ᠬᠤᠸᠠᠳᠧ ᠰᠢᠶᠠᠨ ᠠᠵᠢᠯ ᠣᠯᠭᠤᠯᠲᠠ ᠦᠢᠯᠡᠰ ᠪᠣᠰᠬᠠᠯᠲᠠ ᠶᠢ ᠢᠳᠡᠪᠬᠢᠲᠡᠢ ᠠᠬᠢᠭᠤᠯᠤᠭᠰᠠᠨ ᠠᠴᠠ ᠨᠠᠰᠢ᠂ | ᠬᠤᠸᠠᠳᠧ ᠰᠢᠶᠠᠨ ᠤ ᠬᠤᠲᠠ ᠪᠠᠯᠭᠠᠰᠤᠨ ᠳᠤ 620 ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠬᠤᠲᠠ | ᠪᠠᠯᠭᠠᠰᠤᠨ ᠤ ᠠᠵᠢᠯ ᠠᠯᠳᠠᠭᠰᠠᠨ 484 ᠬᠥᠮᠦᠨ ᠳᠤ ᠳᠠᠬᠢᠨ ᠠᠵᠢᠯ ᠣᠯᠭᠤᠵᠤ᠂ ᠠᠵᠢᠯ ᠣᠯᠬᠤ ᠳᠤ ᠬᠦᠴᠢᠷᠲᠡᠶ | 178 ᠬᠥᠮᠦᠨ ᠳᠤ ᠠᠵᠢᠯ ᠣᠯᠭᠤᠵᠤ᠂ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ | ᠨᠣᠷᠮ᠎ᠠ 4.1 % ᠶᠢᠨ ᠳᠣᠲᠣᠷ᠎ᠠ ᠬᠢᠵᠠᠭᠠᠷᠯᠠᠪᠠ᠃ ᠪᠣᠯᠪᠠᠰᠤᠷᠠᠭᠤᠯᠤᠯ ᠤᠨ ᠰᠢᠰᠲ᠋ᠧᠮᠵᠢ ᠶᠢ ᠢᠳᠡᠪᠬᠢᠲᠡᠶ ᠪᠠᠷ | ᠪᠦᠷᠢᠨᠰᠢᠭᠦᠯᠵᠦ᠂ ᠪᠣᠯᠪᠠᠰᠤᠷᠠᠭᠤᠯᠤᠯ ᠤᠨ ᠪᠡᠯᠡᠳᠬᠡᠮᠵᠢ ᠲᠥᠬᠦᠭᠡᠷᠦᠮᠵᠢ᠂ ᠪᠠᠭᠰᠢ ᠶᠢᠨ ᠬᠦᠴᠦᠨ ᠤ | ᠣᠷᠣᠭᠤᠯᠤᠯᠲᠠ ᠪᠠᠨ ᠨᠡᠮᠡᠭᠳᠡᠭᠦᠯᠦᠨ᠂ ᠠᠳᠠᠯ ᠦᠢᠯᠡᠰ ᠪᠣᠰᠬᠠᠬᠤ᠂ ᠬᠥᠳᠡᠯᠮᠦᠷᠢ ᠬᠦᠴᠦᠨ ᠤ ᠮᠡᠷᠭᠡᠵᠢᠯ ᠤᠨ | ᠴᠢᠳᠠᠪᠤᠷᠢ ᠶᠢᠨ ᠪᠣᠯᠪᠠᠰᠤᠷᠠᠭᠤᠯᠤᠯ ᠤᠨ ᠠᠵᠢᠯ ᠢ ᠶᠡᠬᠡᠪᠡᠷ ᠦᠷᠨᠢᠭᠦᠯᠪᠡ᠃ | ᠣᠳᠣᠬᠠᠨ ᠪᠣᠯᠲᠠᠯ᠎ᠠ᠂ ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ ᠢ ᠨᠡᠶᠢᠲᠡ 44 ᠬᠤᠭᠤᠴᠠᠭ᠎ᠠ ᠡᠷᠬᠢᠯᠡᠨ | 1345 ᠬᠥᠮᠥᠨ ᠢ ᠪᠣᠯᠪᠠᠰᠤᠷᠠᠭᠤᠯᠵᠤ᠂ ᠦᠢᠯᠡᠰ ᠴᠣᠭᠴᠠᠯᠠᠬᠤ ᠪᠣᠯᠪᠠᠰᠤᠷᠠᠭᠤᠯᠤᠯ ᠢ 6 ᠬᠤᠭᠤᠴᠠᠭ᠎ᠠ ᠡᠷᠬᠢᠯᠡᠵᠦ᠂ | 108 ᠬᠥᠮᠦᠨ ᠳᠤ ᠦᠢᠯᠡᠰ ᠴᠣᠭᠴᠠᠯᠠᠬᠤ ᠲᠠᠭᠠᠭᠠᠯᠲᠠᠲᠤ ᠵᠢᠭᠡᠯᠡᠯᠭᠡ 1100 ᠲᠦᠮᠡᠨ ᠲᠥᠭᠦᠷᠢᠭ ᠲᠠᠷᠬᠠᠭᠠᠪᠠ᠃ | ᠣᠷᠴᠢᠭᠤᠯᠤᠭᠴᠢ᠄ ᠭᠡᠷᠡᠯ |