ᠰᠤᠶᠤᠯ ᠷᠠᠳᠢᠣ᠋ ᠨᠡᠪᠳᠡᠷᠡᠭᠦᠯᠭᠡ ᠶᠢᠨ ᠲᠤᠪᠴᠢᠶ᠎ᠠ
ᠨᠡᠶᠢᠲᠡᠯᠡᠭᠰᠡᠨ ᠴᠠᠭ᠄
2019-03-11
ᠨᠢᠭᠡ᠂ ᠪᠦᠬᠦ ᠲᠤᠪᠴᠢᠶᠠᠨ ᠤ ᠨᠡᠶᠢᠭᠡᠮ ᠰᠤᠶᠤᠯ ᠤᠨ ᠠᠵᠤ ᠤᠶᠢᠯᠡᠰ ᠢ ᠬᠠᠮᠢᠶᠠᠷᠴᠦ᠂ ᠨᠡᠶᠢᠭᠡᠮ ᠰᠤᠶᠤᠯ ᠤᠨ ᠠᠵᠤ ᠤᠶᠢᠯᠡᠰ ᠤᠨ ᠬᠦᠭᠵᠢᠯᠳᠡ ᠶᠢᠨ ᠲᠦᠯᠦᠪᠯᠡᠭᠡ ᠶᠢ ᠵᠤᠬᠢᠶᠠᠨ᠎ᠠ᠃ᠬᠤᠶᠠᠷ᠂ ᠪᠦᠬᠦ ᠰᠢᠶᠠᠨ ᠤ ᠴᠢᠨᠠᠷᠲᠠᠢ ᠴᠢᠬᠤᠯᠠ ᠶᠡᠭᠡ ᠨᠡᠶᠢᠭᠡᠮ ᠤᠨ ᠰᠤᠶᠤᠯ ᠤᠨ ᠬᠦᠳᠡᠯᠭᠡᠭᠡᠨ ᠪᠠ ᠦᠨᠳᠤᠰᠦᠨ ᠱᠠᠳᠤᠨ ᠤ ᠤᠯᠠᠨ ᠲᠥᠮᠡᠨ ᠤ ᠰᠤᠶᠤᠯ ᠤᠨ ᠬᠦᠳᠡᠯᠭᠡᠭᠡᠨ ᠢ  ᠵᠤᠬᠢᠴᠠᠭᠤᠯᠤᠨ ᠵᠢᠯᠦᠭᠤᠳᠤᠨ᠎ᠠ᠃ᠭᠤᠷᠪᠠ᠂ ᠪᠦᠬᠦ ᠰᠢᠶᠠᠨ ᠤ  ᠨᠡᠶᠢᠲᠡ ᠶᠢᠨ ᠬᠠᠯᠠᠮᠵᠢ ᠶᠢᠨ ᠰᠤᠶᠤᠯ ᠤᠨ ᠦᠢᠯᠡᠰ ᠢ ᠬᠠᠷᠢᠭᠤᠴᠠᠨ᠎ᠠ  ᠃ᠲᠥᠷᠪᠡ᠂ ᠪᠦᠬᠦ ᠰᠢᠶᠠᠨ ᠤ ᠷᠠᠳᠢᠣ᠋ ᠺᠢᠨᠣ᠋ ᠲᠧᠯᠸᠢᠰ ᠤᠨ ᠦᠢᠯᠡᠰ ᠤᠨ ᠲᠦᠯᠦᠪᠯᠡᠭᠡ ᠶᠢ ᠵᠤᠬᠢᠶᠠᠬᠤ ᠶᠢᠨ ᠲᠠᠭᠠᠤ ᠬᠡᠷᠡᠭᠵᠢᠬᠦᠯᠦᠨ᠎ᠡ᠃ᠲᠠᠪᠤ᠂ ᠪᠦᠬᠦ ᠰᠢᠶᠠᠨ ᠤ ᠴᠢᠨᠠᠷᠲᠠᠢ ᠴᠢᠬᠤᠯᠠ ᠶᠡᠭᠡ  ᠷᠠᠳᠢᠣ᠋ ᠺᠢᠨᠣ᠋ ᠲᠧᠯᠸᠢᠰ ᠤᠨ ᠬᠦᠳᠡᠯᠭᠡᠭᠡᠨ ᠢ ᠵᠤᠬᠢᠴᠠᠭᠤᠯᠤᠨ ᠵᠢᠯᠦᠭᠤᠳᠤᠨ᠎ᠠ᠃ᠵᠢᠷᠭᠤᠭ᠎ᠠ᠂ ᠷᠠᠳᠢᠣ᠋ ᠺᠢᠨᠤ᠋ ᠲᠧᠯᠸᠢᠰ ᠤᠨ ᠬᠠᠮᠢᠶ᠎ᠠ ᠪᠦᠬᠦᠢ ᠠᠮᠤᠷ ᠲᠥᠪᠰᠢᠨ ᠤ ᠲᠥᠷᠢᠮ ᠲᠤᠭᠳᠠᠭᠠᠯ ᠪᠠ ᠬᠦᠨᠳᠦ ᠶᠡᠭᠡ ᠠᠮᠤᠷ ᠲᠥᠪᠰᠢᠨ᠂ ᠭᠠᠯ ᠢ ᠰᠡᠷᠭᠡᠶᠢᠯᠡᠬᠦ᠂ ᠬᠡᠨᠡᠳᠳᠡ ᠶᠢᠨ ᠬᠡᠷᠡᠭ ᠢ ᠰᠢᠢᠳᠪᠦᠷᠢᠯᠡᠬᠦ  ᠶᠢ  ᠤᠷᠢᠳᠴᠢᠯᠠᠨ‌ᠠᠷᠭᠠᠴᠠᠬᠤ ᠲᠦᠯᠦᠪᠯᠡᠭᠡ ᠲᠤᠭᠳᠠᠭᠠᠨ᠎ᠠ᠃ᠲᠤᠯᠤᠭ᠎ᠠ᠂ ᠪᠦᠬᠦ ᠰᠢᠶᠠᠨ ᠤ ᠰᠤᠨᠢᠨ ᠮᠡᠳᠡᠭᠡ ᠬᠡᠪᠯᠡᠯ ᠤᠨ ᠦᠢᠯᠡᠰ᠂ ᠠᠵᠣ ᠦᠢᠯᠡᠳᠪᠦᠷᠢ ᠶᠢᠨ ᠬᠦᠭᠵᠢᠯᠳᠡ ᠶᠢᠨ ᠲᠦᠯᠦᠪᠯᠡᠭᠡ ᠶᠢ ᠵᠤᠬᠢᠶᠠᠬᠤ ᠶᠢᠨ ᠲᠠᠭᠠᠤ ᠬᠡᠷᠡᠭᠵᠢᠬᠦᠯᠦᠨ᠎ᠡ᠃ᠨᠠᠢᠮᠠ᠂ ᠪᠦᠬᠦ ᠰᠢᠶᠠᠨ ᠤ ᠬᠡᠪᠯᠡᠯ᠂ ᠫᠤᠫᠢᠯᠠᠭᠰᠠᠨ ᠮᠠᠲ᠋ᠧᠷᠢᠶᠠᠯ ᠳᠤ ᠬᠢᠨᠠᠯᠳᠠ ᠲᠠᠯᠪᠢᠵᠦ᠂ ᠬᠠᠤᠯᠢ ᠶᠢ ᠵᠦᠷᠴᠢᠭᠰᠡᠨ ᠬᠦᠨᠳᠦ ᠶᠡᠭᠡ ᠬᠡᠷᠡᠭ ᠢ ᠪᠠᠶᠢᠴᠠᠭᠠᠨ ᠰᠢᠢᠳᠪᠦᠷᠢᠯᠡᠨ᠎ᠡ᠃ᠶᠢᠰᠦ᠂  ᠰᠢᠨ᠎ᠡ ᠪᠠᠷ ᠪᠠᠶᠢᠭᠤᠯᠤᠭᠳᠠᠭᠰᠠᠨ ᠪᠤᠶᠤ ᠦᠬᠡᠷᠡᠴᠢᠯᠡᠯᠳᠡ ᠬᠢᠭᠰᠡᠨ ᠬᠡᠪᠯᠡᠯ ᠤᠨ ᠠᠵᠤ ᠠᠬᠤᠶᠢᠯᠠᠯ ᠤᠨ ᠬᠢᠨᠠᠨ ᠪᠠᠶᠢᠴᠠᠭᠠᠯᠳᠠ᠂ ᠮᠡᠳᠡᠬᠦᠯᠦᠯᠳᠡ᠂ ᠲᠠᠩᠰᠠᠨ ᠳᠤ  ᠤᠷᠤᠭᠤᠯᠬᠤ ᠠᠵᠢᠯ ᠢ ᠬᠠᠷᠢᠭᠤᠴᠠᠨ ᠬᠦᠢᠴᠡᠳᠬᠡᠨ᠎ᠡ᠂ ᠪᠦᠬᠦ ᠰᠢᠶᠠᠨ ᠤ ᠬᠡᠪᠯᠡᠯ ᠤᠨ ᠠᠵᠤ ᠠᠬᠤᠶᠢᠯᠠᠯ ᠤᠨ ᠵᠢᠯ ᠤᠨ ᠬᠢᠨᠠᠨ ᠪᠠᠶᠢᠴᠠᠭᠠᠯᠳᠠ᠂ ᠲᠠᠩᠰᠠᠨ ᠳᠤ ᠤᠷᠤᠭᠤᠯᠬᠤ ᠠᠵᠢᠯ ᠢ ᠬᠠᠷᠢᠭᠤᠴᠠᠨ ᠬᠦᠢᠴᠡᠳᠭᠡᠨ᠎ᠡ  ᠃ᠠᠷᠪᠠ᠂ ᠪᠦᠬᠦ ᠰᠢᠶᠠᠨ ᠤ ᠵᠦᠭᠡᠯᠡᠨ ᠲᠤᠨᠤᠭ ᠤᠨ ᠵᠢᠩᠭᠢᠨᠢ ᠬᠡᠪᠯᠡᠯ ᠢ ᠬᠠᠷᠢᠭᠤᠴᠠᠨ ᠠᠬᠢᠭᠤᠯᠤᠨ᠎ᠠ᠃ᠠᠷᠪᠠᠨ ᠨᠢᠭᠡ᠂ ᠬᠡᠪᠯᠡᠯ ᠤᠨ ᠵᠠᠬ᠎ᠠ ᠳᠡᠯᠭᠡᠬᠦᠷ ᠪᠠ ᠢᠨᠲ᠋ᠧᠷ ᠰᠦᠯᠵᠢᠶᠡᠨ ᠤ ︽ᠱᠠᠯᠢᠭ ᠪᠠ ᠬᠠᠤᠯᠢ ᠪᠤᠰᠤ ᠬᠡᠪᠯᠡᠯ  ᠲᠠᠢ ᠲᠡᠮᠡᠴᠡᠬᠦ︾ ᠠᠵᠢᠯ ᠢ ᠬᠠᠷᠢᠭᠤᠴᠠᠨ᠎ᠠ  ᠃ᠠᠷᠪᠠᠨ ᠬᠤᠶᠠᠷ᠂ ᠪᠦᠬᠦ ᠰᠢᠶᠠᠨ ᠤ ᠰᠤᠶᠤᠯ ᠤᠨ ᠵᠠᠬ᠎ᠠ ᠲᠡᠯᠭᠡᠭᠦᠷ ᠤᠨ ᠪᠠᠶᠢᠭᠤᠯᠤᠭᠰᠠᠨ ᠬᠢᠨᠠᠨ ᠴᠤᠬᠤᠬᠤ ᠪᠠ ᠬᠢᠨᠠᠨ ᠵᠠᠬᠢᠷᠠᠬᠤ ᠠᠵᠢᠯ ᠢ ᠬᠠᠷᠢᠭᠤᠴᠠᠨ᠎ᠠ᠃ᠠᠷᠪᠠᠨ ᠭᠤᠷᠪᠠ᠂ ᠵᠢᠭᠤᠯᠴᠢᠯᠠᠯ ᠤᠨ ᠬᠠᠮᠢᠶ᠎ᠠ ᠪᠦᠬᠦᠢ ᠴᠢᠭᠯᠡᠯ᠂ ᠲᠥᠷᠦ ᠶᠢᠨ ᠪᠣᠳᠤᠯᠭ᠎ᠠ᠂ ᠲᠦᠯᠦᠪᠯᠡᠭᠡ ᠶᠢᠨ ᠲᠦᠰᠦᠯ ᠢ ᠪᠤᠲᠠᠲᠠᠢ ᠨᠠᠶᠢᠳᠠᠪᠦᠷᠢᠵᠢᠭᠤᠯᠤᠨ ᠬᠡᠷᠡᠭᠵᠢᠬᠦᠯᠦᠨ᠎ᠡ᠃ᠠᠷᠪᠠᠨ ᠲᠥᠷᠪᠡ᠂ ᠪᠦᠬᠦ ᠰᠢᠶᠠᠨ ᠤ ᠵᠢᠭᠤᠯᠴᠢᠯᠠᠯ ᠤᠨ ᠦᠢᠯᠡᠰ ᠤᠨ ᠬᠦᠭᠵᠢᠯᠲᠡ ᠶᠢᠨ ᠲᠦᠯᠦᠪᠯᠡᠭᠡ ᠶᠢ ᠵᠤᠬᠢᠶᠠᠵᠤ᠂  ᠵᠢᠭᠤᠯᠴᠢᠯᠠᠯ ᠤᠨ ᠦᠢᠯᠡᠰ ᠤᠨ ᠪᠦᠳᠦᠭᠡᠨ ᠪᠠᠶᠢᠭᠤᠯᠤᠯᠳᠠ ᠪᠠ ᠬᠦᠭᠵᠢᠯᠲᠡ ᠶᠢᠨ ᠲᠡᠳᠬᠦᠨ ᠠᠬᠢᠭᠤᠯᠤᠨ᠎ᠠ᠃ᠠᠷᠪᠠᠨ ᠲᠠᠪᠤ᠂ ᠵᠢᠭᠤᠯᠴᠢᠯᠠᠯ ᠤᠨ ᠡᠬᠢ ᠪᠠᠶᠠᠯᠢᠭ ᠢ ᠨᠡᠶᠢᠳᠠᠮ ᠪᠠᠶᠢᠴᠠᠭᠠᠬᠤ ᠠᠵᠢᠯ ᠢ ᠵᠤᠬᠢᠶᠠᠨ ᠪᠠᠶᠢᠭᠤᠯᠤᠨ᠎ᠠ  ᠃ᠠᠷᠪᠠᠨ ᠵᠢᠷᠭᠤᠭ᠎ᠠ᠂ ᠵᠢᠭᠤᠯᠴᠢᠯᠠᠯ ᠤᠨ ᠤᠷᠤᠨ ᠤ ᠪᠦᠳᠦᠭᠡᠨ ᠪᠠᠶᠢᠭᠤᠯᠤᠯᠳᠠ ᠶᠢᠨ  ᠲᠦᠯᠦᠪᠯᠡᠭᠡ ᠶᠢ ᠵᠢᠯᠤᠭᠤᠳᠤᠨ᠎ᠠ ᠠᠷᠪᠠᠨ ᠲᠤᠯᠤᠭ᠎ᠠ᠂ ᠵᠢᠭᠤᠯᠴᠢᠯᠠᠯ ᠤᠨ ᠴᠢᠳᠠᠪᠤᠷᠢᠳᠠᠨ ᠢ ᠬᠦᠮᠦᠵᠢᠬᠦᠯᠵᠦ᠂ ᠵᠢᠭᠤᠯᠴᠢᠯᠠᠯ ᠤᠨ ᠠᠵᠢᠯᠳᠠᠳ ᠤᠨ ᠲᠤᠬᠠᠶᠢᠯᠠᠭᠰᠠᠨ ᠠᠵᠢᠯ ᠤᠨ ᠲᠥᠷᠢᠮ ᠪᠠ ᠵᠡᠷᠬᠡ ᠲᠡᠰ ᠤᠨ ᠲᠥᠷᠢᠮ ᠢ  ᠬᠡᠷᠡᠭᠵᠬᠦᠯᠦᠨ ᠵᠢᠯᠤᠭᠤᠳᠤᠨ᠎ᠠ᠃ᠠᠷᠪᠠᠨ ᠨᠠᠢᠮᠠ᠂ ᠤᠷᠤᠨ ᠤ ᠲᠤᠳᠤᠷ᠎ᠠ ᠭᠠᠳᠠᠨᠠᠬᠢ ᠵᠢᠭᠤᠯᠴᠢᠯᠠᠯ ᠤᠨ ᠦᠢᠯᠡᠳᠬᠦᠨ᠂ ᠵᠢᠭᠤᠯᠴᠢᠯᠠᠯ ᠤᠨ ᠵᠠᠬ᠎ᠠ ᠲᠡᠯᠭᠡᠭᠦᠷ ᠤᠨ ᠨᠡᠬᠡᠭᠡᠯᠳᠡ ᠶᠢᠨ ᠲᠠᠯ᠎ᠠ ᠶᠢᠨ ᠰᠤᠯᠢᠯᠴᠠᠭ᠎ᠠ ᠬᠢᠬᠦ ᠪᠠ ᠬᠠᠮᠳᠤᠷᠠᠨ ᠠᠵᠢᠯᠯᠠᠬᠤ ᠶᠢ ᠵᠤᠬᠢᠶᠠᠨ ᠪᠠᠶᠢᠭᠤᠯᠤᠨ᠎ᠠ᠃     ᠪᠠᠶᠢᠭᠤᠯᠭ᠎ᠠ ᠶᠢᠨ ᠬᠠᠶ᠋ᠢᠭ᠄ ᠬᠤᠸᠠᠳᠧ ᠰᠢᠶᠠᠨ ᠤ ᠴᠠᠩ ᠱᠦᠨ ᠪᠠᠯᠭᠠᠰᠤᠨ ᠤ ᠰᠢᠤᠳᠠᠨ ᠴᠠᠬᠢᠯᠭᠠᠨ ᠤ ᠵᠠᠮ     ᠪᠠᠶᠢᠭᠤᠯᠭ᠎ᠠ ᠶᠢᠨ ᠬᠠᠷᠢᠯᠴᠠᠬᠤ ᠤᠳᠠᠰᠤ᠄ 7902446     ᠪᠠᠶᠢᠭᠤᠯᠭ᠎ᠠ ᠶᠢᠨ ᠢᠮᠧᠯ᠄ wlcbhdxwgj@163.com                               ᠤᠷᠴᠢᠭᠤᠯᠤᠭᠴᠢ᠄ ᠲᠠᠭᠤᠯᠠ
 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠲᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10002599号