ᠰᠢᠶᠠᠨ ᠤ ᠨᠠᠮ ᠤᠨ ᠬᠤᠷᠢᠶᠠᠨ ᠤ ᠠᠯᠪᠠᠨ ᠭᠡᠷ ᠤᠨ ᠨᠠᠮ ᠤᠨ ᠡᠭᠦᠷ ︽ᠤᠭ ᠰᠠᠨᠠᠭ᠎ᠠ ᠪᠠᠨ ᠦᠯᠦ ᠮᠠᠷᠲᠠᠵᠤ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠲᠤᠰᠬᠠᠶ ᠰᠡᠳᠦᠪᠲᠦ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2019-12-06
   12 ᠰᠠᠷ᠎ᠠ ᠶᠢᠨ 4 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠠᠯᠪᠠᠨ ᠭᠡᠷ ᠤᠨ ᠨᠠᠮ ᠤᠨ ᠡᠭᠦᠷ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠲᠤᠰᠬᠠᠶ ᠰᠡᠳᠦᠪᠲᠦ ᠬᠤᠷᠠᠯ ᠬᠤᠷᠠᠯᠳᠤᠭᠤᠯᠪᠠ᠃ ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠪᠢᠩ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠢᠶᠠᠨ ᠤ ᠨᠠᠮ ᠤᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ ᠬᠤᠤ ᠰᠢᠶᠣᠤ ᠭᠤᠸᠠᠩ ᠡᠩ ᠤᠨ ᠨᠠᠮ ᠤᠨ ᠭᠡᠰᠢᠭᠦᠨ ᠤ ᠬᠤᠪᠢ ᠪᠠᠷ ᠬᠤᠷᠠᠯ ᠳᠤ ᠣᠷᠣᠯᠴᠠᠪᠠ ᠃ ᠬᠤᠲᠠ ᠶᠢᠨ ᠬᠤᠶᠠᠳᠤᠭᠠᠷ ᠵᠢᠯᠣᠭᠤᠳᠬᠤ ᠳᠤᠭᠤᠶᠢᠯᠠᠩ᠂ ᠰᠢᠶᠠᠨ ᠤ ᠨᠢᠭᠡᠳᠦᠭᠡᠷ ᠵᠢᠯᠣᠭᠤᠳᠬᠤ ᠳᠤᠭᠤᠶᠢᠯᠠᠩ ᠤᠨ ᠭᠤᠤᠯ ᠬᠠᠷᠢᠭᠤᠴᠠᠯᠭᠠᠲᠠᠨ ᠬᠤᠷᠠᠯ ᠳᠤ ᠣᠷᠣᠯᠴᠠᠨ ᠵᠢᠯᠤᠭᠤᠳᠴᠤ᠂ ᠰᠢᠶᠠᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠰᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠷᠢᠯᠭ᠎ᠠ ᠪᠠᠷ ᠬᠤᠷᠠᠯ ᠳᠤ ᠣᠷᠣᠯᠴᠠᠪᠠ᠃    ᠬᠤᠷᠠᠯ ᠳᠡᠭᠡᠷ᠎ᠡ᠂ ᠨᠠᠮ ᠤᠨ ᠡᠭᠦᠷ ᠤᠨ ᠱᠦᠵᠢ ᠯᠢᠦ ᠶᠠᠨ ᠬᠤᠩ ᠬᠤᠷᠠᠯ ᠠᠴᠠ ᠡᠮᠦᠨ᠎ᠡ ᠪᠡᠯᠡᠳᠬᠡᠭᠰᠡᠨ ᠪᠠᠶᠢᠳᠠᠯ ᠪᠣᠯᠤᠨ ᠳᠡᠭᠡᠷ᠎ᠡ ᠵᠢᠯ ᠤᠨ ᠬᠤᠷᠠᠯ ᠤᠨ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠮᠡᠳᠡᠭᠳᠡᠵᠦ᠂ ᠨᠠᠮ ᠤᠨ ᠡᠭᠦᠷ ᠤᠨ ᠭᠡᠰᠢᠭᠦᠳ ᠤᠨ ᠵᠦᠪᠯᠡᠯ ᠢ ᠲᠥᠯᠥᠭᠡᠯᠡᠨ ᠬᠠᠷᠢᠴᠠᠭᠤᠯᠤᠨ ᠪᠠᠶᠢᠴᠠᠭᠠᠯᠲᠠ ᠬᠢᠬᠦ ᠶᠢᠨ ᠬᠠᠮᠲᠤ ᠨᠠᠮ ᠤᠨ ᠭᠡᠰᠢᠭᠦᠳ ᠤᠨ ᠶᠡᠭᠡ ᠬᠤᠷᠠᠯ ᠳᠤ ᠨᠠᠮ ᠤᠨ ᠡᠭᠦᠷ ᠤᠨ ᠭᠡᠰᠢᠭᠦᠳ ᠤᠨ  ᠵᠦᠪᠯᠡᠯ ᠤᠨ ᠪᠠᠶᠢᠳᠠᠯ ᠢ ᠮᠡᠳᠡᠭᠳᠡᠵᠦ᠂ ᠲᠠᠷᠠᠭ᠎ᠠ ᠨᠢ ᠡᠯ᠎ᠡ ᠨᠠᠮ ᠤᠨ ᠡᠭᠦᠷ ᠤᠨ ᠤᠳᠤᠷᠢᠳᠬᠤ ᠪᠠᠭ ᠤᠨ ᠪᠦᠷᠢᠯᠳᠦᠬᠦᠨ ᠲᠡᠰ ᠳᠠᠷᠠᠭᠠᠯᠠᠨ ︽ᠳᠥᠷᠪᠡ ᠶᠢ ᠬᠠᠷᠢᠴᠠᠭᠤᠯᠬᠤ︾᠂ ︽ᠳᠥᠷᠪᠡ ᠶᠢ ᠡᠷᠢᠵᠦ ᠨᠢᠭᠡ ᠡᠷᠢᠬᠦ︾ ᠱᠠᠭᠠᠷᠳᠠᠯᠭ᠎ᠠ ᠶᠣᠰᠣᠭᠠᠷ᠂ ᠬᠠᠷᠭᠤᠭᠤᠯᠤᠨ ᠪᠠᠶᠢᠴᠠᠭᠠᠯᠲᠠ ᠬᠢᠬᠦ ᠶᠢᠨ ᠬᠠᠮᠲᠤ ᠥᠪᠡᠷ ᠤᠨ ᠰᠢᠭᠦᠮᠵᠢᠯᠡᠯ ᠬᠢᠵᠦ᠂ ᠪᠤᠰᠤᠳ ᠨᠠᠮ ᠤᠨ ᠭᠡᠰᠢᠭᠦᠨ ᠲᠣᠰ ᠲᠣᠰ ᠨᠠᠮ ᠤᠨ ᠡᠭᠦᠷ ᠤᠨ ᠤᠳᠤᠷᠢᠳᠬᠤ ᠪᠠᠭ ᠵᠢᠴᠢ ᠲᠡᠭᠦᠨ ᠤ ᠪᠦᠷᠢᠯᠳᠦᠬᠦᠨ ᠳᠤ ᠰᠠᠨᠠᠯ ᠰᠠᠨᠠᠭᠤᠯᠭ᠎ᠠ ᠳᠤᠷᠠᠳᠪᠠ︔    ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠪᠢᠩ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠢᠶᠠᠨ ᠤ ᠨᠠᠮ ᠤᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ ᠬᠤᠤ ᠰᠢᠶᠣᠤ ᠭᠤᠸᠠᠩ ᠵᠢᠴᠢ ᠪᠤᠰᠤᠳ ᠨᠠᠮ ᠤᠨ ᠭᠡᠰᠢᠭᠦᠨ ᠤ ᠲᠥᠯᠥᠭᠡᠯᠡᠭᠴᠢ ᠨᠠᠮ ᠤᠨ ᠡᠭᠦᠷ ᠤᠨ ᠤᠳᠤᠷᠢᠳᠬᠤ ᠪᠠᠭ ᠲᠤ ᠰᠠᠨᠠᠯ ᠰᠠᠨᠠᠭᠤᠯᠭ᠎ᠠ ᠳᠤᠷᠠᠳᠴᠠᠶ᠃    ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠪᠢᠩ ᠶᠠᠷᠢᠶᠠᠨ ᠳᠠᠭᠠᠨ ᠵᠢᠭᠠᠵᠤ ᠭᠠᠷᠭᠠᠭᠰᠠᠨ ᠨᠢ᠂ ᠡᠨᠡ ᠤᠳᠠᠭᠠᠨ ᠤ ᠲᠤᠰᠬᠠᠶ ᠰᠡᠳᠦᠪᠲᠦ ᠬᠤᠷᠠᠯ ᠢ ᠣᠯᠠᠨ ᠢᠶᠠᠷ ᠢᠶᠠᠨ ᠪᠣᠳᠠᠲᠠᠶ ᠭᠠᠵᠠᠷ ᠲᠤᠨᠢ ᠬᠤᠷᠠᠯᠳᠤᠭᠤᠯᠬᠤ ᠶᠢ ᠴᠢᠬᠤᠯᠠᠴᠢᠯᠠᠵᠤ᠂ ᠭᠦᠢᠴᠡᠳ ᠪᠡᠯᠡᠳᠬᠡᠯ ᠬᠢᠵᠦ᠂ ᠦᠨᠡᠨᠴᠢ ᠣᠪᠣᠷ ᠢᠶᠠᠷ ᠬᠠᠨᠳᠤᠵᠤ᠂ ᠰᠢᠭᠦᠮᠵᠢᠯᠡᠯ ᠨᠠᠷᠢᠨ ᠬᠢᠨᠠᠮᠠᠭᠠᠶ ᠪᠠᠶᠢᠵᠤ᠂ ᠭᠤᠤᠯ ᠰᠡᠳᠦᠪ ᠳᠣᠪᠤᠶᠢᠮ᠎ᠠ ᠪᠠᠶᠢᠵᠤ᠂ ︽ᠪᠦᠯᠬᠦᠮᠳᠡᠬᠦ — ᠰᠢᠭᠦᠮᠵᠢᠯᠡᠬᠦ — ᠪᠦᠯᠬᠦᠮᠳᠡᠬᠦ︾ ᠵᠣᠷᠢᠯᠭ᠎ᠠ ᠳᠤ ᠬᠦᠷᠴᠦ᠂ ᠨᠢᠭᠡ ᠤᠳᠠᠭᠠᠨ ᠤ ᠴᠢᠨᠠᠷ ᠰᠠᠶᠢᠲᠠᠶ ᠵᠣᠬᠢᠶᠠᠨ ᠪᠠᠶᠢᠭᠤᠯᠤᠯᠲᠠ ᠶᠢᠨ ᠠᠵᠢᠯᠯᠠᠭ᠎ᠠ ᠪᠣᠯᠵᠠᠶ᠃    ᠸᠠᠩ ᠪᠢᠩ᠂ ︽ᠳᠥᠷᠪᠡᠨ ᠤᠬᠠᠮᠰᠠᠷ︾ ᠢ ᠪᠠᠲᠤ ᠪᠣᠶ ᠪᠣᠯᠭᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠤᠬᠠᠮᠰᠠᠷ ᠠᠴᠠ ᠪᠠᠨ ᠦᠵᠡᠯ ᠰᠠᠨᠠᠭ᠎ᠠ᠂ ᠤᠯᠤᠰ ᠲᠥᠷᠥ᠂ ᠦᠢᠯᠡ ᠠᠵᠢᠯᠯᠠᠭ᠎ᠠ ᠶᠢᠨ ᠲᠠᠯ᠎ᠠ ᠪᠠᠷ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠤ ᠬᠡᠮᠵᠢᠶ᠎ᠡ ᠪᠠᠷ ᠨᠢᠭᠡᠳᠦᠯᠲᠡᠶ ᠪᠠᠶᠢᠵᠤ᠂ ᠰᠢᠶᠠᠨ ᠤ ᠨᠠᠮ ᠤᠨ ᠬᠤᠷᠢᠶ᠎ᠠ ᠲᠠᠢ ᠳᠡᠭᠡᠳᠤ ᠬᠡᠮᠵᠢᠶ᠎ᠡ ᠪᠠᠷ ᠨᠢᠭᠡᠳᠦᠯᠲᠡᠶ ᠪᠠᠶᠢᠵᠤ᠂ ᠨᠠᠮ ᠤᠨ ᠬᠤᠷᠢᠶᠠᠨ ᠤ ᠡᠷᠬᠡ ᠰᠦᠷ ᠪᠣᠯᠤᠨ ᠳᠦᠷᠢ ᠲᠥᠷᠬᠦ ᠶᠢ ᠡᠷᠡᠰ ᠬᠠᠮᠠᠭᠠᠯᠠᠵᠤ᠂ ᠨᠠᠮᠴᠢ ᠴᠢᠨᠠᠷ ᠢ ᠡᠷᠬᠢᠮᠯᠡᠬᠦ᠂ ᠶᠡᠭᠡ ᠲᠠᠯ᠎ᠠ ᠶᠢ ᠬᠠᠷᠠᠭᠠᠯᠵᠠᠬᠤ ᠶᠢ ᠦᠨᠡᠨ ᠬᠦ ᠪᠡᠶᠡᠯᠡᠭᠦᠯᠵᠦ᠂ ᠤᠬᠠᠮᠰᠠᠷ ᠠᠴᠠ ᠪᠠᠨ ︽ᠳᠥᠷᠪᠡᠨ ᠳᠠᠭᠠᠬᠤ︾ ᠶᠢ ᠪᠡᠶᠡᠯᠡᠭᠦᠯᠵᠦ᠂ ᠡᠯ᠎ᠡ ᠵᠦᠢᠯ ᠤᠨ ᠠᠵᠢᠯ ᠪᠣᠯᠤᠨ ᠦᠢᠯᠡᠴᠢᠯᠡᠭᠡ  ᠶᠢ ᠰᠢᠶᠠᠨ ᠤ ᠨᠠᠮ ᠤᠨ ᠬᠤᠷᠢᠶᠠᠨ ᠤ ᠬᠡᠷᠡᠭᠴᠡᠭᠡ ᠲᠠᠢ ᠨᠢᠭᠲᠠ ᠣᠢᠷᠠᠲᠤᠭᠤᠯᠤᠨ᠂ ᠰᠢᠶᠠᠨ ᠤ ᠨᠠᠮ ᠤᠨ ᠬᠤᠷᠢᠶᠠᠨ ᠤ ᠱᠠᠭᠠᠷᠳᠠᠯᠭ᠎ᠠ ᠳᠤ ᠵᠣᠬᠢᠴᠠᠭᠤᠯᠵᠤ᠂ ᠰᠢᠶᠠᠨ ᠤ ᠨᠠᠮ ᠤᠨ ᠬᠤᠷᠢᠶᠠᠨ ᠤ ᠲᠤᠰᠢᠶᠠᠭᠰᠠᠨ ᠡᠭᠦᠷᠭᠡ ᠶᠢ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃    ᠸᠠᠩ ᠪᠢᠩ᠂ ᠲᠣᠰ ᠤᠳᠠᠭᠠᠨ ᠤ ᠬᠤᠷᠠᠯ ᠢᠶᠠᠷ ᠠᠵᠠ ᠲᠣᠬᠢᠶᠠᠯ ᠪᠣᠯᠭᠠᠵᠤ᠂ ᠰᠤᠷᠲᠠᠯ ᠤᠨ ᠪᠠᠶᠢᠭᠤᠯᠤᠯᠲᠠ ᠶᠢ ᠨᠠᠷᠢᠨ ᠬᠢᠨᠠᠮᠠᠭᠠᠶ ᠰᠠᠶᠢᠲᠤᠷ ᠠᠳᠬᠤᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠰᠠᠶᠢᠲᠤᠷ ᠬᠡᠷᠡᠭᠯᠡᠵᠦ᠂ ᠰᠤᠷᠤᠯᠴᠠᠭᠰᠠᠨ ᠦᠷ᠎ᠡ ᠪᠦᠲᠦᠮᠵᠢ ᠪᠠᠨ ᠨᠠᠮ ᠤᠨ ᠲᠥᠪ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ᠂ ᠰᠢᠢᠳᠪᠤᠷᠢᠲᠤ ᠪᠣᠳᠣᠯᠭ᠎ᠠ ᠪᠠᠶᠢᠷᠢᠯᠠᠭᠤᠯᠤᠯᠲᠠ ᠪᠣᠯᠤᠨ ᠰᠢᠶᠠᠨ ᠤ ᠨᠠᠮ ᠤᠨ ᠬᠤᠷᠢᠶᠠᠨ ᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ ᠤᠬᠠᠮᠰᠠᠷᠲᠤ ᠠᠵᠢᠯᠯᠠᠭ᠎ᠠ ᠪᠣᠯᠭᠠᠨ ᠬᠤᠪᠢᠷᠠᠭᠤᠯᠵᠤ᠂ ᠠᠵᠢᠯ ᠢᠶᠠᠨ ᠰᠠᠶᠢᠲᠤᠷ ᠬᠢᠬᠦ ᠰᠡᠳᠬᠢᠴᠡ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠵᠤ᠂ ᠠᠰᠠᠭᠤᠳᠠᠯ ᠢ ᠰᠢᠢᠳᠪᠤᠷᠢᠯᠡᠬᠦ ᠴᠢᠳᠠᠪᠤᠷᠢ ᠪᠣᠯᠭᠠᠨ ᠬᠤᠪᠢᠷᠠᠭᠤᠯᠬᠤ ᠬᠡᠷᠡᠭᠲᠡᠶ︔ ᠭᠤᠤᠯ ᠠᠵᠢᠯ ᠤᠨ ᠲᠣᠭᠤᠷᠢᠨ ᠳᠤ᠂ ᠵᠥᠪᠯᠡᠭᠴᠢ ᠬᠠᠪᠰᠤᠷᠤᠭᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠰᠢᠶᠠᠨ ᠤ ᠨᠠᠮ ᠤᠨ ᠬᠤᠷᠢᠶᠠᠨ ᠤ ᠡᠯ᠎ᠡ ᠵᠦᠢᠯ ᠤᠨ ᠠᠵᠢᠯ ᠨᠢᠭᠲᠠ ᠵᠣᠯᠭᠠᠯᠳᠤᠵᠤ᠂ ᠨᠢᠭᠲᠠ ᠬᠤᠯᠪᠣᠯᠳᠤᠵᠤ᠂ ᠥᠨᠳᠥᠷ ᠪᠦᠲᠦᠮᠵᠢᠲᠡᠶ ᠠᠵᠢᠯᠯᠠᠬᠤ ᠶᠢ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠡ᠃                                                         ᠣᠷᠴᠢᠭᠤᠯᠤᠭᠴᠢ᠄ ᠭᠡᠷᠡᠯ
 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠲᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2