ᠬᠤᠸᠠᠳᠧ ᠰᠢᠶᠠᠨ ︽ᠲᠠᠯᠪᠢᠬᠤ  ᠬᠠᠮᠢᠶᠠᠷᠬᠤ  ᠦᠢᠯᠡᠴᠢᠯᠡᠬᠦ︾  ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠪᠡ
ᠨᠡᠶᠢᠲᠡᠯᠡᠭᠰᠡᠨ ᠴᠠᠭ᠄
2019-12-06
   ᠨᠢᠭᠡ ᠳᠤ᠂ ᠴᠣᠩᠬᠤᠪᠴᠢ ᠶᠢᠨ ᠪᠠᠶᠢᠷᠢᠰᠢᠭᠤᠯᠤᠯ ᠢ ᠤᠯᠠᠮ ᠨᠢᠭᠡ ᠠᠯᠬᠤᠮ ᠰᠢᠯᠢᠳᠡᠭᠵᠢᠭᠦᠯᠦᠨ᠎ᠡ᠃ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠪᠠᠶᠢᠳᠠᠯ ᠢ ᠦᠨᠳᠦᠰᠦᠯᠡᠨ᠂ ᠴᠣᠩᠬᠤᠪᠴᠢ ᠶᠢᠨ ᠪᠠᠶᠢᠷᠢᠰᠢᠭᠤᠯᠤᠯ ᠢ ᠵᠦᠶ ᠵᠣᠬᠢᠰᠲᠠᠶ ᠲᠣᠬᠢᠷᠠᠭᠤᠯᠵᠤ᠂ ᠦᠢᠯᠡᠴᠢᠯᠡᠭᠡᠨ ᠤ ᠴᠢᠳᠠᠮᠵᠢ ᠶᠢ ᠬᠡᠰᠡᠭ ᠬᠤᠪᠢᠶᠠᠨ ᠶᠠᠪᠤᠭᠳᠠᠭᠤᠯᠬᠤ ᠶᠢ ᠬᠡᠷᠡᠭᠵᠢᠭᠦᠯᠵᠦ ᠂ ᠤᠴᠢᠷ ᠪᠦᠲᠦᠭᠡᠬᠦ ᠣᠯᠠᠨ ᠲᠦᠮᠡᠨ ᠤ ᠭᠠᠵᠠᠷ ᠪᠣᠯᠭᠠᠨ ᠳᠤ  ᠭᠦᠶᠦᠬᠦ  ᠪᠣᠯᠣᠨ ᠵᠦᠭ ᠵᠦᠭ ᠠᠴᠠ ᠠᠰᠠᠭᠤᠬᠤ ᠦᠵᠡᠭᠳᠡᠯ ᠠᠴᠠ ᠪᠦᠲᠦᠮᠵᠢᠲᠡᠶ ᠪᠠᠷ ᠵᠠᠶᠢᠯᠠᠰᠬᠢᠵᠦ᠂ ︽ᠨᠢᠭᠡ ᠯᠡ ᠥᠷᠲᠡᠭᠡᠨ ᠤ ᠮᠠᠶ᠋ᠢᠭ︾ ᠤᠨ ᠦᠢᠯᠡᠴᠢᠯᠡᠭᠡ ᠶᠢ ᠪᠡᠶᠡᠯᠡᠭᠦᠯᠪᠡ᠃    ᠬᠤᠶᠠᠷ ᠲᠤ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠪᠠ ᠠᠵᠢᠯ ᠶᠠᠪᠤᠳᠠᠯ ᠭᠦᠢᠴᠡᠳᠬᠡᠬᠦ ᠯᠠᠪᠯᠠᠯᠲᠠ ᠶᠢ ᠴᠠᠭ ᠲᠤᠬᠠᠶ ᠳᠤᠨᠢ ᠰᠢᠨᠡᠳᠬᠡᠬᠦ ᠬᠡᠷᠡᠭᠲᠡᠶ᠃ ᠡᠯ᠎ᠡ ᠰᠠᠯᠠᠭ᠎ᠠ ᠮᠥᠴᠢᠷ ᠤᠨ ︽ᠭᠤᠷᠪᠠ ᠶᠢ ᠲᠣᠭᠲᠠᠭᠠᠬᠤ ᠲᠥᠰᠦᠯ︾ ᠳᠤ ᠲᠣᠬᠢᠷᠠᠭᠤᠯᠤᠯᠲᠠ ᠬᠢᠭᠰᠡᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠶᠣᠰᠣᠭᠠᠷ᠂ ᠡᠯ᠎ᠡ ᠴᠣᠩᠬᠤᠪᠴᠢ ᠪᠠᠷ ᠠᠵᠢᠯ ᠶᠠᠪᠤᠳᠠᠯ ᠭᠦᠢᠴᠡᠳᠬᠡᠬᠦ ᠯᠠᠪᠯᠠᠯᠲᠠ ᠶᠢ ᠴᠠᠭ ᠲᠤᠬᠠᠶ ᠳᠤᠨᠢ ᠳᠠᠷᠤᠮᠠᠯᠯᠠᠨ ᠲᠠᠷᠬᠠᠭᠠᠵᠤ᠂ ᠡᠯ᠎ᠡ ᠴᠣᠩᠬᠤᠪᠴᠢ ᠪᠠᠷ ᠬᠢᠨᠠᠨ ᠵᠥᠪᠰᠢᠶᠡᠷᠡᠬᠦ ᠵᠦᠢᠯᠡᠰ᠂ ᠬᠠᠤᠯᠢ ᠴᠠᠭᠠᠵᠠ ᠶᠢᠨ ᠦᠨᠳᠦᠰᠦ ᠪᠠᠷᠢᠮᠲᠠ᠂ ᠬᠡᠷᠡᠭᠰᠡᠬᠦ ᠮᠠᠲ᠋ᠧᠷᠢᠶᠠᠯ᠂ ᠭᠦᠢᠴᠡᠳᠬᠡᠬᠦ ᠳᠡᠰ ᠳᠠᠷᠠᠭᠠᠯᠠᠯ᠂ ᠰᠦᠢᠳᠬᠡᠯ ᠬᠤᠷᠢᠶᠠᠬᠤ ᠪᠠᠷᠢᠮᠵᠢᠶ᠎ᠠ᠂  ᠭᠦᠢᠴᠡᠳᠬᠡᠵᠦ ᠳᠠᠭᠤᠰᠬᠠᠬᠤ ᠴᠠᠭ ᠬᠤᠭᠤᠴᠠᠭ᠎ᠠ ᠵᠡᠷᠭᠡ ᠶᠢ ᠲᠣᠳᠣᠷᠬᠠᠶᠢᠯᠠᠵᠤ᠂ ᠠᠵᠤ ᠠᠬᠤᠶᠢᠯᠠᠯ ᠪᠠ ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠳᠤ ᠨᠠᠩ ᠳᠥᠭᠦᠮ ᠲᠥᠳᠡ ᠪᠣᠯᠭᠠᠪᠠ᠃    ᠭᠤᠷᠪᠠ ᠳᠤ᠂ ︽ᠰᠦᠯᠵᠢᠶᠡᠨ ᠳᠡᠭᠡᠷ᠎ᠡ ᠭᠦᠢᠴᠡᠳᠬᠡᠬᠦ︾ ᠲᠠᠪᠴᠠᠩ ᠤᠨ ᠪᠠᠶᠢᠭᠤᠯᠤᠯᠲᠠ ᠶᠢ ᠲᠦᠷᠭᠡᠳᠬᠡᠨ᠎ᠡ᠃ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠴᠣ᠋ ᠰᠢᠨ᠎ᠡ ᠠᠯᠲᠠᠨ ᠭᠠᠶᠢᠯᠢ ᠶᠢᠨ 3 ᠰᠢᠰᠲ᠋ᠧᠮ ᠢ ᠭᠠᠷᠭᠠᠵᠤ᠂ ᠭᠠᠶᠢᠯᠢ ᠲᠠᠲᠠᠪᠤᠷᠢᠯᠠᠬᠤ ᠪᠠᠷ ᠮᠡᠳᠡᠭᠦᠯᠬᠦ᠂ ᠭᠠᠶᠢᠯᠢ ᠳᠤ ᠬᠤᠯᠪᠣᠭᠳᠠᠭᠰᠠᠨ ᠪᠢᠴᠢᠭ ᠬᠠᠷ᠎ᠠ᠂ ᠪᠠᠷᠢᠮᠲᠠ ᠶᠢᠨ ᠬᠠᠮᠢᠶᠠᠷᠤᠯᠲᠠ ᠵᠡᠷᠭᠡ ᠭᠠᠶᠢᠯᠢ ᠳᠤ ᠬᠤᠯᠪᠣᠭᠳᠠᠭᠰᠠᠨ ᠲᠤᠬᠠᠶᠢᠯᠠᠭᠰᠠᠨ ᠠᠵᠢᠯ ᠤᠨ︽ᠪᠥᠬᠦ ᠶᠠᠪᠤᠴᠠ ᠳᠤ ᠰᠦᠯᠵᠢᠶᠡᠨ ᠳᠡᠭᠡᠷ᠎ᠡ ᠭᠦᠢᠴᠡᠳᠬᠡᠬᠦ︾ ᠶᠢ ᠰᠢᠰᠲ᠋ᠧᠮ ᠲᠠᠢ ᠪᠡᠶᠡᠯᠡᠭᠦᠯᠵᠦ᠂ ᠭᠠᠶᠢᠯᠢ ᠲᠤᠰᠢᠶᠠᠭᠴᠢ ᠡᠯᠧᠺᠲᠷᠦᠨ ᠭᠠᠶᠢᠯᠢ ᠶᠢᠨ ᠶᠠᠪᠤᠳᠠᠯ ᠤᠨ ᠰᠢᠰᠲ᠋ᠧᠮ ᠢᠶᠠᠷ ᠳᠠᠮᠵᠢᠭᠤᠯᠤᠨ ᠰᠦᠯᠵᠢᠶᠡᠨ ᠳᠡᠭᠡᠷ᠎ᠡ ᠠᠴᠠ ᠬᠤᠪᠢ ᠬᠥᠮᠦᠨ ︵ᠠᠵᠤ ᠠᠬᠤᠶᠢᠯᠠᠯ︶ ᠤ ᠣᠷᠣᠯᠭ᠎ᠠ ᠶᠢᠨ ᠲᠠᠲᠠᠪᠤᠷᠢ ᠶᠢᠨ ᠭᠠᠶᠢᠯᠢ ᠶᠢ ᠭᠤᠶᠤᠴᠢᠯᠠᠨ ᠮᠡᠳᠡᠭᠦᠯᠬᠦ᠂ ᠥᠷᠲᠡᠭ ᠨᠡᠮᠡᠭᠳᠡᠯ ᠤᠨ ᠭᠠᠶᠢᠯᠢ ᠶᠢᠨ ᠭᠤᠶᠤᠴᠢᠯᠠᠨ ᠮᠡᠳᠡᠭᠦᠯᠬᠦ᠂ ᠭᠠᠶᠢᠯᠢ ᠲᠤᠰᠢᠶᠠᠬᠤ ᠵᠡᠷᠭᠡ ᠲᠤᠬᠠᠶᠢᠯᠠᠭᠰᠠᠨ ᠠᠵᠢᠯ ᠢ ᠭᠦᠢᠴᠡᠳᠬᠡᠨ᠎ᠡ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠰᠦᠯᠵᠢᠶᠡᠨ ᠳᠡᠭᠡᠷ᠎ᠡ ᠳᠠᠩᠰᠠᠯᠠᠨ ᠲᠡᠮᠳᠡᠭᠯᠡᠬᠦ ᠦᠢᠯᠡᠴᠢᠯᠡᠭᠡᠨ ᠤ ᠲᠠᠪᠴᠠᠩ ᠢ ᠭᠠᠷᠭᠠᠵᠤ᠂ ᠠᠵᠤ ᠠᠬᠤᠶᠢᠯᠠᠯ ︵ᠬᠤᠪᠢ ᠬᠥᠮᠦᠨ︶ ᠨᠢ ᠲᠠᠪᠴᠠᠩ ᠠᠴᠠ ᠡᠵᠡᠩᠨᠡᠯᠲᠡ ᠶᠢᠨ ᠦᠨᠡᠮᠯᠡᠯ᠂ ᠨᠡᠷᠡᠶᠢᠳᠦᠯ ᠢᠶᠠᠨ ᠥᠪᠡᠷ ᠢᠶᠠᠨ ᠭᠤᠶᠤᠴᠢᠯᠠᠨ ᠮᠡᠳᠡᠭᠦᠯᠬᠦ ᠵᠡᠷᠭᠡ ᠲᠥᠷᠥᠯ ᠵᠦᠢᠯ ᠢ ᠭᠦᠢᠴᠡᠳᠬᠡᠵᠦ ᠪᠣᠯᠤᠨ᠎ᠠ᠃    ᠳᠥᠷᠪᠡ ᠳᠤ᠂ ︽ᠨᠢᠭᠡ ᠯᠡ ᠤᠳᠠᠭ᠎ᠠ ᠳᠤ ᠭᠦᠢᠴᠡᠳᠬᠡᠬᠦ᠂ ᠳᠠᠷᠤᠶ ᠲᠦᠷᠭᠡᠨ ᠭᠦᠢᠴᠡᠳᠬᠡᠬᠦ︾ ᠵᠦᠢᠯᠡᠰ ᠢ ᠬᠡᠷᠡᠭᠵᠢᠭᠦᠯᠦᠨ᠎ᠡ᠃ ︽ᠨᠢᠭᠡ ᠯᠡ ᠤᠳᠠᠭ᠎ᠠ ᠳᠤ ᠭᠦᠢᠴᠡᠳᠬᠡᠬᠦ︾ ᠵᠦᠢᠯᠡᠰ ᠤᠨ 90 ᠵᠦᠢᠯ ᠢ ᠲᠣᠳᠣᠷᠬᠠᠢ ᠬᠠᠭᠤᠳᠠᠰᠤ᠂ ︽ᠳᠠᠷᠦ᠋ᠢᠬᠠᠨ ᠭᠦᠢᠴᠡᠳᠬᠡᠬᠦ︾ ᠵᠦᠢᠯᠡᠰ ᠤᠨ 26 ᠵᠦᠢᠯ ᠤᠨ ᠲᠣᠳᠣᠷᠬᠠᠢ ᠬᠠᠭᠤᠳᠠᠰᠤ ᠶᠢ ᠨᠠᠷᠢᠨ ᠬᠢᠨᠠᠮᠠᠭᠠᠢ ᠡᠮᠬᠢᠯᠡᠨ ᠭᠠᠷᠭᠠᠵᠤ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠤᠨ ᠭᠤᠭᠴᠤᠭ᠎ᠠ ᠶᠢ ᠤᠯᠠᠮ ᠨᠢᠭᠡ ᠠᠯᠬᠤᠮ ᠪᠠᠭᠠᠰᠬᠠᠨ᠂ ᠭᠦᠢᠴᠡᠳᠬᠡᠬᠦ ᠴᠠᠭ ᠤᠨ ᠬᠢᠵᠠᠭᠠᠷ ᠢ ᠬᠠᠮᠤᠭ ᠶᠡᠭᠡ ᠬᠡᠮᠵᠢᠶ᠎ᠡ ᠪᠠᠷ ᠪᠠᠭᠠᠰᠬᠠᠵᠤ᠂ ᠠᠵᠤ ᠠᠬᠤᠶᠢᠯᠠᠯ ᠪᠠ ᠥᠷᠭᠡᠨ ᠣᠯᠠᠨ ᠲᠦᠮᠡᠨ ᠤ ᠠᠵᠢᠯ ᠭᠦᠢᠴᠡᠳᠬᠡᠬᠦ ᠳᠤ ᠦᠨᠡᠨᠬᠦ ᠳᠥᠭᠦᠮ ᠦᠵᠡᠭᠦᠯᠦᠨ᠎ᠡ᠃    ᠲᠠᠪᠤ ᠳᠤ᠂ ᠬᠠᠷᠢᠴᠠᠩᠭᠤᠶ ᠪᠠᠷ ᠲᠥᠪᠯᠡᠷᠡᠭᠰᠡᠨ ᠵᠠᠰᠠᠭ ᠵᠠᠬᠢᠷᠭᠠᠨ ᠤ ᠵᠥᠪᠰᠢᠶᠡᠷᠡᠯ ᠤᠨ ᠡᠷᠬᠡ ᠶᠢᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠢᠭ ᠤᠨ ᠠᠵᠢᠯ ᠢ ᠲᠦᠷᠭᠡᠳᠬᠡᠨ ᠠᠬᠢᠭᠤᠯᠤᠨ᠎ᠠ᠃ ᠣᠳᠣᠬᠠᠨ ᠳᠤ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶᠠᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠢ ᠠᠩᠬ᠎ᠠ ᠠᠯᠬᠤᠮ ᠡᠮᠬᠢᠯᠡᠨ ᠲᠢᠭᠯᠡᠵᠦ ᠳᠠᠭᠤᠰᠬᠠᠪᠠ ︵ᠨᠡᠶᠢᠲᠡ 28 ᠰᠠᠯᠠᠭ᠎ᠠ ᠮᠥᠴᠢᠷ᠂ 256 ᠲᠥᠷᠦᠯ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ᠂ 201 ᠬᠦᠮᠦᠨ ᠲᠠᠢ ᠬᠤᠯᠪᠤᠭᠳᠠᠨ᠎ᠠ︶᠃                                                             ᠣᠷᠴᠢᠭᠤᠯᠤᠭᠴᠢ᠄ ᠭᠡᠷᠡᠯ
 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠲᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2