ᠬᠤᠸᠠᠳᠧ ᠰᠢᠶᠠᠨ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠪᠡ
ᠨᠡᠶᠢᠲᠡᠯᠡᠭᠰᠡᠨ ᠴᠠᠭ᠄
2019-12-06
   ᠬᠤᠸᠠᠳᠧ ᠰᠢᠶᠠᠨ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ︽ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ︾ ᠢ ᠰᠠᠶᠢᠲᠤᠷ ᠬᠢᠬᠦ ᠪᠠᠷ ᠭᠤᠤᠯᠳᠠᠯᠭ᠎ᠠ ᠪᠣᠯᠭᠠᠬᠤ ᠶᠢ ᠪᠠᠷᠢᠮᠲᠠᠯᠠᠵᠤ᠂ ᠰᠠᠶᠢᠵᠢᠷᠠᠭᠤᠯᠬᠤ ᠠᠵᠢᠯ ᠢᠶᠠᠷ ᠭᠤᠤᠯ ᠪᠣᠯᠭᠠᠵᠤ᠂ ︽ᠭᠤᠷᠪᠠᠨ ᠶᠡᠭᠡ ᠬᠠᠤᠯᠢ ᠬᠡᠷᠡᠭᠵᠢᠭᠦᠯᠬᠦ ᠠᠵᠢᠯ ᠶᠢᠨ ᠣᠨ︾ ᠤ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯᠯᠠᠭ᠎ᠠ ᠶᠢ ᠰᠠᠶᠢᠵᠢᠷᠠᠭᠤᠯᠤᠨ ᠳᠡᠭᠡᠭᠰᠢᠯᠡᠭᠦᠯᠬᠦ ᠪᠠᠷ ᠠᠵᠠ ᠲᠣᠬᠢᠶᠠᠯ ᠪᠣᠯᠭᠠᠵᠤ᠂ ᠪᠣᠬᠢᠷᠲᠤᠯ ᠢ ᠰᠡᠷᠭᠡᠶᠢᠯᠡᠨ ᠵᠠᠰᠠᠬᠤ ᠶᠢ ᠪᠦᠬᠦ ᠲᠠᠯ᠎ᠠ ᠪᠠᠷ  ᠴᠢᠩᠭᠠᠳᠬᠠᠪᠡ᠃    ᠰᠢᠶᠠᠨ ᠤ ᠳᠣᠲᠣᠷᠠᠬᠢ ᠲᠥᠪᠯᠡᠷᠡᠭᠦᠯᠦᠨ ᠢᠯᠴᠢ ᠬᠠᠩᠭᠠᠬᠤ 4 ᠺᠣᠮᠫᠠᠨᠢ ᠴᠥᠮ ᠬᠦᠬᠦᠷ ᠦᠭᠡᠢᠳᠡᠭᠦᠯᠬᠦ ᠲᠥᠬᠦᠭᠡᠷᠦᠮᠵᠢ ᠶᠢ ᠪᠠᠶᠢᠭᠤᠯᠪᠠ︔ ᠵᠢᠯ ᠤᠨ ᠳᠣᠲᠣᠷ᠎ᠠ 3 ᠵᠢᠵᠢᠭ ᠭᠦᠸᠧᠯᠦ ᠶᠢ ᠴᠠᠭᠠᠵᠠᠯᠠᠬᠤ ᠪᠠᠷ ᠲᠥᠯᠥᠪᠯᠡᠵᠦ᠂ ᠣᠳᠣ ᠨᠢᠭᠡᠨᠲᠡ 2 ᠶᠢ ᠨᠢ ᠪᠡᠶᠡᠯᠡᠭᠦᠯᠪᠡ︔ ᠪᠠᠶᠢᠴᠠᠭᠠᠯᠲᠠ ᠳᠤ ᠢᠯᠡᠷᠡᠭᠦᠯᠦᠭᠰᠡᠨ ︽ᠲᠠᠷᠠᠬᠠᠶ ᠪᠤᠲᠠᠷᠬᠠᠶ ᠡᠮᠬᠢ ᠵᠠᠮᠪᠠᠷᠠᠭ᠎ᠠ ᠥᠬᠡᠶ ᠪᠣᠬᠢᠷᠲᠤᠯ ᠲᠠᠢ︾ ᠠᠵᠤ ᠠᠬᠤᠶᠢᠯᠠᠯ 16 ᠪᠠᠶᠢᠵᠤ᠂ ᠤᠳᠤ ᠪᠣᠯᠲᠠᠯ᠎ᠠ ᠨᠢᠭᠡᠨᠲᠡ 3 ᠶᠢ ᠨᠢ ᠬᠦᠴᠦᠨ ᠥᠬᠡᠶ ᠪᠣᠯᠭᠠᠵᠤ᠂ ᠪᠤᠰᠤᠳ 13 ᠨᠢ ᠦᠢᠯᠡᠳᠪᠤᠷᠢᠯᠡᠯ ᠵᠣᠭᠰᠣᠭᠰᠠᠨ ᠪᠠᠶᠢᠳᠠᠯ ᠳᠤ ᠪᠠᠶᠢᠨ᠎ᠠ᠃ 2480 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠬᠤᠲᠠ ᠪᠠᠯᠭᠠᠰᠤᠨ ᠤ ᠪᠣᠬᠢᠷ ᠤᠰᠤ ᠰᠢᠢᠳᠪᠦᠷᠢᠯᠡᠬᠦ ᠦᠢᠯᠡᠳᠪᠤᠷᠢ ᠳᠤ ᠪᠠᠷᠢᠮᠵᠢᠶ᠎ᠠ ᠶᠢ ᠳᠡᠭᠡᠭᠰᠢᠯᠡᠭᠦᠯᠦᠨ ᠲᠡᠰ ᠳᠡᠪᠰᠢᠭᠦᠯᠬᠦ ᠥᠭᠡᠷᠡᠴᠢᠯᠡᠯᠲᠡ ᠬᠢᠵᠦ᠂ ᠣᠳᠣᠬᠠᠨ ᠳᠤ ᠶᠠᠭ ᠲᠣᠨᠤᠭ ᠲᠥᠬᠦᠭᠡᠷᠦᠮᠵᠢ ᠶᠢ ᠲᠤᠬᠢᠷᠠᠭᠤᠯᠤᠨ ᠲᠤᠷᠰᠢᠵᠤ᠂ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ ᠤᠰᠤᠨ ᠤ ᠴᠢᠨᠠᠷ  ᠢ ᠨᠢᠭᠡᠳᠦᠭᠡᠷ ᠲᠡᠰ ᠤᠨ A ᠭᠠᠳᠠᠭᠰᠢᠯᠠᠭᠤᠯᠬᠤ ᠪᠠᠷᠢᠮᠵᠢᠶ᠎ᠠ ᠳᠤ ᠬᠦᠷᠭᠡᠨ᠎ᠡ᠃    2019 ᠤᠨ 10 ᠰᠠᠷ᠎ᠠ ᠶᠢᠨ ᠰᠡᠭᠦᠯᠴᠢ ᠪᠣᠯᠲᠠᠯ᠎ᠠ᠂ ᠵᠠᠬᠢᠳᠠᠯ ᠰᠤᠷᠪᠤᠯᠵᠢᠯᠠᠭ᠎ᠠ ᠵᠢᠴᠢ 12369 ᠢᠯᠡᠴᠢᠯᠡᠨ ᠮᠡᠳᠡᠭᠦᠯᠦᠭᠰᠡᠨ ᠬᠡᠷᠡᠭ ᠢ ᠨᠡᠶᠢᠲᠡ 15 ᠬᠦᠯᠢᠶᠡᠨ ᠠᠪᠴᠤ᠂ ᠪᠦᠬᠦᠨ ᠢ  ᠰᠢᠢᠳᠪᠤᠷᠢᠯᠡᠵᠦ ᠳᠠᠭᠤᠰᠬᠠᠪᠠ᠃                                                                     ᠣᠷᠴᠢᠭᠤᠯᠤᠭᠴᠢ᠄ ᠭᠡᠷᠡᠯ
 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠲᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2