ᠠᠷᠪᠠᠨ ᠭᠤᠷᠪᠠᠳᠤᠭᠠᠷ ᠬᠤᠭᠤᠴᠠᠭᠠᠨ ᠤ ᠬᠤᠸᠠᠳᠧ ᠰᠢᠶᠠᠨ ᠤ ᠨᠠᠮ ᠤᠨ ᠬᠤᠷᠢᠶᠠᠨ ᠤ ᠭᠤᠷᠪᠠᠳᠤᠭᠠᠷ ᠲᠣᠭᠤᠷᠢᠨ‌‍ᠪᠠᠶᠢᠴᠠᠭᠠᠬᠤ ᠳᠤᠭᠤᠶᠢᠯᠠᠩ ‍ᠤᠨ‌ᠣᠷᠣᠨ ᠰᠠᠭᠤᠴᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢ ᠲᠣᠭᠤᠷᠢᠨ ᠪᠠᠶᠢᠴᠠᠭᠠᠬᠤ  ᠨᠠᠮ ᠤᠨ ᠤᠳᠤᠷᠢᠳᠬᠤ  ᠳᠤᠭᠤᠶᠢᠯᠠᠩ ᠤᠨ ᠳᠠᠶᠢᠴᠢᠯᠠᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2019-12-06
   12 ᠰᠠᠷ᠎ᠠ ᠶᠢᠨ 6 ᠤ ᠦᠳᠡ ᠶᠢᠨ ᠡᠮᠦᠨ᠎ᠡ᠂ ᠰᠢᠶᠠᠨ ᠤ ᠨᠠᠮ ᠤᠨ ᠬᠤᠷᠢᠶᠠᠨ ᠤ ᠭᠤᠷᠪᠠᠳᠤᠭᠠᠷ ᠴᠠᠭᠳᠠᠨ ᠪᠠᠶᠢᠴᠠᠭᠠᠬᠤ ᠳᠤᠭᠤᠶᠢᠯᠠᠩ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠡ ᠶᠢ ᠴᠠᠭᠳᠠᠨ ᠪᠠᠶᠢᠴᠠᠭᠠᠬᠤ ᠨᠠᠮ ᠤᠨ ᠤᠳᠤᠷᠢᠳᠬᠤ ᠳᠤᠭᠤᠶᠢᠯᠠᠩ ᠤᠨ ᠳᠠᠶᠢᠴᠢᠯᠠᠯᠲᠠ ᠶᠢᠨ ᠬᠤᠷᠠᠯ ᠬᠤᠷᠠᠯᠳᠤᠪᠠ᠃ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠯᠢᠦ ᠠᠨ ᠺᠦ᠋ ᠬᠤᠷᠠᠯ ᠡᠷᠬᠢᠯᠡᠵᠦ᠂ ᠰᠢᠶᠠᠨ ᠤ ᠨᠠᠮ ᠤᠨ ᠬᠤᠷᠢᠶᠠᠨ ᠤ ᠴᠠᠭᠳᠠᠨ ᠪᠠᠶᠢᠴᠠᠭᠠᠬᠤ ᠠᠯᠪᠠᠨ ᠭᠡᠷ ᠤᠨ ᠡᠷᠬᠢᠯᠡᠭᠴᠢ ᠭᠦᠸᠧ ᠫᠧᠩ ᠶᠢᠩ ᠬᠤᠷᠠᠯ ᠳᠤ ᠣᠷᠣᠯᠴᠠᠭᠰᠠᠨ ᠪᠥᠭᠡᠳ ᠳᠠᠶᠢᠴᠢᠯᠠᠯᠲᠠ ᠶᠢᠨ ᠶᠠᠷᠢᠶ᠎ᠠ ᠲᠠᠯᠪᠢᠵᠤ᠂ ᠰᠢᠶᠠᠨ ᠤ ᠨᠠᠮ ᠤᠨ ᠬᠤᠷᠢᠶᠠᠨ ᠤ ᠭᠤᠷᠪᠠᠳᠤᠭᠠᠷ ᠴᠠᠭᠳᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠵᠤᠤ ᠵᠢᠶᠠᠨ ᠵᠢᠴᠢ ᠴᠠᠭᠳᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ᠂ ᠰᠢᠶᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶᠠᠨ ᠤ ᠤᠳᠤᠷᠢᠳᠬᠤ ᠪᠠᠭ ᠬᠤᠷᠠᠯ ᠳᠤ ᠣᠷᠣᠯᠴᠠᠪᠠ᠃     ᠬᠤᠷᠠᠯ ᠳᠡᠭᠡᠷ᠎ᠡ᠂ ᠵᠤᠤ ᠵᠢᠶᠠᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠲᠣᠭᠤᠷᠢᠨ ᠪᠠᠶᠢᠴᠠᠭᠠᠬᠤ ᠠᠵᠢᠯ ᠤᠨ ᠪᠣᠳᠠᠲᠠᠶ ᠶᠠᠪᠤᠳᠠᠯ ᠢ ᠲᠤᠬᠢᠷᠠᠭᠤᠯᠤᠨ ᠪᠠᠶᠢᠷᠢᠯᠠᠭᠤᠯᠪᠠ᠃    ᠲᠣᠰ ᠡᠭᠡᠯᠵᠢ ᠶᠢᠨ ᠴᠠᠭᠳᠠᠨ ᠪᠠᠶᠢᠴᠠᠭᠠᠬᠤ ᠠᠵᠢᠯ ᠢ ᠬᠡᠷᠬᠢᠨ ᠰᠠᠶᠢᠲᠤᠷ ᠬᠢᠬᠦ ᠲᠤᠬᠠᠢ ᠭᠦᠸᠧ ᠫᠧᠩ ᠢᠩ ᠵᠢᠭᠠᠵᠤ ᠭᠠᠷᠭᠠᠭᠰᠠᠨ ᠨᠢ᠂ ᠡᠨᠡ ᠤᠳᠠᠭ᠎ᠠ ᠰᠢᠶᠠᠨ ᠤ ᠨᠠᠮ ᠤᠨ ᠬᠤᠷᠢᠶ᠎ᠠ ᠰᠢᠶᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠳᠤ ᠴᠠᠭᠳᠠᠨ ᠪᠠᠶᠢᠴᠠᠭᠠᠯᠲᠠ ᠥᠷᠨᠢᠭᠦᠯᠬᠦ ᠪᠠᠷ ᠲᠣᠭᠲᠠᠭᠠᠭᠰᠠᠨ ᠨᠢ ᠰᠢᠶᠠᠨ ᠤ ᠨᠠᠮ ᠤᠨ ᠬᠤᠷᠢᠶ᠎ᠠ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶᠠᠨ ᠤ ᠠᠵᠢᠯ ᠢ ᠳᠡᠭᠡᠳᠤ ᠬᠡᠮᠵᠢᠶ᠎ᠡ ᠪᠠᠷ ᠴᠢᠬᠤᠯᠠᠴᠢᠯᠠᠵᠤ ᠪᠠᠶᠢᠬᠤ ᠶᠢ ᠭᠦᠢᠴᠡᠳ ᠬᠠᠷᠠᠭᠤᠯᠵᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶᠠᠨ ᠤ ᠨᠠᠮ ᠤᠨ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠢ ᠪᠥᠬᠦ ᠲᠠᠯ᠎ᠠ ᠪᠠᠷ ᠪᠠᠶᠢᠴᠠᠭᠠᠬᠤ ᠪᠠ ᠠᠰᠢᠭᠲᠠᠢ ᠠᠬᠢᠭᠤᠯᠬᠤ ᠶᠠᠪᠤᠳᠠᠯ ᠪᠣᠯᠤᠨ᠎ᠠ᠃ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶᠠᠨ ᠤ ᠪᠥᠬᠦ ᠤᠳᠤᠷᠢᠳᠬᠤ ᠪᠠᠭ ᠪᠣᠯᠤᠨ ᠨᠠᠮ ᠤᠨ ᠭᠡᠰᠢᠭᠦᠨ ᠺᠠᠳ᠋ᠷᠴᠤᠳ ︽ᠳᠥᠷᠪᠡᠨ ᠤᠬᠠᠮᠰᠠᠷ︾ ᠢ ᠪᠠᠲᠤ ᠪᠠᠬᠢ ᠪᠣᠶ ᠪᠣᠯᠭᠠᠵᠤ᠂ ᠤᠯᠤᠰ ᠲᠥᠷᠥ ᠶᠢᠨ ᠢᠲᠡᠭᠡᠯ ᠪᠢᠰᠢᠷᠡᠯ ᠢᠶᠠᠨ ᠪᠠᠲᠤ ᠰᠠᠬᠢᠵᠤ᠂ ᠤᠯᠤᠰ ᠲᠥᠷᠥ ᠶᠢᠨ ᠴᠢᠭᠯᠡᠯ ᠢᠶᠠᠨ ᠣᠨᠣᠪᠴᠢᠲᠠᠶ ᠡᠵᠡᠮᠳᠡᠵᠦ᠂ ᠬᠠᠷᠢᠭᠤᠴᠠᠯᠭᠠᠲᠤ ᠰᠡᠳᠬᠢᠯᠭᠡ᠂ ᠨᠠᠮᠴᠢ ᠴᠢᠨᠠᠷ ᠢᠶᠠᠨ ᠦᠨᠡᠨ ᠬᠦ ᠴᠢᠩᠭᠠᠳᠬᠠᠵᠤ᠂ ᠠᠵᠢᠯ ᠢᠶᠠᠨ ᠰᠠᠶᠢᠵᠢᠷᠠᠭᠤᠯᠤᠨ᠂ ᠤᠯᠤᠰ ᠲᠥᠷᠥ ᠶᠢᠨ ᠴᠠᠭᠳᠠᠨ ᠪᠠᠶᠢᠴᠠᠭᠠᠬᠤ ᠱᠠᠭᠠᠷᠳᠠᠯᠭ᠎ᠠ ᠶᠢ ᠦᠨᠡᠨ ᠬᠦ ᠪᠣᠳᠠᠲᠠᠶ ᠨᠠᠶᠢᠳᠠᠪᠤᠷᠢᠵᠢᠭᠤᠯᠵᠤ᠂ ᠬᠠᠷᠢᠭᠤᠴᠠᠯᠭ᠎ᠠ ᠪᠠᠨ ᠡᠭᠦᠷᠭᠡᠯᠡᠨ᠂ ᠬᠠᠷᠢᠯᠴᠠᠨ ᠬᠠᠮᠵᠢᠯᠴᠠᠵᠤ᠂ ᠲᠣᠰ ᠡᠭᠡᠯᠵᠢ ᠶᠢᠨ ᠴᠠᠭᠳᠠᠨ ᠪᠠᠶᠢᠴᠠᠭᠠᠬᠤ ᠠᠵᠢᠯ ᠢᠶᠠᠨ ᠲᠡᠭᠦᠰ ᠠᠮᠵᠢᠯᠲᠠ ᠲᠠᠢ ᠪᠡᠶᠡᠯᠡᠭᠦᠯᠬᠦ ᠬᠡᠷᠡᠭᠲᠡᠶ ᠭᠡᠪᠡ᠃     ᠯᠢᠦ ᠠᠨ ᠺᠦ᠋ ᠶᠠᠷᠢᠶᠠᠨ ᠳᠠᠭᠠᠨ᠂ ᠪᠦᠬᠦ ᠲᠠᠯ᠎ᠠ ᠶᠢᠨ ᠨᠠᠮ ᠤᠨ ᠭᠡᠰᠢᠭᠦᠨ ᠪᠣᠯᠤᠨ ᠺᠠᠳ᠋ᠷ ᠠᠵᠢᠯᠲᠠᠨ ᠠᠵᠢᠯᠴᠢᠨ ᠲᠣᠭᠤᠷᠢᠨ ᠪᠠᠶᠢᠴᠠᠭᠠᠬᠤ ᠠᠵᠢᠯ ᠢ ᠳᠡᠭᠡᠳᠤ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠰᠢᠶᠠᠨ ᠤ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠬᠢᠨᠠᠯᠲᠠ ᠪᠠᠶᠢᠴᠠᠭᠠᠯᠲᠠ ᠶᠢ ᠢᠳᠡᠪᠬᠢᠲᠡᠢ ᠬᠠᠮᠵᠢᠯᠴᠠᠨ ᠰᠠᠨᠠᠭᠠᠴᠢᠯᠠᠭ᠎ᠠ ᠠᠴᠠ ᠪᠠᠨ ᠳᠠᠮᠵᠢᠵᠤ᠂ ᠲᠣᠭᠤᠷᠢᠨ  ᠪᠠᠶᠢᠴᠠᠭᠠᠬᠤ ᠠᠵᠢᠯ ‍ᠤᠨ‌ᠤᠷᠤᠭᠰᠢᠲᠠᠶ ᠶᠠᠪᠤᠭᠳᠠᠬᠤ ᠶᠢ ᠪᠠᠲᠤᠯᠠᠨ᠎ᠠ︔ ᠬᠢᠨᠠᠯᠲᠠ ᠶᠢ ᠬᠦᠯᠢᠶᠡᠵᠦ᠂ ᠴᠡᠭᠴᠡᠯᠡᠨ ᠰᠠᠶᠢᠵᠢᠷᠠᠭᠤᠯᠬᠤ ᠶᠢ ᠯᠠᠪᠳᠠᠭᠤᠨ ᠪᠠᠲᠤᠲᠠᠶ ᠰᠠᠶᠢᠲᠤᠷ ᠠᠳᠬᠤᠵᠤ᠂ ᠲᠣᠰ ᠤᠳᠠᠭᠠᠨ ᠤ ᠲᠣᠭᠤᠷᠢᠨ ᠴᠠᠭᠳᠠᠬᠤ ᠠᠵᠢᠯ ᠢᠶᠠᠷ ᠠᠵᠠ ᠲᠣᠬᠢᠶᠠᠯ ᠪᠣᠯᠭᠠᠵᠤ᠂ ᠤᠯᠠᠮ ᠨᠢᠭᠡ ᠠᠯᠬᠤᠮ ᠢᠲᠡᠭᠡᠯ ᠵᠣᠷᠢᠭ ᠢᠶᠠᠨ ᠪᠠᠲᠤᠳᠬᠠᠨ᠂ ᠵᠣᠷᠢᠭ ᠰᠠᠨᠠᠭ᠎ᠠ ᠪᠠᠨ ᠪᠠᠲᠤᠳᠬᠠᠵᠤ᠂ ᠯᠠᠪᠳᠠᠭᠤᠨ ᠪᠠᠲᠤᠲᠠᠶ ᠠᠵᠢᠯᠯᠠᠵᠤ᠂ ᠮᠠᠨ ᠤ ᠰᠢᠶᠠᠨ ᠤ ᠣᠷᠣᠨ ᠰᠠᠭᠤᠴᠠ ᠪᠠ ᠪᠦᠲᠦᠭᠡᠨ ᠪᠠᠶᠢᠭᠤᠯᠤᠯᠲᠠ ᠶᠢᠨ ᠦᠢᠯᠡᠰ ᠢ ᠰᠢᠨ᠎ᠡ ᠳᠡᠭᠲᠡᠷ ᠲᠤ ᠭᠠᠷᠭᠠᠵᠤ᠂ ᠰᠢᠨ᠎ᠡ ᠬᠥᠭᠵᠢᠯᠲᠡ ᠶᠢ ᠪᠡᠶᠡᠯᠡᠭᠦᠯᠬᠦ ᠪᠠᠷ ᠴᠢᠷᠮᠠᠶᠢᠨ᠎ᠠ ᠭᠡᠵᠦ ᠢᠯᠡᠳᠬᠡᠪᠡ᠃    ᠳᠠᠷᠠᠭ᠎ᠠ ᠨᠢ᠂ ᠬᠤᠷᠠᠯ ᠳᠤ ᠣᠷᠣᠯᠴᠠᠭᠰᠠᠳ ᠲᠠᠢ ︽ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶᠠᠨ ᠤ ᠤᠳᠤᠷᠢᠳᠬᠤ ᠪᠠᠭ ᠤᠨ ᠠᠷᠠᠳᠴᠢᠯᠠᠯ ᠢᠶᠠᠷ ᠰᠢᠯᠭᠠᠨ ᠦᠨᠡᠯᠡᠬᠦ ᠬᠦᠰᠦᠨᠦᠭᠲᠦ︾ ᠶᠢ ᠲᠠᠭᠯᠠᠪᠠ᠃                                                                ᠣᠷᠴᠢᠭᠤᠯᠤᠭᠴᠢ᠄ ᠭᠡᠷᠡᠯ  
 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠲᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2