ᠬᠤᠸᠠᠳᠧ ᠰᠢᠶᠠᠨ ᠬᠠᠶᠢᠯᠤᠰᠢ ᠶᠢᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ | ᠬᠤᠸᠠᠳᠧ ᠰᠢᠶᠠᠨ ︽ᠶᠡᠷᠦᠩᠬᠡᠶ ᠬᠡᠮᠵᠢᠶ᠎ᠡ ᠶᠢ ᠪᠤᠵᠠᠭᠠᠶᠢᠷᠠᠭᠤᠯᠬᠤ᠂ ᠰᠢᠯᠢᠳᠡᠭ ᠢ ᠨᠢ ᠲᠤᠬᠢᠷᠠᠭᠤᠯᠤᠨ ᠬᠡᠮᠵᠢᠶ᠎ᠡ ᠶᠢ | ᠨᠡᠮᠡᠭᠳᠡᠭᠦᠯᠬᠦ᠂ ᠬᠠᠳᠠᠭᠠᠯᠠᠮᠵᠢ ᠶᠢ ᠡᠷᠭᠢᠯᠲᠡ ᠳᠤ ᠣᠷᠤᠭᠤᠯᠬᠤ᠂ ᠭᠠᠳᠠᠭᠰᠢᠯᠠᠭᠤᠯᠤᠯᠲᠠ ᠶᠢ ᠪᠠᠭᠠᠰᠬᠠᠬᠤ︾ | ᠰᠡᠳᠬᠢᠴᠡ ᠶᠣᠰᠣᠭᠠᠷ᠂ ᠦᠷᠭᠦᠯᠵᠢᠯᠡᠨ ᠠᠬᠢᠭᠤᠯᠵᠤ᠂ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠶ᠃ | ᠣᠳᠣᠬᠠᠨ ᠳᠤ ᠬᠦᠷᠢᠶᠡᠯᠡᠩ ᠲᠣᠭᠤᠷᠢᠭ ᠲᠤ ᠬᠠᠶᠢᠯᠤᠰᠢ ᠶᠢᠨ ᠠᠭᠤᠷᠬᠠᠢ ᠶᠢᠨ ᠢᠯᠴᠢ ᠶᠢᠨ ᠵᠤᠤᠬ᠎ᠠ ᠶᠢ 50 ︵ | ᠡᠭᠦᠨ ᠳᠤ ᠲᠣᠮᠣ ᠶᠡᠭᠡ ᠬᠡᠯᠪᠡᠷᠢ ᠶᠢᠨ ᠵᠤᠤᠬ᠎ᠠ 35᠂ ᠵᠢᠵᠢᠭ ᠵᠤᠤᠬ᠎ᠠ ᠪᠤᠶᠤ ᠨᠠᠷᠢᠯᠢᠭ ᠪᠣᠯᠪᠠᠰᠤᠷᠠᠭᠤᠯᠬᠤ | ᠵᠤᠤᠬ᠎ᠠ ᠶᠢ 15︶ ᠪᠠᠶᠢᠭᠤᠯᠵᠤ᠂ ᠶᠡᠷᠦᠩᠬᠡᠶ ᠳᠠᠭᠠᠭᠠᠴᠠ ᠨᠢ 107 ᠲᠦᠮᠡᠨKVA᠂ ᠦᠢᠯᠡᠳᠪᠤᠷᠢᠯᠡᠬᠦ | ᠴᠢᠳᠠᠪᠤᠷᠢ ᠨᠢ 170 ᠲᠦᠮᠡᠨ ᠲᠣᠨ︔ 6 ᠰᠠᠤᠷᠢ ᠠᠭᠤᠷᠬᠠᠢ ᠶᠢᠨ ᠬᠠᠯᠠᠭᠤᠨ ᠵᠤᠤᠬ᠎ᠠ ᠪᠠᠶᠢᠭᠤᠯᠵᠤ᠂ ᠪᠦᠬᠦᠨ ᠢ | 3.3 ᠲᠦᠮᠡᠨKVA ᠠᠴᠠ ᠳᠡᠭᠡᠭᠰᠢᠬᠢ ᠲᠣᠮᠣ ᠵᠤᠤᠬ᠎ᠠ ᠪᠣᠯᠭᠠᠵᠤ᠂ ᠰᠢᠨ᠎ᠡ ᠪᠠᠷ 23 ᠲᠦᠮᠡᠨKVA᠂ | ᠦᠢᠯᠡᠳᠪᠤᠷᠢᠯᠡᠬᠦ ᠴᠢᠳᠠᠪᠤᠷᠢ ᠶᠢ 40 ᠲᠦᠮᠡᠨ ᠲᠣᠨ ᠨᠡᠮᠡᠭᠳᠡᠭᠦᠯᠪᠡ︔ ᠵᠢᠱᠢᠯᠲᠡ ᠪᠠᠷ 2020 ᠣᠨ ᠪᠣᠯᠬᠤ ᠳᠤ᠂ | ᠬᠦᠷᠢᠶᠡᠯᠡᠩ ᠲᠣᠭᠤᠷᠢᠭ ᠤᠨ ᠴᠠᠬᠢᠯᠭᠠᠨ ᠬᠡᠷᠡᠭᠯᠡᠬᠦ ᠳᠠᠭᠠᠭᠠᠴᠠ 130 ᠲᠦᠮᠡᠨKVA ᠶᠢ ᠳᠠᠪᠠᠵᠤ᠂ | ᠦᠢᠯᠡᠳᠪᠤᠷᠢᠯᠡᠬᠦ ᠴᠢᠳᠠᠪᠤᠷᠢ 200 ᠲᠦᠮᠡᠨ ᠲᠣᠨ ᠢ ᠳᠠᠪᠠᠵᠤ᠂ ᠦᠢᠯᠡᠳᠬᠦᠨ ᠤ ᠥᠷᠲᠡᠭ 150 ᠳ᠋ᠦᠩᠰᠢᠭᠤᠷ | ᠲᠥᠭᠦᠷᠢᠭ ᠢ ᠳᠠᠪᠠᠭ᠋ᠤ ᠪᠣᠯᠤᠨ᠎ᠠ᠃ | ᠣᠷᠴᠢᠭᠤᠯᠤᠭᠴᠢ᠄ ᠭᠡᠷᠡᠯ |