| | | | | | | 12 ᠰᠠᠷ᠎ᠠ ᠶᠢᠨ 25 ᠤ ᠣᠷᠤᠢ᠂ ᠬᠤᠲᠠ ᠶᠢᠨ ᠵᠠᠰᠠᠭ ᠤᠨ ᠣᠷᠳᠣᠨ ᠤ ᠳᠡᠳ᠋ ᠬᠤᠲᠠ ᠶᠢᠨ ᠳᠠᠷᠤᠭ᠎ᠠ ᠯᠸᠢ ᠷᠤ᠋ ᠰᠢᠨ | ᠬᠤᠲᠠ ᠶᠢᠨ ᠨᠠᠮ ᠤᠨ ᠬᠤᠷᠢᠶᠠᠨ ᠤ ᠱᠦᠵᠢ ᠳ᠋ᠦ᠋ ᠰᠢᠤᠸᠠᠢ ᠵᠢᠶᠦ᠋ᠨ ᠤ ᠨᠠᠶᠢᠳᠠᠯᠭ᠎ᠠ ᠪᠠᠷ᠂ ᠲᠡᠷᠡ ᠣᠷᠤᠢ ᠳᠠᠭᠠᠨ ᠬᠤᠸᠠᠳᠧ | ᠰᠢᠶᠠᠨ ᠳᠤ ᠬᠦᠷᠴᠦ ᠬᠤᠸᠠᠳᠧ ᠶᠢᠨ ᠰᠢᠩ ᠳ᠋ᠧ ᠢᠯᠴᠢ ᠬᠠᠩᠭᠠᠬᠤ ᠺᠣᠮᠫᠠᠨᠢ ᠶᠢᠨ ᠬᠠᠭᠤᠴᠢᠨ ᠲᠣᠭᠤᠷᠢᠭ ᠤᠨ ᠢᠯᠴᠢ | ᠬᠠᠩᠭᠠᠬᠤ ᠦᠢᠯᠡᠳᠪᠤᠷᠢ ᠶᠢᠨ ᠳᠤᠯᠠᠭᠠᠯᠠᠭ᠎ᠠ ᠶᠢᠨ ᠠᠰᠠᠭᠤᠳᠠᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠴᠤ᠂ | ᠣᠷᠣᠢ ᠶᠢᠨ 10 ᠴᠠᠭ 20 ᠮᠢᠨᠦ᠋ᠲ ᠲᠤ ᠶᠠᠷᠢᠯᠴᠠᠬᠤ ᠬᠤᠷᠠᠯ ᠬᠢᠵᠦ᠂ ᠬᠤᠸᠠᠳᠧ ᠶᠢᠨ ᠰᠢᠩ ᠳ᠋ᠧ ᠢᠯᠴᠢ ᠬᠠᠩᠭᠠᠬᠤ | ᠺᠣᠮᠫᠠᠨᠢ ᠶᠢᠨ ᠲᠤᠬᠠᠶ ᠶᠢᠨ ᠲᠠᠯᠠᠪᠠᠢ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ ᠵᠢᠭᠠᠨ ᠵᠢᠯᠣᠭᠤᠳᠪᠠ᠃ | | 26 ᠤ ᠦᠳᠡ ᠡᠮᠦᠨ᠎ᠡ᠂ ᠬᠤᠸᠠᠳᠧ ᠰᠢᠶᠠᠨ ᠤ ᠬᠠᠭᠤᠴᠢᠨ ᠲᠣᠭᠤᠷᠢᠭ ᠤᠨ ᠳᠤᠯᠠᠭᠠᠯᠠᠭ᠎ᠠ ᠵᠣᠭᠰᠤᠭᠰᠠᠨ ᠬᠡᠰᠡᠭ | ᠰᠠᠭᠤᠭᠠᠯᠢ ᠠᠷᠠᠳ ᠤᠨ ᠲᠣᠭᠤᠷᠢᠭ᠂ ᠡᠮᠨᠡᠯᠭᠡ ᠶᠢᠨ ᠬᠤᠷᠢᠶ᠎ᠠ᠂ ᠰᠤᠷᠭᠠᠭᠤᠯᠢ᠂ ᠬᠡᠤᠬᠡᠳ ᠤᠨ ᠴᠡᠴᠡᠷᠯᠢᠭ᠂ ᠳᠡᠯᠭᠡᠭᠦᠷ | ᠵᠡᠷᠭᠡ ᠳᠤ ᠬᠦᠷᠴᠦ ᠳᠤᠯᠠᠭᠠᠯᠠᠭ᠎ᠠ ᠵᠣᠭᠰᠣᠭᠰᠠᠨ ᠪᠠᠶᠢᠳᠠᠯ ᠪᠣᠯᠤᠨ ᠣᠯᠠᠨ ᠲᠦᠮᠡᠨ ᠤ ᠰᠠᠨᠠᠯ ᠢ ᠣᠶᠢᠯᠠᠭᠠᠪᠠ᠃ ᠰᠢᠶᠠᠨ ᠤ | ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠼᠦᠢ ᠢᠦᠶ ᠯᠠᠶ ᠨᠥᠬᠦᠷ᠂ ᠰᠢᠶᠠᠨ ᠤ ᠨᠠᠮ ᠤᠨ | ᠬᠤᠷᠢᠶᠠᠨ ᠤ ᠳᠡᠳ᠋ ᠱᠦᠵᠢ᠂ ᠤᠯᠤᠰ ᠲᠦᠷᠦ ᠬᠠᠦᠯᠢ ᠴᠠᠭᠠᠵᠠ ᠶᠢᠨ ᠵᠦᠪᠯᠡᠯ ᠤᠨ ᠱᠦᠵᠢ ᠪᠠᠶ ᠵᠢᠶᠦ᠋ᠨ ᠸᠧᠶ ᠨᠥᠬᠦᠷ᠂ | ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠢᠶᠠᠨ ᠤ ᠳᠡᠳ᠋ ᠳᠠᠷᠤᠭ᠎ᠠ ᠵᠤᠤ ᠯᠦᠩ ᠹᠸᠢ ᠨᠥᠬᠦᠷ ᠵᠢᠴᠢ | ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠵᠡᠷᠭᠡ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠭᠰᠠᠨ ᠪᠥᠭᠡᠳ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃ | | ᠣᠷᠴᠢᠭᠤᠯᠤᠭᠴᠢ᠄ ᠭᠡᠷᠡᠯ |