ᠬᠤᠸᠠᠳᠧ ᠵᠠᠰᠠᠭ ᠠᠯᠪᠠᠨ ᠲᠠᠷᠬᠠᠭᠠᠭᠰᠠᠨ ﹇2019﹈ 62 ᠳ᠋ᠤᠭᠠᠷ ᠲᠣᠭᠠᠲᠤ | ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠰᠢᠶᠠᠨ ᠤ ᠰᠢᠭᠤᠳ ᠬᠠᠷᠢᠶ᠎ᠠ ᠡᠯ᠎ᠡ ᠬᠤᠯᠪᠣᠭᠳᠠᠯ | ᠪᠦᠬᠦᠢ ᠨᠢᠭᠡᠴᠡ ᠳᠤ᠄ | ︽ᠬᠤᠸᠠᠳᠧ ᠰᠢᠶᠠᠨ ᠤ ᠵᠡᠮᠳᠡᠭᠴᠦᠳ ᠤᠨ ᠬᠤᠯᠪᠣᠭᠠᠲᠤ ᠬᠤᠷᠠᠯ ᠤᠨ ᠥᠭᠡᠷᠡᠴᠢᠯᠡᠯᠲᠡ ᠶᠢᠨ ᠲᠥᠰᠦᠯ︾ ᠢ | ᠰᠢᠶᠠᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ | ᠶᠠᠪᠤᠭᠤᠯᠤᠯ᠎ᠠ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠬᠢᠨᠠᠮᠠᠭᠠᠶ ᠲᠤᠭᠤᠰᠢᠯᠠᠭᠤᠯᠤᠨ ᠬᠡᠷᠡᠭᠵᠢᠭᠦᠯᠲᠦᠭᠡᠶ᠃ | | ᠲᠤᠰᠠᠬᠠᠶᠢᠯᠠᠨ ᠮᠡᠳᠡᠭᠳᠡᠪᠡ | ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ | ᠭᠡᠷ | 2019 ᠤᠨ 11 ᠰᠠᠷ᠎ᠠ ᠶᠢᠨ 28 ᠤ | ᠡᠳᠦᠷ | ᠬᠤᠸᠠᠳᠧ ᠰᠢᠶᠠᠨ ᠤ ᠵᠡᠮᠳᠡᠭᠴᠦᠳ ᠤᠨ ᠬᠤᠯᠪᠣᠭᠠᠲᠤ ᠬᠤᠷᠠᠯ ᠤᠨ ᠥᠭᠡᠷᠡᠴᠢᠯᠡᠯᠲᠡ ᠶᠢᠨ ᠲᠥᠰᠦᠯ | ᠶᠡᠷᠦᠩᠬᠡᠶ ᠱᠦᠵᠢ ᠰᠢ ᠶᠢᠨ ᠫᠢᠩ ᠤᠨ ᠲᠥᠪ ᠤᠨ ᠨᠠᠮ ᠤᠨ ᠣᠯᠠᠨ ᠲᠦᠮᠡᠨ ᠤ ᠪᠦᠯᠬᠦᠮ ᠤᠨ ᠠᠵᠢᠯ ᠤᠨ | ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢᠨ ᠲᠤᠰᠠᠳᠠ | ᠂ ︽ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠤᠯᠠᠭᠠᠨᠴᠠᠪ ᠬᠤᠲᠠ ᠶᠢᠨ | ᠵᠡᠮᠳᠡᠭᠴᠦᠳ ᠤᠨ ᠬᠤᠯᠪᠣᠭᠠᠲᠤ ᠬᠤᠷᠠᠯ ᠤᠨ ᠥᠭᠡᠷᠡᠴᠢᠯᠡᠯᠲᠡ ᠶᠢᠨ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ | ᠮᠡᠳᠡᠭᠳᠡᠯ︾ ︵ᠤᠯᠠᠭᠠᠨᠴᠠᠪ ᠵᠠᠰᠠᠭ ᠠᠯᠪᠠᠨ ᠲᠠᠷᠬᠠᠭᠠᠭᠰᠠᠨ ﹇2019﹈ 27 ᠳ᠋ᠤᠭᠠᠷ ᠲᠣᠭᠠᠲᠤ︶ ᠤᠨ | ᠱᠠᠭᠠᠷᠳᠠᠯᠭ᠎ᠠ ᠶᠣᠰᠣᠭᠠᠷ᠂ ᠮᠠᠨ ᠤ ᠰᠢᠶᠠᠨ ᠤ ᠪᠣᠳᠠᠲᠠᠶ ᠲᠠᠢ ᠪᠠᠨ ᠤᠶᠠᠯᠳᠤᠭᠤᠯᠤᠨ᠂ ᠲᠤᠰ ᠲᠥᠰᠦᠯ ᠢ | ᠲᠣᠭᠲᠠᠭᠠᠪᠠ᠃ | ᠨᠢᠭᠡ᠂ ᠶᠡᠷᠦᠩᠬᠡᠶ ᠱᠠᠭᠠᠷᠳᠠᠯᠭ᠎ᠠ | ︵ᠨᠢᠭᠡ︶ ᠵᠢᠯᠣᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ | ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠥᠬᠦᠳᠡ ᠬᠤᠷᠠᠯ ᠤᠨ ᠵᠣᠷᠢᠭ | ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ | ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ︽ᠲᠠᠪᠤ ᠶᠢ ᠨᠢᠭᠡ | ᠴᠣᠭᠴᠠᠵᠢᠭᠤᠯᠬᠤ︾ ᠶᠡᠷᠦᠩᠬᠡᠶ ᠪᠠᠶᠢᠷᠢᠰᠢᠭᠤᠯᠤᠯᠲᠠ ᠶᠢ ᠨᠢᠭᠡᠳᠦᠯᠲᠡᠶ ᠳᠤ ᠲᠥᠯᠥᠪᠵᠢᠭᠦᠯᠦᠨ ᠠᠬᠢᠭᠤᠯᠬᠤ ᠪᠠ ︽ | ᠳᠥᠷᠪᠡᠨ ᠪᠦᠬᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠲᠠ ᠶᠢ ᠵᠣᠬᠢᠴᠠᠭᠤᠯᠤᠨ ᠠᠬᠢᠭᠤᠯᠵᠤ᠂ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠣᠯᠠᠨ ᠲᠦᠮᠡᠨ ᠤ ᠪᠦᠯᠬᠦᠮ ᠤᠨ ᠬᠥᠭᠵᠢᠯᠲᠡ ᠶᠢᠨ | ᠵᠠᠮ ᠢ ᠪᠠᠷᠢᠮᠲᠠᠯᠠᠨ ᠵᠡᠮᠳᠡᠭᠴᠦᠳ ᠤᠨ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢᠶᠠᠷ ᠲᠡᠮᠡᠴᠡᠬᠦ | ᠬᠠᠷᠠᠯᠲᠠ ᠪᠠᠨ ᠪᠣᠯᠭᠠᠬᠤ ᠶᠢ ᠪᠠᠷᠢᠮᠲᠠᠯᠠᠵᠤ᠂ ᠴᠢᠬᠡᠴᠢ ᠵᠠᠰᠠᠭ ᠤᠨ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ | ᠵᠣᠬᠢᠶᠠᠨ ᠪᠠᠶᠢᠭᠤᠯᠤᠯᠲᠠ ᠶᠢᠨ ᠥᠭᠡᠷᠡᠴᠢᠯᠡᠯᠲᠡ ᠪᠣᠯᠤᠨ ᠦᠢᠯᠡᠴᠢᠯᠡᠭᠡᠨ ᠤ ᠰᠢᠨ᠎ᠡ ᠶᠢ ᠡᠭᠦᠳᠬᠦ ᠶᠢ ᠬᠦᠴᠦᠯᠡᠨ | ᠠᠬᠢᠭᠤᠯᠵᠤ᠂ ᠵᠡᠮᠳᠡᠭᠴᠦᠳ ᠤᠨ ᠬᠤᠯᠪᠤᠭᠠᠨ ᠤ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ᠂ ᠲᠡᠷᠢᠭᠦᠨ ᠤ ᠴᠢᠨᠠᠷ | ᠂ ᠣᠯᠠᠨ ᠲᠦᠮᠡᠨᠴᠢ ᠴᠢᠨᠠᠷ ᠢ ᠴᠢᠨᠠᠭᠰᠢᠳᠠ ᠴᠢᠩᠭᠠᠳᠬᠠᠵᠤ᠂ ᠪᠠᠶᠢᠭᠤᠯᠭᠠᠴᠢᠯᠠᠯ᠂ ᠵᠠᠰᠠᠭᠴᠢᠯᠠᠯ᠂ ᠢᠵᠠᠭᠤᠷᠲᠠᠨᠴᠢᠯᠠᠯ | ᠂ ᠴᠡᠩᠭᠡᠨᠲᠤ ᠬᠡᠯᠪᠡᠷᠢᠯ ᠤᠨ ᠬᠠᠨᠳᠤᠰᠢ ᠶᠢ ᠴᠠᠭ ᠢᠮᠠᠭᠲᠠ ᠰᠡᠷᠡᠮᠵᠢᠯᠡᠨ ᠬᠤᠷᠢᠭᠯᠠᠬᠤ ᠬᠡᠷᠡᠭᠲᠡᠶ᠃ ᠬᠠᠤᠯᠢ ᠶᠣᠰᠣᠭᠠᠷ | ᠳᠦᠷᠢᠮ ᠶᠣᠰᠣᠭᠠᠷ ︽ᠲᠥᠯᠥᠭᠡᠯᠡᠬᠦ᠂ ᠦᠢᠯᠡᠴᠢᠯᠡᠬᠦ᠂ ᠬᠠᠮᠢᠶᠠᠷᠬᠤ︾ ᠡᠭᠦᠷᠭᠡ ᠴᠢᠳᠠᠪᠬᠢ ᠪᠠᠨ ᠭᠦᠢᠴᠡᠳᠬᠡᠵᠦ᠂ | ᠬᠦᠴᠢᠷ ᠠᠰᠠᠭᠤᠳᠠᠯ ᠢ ᠪᠦᠲᠦᠮᠵᠢᠲᠡᠶ ᠰᠢᠢᠳᠪᠤᠷᠢᠯᠡᠵᠦ᠂ ᠵᠡᠮᠳᠡᠭᠴᠦᠳ ᠤᠨ ᠦᠢᠯᠡᠰ ᠤᠨ ᠴᠢᠨᠠᠷ ᠰᠠᠶᠢᠲᠠᠶ | ᠬᠥᠭᠵᠢᠯᠲᠡ ᠶᠢᠨ ᠴᠠᠭ ᠦᠶ᠎ᠡ ᠶᠢᠨ ᠰᠡᠳᠦᠪ ᠢ ᠰᠠᠶᠢᠲᠤᠷ ᠰᠢᠢᠳᠪᠤᠷᠢᠯᠡᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ | ᠪᠡᠶᠡᠯᠡᠭᠦᠯᠬᠦ ᠰᠢᠢᠳᠪᠤᠷᠢᠲᠤ ᠢᠯᠠᠯᠲᠠ ᠶᠢ ᠣᠯᠬᠤ ᠪᠠ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠢ ᠪᠦᠲᠦᠭᠡᠨ | ᠪᠠᠶᠢᠭᠤᠯᠬᠤ᠂ ᠠᠭᠤᠤ ᠶᠡᠭᠡ ᠳᠤᠮᠳᠠᠳᠤ ᠶᠢᠨ ᠵᠡᠭᠦᠳᠦ ᠶᠢ ᠬᠠᠮᠲᠤᠪᠠᠷ ᠲᠡᠷᠭᠡᠯᠰᠢᠭᠦᠯᠬᠦ ᠶᠢᠨ ᠲᠥᠯᠥᠭᠡ ᠬᠦᠴᠦᠨ | ᠨᠡᠮᠡᠷᠢᠯᠡᠨ᠎ᠡ᠃ | ︵ᠬᠤᠶᠠᠷ︶ ᠦᠨᠳᠦᠰᠦᠨ ᠵᠠᠷᠴᠢᠮ | 1᠂ ᠤᠯᠤᠰ ᠲᠥᠷᠥ ᠶᠢᠨ ᠲᠠᠯ᠎ᠠ ᠪᠠᠷ ᠬᠥᠲᠥᠯᠥᠨ ᠳᠠᠭᠠᠭᠤᠯᠬᠤ ᠶᠢ ᠴᠢᠩᠭᠠᠳᠬᠠᠨ᠎ᠠ᠃ ᠵᠡᠮᠳᠡᠭᠴᠦᠳ ᠤᠨ | ᠬᠤᠯᠪᠤᠭᠠᠨ ᠤ ᠵᠣᠬᠢᠶᠠᠨ ᠪᠠᠶᠢᠭᠤᠯᠤᠯᠲᠠ ᠶᠢᠨ ᠦᠵᠡᠯ ᠰᠠᠨᠠᠭ᠎ᠠ ᠰᠦᠭ ᠰᠦᠨᠡᠰᠦ ᠪᠣᠯᠭᠠᠵᠤ᠂ ᠤᠯᠤᠰ ᠲᠥᠷᠦ ᠶᠢᠨ | ᠤᠬᠠᠮᠰᠠᠷ᠂ ᠭᠤᠤᠯᠯᠠᠭᠴᠢ ᠤᠬᠠᠮᠰᠠᠷ᠂ ᠨᠢᠭᠡᠳᠦᠯᠲᠡᠶ ᠪᠠᠶᠢᠬᠤ ᠤᠬᠠᠮᠰᠠᠷ ᠢᠶᠠᠨ ᠲᠠᠰᠤᠷᠠᠯᠲᠠ ᠦᠭᠡᠢ ᠴᠢᠩᠭᠠᠳᠬᠠᠵᠤ᠂ | ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶᠠᠨ ᠤ ᠡᠷᠬᠡ ᠰᠦᠷ ᠪᠣᠯᠤᠨ ᠲᠥᠪᠯᠡᠷᠡᠩᠭᠦᠶ | ᠨᠢᠭᠡᠳᠦᠯᠲᠡᠶ ᠤᠳᠤᠷᠢᠳᠤᠯᠭ᠎ᠠ ᠶᠢ ᠡᠷᠡᠰ ᠬᠠᠮᠠᠭᠠᠯᠠᠵᠤ᠂ ᠵᠡᠮᠳᠡᠭᠴᠦᠳ ᠤᠨ ᠣᠯᠠᠨ ᠲᠦᠮᠡᠨ ᠢ ᠪᠦᠯᠬᠦᠮᠳᠡᠭᠦᠯᠦᠨ | ᠳᠠᠭᠠᠭᠤᠯᠵᠤ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠵᠤ ᠶᠠᠪᠤᠨ᠎ᠠ᠃ ᠵᠡᠮᠳᠡᠭᠴᠦᠳ ᠤᠨ ᠣᠯᠠᠨ | ᠲᠦᠮᠡᠨ ᠢ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠠᠭᠤᠤ ᠶᠡᠭᠡ ᠦᠢᠯᠡᠰ ᠤᠨ | ᠲᠡᠮᠡᠴᠡᠯ ᠤᠨ ᠦᠢᠯᠡᠳᠦᠯᠭᠡ ᠳᠤᠮᠳᠠ ᠬᠠᠮᠤᠭ ᠤᠨ ᠥᠷᠭᠡᠨ ᠢᠶᠠᠷ ᠨᠢᠭᠲᠠᠷᠠᠭᠤᠯᠬᠤ ᠬᠡᠷᠡᠭᠲᠡᠶ᠃ | 2᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠦᠨ᠎ᠡ᠃ ᠲᠡᠷᠢᠭᠦᠨ ᠤ ᠴᠢᠨᠠᠷ ᠢ | ᠵᠡᠮᠳᠡᠭᠴᠦᠳ ᠤᠨ ᠬᠤᠯᠪᠤᠭᠠᠨ ᠤ ᠵᠣᠬᠢᠶᠠᠨ ᠪᠠᠶᠢᠭᠤᠯᠤᠯᠲᠠ ᠶᠢᠨ ᠥᠷᠲᠡᠭ ᠤᠨ ᠬᠥᠭᠡᠭᠡᠴᠡᠯᠳᠦᠯ ᠪᠣᠯᠭᠠᠵᠤ᠂ | ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠣᠯᠠᠨ ᠲᠦᠮᠡᠨ ᠤ ᠪᠦᠯᠬᠦᠮ ᠤᠨ ᠬᠥᠭᠵᠢᠯᠲᠡ ᠶᠢᠨ | ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠨᠠᠮ ᠪᠠ ᠤᠯᠤᠰ ᠤᠨ ᠠᠵᠢᠯ ᠤᠨ ᠶᠡᠭᠡ ᠲᠠᠯ᠎ᠠ ᠲᠠᠢ ᠨᠢᠭᠲᠠ | ᠤᠶᠠᠯᠳᠤᠭᠤᠯᠤᠨ᠂ ᠵᠡᠮᠳᠡᠭᠴᠦᠳ ᠤᠨ ᠬᠦᠴᠢᠷᠳᠡᠯ ᠢ ᠨᠢ ᠰᠢᠢᠳᠪᠤᠷᠢᠯᠡᠵᠦ᠂ ᠨᠠᠮ ᠪᠠ ᠵᠠᠰᠠᠭ ᠤᠨ ᠣᠷᠳᠣᠨ ᠤ | ᠵᠣᠪᠠᠨᠢᠯ ᠢ ᠨᠢ ᠬᠤᠪᠢᠶᠠᠯᠴᠠᠨ᠂ ᠵᠡᠮᠳᠡᠭᠴᠦᠳ ᠤᠨ ᠨᠡᠶᠢᠭᠡᠮ ᠳᠤ ᠠᠭᠤᠰᠤᠯᠴᠠᠬᠤ ᠡᠯ᠎ᠡ ᠵᠦᠢᠯ ᠤᠨ ᠬᠠᠷᠰᠢ ᠰᠠᠭᠠᠳ ᠢ | ᠠᠷᠢᠯᠭᠠᠵᠤ᠂ ᠨᠡᠶᠢᠭᠡᠮ ᠤᠨ ᠪᠣᠯᠪᠠᠰᠤᠨ ᠤ ᠳᠠᠪᠰᠢᠯᠲᠠ ᠶᠢ ᠠᠬᠢᠭᠤᠯᠤᠨ᠂ ᠥᠷᠭᠡᠨ ᠣᠯᠠᠨ ᠵᠡᠮᠳᠡᠭᠴᠦᠳ ᠤᠨ | ᠥᠭᠡᠷᠡᠴᠢᠯᠡᠯᠲᠡ ᠬᠥᠭᠵᠢᠯᠲᠡ ᠶᠢᠨ ᠳᠤᠮᠳᠠ ᠨᠠᠩ ᠰᠠᠶᠢᠲᠤᠷ ᠭᠠᠪᠢᠶ᠎ᠠ ᠪᠠᠶᠢᠭᠤᠯᠤᠨ ᠦᠢᠯᠡᠰ ᠪᠦᠲᠦᠭᠡᠬᠦ ᠶᠢ ᠲᠦᠯᠬᠢᠨ | ᠠᠬᠢᠭᠤᠯᠬᠤ ᠬᠡᠷᠡᠭᠲᠡᠶ᠃ | 3᠂ ᠣᠯᠠᠨ ᠲᠦᠮᠡᠨ ᠤ ᠳᠤᠮᠳᠠ ᠦᠨᠳᠦᠰᠦᠯᠡᠬᠦ ᠶᠢ ᠪᠠᠷᠢᠮᠲᠠᠯᠠᠨ᠎ᠠ᠃ ᠣᠯᠠᠨ ᠲᠦᠮᠡᠨᠴᠢ ᠴᠢᠨᠠᠷ ᠢ | ᠵᠡᠮᠳᠡᠭᠴᠦᠳ ᠤᠨ ᠬᠤᠯᠪᠤᠭᠠᠨ ᠤ ᠵᠣᠬᠢᠶᠠᠨ ᠪᠠᠶᠢᠭᠤᠯᠤᠯᠲᠠ ᠶᠢᠨ ᠴᠢᠬᠤᠯᠠ ᠣᠨᠴᠠᠯᠢᠭ ᠪᠣᠯᠭᠠᠵᠤ᠂ ᠠᠷᠠᠳ | ᠲᠦᠮᠡᠨ ᠢᠶᠠᠷ ᠭᠤᠤᠯ ᠪᠣᠯᠭᠠᠬᠤ ᠶᠢ ᠪᠠᠷᠢᠮᠲᠠᠯᠠᠨ᠂ ᠵᠡᠮᠳᠡᠭᠴᠦᠳ ᠯᠦᠭᠡ ᠶᠢᠨ ᠴᠢᠰᠤ ᠮᠢᠬᠠᠨ ᠤ ᠬᠠᠷᠢᠴᠠᠭ᠎ᠠ ᠪᠠᠨ | ᠪᠠᠲᠤᠯᠠᠵᠤ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠵᠡᠮᠳᠡᠭᠴᠦᠳ ᠲᠤ ᠦᠢᠯᠡᠴᠢᠯᠡᠨ᠂ ᠵᠡᠮᠳᠡᠭᠴᠦᠳ ᠤᠨ | ᠦᠢᠯᠡᠰ ᠲᠠᠬᠢ ᠵᠡᠮᠳᠡᠭᠴᠦᠳ ᠤᠨ ᠭᠤᠤᠯ ᠴᠣᠭᠴᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ | ᠵᠡᠮᠳᠡᠭᠴᠦᠳ ᠤᠨ ᠳᠤᠮᠳᠠᠬᠢ ᠳᠠᠯᠳᠠ ᠬᠦᠴᠦᠨ ᠪᠠ ᠪᠦᠲᠦᠭᠡᠯᠴᠢ ᠬᠦᠴᠦᠨ ᠢ ᠲᠠᠰᠤᠷᠠᠯᠲᠠ ᠦᠭᠡᠢ ᠬᠦᠭᠵᠢᠭᠡᠨ | ᠵᠡᠮᠳᠡᠭᠴᠦᠳ ᠤᠨ ᠢᠲᠡᠭᠡᠮᠵᠢᠲᠡᠶ᠂ ᠨᠠᠶᠢᠳᠠᠪᠤᠷᠢᠲᠠᠶ᠂ ᠰᠠᠯᠵᠤ ᠴᠢᠳᠠᠬᠤ ᠦᠭᠡᠢ᠂ ᠳᠣᠲᠣᠨᠣ ᠬᠥᠮᠦᠨ ᠪᠣᠯᠬᠤ ᠪᠠᠷ | ᠴᠢᠷᠮᠠᠶᠢᠬᠤ ᠬᠡᠷᠡᠭᠲᠡᠶ᠃ | 4᠂ ᠠᠰᠠᠭᠤᠳᠠᠯ ᠤᠨ ᠤᠳᠤᠷᠢᠳᠤᠮᠵᠢ ᠶᠢ ᠡᠵᠡᠮᠳᠡᠨ᠎ᠡ᠃ ᠵᠡᠮᠳᠡᠭᠴᠦᠳ ᠤᠨ ᠬᠤᠯᠪᠤᠭᠠᠨ ᠤ ᠵᠣᠬᠢᠶᠠᠨ | ᠪᠠᠶᠢᠭᠤᠯᠤᠯᠲᠠ ᠳᠤ ᠠᠳᠠᠯᠢ ᠪᠤᠰᠤ ᠬᠡᠮᠵᠢᠶ᠎ᠡ ᠪᠠᠷ ᠣᠷᠣᠰᠢᠵᠤ ᠪᠠᠶᠢᠭ᠎ᠠ ᠪᠠᠶᠢᠭᠤᠯᠭᠠᠴᠢᠯᠠᠯ᠂ ᠵᠠᠰᠠᠭᠴᠢᠯᠠᠯ ᠤᠨ | ᠠᠰᠠᠭᠤᠳᠠᠯ ᠵᠢᠴᠢ ᠢᠯᠡᠷᠡᠯ ᠢ ᠭᠦᠨᠵᠡᠭᠡᠶ ᠲᠠᠨᠢᠵᠤ᠂ ᠵᠡᠮᠳᠡᠭᠴᠦᠳ ᠤᠨ ᠣᠯᠠᠨ ᠲᠦᠮᠡᠨ ᠠᠴᠠ ᠬᠥᠨᠳᠡᠶᠢᠷᠡᠭᠰᠡᠨ ᠡᠯ᠎ᠡ | ᠵᠦᠢᠯ ᠤᠨ ᠮᠠᠭᠤ ᠬᠡᠯᠪᠡᠷᠢᠯ ᠢ ᠭᠦᠨᠵᠡᠭᠡᠶ ᠪᠠᠶᠢᠴᠠᠭᠠᠨ ᠳᠡᠯᠭᠡᠵᠦ᠂ ᠠᠩᠬᠠᠷᠤᠯ ᠢᠶᠠᠨ ᠬᠦᠴᠢᠷᠳᠡᠯᠲᠡᠶ ᠵᠡᠮᠳᠡᠭᠴᠦᠳ ᠤᠨ | ᠪᠡᠶ᠎ᠡ ᠳᠡᠭᠡᠷ᠎ᠡ ᠨᠠᠩ ᠢᠯᠡᠭᠦᠤ ᠲᠠᠯᠪᠢᠵᠤ᠂ ᠬᠦᠴᠦᠲᠡᠶ ᠠᠷᠭ᠎ᠠ ᠬᠡᠮᠵᠢᠶ᠎ᠡ ᠠᠪᠴᠤ᠂ ᠵᠣᠬᠢᠶᠠᠨ ᠪᠠᠶᠢᠭᠤᠯᠤᠯᠲᠠ ᠶᠢᠨ | ᠴᠣᠭᠴᠠᠯᠠᠯᠲᠠ ᠪᠠᠭᠤᠷᠠᠶ᠂ ᠵᠡᠮᠳᠡᠭᠴᠦᠳ ᠲᠤ ᠦᠢᠯᠡᠴᠢᠯᠡᠬᠦ ᠴᠢᠳᠠᠪᠤᠷᠢ ᠴᠢᠩᠭ᠎ᠠ ᠪᠤᠰᠤ ᠪᠠ ᠠᠵᠢᠯ ᠳᠤᠲᠠᠭᠳᠠᠵᠤ | ᠪᠠᠶᠢᠭ᠎ᠠ᠂ ᠦᠢᠯᠡᠴᠢᠯᠡᠭᠡᠨ ᠬᠦᠷᠦᠯᠴᠡᠬᠦ ᠦᠭᠡᠢ ᠪᠠᠶᠢᠬᠤ ᠵᠡᠷᠭᠡ ᠠᠰᠠᠭᠤᠳᠠᠯ ᠢ ᠦᠨᠡᠨᠬᠦ ᠰᠢᠢᠳᠪᠤᠷᠢᠯᠡᠬᠦ ᠬᠡᠷᠡᠭᠲᠡᠶ᠃ | ︵ᠭᠤᠷᠪᠠ︶ ᠬᠠᠷᠠᠯᠲᠠ ᠶᠢᠨ ᠱᠠᠭᠠᠷᠳᠠᠯᠭ᠎ᠠ | ᠵᠡᠮᠳᠡᠭᠴᠦᠳ ᠤᠨᠬᠤᠯᠪᠤᠭᠠᠨ ᠤ ᠵᠣᠬᠢᠶᠠᠨ ᠪᠠᠶᠢᠭᠤᠯᠤᠯᠲᠠ ᠶᠢᠨ ᠪᠦᠳᠦᠭᠦᠯᠢᠭ᠂ ᠲᠡᠷᠢᠭᠦᠨ ᠤ ᠴᠢᠨᠠᠷ᠂ ᠣᠯᠠᠨ | ᠲᠦᠮᠡᠨᠴᠢ ᠴᠢᠨᠠᠷ ᠢ ᠪᠠᠷᠢᠮᠲᠠᠯᠠᠨ ᠴᠢᠩᠭᠠᠳᠬᠠᠬᠤ ᠶᠢᠨ ᠲᠣᠭᠤᠷᠢᠨ ᠳᠤ᠂ ᠪᠠᠶᠢᠭᠤᠯᠭᠠᠴᠢᠯᠠᠯ᠂ ᠵᠠᠰᠠᠭᠴᠢᠯᠠᠯ᠂ | ᠢᠵᠠᠭᠤᠷᠲᠠᠨᠴᠢᠯᠠᠯ᠂ ᠴᠡᠩᠭᠡᠨᠲᠤ ᠬᠡᠯᠪᠡᠷᠢᠯ ᠢ ᠠᠷᠢᠯᠭᠠᠵᠤ᠂ ᠪᠠᠶᠢᠭᠤᠯᠤᠮᠵᠢ ᠶᠢᠨ ᠪᠠᠶᠢᠷᠢᠯᠠᠭᠤᠯᠤᠯᠲᠠ ᠶᠢ ᠥᠭᠡᠷᠡᠴᠢᠯᠡᠬᠦ | ᠂ ᠬᠠᠮᠢᠶᠠᠷᠤᠯᠲᠠ ᠶᠢᠨ ᠵᠠᠭᠪᠤᠷ ᠢ ᠰᠢᠯᠢᠳᠡᠭᠵᠢᠭᠦᠯᠬᠦ᠂ ᠠᠵᠢᠯᠯᠠᠭᠠᠨ ᠤ ᠲᠣᠭᠲᠠᠴᠠ ᠶᠢᠨ ᠰᠢᠨ᠎ᠡ ᠶᠢ ᠡᠭᠦᠳᠬᠦ ᠪᠠᠷ | ᠳᠠᠮᠵᠢᠭᠤᠯᠤᠨ᠂ ᠪᠦᠬᠦᠨ ᠢ ᠬᠠᠮᠤᠷᠤᠭᠰᠠᠨ ᠦᠨᠳᠦᠰᠦᠨ ᠱᠠᠲᠤᠨ ᠤ ᠵᠡᠮᠳᠡᠭᠴᠦᠳ ᠤᠨ ᠵᠣᠬᠢᠶᠠᠨ ᠪᠠᠶᠢᠭᠤᠯᠤᠯᠲᠠ ᠶᠢ | ᠪᠤᠵᠠᠭᠠᠶᠢᠷᠠᠭᠤᠯᠵᠤ᠂ ᠵᠡᠮᠳᠡᠭᠴᠦᠳ ᠤᠨ ᠪᠦᠬᠦ ᠲᠠᠯ᠎ᠠ ᠶᠢᠨ ᠦᠢᠯᠡᠴᠢᠯᠡᠭᠡᠨ ᠤ ᠲᠠᠪᠴᠠᠩ ᠢ ᠪᠠᠶᠢᠭᠤᠯᠤᠨ᠂ ᠪᠦᠬᠦ | ᠬᠦᠷᠢᠶᠡᠨ ᠤ ᠨᠡᠶᠢᠭᠡᠮ ᠤᠨ ᠳᠠᠶᠢᠴᠢᠯᠠᠯᠲᠠ ᠶᠢᠨ ᠲᠣᠭᠲᠠᠴᠠ ᠶᠢ ᠪᠦᠷᠢᠨᠰᠢᠭᠦᠯᠬᠦ ᠬᠡᠷᠡᠭᠲᠡᠶ᠃ ᠵᠡᠮᠳᠡᠭᠴᠦᠳ ᠢ | ᠬᠠᠷᠢᠯᠴᠠᠬᠤ᠂ ᠨᠢᠭᠲᠠᠷᠠᠭᠤᠯᠬᠤ᠂ ᠦᠢᠯᠡᠴᠢᠯᠡᠬᠦ ᠴᠢᠳᠠᠪᠤᠷᠢ ᠪᠣᠯᠤᠨ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ | ᠳᠡᠭᠡᠭᠰᠢᠯᠡᠭᠦᠯᠵᠦ᠂ ᠵᠡᠮᠳᠡᠭᠴᠦᠳ ᠤᠨ ᠥᠷᠭᠡᠨ ᠢᠶᠠᠷ ᠣᠷᠣᠯᠴᠠᠬᠤ᠂ ᠢᠳᠡᠪᠬᠢᠲᠡᠶ ᠪᠠᠷ ᠨᠡᠶᠢᠯᠡᠬᠦ ᠪᠠ ᠪᠦᠬᠦ ᠲᠠᠯ᠎ᠠ ᠪᠠᠷ | ᠬᠥᠭᠵᠢᠬᠦ ᠶᠢ ᠢᠳᠡᠪᠬᠢᠲᠡᠶ ᠪᠠᠷ ᠠᠬᠢᠭᠤᠯᠵᠤ᠂ ᠰᠢᠨ᠎ᠡ ᠴᠠᠭ ᠦᠶ᠎ᠡ ᠶᠢᠨ ᠬᠤᠸᠠᠳᠧ ᠰᠢᠶᠠᠨ ᠤ ᠵᠡᠮᠳᠡᠭᠴᠦᠳ ᠤᠨ | ᠦᠢᠯᠡᠰ ᠤᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠶ᠃ | ᠬᠤᠶᠠᠷ᠂ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ | ︵ᠨᠢᠭᠡ︶ ᠵᠡᠮᠳᠡᠭᠴᠦᠳ ᠤᠨᠬᠤᠯᠪᠤᠭᠠᠨ ᠤ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢᠨ ᠡᠭᠦᠷᠭᠡ | ᠴᠢᠳᠠᠪᠤᠷᠢ ᠶᠢ ᠰᠢᠯᠢᠳᠡᠭᠵᠢᠭᠦᠯᠦᠨ᠎ᠡ | 1᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯᠲᠠᠨ ᠤ ᠪᠦᠲᠦᠴᠡ ᠶᠢ ᠰᠠᠶᠢᠵᠢᠷᠠᠭᠤᠯᠤᠨ᠎ᠠ᠃ | ᠬᠤᠸᠠᠳᠧ ᠰᠢᠶᠠᠨ ᠤ ᠵᠡᠮᠳᠡᠭᠴᠦᠳ ᠤᠨ ᠬᠤᠯᠪᠤᠭᠠᠨ ᠤ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢᠳ ᠤᠨ ᠳᠣᠲᠣᠷᠠᠬᠢ ᠵᠡᠮᠳᠡᠭᠴᠦᠳ ᠵᠢᠴᠢ ᠵᠡᠮᠳᠡᠭᠴᠦᠳ ᠤᠨ ᠰᠠᠳᠤᠨ ᠪᠠ ᠨᠠᠶᠢᠵᠠ ᠶᠢᠨ ᠬᠠᠷᠢᠴᠠᠯ ᠢ | 65 % ᠠᠴᠠ ᠳᠡᠭᠡᠭᠰᠢ ᠪᠣᠯᠲᠠᠯ᠎ᠠ ᠨᠡᠮᠡᠭᠳᠡᠭᠦᠯᠵᠦ᠂ ᠰᠣᠬᠤᠷ ᠬᠥᠮᠦᠨ᠂ ᠳᠦᠯᠡᠶ ᠬᠥᠮᠦᠨ᠂ ᠮᠥᠴᠢ ᠵᠡᠮᠳᠡᠭ ᠬᠥᠮᠦᠨ | ᠂ ᠣᠶᠤᠨ ᠤ ᠰᠠᠭᠠᠳ ᠲᠠᠢ ᠬᠥᠮᠦᠨ ᠵᠢᠴᠢ ᠰᠠᠳᠤᠨ ᠪᠠ ᠨᠠᠶᠢᠵᠠ᠂ ᠤᠬᠠᠭᠠᠨ ᠵᠡᠮᠳᠡᠭ ᠬᠥᠮᠦᠨ ᠵᠢᠴᠢ ᠰᠠᠳᠤᠨ ᠪᠠ | ᠨᠠᠶᠢᠵᠠ ᠵᠡᠷᠭᠡ ᠡᠯ᠎ᠡ ᠲᠥᠷᠥᠯ ᠤᠨ ᠲᠥᠯᠥᠭᠡᠯᠡᠭᠴᠢ ᠶᠢ ᠲᠡᠭᠦᠯᠳᠡᠷᠵᠢᠭᠦᠯᠦᠨ᠎ᠡ᠃ ᠵᠢᠱᠢᠶᠡᠴᠢ ᠪᠣᠯᠤᠨ ᠦᠨᠳᠦᠰᠦᠨ | ᠱᠠᠲᠤᠨ ᠤ ᠡᠮᠦᠨ᠎ᠡ ᠹᠷᠣᠨᠲ ᠤᠨ ᠲᠥᠯᠥᠭᠡᠯᠡᠭᠴᠢ ᠶᠢᠨ ᠬᠠᠷᠢᠴᠠᠯ ᠢ 60 % ᠠᠴᠠ ᠳᠣᠤᠷ᠎ᠠ ᠪᠠᠶᠢᠯᠭᠠᠵᠤ ᠪᠣᠯᠬᠤ | ᠦᠭᠡᠢ᠂ ᠬᠥᠳᠡᠭᠡ ᠲᠣᠰᠬᠤᠨ ᠤ ᠵᠡᠮᠳᠡᠭᠴᠦᠳ ᠵᠢᠴᠢ ᠰᠠᠳᠤᠨ ᠪᠠ ᠨᠠᠶᠢᠵᠠ ᠶᠢᠨ ᠲᠥᠯᠥᠭᠡᠯᠡᠭᠴᠢ᠂ ᠴᠥᠭᠡᠨ | ᠲᠣᠭᠠᠲᠤ ᠦᠨᠳᠦᠰᠦᠲᠡᠨ ᠤ ᠲᠥᠯᠥᠭᠡᠯᠡᠭᠴᠢ ᠪᠣᠯᠤᠨ ᠵᠡᠮᠳᠡᠭᠴᠦᠳ ᠢ ᠲᠤᠰᠠᠯᠠᠬᠤ ᠨᠡᠶᠢᠭᠡᠮ ᠤᠨ ᠵᠣᠬᠢᠶᠠᠨ | ᠪᠠᠶᠢᠭᠤᠯᠤᠯᠲᠠ᠂ ᠵᠡᠮᠳᠡᠭᠴᠦᠳ ᠢ ᠲᠤᠰᠠᠯᠠᠬᠤ ᠰᠠᠶᠢᠨ ᠳᠤᠷ᠎ᠠ ᠳᠤᠷᠠᠴᠣᠳ ᠤᠨ ᠲᠥᠯᠥᠭᠡᠯᠡᠭᠴᠢ ᠶᠢᠨ ᠬᠠᠷᠢᠴᠠᠯ ᠢ | ᠵᠣᠬᠢᠰᠲᠠᠶ ᠨᠡᠮᠡᠭᠳᠡᠭᠦᠯᠦᠨ᠎ᠡ᠃ | 2᠂ ᠲᠡᠷᠢᠭᠦᠯᠡᠭᠴᠢᠳ ᠤᠨ ᠪᠦᠯᠬᠦᠮ ᠤᠨ ᠪᠦᠷᠢᠯᠳᠦᠬᠦᠨ ᠤ ᠪᠦᠲᠦᠴᠡ ᠶᠢ ᠰᠠᠶᠢᠵᠢᠷᠠᠭᠤᠯᠤᠨ᠎ᠠ᠃ ᠬᠤᠸᠠᠳᠧ | ᠰᠢᠶᠠᠨ ᠤ ᠵᠡᠮᠳᠡᠭᠴᠦᠳ ᠤᠨ ᠬᠤᠯᠪᠣᠭᠠᠲᠤ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠭᠡᠰᠢᠭᠦᠨ ᠤ ᠳᠣᠲᠣᠷᠠᠬᠢ | ᠵᠡᠮᠳᠡᠭᠴᠦᠳ ᠵᠢᠴᠢ ᠵᠡᠮᠳᠡᠭᠴᠦᠳ ᠤᠨ ᠰᠠᠳᠤᠨ ᠪᠠ ᠨᠠᠶᠢᠵᠠ ᠶᠢᠨ ᠬᠠᠷᠢᠴᠠᠯ ᠢ 65 % ᠠᠴᠠ ᠳᠡᠭᠡᠭᠰᠢ ᠪᠣᠯᠲᠠᠯ᠎ᠠ | ᠨᠡᠮᠡᠭᠳᠡᠭᠦᠯᠦᠨ᠎ᠡ᠃ ᠵᠢᠱᠢᠶᠡᠴᠢ ᠪᠣᠯᠤᠨ ᠦᠨᠳᠦᠰᠦᠨ ᠱᠠᠲᠤᠨ ᠤ ᠡᠮᠦᠨ᠎ᠡ ᠹᠷᠣᠨᠲ ᠤᠨ ᠭᠡᠰᠢᠭᠦᠨ ᠤ ᠬᠠᠷᠢᠴᠠᠯ ᠢ 35 | % ᠠᠴᠠ ᠳᠡᠭᠡᠭᠰᠢ ᠪᠣᠯᠲᠠᠯ᠎ᠠ ᠳᠡᠭᠡᠭᠰᠢᠯᠡᠭᠦᠯᠵᠦ᠂ ᠰᠣᠬᠤᠷ ᠬᠥᠮᠦᠨ᠂ ᠳᠦᠯᠡᠶ ᠬᠥᠮᠦᠨ᠂ ᠮᠥᠴᠢ ᠵᠡᠮᠳᠡᠭ ᠬᠥᠮᠦᠨ᠂ | ᠣᠶᠤᠨ ᠤ ᠰᠠᠭᠠᠳ ᠲᠠᠢ ᠬᠥᠮᠦᠨ ᠵᠢᠴᠢ ᠰᠠᠳᠤᠨ ᠪᠠ ᠨᠠᠶᠢᠵᠠ᠂ ᠤᠬᠠᠭᠠᠨ ᠵᠡᠮᠳᠡᠭ ᠬᠥᠮᠦᠨ ᠵᠢᠴᠢ ᠰᠠᠳᠤᠨ ᠪᠠ | ᠨᠠᠶᠢᠵᠠ᠂ ᠤᠬᠠᠭᠠᠨ ᠵᠡᠮᠳᠡᠭ ᠬᠥᠮᠦᠨ ᠵᠢᠴᠢ ᠰᠠᠳᠤᠨ ᠪᠠ ᠨᠠᠶᠢᠵᠠ ᠶᠢᠨ ᠭᠡᠰᠢᠭᠦᠨ ᠤ ᠲᠤᠭ᠎ᠠ ᠬᠡᠮᠵᠢᠶ᠎ᠡ ᠶᠢ ᠤᠯᠠᠮ | ᠨᠢᠭᠡ ᠠᠯᠬᠤᠮ ᠲᠡᠭᠦᠯᠳᠡᠷᠵᠢᠭᠦᠯᠦᠨ᠎ᠡ᠃ ᠬᠤᠸᠠᠳᠧ ᠰᠢᠶᠠᠨ ᠤ ᠵᠡᠮᠳᠡᠭᠴᠦᠳ ᠤᠨ ᠬᠤᠯᠪᠣᠭᠠᠲᠤ ᠬᠤᠷᠠᠯ ᠤᠨ | ᠲᠡᠷᠢᠭᠦᠯᠡᠭᠴᠢᠳ ᠤᠨ ᠪᠦᠯᠬᠦᠮ ᠤᠨ ᠬᠡᠪᠴᠢᠶ᠎ᠡ ᠠᠴᠠ ᠳᠠᠪᠠᠭᠤᠯᠬᠤ ᠦᠭᠡᠢ ᠤᠷᠢᠲᠠᠯ ᠳᠣᠤᠷ᠎ᠠ᠂ ᠠᠵᠤ ᠠᠬᠤᠶᠢᠯᠠᠯ | ᠠᠵᠢᠯ ᠦᠢᠯᠡᠰ᠂ ᠬᠥᠳᠡᠭᠡ ᠲᠣᠰᠬᠤᠨ᠂ ᠨᠡᠶᠢᠭᠡᠮ ᠲᠣᠭᠤᠷᠢᠭ ᠠᠴᠠ ᠲᠤᠰᠢᠶᠠᠯ ᠬᠠᠪᠰᠤᠷᠭᠠᠭᠰᠠᠨ ᠳᠡᠳ᠋ | ᠲᠡᠷᠢᠭᠦᠯᠡᠭᠴᠢ ᠶᠢᠨ ᠲᠤᠭ᠎ᠠ ᠶᠢ ᠨᠡᠮᠡᠭᠳᠡᠭᠦᠯᠦᠨ᠎ᠡ᠃ | 3᠂ ᠬᠡᠷᠡᠭ ᠵᠥᠪᠯᠡᠵᠦ ᠰᠢᠢᠳᠪᠤᠷᠢᠲᠤ ᠪᠣᠳᠣᠯᠭ᠎ᠠ ᠲᠣᠭᠲᠠᠭᠠᠬᠤ ᠳᠦᠷᠢᠮ ᠢ ᠪᠦᠷᠢᠨ ᠪᠣᠯᠭᠠᠨ | ᠲᠡᠭᠦᠯᠳᠡᠷᠵᠢᠭᠦᠯᠦᠨ᠎ᠡ᠃ ᠬᠤᠸᠠᠳᠧ ᠰᠢᠶᠠᠨ ᠤ ᠵᠡᠮᠳᠡᠭᠴᠦᠳ ᠤᠨ ᠬᠤᠯᠪᠣᠭᠠᠲᠤ ᠬᠤᠷᠠᠯ ᠤᠨ ᠲᠡᠷᠢᠭᠦᠯᠡᠭᠴᠢᠳ ᠤᠨ | ᠪᠦᠯᠬᠦᠮ ᠤᠨ ᠭᠦᠢᠴᠡᠳᠬᠡᠬᠦ ᠬᠡᠷᠡᠭ ᠡᠷᠬᠢᠯᠡᠭᠴᠢᠳ ᠤᠨ ᠬᠤᠷᠠᠯ ᠤᠨ ᠠᠵᠢᠯ ᠤᠨ ᠮᠡᠳᠡᠭᠦᠯᠦᠯᠲᠡ ᠶᠢ ᠬᠢᠨᠠᠨ | ᠶᠠᠷᠢᠯᠴᠠᠬᠤ ᠳᠦᠷᠢᠮ ᠢ ᠲᠡᠭᠦᠯᠳᠡᠷᠵᠢᠭᠦᠯᠵᠦ᠂ ᠲᠤᠰᠢᠶᠠᠯ ᠬᠠᠪᠰᠤᠷᠭᠠᠭᠰᠠᠨ ᠳᠡᠳ᠋ ᠲᠡᠷᠢᠭᠦᠯᠡᠭᠴᠢ ᠶᠢᠨ ᠭᠦᠢᠴᠡᠳᠬᠡᠬᠦ | ᠬᠡᠷᠡᠭ ᠡᠷᠬᠢᠯᠡᠭᠴᠢᠳ ᠤᠨ ᠬᠤᠷᠠᠯ ᠤᠨ ᠬᠤᠷᠠᠯᠳᠤᠭᠠᠨ ᠳᠤ ᠲᠣᠭᠲᠠᠮᠠᠯ ᠬᠤᠭᠤᠴᠠᠭ᠎ᠠ ᠲᠠᠢ ᠪᠠᠷ ᠣᠷᠣᠯᠴᠠᠬᠤ ᠳᠦᠷᠢᠮ | ᠂ ᠲᠡᠷᠢᠭᠦᠯᠡᠭᠴᠢᠳ ᠤᠨ ᠪᠦᠯᠬᠦᠮ ᠤᠨ ᠭᠡᠰᠢᠭᠦᠳ ᠤᠨ ᠰᠠᠨᠠᠯ ᠳᠤᠷᠠᠳᠤᠯᠭ᠎ᠠ ᠶᠢ ᠰᠢᠢᠳᠪᠤᠷᠢᠯᠡᠬᠦ ᠳᠦᠷᠢᠮ ᠢ | ᠪᠠᠶᠢᠭᠤᠯᠤᠨ᠎ᠠ᠃ ᠰᠢᠶᠠᠨ ᠤ ᠰᠣᠬᠤᠷ ᠬᠥᠮᠦᠨ ᠤ ᠨᠡᠶᠢᠭᠡᠮᠯᠢᠭ᠂ ᠳᠦᠯᠡᠶ ᠬᠥᠮᠦᠨ ᠤ ᠨᠡᠶᠢᠭᠡᠮᠯᠢᠭ᠂ ᠮᠥᠴᠢ | ᠵᠡᠮᠳᠡᠭᠴᠦᠳ ᠤᠨ ᠨᠡᠶᠢᠭᠡᠮᠯᠢᠭ᠂ ᠣᠶᠤᠨ ᠤ ᠰᠠᠭᠠᠳ ᠲᠠᠢ ᠬᠥᠮᠦᠨ ᠵᠢᠴᠢ ᠰᠠᠳᠤᠨ ᠪᠠ ᠨᠠᠶᠢᠵᠠ ᠶᠢᠨ ᠨᠡᠶᠢᠭᠡᠮᠯᠢᠭ᠂ | ᠤᠬᠠᠭᠠᠨ ᠵᠡᠮᠳᠡᠭ ᠬᠥᠮᠦᠨ ᠵᠢᠴᠢ ᠰᠠᠳᠤᠨ ᠪᠠ ᠨᠠᠶᠢᠵᠠ ᠶᠢᠨ ᠨᠡᠶᠢᠭᠡᠮᠯᠢᠭ ᠵᠡᠷᠭᠡ ᠲᠠᠪᠤᠨ ᠲᠤᠰᠬᠠᠶ ᠨᠡᠶᠢᠭᠡᠮᠯᠢᠭ ᠤᠨ | ᠲᠥᠯᠥᠭᠡᠯᠡᠬᠦ᠂ ᠦᠢᠯᠡᠴᠢᠯᠡᠬᠦ᠂ ᠡᠷᠬᠡ ᠪᠠᠨ ᠬᠠᠮᠠᠭᠠᠯᠠᠬᠤ ᠦᠢᠯᠡᠳᠦᠯ ᠢ ᠪᠦᠲᠦᠮᠵᠢᠲᠡᠶ ᠪᠠᠳᠠᠷᠠᠭᠤᠯᠬᠤ ᠲᠣᠭᠲᠠᠴᠠ ᠶᠢ | ᠪᠦᠷᠢᠨᠰᠢᠭᠦᠯᠵᠦ᠂ ᠰᠢᠢᠳᠪᠤᠷᠢᠲᠤ ᠪᠣᠳᠣᠯᠭ᠎ᠠ ᠲᠣᠭᠲᠠᠭᠠᠬᠤ ᠪᠠ ᠬᠡᠷᠡᠭᠵᠢᠭᠦᠯᠦᠯᠲᠡ ᠡᠯ᠎ᠡ ᠲᠥᠷᠥᠯ ᠤᠨ | ᠵᠡᠮᠳᠡᠭᠴᠦᠳ ᠤᠨ ᠬᠠᠮᠲᠤ ᠶᠢᠨ ᠬᠦᠰᠡᠯ ᠰᠠᠨᠠᠭ᠎ᠠ ᠶᠢ ᠨᠠᠩ ᠭᠦᠢᠴᠡᠳ ᠢᠯᠡᠷᠡᠭᠦᠯᠬᠦ ᠶᠢ ᠠᠬᠢᠭᠤᠯᠬᠤ ᠬᠡᠷᠡᠭᠲᠡᠶ᠃ | ᠭᠦᠢᠴᠡᠳᠬᠡᠬᠦ ᠬᠡᠷᠡᠭ ᠡᠷᠬᠢᠯᠡᠭᠴᠢᠳ ᠤᠨ ᠬᠤᠷᠠᠯ ᠪᠣᠯᠤᠨ ᠲᠤᠰᠬᠠᠶ ᠨᠡᠶᠢᠭᠡᠮᠯᠢᠭ ᠤᠨ ᠬᠠᠮᠲᠤᠷᠠᠭᠰᠠᠨ ᠬᠤᠷᠠᠯᠳᠤᠭᠠᠨ ᠤ | ᠳᠦᠷᠢᠮ ᠢ ᠲᠡᠭᠦᠯᠳᠡᠷᠵᠢᠭᠦᠯᠵᠦ᠂ ᠲᠤᠰᠬᠠᠶ ᠨᠡᠶᠢᠭᠡᠮᠯᠢᠭ ᠤᠨ ᠭᠤᠤᠯ ᠬᠠᠷᠢᠭᠤᠴᠠᠯᠭᠠᠲᠠᠨ ᠭᠦᠢᠴᠡᠳᠬᠡᠬᠦ ᠬᠡᠷᠡᠭ | ᠡᠷᠬᠢᠯᠡᠭᠴᠢᠳ ᠤᠨ ᠬᠤᠷᠠᠯ ᠤᠨ ᠬᠤᠯᠪᠣᠭᠳᠠᠯ ᠪᠦᠬᠦᠢ ᠬᠤᠷᠠᠯᠳᠤᠭᠠᠨ ᠪᠠ ᠠᠵᠢᠯᠯᠠᠭ᠎ᠠ ᠳᠤ ᠰᠤᠯᠠ ᠣᠷᠣᠯᠴᠠᠨ᠎ᠠ᠃ | ᠬᠠᠮᠲᠤ ᠪᠠᠷ ᠰᠢᠢᠳᠪᠤᠷᠢᠲᠤ ᠪᠣᠳᠣᠯᠭ᠎ᠠ ᠲᠣᠭᠲᠠᠭᠠᠬᠤ ᠳᠦᠷᠢᠮ ᠪᠠ ᠵᠢᠷᠤᠮ ᠢ ᠪᠠᠷᠢᠮᠲᠠᠯᠠᠵᠤ᠂ ᠭᠦᠢᠴᠡᠳᠬᠡᠬᠦ ᠬᠡᠷᠡᠭ | ᠡᠷᠬᠢᠯᠡᠭᠴᠢᠳ ᠤᠨ ᠬᠤᠷᠠᠯ ᠤᠨ ᠬᠡᠷᠡᠭ ᠵᠥᠪᠯᠡᠬᠦ ᠰᠢᠢᠳᠪᠤᠷᠢᠲᠤ ᠪᠣᠳᠣᠯᠭ᠎ᠠ ᠲᠣᠭᠲᠠᠭᠠᠬᠤ ᠶᠢ ᠠᠷᠠᠳᠴᠢᠯᠠᠬᠤ᠂ | ᠰᠢᠨᠵᠢᠯᠡᠬᠦ ᠤᠬᠠᠭᠠᠨᠴᠢᠯᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠴᠢᠬᠤᠯᠠ ᠶᠡᠭᠡ ᠰᠢᠢᠳᠪᠤᠷᠢᠲᠤ ᠪᠣᠳᠣᠯᠭ᠎ᠠ | ᠲᠣᠭᠲᠠᠭᠠᠬᠤ ᠳᠤ ᠲᠤᠰᠬᠠᠶ ᠮᠡᠷᠭᠡᠵᠢᠯᠲᠡᠨ ᠪᠠ ᠲᠤᠰᠬᠠᠶ ᠨᠡᠶᠢᠭᠡᠮᠯᠢᠭ ᠤᠨ ᠰᠠᠨᠠᠯ ᠢ ᠥᠷᠭᠡᠨ ᠢᠶᠠᠷ ᠰᠣᠨᠣᠰᠴᠤ᠂ | ᠠᠶᠤᠯ ᠲᠦᠭᠰᠢᠭᠦᠷᠢ ᠶᠢ ᠦᠨᠡᠯᠡᠨ ᠵᠢᠱᠢᠬᠦ ᠪᠠ ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠯᠲᠠ ᠶᠢ | ᠴᠢᠩᠭᠠᠳᠬᠠᠨ᠎ᠠ᠃ | 4᠂ ᠲᠤᠰᠬᠠᠶ ᠨᠡᠶᠢᠭᠡᠮᠯᠢᠭ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠲᠠᠪᠤᠨ ᠲᠤᠰᠬᠠᠶ ᠨᠡᠶᠢᠭᠡᠮᠯᠢᠭ ᠤᠨ | ᠬᠠᠤᠯᠢ ᠶᠢᠨ ᠬᠥᠮᠦᠨ ᠤ ᠵᠠᠰᠠᠬᠤ ᠪᠦᠲᠦᠴᠡ ᠶᠢ ᠪᠠᠶᠢᠭᠤᠯᠤᠨ ᠪᠦᠷᠢᠨᠰᠢᠭᠦᠯᠵᠦ᠂ ᠨᠡᠶᠢᠭᠡᠮᠯᠢᠭ ᠤᠨ | ᠬᠠᠷᠢᠭᠤᠴᠠᠯᠭᠠᠲᠠᠨ ᠢ ᠰᠢᠯᠢᠳᠡᠭ ᠢ ᠨᠢ ᠰᠣᠩᠭᠤᠨ ᠴᠢᠩᠭ᠎ᠠ ᠲᠣᠬᠢᠷᠠᠭᠤᠯᠵᠤ᠂ ᠠᠵᠢᠯ ᠤᠨ ᠬᠦᠴᠦᠨ ᠢᠶᠠᠨ | ᠨᠡᠮᠡᠭᠳᠡᠭᠦᠯᠦᠨ᠂ ᠦᠢᠯᠡᠴᠢᠯᠡᠭᠡ ᠬᠤᠳᠠᠯᠳᠤᠨ ᠠᠪᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠨᠡᠶᠢᠭᠡᠮᠯᠢᠭ ᠤᠨ | ᠦᠢᠯᠡᠴᠢᠯᠡᠭᠡ ᠪᠠ ᠠᠵᠢᠯᠯᠠᠭ᠎ᠠ ᠥᠷᠨᠢᠭᠦᠯᠬᠦ ᠶᠢ ᠳᠠᠮᠵᠢᠨ᠎ᠠ᠃ ᠲᠤᠰᠬᠠᠶ ᠨᠡᠶᠢᠭᠡᠮᠯᠢᠭ ᠤᠳ ᠬᠡᠷᠡᠭᠴᠡᠭᠡ ᠪᠠᠨ | ᠦᠨᠳᠦᠰᠦᠯᠡᠨ ᠬᠠᠤᠯᠢ ᠳᠦᠷᠢᠮ ᠲᠣᠭᠲᠠᠭᠠᠯ ᠶᠣᠰᠣᠭᠠᠷ ᠲᠤᠰᠬᠠᠶ ᠠᠵᠢᠯ ᠤᠨ ᠺᠣᠮᠢᠰ ᠨᠡᠮᠡᠵᠦ ᠪᠠᠶᠢᠭᠤᠯᠤᠨ᠂ | ᠬᠠᠷᠢᠯᠴᠠᠬᠤ ᠦᠢᠯᠡᠴᠢᠯᠡᠭᠡᠨ ᠤ ᠲᠣᠰ ᠲᠥᠷᠥᠯ ᠢᠯᠭᠠᠯ ᠤᠨ ᠵᠡᠮᠳᠡᠭᠴᠦᠳ ᠤᠨ ᠬᠠᠮᠤᠷᠬᠤ ᠬᠡᠪᠴᠢᠶ᠎ᠡ ᠶᠢ ᠤᠯᠠᠮ | ᠨᠢᠭᠡ ᠠᠯᠬᠤᠮ ᠥᠷᠭᠡᠳᠬᠡᠵᠦ ᠪᠣᠯᠤᠨ᠎ᠠ᠃ ᠲᠤᠰᠬᠠᠶ ᠨᠡᠶᠢᠭᠡᠮᠯᠢᠭ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ᠂ | ᠴᠢᠳᠠᠪᠤᠷᠢ ᠶᠢᠨ ᠪᠠᠶᠢᠭᠤᠯᠤᠯᠲᠠ ᠪᠠ ᠦᠨᠡᠨᠴᠢ ᠢᠲᠡᠭᠡᠮᠵᠢᠲᠡᠶ ᠪᠠᠶᠢᠬᠤ ᠥᠪᠡᠷ ᠢ ᠪᠠᠨ ᠱᠠᠭᠠᠷᠳᠠᠬᠤ | ᠪᠠᠶᠢᠭᠤᠯᠤᠯᠲᠠ ᠶᠢ ᠴᠢᠩᠭᠠᠳᠬᠠᠨ᠎ᠠ᠃ ᠵᠡᠮᠳᠡᠭᠴᠦᠳ ᠤᠨ ᠲᠤᠰᠬᠠᠶ ᠨᠡᠶᠢᠭᠡᠮᠯᠢᠭ ᠤᠨ ᠳᠡᠭᠡᠳᠤ ᠳᠣᠣᠷᠠᠳᠤ ᠱᠠᠲᠤᠨ ᠤ | ᠬᠠᠮᠲᠤᠷᠠᠨ ᠬᠥᠳᠡᠯᠦᠯᠴᠡᠬᠦ ᠲᠣᠭᠲᠠᠴᠠ ᠶᠢ ᠲᠡᠭᠦᠯᠳᠡᠷᠵᠢᠭᠦᠯᠵᠦ᠂ ᠲᠤᠰᠬᠠᠶ ᠨᠡᠶᠢᠭᠡᠮᠯᠢᠭ ᠤᠨ ᠵᠡᠮᠳᠡᠭᠴᠦᠳ ᠲᠤ | ᠬᠠᠷᠢᠯᠴᠠᠬᠤ ᠪᠠ ᠦᠢᠯᠡᠴᠢᠯᠡᠬᠦ ᠢᠳᠡᠪᠬᠢ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠶ᠃ | ︵ᠬᠤᠶᠠᠷ︶ ᠵᠡᠮᠳᠡᠭᠴᠦᠳ ᠤᠨ ᠺᠠᠳ᠋ᠷ ᠤᠨ ᠡᠩᠨᠡᠭᠡ ᠶᠢ ᠰᠢᠯᠢᠳᠡᠭ ᠢ ᠨᠢ ᠰᠣᠩᠭᠤᠨ ᠲᠣᠬᠢᠷᠠᠭᠤᠯᠵᠤ | ᠬᠦᠴᠦᠷᠬᠡᠭᠵᠢᠭᠦᠯᠦᠨ᠎ᠡ | 1᠂ ᠲᠤᠰᠬᠠᠶ ᠲᠤᠰᠢᠶᠠᠯᠲᠤ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠎ᠠ᠃ ᠨᠠᠰᠤ ᠵᠢᠯ᠂ | ᠰᠤᠷᠤᠯᠴᠠᠭᠰᠠᠨ ᠨᠠᠮᠲᠠᠷ᠂ ᠪᠡᠶ᠎ᠡ ᠶᠢᠨ ᠭᠠᠷᠤᠯ ᠵᠡᠷᠭᠡ ᠶᠢᠨ ᠬᠢᠵᠠᠭᠠᠷᠯᠠᠯ ᠢ ᠡᠪᠳᠡᠵᠦ᠂ ᠵᠡᠮᠳᠡᠭᠴᠦᠳ ᠢ ᠣᠶᠢᠯᠠᠭᠠᠬᠤ᠂ | ᠵᠡᠮᠳᠡᠭᠴᠦᠳ ᠢ ᠬᠠᠶᠢᠷᠠᠯᠠᠬᠤ ᠺᠠᠳ᠋ᠷ ᠢ ᠨᠢᠭᠡ ᠯᠡ ᠬᠡᠪᠰᠢᠯ ᠳᠤ ᠪᠠᠷᠢᠭᠳᠠᠯ ᠦᠭᠡᠢ ᠪᠠᠷ ᠰᠣᠩᠭᠤᠨ ᠬᠡᠷᠡᠭᠯᠡᠵᠦ᠂ | ᠦᠨᠳᠦᠰᠦᠨ ᠱᠠᠲᠤᠨ ᠠᠴᠠ ᠰᠢᠯᠢᠳᠡᠭ ᠺᠠᠳ᠋ᠷ ᠢ ᠰᠢᠯᠢᠨ ᠰᠣᠩᠭᠤᠵᠤ ᠵᠡᠮᠳᠡᠭᠴᠦᠳ ᠤᠨ ᠬᠤᠯᠪᠣᠭᠠᠨ ᠳᠤ ᠣᠷᠣᠭᠤᠯᠤᠨ | ᠠᠵᠢᠯᠯᠠᠭᠤᠯᠬᠤ ᠶᠢ ᠴᠢᠬᠤᠯᠠᠴᠢᠯᠠᠨ᠎ᠠ᠃ ᠬᠥᠮᠦᠨ ᠬᠡᠷᠡᠭᠯᠡᠬᠦ ᠤᠳᠤᠷᠢᠳᠤᠮᠵᠢ ᠶᠢ ᠤᠯᠠᠮ ᠨᠢᠭᠡ ᠠᠯᠬᠤᠮ ᠳᠣᠪᠤᠶᠢᠯᠭᠠᠵᠤ | ᠂ ᠰᠢᠯᠢᠳᠡᠭᠵᠢᠭᠦᠯᠬᠦ ᠨᠢ ᠵᠦᠶ ᠵᠣᠬᠢᠰᠲᠠᠶ᠂ ᠬᠡᠪ ᠴᠢᠨᠠᠷ ᠨᠢ ᠰᠢᠯᠢᠳᠡᠭ ᠺᠠᠳ᠋ᠷ ᠤᠨ ᠡᠩᠨᠡᠭᠡ ᠶᠢ ᠠᠯᠬᠤᠮ ᠠᠯᠬᠤᠮ ᠢᠶᠠᠷ | ᠪᠠᠶᠢᠭᠤᠯᠬᠤ ᠬᠡᠷᠡᠭᠲᠡᠶ᠃ ᠵᠡᠮᠳᠡᠭᠴᠦᠳ ᠤᠨ ᠺᠠᠳ᠋ᠷ ᠢ ᠬᠥᠮᠦᠵᠢᠭᠦᠯᠬᠦ᠂ ᠰᠢᠯᠢᠨ ᠳᠡᠪᠰᠢᠭᠦᠯᠬᠦ ᠪᠠ ᠬᠡᠷᠡᠭᠯᠡᠬᠦ ᠶᠢ | ᠴᠢᠩᠭᠠᠳᠬᠠᠨ᠎ᠠ᠃ ᠵᠡᠮᠳᠡᠭᠴᠦᠳ ᠤᠨ ᠬᠤᠯᠪᠣᠭᠠᠲᠤ ᠪᠠᠶᠢᠭᠤᠯᠭ᠎ᠠ ᠶᠢᠨ ᠵᠡᠮᠳᠡᠭ ᠺᠠᠳ᠋ᠷ ᠲᠣᠬᠢᠷᠠᠭᠤᠯᠬᠤ ᠬᠠᠷᠢᠴᠠᠯ ᠢ | 15 % ᠠᠴᠠ ᠳᠡᠭᠡᠭᠰᠢ ᠳᠤ ᠬᠦᠷᠦᠭᠦᠯᠦᠨ᠎ᠡ᠃ ᠰᠢᠶᠠᠨ ᠤ ᠱᠠᠲᠤᠨ ᠤ ᠵᠡᠮᠳᠡᠭᠴᠦᠳ ᠤᠨᠬᠤᠯᠪᠤᠭᠠᠨ ᠤ | ᠤᠳᠤᠷᠢᠳᠬᠤ ᠪᠠᠭ ᠲᠤ ᠠᠵᠢᠯ ᠤᠨ ᠪᠣᠳᠠᠲᠤ ᠬᠡᠷᠡᠭᠴᠡᠭᠡ ᠪᠠᠨ ᠦᠨᠳᠦᠰᠦᠯᠡᠨ 1 ᠵᠡᠮᠳᠡᠭ ᠺᠠᠳ᠋ᠷ ᠢ ᠲᠣᠬᠢᠷᠠᠭᠤᠯᠵᠤ᠂ | ᠤᠳᠤᠷᠢᠳᠬᠤ ᠺᠠᠳ᠋ᠷ ᠤᠨ ᠲᠤᠷᠰᠢᠨ ᠬᠡᠷᠡᠭᠯᠡᠬᠦ ᠬᠤᠭᠤᠴᠠᠭᠠᠨ ᠳᠤ ᠲᠤᠰᠢᠶᠠᠯ ᠤᠨ ᠮᠡᠳᠡᠭᠦᠯᠦᠯᠲᠡ ᠬᠢᠬᠦ ᠳᠦᠷᠢᠮ ᠢ | ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠵᠡᠮᠳᠡᠭᠴᠦᠳ ᠤᠨ ᠬᠤᠯᠪᠤᠭᠠᠨ ᠤ ᠪᠠᠶᠢᠭᠤᠯᠭ᠎ᠠ ᠶᠢᠨ ᠺᠠᠳ᠋ᠷ ᠤᠨ | ᠵᠡᠮᠳᠡᠭᠴᠦᠳ ᠤᠨᠬᠤᠯᠪᠤᠭᠠᠨ ᠤ ᠰᠢᠰᠲ᠋ᠧᠮ ᠤᠨ ᠳᠡᠭᠡᠷ᠎ᠡ ᠳᠣᠤᠷ᠎ᠠ᠂ ᠳᠣᠲᠣᠨ᠎ᠠ ᠭᠠᠳᠠᠨ᠎ᠠ ᠰᠣᠯᠢᠯᠴᠠᠬᠤ ᠶᠢ ᠲᠦᠯᠬᠢᠨ | ᠠᠬᠢᠭᠤᠯᠵᠤ ᠪᠣᠯᠤᠨ᠎ᠠ᠃ | 2᠂ ᠲᠦᠷ ᠲᠤᠰᠢᠶᠠᠯ ᠡᠭᠦᠷᠭᠡᠯᠡᠬᠦ᠂ ᠲᠤᠰᠢᠶᠠᠯ ᠬᠠᠪᠰᠤᠷᠭᠠᠭᠰᠠᠨ ᠺᠠᠳ᠋ᠷ ᠤᠨ ᠬᠠᠷᠢᠴᠠᠯ ᠢ ᠨᠡᠮᠡᠭᠳᠡᠭᠦᠯᠦᠨ᠎ᠡ᠃ | ᠵᠣᠬᠢᠬᠤ ᠬᠠᠷᠢᠴᠠᠯ ᠤᠨ ᠲᠤᠰᠢᠶᠠᠯ ᠬᠠᠪᠰᠤᠷᠭᠠᠬᠤ ᠳᠡᠳ᠋ ᠬᠡᠷᠡᠭ ᠡᠷᠬᠢᠯᠡᠭᠴᠢᠳ ᠤᠨ ᠳᠠᠷᠤᠭ᠎ᠠ ᠪᠠ ᠲᠦᠷ ᠲᠤᠰᠢᠶᠠᠯ | ᠡᠭᠦᠷᠭᠡᠯᠡᠬᠦ ᠳᠡᠳ᠋ ᠬᠡᠷᠡᠭ ᠡᠷᠬᠢᠯᠡᠭᠴᠢᠳ ᠤᠨ ᠳᠠᠷᠤᠭ᠎ᠠ ᠲᠣᠬᠢᠷᠠᠭᠤᠯᠵᠤ᠂ ᠲᠤᠰᠢᠶᠠᠯ ᠬᠠᠪᠰᠤᠷᠭᠠᠬᠤ ᠳᠡᠳ᠋ ᠬᠡᠷᠡᠭ | ᠡᠷᠬᠢᠯᠡᠭᠴᠢᠳ ᠤᠨ ᠳᠠᠷᠤᠭ᠎ᠠ ᠶᠢᠨ ᠲᠤᠰᠢᠶᠠᠯ ᠢ ᠵᠡᠮᠳᠡᠭᠴᠦᠳ ᠤᠨ ᠦᠢᠯᠡᠰ ᠤᠨ ᠬᠥᠭᠵᠢᠯᠲᠡ ᠲᠠᠢ ᠨᠢᠭᠲᠠ | ᠬᠤᠯᠪᠣᠭ᠎ᠠ ᠲᠠᠢ ᠬᠠᠮᠢᠶ᠎ᠠ ᠪᠦᠬᠦᠢ ᠬᠦᠷᠢᠶᠡᠨ ᠤ ᠲᠥᠯᠥᠭᠡᠯᠡᠭᠴᠢ ᠡᠭᠦᠷᠭᠡᠯᠡᠵᠦ᠂ ᠲᠦᠷ ᠲᠤᠰᠢᠶᠠᠯ ᠡᠭᠦᠷᠭᠡᠯᠡᠬᠦ ᠳᠡᠳ᠋ | ᠬᠡᠷᠡᠭ ᠡᠷᠬᠢᠯᠡᠭᠴᠢᠳ ᠤᠨ ᠳᠠᠷᠤᠭ᠎ᠠ ᠶᠢᠨ ᠲᠤᠰᠢᠶᠠᠯ ᠢ ᠦᠨᠳᠦᠰᠦᠨ ᠱᠠᠲᠤᠨ ᠤ ᠪᠠᠶᠢᠳᠠᠯ ᠢ ᠣᠶᠢᠯᠠᠭᠠᠬᠤ᠂ | ᠵᠡᠮᠳᠡᠭᠴᠦᠳ ᠲᠤ ᠦᠢᠯᠡᠴᠢᠯᠡᠬᠦ ᠴᠢᠳᠠᠪᠤᠷᠢ ᠪᠠᠷ ᠨᠡᠯᠢᠶᠡᠳ ᠴᠢᠩᠭ᠎ᠠ ᠲᠥᠯᠥᠭᠡᠯᠡᠭᠴᠢ ᠡᠭᠦᠷᠭᠡᠯᠡᠨ᠎ᠡ᠃ ᠰᠢᠶᠠᠨ ᠤ | ᠵᠡᠮᠳᠡᠭᠴᠦᠳ ᠤᠨ ᠬᠤᠯᠪᠣᠭᠠᠲᠤ ᠪᠠᠶᠢᠭᠤᠯᠭ᠎ᠠ ᠶᠢᠨ ᠲᠦᠷ ᠲᠤᠰᠢᠶᠠᠯ ᠡᠭᠦᠷᠭᠡᠯᠡᠬᠦ᠂ ᠲᠤᠰᠢᠶᠠᠯ ᠬᠠᠪᠰᠤᠷᠭᠠᠭᠰᠠᠨ | ᠺᠠᠳ᠋ᠷ ᠤᠨ ᠬᠠᠷᠢᠴᠠᠯ ᠢ 15 % ᠣᠷᠴᠢᠮ ᠪᠣᠯᠲᠠᠯ᠎ᠠ ᠳᠡᠭᠡᠭᠰᠢᠯᠡᠭᠦᠯᠦᠨ᠎ᠡ᠃ ᠦᠨᠳᠦᠰᠦᠨ ᠱᠠᠲᠤᠨ ᠤ | ᠵᠡᠮᠳᠡᠭᠴᠦᠳ ᠤᠨ ᠬᠤᠯᠪᠣᠭ᠎ᠠ᠂ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠤᠯᠤᠰ ᠤᠨ ᠥᠮᠴᠢᠯᠡᠯᠲᠡ ᠠᠵᠤ | ᠠᠬᠤᠶᠢᠯᠠᠯ᠂ ᠨᠠᠮ ᠵᠠᠰᠠᠭ ᠤᠨ ᠪᠠᠶᠢᠭᠤᠯᠭ᠎ᠠ ᠵᠡᠷᠭᠡ ᠨᠢᠭᠡᠴᠡ ᠪᠣᠯᠤᠨ ᠰᠢᠯᠢᠳᠡᠭ ᠵᠡᠮᠳᠡᠭᠴᠦᠳ ᠵᠢᠴᠢ ᠲᠥᠷᠥᠯ | ᠰᠠᠳᠤᠨ ᠨᠠᠶᠢᠵᠠ ᠨᠥᠬᠦᠳ᠂ ᠠᠵᠢᠯ ᠠᠴᠠ ᠪᠠᠨ ᠠᠮᠠᠷᠠᠭᠰᠠᠨ ᠺᠠᠳ᠋ᠷᠴᠤᠳ ᠤᠨ ᠳᠣᠲᠣᠷ᠎ᠠ ᠠᠴᠠ ᠲᠦᠷ ᠲᠤᠰᠢᠶᠠᠯ | ᠡᠭᠦᠷᠭᠡᠯᠡᠬᠦ᠂ ᠲᠤᠰᠢᠶᠠᠯ ᠬᠠᠪᠰᠤᠷᠭᠠᠭᠰᠠᠨ ᠺᠠᠳ᠋ᠷ ᠢ ᠰᠢᠯᠢᠨ ᠳᠡᠪᠰᠢᠭᠦᠯᠬᠦ ᠶᠢ ᠴᠢᠬᠤᠯᠠᠴᠢᠯᠠᠵᠤ᠂ ᠲᠤᠰᠢᠶᠠᠯ ᠤᠨ ᠳᠡᠰ | ᠳᠠᠪᠬᠤᠷᠭ᠎ᠠ᠂ ᠵᠡᠷᠭᠡ ᠳᠡᠰ ᠵᠡᠷᠭᠡ ᠶᠢ ᠲᠤᠰᠢᠶᠠᠯ ᠡᠭᠦᠷᠭᠡᠯᠡᠬᠦ᠂ ᠲᠤᠰᠢᠶᠠᠯ ᠬᠠᠪᠰᠤᠷᠭᠠᠭᠰᠠᠨ ᠲᠤᠰᠢᠶᠠᠯ ᠯᠤᠭ᠎ᠠ | ᠬᠤᠯᠪᠣᠭᠳᠠᠭᠤᠯᠬᠤ ᠦᠭᠡᠢ ᠪᠠᠶᠢᠬᠤ ᠬᠡᠷᠡᠭᠲᠡᠶ᠃ | 3᠂ ᠵᠡᠮᠳᠡᠭᠴᠦᠳ ᠤᠨᠬᠤᠯᠪᠤᠭᠠᠨ ᠤ ᠺᠠᠳ᠋ᠷ ᠪᠣᠯᠤᠨ ᠵᠡᠮᠳᠡᠭᠴᠦᠳ ᠤᠨ ᠰᠢᠭᠤᠳ ᠬᠠᠷᠢᠯᠴᠠᠭ᠎ᠠ ᠶᠢ | ᠨᠢᠭᠲᠠᠷᠠᠭᠤᠯᠤᠨ᠎ᠠ᠃ ᠰᠢᠶᠠᠨ ᠤ ᠵᠡᠮᠳᠡᠭᠴᠦᠳ ᠤᠨ ᠬᠤᠯᠪᠣᠭᠠᠲᠤ ᠬᠤᠷᠠᠯ ᠤᠨ ᠭᠦᠢᠴᠡᠳᠬᠡᠬᠦ ᠬᠡᠷᠡᠭ | ᠡᠷᠬᠢᠯᠡᠭᠴᠢᠳ ᠤᠨ ᠬᠤᠷᠠᠯ ᠤᠨ ᠪᠦᠷᠢᠯᠳᠦᠬᠦᠨ ᠵᠢᠯ ᠪᠦᠷᠢ ᠦᠨᠳᠦᠰᠦᠨ ᠱᠠᠲᠤᠨ ᠳᠤ ᠪᠠᠭᠤᠵᠤ ᠪᠠᠶᠢᠴᠠᠭᠠᠨ | ᠰᠤᠳᠤᠯᠤᠯᠲᠠ ᠬᠢᠬᠦ ᠳᠡᠭᠡᠨ 30 ᠡᠳᠦᠷ ᠠᠴᠠ ᠳᠤᠲᠠᠭᠤ ᠦᠭᠡᠢ ᠪᠠᠶᠢᠵᠤ᠂ ᠬᠦᠴᠢᠷᠳᠡᠯᠲᠡᠶ ᠵᠡᠮᠳᠡᠭᠴᠦᠳ ᠯᠦᠭᠡ | ᠲᠦᠷᠦᠭᠦᠯᠡᠨ ᠨᠢᠭᠲᠠ ᠬᠠᠷᠢᠯᠴᠠᠭ᠎ᠠ ᠲᠠᠢ ᠪᠠᠶᠢᠬᠤ ᠬᠡᠷᠡᠭᠲᠡᠶ᠃ ᠪᠠᠶᠢᠭᠤᠯᠭ᠎ᠠ ᠶᠢᠨ ᠳᠡᠳ᠋ ᠰᠠᠯᠠᠭᠠᠨ ᠳᠡᠰ ᠠᠴᠠ | ᠳᠡᠭᠡᠭᠰᠢᠬᠢ ᠺᠠᠳ᠋ᠷᠴᠤᠳ ᠨᠡᠶᠢᠭᠡᠮ ᠲᠣᠭᠤᠷᠢᠭ ᠤᠨ ᠵᠡᠮᠳᠡᠭᠴᠦᠳ ᠤᠨ ᠨᠡᠶᠢᠭᠡᠮᠯᠢᠭ ᠲᠠᠢ ᠬᠠᠷᠢᠯᠴᠠᠬᠤ ᠠᠵᠢᠯ ᠤᠨ | ᠳᠦᠷᠢᠮ ᠢ ᠪᠠᠶᠢᠭᠤᠯᠵᠤ᠂ ᠵᠡᠮᠳᠡᠭᠴᠦᠳ ᠢ ᠲᠤᠰᠠᠯᠠᠬᠤ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠨᠡᠶᠢᠭᠡᠮ | ᠲᠣᠭᠤᠷᠢᠭ ᠤᠨ ᠵᠣᠬᠢᠶᠠᠨ ᠪᠠᠶᠢᠭᠤᠯᠤᠯᠲᠠ ᠶᠢᠨ ᠠᠵᠢᠯᠯᠠᠭ᠎ᠠ ᠳᠤ ᠢᠳᠡᠪᠬᠢᠲᠡᠢ ᠣᠷᠣᠯᠴᠠᠬᠤ ᠬᠡᠷᠡᠭᠲᠡᠶ᠃ | 4᠂ ᠡᠯ᠎ᠡ ᠰᠢᠶᠠᠩ ᠪᠠᠯᠭᠠᠰᠤᠨ ᠤ ᠵᠡᠮᠳᠡᠭᠴᠦᠳ ᠤᠨᠬᠤᠯᠪᠤᠭᠠᠨ ᠤ ᠤᠳᠤᠷᠢᠳᠬᠤ ᠪᠠᠭ ᠢ ᠬᠠᠮᠵᠢᠨ ᠬᠠᠮᠢᠶᠠᠷᠬᠤ | ᠠᠵᠢᠯ ᠢ ᠴᠢᠩᠭᠠᠳᠬᠠᠨ᠎ᠠ᠃ ᠰᠢᠶᠠᠩ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠢ ᠬᠠᠮᠵᠢᠨ᠂ | ᠰᠢᠶᠠᠩ ᠪᠠᠯᠭᠠᠰᠤᠨ ᠤ ᠵᠡᠮᠳᠡᠭᠴᠦᠳ ᠤᠨ ᠬᠤᠯᠪᠤᠭᠠᠨ ᠤ ᠤᠳᠤᠷᠢᠳᠬᠤ ᠪᠠᠭ ᠢ ᠰᠢᠯᠢᠨ ᠰᠣᠩᠭᠤᠬᠤ᠂ | ᠲᠣᠬᠢᠷᠠᠭᠤᠯᠬᠤ᠂ ᠰᠤᠷᠭᠠᠨ ᠬᠥᠮᠦᠵᠢᠭᠦᠯᠬᠦ᠂ ᠬᠠᠮᠢᠶᠠᠷᠬᠤ ᠠᠵᠢᠯ ᠢ ᠰᠠᠶᠢᠲᠤᠷ ᠬᠢᠬᠦ ᠬᠡᠷᠡᠭᠲᠡᠶ᠃ ᠰᠢᠶᠠᠨ ᠤ | ᠵᠡᠮᠳᠡᠭᠴᠦᠳ ᠤᠨ ᠬᠤᠯᠪᠣᠭ᠎ᠠ ᠠᠴᠠ ᠰᠢᠶᠠᠩ ᠪᠠᠯᠭᠠᠰᠤ᠂ ᠲᠣᠰᠬᠤᠨ ︵ᠨᠡᠶᠢᠭᠡᠮ ᠲᠣᠭᠤᠷᠢᠭ︶ ᠤ ᠵᠡᠮᠳᠡᠭᠴᠦᠳ ᠤᠨ | ᠠᠵᠢᠯᠲᠠᠨ ᠤ ᠪᠣᠯᠪᠠᠰᠤᠷᠠᠭᠤᠯᠤᠯ ᠤᠨ ᠠᠵᠢᠯ ᠢ ᠴᠢᠩᠭᠠᠳᠬᠠᠬᠤ ᠬᠡᠷᠡᠭᠲᠡᠶ᠃ | ︵ᠭᠤᠷᠪᠠ︶ ᠵᠡᠮᠳᠡᠭᠴᠦᠳ ᠤᠨ ᠬᠤᠯᠪᠤᠭᠠᠨ ᠤ ᠵᠣᠬᠢᠶᠠᠨ ᠪᠠᠶᠢᠭᠤᠯᠤᠯᠲᠠ ᠶᠢᠨ ᠦᠢᠯᠡᠴᠢᠯᠡᠭᠡᠨ ᠤ | ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ | 1᠂ ᠦᠨᠳᠦᠰᠦᠨ ᠱᠠᠲᠤᠨ ᠤ ᠵᠡᠮᠳᠡᠭᠴᠦᠳ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ | ᠴᠢᠩᠭᠠᠷᠠᠭᠤᠯᠤᠨ᠎ᠠ᠃ ᠰᠢᠶᠠᠩ ᠪᠠᠯᠭᠠᠰᠤ ᠶᠢ ᠵᠢᠯᠣᠭᠤᠳᠤᠨ ᠠᠵᠢᠯ ᠤᠨ ᠬᠡᠷᠡᠭᠴᠡᠭᠡ ᠪᠠᠨ ᠦᠨᠳᠦᠰᠦᠯᠡᠨ ᠬᠠᠤᠯᠢ | ᠳᠦᠷᠢᠮ ᠲᠣᠭᠲᠠᠭᠠᠯ ᠶᠣᠰᠣᠭᠠᠷ ᠵᠡᠮᠳᠡᠭᠴᠦᠳ ᠤᠨ ᠬᠤᠯᠪᠤᠭᠠᠨ ᠤ ᠵᠣᠬᠢᠶᠠᠨ ᠪᠠᠶᠢᠭᠤᠯᠤᠯᠲᠠ ᠶᠢ ᠪᠦᠷᠢᠨᠰᠢᠭᠦᠯᠵᠦ᠂ | ᠲᠣᠰᠬᠤᠨ ︵ᠨᠡᠶᠢᠭᠡᠮ ᠲᠣᠭᠤᠷᠢᠭ︶ ᠵᠢᠴᠢ ᠵᠡᠮᠳᠡᠭᠴᠦᠳ ᠲᠥᠪᠯᠡᠷᠡᠭᠰᠡᠨ ᠠᠵᠤ ᠠᠬᠤᠶᠢᠯᠠᠯ ᠠᠵᠢᠯ ᠦᠢᠯᠡᠰ ᠤᠨ | ᠨᠢᠭᠡᠴᠡ ᠶᠢ ᠳᠠᠮᠵᠢᠵᠤ ᠪᠠᠶᠢᠭᠠᠳ ᠳᠦᠷᠢᠮ ᠲᠣᠭᠲᠠᠭᠠᠯ ᠶᠣᠰᠣᠭᠠᠷ ᠵᠡᠮᠳᠡᠭᠴᠦᠳ ᠤᠨ ᠨᠡᠶᠢᠭᠡᠮᠯᠢᠭ ᠪᠤᠶᠤ | ᠵᠡᠮᠳᠡᠭᠴᠦᠳ ᠤᠨ ᠳᠤᠭᠤᠶᠢᠯᠠᠩ ᠪᠠᠶᠢᠭᠤᠯᠵᠤ᠂ ᠵᠡᠮᠳᠡᠭᠴᠦᠳ ᠤᠨ ᠲᠤᠰᠬᠠᠶ ᠲᠤᠰᠢᠶᠠᠯᠲᠤ ᠭᠡᠰᠢᠭᠦᠨ ᠤ ᠦᠢᠯᠡᠳᠦᠯ ᠢ | ᠰᠠᠶᠢᠲᠤᠷ ᠪᠠᠳᠠᠷᠠᠭᠤᠯᠬᠤ ᠬᠡᠷᠡᠭᠲᠡᠶ᠃ ᠵᠡᠮᠳᠡᠭᠴᠦᠳ ᠤᠨ ᠨᠡᠯᠢᠶᠡᠳ ᠲᠥᠪᠯᠡᠷᠡᠭᠰᠡᠨ ᠰᠢᠨ᠎ᠡ ᠠᠵᠤ ᠠᠬᠤᠢ ᠶᠢᠨ | ᠵᠣᠬᠢᠶᠠᠨ ᠪᠠᠶᠢᠭᠤᠯᠤᠯᠲᠠ᠂ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠰᠢᠨ᠎ᠡ ᠵᠠᠭᠤᠴᠢᠯᠠᠭᠤᠷ ᠤᠨ ᠵᠣᠬᠢᠶᠠᠨ | ᠪᠠᠶᠢᠭᠤᠯᠤᠯᠲᠠ ᠳᠤ ᠵᠡᠮᠳᠡᠭᠴᠦᠳ ᠤᠨ ᠵᠣᠬᠢᠶᠠᠨ ᠪᠠᠶᠢᠭᠤᠯᠤᠯᠲᠠ ᠶᠢ ᠠᠮᠢᠳᠤᠯᠢᠭ ᠢᠶᠠᠷ ᠲᠣᠬᠢᠷᠠᠭᠤᠯᠬᠤ ᠶᠢ | ᠰᠦᠪᠡᠭᠴᠢᠯᠡᠵᠦ᠂ ᠵᠡᠮᠳᠡᠭᠴᠦᠳ ᠤᠨ ᠬᠠᠷᠢᠯᠴᠠᠵᠤ ᠦᠢᠯᠡᠴᠢᠯᠡᠬᠦ ᠪᠦᠬᠦᠨ ᠢ ᠬᠠᠮᠤᠷᠬᠤ ᠶᠢ ᠪᠡᠶᠡᠯᠡᠭᠦᠯᠦᠨ᠎ᠡ᠃ ᠰᠢᠶᠠᠩ | ᠪᠠᠯᠭᠠᠰᠤ ᠶᠢᠨ ᠵᠡᠮᠳᠡᠭᠴᠦᠳ ᠤᠨ ᠬᠤᠯᠪᠣᠭ᠎ᠠ ᠶᠢ ᠵᠢᠯᠣᠭᠤᠳᠴᠤ ᠰᠢᠶᠠᠩ ᠪᠠᠯᠭᠠᠰᠤ᠂ ᠲᠣᠰᠬᠤᠨ ︵ᠨᠡᠶᠢᠭᠡᠮ | ᠲᠣᠭᠤᠷᠢᠭ︶ ᠤ ᠣᠯᠠᠨ ᠨᠡᠶᠢᠲᠡ ᠶᠢᠨ ᠦᠢᠯᠡᠴᠢᠯᠡᠭᠡᠨ ᠤ ᠪᠡᠯᠡᠳᠬᠡᠮᠵᠢ ᠳᠤ ᠲᠦᠰᠢᠭᠯᠡᠨ ︽ᠵᠡᠮᠳᠡᠭᠴᠦᠳ ᠤᠨ ᠭᠡᠷ | ᠪᠦᠯᠢ︾ ᠶᠢ ᠪᠦᠲᠦᠭᠡᠨ ᠪᠠᠶᠢᠭᠤᠯᠵᠤ᠂ ᠡᠯ᠎ᠡ ᠲᠥᠷᠥᠯ ᠤᠨ ᠵᠡᠮᠳᠡᠭᠴᠦᠳ ᠤᠨ ᠦᠢᠯᠡᠴᠢᠯᠡᠭᠡᠨ ᠤ ᠪᠡᠯᠡᠳᠬᠡᠮᠵᠢ ᠶᠢ | ᠰᠠᠶᠢᠲᠤᠷ ᠬᠠᠮᠢᠶᠠᠷᠴᠤ ᠰᠠᠶᠢᠲᠤᠷ ᠬᠡᠷᠡᠭᠯᠡᠭᠦᠯᠬᠦ ᠬᠡᠷᠡᠭᠲᠡᠶ᠃ ᠰᠢᠶᠠᠩ ᠪᠠᠯᠭᠠᠰᠤᠨ ᠤ ᠵᠡᠮᠳᠡᠭᠴᠦᠳ ᠤᠨ ᠬᠤᠯᠪᠤᠭᠠᠨ ᠤ | ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠲᠣᠰᠬᠤᠨ ︵ᠨᠡᠶᠢᠭᠡᠮ ᠲᠣᠭᠤᠷᠢᠭ︶ ᠤ ︽ᠬᠤᠶᠠᠷ | ᠵᠥᠪᠯᠡᠯ︾ ᠤᠨ ᠪᠠᠭ ᠤᠨ ᠪᠦᠷᠢᠯᠳᠦᠬᠦᠨ ᠤ ᠳᠣᠲᠣᠷ᠎ᠠ ᠵᠡᠮᠳᠡᠭᠴᠦᠳ ᠤᠨ ᠠᠵᠢᠯ ᠤᠨ ᠬᠤᠪᠢᠶᠠᠷᠢᠯᠠᠯ ᠪᠣᠯᠤᠨ ᠡᠭᠦᠷᠭᠡ | ᠬᠠᠷᠢᠭᠤᠴᠠᠯᠭ᠎ᠠ ᠶᠢ ᠲᠣᠳᠣᠷᠬᠠᠶᠢᠯᠠᠬᠤ ᠬᠡᠷᠡᠭᠲᠡᠶ᠃ ᠬᠤᠸᠠᠳᠧ ᠰᠢᠶᠠᠨ ᠤ ᠰᠢᠯᠢᠳᠡᠭ ᠵᠡᠮᠳᠡᠭᠴᠦᠳ ᠤᠨ | ᠴᠢᠳᠠᠪᠤᠷᠢᠲᠠᠨ ᠤ ᠨᠥᠭᠡᠴᠡ ᠶᠢ ᠴᠢᠩᠭᠠᠳᠬᠠᠨ᠎ᠠ᠃ | 2᠂ ᠰᠢᠶᠠᠨ ᠤ ᠬᠡᠪᠴᠢᠶᠡᠨ ᠤ ᠵᠡᠮᠳᠡᠭᠴᠦᠳ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ | ᠪᠠᠶᠢᠭᠤᠯᠬᠤ ᠶᠢ ᠲᠦᠯᠬᠢᠨ ᠠᠬᠢᠭᠤᠯᠤᠨ᠎ᠠ᠃ ᠵᠡᠮᠳᠡᠭᠴᠦᠳ ᠤᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ | ᠲᠥᠯᠥᠪᠯᠡᠭᠡ ᠶᠢ ᠬᠡᠷᠡᠭᠵᠢᠭᠦᠯᠵᠦ᠂ ᠦᠢᠯᠡᠴᠢᠯᠡᠭᠡᠨ ᠤ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠶᠢ ᠲᠦᠯᠬᠢᠨ | ᠠᠬᠢᠭᠤᠯᠵᠤ᠂ ᠰᠢᠶᠠᠨ᠂ ᠰᠢᠶᠠᠩ ︵ᠪᠠᠯᠭᠠᠰᠤ︶᠂ ᠲᠣᠰᠬᠤᠨ ︵ᠨᠡᠶᠢᠭᠡᠮ ᠲᠣᠭᠤᠷᠢᠭ︶ ᠭᠤᠷᠪᠠᠨ ᠱᠠᠲᠤ | ᠬᠠᠮᠲᠤᠷᠠᠨ ᠬᠥᠳᠡᠯᠦᠯᠴᠡᠭᠰᠡᠨ ᠵᠡᠮᠳᠡᠭᠴᠦᠳ ᠤᠨ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡᠨ ᠤ ᠲᠣᠤᠷ | ᠰᠦᠯᠵᠢᠶ᠎ᠡ ᠶᠢ ᠪᠠᠶᠢᠭᠤᠯᠤᠨ᠎ᠠ᠃ ᠣᠳᠣ ᠶᠢᠨ ᠪᠠᠶᠢᠭ᠎ᠠ ᠮᠡᠳᠡᠭᠡ ᠵᠠᠩᠭᠢ ᠶᠢᠨ ᠰᠢᠰᠲ᠋ᠧᠮ ᠢ ᠨᠢᠭᠡᠳᠦᠯᠲᠡᠶ ᠲᠥᠯᠥᠪᠯᠡᠨ | ᠠᠰᠢᠭᠯᠠᠭᠰᠠᠨ ᠰᠠᠭᠤᠷᠢᠨ ᠳᠡᠭᠡᠷ᠎ᠡ᠂ ᠵᠡᠮᠳᠡᠭᠴᠦᠳ ᠤᠨ ᠦᠢᠯᠡᠴᠢᠯᠡᠬᠡᠨ ᠤ ᠬᠡᠷᠡᠭᠴᠡᠭᠡ ᠱᠠᠭᠠᠷᠳᠠᠯᠭ᠎ᠠ ᠶᠢ | ᠴᠤᠭᠯᠠᠭᠤᠯᠬᠤ ᠬᠢᠭᠡᠳ ᠦᠨᠡᠯᠡᠨ ᠵᠢᠱᠢᠬᠦ᠂ ᠦᠢᠯᠡᠴᠢᠯᠡᠭᠡᠨ ᠤ ᠡᠬᠢ ᠪᠠᠶᠠᠯᠢᠭ ᠢ ᠲᠥᠷᠥᠯ ᠬᠤᠪᠢᠶᠠᠬᠤ ᠬᠢᠭᠡᠳ | ᠬᠠᠮᠢᠶᠠᠷᠬᠤ᠂ ᠦᠢᠯᠡᠴᠢᠯᠡᠭᠡᠨ ᠤ ᠲᠥᠷᠥᠯ ᠵᠦᠢᠯ ᠬᠠᠩᠭᠠᠬᠤ ᠬᠢᠭᠡᠳ ᠰᠢᠯᠵᠢᠭᠦᠯᠦᠨ ᠲᠠᠨᠢᠯᠴᠠᠭᠤᠯᠬᠤ᠂ | ᠦᠢᠯᠡᠴᠢᠯᠡᠭᠡᠨ ᠤ ᠦᠷ᠎ᠡ ᠪᠦᠲᠦᠮᠵᠢ ᠶᠢ ᠦᠨᠡᠯᠡᠬᠦ ᠬᠢᠭᠡᠳ ᠬᠠᠷᠢᠭᠤ ᠲᠤᠰᠬᠠᠬᠤ ᠵᠡᠷᠭᠡ ᠴᠢᠳᠠᠮᠵᠢ ᠶᠢ ᠨᠢᠭᠡ | ᠴᠣᠭᠴᠠᠵᠢᠭᠤᠯᠤᠭᠰᠠᠨ ᠶᠡᠷᠦᠩᠬᠡᠶᠢᠯᠡᠭᠰᠡᠨ ᠴᠢᠨᠠᠷᠲᠠᠶ᠂ ᠦᠢᠯᠡᠴᠢᠯᠡᠭᠡᠨ ᠤ ᠲᠠᠪᠴᠠᠩ ᠪᠠᠶᠢᠭᠤᠯᠬᠤ ᠶᠢ ᠲᠦᠯᠬᠢᠨ | ᠠᠬᠢᠭᠤᠯᠵᠤ᠂ ᠦᠨᠳᠦᠰᠦᠨ ᠱᠠᠲᠤᠨ ᠤ ᠵᠡᠮᠳᠡᠭᠴᠦᠳ ᠤᠨ ᠦᠢᠯᠡᠴᠢᠯᠡᠭᠡᠨ ᠤ ᠡᠬᠢ ᠪᠠᠶᠠᠯᠢᠭ ᠲᠠᠷᠠᠬᠠᠶ ᠪᠤᠲᠠᠷᠬᠠᠶ᠂ | ᠬᠠᠮᠢᠶᠠᠷᠤᠯᠲᠠ ᠰᠠᠯᠤᠩᠭᠢᠷᠠᠭᠰᠠᠨ ᠪᠠᠶᠢᠳᠠᠯ ᠢ ᠬᠤᠪᠢᠷᠠᠭᠤᠯᠤᠨ᠂ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ ᠶᠢ | ᠪᠡᠶᠡᠯᠡᠭᠦᠯᠵᠦ᠂ ᠦᠢᠯᠡᠴᠢᠯᠡᠭᠡᠨ ᠤ ᠬᠠᠮᠲᠤᠷᠠᠨ ᠬᠥᠳᠡᠯᠦᠯᠴᠡᠬᠦ ᠶᠢ ᠠᠬᠢᠭᠤᠯᠤᠨ᠂ ᠵᠡᠮᠳᠡᠭᠴᠦᠳ ᠤᠨ ᠠᠵᠢᠯ ᠪᠠ | ᠦᠢᠯᠡᠴᠢᠯᠡᠭᠡᠨ ᠤ ︽ᠡᠴᠦᠰ ᠤᠨ ᠨᠢᠭᠡ ᠺᠢᠯᠣᠮᠧᠲᠷ︾ ᠢ ᠨᠡᠪᠲᠡᠷᠡᠭᠦᠯᠦᠨ᠂ ᠵᠡᠮᠳᠡᠭᠴᠦᠳ ᠤᠨ ᠣᠶᠢᠷ᠎ᠠ | ᠬᠠᠪᠢ ᠶᠢᠨ ᠢᠶᠠᠨ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢ ᠡᠳ᠋ᠯᠡᠬᠦ ᠳᠤ ᠳᠥᠭᠦᠮ ᠦᠵᠡᠭᠦᠯᠬᠦ ᠶᠢ ᠦᠨᠡᠨᠬᠦ | ᠪᠠᠲᠤᠯᠠᠬᠤ ᠬᠡᠷᠡᠭᠲᠡᠶ᠃ | 3᠂ ᠬᠦᠴᠢᠷᠳᠡᠯ ᠲᠠᠢ ᠵᠡᠮᠳᠡᠭᠴᠦᠳ ᠢ ᠬᠠᠪᠰᠤᠷᠤᠨ ᠲᠡᠳᠬᠦᠬᠦ ᠡᠷᠴᠢᠮ ᠢᠶᠠᠨ ᠴᠢᠩᠭᠠᠷᠠᠭᠤᠯᠤᠨ᠎ᠠ᠃ | ᠨᠡᠶᠢᠭᠡᠮ ᠤᠨ ᠠᠪᠤᠷᠠᠨ ᠲᠤᠰᠠᠯᠠᠬᠤ ᠵᠡᠷᠭᠡ ᠨᠡᠶᠢᠭᠡᠮ ᠤᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠬᠢᠭᠡᠳ | ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠲᠥᠷᠥ ᠶᠢᠨ ᠪᠣᠳᠣᠯᠭ᠎ᠠ ᠶᠢ ᠪᠦᠲᠦᠮᠵᠢᠲᠡᠶ ᠵᠣᠯᠭᠠᠭᠤᠯᠬᠤ ᠶᠢ | ᠢᠳᠡᠪᠬᠢᠲᠡᠶ ᠪᠠᠷ ᠲᠦᠯᠬᠢᠨ ᠠᠬᠢᠭᠤᠯᠵᠤ᠂ ᠬᠦᠴᠢᠷᠳᠡᠯᠲᠡᠶ ᠵᠡᠮᠳᠡᠭᠴᠦᠳ ᠲᠤ ᠳᠠᠭᠠᠷᠠᠭᠰᠠᠨ ᠬᠥᠮᠦᠨ ᠳᠤ ᠳᠠᠬᠤ | ᠬᠦᠷᠭᠡᠬᠦ ᠶᠠᠪᠤᠳᠠᠯ ᠢ ᠳᠣᠪᠤᠶᠢᠮ᠎ᠠ ᠪᠠᠶᠢᠷᠢᠨ ᠳᠤ ᠲᠠᠯᠪᠢᠵᠤ᠂ ᠬᠦᠴᠢᠷᠳᠡᠯᠲᠡᠶ ᠵᠡᠮᠳᠡᠭᠴᠦᠳ ᠤᠨ ᠪᠠᠶᠢᠳᠠᠯ ᠢ ᠴᠠᠭ | ᠲᠤᠬᠠᠶ ᠳᠤᠨᠢ ᠣᠨᠣᠪᠴᠢᠲᠠᠶ ᠡᠵᠡᠮᠰᠢᠬᠦ ᠬᠡᠷᠡᠭᠲᠡᠶ᠃ ᠬᠦᠴᠢᠷᠳᠡᠯ ᠲᠠᠢ ᠵᠡᠮᠳᠡᠭᠴᠦᠳ ᠤᠨ ᠠᠮᠢᠳᠤᠷᠠᠯ ᠤᠨ ᠨᠥᠬᠦᠪᠥᠷᠢ | ᠪᠠ ᠬᠦᠴᠢᠷᠳᠡᠯ ᠲᠠᠢ ᠵᠡᠮᠳᠡᠭᠴᠦᠳ ᠤᠨ ᠰᠤᠪᠢᠯᠠᠯᠲᠠ ᠶᠢᠨ ᠨᠥᠬᠦᠪᠥᠷᠢ ᠶᠢᠨ ᠬᠥᠳᠡᠯᠦᠩᠭᠦᠶ ᠪᠠᠶᠢᠳᠠᠯ ᠢ ᠪᠠᠶᠢᠭᠤᠯᠤᠨ᠎ᠠ᠃ | ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠲᠥᠷᠥ ᠶᠢᠨ ᠪᠣᠳᠣᠯᠭ᠎ᠠ ᠶᠢᠨ ᠳᠡᠮᠵᠢᠯᠭᠡ᠂ ᠳᠦᠷᠢᠮ ᠤᠨ | ᠪᠠᠲᠤᠯᠠᠭ᠎ᠠ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ᠂ ᠬᠤᠤᠰᠯᠠᠵᠤ ᠬᠠᠪᠰᠤᠷᠤᠨ ᠲᠡᠳᠬᠦᠬᠦ ᠵᠡᠷᠭᠡ | ᠠᠷᠭ᠎ᠠ ᠮᠠᠶ᠋ᠢᠭ ᠢᠶᠠᠷ ᠳᠠᠮᠵᠢᠭᠤᠯᠤᠨ᠂ ᠵᠡᠮᠳᠡᠭ ᠬᠡᠤᠬᠡᠳ ᠢ ᠠᠪᠤᠷᠠᠨ ᠲᠤᠰᠠᠯᠠᠬᠤ ᠳᠦᠷᠢᠮ ᠢ ᠬᠡᠷᠡᠭᠵᠢᠭᠦᠯᠵᠦ᠂ ᠵᠡᠮᠳᠡᠭ | ᠬᠡᠤᠬᠡᠳ ᠤᠨ ᠠᠯᠪᠠᠨ ᠵᠢᠷᠤᠮ ᠤᠨ ᠰᠤᠷᠭᠠᠨ ᠬᠥᠮᠦᠵᠢᠯ᠂ ᠬᠥᠳᠡᠭᠡ ᠲᠣᠰᠬᠤᠨ ᠤ ᠶᠠᠳᠠᠭᠤ ᠬᠦᠴᠢᠷᠳᠡᠯᠲᠡᠶ | ᠵᠡᠮᠳᠡᠭᠴᠦᠳ ᠢ ᠶᠠᠳᠠᠭᠤ ᠠᠴᠠ ᠨᠢ ᠠᠩᠭᠢᠵᠢᠷᠠᠭᠤᠯᠬᠤ᠂ ᠬᠦᠨᠳᠤ ᠵᠡᠮᠳᠡᠭᠴᠦᠳ ᠢ ᠨᠠᠶᠢᠳᠠᠵᠤ ᠠᠰᠠᠷᠠᠭᠤᠯᠤᠨ | ᠬᠠᠷᠠᠭᠠᠯᠵᠠᠭᠤᠯᠬᠤ᠂ ᠡᠪᠡᠳᠴᠢᠨ ᠪᠣᠯᠣᠨ ᠭᠠᠮᠰᠢᠭ ᠠᠴᠠ ᠪᠣᠯᠵᠤ ᠵᠡᠮᠳᠡᠭ ᠪᠣᠯᠣᠭᠰᠠᠨ ᠵᠡᠮᠳᠡᠭᠴᠦᠳ ᠤᠨ ᠭᠡᠷ | ᠪᠦᠯᠢ ᠶᠢ ᠠᠪᠤᠷᠠᠨ ᠲᠤᠰᠠᠯᠠᠬᠤ᠂ ᠣᠶᠤᠨ ᠤ ᠵᠡᠮᠳᠡᠭᠴᠦᠳ ᠪᠣᠯᠤᠨ ᠤᠬᠠᠭᠠᠨ ᠨᠢ ᠵᠡᠮᠳᠡᠭ ᠵᠡᠮᠳᠡᠭᠴᠦᠳ ᠤᠨ ᠭᠡᠷ | ᠪᠦᠯᠢ ᠶᠢᠨ ᠳᠡᠮᠵᠢᠯᠭᠡ᠂ ᠲᠡᠨᠦᠭᠦᠴᠢᠯᠡᠨ ᠭᠤᠶᠢᠷᠠᠨᠴᠢᠯᠠᠵᠤ ᠪᠠᠶᠢᠭ᠎ᠠ ᠵᠡᠮᠳᠡᠭᠴᠦᠳ ᠢ ᠠᠪᠤᠷᠠᠨ ᠲᠤᠰᠠᠯᠠᠬᠤ ᠵᠡᠷᠭᠡ | ᠠᠵᠢᠯ ᠤᠨ ᠡᠷᠴᠢᠮ ᠢ ᠨᠡᠮᠡᠭᠳᠡᠭᠦᠯᠬᠦ ᠬᠡᠷᠡᠭᠲᠡᠶ᠃ ᠨᠢᠭᠡ ᠭᠡᠷ ᠤᠨ ᠣᠯᠠᠨ ᠵᠡᠮᠳᠡᠭ᠂ ᠨᠠᠰᠤᠵᠢᠭᠰᠠᠨ ᠵᠡᠮᠳᠡᠭ ᠤᠨ ᠨᠢᠭᠡ | ᠴᠣᠭᠴᠠ᠂ ᠥᠨᠥᠴᠢᠨ ᠵᠡᠮᠳᠡᠭ ᠬᠦᠨᠳᠦ ᠵᠡᠮᠳᠡᠭ᠂ ᠣᠯᠠᠨ ᠳᠠᠪᠬᠤᠷ ᠵᠡᠮᠳᠡᠭ ᠵᠡᠷᠭᠡ ᠣᠨᠴᠠᠭᠠᠢ ᠬᠦᠴᠢᠷᠳᠡᠯᠲᠡᠶ | ᠵᠡᠮᠳᠡᠭᠴᠦᠳ ᠤᠨ ᠭᠡᠷ ᠪᠦᠯᠢ ᠶᠢ ᠲᠣᠭᠲᠠᠮᠠᠯ ᠬᠤᠭᠤᠴᠠᠭ᠎ᠠ ᠲᠠᠢ ᠪᠠᠷ ᠰᠤᠷᠪᠤᠯᠵᠢᠯᠠᠨ ᠦᠵᠡᠬᠦ᠂ ᠲᠥᠷᠥᠯ ᠬᠤᠪᠢᠶᠠᠨ | ᠬᠠᠷᠠᠭᠠᠯᠵᠠᠬᠤ᠂ ᠲᠤᠰᠬᠠᠶ ᠵᠦᠢᠯ ᠢᠶᠠᠷ ᠦᠢᠯᠡᠴᠢᠯᠡᠬᠦ ᠵᠡᠷᠭᠡ ᠳᠦᠷᠢᠮ ᠪᠠᠶᠢᠭᠤᠯᠬᠤ ᠶᠢ ᠠᠬᠢᠭᠤᠯᠵᠤ᠂ ᠲᠡᠳᠡᠨ ᠢ | ᠬᠠᠪᠰᠤᠷᠤᠨ ᠬᠦᠴᠢᠷᠳᠡᠯ ᠠᠴᠠ ᠨᠢ ᠭᠠᠷᠭᠠᠬᠤ ᠬᠡᠷᠡᠭᠲᠡᠶ᠃ ᠪᠡᠭᠡᠵᠢᠩ ᠥᠪᠥᠷ ᠮᠣᠩᠭᠤᠯ ᠤᠨ ᠵᠡᠮᠳᠡᠭᠴᠦᠳ ᠤᠨ | ᠬᠤᠯᠪᠤᠭᠠᠨ ᠤ ᠠᠵᠢᠯ ᠲᠥᠷᠥᠯ ᠢᠶᠠᠷ ᠢᠶᠠᠨ ᠬᠠᠪᠰᠤᠷᠤᠨ ᠲᠡᠳᠬᠦᠬᠦ ᠠᠵᠢᠯ ᠢ ᠢᠳᠡᠪᠬᠢᠲᠡᠢ ᠵᠣᠯᠭᠠᠭᠤᠯᠬᠤ ᠪᠠ | ᠠᠬᠢᠭᠤᠯᠤᠨ᠎ᠠ᠃ | 4᠂ ᠵᠡᠮᠳᠡᠭᠴᠦᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠨ᠎ᠠ᠃ ᠵᠡᠮᠳᠡᠭᠴᠦᠳ ᠤᠨ | ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠬᠠᠤᠯᠢ ᠴᠠᠭᠠᠵᠠ ᠬᠠᠤᠯᠢ ᠲᠣᠭᠲᠠᠭᠠᠯ ᠪᠠ ᠣᠯᠠᠨ ᠨᠡᠶᠢᠲᠡ ᠶᠢᠨ | ᠲᠥᠷᠦ ᠶᠢᠨ ᠪᠣᠳᠣᠯᠭ᠎ᠠ ᠶᠢ ᠲᠡᠭᠦᠯᠳᠡᠷᠵᠢᠭᠦᠯᠬᠦ ᠶᠢ ᠲᠦᠯᠬᠢᠨ ᠠᠬᠢᠭᠤᠯᠵᠤ᠂ ᠵᠡᠮᠳᠡᠭᠴᠦᠳ ᠤᠨ ᠡᠷᠬᠡ ᠠᠰᠢᠭ ᠢ | ᠪᠠᠲᠤᠯᠠᠬᠤ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠦᠨ᠎ᠡ᠃ ᠵᠡᠮᠳᠡᠭᠴᠦᠳ ᠤᠨ ᠠᠷᠠᠳᠴᠢᠯᠠᠯ ᠢᠶᠠᠷ | ᠵᠥᠪᠳᠡᠯᠴᠡᠬᠦ ᠳᠤ ᠡᠮᠬᠢ ᠵᠢᠷᠤᠮ ᠲᠠᠢ ᠪᠠᠷ ᠣᠷᠣᠯᠴᠠᠬᠤ ᠶᠢ ᠲᠦᠯᠬᠢᠨ ᠠᠬᠢᠭᠤᠯᠵᠤ᠂ ᠬᠠᠤᠯᠢ ᠴᠠᠭᠠᠵᠠ ᠬᠠᠤᠯᠢ | ᠲᠣᠭᠲᠠᠭᠠᠯ ᠶᠣᠰᠣᠭᠠᠷ ᠪᠤᠶᠤ ᠵᠠᠰᠠᠭ ᠤᠨ ᠣᠷᠳᠣᠨ ᠤ ᠨᠠᠶᠢᠳᠠᠯᠭ᠎ᠠ ᠶᠢ ᠬᠦᠯᠢᠶᠡᠨ ᠵᠡᠮᠳᠡᠭᠴᠦᠳ ᠤᠨ ᠡᠷᠡᠭᠦᠯᠵᠢᠯ᠂ | ᠨᠠᠶᠢᠳᠠᠨ ᠠᠰᠠᠷᠠᠭᠤᠯᠬᠤ᠂ ᠠᠪᠤᠷᠠᠨ ᠲᠤᠰᠠᠯᠠᠬᠤ ᠵᠡᠷᠭᠡ ᠡᠯ᠎ᠡ ᠲᠥᠷᠥᠯ ᠤᠨ ᠦᠢᠯᠡᠴᠢᠯᠡᠭᠡᠨ ᠤ ᠪᠠᠶᠢᠭᠤᠯᠤᠮᠵᠢ ᠳᠠᠬᠢ | ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠬᠤ ᠬᠡᠷᠡᠭᠲᠡᠶ᠃ ᠵᠡᠮᠳᠡᠭᠴᠦᠳ ᠤᠨ ᠬᠤᠯᠪᠣᠭ᠎ᠠ ᠬᠢᠭᠡᠳ ᠰᠢᠭᠦᠬᠦ ᠬᠤᠷᠢᠶ᠎ᠠ᠂ | ᠪᠠᠶᠢᠴᠠᠭᠠᠬᠤ ᠬᠤᠷᠢᠶ᠎ᠠ᠂ ᠳᠣᠲᠣᠭᠠᠳᠤ ᠶᠢ ᠬᠠᠮᠠᠭᠠᠯᠠᠬᠤ᠂ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ | ᠪᠠᠶᠢᠭᠤᠯᠭ᠎ᠠ ᠶᠢᠨ ᠬᠤᠭᠤᠷᠣᠨᠳᠣᠬᠢ ᠨᠡᠪᠲᠡᠷᠡᠯᠴᠡᠬᠦ ᠲᠣᠭᠲᠠᠴᠠ ᠪᠣᠯᠤᠨ ᠵᠥᠪᠳᠡᠯᠴᠡᠬᠦ ᠠᠷᠭ᠎ᠠ ᠵᠠᠮ ᠢ ᠪᠠᠶᠢᠭᠤᠯᠤᠨ | ᠪᠦᠷᠢᠨᠰᠢᠭᠦᠯᠵᠦ᠂ ᠵᠡᠮᠳᠡᠭ ᠲᠤᠬᠠᠶ ᠶᠢᠨ ᠬᠥᠮᠦᠨ ᠤ ᠬᠠᠤᠯᠢ ᠴᠠᠭᠠᠵᠠ ᠶᠢᠨ ᠲᠤᠰᠠᠯᠠᠮᠵᠢ᠂ ᠬᠠᠤᠯᠢ ᠴᠠᠭᠠᠵᠠ ᠶᠢᠨ | ᠲᠤᠰᠠᠯᠠᠮᠵᠢ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠶᠢ ᠲᠦᠯᠬᠢᠨ ᠠᠬᠢᠭᠤᠯᠵᠤ᠂ ᠬᠠᠤᠯᠢ ᠴᠠᠭᠠᠵᠠ ᠶᠢᠨ | ᠪᠠᠶᠢᠭᠤᠯᠭ᠎ᠠ ᠲᠠᠢ ᠬᠠᠮᠵᠢᠯᠴᠠᠨ ᠵᠡᠮᠳᠡᠭᠴᠦᠳ ᠲᠤ ᠬᠤᠯᠪᠣᠭᠳᠠᠬᠤ ᠵᠥᠷᠢᠴᠡᠯ ᠵᠢᠭᠤᠷᠠᠯᠳᠤᠭᠠᠨ ᠢ ᠣᠯᠠᠨ ᠡᠰᠢᠵᠢᠭᠦᠯᠦᠨ | ᠰᠢᠢᠳᠪᠤᠷᠢᠯᠡᠬᠦ ᠲᠣᠭᠲᠠᠴᠠ ᠶᠢ ᠲᠡᠭᠦᠯᠳᠡᠷᠵᠢᠭᠦᠯᠵᠦ᠂ ᠵᠡᠮᠳᠡᠭᠴᠦᠳ ᠤᠨ ᠬᠠᠤᠯᠢ ᠶᠣᠰᠣᠨ ᠤ ᠡᠷᠬᠡ ᠠᠰᠢᠭ ᠢ ᠴᠠᠭ | ᠲᠤᠬᠠᠶ ᠳᠤᠨᠢ ᠬᠠᠤᠯᠢ ᠶᠣᠰᠣᠨ ᠤ ᠠᠷᠭ᠎ᠠ ᠵᠠᠮ᠂ ᠬᠡᠪ ᠤᠨ ᠠᠷᠭ᠎ᠠ ᠵᠠᠮ ᠢᠶᠠᠷ ᠳᠠᠮᠵᠢᠭᠤᠯᠤᠨ ᠬᠠᠮᠠᠭᠠᠯᠠᠬᠤ ᠶᠢ ᠦᠨᠡᠨᠬᠦ | ᠪᠠᠲᠤᠯᠠᠬᠤ ᠬᠡᠷᠡᠭᠲᠡᠶ᠃ ︽12385︾ ᠵᠡᠮᠳᠡᠭᠴᠦᠳ ᠤᠨ ᠦᠢᠯᠡᠴᠢᠯᠡᠭᠡᠨ ᠤ ᠬᠠᠯᠠᠮᠰᠢᠯ ᠤᠲᠠᠰᠤ᠂ | ᠵᠡᠮᠳᠡᠭᠴᠦᠳ ᠤᠨ ᠵᠠᠬᠢᠳᠠᠯ ᠰᠤᠷᠪᠤᠯᠵᠢᠯᠠᠯ ᠤᠨ ᠰᠦᠯᠵᠢᠶᠡᠨ ᠳᠡᠭᠡᠷᠡᠬᠢ ᠦᠢᠯᠡᠴᠢᠯᠡᠭᠡᠨ ᠤ ᠲᠠᠪᠴᠠᠩ ᠵᠡᠷᠭᠡ | ᠠᠴᠢᠶᠠᠯᠠᠪᠤᠷᠢ ᠶᠢᠨ ᠦᠢᠯᠡᠳᠦᠯ ᠢ ᠪᠠᠳᠠᠷᠠᠭᠤᠯᠵᠤ᠂ ᠵᠦᠶ ᠵᠣᠬᠢᠰᠲᠠᠶ ᠬᠦᠰᠡᠯ ᠱᠠᠭᠠᠷᠳᠠᠯᠭ᠎ᠠ ᠶᠢ ᠲᠤᠬᠠᠶ ᠶᠢᠨ | ᠭᠠᠵᠠᠷ ᠲᠤᠨᠢ ᠭᠥᠯᠢᠶᠡᠨ ᠠᠪᠴᠤ ᠰᠢᠢᠳᠪᠤᠷᠢᠯᠡᠬᠦ ᠶᠢ ᠠᠬᠢᠭᠤᠯᠤᠨ᠎ᠠ᠃ ᠵᠡᠮᠳᠡᠭᠴᠦᠳ ᠢ ᠬᠥᠲᠥᠯᠥᠨ ᠵᠢᠯᠣᠭᠤᠳᠴᠤ | ᠪᠠᠶᠢᠭᠠᠳ ᠬᠠᠤᠯᠢ ᠶᠢ ᠬᠦᠨᠳᠦᠳᠬᠡᠬᠦ᠂ ᠬᠠᠤᠯᠢ ᠶᠢ ᠰᠤᠷᠬᠤ᠂ ᠬᠠᠤᠯᠢ ᠶᠢ ᠰᠠᠬᠢᠬᠤ᠂ ᠬᠠᠤᠯᠢ ᠶᠢ ᠬᠡᠷᠡᠭᠯᠡᠬᠦ ᠪᠣᠯᠭᠠᠵᠤ᠂ | ᠲᠤᠰ ᠪᠡᠶ᠎ᠡ ᠶᠢᠨ ᠡᠷᠬᠡ ᠠᠰᠢᠭ ᠢᠶᠠᠨ ᠬᠠᠤᠯᠢ ᠶᠣᠰᠣᠭᠠᠷ ᠬᠠᠮᠠᠭᠠᠯᠠᠨ᠎ᠠ᠃ | ︵ᠳᠥᠷᠪᠡ︶ ᠪᠦᠬᠦ ᠲᠠᠯ᠎ᠠ ᠳᠤ ᠦᠢᠯᠡᠴᠢᠯᠡᠬᠦ ᠴᠢᠳᠠᠪᠤᠷᠢ ᠪᠣᠯᠤᠨ ᠬᠢᠷᠢ ᠬᠡᠮᠵᠢᠶ᠎ᠡ ᠪᠠᠨ ᠳᠡᠭᠡᠭᠰᠢᠯᠡᠭᠦᠯᠬᠦ | ᠬᠡᠷᠡᠭᠲᠡᠶ | 1᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠤᠷᠢᠲᠤ ᠢᠯᠠᠯᠲᠠ ᠶᠢ ᠣᠯᠬᠤ ᠳᠤ ᠵᠢᠳᠭᠦᠯ | ᠭᠠᠷᠭᠠᠨ᠎ᠠ᠃ ᠮᠠᠨ ᠤ ᠰᠢᠶᠠᠨ ᠤ ᠵᠡᠮᠳᠡᠭᠴᠦᠳ ᠤᠨ ᠡᠷᠡᠭᠦᠯᠵᠢᠯ᠂ ᠠᠵᠢᠯ ᠣᠯᠭᠤᠯᠲᠠ᠂ ᠨᠠᠶᠢᠳᠠᠨ ᠲᠡᠵᠢᠭᠡᠯᠭᠡᠬᠦ᠂ | ᠰᠤᠷᠭᠠᠨ ᠬᠥᠮᠦᠵᠢᠯ᠂ ᠰᠣᠶᠣᠯ ᠪᠡᠶ᠎ᠡ ᠶᠢᠨ ᠲᠠᠮᠢᠷ᠂ ᠬᠠᠷᠰᠢ ᠰᠠᠭᠠᠳ ᠦᠭᠡᠢ ᠣᠷᠴᠢᠨ ᠲᠣᠭᠤᠷᠢᠨ᠂ ᠨᠡᠶᠢᠭᠡᠮᠴᠢᠯᠡᠨ | ᠵᠡᠮᠳᠡᠭᠴᠦᠳ ᠢ ᠲᠤᠰᠠᠯᠠᠬᠤ᠂ ᠬᠠᠤᠯᠢ ᠴᠠᠭᠠᠵᠠ ᠶᠢᠨ ᠡᠷᠬᠡ ᠪᠠᠨ ᠬᠠᠮᠠᠭᠠᠯᠠᠬᠤ ᠵᠡᠷᠭᠡ ᠣᠯᠠᠨ ᠨᠡᠶᠢᠲᠡ ᠶᠢᠨ | ᠦᠢᠯᠡᠴᠢᠯᠡᠭᠡᠨ ᠤ ᠲᠣᠤᠷ ᠢ ᠨᠢᠭᠲᠠ ᠪᠣᠯᠭᠠᠵᠤ᠂ ᠵᠡᠮᠳᠡᠭᠴᠦᠳ ᠤᠨ ᠨᠡᠶᠢᠭᠡᠮ ᠤᠨ ᠪᠠᠲᠤᠯᠠᠭ᠎ᠠ ᠪᠠ ᠣᠯᠠᠨ | ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠳᠦᠷᠢᠮ ᠢ ᠤᠯᠠᠮ ᠨᠢᠭᠡ ᠠᠯᠬᠤᠮ ᠪᠦᠷᠢᠨ ᠪᠣᠯᠭᠠᠨ | ᠲᠡᠭᠦᠯᠳᠡᠷᠵᠢᠭᠦᠯᠵᠦ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠳᠤᠲᠠᠭᠤᠳᠠᠯ ᠢ ᠨᠥᠬᠦᠪᠥᠷᠢᠯᠡᠨ᠎ᠡ᠃ | ᠵᠡᠮᠳᠡᠭᠴᠦᠳ ᠤᠨ ᠣᠨᠴᠠᠭᠠᠢ ᠰᠤᠷᠭᠠᠨ ᠬᠥᠮᠦᠵᠢᠯ ᠪᠣᠯᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠳᠡᠮᠵᠢᠬᠦ | ᠡᠷᠴᠢᠮ ᠢᠶᠠᠨ ᠨᠡᠮᠡᠭᠳᠡᠭᠦᠯᠵᠦ᠂ ︽ᠢᠨᠲ᠋ᠧᠷ ᠰᠦᠯᠵᠢᠶ᠎ᠡ +︾ ᠳᠤ ᠲᠦᠰᠢᠭᠯᠡᠨ ᠵᠡᠮᠳᠡᠭᠴᠦᠳ ᠲᠤ ᠠᠵᠢᠯ | ᠣᠯᠭᠤᠬᠤ ᠶᠢ ᠲᠡᠳᠬᠦᠵᠦ᠂ ᠵᠡᠮᠳᠡᠭᠴᠦᠳ ᠤᠨ ᠪᠥᠬᠦᠳᠡ ᠣᠯᠠᠨ ᠢᠶᠠᠷ ᠢᠶᠠᠨ ᠠᠳᠠᠯ ᠦᠢᠯᠡᠰ ᠴᠣᠭᠴᠠᠯᠠᠵᠤ᠂ ᠲᠦᠮᠡᠨ | ᠣᠯᠠᠨ ᠢᠶᠠᠷ ᠢᠶᠠᠨ ᠰᠢᠨ᠎ᠡ ᠶᠢ ᠡᠭᠦᠳᠬᠦ ᠳᠤ ᠣᠷᠣᠯᠴᠠᠬᠤ ᠶᠢ ᠲᠦᠯᠬᠢᠨ ᠠᠬᠢᠭᠤᠯᠤᠨ᠎ᠠ᠃ ᠵᠡᠮᠳᠡᠭᠴᠦᠳ ᠤᠨ | ᠡᠷᠡᠭᠦᠯᠵᠢᠯ᠂ ᠨᠠᠶᠢᠳᠠᠨ ᠲᠡᠵᠢᠭᠡᠯᠭᠡᠬᠦ᠂ ᠲᠤᠰᠠᠯᠠᠬᠤ ᠪᠠᠭᠠᠵᠢ ᠬᠡᠷᠡᠭᠰᠡᠯ ᠵᠡᠷᠭᠡ ᠦᠢᠯᠡᠴᠢᠯᠡᠭᠡᠨ ᠤ ᠦᠢᠯᠡᠰ ᠪᠠ ᠠᠵᠤ | ᠦᠢᠯᠡᠰ ᠤᠨ ᠬᠥᠭᠵᠢᠯᠲᠡ ᠶᠢ ᠶᠡᠬᠡᠪᠡᠷ ᠲᠦᠯᠬᠢᠨ ᠠᠬᠢᠭᠤᠯᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ | ᠴᠢᠨᠠᠷᠲᠠᠶ ᠥᠭᠡᠷᠡᠴᠢᠯᠡᠯᠲᠡ ᠶᠢ ᠲᠦᠯᠬᠢᠨ ᠠᠬᠢᠭᠤᠯᠤᠨ᠎ᠠ᠃ ᠵᠡᠮᠳᠡᠭᠴᠦᠳ ᠤᠨ ᠶᠠᠳᠠᠭᠤ ᠶᠢ ᠲᠡᠳᠬᠦᠬᠦ ᠠᠷᠭ᠎ᠠ | ᠮᠠᠶ᠋ᠢᠭ ᠤᠨ ᠲᠠᠯ᠎ᠠ ᠪᠠᠷ ᠰᠢᠨ᠎ᠡ ᠶᠢ ᠡᠭᠦᠳᠴᠦ᠂ ᠵᠡᠮᠳᠡᠭᠴᠦᠳ ᠤᠨ ᠶᠠᠳᠠᠭᠤ ᠠᠴᠠ ᠠᠩᠭᠢᠵᠢᠷᠠᠭᠤᠯᠤᠨ ᠪᠣᠭᠤᠮᠲᠠ | ᠰᠢᠪᠲᠤᠯᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠲᠦᠯᠬᠢᠨ ᠠᠬᠢᠭᠤᠯᠵᠤ᠂ ᠶᠠᠳᠠᠭᠤ ᠬᠦᠴᠢᠷᠳᠡᠯᠲᠡᠶ | ᠵᠡᠮᠳᠡᠭᠴᠦᠳ ᠢ ᠪᠠᠭᠤᠷᠠᠶ ᠬᠠᠮᠲᠤᠯᠢᠭ ᠤᠨ ᠪᠣᠭᠤᠮᠲᠠᠰᠢᠪᠲᠤᠯᠤᠯᠲᠠ ᠵᠢᠨᠭᠤᠤᠯᠳᠠᠯᠭᠠ ᠪᠣᠯᠭᠠᠵᠤ᠂ ᠨᠡᠶᠢᠭᠡᠮ ᠤᠨ ᠡᠯ᠎ᠡ | ᠲᠠᠯ᠎ᠠ ᠶᠢᠨ ᠬᠦᠴᠦᠨ ᠢ ᠳᠠᠶᠢᠴᠢᠯᠠᠨ ᠥᠷᠭᠡᠨ ᠢᠶᠠᠷ ᠣᠷᠣᠯᠴᠠᠭᠤᠯᠵᠤ᠂ ︽ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ | ᠪᠠᠶᠢᠭᠤᠯᠤᠨ ᠪᠦᠲᠦᠭᠡᠬᠦ ᠳᠤ ᠨᠢᠭᠡ ᠶᠢ ᠴᠦ ᠣᠷᠬᠢᠭᠳᠠᠭᠤᠯᠬᠤ ᠦᠭᠡᠢ︾ ᠪᠠᠶᠢᠬᠤ ᠶᠢ ᠦᠨᠡᠨ ᠬᠦ ᠪᠠᠲᠤᠯᠠᠨ᠎ᠠ᠃ | 2᠂ ᠨᠡᠶᠢᠭᠡᠮ ᠤᠨ ᠪᠣᠯᠪᠠᠰᠤᠨ ᠤ ᠳᠠᠪᠰᠢᠯᠲᠠ ᠶᠢ ᠴᠢᠷᠮᠠᠶᠢᠨ ᠠᠬᠢᠭᠤᠯᠤᠨ᠎ᠠ᠃ ᠴᠠᠭ ᠦᠶ᠎ᠡ ᠶᠢ | ᠴᠤᠤᠷᠢᠶᠠᠲᠤᠭᠤᠯᠵᠤ᠂ ᠥᠷᠭᠡᠨ ᠣᠯᠠᠨ ᠵᠡᠮᠳᠡᠭᠴᠦᠳ ᠢ ᠬᠥᠲᠥᠯᠥᠨ ᠵᠢᠯᠣᠭᠤᠳᠴᠤ ᠪᠠᠶᠢᠭᠠᠳ ᠠᠮᠢᠳᠤᠷᠠᠬᠤᠶ ᠶᠢᠨ | ᠵᠡᠭᠦᠳᠦ ᠪᠠᠨ ᠲᠡᠷᠭᠡᠯᠰᠢᠭᠦᠯᠬᠦ ᠶᠢ ᠳᠤᠮᠳᠠᠳᠤ ᠶᠢᠨ ᠵᠡᠭᠦᠳᠦ ᠶᠢᠨ ᠠᠭᠤᠤ ᠶᠡᠭᠡ ᠦᠢᠯᠡᠳᠦᠯᠭᠡ ᠳᠤ ᠠᠭᠤᠰᠤᠯᠴᠠᠭᠤᠯᠵᠤ᠂ | ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠡᠷᠲᠡᠬᠡᠨ | ᠲᠡᠷᠭᠡᠯᠰᠢᠭᠦᠯᠬᠦ ᠶᠢ ᠬᠠᠮᠲᠤᠪᠠᠷ ᠠᠬᠢᠭᠤᠯᠤᠨ᠎ᠠ᠃ ᠮᠠᠨ ᠤ ᠰᠢᠶᠠᠨ ᠤ ᠵᠡᠮᠳᠡᠭᠴᠦᠳ ᠤᠨ ᠤᠬᠠᠭᠤᠯᠭ᠎ᠠ ᠰᠣᠶᠣᠯ ᠤᠨ | ᠦᠢᠯᠡᠰ ᠢ ᠶᠡᠬᠡᠪᠡᠷ ᠬᠥᠭᠵᠢᠭᠦᠯᠵᠦ᠂ ᠡᠯ᠎ᠡ ᠲᠥᠷᠥᠯ ᠤᠨ ᠵᠠᠭᠤᠴᠢ ᠪᠠᠷ ᠳᠠᠮᠵᠢᠭᠤᠯᠤᠨ᠂ ᠵᠡᠮᠳᠡᠭᠴᠦᠳ ᠤᠨ | ᠠᠮᠢᠳᠤᠷᠠᠯ ᠢ ᠲᠤᠰᠬᠠᠵᠤ᠂ ᠵᠡᠮᠳᠡᠭᠴᠦᠳ ᠤᠨ ᠦᠢᠯᠡᠰ ᠢ ᠤᠬᠠᠭᠤᠯᠵᠤ᠂ ᠵᠡᠮᠳᠡᠭᠴᠦᠳ ᠤᠨ ᠦᠵᠡᠯ ᠰᠠᠨᠠᠭ᠎ᠠ ᠪᠣᠯᠤᠨ | ᠣᠳᠣ ᠦᠶ᠎ᠡ ᠶᠢᠨ ᠪᠣᠯᠪᠠᠰᠤᠨ ᠨᠡᠶᠢᠭᠡᠮ ᠤᠨ ᠵᠡᠮᠳᠡᠭᠴᠦᠳ ᠤᠨ ᠦᠵᠡᠯᠲᠡ ᠥᠷᠭᠡᠨ ᠢᠶᠠᠷ ᠤᠯᠠᠮᠵᠢᠯᠠᠨ᠂ ᠨᠡᠶᠢᠭᠡᠮ | ᠵᠢᠷᠤᠮ ᠤᠨ ᠭᠤᠣᠯᠯᠠᠬᠤ ᠥᠷᠲᠡᠭ ᠤᠨ ᠦᠵᠡᠯᠲᠡ ᠶᠢ ᠦᠢᠯᠡᠳᠦᠯᠭᠡᠵᠢᠭᠦᠯᠵᠦ᠂ ᠵᠡᠮᠳᠡᠭᠴᠦᠳ ᠢ ᠣᠶᠢᠯᠠᠭᠠᠬᠤ᠂ | ᠬᠦᠨᠳᠦᠳᠬᠡᠬᠦ᠂ ᠬᠠᠯᠠᠮᠵᠢᠯᠠᠬᠤ᠂ ᠬᠠᠪᠰᠤᠷᠬᠤ ᠨᠡᠶᠢᠭᠡᠮ ᠤᠨ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠢ᠃ | ᠵᠡᠮᠳᠡᠭᠴᠦᠳ ᠤᠨ ᠣᠶᠤᠨ ᠰᠠᠨᠠᠭ᠎ᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠵᠡᠮᠳᠡᠭᠴᠦᠳ ᠤᠨ ᠰᠣᠶᠣᠯ | ᠪᠡᠶ᠎ᠡ ᠲᠠᠮᠢᠷ ᠤᠨ ᠠᠵᠢᠯᠯᠠᠭ᠎ᠠ ᠶᠢ ᠥᠷᠨᠢᠭᠦᠯᠦᠨ᠎ᠡ᠃ ᠪᠦᠬᠦ ᠤᠯᠤᠰ᠂ ᠪᠦᠬᠦ ᠣᠷᠣᠨ ᠤ ᠵᠢᠱᠢᠶᠡᠴᠢ ᠪᠣᠯᠤᠨ | ᠵᠡᠮᠳᠡᠭᠴᠦᠳ ᠢ ᠲᠤᠰᠠᠯᠠᠭᠰᠠᠨ ᠲᠡᠷᠢᠭᠦᠨ ᠤ ᠪᠠᠲᠤᠯᠠᠨ ᠲᠠᠨᠢᠯᠴᠠᠭᠤᠯᠬᠤ ᠠᠷᠭ᠎ᠠ ᠮᠠᠶ᠋ᠢᠭ ᠤᠨ ᠰᠢᠨ᠎ᠡ ᠶᠢ ᠡᠭᠦᠳᠬᠦ ᠪᠠ | ᠰᠠᠶᠢᠵᠢᠷᠠᠭᠤᠯᠵᠤ᠂ ᠪᠠᠲᠤᠯᠠᠨ ᠲᠠᠨᠢᠯᠴᠠᠭᠤᠯᠤᠭᠰᠠᠨ ᠨᠥᠯᠥᠭᠡᠯᠡᠬᠦ ᠬᠦᠴᠦᠨ᠂ ᠣᠯᠠᠨ ᠨᠡᠶᠢᠲᠡ ᠶᠢ ᠢᠲᠡᠭᠡᠭᠦᠯᠬᠦ | ᠬᠦᠴᠦᠨ᠂ ᠰᠡᠳᠬᠢᠭᠳᠡᠯ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠵᠡᠮᠳᠡᠭᠴᠦᠳ ᠤᠨ ᠵᠣᠷᠢᠭ ᠰᠠᠨᠠᠭ᠎ᠠ ᠶᠢ | ᠪᠠᠳᠠᠷᠠᠭᠤᠯᠵᠤ᠂ ᠵᠡᠮᠳᠡᠭᠴᠦᠳ ᠢ ᠲᠤᠰᠠᠯᠠᠬᠤ ᠶᠠᠪᠤᠳᠠᠯ ᠢ ᠨᠡᠶᠢᠭᠡᠮ ᠤᠨ ᠬᠡᠪ ᠰᠤᠷᠲᠠᠯ ᠪᠣᠯᠭᠠᠨ᠎ᠠ᠃ ᠬᠠᠷᠰᠢ ᠰᠠᠭᠠᠳ | ᠦᠭᠡᠢ ᠪᠠᠶᠢᠬᠤ ᠣᠶᠢᠯᠠᠭᠠᠭᠳᠠᠬᠤᠨ ᠢ ᠲᠦᠭᠡᠮᠡᠯᠵᠢᠭᠦᠯᠵᠦ᠂ ᠬᠠᠷᠰᠢ ᠰᠠᠭᠠᠳ ᠦᠭᠡᠢ ᠪᠠᠶᠢᠬᠤ ᠣᠷᠴᠢᠨ | ᠨᠥᠬᠦᠴᠡᠯ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠪᠣᠯᠪᠠᠰᠤᠨ ᠡᠶ᠎ᠡ ᠵᠣᠬᠢᠴᠠᠯ ᠲᠠᠢ | ᠨᠡᠶᠢᠭᠡᠮ ᠤᠨ ᠣᠷᠴᠢᠨ ᠨᠥᠬᠦᠴᠡᠯ ᠢ ᠬᠠᠮᠲᠤ ᠪᠠᠷ ᠪᠤᠢ ᠪᠣᠯᠭᠠᠨ᠎ᠠ᠃ ᠣᠨᠴᠠᠭᠠᠢ ᠤᠷᠠᠯᠢᠭ ᠤᠨ ᠬᠥᠭᠵᠢᠯᠲᠡ ᠶᠢ | ᠶᠡᠬᠡᠪᠡᠷ ᠲᠦᠯᠬᠢᠨ ᠠᠬᠢᠭᠤᠯᠵᠤ᠂ ᠬᠤᠸᠠᠳᠧ ᠶᠢᠨ ᠣᠨᠴᠠᠯᠢᠭ ᠪᠦᠬᠦᠢ ᠰᠣᠶᠣᠯ ᠤᠷᠠᠯᠢᠭ ᠤᠨ ᠲᠥᠷᠥᠯ ᠲᠡᠮᠳᠡᠭ ᠢ | ᠴᠢᠷᠮᠠᠶᠢᠨ ᠪᠤᠢ ᠪᠣᠯᠭᠠᠵᠤ᠂ ᠵᠡᠮᠳᠡᠭ ᠬᠥᠮᠦᠰ ᠲᠤ ᠨᠡᠶᠢᠲᠡ ᠶᠢᠨ ᠠᠰᠠᠷᠠᠮᠵᠢ ᠶᠢᠨ ᠴᠢᠨᠠᠷ ᠰᠠᠶᠢᠲᠠᠶ ᠰᠣᠶᠣᠯ ᠤᠨ | ᠦᠢᠯᠡᠴᠢᠯᠡᠭᠡᠨ ᠬᠠᠩᠭᠠᠨ᠎ᠠ᠃ | 3᠂ ᠵᠡᠮᠳᠡᠭᠴᠦᠳ ᠤᠨ ᠶᠠᠪᠤᠳᠠᠯ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠴᠢᠩᠭᠠᠳᠬᠠᠨ᠎ᠠ᠃ ᠠᠬ᠎ᠠ ᠳᠡᠭᠦᠤ | ᠬᠤᠰᠢᠭᠤ ᠰᠢᠶᠠᠨ ᠤ ᠵᠡᠮᠳᠡᠭᠴᠦᠳ ᠤᠨ ᠬᠤᠯᠪᠣᠭᠠᠲᠤ ᠬᠤᠷᠠᠯ ᠪᠣᠯᠤᠨ ᠵᠡᠮᠳᠡᠭᠴᠦᠳ ᠤᠨ ᠦᠢᠯᠡᠴᠢᠯᠡᠭᠡᠨ ᠤ | ᠪᠠᠶᠢᠭᠤᠯᠤᠮᠵᠢ ᠯᠤᠭ᠎ᠠ ᠶᠢᠨ ᠬᠤᠷᠰᠢᠯᠴᠠᠨ ᠰᠣᠯᠢᠯᠴᠠᠬᠤ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠣᠷᠣᠨ | ᠪᠦᠰᠡ ᠶᠢᠨ ᠬᠠᠷᠢᠯᠴᠠᠨ ᠶᠠᠪᠤᠯᠴᠠᠬᠤ᠂ ᠠᠵᠢᠯ ᠤᠨ ᠬᠠᠷᠢᠯᠴᠠᠨ ᠬᠥᠳᠡᠯᠦᠯᠴᠡᠬᠦ᠂ ᠡᠬᠢ ᠪᠠᠶᠠᠯᠢᠭ ᠢ ᠬᠠᠮᠲᠤᠪᠠᠷ ᠡᠳ᠋ᠯᠡᠬᠦ | ᠶᠢ ᠢᠳᠡᠪᠬᠢᠲᠡᠢ ᠪᠠᠷ ᠠᠬᠢᠭᠤᠯᠤᠨ᠂ ᠵᠡᠮᠳᠡᠭᠴᠦᠳ ᠤᠨ ᠠᠵᠤ ᠦᠢᠯᠡᠰ ᠤᠨ ᠬᠤᠷᠰᠢᠯᠴᠠᠨ ᠰᠣᠯᠢᠯᠴᠠᠬᠤ | ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ | ︵ᠲᠠᠪᠤ︶ ᠵᠡᠮᠳᠡᠭᠴᠦᠳ ᠤᠨ ᠠᠵᠢᠯ ᠤᠨ ᠠᠴᠢᠶᠠᠯᠠᠪᠤᠷᠢ ᠪᠠ ᠠᠷᠭ᠎ᠠ ᠮᠠᠶ᠋ᠢᠭ ᠤᠨ ᠰᠢᠨ᠎ᠡ ᠶᠢ ᠡᠭᠦᠳᠬᠦ ᠬᠡᠷᠡᠭᠲᠡᠶ | 1᠂ ᠵᠡᠮᠳᠡᠭᠴᠦᠳ ᠤᠨ ᠲᠣᠮᠣ ᠳ᠋ᠠᠶᠢᠲ᠋ᠠ ᠶᠢᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ | ᠵᠡᠮᠳᠡᠭᠴᠦᠳ ᠤᠨ ᠦᠨᠳᠦᠰᠦᠨ ᠦᠢᠯᠡᠴᠢᠯᠡᠭᠡᠨ ᠤ ᠪᠠᠶᠢᠳᠠᠯ ᠪᠠ ᠬᠡᠷᠡᠭᠴᠡᠭᠡ ᠱᠠᠭᠠᠷᠳᠠᠯᠭ᠎ᠠ ᠶᠢ ᠪᠦᠬᠦ ᠲᠠᠯ᠎ᠠ ᠪᠠᠷ | ᠦᠨᠡᠨ ᠪᠣᠳᠠᠲᠠᠶ ᠪᠠᠷ ᠡᠵᠡᠮᠰᠢᠵᠦ᠂ ᠲᠤᠭ᠎ᠠ ᠪᠠᠷᠢᠮᠲᠠ ᠶᠢᠨ ᠮᠡᠳᠡᠭᠡ ᠵᠠᠩᠭᠢ ᠶᠢ ᠴᠤᠭᠯᠠᠭᠤᠯᠵᠤ ᠣᠷᠣᠭᠤᠯᠬᠤ᠂ | ᠬᠡᠷᠡᠭᠯᠡᠵᠦ ᠬᠤᠪᠢᠷᠠᠭᠤᠯᠬᠤ᠂ ᠬᠥᠳᠡᠯᠦᠩᠭᠦᠶ ᠪᠠᠷ ᠰᠢᠨᠡᠳᠬᠡᠬᠦ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ | ᠪᠠᠶᠢᠭᠤᠯᠤᠨ ᠪᠦᠷᠢᠨᠰᠢᠭᠦᠯᠵᠦ᠂ ᠵᠠᠰᠠᠭ ᠤᠨ ᠣᠷᠳᠣᠨ ᠤ ᠣᠯᠠᠨ ᠨᠡᠶᠢᠲᠡ ᠶᠢᠨ ᠦᠢᠯᠡᠴᠢᠯᠡᠭᠡᠨ ᠤ ᠮᠡᠳᠡᠭᠡ ᠵᠠᠩᠭᠢ ᠶᠢᠨ | ᠬᠡᠷᠡᠭᠯᠡᠭᠡ ᠯᠦᠭᠡ ᠬᠠᠮᠲᠤᠪᠠᠷ ᠡᠳ᠋ᠯᠡᠬᠦ ᠶᠢ ᠴᠢᠩᠭᠠᠳᠬᠠᠨ᠎ᠠ᠃ ᠠᠰᠠᠭᠤᠳᠠᠯ ᠪᠠ ᠬᠡᠷᠡᠭᠴᠡᠭᠡ ᠪᠠᠷ ᠤᠳᠤᠷᠢᠳᠤᠮᠵᠢ | ᠪᠣᠯᠭᠠᠨ ᠵᠡᠮᠳᠡᠭᠴᠦᠳ ᠤᠨ ᠠᠵᠢᠯ ᠢ ᠴᠢᠩᠭᠠᠳᠬᠠᠨ ᠰᠠᠶᠢᠵᠢᠷᠠᠭᠤᠯᠵᠤ᠂ ᠵᠡᠮᠳᠡᠭᠴᠦᠳ ᠤᠨ ᠨᠡᠶᠢᠭᠡᠮ ᠤᠨ ᠪᠠᠲᠤᠯᠠᠭ᠎ᠠ᠂ | ᠡᠮᠴᠢᠯᠡᠭᠡ᠂ ᠡᠷᠡᠭᠦᠯᠵᠢᠯ᠂ ᠰᠤᠷᠭᠠᠨ ᠬᠥᠮᠦᠵᠢᠯ᠂ ᠠᠵᠢᠯ ᠣᠯᠭᠤᠯᠲᠠ᠂ ᠶᠠᠳᠠᠭᠤ ᠶᠢ ᠲᠡᠳᠬᠦᠬᠦ᠂ ᠰᠣᠶᠣᠯ᠂ ᠪᠡᠶ᠎ᠡ | ᠲᠠᠮᠢᠷ᠂ ᠨᠠᠶᠢᠳᠠᠨ ᠠᠰᠠᠷᠠᠭᠤᠯᠬᠤ᠂ ᠬᠠᠷᠰᠢ ᠰᠠᠭᠠᠳ ᠥᠬᠡᠶ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ | ᠵᠡᠷᠭᠡ ᠡᠯ᠎ᠡ ᠵᠦᠢᠯ ᠤᠨ ᠠᠵᠢᠯ ᠤᠨ ᠦᠢᠯᠡᠴᠢᠯᠡᠭᠡᠨ ᠤ ᠬᠠᠮᠢᠶᠠᠷᠤᠯᠲᠠ ᠶᠢᠨ ᠠᠷᠭ᠎ᠠ ᠮᠠᠶ᠋ᠢᠭ ᠤᠨ ᠰᠢᠨ᠎ᠡ ᠶᠢ ᠡᠭᠦᠳᠬᠦ | ᠪᠠ ᠲᠡᠭᠦᠯᠳᠡᠷᠵᠢᠭᠦᠯᠵᠦ᠂ ᠨᠠᠷᠢᠯᠢᠭ ᠣᠨᠣᠪᠴᠢᠲᠠᠶ ᠪᠠᠷ ᠦᠢᠯᠡᠴᠢᠯᠡᠬᠦ ᠶᠢ ᠪᠡᠶᠡᠯᠡᠭᠦᠯᠵᠦ᠂ ᠵᠡᠮᠳᠡᠭᠴᠦᠳ ᠤᠨ | ᠬᠡᠷᠡᠭᠴᠡᠭᠡ ᠱᠠᠭᠠᠷᠳᠠᠯᠭ᠎ᠠ ᠪᠠᠷ ᠵᠣᠬᠢᠶᠠᠨ ᠪᠠᠶᠢᠭᠤᠯᠤᠯᠲᠠ ᠶᠢᠨ ᠬᠡᠯᠪᠡᠷᠢ ᠪᠠᠨ ᠬᠤᠪᠢᠷᠠᠭᠤᠯᠬᠤ ᠶᠢ ᠬᠥᠲᠥᠯᠥᠨ | ᠳᠠᠭᠠᠭᠤᠯᠤᠨ᠎ᠠ᠃ | 2᠂ ᠵᠡᠮᠳᠡᠭᠴᠦᠳ ᠤᠨ ᠬᠤᠯᠪᠣᠭ᠎ᠠ ᠶᠢ ᠨᠡᠶᠢᠭᠡᠮᠴᠢᠯᠡᠬᠦ ᠠᠵᠢᠯ ᠤᠨ ᠵᠠᠭᠪᠤᠷ ᠢ ᠬᠠᠶᠢᠨ ᠰᠦᠪᠡᠭᠴᠢᠯᠡᠨ᠎ᠡ᠃ | ᠨᠡᠶᠢᠭᠡᠮ ᠤᠨ ᠳᠠᠶᠢᠴᠢᠯᠠᠬᠤ ᠴᠢᠳᠠᠪᠤᠷᠢ ᠶᠢᠨ ᠪᠠᠶᠢᠭᠤᠯᠤᠯᠲᠠ ᠶᠢ ᠲᠦᠷᠭᠡᠳᠬᠡᠨ᠂ ᠨᠡᠶᠢᠭᠡᠮᠴᠢᠯᠡᠭᠰᠡᠨ ᠠᠷᠭ᠎ᠠ | ᠮᠠᠶ᠋ᠢᠭ ᠢᠶᠠᠷ ᠠᠵᠢᠯ ᠢᠶᠠᠨ ᠲᠦᠯᠬᠢᠨ ᠠᠬᠢᠭᠤᠯᠬᠤ ᠶᠢ ᠨᠠᠩ ᠴᠢᠬᠤᠯᠠᠴᠢᠯᠠᠵᠤ᠂ ᠨᠡᠶᠢᠭᠡᠮ ᠤᠨ ᠡᠯ᠎ᠡ ᠲᠠᠯ᠎ᠠ ᠶᠢᠨ | ᠬᠦᠴᠦᠨ ᠢ ᠬᠥᠲᠥᠯᠥᠨ ᠵᠢᠯᠣᠭᠤᠳᠴᠤ ᠪᠠᠶᠢᠭᠠᠳ ᠵᠡᠮᠳᠡᠭᠴᠦᠳ ᠤᠨ ᠦᠢᠯᠡᠰ ᠤᠨ ᠬᠥᠭᠵᠢᠯᠲᠡ ᠳᠤ ᠣᠷᠣᠯᠴᠠᠭᠤᠯᠬᠤ | ᠪᠠ ᠳᠡᠮᠵᠢᠭᠦᠯᠬᠦ ᠬᠡᠷᠡᠭᠲᠡᠶ᠃ ᠵᠠᠰᠠᠭ ᠤᠨ ᠣᠷᠳᠣᠨ ᠵᠡᠮᠳᠡᠭᠴᠦᠳ ᠢ ᠲᠤᠰᠠᠯᠠᠬᠤ ᠦᠢᠯᠡᠴᠢᠯᠡᠭᠡ ᠬᠤᠳᠠᠯᠳᠤᠨ ᠠᠪᠬᠤ | ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠪᠦᠷᠢᠨᠰᠢᠭᠦᠯᠵᠦ᠂ ᠦᠢᠯᠡᠴᠢᠯᠡᠭᠡ ᠬᠤᠳᠠᠯᠳᠤᠨ ᠠᠪᠬᠤ | ᠬᠡᠪᠴᠢᠶ᠎ᠡ ᠶᠢ ᠥᠷᠭᠡᠳᠬᠡᠨ᠂ ᠦᠢᠯᠡᠴᠢᠯᠡᠭᠡ ᠬᠤᠳᠠᠯᠳᠤᠨ ᠠᠪᠬᠤ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠵᠦ | ᠂ ᠦᠢᠯᠡᠴᠢᠯᠡᠭᠡ ᠬᠤᠳᠠᠯᠳᠤᠨ ᠠᠪᠬᠤ ᠦᠢᠯᠡᠴᠢᠯᠡᠭᠡ ᠶᠢ ᠶᠡᠬᠡᠰᠬᠡᠨ᠎ᠡ᠃ ᠨᠢᠭᠡ ᠪᠦᠯᠦᠭ ᠵᠢᠱᠢᠶ᠎ᠡ ᠦᠵᠡᠭᠦᠯᠬᠦ | ᠴᠢᠨᠠᠷᠲᠠᠶ᠂ ᠬᠡᠯᠬᠢᠶ᠎ᠡ ᠴᠢᠨᠠᠷᠲᠠᠶ ᠪᠠ ᠨᠡᠶᠢᠭᠡᠮ ᠲᠣᠭᠤᠷᠢᠭ ᠤᠨ ᠲᠥᠷᠥᠯ ᠤᠨ ᠵᠡᠮᠳᠡᠭᠴᠦᠳ ᠢ ᠲᠤᠰᠠᠯᠠᠬᠤ | ᠲᠤᠰᠬᠠᠶᠢᠵᠢᠭᠰᠠᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠢᠳᠡᠪᠬᠢᠲᠡᠶ ᠪᠠᠷ ᠪᠤᠶᠢᠵᠢᠭᠤᠯᠵᠤ᠂ ᠪᠣᠯᠪᠠᠰᠤᠷᠠᠩᠭᠤᠶ | ᠴᠢᠨᠠᠷᠲᠠᠶ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠵᠣᠷᠢᠭᠵᠢᠭᠤᠯᠤᠨ ᠵᠡᠮᠳᠡᠭᠴᠦᠳ ᠢ ᠲᠤᠰᠠᠯᠠᠬᠤ ᠦᠢᠯᠡᠴᠢᠯᠡᠭᠡᠨ ᠤ | ᠵᠠᠬ᠎ᠠ ᠳᠡᠯᠭᠡᠭᠦᠷ ᠲᠤ ᠰᠢᠯᠵᠢᠭᠦᠯᠦᠨ ᠣᠷᠣᠭᠤᠯᠵᠤ᠂ ᠵᠡᠮᠳᠡᠭᠴᠦᠳ ᠲᠤ ᠣᠯᠠᠨ ᠵᠦᠢᠯ ᠤᠨ ᠬᠡᠯᠪᠡᠷᠢ ᠮᠠᠶ᠋ᠢᠭ ᠪᠦᠬᠦᠢ | ᠵᠡᠮᠳᠡᠭᠴᠦᠳ ᠢ ᠲᠤᠰᠠᠯᠠᠬᠤ ᠦᠢᠯᠡᠴᠢᠯᠡᠭᠡᠨ ᠬᠠᠩᠭᠠᠬᠤ ᠬᠡᠷᠡᠭᠲᠡᠶ᠃ ᠵᠡᠮᠳᠡᠭᠴᠦᠳ ᠤᠨ ᠰᠠᠶᠢᠨ ᠳᠤᠷ᠎ᠠ ᠶᠢᠨ | ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠪᠣᠯᠤᠨ ᠵᠡᠮᠳᠡᠭᠴᠦᠳ ᠤᠨ ᠬᠠᠷᠢᠯᠴᠠᠨ ᠬᠠᠪᠰᠤᠷᠤᠯᠴᠠᠬᠤ ᠵᠣᠬᠢᠶᠠᠨ | ᠪᠠᠶᠢᠭᠤᠯᠤᠯᠲᠠ ᠶᠢ ᠬᠥᠭᠵᠢᠭᠦᠯᠦᠨ᠎ᠡ᠃ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ | ᠣᠯᠠᠨ ᠨᠠᠮ ᠤᠨ ᠭᠡᠰᠢᠭᠦᠨ ᠶᠠᠳᠠᠭᠤ ᠬᠦᠴᠢᠷᠳᠡᠯᠲᠡᠶ ᠵᠡᠮᠳᠡᠭᠴᠦᠳ ᠯᠦᠭᠡ ᠬᠤᠯᠪᠤᠭᠠᠯᠠᠨ ᠬᠠᠪᠰᠤᠷᠤᠨ ᠲᠡᠳᠬᠦᠬᠦ | ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠬᠡᠷᠡᠭᠲᠡᠶ᠃ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ | ᠡᠪᠯᠡᠯ᠂ ᠡᠮᠡᠭᠲᠡᠶᠢᠴᠦᠳ ᠤᠨ ᠬᠤᠯᠪᠣᠭᠠᠲᠤ ᠬᠤᠷᠠᠯ ᠵᠡᠷᠭᠡ ᠣᠯᠠᠨ ᠲᠦᠮᠡᠨ ᠤ ᠠᠵᠢᠯ ᠤᠨ ᠬᠤᠯᠪᠣᠭᠠᠯᠠᠯ ᠢ | ᠴᠢᠩᠭᠠᠳᠬᠠᠵᠤ᠂ ᠵᠡᠮᠳᠡᠭ ᠠᠵᠢᠯᠲᠠᠨ ᠠᠵᠢᠯᠴᠢᠨ᠂ ᠵᠡᠮᠳᠡᠭ ᠵᠠᠯᠠᠭᠤᠴᠤᠳ᠂ ᠵᠡᠮᠳᠡᠭ ᠡᠮᠡᠭᠲᠡᠶᠢᠴᠦᠳ᠂ ᠵᠡᠮᠳᠡᠭ | ᠬᠡᠤᠬᠡᠳ᠂ ᠵᠡᠮᠳᠡᠭ ᠨᠠᠰᠤᠲᠠᠶᠢᠴᠤᠳ ᠤᠨ ᠡᠷᠬᠡ ᠠᠰᠢᠭ ᠢ ᠦᠨᠡᠨ ᠬᠦ ᠬᠠᠮᠠᠭᠠᠯᠠᠨ᠎ᠠ᠃ | 3᠂ ᠵᠡᠮᠳᠡᠭᠴᠦᠳ ᠤᠨ ᠬᠤᠯᠪᠤᠭᠠᠨ ᠤ ᠨᠡᠶᠢᠲᠡ ᠶᠢᠨ ᠠᠰᠠᠷᠠᠮᠵᠢ ᠶᠢᠨ ᠦᠢᠯᠡᠴᠢᠯᠡᠭᠡᠨ ᠤ ᠴᠢᠳᠠᠪᠤᠷᠢ ᠶᠢ | ᠳᠡᠭᠡᠭᠰᠢᠯᠡᠭᠦᠯᠦᠨ᠎ᠡ᠃ ᠨᠡᠶᠢᠲᠡ ᠶᠢᠨ ᠠᠰᠠᠷᠠᠮᠵᠢ ᠶᠢᠨ ᠰᠢᠨᠵᠢ ᠴᠢᠨᠠᠷ᠂ ᠦᠢᠯᠡᠴᠢᠯᠡᠭᠡᠨ ᠤ ᠪᠠᠶᠢᠷᠢ ᠲᠣᠭᠲᠠᠭᠠᠯᠲᠠ ᠶᠢ | ᠤᠯᠠᠮ ᠨᠢᠭᠡ ᠠᠯᠬᠤᠮ ᠴᠢᠩᠭᠠᠷᠠᠭᠤᠯᠵᠤ᠂ ᠵᠡᠮᠳᠡᠭᠴᠦᠳ ᠤᠨ ᠦᠢᠯᠡᠴᠢᠯᠡᠭᠡᠨ ᠤ ᠪᠠᠶᠢᠭᠤᠯᠤᠮᠵᠢ ᠳᠤ ᠰᠤᠳᠤᠯᠤᠯ ᠤᠨ | ᠰᠠᠭᠤᠷᠢ᠂ ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ᠂ ᠴᠢᠳᠠᠪᠤᠷᠢᠲᠠᠨ ᠬᠥᠮᠦᠵᠢᠭᠦᠯᠬᠦ᠂ ᠮᠡᠷᠭᠡᠵᠢᠯ ᠤᠨ ᠰᠢᠨ᠎ᠡ ᠶᠢ | ᠡᠭᠦᠳᠬᠦ ᠵᠡᠷᠭᠡ ᠲᠠᠯ᠎ᠠ ᠶᠢᠨ ᠳᠡᠮᠵᠢᠯᠭᠡ ᠬᠠᠩᠭᠠᠨ᠎ᠠ᠃ ᠬᠤᠸᠠᠳᠧ ᠰᠢᠶᠠᠨ ᠤ ᠵᠡᠮᠳᠡᠭᠴᠦᠳ ᠢ ᠡᠷᠡᠭᠦᠯᠵᠢᠭᠦᠯᠬᠦ | ᠦᠢᠯᠡᠴᠢᠯᠡᠭᠡᠨ ᠤ ᠲᠥᠪ ᠢ ᠪᠠᠷᠢᠯᠭ᠎ᠠ ᠳᠠᠭᠤᠰᠴᠤ ᠲᠤᠰᠢᠶᠠᠨ ᠬᠡᠷᠡᠭᠯᠡᠭᠦᠯᠬᠦ ᠶᠢ ᠲᠦᠯᠬᠢᠨ ᠠᠬᠢᠭᠤᠯᠵᠤ᠂᠂ | ᠦᠢᠯᠡᠴᠢᠯᠡᠭᠡᠨ ᠤ ᠴᠢᠳᠠᠮᠵᠢ ᠪᠠᠨ ᠠᠯᠬᠤᠮ ᠠᠯᠬᠤᠮ ᠢᠶᠠᠷ ᠲᠡᠭᠦᠯᠳᠡᠷᠵᠢᠭᠦᠯᠦᠨ᠂ ᠡᠷᠡᠭᠦᠯᠵᠢᠭᠦᠯᠬᠦ ᠦᠢᠯᠡᠴᠢᠯᠡᠭᠡᠨ ᠤ | ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠢ᠃ 18 — ᠪᠦᠬᠦᠯᠢ 45 ᠨᠠᠰᠤᠨ ᠤ ᠬᠥᠳᠡᠯᠮᠦᠷᠢᠯᠡᠬᠦ ᠴᠢᠳᠠᠪᠤᠷᠢ ᠲᠠᠢ | ᠵᠡᠮᠳᠡᠭᠴᠦᠳ ᠤᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠢ ᠴᠢᠩᠭᠠᠳᠬᠠᠵᠤ᠂ | ᠵᠡᠮᠳᠡᠭᠴᠦᠳ ᠤᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠤᠨ ᠬᠢᠷᠢ ᠬᠡᠮᠵᠢᠶ᠎ᠡ ᠶᠢ ᠦᠨᠡᠨᠬᠦ | ᠳᠡᠭᠡᠭᠰᠢᠯᠡᠭᠦᠯᠦᠨ᠂ ᠡᠯ᠎ᠡ ᠵᠦᠢᠯ ᠤᠨ ᠠᠷᠭ᠎ᠠ ᠵᠠᠮ ᠢᠶᠠᠷ ᠳᠠᠮᠵᠢᠭᠤᠯᠤᠨ ᠵᠡᠮᠳᠡᠭᠴᠦᠳ ᠲᠤ ᠠᠵᠢᠯ ᠣᠯᠭᠤᠬᠤ ᠠᠷᠭ᠎ᠠ | ᠵᠠᠮ ᠢ ᠥᠷᠭᠡᠵᠢᠭᠦᠯᠦᠨ᠎ᠡ᠃ ᠵᠡᠮᠳᠡᠭᠴᠦᠳ ᠤᠨ ᠴᠢᠨᠠᠷᠲᠠᠶ ᠠᠵᠢᠯ ᠣᠯᠭᠤᠬᠤ ᠪᠠᠶᠢᠭᠤᠯᠤᠮᠵᠢ ᠶᠢᠨ ᠪᠠᠶᠢᠭᠤᠯᠤᠯᠲᠠ ᠶᠢ | ᠴᠢᠩᠭᠠᠳᠬᠠᠵᠤ᠂ ᠵᠡᠮᠳᠡᠭᠴᠦᠳ ᠤᠨ ᠴᠢᠨᠠᠷᠲᠠᠶ ᠠᠵᠢᠯ ᠣᠯᠭᠤᠬᠤ ᠪᠠᠶᠢᠭᠤᠯᠤᠮᠵᠢ ᠶᠢ ᠵᠡᠮᠳᠡᠭᠴᠦᠳ ᠤᠨ | ᠰᠤᠷᠤᠯᠴᠠᠯᠭ᠎ᠠ᠂ ᠪᠣᠯᠪᠠᠰᠤᠷᠠᠭᠤᠯᠤᠯ᠂ ᠡᠷᠡᠭᠦᠯᠵᠢᠭᠦᠯᠬᠦ ᠪᠣᠯᠪᠠᠰᠤᠷᠠᠯ᠂ ᠠᠵᠢᠯ ᠣᠯᠭᠤᠯᠲᠠ ᠶᠢ ᠨᠢᠭᠡ | ᠴᠣᠭᠴᠠᠵᠢᠭᠤᠯᠤᠭᠰᠠᠨ ᠦᠢᠯᠡᠳᠪᠤᠷᠢᠯᠡᠯ ᠠᠮᠢᠳᠤᠷᠠᠯ ᠤᠨ ᠰᠠᠭᠤᠷᠢᠨ ᠭᠠᠵᠠᠷ ᠪᠣᠯᠭᠠᠨ ᠪᠦᠲᠦᠭᠡᠨ ᠪᠠᠶᠢᠭᠤᠯᠬᠤ ᠪᠠᠷ | ᠴᠢᠷᠮᠠᠶᠢᠬᠤ ᠬᠡᠷᠡᠭᠲᠡᠶ᠃ | 4᠂ ︽ᠲᠤᠩᠭᠠᠯᠠᠭ ᠵᠡᠮᠳᠡᠭᠴᠦᠳ ᠤᠨ ᠬᠤᠯᠪᠣᠭ᠎ᠠ︾ ᠶᠢ ᠢᠳᠡᠪᠬᠢᠲᠡᠢ ᠪᠠᠶᠢᠭᠤᠯᠤᠨ᠎ᠠ᠃ ᠰᠠᠭᠤᠷᠢ | ᠬᠠᠮᠢᠶᠠᠷᠤᠯᠲᠠ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠮᠡᠳᠡᠭᠡ | ᠵᠠᠩᠭᠢ ᠶᠢ ᠢᠯᠡ ᠪᠣᠯᠭᠠᠬᠤ ᠶᠢ ᠲᠦᠯᠬᠢᠨ ᠠᠬᠢᠭᠤᠯᠵᠤ᠂ ᠵᠡᠮᠳᠡᠭᠴᠦᠳ ᠤᠨ ᠬᠤᠯᠪᠤᠭᠠᠨ ᠤ ᠠᠵᠢᠯ ᠤᠨ ᠢᠯᠡ ᠪᠠᠷ | ᠶᠠᠪᠤᠭᠳᠠᠬᠤ ᠶᠢ ᠠᠬᠢᠭᠤᠯᠤᠨ᠎ᠠ᠃ ᠵᠡᠮᠳᠡᠭᠴᠦᠳ ᠤᠨ ᠬᠤᠯᠪᠤᠭᠠᠨ ᠤ ᠣᠨᠴᠠᠯᠢᠭ ᠲᠤ ᠨᠡᠶᠢᠴᠡᠭᠰᠡᠨ ᠰᠠᠭᠤᠷᠢ | ᠬᠠᠮᠢᠶᠠᠷᠤᠯᠲᠠ ᠶᠢᠨ ᠳᠦᠷᠢᠮ ᠪᠣᠯᠤᠨ ᠦᠨᠳᠦᠰᠦᠨ ᠠᠵᠢᠯ ᠤᠨ ᠵᠢᠷᠤᠮᠵᠢᠯ ᠢ ᠤᠯᠠᠮ ᠨᠢᠭᠡ ᠠᠯᠬᠤᠮ ᠪᠦᠷᠢᠨᠰᠢᠭᠦᠯᠵᠦ᠂ | ᠬᠠᠮᠢᠶ᠎ᠠ ᠪᠦᠬᠦᠢ ᠦᠢᠯᠡᠴᠢᠯᠡᠭᠡᠨ ᠤ ᠪᠠᠷᠢᠮᠵᠢᠶ᠎ᠠ ᠪᠣᠯᠤᠨ ᠭᠦᠢᠴᠡᠳᠬᠡᠬᠦ ᠳᠡᠰ ᠳᠠᠷᠠᠭᠠᠯᠠᠯ ᠤᠨ ᠬᠢᠨᠠᠯᠲᠠ | ᠬᠠᠮᠢᠶᠠᠷᠤᠯᠲᠠ ᠶᠢᠨ ᠠᠷᠭ᠎ᠠ ᠶᠢ ᠲᠡᠭᠦᠯᠳᠡᠷᠵᠢᠭᠦᠯᠬᠦ ᠬᠡᠷᠡᠭᠲᠡᠶ᠃ ᠰᠢᠶᠠᠨ ᠤ ᠵᠡᠮᠳᠡᠭᠴᠦᠳ ᠤᠨ ᠬᠤᠯᠪᠣᠭᠠᠨ ᠤ | ᠰᠢᠰᠲ᠋ᠧᠮ ᠤᠨ ᠤᠨ ᠲᠥᠰᠦᠪ ᠢ ᠭᠦᠢᠴᠡᠳᠬᠡᠭᠰᠡᠨ ᠪᠠᠶᠢᠳᠠᠯ ᠢ ᠲᠡᠷᠢᠭᠦᠯᠡᠭᠴᠢᠳ ᠤᠨ ᠪᠦᠯᠬᠦᠮ ᠳᠤ ᠮᠡᠳᠡᠭᠦᠯᠬᠦ ᠶᠢᠨ | ᠬᠠᠮᠲᠤ ᠲᠡᠭᠦᠨ ᠢ ᠬᠦᠯᠢᠶᠡᠨ ᠠᠪᠤᠨ᠎ᠠ᠃ ᠵᠡᠮᠳᠡᠭᠴᠦᠳ ᠤᠨ ᠦᠢᠯᠡᠴᠢᠯᠡᠭᠡᠨ ᠤ ᠭᠤᠤᠯᠳᠠᠯᠭ᠎ᠠ ᠲᠠᠢ ᠲᠥᠷᠥᠯ ᠵᠦᠢᠯ | ᠤᠨ ᠠᠮᠵᠢᠯᠲᠠ ᠪᠦᠲᠦᠮᠵᠢ ᠶᠢ ᠦᠨᠡᠯᠡᠨ ᠵᠢᠱᠢᠭᠰᠡᠨ ᠦᠷ᠎ᠡ ᠳ᠋ᠦᠩ ᠢ ᠴᠠᠭ ᠲᠤᠬᠠᠶ ᠳᠤᠨᠢ ᠨᠡᠶᠢᠭᠡᠮ ᠳᠤ ᠢᠯᠡ | ᠪᠣᠯᠭᠠᠬᠤ ᠬᠡᠷᠡᠭᠲᠡᠶ᠃ ᠵᠡᠮᠳᠡᠭᠴᠦᠳ ᠢ ᠦᠨᠡᠯᠡᠨ ᠲᠣᠭᠲᠠᠭᠠᠬᠤ ᠠᠵᠢᠯ ᠤᠨ ᠢᠯᠡ ᠲᠣᠳᠣ ᠶᠢᠨ ᠬᠡᠮᠵᠢᠶ᠎ᠡ ᠶᠢ | ᠨᠡᠮᠡᠭᠳᠡᠭᠦᠯᠵᠦ᠂ ᠵᠡᠮᠳᠡᠭᠴᠦᠳ ᠤᠨ ᠦᠨᠡᠮᠯᠡᠯ ᠤᠨ ᠬᠠᠮᠢᠶᠠᠷᠤᠯᠲᠠ ᠶᠢ ᠴᠢᠩᠭᠠᠳᠬᠠᠨ᠂ ᠣᠶᠤᠨᠴᠢ ᠵᠡᠮᠳᠡᠭᠴᠦᠳ ᠤᠨ | ᠦᠨᠡᠮᠯᠡᠯ ᠢ ᠲᠦᠷᠭᠡᠳᠬᠡᠨ ᠠᠬᠢᠭᠤᠯᠵᠤ᠂ ᠵᠡᠮᠳᠡᠭᠴᠦᠳ ᠤᠨ ᠠᠮᠢ ᠪᠡᠶ᠎ᠡ ᠶᠢᠨ ᠠᠰᠢᠭ ᠲᠤᠰᠠ ᠳᠤ ᠬᠤᠯᠪᠣᠭᠳᠠᠬᠤ | ᠡᠯ᠎ᠡ ᠵᠦᠢᠯ ᠤᠨ ᠠᠵᠢᠯ ᠢ ᠨᠠᠩ ᠢᠯᠡ ᠲᠣᠳᠣ ᠪᠣᠯᠭᠠᠬᠤ ᠶᠢ ᠠᠬᠢᠭᠤᠯᠤᠨ᠎ᠠ᠃ | 5᠂ ᠵᠡᠮᠳᠡᠭᠴᠦᠳ ᠤᠨ ᠬᠤᠯᠪᠤᠭᠠᠨ ᠤ ᠠᠵᠢᠯ ᠢ ᠦᠨᠡᠯᠡᠬᠦ ᠰᠢᠰᠲ᠋ᠧᠮ ᠢ ᠪᠠᠶᠢᠭᠤᠯᠤᠨ᠎ᠠ᠃ ᠦᠨᠳᠦᠰᠦᠨ | ᠱᠠᠲᠤᠨ ᠤ ᠵᠣᠬᠢᠶᠠᠨ ᠪᠠᠶᠢᠭᠤᠯᠤᠯᠲᠠ᠂ ᠵᠡᠮᠳᠡᠭᠴᠦᠳ ᠵᠢᠴᠢ ᠰᠠᠳᠤᠨ ᠪᠠ ᠨᠠᠶᠢᠵᠠ ᠪᠣᠯᠤᠨ ᠭᠤᠷᠪᠠᠳᠠᠬᠢ | ᠡᠲᠡᠭᠡᠳ ᠠᠴᠠ ᠦᠨᠡᠯᠡᠬᠦ ᠪᠠᠷ ᠭᠤᠤᠯ ᠴᠣᠭᠴᠠ ᠪᠣᠯᠭᠠᠨ᠂ ᠵᠡᠮᠳᠡᠭᠴᠦᠳ ᠤᠨ ᠣᠷᠣᠯᠴᠠᠬᠤ ᠨᠣᠷᠮ᠎ᠠ᠂ ᠠᠰᠢᠭ | ᠬᠦᠷᠲᠡᠬᠦ ᠨᠣᠷᠮ᠎ᠠ ᠪᠠᠷ ᠦᠨᠡᠯᠡᠯᠲᠡ ᠬᠢᠬᠦ ᠭᠤᠤᠯᠳᠠᠯᠭ᠎ᠠ ᠪᠣᠯᠭᠠᠵᠤ᠂ ᠬᠤᠸᠠᠳᠧ ᠰᠢᠶᠠᠨ ᠤ ᠵᠡᠮᠳᠡᠭᠴᠦᠳ ᠤᠨ | ᠬᠤᠯᠪᠣᠭᠠᠲᠤ ᠬᠤᠷᠠᠯ ᠤᠨ ᠠᠵᠢᠯ ᠤᠨ ᠪᠠᠶᠢᠴᠠᠭᠠᠯᠲᠠ᠂ ᠣᠯᠠᠨ ᠲᠦᠮᠡᠨ ᠤ ᠰᠡᠳᠬᠢᠯ ᠬᠠᠨᠤᠮᠵᠢᠲᠠᠶ ᠪᠠᠶᠢᠬᠤ | ᠬᠡᠮᠵᠢᠶ᠎ᠡ ᠶᠢ ᠬᠡᠮᠵᠢᠨ ᠲᠣᠭᠲᠠᠭᠠᠬᠤ ᠵᠡᠷᠭᠡ ᠳᠦᠷᠢᠮ ᠢ ᠪᠠᠶᠢᠭᠤᠯᠬᠤ ᠬᠡᠷᠡᠭᠲᠡᠶ᠃ ᠰᠢᠶᠠᠨ ᠤ ᠬᠡᠪᠴᠢᠶᠡᠨ ᠤ | ᠵᠡᠮᠳᠡᠭᠴᠦᠳ ᠤᠨ ᠦᠢᠯᠡᠴᠢᠯᠡᠭᠡᠨ ᠤ ᠪᠠᠶᠢᠳᠠᠯ ᠢ ᠬᠢᠨᠠᠨ ᠬᠡᠮᠵᠢᠵᠦ ᠦᠨᠡᠯᠡᠬᠦ ᠲᠣᠭᠲᠠᠴᠠ ᠶᠢ ᠰᠦᠪᠡᠭᠴᠢᠯᠡᠨ | ᠪᠠᠶᠢᠭᠤᠯᠵᠤ᠂ ᠵᠡᠮᠳᠡᠭᠴᠦᠳ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ᠂ ᠦᠨᠳᠦᠰᠦᠨ | ᠱᠠᠲᠤᠨ ᠤ ᠦᠢᠯᠡᠴᠢᠯᠡᠭᠡᠨ ᠤ ᠬᠦᠴᠦᠨ ᠤ ᠪᠠᠶᠢᠭᠤᠯᠤᠯᠲᠠ᠂ ᠨᠡᠶᠢᠭᠡᠮ ᠤᠨ ᠬᠦᠴᠦᠨ ᠤ ᠵᠡᠮᠳᠡᠭᠴᠦᠳ ᠢ | ᠲᠤᠰᠠᠯᠠᠬᠤ ᠶᠢ ᠠᠬᠢᠭᠤᠯᠬᠤ᠂ ᠵᠡᠮᠳᠡᠭᠴᠦᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠵᠡᠷᠭᠡ ᠶᠢ ᠬᠢᠨᠠᠨ | ᠬᠡᠮᠵᠢᠵᠦ ᠦᠨᠡᠯᠡᠬᠦ ᠴᠢᠬᠤᠯᠠ ᠠᠭᠤᠯᠭ᠎ᠠ ᠪᠣᠯᠭᠠᠨ᠎ᠠ᠃ | ︵ᠵᠢᠷᠭᠤᠭ᠎ᠠ︶ ᠵᠡᠮᠳᠡᠭᠴᠦᠳ ᠤᠨ ᠠᠵᠢᠯ ᠤᠨ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠶ | ᠨᠠᠮ ᠤᠨ ᠬᠤᠷᠢᠶ᠎ᠠ᠂ ᠵᠠᠰᠠᠭ ᠤᠨ ᠣᠷᠳᠣᠨ ᠬᠠᠷᠢᠭᠤᠴᠠᠭᠰᠠᠨ ᠵᠡᠮᠳᠡᠭᠴᠦᠳ ᠤᠨ ᠠᠵᠢᠯ ᠤᠨ ᠤᠳᠤᠷᠢᠳᠬᠤ | ᠪᠠᠶᠢᠭᠤᠯᠤᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ ᠨᠠᠶᠢᠳᠠᠪᠤᠷᠢᠵᠢᠭᠤᠯᠵᠤ᠂ ᠮᠠᠨ ᠤ ᠰᠢᠶᠠᠨ ᠤ | ᠵᠡᠮᠳᠡᠭᠴᠦᠳ ᠤᠨ ᠦᠢᠯᠡᠰ ᠤᠨ ᠬᠥᠭᠵᠢᠯᠲᠡ ᠳᠤ ᠪᠠᠲᠤ ᠴᠢᠩᠭ᠎ᠠ ᠤᠯᠤᠰ ᠲᠥᠷᠥ ᠶᠢᠨ ᠪᠠᠲᠤᠯᠠᠭ᠎ᠠ ᠪᠠ ᠵᠣᠬᠢᠶᠠᠨ | ᠪᠠᠶᠢᠭᠤᠯᠤᠯᠲᠠ ᠶᠢᠨ ᠪᠠᠲᠤᠯᠠᠭ᠎ᠠ ᠬᠠᠩᠭᠠᠬᠤ ᠬᠡᠷᠡᠭᠲᠡᠶ᠃ ᠬᠤᠸᠠᠳᠧ ᠰᠢᠶᠠᠨ ᠤ ᠵᠡᠮᠳᠡᠭᠴᠦᠳ ᠤᠨ ᠠᠵᠢᠯ ᠤᠨ ᠵᠥᠪᠯᠡᠯ | ᠵᠡᠮᠳᠡᠭᠴᠦᠳ ᠤᠨ ᠦᠢᠯᠡᠰ ᠢ ᠵᠣᠬᠢᠴᠠᠭᠤᠯᠤᠨ ᠠᠬᠢᠭᠤᠯᠬᠤ ᠴᠢᠭᠯᠡᠯᠲᠡ᠂ ᠲᠥᠷᠥ ᠶᠢᠨ ᠪᠣᠳᠣᠯᠭ᠎ᠠ᠂ | ᠲᠥᠯᠥᠪᠵᠢᠭᠦᠯᠭᠡ ᠶᠢ ᠲᠣᠭᠲᠠᠭᠠᠬᠤ ᠪᠠ ᠬᠡᠷᠡᠭᠵᠢᠭᠦᠯᠬᠦ᠂ ᠵᠡᠮᠳᠡᠭᠴᠦᠳ ᠤᠨ ᠠᠵᠢᠯ ᠤᠨ ᠴᠢᠬᠤᠯᠠ ᠶᠡᠭᠡ | ᠠᠰᠠᠭᠤᠳᠠᠯ ᠢ ᠵᠣᠬᠢᠴᠠᠭᠤᠯᠤᠨ ᠰᠢᠢᠳᠪᠤᠷᠢᠯᠡᠬᠦ ᠵᠡᠷᠭᠡ ᠡᠭᠦᠷᠭᠡ ᠬᠠᠷᠢᠭᠤᠴᠠᠯᠭ᠎ᠠ ᠪᠠᠨ ᠦᠷᠭᠦᠯᠵᠢᠯᠡᠨ ᠰᠠᠶᠢᠲᠤᠷ | ᠭᠦᠢᠴᠡᠳᠬᠡᠵᠦ᠂ ᠬᠤᠸᠠᠳᠧ ᠰᠢᠶᠠᠨ ᠤ ᠵᠡᠮᠳᠡᠭᠴᠦᠳ ᠤᠨ ᠬᠤᠯᠪᠣᠭᠠᠲᠤ ᠬᠤᠷᠠᠯ ᠤᠨ ᠵᠡᠮᠳᠡᠭᠴᠦᠳ ᠤᠨ ᠦᠢᠯᠡᠰ ᠤᠨ | ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠬᠦ ᠶᠢ ᠳᠡᠮᠵᠢᠬᠦ ᠬᠡᠷᠡᠭᠲᠡᠶ᠃ ᠨᠠᠮ ᠢ ᠪᠦᠬᠦ ᠲᠠᠯ᠎ᠠ ᠪᠠᠷ | ᠴᠢᠩᠭ᠎ᠠ ᠵᠠᠰᠠᠬᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠰᠢᠶᠠᠨ ᠤ ᠵᠡᠮᠳᠡᠭᠴᠦᠳ ᠤᠨ | ᠬᠤᠯᠪᠤᠭᠠᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠭᠦᠢᠴᠡᠳ ᠪᠠᠳᠠᠷᠠᠭᠤᠯᠵᠤ᠂ ᠤᠯᠤᠰ᠂ ᠥᠪᠡᠷᠲᠡᠭᠡᠨ ᠵᠠᠰᠠᠬᠤ | ᠣᠷᠣᠨ᠂ ᠬᠤᠲᠠ ᠪᠠ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠵᠡᠮᠳᠡᠭᠴᠦᠳ ᠤᠨ ᠲᠥᠷᠦ ᠶᠢᠨ | ᠪᠣᠳᠣᠯᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠎ᠠ᠃ ᠵᠡᠮᠳᠡᠭᠴᠦᠳ ᠤᠨ ᠬᠤᠯᠪᠤᠭᠠᠨ ᠤ | ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠴᠢᠩᠭᠠᠳᠬᠠᠵᠤ᠂ ᠦᠨᠳᠦᠰᠦᠨ ᠱᠠᠲᠤᠨ ᠤ ᠨᠠᠮ ᠤᠨ | ᠵᠣᠬᠢᠶᠠᠨ ᠪᠠᠶᠢᠭᠤᠯᠤᠯᠲᠠ ᠶᠢᠨ ᠳᠠᠶᠢᠴᠢᠨ ᠪᠠᠬᠢᠯᠡᠯᠲᠡ ᠶᠢᠨ ᠦᠢᠯᠡᠳᠦᠯ ᠪᠠ ᠨᠠᠮ ᠤᠨ ᠭᠡᠰᠢᠭᠦᠨ ᠤ ᠬᠤᠰᠢᠭᠤᠴᠢ | ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠶ᠃ ᠡᠯ᠎ᠡ ᠱᠠᠲᠤᠨ ᠤ ᠵᠡᠮᠳᠡᠭᠴᠦᠳ ᠤᠨ ᠬᠤᠯᠪᠤᠭᠠᠨ ᠤ ᠠᠳᠠᠯᠢ | ᠱᠠᠲᠤᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠳᠤ ᠵᠡᠮᠳᠡᠭᠴᠦᠳ ᠤᠨ ᠠᠵᠢᠯ ᠢ ᠲᠣᠭᠲᠠᠮᠠᠯ | ᠬᠤᠭᠤᠴᠠᠭ᠎ᠠ ᠲᠠᠢ ᠪᠠᠷ ᠬᠠᠷᠢᠭᠤ ᠮᠡᠳᠡᠭᠦᠯᠬᠦ ᠳᠦᠷᠢᠮ ᠢ ᠪᠦᠷᠢᠨᠰᠢᠭᠦᠯᠵᠦ᠂ ᠵᠡᠮᠳᠡᠭᠴᠦᠳ ᠤᠨ ᠬᠤᠯᠪᠤᠭᠠᠨ ᠤ ᠭᠤᠤᠯ | ᠬᠠᠷᠢᠭᠤᠴᠠᠯᠭᠠᠲᠠᠨ ᠠᠳᠠᠯᠢ ᠱᠠᠲᠤᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ | ᠬᠤᠷᠠᠯ ᠳᠤ ᠣᠷᠣᠯᠴᠠᠬᠤ ᠪᠤᠶᠤ ᠰᠤᠯᠠ ᠣᠷᠣᠯᠴᠠᠨ᠎ᠠ᠃ ᠡᠯ᠎ᠡ ᠱᠠᠲᠤᠨ ᠤ ᠨᠠᠮ ᠤᠨ ᠬᠤᠷᠢᠶ᠎ᠠ ᠪᠣᠯᠤᠨ ᠵᠠᠰᠠᠭ ᠤᠨ | ᠣᠷᠳᠣᠨ ᠤ ᠵᠡᠮᠳᠡᠭᠴᠦᠳ ᠤᠨ ᠬᠤᠯᠪᠤᠭᠠᠨ ᠤ ᠤᠳᠤᠷᠢᠳᠬᠤ ᠪᠠᠭ ᠤᠨ ᠪᠠᠶᠢᠭᠤᠯᠤᠯᠲᠠ ᠶᠢ ᠴᠢᠩᠭᠠᠳᠬᠠᠬᠤ ᠶᠢ | ᠲᠦᠯᠬᠢᠨ ᠠᠬᠢᠭᠤᠯᠵᠤ᠂ ᠵᠡᠮᠳᠡᠭᠴᠦᠳ ᠤᠨ ᠬᠤᠯᠪᠤᠭᠠᠨ ᠤ ᠵᠣᠬᠢᠶᠠᠨ ᠪᠠᠶᠢᠭᠤᠯᠤᠯᠲᠠ ᠪᠣᠯᠤᠨ ᠨᠠᠮ ᠵᠠᠰᠠᠭ ᠤᠨ | ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠺᠠᠳ᠋ᠷ ᠤᠨ ᠬᠤᠤᠰ ᠴᠢᠭᠯᠡᠯᠲᠦ ᠰᠣᠯᠢᠯᠴᠠᠭ᠎ᠠ ᠶᠢ | ᠲᠦᠯᠬᠢᠨ ᠠᠬᠢᠭᠤᠯᠵᠤ᠂ ᠵᠡᠮᠳᠡᠭᠴᠦᠳ ᠤᠨ ᠬᠤᠯᠪᠤᠭᠠᠨ ᠤ ᠬᠠᠤᠯᠢ ᠳᠦᠷᠢᠮ ᠶᠣᠰᠣᠭᠠᠷ ᠠᠵᠢᠯ ᠢᠶᠠᠨ | ᠥᠷᠨᠢᠭᠦᠯᠬᠦ ᠶᠢ ᠳᠠᠮᠵᠢᠵᠤ᠂ ᠵᠡᠮᠳᠡᠭᠴᠦᠳ ᠤᠨ ᠦᠢᠯᠡᠰ ᠤᠨ ᠲᠣᠭᠲᠠᠭᠤᠨ ᠵᠠᠷᠤᠳᠠᠯ ᠤᠨ ᠪᠠᠲᠤᠯᠠᠭ᠎ᠠ ᠶᠢ | ᠨᠠᠶᠢᠳᠠᠪᠤᠷᠢᠵᠢᠭᠤᠯᠬᠤ ᠬᠡᠷᠡᠭᠲᠡᠶ᠃ | ᠭᠤᠷᠪᠠ᠂ ᠵᠣᠬᠢᠶᠠᠨ ᠪᠠᠶᠢᠭᠤᠯᠤᠨ ᠬᠡᠷᠡᠭᠵᠢᠭᠦᠯᠬᠦ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠶ᠃ ᠰᠢᠶᠠᠨ ᠤ | ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠤᠳᠤᠷᠢᠳᠤᠯᠭ᠎ᠠ ᠳᠣᠤᠷ᠎ᠠ᠂ ᠬᠤᠸᠠᠳᠧ ᠰᠢᠶᠠᠨ ᠤ ᠵᠡᠮᠳᠡᠭᠴᠦᠳ ᠤᠨ | ᠬᠤᠯᠪᠤᠭᠠᠨ ᠤ ᠨᠠᠮ ᠤᠨ ᠡᠭᠦᠷ ᠥᠭᠡᠷᠡᠴᠢᠯᠡᠯᠲᠡ ᠶᠢᠨ ᠲᠥᠰᠦᠯ ᠢ ᠵᠣᠬᠢᠶᠠᠨ ᠪᠠᠶᠢᠭᠤᠯᠵᠤ ᠬᠡᠷᠡᠭᠵᠢᠭᠦᠯᠬᠦ ᠶᠢ | ᠬᠠᠷᠢᠭᠤᠴᠠᠨ᠎ᠠ᠃ | ︵ᠬᠤᠶᠠᠷ︶ ᠠᠬᠢᠯᠲᠠ ᠶᠢᠨ ᠲᠣᠬᠢᠷᠠᠭᠤᠯᠤᠯᠲᠠ ᠶᠢ ᠨᠢᠭᠡᠳᠦᠯᠲᠡᠶ ᠲᠥᠯᠥᠪᠯᠡᠨ᠎ᠡ᠃ 2019 ᠣᠨ ᠤ ᠳᠣᠤᠷ᠎ᠠ | ᠬᠠᠭᠠᠰ ᠵᠢᠯ ᠳᠤ ᠬᠤᠸᠠᠳᠧ ᠰᠢᠶᠠᠨ ᠤ ᠵᠡᠮᠳᠡᠭᠴᠦᠳ ᠤᠨ ᠬᠤᠯᠪᠣᠭᠠᠲᠤ ᠬᠤᠷᠠᠯ ᠠᠴᠠ ᠵᠣᠬᠢᠶᠠᠨ ᠪᠠᠶᠢᠭᠤᠯᠤᠨ | ᠬᠡᠷᠡᠭᠵᠢᠭᠦᠯᠵᠦ᠂ 2019 ᠣᠨ ᠤ ᠵᠢᠯ ᠤᠨ ᠰᠡᠭᠦᠯᠴᠢ ᠠᠴᠠ ᠡᠮᠦᠨ᠎ᠡ ᠳ᠋ᠦᠩᠨᠡᠨ ᠲᠡᠭᠦᠯᠳᠡᠷᠵᠢᠭᠦᠯᠦᠨ᠎ᠡ᠃ | ︵ᠭᠤᠷᠪᠠ︶ ᠠᠵᠢᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠶ᠃ ᠦᠵᠡᠯ ᠰᠠᠨᠠᠭᠠᠨ ᠤ ᠠᠵᠢᠯ ᠢ | ᠰᠠᠶᠢᠲᠤᠷ ᠬᠢᠵᠦ᠂ ᠥᠭᠡᠷᠡᠴᠢᠯᠡᠯᠲᠡ ᠳᠤ ᠨᠥᠬᠦᠴᠡᠯ ᠪᠦᠷᠢᠯᠳᠦᠭᠦᠯᠵᠦ ᠥᠭᠭᠦᠨ᠎ᠡ᠃ ᠬᠠᠤᠯᠢ ᠳᠦᠷᠢᠮ ᠶᠣᠰᠣᠭᠠᠷ | ᠠᠵᠢᠯ ᠡᠷᠬᠢᠯᠡᠬᠦ ᠶᠢ ᠪᠠᠷᠢᠮᠲᠠᠯᠠᠵᠤ᠂ ᠨᠡᠪᠲᠡᠷᠡᠯᠴᠡᠨ ᠵᠣᠬᠢᠴᠠᠭᠤᠯᠬᠤ ᠪᠠᠨ ᠴᠢᠩᠭᠠᠳᠬᠠᠵᠤ᠂ ᠥᠭᠡᠷᠡᠴᠢᠯᠡᠯᠲᠡ ᠶᠢ | ᠯᠠᠪᠳᠠᠭᠤᠨ ᠪᠥᠭᠡᠳ ᠡᠮᠬᠢ ᠵᠢᠷᠤᠮ ᠲᠠᠢ ᠲᠦᠯᠬᠢᠨ ᠠᠬᠢᠭᠤᠯᠤᠨ᠎ᠠ᠃ ᠰᠢᠮᠳᠠᠭᠤᠯᠤᠨ ᠪᠠᠶᠢᠴᠠᠭᠠᠬᠤ ᠶᠢ | ᠴᠢᠩᠭᠠᠷᠠᠭᠤᠯᠤᠨ᠂ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠮᠥᠷᠳᠡᠵᠦ᠂ | ᠲᠤᠷᠰᠢᠯᠭ᠎ᠠ ᠪᠠᠨ ᠴᠠᠭ ᠲᠤᠬᠠᠶ ᠳᠤᠨᠢ ᠳ᠋ᠦᠩᠨᠡᠨ᠂ ᠬᠦᠷᠦᠯᠴᠡᠬᠦ ᠦᠭᠡᠢ ᠲᠠᠯ᠎ᠠ ᠪᠠᠨ ᠬᠠᠯᠠᠨ ᠰᠠᠶᠢᠵᠢᠷᠠᠭᠤᠯᠵᠤ᠂ | ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠪᠣᠳᠠᠲᠤ ᠭᠠᠵᠠᠷ ᠲᠤᠨᠢ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ | ᠬᠡᠷᠡᠭᠲᠡᠶ᠃ | 2019 — 11 — 29 ᠳᠤ ᠳᠠᠷᠤᠮᠠᠯᠯᠠᠨ ᠲᠠᠷᠬᠠᠭᠠᠪᠠ | | ᠣᠷᠴᠢᠭᠤᠯᠤᠭᠴᠢ᠄ ᠭᠡᠷᠡᠯ |