ᠬᠤᠸᠠᠳᠧ ᠰᠢᠶᠠᠨ ᠤ ᠬᠤᠪᠴᠠᠰᠤ ᠬᠤᠨᠠᠷ ᠤᠨ ᠠᠵᠤ ᠦᠢᠯᠡᠰ ᠪᠣᠯ ᠠᠵᠤ ᠠᠬᠤᠢ ᠶᠢᠨ ᠨᠡᠮᠡᠭᠳᠡᠯ ᠢ | ᠳᠠᠶᠢᠴᠢᠯᠠᠬᠤ ᠭᠤᠤᠯ ᠬᠦᠴᠦᠨ ᠪᠣᠯᠬᠤ ᠪᠠᠷ ᠪᠠᠷᠠᠬᠤ ᠦᠭᠡᠢ᠂ ᠪᠠᠰᠠ ᠴᠤ ᠪᠦᠬᠦ ᠠᠷᠠᠳ ᠤᠨ ᠠᠳᠠᠯ ᠦᠢᠯᠡᠰ | ᠴᠣᠭᠴᠠᠯᠠᠵᠤ ᠠᠵᠢᠯ ᠣᠯᠭᠤᠬᠤ ᠴᠢᠬᠤᠯᠠ ᠬᠦᠷᠢᠶ᠎ᠡ ᠪᠣᠯᠤᠨ᠎ᠠ᠃ | ᠣᠳᠣᠬᠠᠨ ᠳᠤ᠂ ᠬᠤᠸᠠᠳᠧ ᠰᠢᠶᠠᠨ ᠤ ᠬᠤᠨᠢ ︵ᠲᠡᠮᠡᠭᠡ︶ ᠶᠢᠨ ᠤᠩᠭᠠᠷᠢᠯ ᠢᠯᠳᠠᠰᠤᠨ ᠤ ᠬᠤᠪᠴᠠᠰᠤ | ᠣᠶᠣᠬᠤ ᠦᠢᠯᠡᠳᠪᠤᠷᠢ ᠨᠡᠶᠢᠲᠡ270 ᠭᠠᠷᠤᠢ ᠪᠠᠶᠢᠵᠤ᠂ ᠤᠩᠭᠠᠷᠢᠯ ᠡᠳ᠋ᠰᠢᠭᠦᠯᠬᠦ ᠠᠵᠤ ᠠᠬᠤᠶᠢᠯᠠᠯ 32 ᠪᠠᠶᠢᠵᠤ᠂ | ᠬᠤᠪᠴᠠᠰᠤᠨ ᠤ ᠠᠵᠢᠯ ᠲᠥᠷᠥᠯ ᠳᠤ ᠠᠵᠢᠯᠯᠠᠵᠤ ᠪᠠᠶᠢᠭ᠎ᠠ ᠬᠥᠮᠦᠰ 3 ᠲᠦᠮᠡ ᠬᠦᠷᠴᠦ᠂ ᠦᠢᠯᠡᠳᠪᠤᠷᠢᠯᠡᠭᠰᠡᠨ | ᠬᠤᠪᠴᠠᠰᠤ ᠨᠢ 6 ᠶᠡᠭᠡ ᠰᠢᠷᠢᠰ 200 ᠭᠠᠷᠤᠶ ᠲᠥᠷᠥᠯ ᠵᠦᠢᠯ᠂ 300 ᠭᠠᠷᠤᠶ ᠬᠡᠪ ᠬᠡᠮᠵᠢᠶ᠎ᠡ ᠲᠠᠢ ᠪᠠᠶᠢᠵᠤ᠂ | ᠦᠢᠯᠡᠳᠬᠦᠨ ᠨᠢ ᠪᠦᠬᠦ ᠤᠯᠤᠰ ᠤᠨ 30 ᠮᠣᠵᠢ᠂ ᠬᠤᠲᠠ᠂ ᠥᠪᠡᠷᠲᠡᠭᠡᠨ ᠵᠠᠰᠠᠬᠤ ᠣᠷᠣᠨ᠂ 100 ᠭᠠᠷᠤᠶ ᠶᠡᠭᠡ | ᠳᠤᠮᠳᠠ ᠬᠤᠲᠠ ᠪᠠ 300 ᠭᠠᠷᠤᠶ ᠰᠢᠶᠠᠨ ᠳᠤ ᠪᠣᠷᠤᠯᠠᠭᠤᠯᠤᠭᠳᠠᠬᠤ ᠶᠢᠨ ᠬᠠᠮᠲᠤ ᠣᠷᠣᠰ᠂ ᠮᠣᠩᠭᠤᠯ ᠤᠯᠤᠰ | ᠵᠡᠷᠭᠡ ᠭᠠᠵᠠᠷ ᠣᠷᠣᠨ ᠳᠤ ᠪᠣᠷᠤᠯᠠᠭᠤᠯᠤᠭᠳᠠᠵᠤ ᠪᠠᠶᠢᠨ᠎ᠠ᠃ ᠵᠢᠯ ᠳᠤ ᠡᠯ᠎ᠡ ᠲᠥᠷᠥᠯ ᠤᠨ ᠬᠤᠪᠴᠠᠰᠤ ᠬᠤᠨᠠᠷ ᠢ | 2600 ᠲᠦᠮᠡᠨ ᠵᠠᠬ᠎ᠠ ᠦᠢᠯᠡᠳᠪᠦᠷᠢᠯᠡᠵᠦ᠂ ᠤᠩᠭᠠᠷᠢᠯ ᠢᠯᠲᠠᠰᠤ ᠶᠢ 9000 ᠲᠣᠨ ᠦᠢᠯᠡᠳᠪᠦᠷᠢᠯᠡᠵᠦ᠂ | ᠦᠢᠯᠡᠳᠬᠦᠨ ᠤ ᠥᠷᠲᠡᠭ ᠢ 20.5 ᠳ᠋ᠦᠩᠰᠢᠭᠤᠷ ᠲᠥᠭᠦᠷᠢᠭ ᠪᠡᠶᠡᠯᠡᠭᠦᠯᠪᠡ᠃ ᠤᠯᠤᠰ ᠤᠨ ᠲᠡᠰ ᠤᠨ ᠨᠣᠤᠰᠣ | ᠨᠣᠣᠯᠤᠷ ᠤᠨ ᠶᠠᠰᠤ ᠴᠢᠨᠠᠷ ᠲᠤ ᠬᠢᠨᠠᠯᠲᠠ ᠲᠠᠯᠪᠢᠵᠤ ᠰᠢᠯᠭᠠᠨ ᠪᠠᠶᠢᠴᠠᠭᠠᠬᠤ ᠲᠥᠪ ︵ᠬᠤᠸᠠᠳᠧ ᠶᠢᠨ ᠠᠵᠢᠯᠯᠠᠬᠤ | ᠥᠷᠲᠡᠭᠡ︶ ᠢ ᠪᠠᠶᠢᠭᠤᠯᠵᠤ᠂ ᠬᠤᠪᠴᠠᠰᠤ ᠬᠤᠨᠠᠷ ᠤᠨ ᠳᠡᠭᠡᠳᠤ ᠰᠤᠷᠭᠠᠭᠤᠯᠢ ᠵᠢᠴᠢ ᠨᠡᠷᠡᠲᠦ ᠠᠵᠤ | ᠠᠬᠤᠶᠢᠯᠠᠯ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠨ᠂ ᠬᠤᠪᠴᠠᠰᠤ ᠬᠤᠨᠠᠷ ᠤᠨ ᠵᠢᠷᠤᠭᠯᠠᠨ | ᠲᠥᠯᠥᠪᠯᠡᠬᠦ ᠬᠢᠷᠢ ᠲᠦᠪᠰᠢᠨ ᠪᠣᠯᠤᠨ ᠰᠤᠳᠤᠯᠤᠨ ᠨᠡᠭᠡᠭᠡᠬᠦ ᠴᠢᠳᠠᠪᠤᠷᠢ ᠪᠠᠨ ᠳᠡᠭᠡᠭᠰᠢᠯᠡᠭᠦᠯᠵᠦ᠂ ᠲᠥᠷᠥᠯ ᠲᠡᠮᠳᠡᠭ | ᠡᠭᠦᠳᠬᠦ ᠵᠠᠮ ᠢᠶᠠᠷ ᠵᠠᠮᠨᠠᠨ᠎ᠠ᠃ | ᠴᠣᠴᠠᠯᠲᠠ ᠦᠭᠡᠢ ᠴᠢᠷᠮᠠᠶᠢᠯᠭ᠎ᠠ ᠪᠠᠷ ᠳᠠᠮᠵᠢᠨ ᠬᠤᠸᠠᠳᠧ ᠰᠢᠶᠠᠨ ︽ᠪᠦᠬᠦ ᠤᠯᠤᠰ ᠤᠨ ᠳᠤᠮᠳᠠ ᠪᠠᠭ᠎ᠠ | ᠠᠵᠤ ᠠᠬᠤᠶᠢᠯᠠᠯ ᠤᠨ ᠬᠥᠭᠵᠢᠯᠲᠡ ᠶᠢᠨ ᠣᠷᠴᠢᠨ ᠲᠣᠭᠤᠷᠢᠨ ᠤ ᠵᠠᠭᠤᠨ ᠰᠢᠯᠢᠳᠡᠭ ᠰᠢᠶᠠᠨ︾᠂ ︽ᠳᠤᠮᠳᠠᠳᠤ | ᠤᠯᠤᠰ ᠤᠨ ᠬᠤᠨᠢ ᠲᠡᠮᠡᠭᠡᠨ ᠨᠣᠣᠯᠤᠷ ᠤᠨ ᠬᠤᠪᠴᠠᠰᠤᠨ ᠤ ᠠᠵᠤ ᠦᠢᠯᠡᠰ ᠤᠨ ᠨᠠᠷᠠᠲᠤ ᠰᠢᠶᠠᠨ︾᠂ ︽ᠳᠤᠮᠳᠠᠳᠤ | ᠤᠯᠤᠰ ᠤᠨ ᠵᠠᠭᠤᠨ ᠰᠢᠯᠢᠳᠡᠭ ᠣᠨᠴᠠᠯᠢᠭᠲᠤ ᠠᠵᠤ ᠦᠢᠯᠡᠰ ᠤᠨ ᠰᠢᠶᠠᠨ︾ ᠢᠶᠠᠷ ᠦᠨᠡᠯᠡᠭᠳᠡᠪᠡ᠃ ᠬᠤᠪᠴᠠᠰᠤ | ᠬᠤᠨᠠᠷ ᠤᠨ ᠠᠳᠠᠯ ᠦᠢᠯᠡᠰ ᠴᠣᠭᠴᠠᠯᠠᠬᠤ ᠬᠦᠷᠢᠶᠡᠯᠡᠩ ᠨᠢ ᠥᠪᠡᠷᠲᠡᠭᠡᠨ ᠵᠠᠰᠠᠬᠤ ᠣᠷᠣᠨ ᠤ ᠲᠡᠰ ᠤᠨ ᠵᠢᠱᠢᠶ᠎ᠡ | ᠦᠵᠡᠭᠦᠯᠬᠦ ᠴᠢᠨᠠᠷᠲᠠᠶ ᠠᠳᠠᠯ ᠦᠢᠯᠡᠰ ᠴᠣᠭᠴᠠᠯᠠᠬᠤ ᠬᠦᠷᠢᠶᠡᠯᠡᠩ ᠪᠣᠯᠤᠨ ᠠᠳᠠᠯ ᠦᠢᠯᠡᠰ ᠴᠣᠭᠴᠠᠯᠠᠬᠤ ᠨᠡᠪᠴᠢᠭᠦᠯᠬᠦ | ᠰᠠᠭᠤᠷᠢᠨ ᠭᠠᠵᠠᠷ ᠢᠶᠠᠷ ᠦᠨᠡᠯᠡᠭᠳᠡᠪᠡ᠃ | ᠣᠷᠴᠢᠭᠤᠯᠤᠭᠴᠢ᠄ ᠭᠡᠷᠡᠯ |