ᠬᠤᠸᠠᠳᠧ ᠰᠢᠶᠠᠨ ᠬᠥᠳᠡᠭᠡ ᠲᠣᠰᠬᠤᠨ ᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠴᠢᠩᠭᠠᠳᠬᠠᠵᠤ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠲᠦᠭᠡᠨ ᠪᠠᠶᠢᠭᠤᠯᠵᠤ ᠪᠣᠶ
ᠨᠡᠶᠢᠲᠡᠯᠡᠭᠰᠡᠨ ᠴᠠᠭ᠄
2019-12-30
   ᠡᠨᠡ ᠵᠢᠯ ᠠᠴᠠ ᠨᠠᠭᠠᠰᠢ᠂ ᠬᠤᠸᠠᠳᠧ ᠰᠢᠶᠠᠨ ᠬᠥᠳᠡᠭᠡ ᠲᠣᠰᠬᠤᠨ ᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠪᠠᠷ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠷ ᠴᠢᠬᠤᠯᠠ ᠭᠠᠷᠳᠠᠴᠠ ᠪᠣᠯᠭᠠᠵᠤ᠂ ᠬᠥᠳᠡᠭᠡ ᠲᠣᠰᠬᠤᠨ ᠤ ᠬᠥᠮᠦᠰ ᠤᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠶᠡᠬᠡᠪᠡᠷ ᠠᠬᠢᠭᠤᠯᠵᠤ᠂ ᠬᠥᠳᠡᠭᠡ ᠲᠣᠰᠬᠤᠨ ᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠪᠠᠷ ᠦᠵᠡᠰᠬᠦᠯᠡᠩᠲᠦ ᠰᠠᠶᠢᠬᠠᠨ ᠦᠵᠡᠮᠵᠢ ᠶᠢ ᠴᠣᠭᠴᠠᠯᠠᠵᠤ᠂ ᠰᠠᠶᠢᠨ ᠰᠠᠶᠢᠬᠠᠨ ᠠᠮᠢᠳᠤᠷᠠᠯ ᠤᠨ ᠲᠤᠬᠠᠶ ᠬᠦᠰᠡᠯ ᠡᠷᠡᠮᠡᠯᠵᠡᠯ ᠤᠨ ᠣᠷᠭᠢᠯᠤᠮ᠎ᠠ ᠰᠡᠳᠬᠢᠯᠭᠡ ᠶᠢ ᠤᠷᠮᠠᠰᠢᠭᠤᠯᠵᠤ᠂ ᠬᠥᠳᠡᠭᠡ ᠲᠣᠰᠬᠤᠨ ᠤ ᠬᠥᠭᠵᠢᠯᠲᠡ ᠶᠢ ᠠᠬᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠤ ᠬᠦᠴᠦᠨ ᠨᠡᠮᠡᠷᠢᠯᠡᠪᠡ᠃    ᠨᠢᠭᠡ ᠳᠤ᠂ ᠲᠥᠰᠦᠯ ᠲᠣᠭᠲᠠᠭᠠᠵᠤ᠂ ᠴᠢᠭᠯᠡᠯ ᠢ ᠡᠵᠡᠮᠳᠡᠬᠦ ᠬᠡᠷᠡᠭᠲᠡᠶ᠃ ᠲᠣᠰ ᠰᠢᠶᠠᠨ ︽ᠬᠤᠸᠠᠳᠧ ᠰᠢᠶᠠᠨ ᠤ ᠬᠥᠳᠡᠭᠡ ᠲᠣᠰᠬᠤᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭᠠᠨ ᠤ ᠲᠥᠰᠦᠯ ︵2018 — 2020︶︾ ᠢ ᠨᠠᠶᠢᠷᠠᠭᠤᠯᠤᠨ ᠵᠣᠬᠢᠶᠠᠵᠤ᠂ 87 ᠵᠠᠰᠠᠭ ᠵᠠᠬᠢᠷᠭᠠᠨ ᠤ ᠲᠣᠰᠬᠤᠨ ᠳᠤ ᠠᠶᠢᠯ ᠲᠣᠰᠬᠤᠨ ᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠵᠤ᠂ ᠣᠷᠣᠨ ᠪᠦᠰᠡ ᠶᠢᠨ ᠲᠦᠢᠮᠣ ᠪᠠᠶᠢᠳᠠᠯ᠂ ᠶᠡᠷᠦᠩᠬᠡᠶ ᠱᠠᠭᠠᠷᠳᠠᠯᠭ᠎ᠠ᠂ ᠭᠤᠤᠯᠳᠠᠯᠭ᠎ᠠ ᠲᠠᠢ ᠡᠭᠦᠷᠭᠡ᠂ ᠠᠵᠢᠯ ᠤᠨ ᠠᠷᠭ᠎ᠠ ᠬᠡᠮᠵᠢᠶ᠎ᠡ ᠪᠣᠯᠤᠨ ᠬᠡᠷᠡᠭᠵᠢᠭᠦᠯᠬᠦ ᠠᠯᠬᠤᠮ ᠳᠠᠷᠠᠭ᠎ᠠ᠂ ᠢᠨᠵᠧᠨᠧᠷᠢᠩ ᠤᠨ ᠲᠥᠬᠦᠭᠡᠷᠦᠮᠵᠢ ᠶᠢᠨ ᠶᠡᠷᠦᠩᠬᠡᠶ ᠪᠡᠯᠡ ᠣᠷᠣᠭᠤᠯᠤᠯᠲᠠ ᠵᠢᠴᠢ ᠪᠡᠯᠡ ᠮᠥᠩᠭᠦ ᠴᠤᠭᠯᠠᠭᠤᠯᠬᠤ᠂ ᠪᠠᠲᠤᠯᠠᠬᠤ ᠠᠷᠭ᠎ᠠ ᠬᠡᠮᠵᠢᠶ᠎ᠡ ᠵᠡᠷᠭᠡ 6 ᠲᠠᠯ᠎ᠠ ᠶᠢ ᠬᠠᠮᠤᠷᠴᠤ᠂ ᠬᠥᠳᠡᠭᠡ ᠲᠣᠰᠬᠤᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠤᠨ ᠲᠥᠰᠦᠯ ᠤᠨ ︽ᠬᠤᠪᠢ ᠬᠥᠮᠦᠨ ᠤ ᠲᠣᠭᠲᠠᠭᠠᠯ︾ ᠢ ᠬᠡᠷᠡᠭᠵᠢᠭᠦᠯᠪᠡ᠃    ᠬᠤᠶᠠᠷ ᠲᠤ᠂ ᠰᠠᠭᠤᠷᠢ ᠶᠢ ᠪᠠᠲᠤᠳᠬᠠᠵᠤ᠂ ᠪᠠᠲᠤᠯᠠᠭ᠎ᠠ ᠶᠢ ᠴᠢᠩᠭᠠᠳᠬᠠᠨ᠎ᠠ᠃ ᠲᠣᠰ ᠰᠢᠶᠠᠨ ᠠᠶᠢᠯ ᠲᠣᠰᠬᠤᠨ ᠤ ᠵᠠᠮ᠂ ᠤᠰᠤ ᠬᠠᠩᠭᠠᠬᠤ᠂ ᠴᠠᠬᠢᠯᠭᠠᠨ ᠬᠠᠩᠭᠠᠬᠤ᠂ ᠴᠢᠮᠡᠭᠡ ᠬᠤᠯᠪᠣᠭ᠎ᠠ ᠵᠡᠷᠭᠡ ᠰᠠᠭᠤᠷᠢ ᠲᠥᠬᠦᠭᠡᠷᠦᠮᠵᠢ ᠶᠢ ᠦᠷᠭᠦᠯᠵᠢᠯᠡᠨ ᠲᠡᠭᠦᠯᠳᠡᠷᠵᠢᠭᠦᠯᠦᠭᠰᠡᠨ ᠰᠠᠭᠤᠷᠢᠨ ᠳᠡᠭᠡᠷ᠎ᠡ᠂ ᠵᠣᠷᠯᠣᠩ ᠤᠨ ᠬᠤᠪᠢᠰᠬᠠᠯ ᠢ ᠶᠡᠬᠡᠪᠡᠷ ᠠᠬᠢᠭᠤᠯᠵᠤ᠂ ᠣᠳᠣᠬᠠᠨ ᠳᠤ᠂ ᠬᠥᠳᠡᠭᠡ ᠲᠣᠰᠬᠤᠨ ᠤ ᠡᠷᠡᠭᠦᠯ ᠬᠠᠮᠠᠭᠠᠯᠠᠯ ᠤᠨ ᠨᠡᠶᠢᠲᠡ ᠶᠢᠨ ᠵᠣᠷᠯᠣᠩ ᠢ 529 ᠪᠠᠶᠢᠭᠤᠯᠵᠤ᠂ 2019 ᠣᠨ ᠳᠤ 15 ᠨᠡᠶᠢᠲᠡ ᠶᠢᠨ ᠵᠣᠷᠯᠣᠩ ᠢ ᠰᠢᠨ᠎ᠡ ᠪᠠᠷ ᠪᠠᠶᠢᠭᠤᠯᠵᠤ᠂ ᠨᠡᠶᠢᠲᠡ ᠶᠢᠨ ᠵᠣᠷᠯᠣᠩ ᠤᠨ ᠶᠡᠷᠦᠩᠬᠡᠶ ᠬᠡᠮᠵᠢᠶ᠎ᠡ ᠶᠢ 529 ᠳᠤ ᠬᠦᠷᠭᠡᠵᠦ᠂ 359 ᠬᠠᠭᠤᠷᠠᠶ ᠵᠣᠷᠯᠣᠩ ᠢ ᠰᠢᠨ᠎ᠡ ᠪᠠᠷ ᠪᠠᠶᠢᠭᠤᠯᠵᠤ ᠂  ᠡᠷᠦᠬᠡ ᠶᠢᠨ ᠠᠷᠢᠭᠤᠨ ᠴᠡᠪᠡᠷ ᠬᠠᠭᠤᠷᠠᠶ ᠵᠣᠷᠯᠣᠩ1392 ᠢ ᠰᠢᠨ᠎ᠡ ᠪᠠᠷ ᠪᠠᠶᠢᠭᠤᠯᠪᠠ᠃    ᠭᠤᠷᠪᠠ ᠳᠤ᠂ ᠵᠠᠰᠠᠯᠲᠠ ᠶᠢ ᠠᠳᠬᠤᠵᠤ᠂ ᠠᠷᠢᠭᠤᠨ ᠴᠡᠪᠡᠷ ᠢ ᠠᠬᠢᠭᠤᠯᠪᠡ᠃ ᠲᠣᠰ ᠰᠢᠶᠠᠨ ᠰᠢᠶᠠᠩ ᠪᠠᠯᠭᠠᠰᠤ ᠨᠢᠭᠡᠪᠦᠷᠢ ᠳᠤ 1 ᠬᠤᠭ ᠨᠣᠪᠰᠢ ᠳᠠᠮᠵᠢᠭᠤᠯᠬᠤ ᠥᠷᠲᠡᠭᠡ ᠪᠠᠶᠢᠭᠤᠯᠵᠤ᠂ 2 ᠬᠤᠭ ᠨᠣᠪᠰᠢ ᠶᠢᠨ ᠲᠡᠷᠭᠡ ᠲᠣᠬᠢᠷᠠᠭᠤᠯᠵᠤ᠂ ᠬᠥᠷᠰᠢ ᠵᠡᠷᠭᠡᠯᠡᠳᠡᠭᠡ 3 ᠲᠣᠰᠬᠤᠨ ᠨᠢᠭᠡᠪᠦᠷᠢ ᠳᠤ 1 ᠰᠠᠭᠤᠷᠢ ᠬᠤᠭ ᠨᠣᠪᠰᠢ ᠪᠤᠯᠠᠬᠤ ᠲᠠᠯᠠᠪᠠᠢ ᠪᠠᠶᠢᠭᠤᠯᠵᠤ᠂ ᠲᠣᠰᠬᠤᠨ ᠨᠢᠭᠡᠪᠦᠷᠢ ᠳᠤ 3 — 5 ᠬᠤᠭ ᠨᠣᠪᠰᠢ ᠶᠢᠨ ᠲᠠᠲᠠᠭᠠᠯ ᠪᠠᠶᠢᠭᠤᠯᠬᠤ ᠪᠤᠶᠤ 1 — 2 ᠪᠦᠯᠦᠭ ᠬᠤᠭ ᠨᠣᠪᠰᠢ ᠶᠢᠨ ᠰᠠᠪᠠ ᠲᠣᠬᠢᠷᠠᠭᠤᠯᠪᠠ᠃ 2019 ᠣᠨ ᠳᠤ᠂ 15 ᠵᠠᠰᠠᠭ ᠵᠠᠬᠢᠷᠭᠠᠨ ᠤ ᠲᠣᠰᠬᠤᠨ ᠳᠤ ᠲᠣᠮᠣ ᠬᠡᠯᠪᠡᠷᠢ ᠶᠢᠨ ᠬᠤᠭ ᠨᠣᠪᠰᠢ ᠶᠢᠨ ᠬᠠᠶᠢᠷᠴᠠᠭ 236 ᠶᠢ ᠲᠣᠬᠢᠷᠠᠭᠤᠯᠵᠤ ᠳᠠᠭᠤᠰᠬᠠᠪᠠ᠃ ︽ᠵᠢᠷᠭᠤᠭ᠎ᠠ ᠶᠢ ᠴᠡᠪᠡᠷᠯᠡᠬᠦ᠂ ᠵᠢᠷᠭᠤᠭ᠎ᠠ ᠶᠢ ᠭᠤᠶᠤᠵᠢᠭᠤᠯᠬᠤ︾ ᠠᠵᠢᠯᠯᠠᠭ᠎ᠠ ᠶᠢ ᠥᠷᠨᠢᠭᠦᠯᠵᠦ᠂ ᠬᠥᠳᠡᠭᠡ ᠲᠣᠰᠬᠤᠨ ᠤ ᠠᠮᠢᠳᠤᠷᠠᠯ ᠤᠨ ᠬᠤᠭ ᠨᠣᠪᠰᠢ ᠶᠢ ᠪᠠᠷᠤᠭ 11000 ᠲᠣᠨ ᠴᠡᠪᠡᠷᠯᠡᠵᠦ᠂ ᠬᠠᠭᠤᠴᠢᠨ ᠵᠢᠯ ᠤᠨ ᠬᠤᠭ ᠨᠣᠪᠰᠢ ᠶᠢ ᠲᠥᠪᠯᠡᠷᠡᠭᠦᠯᠦᠨ ᠵᠠᠰᠠᠵᠤ᠂ ᠪᠠᠭᠠᠰᠤᠨ ᠣᠪᠣᠭ᠎ᠠ ᠶᠢ 12000 ᠭᠠᠵᠠᠷ ᠴᠡᠪᠡᠷᠯᠡᠵᠦ᠂ ᠡᠪᠡᠰᠦ ᠲᠦᠯᠡᠭᠡᠨ ᠤ ᠣᠪᠣᠭ᠎ᠠ ᠶᠢ 15000 ᠭᠠᠵᠠᠷ ᠴᠡᠪᠡᠷᠯᠡᠵᠦ᠂ ᠨᠤᠷᠠᠩᠬᠠᠢ ᠬᠡᠷᠡᠮ ᠢ 600 ᠭᠠᠷᠤᠶ ᠭᠠᠵᠠᠷ ᠴᠡᠪᠡᠷᠯᠡᠪᠡ ᠃ ᠡᠭᠦᠨ ᠤ ᠬᠠᠮᠲᠤ᠂ ᠠᠶᠢᠯ ᠲᠣᠰᠬᠤᠨ ᠪᠣᠳᠠᠲᠠᠶ ᠳᠤ ᠰᠠᠭᠤᠷᠢᠯᠠᠵᠤ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠰᠢᠨ᠎ᠡ ᠪᠠᠷ ᠲᠠᠷᠢᠬᠤ᠂ ᠨᠥᠬᠦᠵᠦ ᠲᠠᠷᠢᠬᠤ ᠵᠡᠷᠭᠡ ᠠᠷᠭ᠎ᠠ ᠬᠡᠮᠵᠢᠶ᠎ᠡ ᠠᠪᠴᠤ᠂ ᠣᠷᠣᠰᠢᠨ ᠰᠠᠭᠤᠬᠤ ᠣᠷᠴᠢᠨ ᠲᠣᠭᠤᠷᠢᠨ ᠢ ᠭᠤᠶᠤᠵᠢᠭᠤᠯᠤᠨ‌ᠣᠨᠴᠠᠭᠠᠶᠢᠯᠠᠨ ᠰᠢᠶᠠᠩ ᠪᠠᠯᠭᠠᠰᠤ ᠵᠡᠭᠡᠯᠢ ᠭᠤᠳᠤᠮᠵᠢ ᠪᠣᠯᠤᠨ ᠵᠠᠰᠠᠮᠠᠯ ᠵᠠᠮ ᠳᠠᠭᠠᠤ ᠶᠢᠨ ᠨᠣᠭᠤᠭᠠᠷᠠᠭᠤᠯᠤᠯᠲᠠ ᠶᠢᠨ ᠦᠵᠡᠮᠵᠢ ᠶᠢᠨ ᠪᠦᠰᠡ ᠶᠢ ᠥᠭᠡᠷᠡᠴᠢᠯᠡᠨ ᠰᠠᠶᠢᠵᠢᠷᠠᠭᠤᠯᠵᠤ᠂ ᠠᠮᠢ ᠠᠬᠤᠢ ᠶᠢᠨ ᠦᠷ᠎ᠡ ᠠᠰᠢᠭ ᠪᠣᠯᠤᠨ ᠦᠵᠡᠮᠵᠢ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠪᠡ᠃                                                         ᠣᠷᠴᠢᠭᠤᠯᠤᠭᠴᠢ᠄ ᠭᠡᠷᠡᠯ  
 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠲᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2