ᠬᠤᠲᠠ ᠶᠢᠨ ᠨᠠᠮ ᠤᠨ ᠬᠤᠷᠢᠶᠠᠨ ᠤ ᠱᠦᠵᠢ ᠳ᠋ᠦ᠋ ᠰᠢᠤᠸᠠᠢ ᠵᠢᠶᠦ᠋ᠨ ᠬᠤᠸᠠᠳᠧ ᠰᠢᠶᠠᠨ ᠳᠤ ᠭᠦᠨᠵᠡᠭᠡᠶᠢᠷᠡᠨ ᠬᠤᠯᠤᠭᠠᠨ᠎ᠠ ᠶᠢᠨ ᠬᠢᠵᠢᠭ ᠢ ᠰᠡᠷᠭᠡᠶᠢᠯᠡᠬᠦ ᠠᠵᠢᠯ ᠢ ᠪᠠᠶᠢᠴᠠᠭᠠᠨ ᠰᠤᠳᠤᠯᠵᠤ ᠰᠢᠪᠠᠳᠠᠨ ᠵᠢᠯᠣᠭᠤᠳᠪᠠ
ᠨᠡᠶᠢᠲᠡᠯᠡᠭᠰᠡᠨ ᠴᠠᠭ᠄
2019-12-02
   11 ᠰᠠᠷ᠎ᠠ ᠶᠢᠨ 30 ᠤ ᠡᠳᠦᠷ᠂ ᠤᠯᠠᠭᠠᠨᠴᠠᠪ ᠬᠤᠲᠠ ᠶᠢᠨ ᠨᠠᠮ ᠤᠨ ᠬᠤᠷᠢᠶᠠᠨ ᠤ ᠱᠦᠵᠢ ᠳ᠋ᠦ᠋ ᠰᠢᠤᠸᠠᠢ ᠵᠢᠶᠦ᠋ᠨ ᠬᠠᠮᠢᠶ᠎ᠠ ᠪᠦᠬᠦᠢ ᠬᠤᠲᠠ ᠶᠢᠨ ᠤᠳᠤᠷᠢᠳᠤᠯᠭ᠎ᠠ ᠪᠣᠯᠤᠨ ᠬᠤᠲᠠ ᠶᠢᠨ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠢ ᠳᠠᠭᠠᠭᠤᠯᠤᠨ᠂ ᠬᠤᠸᠠᠳᠧ ᠰᠢᠶᠠᠨ ᠳᠤ ᠭᠦᠨᠵᠡᠭᠡᠶᠢᠷᠡᠨ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠴᠠᠭᠠᠨ ᠰᠤᠳᠤᠯᠵᠤ ᠱᠠᠯᠠᠪᠳᠠᠭᠤᠯᠤᠨ ᠵᠢᠯᠣᠭᠤᠳᠴᠤ᠂ ᠰᠠᠨᠠᠭᠠᠴᠢᠯᠠᠭ᠎ᠠ ᠠᠴᠠ ᠪᠠᠨ ᠠᠵᠢᠯ ᠬᠢᠵᠦ᠂ ᠣᠯᠠᠨ ᠱᠠᠲᠤ ᠬᠤᠯᠪᠣᠭᠠᠯᠠᠨ ᠬᠥᠳᠡᠯᠦᠯᠴᠡᠵᠦ᠂ ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ᠂ ᠰᠡᠷᠭᠡᠶᠢᠯᠡᠨ ᠡᠵᠡᠮᠳᠡᠬᠦ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠠᠷᠠᠳ ᠣᠯᠠᠨ ᠤ ᠠᠮᠢ ᠨᠠᠰᠤ ᠡᠷᠡᠭᠦᠯ ᠮᠡᠨᠳᠦ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃ ᠡᠨᠡ ᠪᠣᠯ 11 ᠰᠠᠷ᠎ᠠ ᠶᠢᠨ 25 ᠤ ᠡᠳᠦᠷ ᠳᠥᠷᠪᠡᠳ ᠬᠤᠰᠢᠭᠤᠨ ᠳᠤ ᠬᠦᠷᠴᠦ ᠪᠠᠶᠢᠴᠠᠭᠠᠨ ᠰᠤᠳᠤᠯᠤᠯᠲᠠ ᠬᠢᠵᠦ ᠬᠢᠨᠠᠨ ᠵᠢᠯᠣᠭᠤᠳᠤᠭᠰᠠᠨ ᠤ ᠳᠠᠷᠠᠭ᠎ᠠ᠂ ᠳ᠋ᠦ᠋ ᠰᠢᠤᠸᠠᠢ ᠵᠢᠶᠦ᠋ᠨ ᠱᠦᠵᠢ ᠬᠤᠯᠤᠭᠠᠨ᠎ᠠ ᠶᠢᠨ ᠬᠢᠵᠢᠭ ᠢ ᠰᠡᠷᠭᠡᠶᠢᠯᠡᠬᠦ  ᠠᠵᠢᠯ ᠢ ᠪᠠᠰᠠ ᠨᠢᠭᠡ ᠤᠳᠠᠭ᠎ᠠ ᠭᠦᠨᠵᠡᠭᠡᠶ ᠬᠢᠨᠠᠨ ᠵᠢᠯᠣᠭᠤᠳᠴᠤ ᠪᠠᠶᠢᠭ᠎ᠠ ᠶᠠᠪᠤᠳᠠᠯ ᠪᠣᠯᠤᠨ᠎ᠠ     ᠳ᠋ᠦ᠋ ᠰᠢᠤᠸᠠᠢ ᠵᠢᠶᠦ᠋ᠨ ᠤᠷᠢᠳ ᠬᠤᠵᠢᠳ ᠬᠤᠸᠠᠳᠧ ᠰᠢᠶᠠᠨ ᠤ ᠴᠢ ᠬᠤᠣ ᠪᠠᠯᠭᠠᠰᠤᠨ ᠤ ᠬᠤᠯᠤᠭᠠᠨ᠎ᠠ ᠶᠢᠨ ᠬᠢᠵᠢᠭ ᠢ ᠬᠢᠨᠠᠨ ᠬᠡᠮᠵᠢᠬᠦ ᠴᠡᠭ᠂ ᠵᠠᠰᠠᠮᠠᠯ ᠵᠠᠮ ᠤᠨ ᠰᠡᠷᠭᠡᠶᠢᠯᠡᠯᠲᠡ ᠬᠢᠵᠢᠭ ᠪᠠᠶᠢᠴᠠᠭᠠᠯᠲᠠ ᠶᠢᠨ ᠬᠠᠷᠠᠭᠤᠯ ᠤᠨ ᠭᠠᠵᠠᠷ ᠵᠡᠷᠭᠡ ᠭᠠᠵᠠᠷ ᠲᠤ ᠭᠦᠨᠵᠡᠭᠡᠶᠢᠷᠡᠵᠦ᠂ ᠨᠢᠭᠡᠳᠦᠭᠡᠷ ᠹᠷᠣᠨᠲ ᠤᠨ ᠬᠢᠵᠢᠭ ᠰᠡᠷᠭᠡᠶᠢᠯᠡᠬᠦ ᠠᠵᠢᠯᠲᠠᠨ ᠤ ᠠᠵᠢᠯ ᠠᠮᠢᠳᠤᠷᠠᠯ ᠤᠨ ᠪᠠᠶᠢᠳᠠᠯ ᠢ ᠯᠠᠪᠯᠠᠨ ᠠᠰᠠᠭᠤᠵᠤ᠂ ᠭᠤᠤᠯᠳᠠᠯᠭ᠎ᠠ ᠲᠠᠢ ᠭᠠᠵᠠᠷ ᠣᠷᠣᠨ ᠤ ᠬᠤᠯᠤᠭᠠᠨ᠎ᠠ ᠶᠢᠨ ᠬᠢᠵᠢᠭ ᠡᠭᠦᠰᠬᠦ ᠵᠢᠮ᠎ᠡ ᠶᠣᠰᠣ᠂ ᠲᠡᠤᠬᠡ ᠶᠢᠨ ᠤᠯᠠᠮᠵᠢᠯᠠᠯ ᠤᠨ ᠣᠨᠴᠠᠯᠢᠭ ᠪᠠ ᠲᠣᠰ ᠤᠳᠠᠭᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠵᠠᠰᠠᠭᠰᠠᠨ ᠪᠠᠶᠢᠳᠠᠯ ᠢ ᠬᠢᠨᠠᠮᠠᠭᠠᠶ ᠣᠶᠢᠯᠠᠭᠠᠵᠤ᠂ ᠡᠯ᠎ᠡ ᠱᠠᠲᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠬᠢᠵᠢᠭ ᠤᠨ ᠪᠠᠶᠢᠳᠠᠯ ᠡᠭᠦᠰᠬᠦ ᠵᠢᠮ᠎ᠡ ᠶᠣᠰᠣ ᠪᠠ ᠴᠠᠭ ᠲᠤᠬᠠᠶ ᠳᠤᠨᠢ ᠰᠡᠷᠭᠡᠶᠢᠯᠡᠨ ᠡᠵᠡᠮᠳᠡᠬᠦ ᠪᠠᠶᠢᠳᠠᠯ ᠳᠤ ᠭᠦᠨᠵᠡᠭᠡᠶᠢᠷᠡᠨ᠂ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠵᠤ᠂ ᠰᠡᠷᠭᠡᠶᠢᠯᠡᠨ ᠵᠠᠰᠠᠬᠤ ᠶᠠᠪᠤᠴᠠ ᠶᠢ ᠨᠠᠷᠢᠯᠢᠭᠵᠢᠭᠤᠯᠤᠨ᠂ ᠬᠢᠵᠢᠭ ᠪᠠᠶᠢᠴᠠᠭᠠᠵᠤ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠥᠲᠥᠯᠥᠨ ᠵᠢᠯᠣᠭᠤᠳᠬᠤ ᠪᠠ ᠤᠬᠠᠭᠤᠯᠬᠤ ᠠᠵᠢᠯ ᠢ ᠰᠠᠶᠢᠲᠤᠷ ᠬᠢᠵᠦ᠂ ᠪᠥᠬᠦ ᠨᠡᠶᠢᠭᠡᠮ ᠤᠨ ᠬᠢᠵᠢᠭ ᠡᠪᠡᠳᠴᠢᠨ ᠢ ᠰᠡᠷᠭᠡᠶᠢᠯᠡᠬᠦ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠶ ᠭᠡᠵᠦ ᠱᠠᠭᠠᠷᠳᠠᠪᠠ᠃     ᠳ᠋ᠦ᠋ ᠰᠢᠤᠸᠠᠢ ᠵᠢᠶᠦ᠋ᠨ᠂ ᠬᠢᠵᠢᠭ ᠡᠪᠡᠳᠴᠢᠨ ᠢ ᠰᠡᠷᠭᠡᠶᠢᠯᠡᠨ ᠵᠠᠰᠠᠬᠤ ᠨᠢᠭᠡᠳᠦᠭᠡᠷ ᠹᠷᠣᠨᠲ ᠤᠨ ᠠᠵᠢᠯᠲᠠᠨ ᠢ ᠬᠠᠯᠠᠮᠵᠢᠯᠠᠬᠤ ᠪᠠᠲᠤᠯᠠᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠬᠥᠮᠦᠰ ᠤᠨ ᠰᠡᠷᠭᠡᠶᠢᠯᠡᠨ ᠬᠠᠮᠠᠭᠠᠯᠠᠬᠤ ᠲᠦᠪᠰᠢᠨ ᠢ ᠳᠡᠭᠡᠭᠰᠢᠯᠡᠭᠦᠯᠵᠦ᠂ ᠠᠵᠢᠯ ᠠᠮᠢᠳᠤᠷᠠᠯ ᠤᠨ ᠨᠥᠬᠦᠴᠡᠯ ᠢ ᠪᠠᠲᠤᠯᠠᠬᠤ ᠶᠢᠨ ᠬᠠᠮᠲᠤ ᠨᠢᠭᠡᠳᠦᠭᠡᠷ ᠹᠷᠣᠨᠲ ᠤᠨ ᠬᠢᠵᠢᠭ ᠰᠡᠷᠭᠡᠶᠢᠯᠡᠬᠦ ᠠᠵᠢᠯᠲᠠᠨ ᠤ ᠠᠵᠢᠯ ᠤᠨ ᠲᠤᠷᠰᠢᠯᠭ᠎ᠠ ᠪᠠᠨ ᠨᠠᠷᠢᠨ ᠬᠢᠨᠠᠮᠠᠭᠠᠶ ᠳ᠋ᠦᠩᠨᠡᠵᠦ᠂ ᠲᠣᠰ ᠭᠠᠵᠠᠷ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠥᠨᠳᠥᠷ ᠪᠦᠲᠦᠮᠵᠢᠲᠡᠶ ᠪᠥᠭᠡᠳ ᠲᠤᠰᠠᠲᠠᠶ᠂ ᠬᠠᠨᠳᠤᠯᠭᠠᠲᠤ ᠴᠢᠨᠠᠷ ᠢᠶᠠᠷ ᠴᠢᠩᠭ᠎ᠠ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠲᠣᠭᠲᠠᠴᠠ ᠶᠢ ᠰᠦᠪᠡᠭᠴᠢᠯᠡᠨ ᠭᠠᠷᠭᠠᠵᠤ᠂ ︽ᠰᠡᠷᠭᠡᠶᠢᠯᠡᠯᠲᠡ ᠶᠢᠨ ᠬᠡᠷᠡᠮ︾ ᠢ ᠦᠨᠡᠨᠬᠦ ᠰᠠᠶᠢᠲᠤᠷ ᠰᠠᠬᠢᠵᠤ᠂ ᠬᠢᠵᠢᠭ ᠡᠪᠡᠳᠴᠢᠨ ᠳᠡᠯᠭᠡᠷᠡᠬᠦ ᠶᠢ ᠰᠡᠷᠭᠡᠶᠢᠯᠡᠨ᠂ ᠬᠢᠵᠢᠭ ᠡᠪᠡᠳᠴᠢᠨ ᠤ ᠳᠠᠯᠳᠠ ᠬᠡᠮ ᠢ ᠠᠷᠢᠯᠭᠠᠵᠤ᠂ ᠡᠨᠡ ᠬᠦ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠳᠠᠶᠢᠯᠠᠯᠳᠤᠭᠠᠨ ᠤ ᠢᠯᠠᠯᠲᠠ ᠶᠢ ᠣᠯᠬᠤ ᠳᠤ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠶᠢ ᠵᠣᠷᠢᠭᠵᠢᠭᠤᠯᠤᠨ᠎ᠠ ᠭᠡᠵᠦ ᠢᠯᠡᠳᠬᠡᠪᠡ᠃                                                         ᠣᠷᠴᠢᠭᠤᠯᠤᠭᠴᠢ᠄ ᠭᠡᠷᠡᠯ
 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠲᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2