ᠬᠤᠸᠠᠳᠧ ᠰᠢᠶᠠᠨ ᠠᠵᠢᠯ ᠣᠯᠵᠤ ᠦᠢᠯᠡᠰ ᠪᠣᠰᠬᠠᠬᠤ ᠶᠢ ᠢᠳᠡᠪᠬᠢᠲᠡᠢ ᠠᠬᠢᠭᠤᠯᠪᠠ
ᠨᠡᠶᠢᠲᠡᠯᠡᠭᠰᠡᠨ ᠴᠠᠭ᠄
2019-12-09
   ᠬᠤᠸᠠᠳᠧ ᠰᠢᠶᠠᠨ ᠠᠵᠢᠯ ᠣᠯᠭᠤᠯᠲᠠ ᠦᠢᠯᠡᠰ ᠪᠣᠰᠬᠠᠯᠲᠠ ᠶᠢ ᠢᠳᠡᠪᠬᠢᠲᠡᠢ ᠠᠬᠢᠭᠤᠯᠤᠭᠰᠠᠨ ᠠᠴᠠ ᠨᠠᠰᠢ᠂ ᠬᠤᠸᠠᠳᠧ ᠰᠢᠶᠠᠨ ᠤ ᠬᠤᠲᠠ ᠪᠠᠯᠭᠠᠰᠤᠨ ᠳᠤ 620 ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠬᠤᠲᠠ ᠪᠠᠯᠭᠠᠰᠤᠨ ᠤ ᠠᠵᠢᠯ ᠠᠯᠳᠠᠭᠰᠠᠨ 484 ᠬᠥᠮᠦᠨ ᠳᠤ ᠳᠠᠬᠢᠨ ᠠᠵᠢᠯ ᠣᠯᠭᠤᠵᠤ᠂ ᠠᠵᠢᠯ ᠣᠯᠬᠤ ᠳᠤ ᠬᠦᠴᠢᠷᠲᠡᠶ 178 ᠬᠥᠮᠦᠨ ᠳᠤ ᠠᠵᠢᠯ ᠣᠯᠭᠤᠵᠤ᠂ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ 4.1 % ᠶᠢᠨ ᠳᠣᠲᠣᠷ᠎ᠠ ᠬᠢᠵᠠᠭᠠᠷᠯᠠᠪᠠ᠃ ᠪᠣᠯᠪᠠᠰᠤᠷᠠᠭᠤᠯᠤᠯ ᠤᠨ ᠰᠢᠰᠲ᠋ᠧᠮᠵᠢ ᠶᠢ ᠢᠳᠡᠪᠬᠢᠲᠡᠶ ᠪᠠᠷ ᠪᠦᠷᠢᠨᠰᠢᠭᠦᠯᠵᠦ᠂ ᠪᠣᠯᠪᠠᠰᠤᠷᠠᠭᠤᠯᠤᠯ ᠤᠨ ᠪᠡᠯᠡᠳᠬᠡᠮᠵᠢ ᠲᠥᠬᠦᠭᠡᠷᠦᠮᠵᠢ᠂ ᠪᠠᠭᠰᠢ ᠶᠢᠨ ᠬᠦᠴᠦᠨ ᠤ ᠣᠷᠣᠭᠤᠯᠤᠯᠲᠠ ᠪᠠᠨ ᠨᠡᠮᠡᠭᠳᠡᠭᠦᠯᠦᠨ᠂ ᠠᠳᠠᠯ ᠦᠢᠯᠡᠰ ᠪᠣᠰᠬᠠᠬᠤ᠂ ᠬᠥᠳᠡᠯᠮᠦᠷᠢ ᠬᠦᠴᠦᠨ ᠤ ᠮᠡᠷᠭᠡᠵᠢᠯ ᠤᠨ ᠴᠢᠳᠠᠪᠤᠷᠢ ᠶᠢᠨ ᠪᠣᠯᠪᠠᠰᠤᠷᠠᠭᠤᠯᠤᠯ ᠤᠨ ᠠᠵᠢᠯ ᠢ ᠶᠡᠬᠡᠪᠡᠷ ᠦᠷᠨᠢᠭᠦᠯᠪᠡ᠃    ᠣᠳᠣᠬᠠᠨ ᠪᠣᠯᠲᠠᠯ᠎ᠠ᠂ ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ ᠢ ᠨᠡᠶᠢᠲᠡ 44 ᠬᠤᠭᠤᠴᠠᠭ᠎ᠠ ᠡᠷᠬᠢᠯᠡᠨ 1345 ᠬᠥᠮᠥᠨ ᠢ ᠪᠣᠯᠪᠠᠰᠤᠷᠠᠭᠤᠯᠵᠤ᠂ ᠦᠢᠯᠡᠰ ᠴᠣᠭᠴᠠᠯᠠᠬᠤ ᠪᠣᠯᠪᠠᠰᠤᠷᠠᠭᠤᠯᠤᠯ ᠢ 6 ᠬᠤᠭᠤᠴᠠᠭ᠎ᠠ ᠡᠷᠬᠢᠯᠡᠵᠦ᠂ 108 ᠬᠥᠮᠦᠨ ᠳᠤ ᠦᠢᠯᠡᠰ ᠴᠣᠭᠴᠠᠯᠠᠬᠤ ᠲᠠᠭᠠᠭᠠᠯᠲᠠᠲᠤ ᠵᠢᠭᠡᠯᠡᠯᠭᠡ 1100 ᠲᠦᠮᠡᠨ ᠲᠥᠭᠦᠷᠢᠭ ᠲᠠᠷᠬᠠᠭᠠᠪᠠ᠃                                                        ᠣᠷᠴᠢᠭᠤᠯᠤᠭᠴᠢ᠄ ᠭᠡᠷᠡᠯ
 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠲᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2