠪᠡᠳᠴᠢᠨ ᠦᠵᠡᠭᠦᠯᠬᠦ ᠳᠤ ᠲᠦᠬᠦᠮ | ᠪᠤᠯᠭᠠᠪᠠ᠃ 93 ᠡᠷᠡᠭᠦᠯ ᠬᠠᠮᠠᠭᠠᠯᠠᠯ ᠤᠨ ᠳᠠᠰᠤᠭ ᠲᠤ 93 ᠲᠣᠰᠬᠤᠨ ᠤ ᠡᠮᠴᠢ ᠲᠣᠬᠢᠷᠠᠭᠤᠯᠵᠠᠢ᠃ ᠰᠢᠶᠠᠩ | ᠲᠣᠰᠬᠤᠨ ᠬᠤᠶᠠᠷ ᠱᠠᠲᠤᠨ ᠤ ᠦᠨᠳᠦᠰᠦᠨ ᠡᠮ ᠡᠮᠨᠡᠯᠭᠡ ᠶᠢᠨ ᠦᠢᠯᠡᠴᠢᠯᠡᠭᠡ ᠶᠢ ᠪᠠᠷᠢᠮᠵᠢᠶ᠎ᠠ ᠳᠤ ᠬᠦᠷᠭᠡᠬᠦ | ᠠᠵᠢᠯᠯᠠᠭ᠎ᠠ ᠶᠢ ᠭᠦᠨᠵᠡᠭᠡᠶ ᠠᠬᠢᠭᠤᠯᠵᠤ᠂ ᠬᠤᠶᠠᠷ ᠡᠷᠡᠭᠦᠯ ᠬᠠᠮᠠᠭᠠᠯᠠᠯ ᠤᠨ ᠬᠤᠷᠢᠶ᠎ᠠ ᠳᠤ ᠠᠦ᠋ᠲ᠋ᠣ᠋ ᠠᠮᠢᠳᠤ ᠪᠣᠳᠠᠰ ᠤᠨ | ᠬᠢᠮᠢ ᠶᠢᠨ ᠵᠠᠳᠠᠯᠤᠯᠲᠠ ᠶᠢᠨ ᠬᠡᠮᠵᠢᠭᠦᠷᠯᠢᠭ᠂ ᠥᠩᠭᠡᠲᠦ ᠬᠡᠲᠦ ᠳᠣᠯᠭᠢᠶᠠᠨ᠂ ᠴᠢᠰᠤ ᠰᠢᠭᠡᠰᠦᠨ ᠤ ᠵᠠᠳᠠᠯᠤᠯᠲᠠ ᠶᠢᠨ | ᠬᠡᠮᠵᠢᠭᠦᠷᠯᠢᠭ ᠢ ᠬᠤᠳᠠᠯᠳᠤᠨ ᠠᠪᠴᠤ ᠦᠭᠭᠦᠨ᠂ ᠨᠢᠭᠡ ᠡᠷᠡᠭᠦᠯ ᠬᠠᠮᠠᠭᠠᠯᠠᠯ ᠤᠨ ᠬᠤᠷᠢᠶ᠎ᠠ ᠳᠤ D R | ᠲᠣᠬᠢᠷᠠᠭᠤᠯᠵᠤ᠂ ᠪᠤᠢ ᠪᠦᠬᠦᠢ ᠡᠷᠡᠭᠦᠯ ᠬᠠᠮᠠᠭᠠᠯᠠᠯ ᠤᠨ ᠬᠤᠷᠢᠶ᠎ᠠ᠂ ᠡᠷᠡᠭᠦᠯ ᠬᠠᠮᠠᠭᠠᠯᠠᠯ ᠤᠨ ᠳᠠᠰᠤᠭ ᠲᠤ | ᠬᠦᠴᠢᠯᠲᠥ᠋ᠷᠥᠭᠴᠢ ᠶᠢᠨ ᠯᠣᠩᠬᠤ ᠵᠡᠷᠭᠡ ᠲᠥᠬᠦᠭᠡᠷᠦᠮᠵᠢ ᠲᠣᠬᠢᠷᠠᠭᠤᠯᠵᠤ ᠥᠭᠴᠡᠶ᠃ ᠡᠷᠡᠭᠦᠯ ᠬᠠᠮᠠᠭᠠᠯᠠᠯ ᠤᠨ | ᠬᠤᠷᠢᠶᠠᠨ ᠤ ᠡᠮ ᠤᠨ ᠵᠦᠢᠯ ᠢ 200 ᠵᠦᠢᠯ ᠠᠴᠠ ᠳᠡᠭᠡᠭᠰᠢ ᠲᠣᠬᠢᠷᠠᠭᠤᠯᠵᠤ᠂ ᠡᠷᠡᠭᠦᠯ ᠬᠠᠮᠠᠭᠠᠯᠠᠯ ᠤᠨ | ᠲᠠᠰᠤᠭ ᠤᠨ ᠡᠮ ᠤᠨ ᠵᠦᠢᠯ ᠢ ᠴᠥᠮ 80 ᠵᠦᠢᠯ ᠠᠴᠠ ᠳᠡᠭᠡᠭᠰᠢ ᠲᠣᠬᠢᠷᠠᠭᠤᠯᠪᠠ᠃ | ︽ᠤᠷᠢᠳᠠᠪᠠᠷ ᠣᠨᠣᠰᠢᠯᠠᠨ ᠡᠮᠨᠡᠭᠦᠯᠵᠦ ᠳᠠᠷᠠᠭ᠎ᠠ ᠨᠢ ᠵᠠᠷᠤᠳᠠᠯ ᠲᠤᠰᠢᠶᠠᠬᠤ︾ ᠪᠠ ︽ᠨᠢᠭᠡ ᠥᠷᠲᠡᠭᠡ ᠮᠠᠶ᠋ᠢᠭ︾ | ᠤᠨ ᠲᠠᠰᠤᠯᠤᠨ ᠪᠤᠳᠤᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠪᠠ᠃ ᠰᠢᠶᠠᠨ ᠤ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠣᠪᠴᠢᠶ᠎ᠠ ᠵᠢᠴᠢ ᠬᠤᠶᠠᠷ ᠰᠢᠶᠠᠨ ᠤ ᠱᠠᠲᠤᠨ ᠤ ᠡᠮᠨᠡᠯᠭᠡ ᠶᠢᠨ ᠬᠤᠷᠢᠶ᠎ᠠ ᠳᠤ ︽ᠨᠢᠭᠡ ᠥᠷᠲᠡᠭᠡ | ᠮᠠᠶ᠋ᠢᠭ︾ ᠤᠨ ᠦᠢᠯᠡᠴᠢᠯᠡᠭᠡᠨ ᠤ ᠳᠠᠩᠰᠠ ᠠᠴᠠ ᠲᠠᠶᠢᠯᠬᠤ ᠦᠢᠯᠡᠴᠢᠯᠡᠬᠡᠨ ᠤ ᠴᠣᠩᠬᠤ ᠭᠠᠷᠭᠠᠵᠤ᠂ ᠶᠠᠳᠠᠭᠤ | ᠬᠦᠴᠢᠷᠳᠡᠯᠲᠡᠶ ᠬᠥᠮᠦᠨ ᠠᠮᠠ ᠰᠢᠶᠠᠨ ᠤ ᠬᠡᠪᠴᠢᠶᠡᠨ ᠳᠠᠬᠢ ᠲᠤᠭᠳᠠᠮᠠᠯ ᠡᠮᠴᠢᠯᠡᠭᠡᠨ ᠤ ᠪᠠᠶᠢᠭᠤᠯᠤᠮᠵᠢ ᠳᠤ | ᠡᠪᠡᠳᠴᠢᠨ ᠢᠶᠠᠨ ᠦᠵᠡᠭᠦᠯᠵᠦ᠂ ︽ᠤᠷᠢᠳᠠᠪᠠᠷ ᠣᠨᠣᠰᠢᠯᠠᠨ ᠡᠮᠨᠡᠭᠦᠯᠵᠦ᠂ ᠳᠠᠷᠠᠭ᠎ᠠ ᠨᠢ ᠵᠠᠷᠤᠳᠠᠯ ᠲᠤᠰᠢᠶᠠᠬᠤ︾ | ᠲᠥᠷᠥ ᠶᠢᠨ ᠪᠣᠳᠣᠯᠭ᠎ᠠ ᠪᠠ ᠳᠡᠭ ᠳᠠᠩᠰᠠ ᠶᠢᠨ ᠳᠦᠷᠢᠮ ᠢ ᠬᠡᠷᠡᠭᠵᠢᠭᠦᠯᠵᠦ᠂ ᠡᠮᠨᠡᠯᠭᠡ ᠶᠢᠨ ᠬᠤᠷᠢᠶᠠᠨ ᠤ ︽ᠨᠢᠭᠡ | ᠥᠷᠲᠡᠭᠡ ᠮᠠᠶ᠋ᠢᠭ︾ ᠤᠨ ᠦᠢᠯᠡᠴᠢᠯᠡᠭᠡᠨ ᠤ ᠴᠣᠩᠬᠤᠨ ᠳᠤ ᠨᠢᠭᠡᠯᠡ ᠤᠳᠠᠭ᠎ᠠ ᠳᠤ ᠲᠠᠰᠤᠯᠤᠨ ᠪᠤᠳᠤᠬᠤ ᠪᠤᠯᠵᠠᠢ︔ | ᠰᠢᠶᠠᠨ ᠤ ᠬᠡᠪᠴᠢᠶᠡᠨ ᠠᠴᠠ ᠭᠠᠳᠠᠨᠠᠬᠢ ᠲᠣᠭᠲᠠᠭᠰᠠᠨ ᠴᠢᠭ᠋ ᠤᠨ ᠡᠮᠴᠢᠯᠡᠭᠡᠨ ᠤ ᠪᠠᠶᠢᠭᠤᠯᠤᠮᠵᠢ ᠳᠤ ᠡᠮᠨᠡᠭᠦᠯᠵᠦ | ᠡᠮᠨᠡᠯᠭᠡ ᠳᠤ ᠰᠠᠭᠤᠭᠰᠠᠨ ᠤ ᠳᠠᠷᠠᠭ᠎ᠠ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ︽ᠨᠢᠭᠡ | ᠥᠷᠲᠡᠭᠡ ᠮᠠᠶ᠋ᠢᠭ︾ ᠤᠨ ᠦᠢᠯᠡᠴᠢᠯᠡᠭᠡᠨ ᠤ ᠴᠣᠩᠬᠤᠪᠴᠢ ᠳᠤ ᠳᠠᠩᠰᠠ ᠠᠴᠠ ᠲᠠᠶᠢᠯᠬᠤ ᠶᠢ ᠪᠡᠶᠡᠯᠡᠭᠦᠯᠵᠦ᠂ ᠨᠢᠭᠡ | ᠯᠡ ᠤᠳᠠᠭ᠎ᠠ ᠳᠤ ᠭᠦᠢᠴᠡᠳᠬᠡᠨ ᠳᠠᠭᠤᠰᠬᠠᠬᠤ᠂ ᠨᠢᠭᠡ ᠺᠠᠷᠲ ᠢᠶᠠᠷ ᠳ᠋ᠦᠩᠨᠡᠨ ᠪᠤᠳᠤᠬᠤ ᠶᠢ ᠪᠡᠶᠡᠯᠡᠭᠦᠯᠪᠡ᠃ | ᠡᠭᠦᠨ ᠤ ᠬᠠᠮᠲᠤ ᠡᠪᠡᠳᠴᠢᠨ ᠦᠵᠡᠭᠦᠯᠬᠦ ᠶᠢ ᠲᠦᠷᠢᠮᠵᠢᠬᠦᠯᠬᠦ᠂ ᠣᠨᠣᠰᠢᠯᠠᠨ ᠡᠮᠨᠡᠬᠦ ᠠᠵᠢᠯᠯᠠᠭ᠎ᠠ ᠶᠢ ᠵᠢᠷᠤᠮᠵᠢᠭᠤᠯᠬᠤ᠂ | ᠳᠠᠩᠰᠠ ᠠᠴᠠ ᠲᠠᠶᠢᠯᠬᠤ ᠶᠠᠪᠤᠴᠠ ᠶᠢ ᠵᠢᠷᠤᠮᠵᠢᠭᠤᠯᠬᠤ ᠶᠢ ᠪᠠᠷᠢᠮᠲᠠᠯᠠᠵᠤ᠂ ᠬᠦᠨᠳᠦ ᠡᠪᠡᠳᠴᠢᠨ ᠢ ᠪᠠᠭ᠎ᠠ ᠪᠠᠷ | ᠵᠠᠰᠠᠬᠤ᠂ ᠪᠠᠭ᠎ᠠ ᠡᠪᠡᠳᠴᠢᠨ ᠢ ᠶᠡᠭᠡ ᠪᠠᠷ ᠰᠤᠪᠢᠯᠠᠬᠤ ᠶᠢ ᠰᠡᠷᠭᠡᠶᠢᠯᠡᠪᠡ᠃ ᠣᠳᠣᠬᠠᠨ ᠪᠣᠯᠲᠠᠯ᠎ᠠ᠂ ︽ᠨᠢᠭᠡ | ᠥᠷᠲᠡᠭᠡ ᠮᠠᠶ᠋ᠢᠭ︾ ᠤᠨ ᠦᠢᠯᠡᠴᠢᠯᠡᠭᠡᠨ ᠤ ᠳᠠᠩᠰᠠ ᠠᠴᠠ ᠲᠠᠶᠢᠯᠬᠤ ᠳᠤ ᠬᠤᠯᠪᠤᠭᠳᠠᠭᠰᠠᠨ ᠶᠠᠳᠠᠭᠤ ᠬᠦᠴᠢᠷᠳᠡᠯᠲᠡᠶ | ᠬᠦᠮᠦᠨ ᠠᠮᠠ ᠨᠢ 37 ᠬᠥᠮᠦᠨ ᠤᠳᠠᠭ᠎ᠠ ᠂ 4530.53 ᠲᠦᠮᠡᠨ ᠲᠥᠭᠦᠷᠢᠭ ᠲᠤ ᠬᠦᠷᠦᠭᠰᠡᠨ ᠪᠠᠶᠢᠨ᠎ᠠ᠃ | ᠭᠡᠷ ᠪᠦᠯᠢ ᠶᠢᠨ ᠡᠮᠴᠢ ᠲᠠᠢ ᠭᠡᠷ᠎ᠡ ᠲᠣᠭᠲᠠᠬᠤ ᠪᠠ ᠤᠳᠠᠭᠠᠨ ᠴᠢᠨᠠᠷᠳᠠᠢ ᠡᠪᠡᠳᠴᠢᠲᠡᠨ ᠳᠤ ᠡᠮ ᠲᠠᠩ ᠬᠦᠷᠭᠡᠬᠦ | ᠦᠢᠯᠡᠴᠢᠯᠡᠭᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠪᠠ᠃ ᠭᠡᠷ ᠪᠦᠯᠢ ᠶᠢᠨ ᠡᠮᠴᠢ ᠶᠢᠨ ᠦᠢᠯᠡᠴᠢᠯᠡᠭᠡᠨ ᠤ | ᠪᠦᠯᠬᠦᠮ ᠢ 101 ᠵᠣᠬᠢᠶᠠᠨ ᠪᠠᠶᠢᠭᠤᠯᠵᠤ᠂ 223 ᠡᠮᠴᠢ ᠨᠢ ᠶᠠᠳᠠᠭᠤ ᠬᠦᠴᠢᠷᠳᠡᠯᠲᠡᠢ ᠡᠷᠦᠬᠡ ᠯᠤᠭ᠎ᠠ ᠬᠤᠤᠰᠯᠠᠯ | ᠪᠤᠯᠵᠤ᠂ ᠭᠡᠷ ᠪᠦᠯᠢ ᠶᠢᠨ ᠡᠮᠴᠢ ᠨᠠᠷ ᠨᠢ ᠭᠡᠷ᠎ᠡ ᠪᠠᠷ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠵᠦ᠂ 14457 | ᠬᠥᠮᠦᠨ ᠲᠠᠢ ᠭᠡᠷ᠎ᠡ ᠲᠣᠭᠲᠠᠵᠤ᠂ ᠪᠠᠶᠢᠩᠭᠤ ᠰᠠᠭᠤᠭ᠎ᠠ ᠶᠠᠳᠠᠭᠤ ᠬᠦᠴᠢᠷᠳᠡᠯᠲᠡᠢ ᠬᠥᠮᠦᠨ ᠠᠮᠠ ᠶᠢ ᠪᠦᠬᠦᠨ ᠢ | ᠬᠠᠮᠤᠷᠬᠤ ᠶᠢ ᠪᠡᠶᠡᠯᠡᠭᠦᠯᠪᠡ᠃ ᠭᠡᠷ᠎ᠡ ᠲᠣᠭᠲᠠᠬᠤ ᠦᠢᠯᠡᠴᠢᠯᠡᠭᠡᠨ ᠤ ᠠᠭᠤᠯᠭ᠎ᠠ ᠪᠠᠷ ᠳᠠᠩ ᠴᠤᠯᠭᠤᠶ᠂ ᠴᠢᠭᠯᠡᠯᠳᠤ | ᠴᠢᠨᠠᠷ ᠢᠶᠠᠷ ᠠᠨᠠᠢ ᠵᠡᠷᠬᠡ ᠠᠰᠠᠭᠤᠳᠠᠯ ᠳᠤ ᠬᠠᠨᠲᠤᠭᠤᠯᠠᠨ᠂ ᠭᠡᠷ᠎ᠡ ᠲᠣᠭᠲᠠᠬᠤ ᠦᠢᠯᠡᠴᠢᠯᠡᠭᠡᠨ ᠤ ᠭᠠᠷ ᠳᠡᠪᠲᠡᠷ ᠤᠨ | ᠠᠭᠤᠯᠭ᠎ᠠ ᠪᠠᠨ ᠴᠠᠭ ᠲᠤᠬᠠᠶ ᠳᠤᠨᠢ ᠪᠠᠶᠠᠯᠢᠭᠵᠢᠭᠤᠯᠵᠤ᠂ ᠦᠢᠯᠡᠴᠢᠯᠡᠭᠡᠨ ᠤ ᠪᠠᠷᠢᠮᠵᠢᠶ᠎ᠠ ᠶᠢ ᠨᠠᠷᠢᠯᠢᠭᠵᠢᠭᠤᠯᠤᠨ᠂ | ᠦᠢᠯᠡᠴᠢᠯᠡᠭᠡᠨ ᠤ ᠠᠭᠤᠯᠭ᠎ᠠ ᠶᠢ ᠴᠢᠩᠭᠠᠷᠠᠭᠤᠯᠪᠠ᠃ 36 ᠤᠳᠠᠭᠠᠨ ᠴᠢᠨᠠᠷᠲᠠᠶ ᠡᠪᠡᠳᠴᠢᠲᠡᠨ ᠳᠤ ᠡᠮ ᠲᠠᠩ | ᠬᠦᠷᠭᠡᠬᠦ ᠦᠢᠯᠡᠴᠢᠯᠡᠭᠡ ᠥᠷᠨᠢᠭᠦᠯᠪᠡ᠃ 2017 ᠣᠨ ᠠᠴᠠ ᠨᠠᠰᠢ᠂ ᠡᠮ ᠬᠦᠷᠭᠡᠭᠰᠡᠨ ᠬᠥᠮᠦᠨ ᠤ ᠲᠤᠭ᠎ᠠ | 25871 ᠬᠥᠮᠦᠨ ᠤᠳᠠᠭ᠎ᠠ ᠳᠤ ᠬᠦᠷᠴᠦ᠂ ᠬᠦᠷᠭᠡᠭᠰᠡᠨ ᠡᠮ ᠤᠨ ᠰᠦᠢᠳᠭᠡᠯ 235.5 ᠲᠦᠮᠡᠨ ᠲᠥᠭᠦᠷᠢᠭ ᠲᠤ | ᠬᠦᠷᠦᠭᠰᠡᠨ ᠪᠥᠭᠡᠳ ᠰᠢᠶᠠᠨ ᠤ ᠲᠡᠰ ᠤᠨ ᠡᠮᠨᠡᠯᠭᠡ ᠶᠢᠨ ᠬᠤᠷᠢᠶᠠᠨ ᠤ ᠡᠮᠴᠢ ᠶᠢᠨ ᠪᠦᠯᠬᠦᠮ ᠢ ᠵᠣᠬᠢᠶᠠᠨ ᠪᠠᠶᠢᠭᠤᠯᠵᠤ | ᠂ ᠬᠥᠳᠡᠭᠡ ᠲᠣᠰᠬᠤᠨ ᠳᠤ ᠭᠦᠨᠵᠡᠭᠡᠶᠢᠷᠡᠨ ᠤᠳᠠᠭᠠᠨ ᠴᠢᠨᠠᠷᠲᠠᠶ ᠡᠪᠡᠳᠴᠢᠲᠡᠨ ᠢ 6795 ᠬᠥᠮᠦᠨ ᠤᠳᠠᠭ᠎ᠠ ᠪᠠᠷ | ᠣᠨᠣᠰᠢᠯᠠᠨ ᠵᠠᠰᠠᠪᠠ᠃ ᠡᠭᠦᠨ ᠤ ᠬᠠᠮᠲᠤ᠂ ᠬᠥᠳᠡᠭᠡ ᠲᠣᠰᠬᠤᠨ ᠤ ᠡᠮᠴᠢ ᠳᠤ ᠭᠡᠷ᠎ᠡ ᠲᠣᠭᠲᠠᠨ ᠦᠢᠯᠡᠴᠢᠯᠡᠬᠦ ᠪᠠ | ᠮᠡᠷᠭᠡᠵᠢᠯ ᠤᠨ ᠵᠢᠯᠣᠭᠤᠳᠣᠯᠭ᠎ᠠ ᠬᠢᠵᠦ᠂ ᠬᠥᠳᠡᠭᠡ ᠲᠣᠰᠬᠤᠨ ᠤ ᠡᠮᠴᠢ ᠨᠠᠷ ᠤᠨ ᠤᠳᠠᠭᠠᠨ ᠴᠢᠨᠠᠷᠲᠠᠶ | ᠡᠪᠡᠳᠴᠢᠳᠡᠨ ᠳᠤ ᠡᠮ ᠲᠠᠩ ᠬᠦᠷᠭᠡᠬᠦ ᠦᠢᠯᠡᠴᠢᠯᠡᠭᠡᠨ ᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ | ᠪᠡᠯᠡᠳᠬᠡᠭᠴᠢ᠄ ᠭᠡᠷᠡᠯ |