ᠬᠤᠸᠠᠳᠧ ᠰᠢᠶᠠᠨ ︽ᠢᠨᠲ᠋ᠧᠷ ᠰᠦᠯᠵᠢᠶ᠎ᠡ + ᠬᠢᠨᠠᠯᠲᠠ ᠲᠠᠯᠪᠢᠬᠤ︾ ᠵᠠᠭᠪᠤᠷ ᠢ ᠭᠦᠢᠴᠡᠳ ᠠᠰᠢᠭᠯᠠᠨ᠂ | ᠤᠯᠠᠮᠵᠢᠯᠠᠯᠲᠤ ᠪᠠ ᠤᠳᠤ ᠦᠶ᠎ᠡ ᠶᠢᠨ ᠵᠠᠭᠤᠴᠢᠯᠠᠭᠤᠷ ᠤᠨ ᠬᠠᠷᠢᠯᠴᠠᠨ ᠤᠶᠠᠯᠳᠤᠭᠰᠠᠨ ᠢᠯᠡ ᠪᠣᠯᠭᠠᠬᠤ ᠠᠷᠭ᠎ᠠ | ᠮᠠᠶ᠋ᠢᠭ ᠢ ᠠᠪᠴᠤ᠂ ︽ᠨᠢᠭᠡ ᠰᠦᠯᠵᠢᠶ᠎ᠡ ᠨᠢᠭᠡ ᠳᠡᠯᠭᠡᠴᠡ ᠨᠢᠭᠡ ᠪᠤᠯᠤᠩ ᠨᠢᠭᠡ ᠺᠣᠳ᠋︾ ᠤᠨ ᠢᠯᠡ ᠪᠣᠯᠭᠠᠨ | ᠠᠴᠢᠶᠠᠯᠠᠪᠤᠷᠢᠯᠠᠵᠦ᠂ ︵︽ᠨᠢᠭᠡ ᠰᠦᠯᠵᠢᠶ᠎ᠡ︾ ᠭᠡᠳᠡᠭ ᠨᠢ ᠳᠠᠷᠤᠶ ᠭᠤᠷᠪᠠᠨ ᠶᠠᠪᠤᠳᠠᠯ ᠢ ᠢᠯᠡ ᠪᠣᠯᠭᠠᠬᠤ | ᠲᠠᠪᠴᠠᠩ ᠤᠨ ᠰᠦᠯᠵᠢᠶ᠎ᠡ ᠳᠤ ᠲᠦᠰᠢᠭᠯᠡᠨ ᠨᠡᠶᠢᠭᠡᠮ ᠨᠡᠶᠢᠲᠡ ᠳᠤ ᠢᠯᠡ ᠪᠣᠯᠭᠠᠨ᠎ᠠ︔ ︽ᠨᠢᠭᠡ ᠳᠡᠯᠭᠡᠴᠡ︾ | ᠭᠡᠳᠡᠭ ᠨᠢ ᠰᠢᠶᠠᠨ ᠰᠢᠶᠠᠩ ᠲᠣᠰᠬᠤᠨ ᠭᠤᠷᠪᠠᠨ ᠱᠠᠲᠤᠨ ᠳᠤLED ᠳᠡᠯᠭᠡᠴᠡ ᠭᠠᠷᠭᠠᠵᠤ ᠢᠯᠡ ᠪᠣᠯᠭᠠᠬᠤ ᠶᠢ | ᠬᠡᠯᠡᠵᠦ ᠪᠠᠶᠢᠨ᠎ᠠ︔ ︽ᠨᠢᠭᠡ ᠺᠣᠳ᠋︾ ᠭᠡᠳᠡᠭ ᠨᠢ ᠰᠢᠶᠠᠨ ᠰᠢᠶᠠᠩ ᠲᠣᠰᠬᠤᠨ ᠭᠤᠷᠪᠠᠨ ᠱᠠᠲᠤᠨ ᠳᠤ ᠭᠤᠷᠪᠠᠨ | ᠶᠠᠪᠤᠳᠠᠯ ᠢ ᠵᠠᠷᠯᠠᠨ ᠨᠡᠶᠢᠲᠡᠯᠡᠬᠦ ᠪᠤᠯᠤᠩ ᠭᠠᠷᠭᠠᠵᠤ ᠢᠯᠡ ᠪᠠᠷ ᠨᠡᠶᠢᠲᠡᠯᠡᠬᠦ︔ ︽ᠨᠢᠭᠡ ᠺᠣᠳ᠋︾ ᠭᠡᠳᠡᠭ ᠨᠢ ᠳᠠᠷᠤᠶ | ᠭᠠᠷ ᠤᠲᠠᠰᠤᠨ ᠤ APP ᠶᠢ ᠵᠢᠷᠤᠵᠤ ᠲᠥᠯᠥᠪᠯᠡᠨ᠂ ᠣᠯᠠᠨ ᠲᠦᠮᠡᠨ ᠭᠠᠷ ᠤᠲᠠᠰᠤ ᠪᠠᠷ ᠬᠤᠶᠠᠷ ᠬᠡᠮᠵᠢᠯᠳᠦ | ᠺᠣᠳ᠋ ᠰᠢᠷᠪᠢᠬᠦ ᠪᠠᠷ ᠳᠠᠮᠵᠢᠭᠤᠯᠤᠨ ᠴᠠᠭ ᠲᠤᠬᠠᠶ ᠳᠤᠨᠢ ᠪᠠᠶᠢᠴᠠᠭᠠᠨ ᠯᠠᠪᠯᠠᠵᠤ᠂ ᠬᠠᠷᠢᠴᠠᠭᠤᠯᠤᠨ᠎ᠠ︶᠂ ᠪᠦᠲᠦᠮᠵᠢᠲᠡᠶ | ᠬᠢᠨᠠᠯᠲᠠ ᠲᠠᠯᠪᠢᠬᠤ ᠶᠢ ᠪᠡᠶᠡᠯᠡᠭᠦᠯᠦᠨ᠎ᠡ᠃ | 2019 ᠣᠨ ᠤ 10 ᠰᠠᠷ᠎ᠠ ᠪᠣᠯᠲᠠᠯ᠎ᠠ᠂ 50 ᠰᠢᠨᠵᠢᠯᠡᠬᠦ ᠤᠬᠠᠭᠠᠨ ᠤ ᠲᠣᠪᠴᠢᠶ᠎ᠠ᠂ 6 ᠰᠢᠶᠠᠩ ᠪᠠᠯᠭᠠᠰᠤ᠂ | 86 ᠵᠠᠰᠠᠭ ᠵᠠᠬᠢᠷᠭᠠᠨ ᠤ ᠲᠣᠰᠬᠤᠨ᠂ 9 ᠨᠡᠶᠢᠭᠡᠮ ᠲᠣᠭᠤᠷᠢᠭ ᠴᠥᠮ ︽ᠭᠤᠷᠪᠠᠨ ᠶᠠᠪᠤᠳᠠᠯ︾ ᠢ ᠰᠦᠯᠵᠢᠶᠡᠨ | ᠲᠠᠪᠴᠠᠩ ᠳᠤ ᠢᠯᠡ ᠪᠠᠷ ᠨᠡᠶᠢᠲᠡᠯᠡᠪᠡ᠃ ᠢᠯᠡ ᠪᠣᠯᠭᠠᠭᠰᠠᠨ ᠲᠤᠭ᠎ᠠ ᠪᠠᠷᠢᠮᠲᠠ ᠶᠢᠨ ᠮᠡᠳᠡᠭᠡ ᠵᠠᠩᠭᠢ ᠶᠢ ᠨᠡᠶᠢᠲᠡ | 5410 ᠵᠤᠷᠪᠤᠰ ︵ᠨᠠᠮ ᠤᠨ ᠶᠠᠪᠤᠳᠠᠯ ᠤᠨ ᠢᠯᠡ ᠪᠣᠯᠭᠠᠭᠰᠠᠨ ᠨᠢ 2296 ᠵᠤᠷᠪᠤᠰ᠂ ᠵᠠᠰᠠᠭ ᠤᠨ ᠶᠠᠪᠤᠳᠠᠯ ᠢ | ᠢᠯᠡ ᠪᠣᠯᠭᠠᠭᠰᠠᠨ ᠨᠢ 2143 ᠵᠤᠷᠪᠤᠰ᠂ ᠲᠣᠰᠬᠤᠨ ᠤ ᠶᠠᠪᠤᠳᠠᠯ ᠢ ᠢᠯᠡ ᠪᠣᠯᠭᠠᠭᠰᠠᠨ ᠨᠢ 720 ᠵᠤᠷᠪᠤᠰ᠂ | ᠡᠳ᠋ ᠤᠨ ᠶᠠᠪᠤᠳᠠᠯ ᠢ ᠢᠯᠡ ᠪᠣᠯᠭᠠᠭᠰᠠᠨ ᠨᠢ 251 ᠵᠤᠷᠪᠤᠰ︶ ᠢ ᠳᠡᠭᠡᠭᠰᠢ ᠳᠠᠮᠵᠢᠭᠤᠯᠵᠤ᠂ ᠰᠢᠶᠠᠨ ᠤ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠥᠪ᠂ ᠡᠯ᠎ᠡ ᠰᠢᠶᠠᠩ ᠪᠠᠯᠭᠠᠰᠤᠨ ᠤ ᠠᠷᠠᠳ ᠲᠤ ᠳᠥᠭᠦᠮ ᠦᠵᠡᠭᠦᠯᠬᠦ | ᠦᠢᠯᠡᠴᠢᠯᠡᠭᠡᠨ ᠤ ᠲᠢᠩᠬᠢᠮ ᠳᠤ LED ᠶᠢᠨ ᠳᠡᠯᠭᠡᠴᠡ ᠶᠢ 8 ᠬᠡᠰᠡᠭ ᠲᠣᠬᠢᠷᠠᠭᠤᠯᠵᠤ᠂ ᠡᠯ᠎ᠡ ᠵᠠᠰᠠᠭ ᠵᠠᠬᠢᠷᠭᠠᠨ ᠤ | ᠲᠣᠰᠬᠤᠨ ︵ᠨᠡᠶᠢᠭᠡᠮ ᠲᠣᠭᠤᠷᠢᠭ︶ ᠳᠤ 82 LED ᠳᠡᠯᠭᠡᠴᠡ ᠶᠢ ᠲᠣᠬᠢᠷᠠᠭᠤᠯᠵᠤ᠂ 30 ᠰᠠᠤᠷᠢ ᠨᠢᠭᠡ | ᠴᠣᠭᠴᠠᠲᠤ ᠮᠠᠰᠢᠨ ᠢ ᠤᠭᠰᠠᠷᠠᠪᠠ᠃ | ᠣᠷᠴᠢᠭᠤᠯᠤᠭᠴᠢ᠄ ᠭᠡᠷᠡᠯ |