| 12 ᠰᠠᠷ᠎ᠠ ᠶᠢᠨ 30 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠼᠦᠢ | ᠢᠦᠶ ᠯᠠᠶ ᠰᠢ ᠰᠢᠶᠠᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠵᠢᠴᠢ ᠭᠤᠤᠯᠳᠠᠯᠭ᠎ᠠ ᠲᠠᠢ ᠠᠵᠢᠯ ᠢ | ᠵᠣᠬᠢᠴᠠᠭᠤᠯᠬᠤ ᠬᠤᠷᠠᠯ ᠢ ᠡᠷᠬᠢᠯᠡᠨ ᠬᠤᠷᠠᠯᠳᠤᠭᠤᠯᠪᠠ᠃ | ᠬᠤᠷᠠᠯ ᠳᠡᠭᠡᠷ᠎ᠡ᠂ ᠮᠠᠨ ᠤ ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠣᠢ ᠰᠢᠭᠤᠶ ᠨᠤᠲᠤᠭ | ᠪᠡᠯᠴᠢᠭᠡᠷ ᠤᠨ ᠲᠣᠪᠴᠢᠶ᠎ᠠ᠂ ᠠᠮᠢ ᠠᠬᠤᠶ ᠣᠷᠴᠢᠨ ᠠᠬᠤᠢ ᠶᠢᠨ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠲᠤᠭ᠎ᠠ ᠪᠦᠷᠢᠳᠬᠡᠯ ᠤᠨ ᠲᠣᠪᠴᠢᠶ᠎ᠠ ᠲᠣᠰ ᠲᠣᠰ ᠬᠠᠤᠯᠢ ᠶᠢ ᠵᠥᠷᠢᠴᠡᠵᠦ | ᠲᠣᠭᠲᠠᠭᠠᠯ ᠢ ᠵᠥᠷᠢᠴᠡᠨ ᠭᠠᠵᠠᠷ ᠬᠡᠷᠡᠭᠯᠡᠭᠰᠡᠨ ᠪᠠᠶᠢᠳᠠᠯ ᠢ ᠴᠡᠭᠴᠡᠯᠡᠨ ᠵᠠᠰᠠᠭᠰᠠᠨ ᠪᠠᠶᠢᠳᠠᠯ᠂ ᠬᠠᠤᠯᠢ ᠶᠢ ᠵᠥᠷᠢᠴᠡᠨ ᠣᠢ | ᠰᠢᠭᠤᠶ ᠡᠪᠡᠰᠦᠲᠦ ᠭᠠᠵᠠᠷ ᠢ ᠡᠵᠡᠯᠡᠨ ᠬᠡᠷᠡᠭᠯᠡᠭᠰᠡᠨ ᠪᠠᠶᠢᠳᠠᠯ ᠢ ᠴᠡᠭᠴᠡᠯᠡᠨ ᠵᠠᠰᠠᠭᠰᠠᠨ ᠪᠠᠶᠢᠳᠠᠯ᠂ ᠣᠷᠴᠢᠨ ᠲᠣᠭᠤᠷᠢᠨ ᠤ | ᠴᠡᠭᠴᠡᠯᠡᠨ ᠰᠠᠶᠢᠵᠢᠷᠠᠯᠲᠠ ᠶᠢᠨ ᠭᠤᠤᠯᠳᠠᠯᠭ᠎ᠠ ᠲᠠᠢ ᠠᠵᠢᠯ ᠢ ᠠᠬᠢᠭᠤᠯᠤᠭᠰᠠᠨ ᠪᠠᠶᠢᠳᠠᠯ ᠵᠢᠴᠢ ᠬᠥᠯᠥᠰᠥᠨ ᠠᠵᠢᠯᠴᠢᠨ ᠳᠤ | ᠥᠷᠢᠲᠦᠵᠦ ᠪᠠᠶᠢᠭ᠎ᠠ ᠥᠷᠢ ᠰᠢᠷᠢ ᠶᠢ ᠰᠢᠢᠳᠪᠤᠷᠢᠯᠡᠭᠰᠡᠨ ᠠᠵᠢᠯ ᠤᠨ ᠪᠠᠶᠢᠳᠠᠯ ᠢ ᠬᠠᠷᠢᠭᠤ ᠮᠡᠳᠡᠭᠦᠯᠪᠡ᠃ | ᠲᠣᠰ ᠤᠳᠠᠭᠠᠨ ᠤ ᠬᠤᠷᠠᠯ ᠳᠤ ᠪᠠᠰᠠ 2020 ᠣᠨ ᠤ ᠭᠤᠤᠯ ᠭᠦᠢᠴᠡᠳᠬᠡᠯ ᠲᠤᠭ᠎ᠠ ᠶᠢᠨ ᠠᠵᠤ ᠠᠬᠤᠢ ᠶᠢᠨ | ᠠᠵᠢᠯᠯᠠᠭᠠᠨ ᠤ ᠵᠢᠱᠢᠯᠲᠡ ᠶᠢᠨ ᠪᠠᠶᠢᠳᠠᠯ᠂ 2020 ᠣᠨ ᠤ ᠲᠥᠪ ᠤᠨ ᠲᠥᠰᠦᠪ ᠤᠨ ᠳᠣᠲᠣᠷᠠᠬᠢ ᠪᠡᠯᠡ | ᠣᠷᠣᠭᠤᠯᠤᠯᠲᠠ ᠶᠢᠨ ᠲᠥᠷᠥᠯ ᠵᠦᠢᠯ ᠵᠢᠴᠢ ᠨᠡᠶᠢᠭᠡᠮ ᠤᠨ ᠪᠡᠯᠡ ᠣᠷᠣᠭᠤᠯᠤᠯᠲᠠ ᠶᠢᠨ ᠲᠥᠷᠥᠯ ᠵᠦᠢᠯ ᠢ ᠲᠡᠮᠡᠴᠡᠨ | ᠣᠯᠤᠭᠰᠠᠨ ᠪᠠᠶᠢᠳᠠᠯ ᠪᠣᠯᠤᠨ 2020 ᠣᠨ ᠤ ᠠᠵᠤ ᠦᠢᠯᠡᠳᠪᠤᠷᠢ ᠶᠢᠨ ᠭᠤᠤᠯᠳᠠᠯᠭ᠎ᠠ ᠲᠠᠢ ᠲᠥᠷᠥᠯ ᠵᠦᠢᠯ ᠢ | ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠤᠬᠠᠢ ᠰᠣᠨᠣᠰᠪᠠ᠃ | | ᠼᠦᠢ ᠢᠦᠶ ᠯᠠᠶ᠂ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠶ ᠱᠦᠵᠢ ᠰᠢ ᠶᠢᠨ ᠫᠢᠩ ᠤᠨ ᠠᠮᠢ ᠠᠬᠤᠶ ᠶᠢ | ᠤᠷᠢᠳ ᠢᠶᠠᠷ ᠪᠣᠳᠣᠯᠬᠢᠯᠠᠬᠤ ᠪᠣᠬᠢᠷᠲᠤᠯ ᠥᠬᠡᠶ ᠬᠥᠭᠵᠢᠯᠲᠡ ᠶᠢᠨ ᠲᠤᠬᠠᠶ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ | ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠣᠨᠴᠠᠭᠠᠶᠢᠯᠠᠨ ᠭᠤᠷᠪᠠᠳᠤᠭᠠᠷ ᠴᠡᠭᠴᠡᠯᠡᠨ ᠵᠠᠰᠠᠬᠤ ᠠᠵᠢᠯ ᠤᠨ | ᠳᠤᠭᠤᠶᠢᠯᠠᠩ ᠤᠨ ᠮᠠᠨ ᠤ ᠰᠢᠶᠠᠨ ᠳᠤ ᠬᠠᠷᠢᠭᠤ ᠲᠤᠰᠬᠠᠭᠰᠠᠨ ᠠᠰᠠᠭᠤᠳᠠᠯ ᠲᠠᠢ ᠨᠠᠷᠢᠨ ᠬᠢᠨᠠᠮᠠᠭᠠᠶ ᠬᠠᠷᠢᠴᠠᠭᠤᠯᠵᠤ᠂ | ᠴᠡᠭᠴᠡᠯᠡᠨ ᠰᠠᠶᠢᠵᠢᠷᠠᠭᠤᠯᠬᠤ ᠲᠥᠰᠦᠯ ᠢ ᠭᠦᠨᠵᠡᠭᠡᠶᠢᠷᠡᠭᠦᠯᠵᠦ᠂ ᠴᠡᠭᠴᠡᠯᠡᠨ ᠰᠠᠶᠢᠵᠢᠷᠠᠭᠤᠯᠬᠤ ᠴᠠᠭ ᠬᠤᠭᠤᠴᠠᠭᠠᠨ ᠤ | ᠱᠠᠭᠠᠷᠳᠠᠯᠭ᠎ᠠ ᠶᠣᠰᠣᠭᠠᠷ ᠣᠢ ᠰᠢᠭᠤᠶ ᠡᠪᠡᠰᠦᠲᠦ ᠭᠠᠵᠠᠷ ᠢ ᠬᠠᠤᠯᠢ ᠪᠤᠰᠤ ᠪᠠᠷ ᠡᠵᠡᠯᠡᠨ ᠬᠡᠷᠡᠭᠯᠡᠬᠦ ᠵᠡᠷᠭᠡ ᠠᠰᠠᠭᠤᠳᠠᠯ ᠢ | ᠴᠢᠩᠭ᠎ᠠ ᠨᠠᠶᠢᠳᠠᠪᠤᠷᠢᠵᠢᠭᠤᠯᠵᠤ᠂ ᠬᠠᠤᠯᠢ ᠶᠣᠰᠣᠭᠠᠷ ᠵᠠᠰᠠᠭ ᠶᠠᠪᠤᠭᠤᠯᠵᠤ᠂ ᠬᠠᠤᠯᠢ ᠶᠣᠰᠣᠭᠠᠷ ᠬᠠᠮᠢᠶᠠᠷᠬᠤ ᠶᠢ ᠪᠠᠷᠢᠮᠲᠠᠯᠠᠨ᠂ | ᠨᠡᠶᠢᠭᠡᠮ ᠳᠠᠶᠠᠭᠠᠷ ᠲᠤ ᠬᠠᠤᠯᠢ ᠲᠣᠭᠲᠠᠭᠠᠯ ᠶᠣᠰᠣᠭᠠᠷ ᠭᠠᠵᠠᠷ ᠰᠢᠷᠣᠶ ᠬᠡᠷᠡᠭᠯᠡᠬᠦ ᠪᠠᠶᠢᠳᠠᠯ ᠢ ᠪᠤᠢ ᠪᠣᠯᠭᠠᠬᠤ ᠬᠡᠷᠡᠭᠲᠡᠶ ᠭᠡᠵᠦ | ᠱᠠᠭᠠᠷᠳᠠᠪᠠ᠃ | ᠼᠦᠢ ᠢᠦᠶ ᠯᠠᠶ᠂ ᠮᠠᠨ ᠤ ᠰᠢᠶᠠᠨ ᠤᠳᠠᠯ ᠥᠬᠡᠶ ︽ᠬᠤᠶᠠᠷ ᠬᠤᠷᠠᠯ︾ ᠢ ᠬᠤᠷᠠᠯᠳᠤᠭᠤᠯᠬᠤ ᠭᠡᠵᠦ ᠪᠣᠶ᠂ ᠬᠠᠮᠢᠶ᠎ᠠ | ᠪᠦᠬᠦᠢ ᠰᠠᠯᠠᠭ᠎ᠠ ᠮᠥᠴᠢᠷ ᠤᠨ ᠬᠢᠨ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠬᠦ ᠶᠢ ᠪᠠᠷᠢᠮᠲᠠᠯᠠᠵᠤ᠂ ᠤᠷᠢᠳᠴᠢᠯᠠᠨ ᠵᠢᠱᠢᠬᠦ | ᠠᠵᠢᠯ ᠢ ᠰᠠᠶᠢᠲᠤᠷ ᠬᠢᠬᠦ ᠶᠢᠨ ᠬᠠᠮᠲᠤ ᠡᠷᠲᠡᠬᠡᠨ ᠲᠥᠯᠥᠪᠵᠢᠭᠦᠯᠵᠦ᠂ ᠡᠷᠲᠡᠬᠡᠨ ᠡᠬᠢᠯᠡᠭᠦᠯᠵᠦ᠂ ᠬᠡᠳᠦᠨ ᠭᠤᠤᠯᠳᠠᠯᠭ᠎ᠠ ᠲᠠᠢ | ᠲᠥᠷᠥᠯ ᠵᠦᠢᠯ ᠢ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠠᠵᠤ ᠠᠬᠤᠢ ᠶᠢᠨ ᠭᠦᠢᠴᠡᠳᠬᠡᠯ ᠲᠤᠭ᠎ᠠ | ᠰᠠᠶᠢᠵᠢᠷᠠᠬᠤ ᠶᠢ ᠪᠠᠲᠤᠯᠠᠵᠤ᠂ ᠠᠮᠵᠢᠯᠲᠠ ᠪᠦᠲᠦᠮᠵᠢ ᠪᠠᠷ ᠢᠶᠠᠨ ᠪᠦᠬᠦ ᠠᠷᠠᠳ ᠲᠦᠮᠡᠨ ᠳᠤ ᠬᠠᠨᠤᠮᠵᠢᠲᠠᠶ ᠨᠢᠭᠡ ᠬᠤᠪᠢ | ᠬᠠᠷᠢᠭᠤᠯᠲᠠ ᠶᠢᠨ ᠬᠠᠭᠤᠳᠠᠰᠤ ᠲᠤᠰᠢᠶᠠᠬᠤ ᠬᠡᠷᠡᠭᠲᠡᠶ ᠭᠡᠵᠦ ᠵᠢᠭᠠᠵᠤ ᠭᠠᠷᠭᠠᠪᠠ᠃ | ᠼᠦᠢ ᠢᠦᠶ ᠯᠠᠶ ᠴᠢᠬᠤᠯᠠᠴᠢᠯᠠᠭᠰᠠᠨ ᠨᠢ᠂ ᠡᠯ᠎ᠡ ᠨᠢᠭᠡᠴᠡ 2020 ᠣᠨ ᠤ ᠲᠥᠪ ᠤᠨ ᠲᠥᠰᠦᠪ ᠤᠨ ᠳᠣᠲᠣᠷᠠᠬᠢ | ᠪᠠᠯᠠ ᠣᠷᠣᠭᠤᠯᠤᠯᠲᠠ ᠶᠢᠨ ᠲᠥᠷᠥ ᠶᠢᠨ ᠪᠣᠳᠣᠯᠭ᠎ᠠ ᠳᠤ ᠭᠦᠨᠵᠡᠭᠡᠶ ᠪᠥᠭᠡᠳ ᠨᠠᠷᠢᠨ ᠨᠢᠮᠪᠠᠶ ᠲᠠᠶᠢᠯᠤᠮᠵᠢ ᠬᠢᠵᠦ᠂ | ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠲᠠᠢ ᠤᠶᠠᠯᠳᠤᠭᠤᠯᠤᠨ᠂ ᠳᠡᠭᠡᠳᠤ ᠱᠠᠲᠤᠨ ᠤ ᠰᠠᠯᠠᠭ᠎ᠠ ᠮᠥᠴᠢᠷ ᠲᠠᠢ | ᠢᠳᠡᠪᠬᠢᠲᠡᠢ ᠵᠣᠯᠭᠠᠭᠤᠯᠵᠤ᠂ ᠲᠥᠷᠥᠯ ᠵᠦᠢᠯ ᠭᠤᠶᠤᠴᠢᠯᠠᠨ ᠮᠡᠳᠡᠭᠦᠯᠬᠦ ᠶᠠᠰᠤ ᠴᠢᠨᠠᠷ ᠢ ᠤᠯᠠᠮ ᠨᠢᠭᠡ ᠠᠯᠬᠤᠮ | ᠳᠡᠭᠡᠭᠰᠢᠯᠡᠭᠦᠯᠦᠨ᠂ ᠮᠠᠨ ᠤ ᠰᠢᠶᠠᠨ ᠳᠤ ᠲᠥᠷᠥᠯ ᠵᠦᠢᠯ ᠲᠡᠮᠡᠴᠡᠨ ᠣᠯᠵᠤ᠂ ᠮᠠᠨ ᠤ ᠰᠢᠶᠠᠨ ᠤ ᠠᠵᠤ ᠠᠬᠤᠶ ᠨᠡᠶᠢᠭᠡᠮ ᠤᠨ | ᠬᠥᠭᠵᠢᠯᠲᠡ ᠳᠤ ᠲᠣᠬᠢᠷᠠᠬᠤ ᠨᠢᠭᠡ ᠪᠦᠯᠦᠭ ᠲᠣᠮᠣ ᠲᠥᠷᠥᠯ ᠵᠦᠢᠯ᠂ ᠰᠠᠶᠢᠨ ᠲᠥᠷᠥᠯ ᠵᠦᠢᠯ ᠢ ᠴᠢᠷᠮᠠᠶᠢᠨ ᠪᠠᠶᠢᠭᠤᠯᠵᠤ᠂ | ᠠᠵᠤ ᠦᠢᠯᠡᠰ ᠤᠨ ᠪᠦᠲᠦᠴᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠮᠠᠨ ᠤ ᠰᠢᠶᠠᠨ ᠤ ᠠᠵᠤ ᠠᠬᠤᠢ ᠶᠢᠨ | ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ ᠭᠡᠵᠡᠶ᠃ | | ᠣᠷᠴᠢᠭᠤᠯᠤᠭᠴᠢ᠄ ᠭᠡᠷᠡᠯ |