︽︿ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠡᠭᠦᠷᠭᠡ ᠴᠢᠳᠠᠪᠬᠢ ᠶᠢ ᠬᠤᠪᠢᠷᠠᠭᠤᠯᠬᠤ ᠪᠠ | ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠦᠯ﹀ ᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ︾ ︵ᠬᠤᠸᠠᠳᠧ | ᠵᠠᠰᠠᠭ ᠲᠠᠷᠬᠠᠭᠠᠭᠰᠠᠨ ︹ 2015 ︺ 3 ᠳ᠋ᠤᠭᠠᠷ ᠲᠣᠭᠠᠲᠤ︶ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ | ᠦᠨᠳᠦᠰᠦᠯᠡᠨ᠂ ᠬᠤᠸᠠᠳᠧ ᠰᠢᠶᠠᠨ ᠤ ᠠᠵᠤ ᠠᠬᠤᠢ ᠶᠢᠨ ᠮᠡᠳᠡᠭᠡ ᠵᠠᠩᠭᠢ ᠶᠢᠨ ᠬᠤᠳᠠᠯᠳᠤᠭᠠᠨ ᠤ ᠶᠠᠪᠤᠳᠠᠯ ᠤᠨ | ᠲᠣᠪᠴᠢᠶ᠎ᠠ ᠶᠢ ᠪᠠᠢᠭᠤᠯᠵᠤ᠂ ᠳᠤᠮᠳᠠ ᠵᠢᠵᠢᠭ ᠠᠵᠤ ᠠᠬᠤᠶᠢᠯᠠᠯ ᠤᠨ ᠲᠣᠪᠴᠢᠶ᠎ᠠ ᠶᠢᠨ ᠫᠠᠶᠢᠰᠠ ᠶᠢ ᠡᠯᠭᠦᠨ | ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠪᠣᠯᠭᠠᠵᠠᠢ᠃ | ᠨᠢᠭᠡ᠂ ᠡᠭᠦᠷᠭᠡ ᠬᠠᠷᠢᠭᠤᠴᠠᠯᠭ᠎ᠠ ᠶᠢᠨ ᠲᠣᠬᠢᠷᠠᠭᠤᠯᠤᠯᠲᠠ᠄ | ︵ᠨᠢᠭᠡ︶ ᠤᠤᠯ ᠤᠨ ᠬᠤᠸᠠᠳᠧ ᠰᠢᠶᠠᠨ ᠤ ᠠᠵᠤ ᠠᠬᠤᠶ ᠪᠠ ᠮᠡᠳᠡᠭᠡ ᠵᠠᠩᠭᠢᠵᠢᠯᠲᠠ ᠶᠢᠨ ᠲᠣᠪᠴᠢᠶᠠᠨ ᠤ | ᠡᠭᠦᠷᠭᠡ ᠴᠢᠳᠠᠪᠤᠷᠢ᠂ ᠡᠭᠦᠷᠭᠡ ᠬᠠᠷᠢᠭᠤᠴᠠᠯᠭ᠎ᠠ ᠶᠢ ᠪᠦᠬᠦᠯᠢ ᠴᠣᠭᠴᠠ ᠪᠠᠷ ᠨᠢ ᠠᠵᠤ ᠠᠬᠤᠢ ᠶᠢᠨ ᠮᠡᠳᠡᠭᠡ | ᠵᠠᠩᠭᠢ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶᠠᠨ ᠳᠤ ᠬᠤᠪᠢᠶᠠᠷᠢᠯᠠᠨ ᠣᠷᠣᠭᠤᠯᠤᠨ᠎ᠠ᠃ ︵ᠬᠤᠶᠠᠷ︶ | ᠤᠤᠯ ᠤᠨ ᠬᠤᠸᠠᠳᠧ ᠰᠢᠶᠠᠨ ᠤ ᠬᠤᠳᠠᠯᠳᠤᠭᠠᠨ ᠤ ᠶᠠᠪᠤᠳᠠᠯ ᠤᠨ ᠲᠣᠪᠴᠢᠶᠠᠨ ᠤ ᠡᠭᠦᠷᠭᠡᠯᠡᠵᠦ ᠪᠠᠢᠭᠰᠠᠨ | ᠬᠤᠯᠪᠣᠭᠳᠠᠯ ᠪᠦᠬᠦᠢ ᠬᠤᠳᠠᠯᠳᠤᠭᠠᠨ ᠤ ᠶᠠᠪᠤᠳᠠᠯ ᠤᠨ ᠲᠤᠰᠢᠶᠠᠯ ᠬᠠᠷᠢᠭᠤᠴᠠᠯᠭ᠎ᠠ ᠶᠢ ᠠᠵᠤ ᠠᠬᠤᠢ ᠶᠢᠨ ᠮᠡᠳᠡᠭᠡ | ᠵᠠᠩᠭᠢ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶᠠᠨ ᠳᠤ ᠬᠤᠪᠢᠶᠠᠷᠢᠯᠠᠨ ᠣᠷᠣᠭᠤᠯᠤᠨ᠎ᠠ᠃ | ᠬᠤᠶᠠᠷ᠂ ᠭᠤᠤᠯ ᠡᠭᠦᠷᠭᠡ ᠬᠠᠷᠢᠭᠤᠴᠠᠯᠭ᠎ᠠ | ︵ᠨᠢᠭᠡ︶ ᠤᠯᠤᠰ᠂ ᠥᠪᠡᠷᠲᠡᠭᠡᠨ ᠵᠠᠰᠠᠬᠤ ᠣᠷᠣᠨ᠂ ᠬᠤᠳᠠ ᠶᠢᠨ ᠬᠤᠯᠪᠣᠭᠳᠠᠯ ᠪᠦᠬᠦᠢ ᠰᠢᠨ᠎ᠡ ᠮᠠᠶ᠋ᠢᠭ ᠤᠨ | ᠠᠵᠤ ᠦᠢᠯᠡᠳᠪᠦᠷᠢᠵᠢᠯ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠪᠠ ᠲᠥᠷᠥ ᠶᠢᠨ ᠪᠣᠳᠣᠯᠭ᠎ᠠ ᠵᠢᠴᠢ ᠠᠷᠠᠯᠵᠢᠶ᠎ᠠ | ᠬᠤᠳᠠᠯᠳᠤᠭ᠎ᠠ ᠭᠦᠢᠯᠭᠡᠭᠡ᠂ ᠭᠠᠳᠠᠭᠠᠳᠤ ᠠᠷᠠᠯᠵᠢᠶ᠎ᠠ᠂ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠯᠲᠠ᠂ | ᠤᠯᠠᠨ ᠤᠯᠤᠰ ᠤᠨ ᠠᠵᠤ ᠠᠬᠤᠢ ᠶᠢᠨ ᠬᠠᠮᠲᠤᠷᠠᠯᠴᠠᠭ᠎ᠠ᠂ ᠠᠷᠠᠯᠵᠢᠶ᠎ᠠ ᠬᠤᠳᠠᠯᠳᠤᠭ᠎ᠠ ᠪᠠᠷᠠᠭᠠᠨ ᠤ ᠭᠦᠢᠯᠭᠡᠭᠡ ᠪᠠᠷ | ᠭᠤᠣᠯᠳᠠᠯᠭ᠎ᠠ ᠪᠣᠯᠭᠠᠭᠰᠠᠨ ᠭᠤᠷᠪᠠᠳᠤᠭᠠᠷ ᠠᠵᠤ ᠦᠢᠯᠡᠰ ᠤᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ | ᠠᠵᠢᠯ ᠤᠨ ᠴᠢᠭᠯᠡᠯᠲᠡ ᠲᠥᠷᠥ ᠶᠢᠨ ᠪᠣᠳᠣᠯᠭ᠎ᠠ᠂ ᠬᠠᠤᠯᠢ ᠴᠠᠭᠠᠵᠠ ᠬᠠᠤᠯᠢ ᠲᠣᠭᠲᠠᠭᠠᠯ ᠢ | ᠲᠤᠭᠤᠰᠢᠯᠠᠭᠤᠯᠤᠨᠬᠡᠷᠡᠭᠵᠢᠭᠦᠯᠦᠨᠡ︔ ᠪᠦᠬᠦ ᠰᠢᠶᠠᠨ ᠤ ᠠᠵᠤ ᠦᠢᠯᠡᠳᠪᠦᠷᠢ ᠠᠵᠤ ᠠᠬᠤᠢ ᠶᠢᠨ ᠮᠡᠳᠡᠭᠡ | ᠵᠠᠩᠭᠢᠵᠢᠯᠲᠠ᠂ ᠠᠷᠠᠯᠵᠢᠶ᠎ᠠ ᠬᠤᠳᠠᠯᠳᠤᠭᠠᠨ ᠤ ᠭᠦᠢᠯᠭᠡᠭᠡ᠂ ᠭᠠᠳᠠᠭᠠᠳᠤ ᠠᠷᠠᠯᠵᠢᠶ᠎ᠠ᠂ ᠤᠯᠠᠨ ᠤᠯᠤᠰ ᠤᠨᠠᠵᠤ | ᠠᠬᠤᠢ ᠶᠢᠨ ᠬᠠᠮᠲᠤᠷᠠᠯᠴᠠᠭ᠎ᠠ ᠪᠠ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠬᠤ ᠠᠵᠢᠯ ᠤᠨ | ᠬᠥᠭᠵᠢᠯᠲᠡ ᠶᠢᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨᠪᠠᠶᠢᠭᠤᠯᠵᠤ | ᠬᠡᠷᠡᠭᠵᠢᠭᠦᠯᠦᠨ᠎ᠡ︔ ᠲᠤᠰ ᠰᠢᠶᠠᠨ ᠤ ᠠᠵᠤ ᠦᠢᠯᠡᠳᠪᠤᠷᠢ᠂ ᠠᠵᠤ ᠠᠬᠤᠢ ᠶᠢᠨ ᠪᠠᠶᠢᠳᠠᠯ᠂ ᠤᠯᠤᠰ ᠤᠨᠲ᠋ᠣᠲᠣᠭᠠᠳᠤ | ᠭᠠᠳᠠᠭᠠᠳᠤ ᠶᠢᠨ ᠠᠷᠠᠯᠵᠢᠶ᠎ᠠ᠂ ᠭᠠᠳᠠᠭᠠᠳᠤ ᠠᠵᠤ ᠠᠬᠤᠢ ᠶᠢᠨ ᠬᠠᠮᠲᠤᠷᠠᠯᠴᠠᠭ᠎ᠠ᠂ ᠭᠠᠳᠠᠭᠠᠳᠤ ᠶᠢᠨ | ᠬᠤᠳᠠᠯᠳᠤᠭᠠᠴᠢᠨ ᠤ ᠪᠡᠯᠡ ᠣᠷᠣᠭᠤᠯᠤᠯᠲᠠ᠂ ᠠᠷᠠᠯᠵᠢᠶ᠎ᠠ ᠬᠤᠳᠠᠯᠳᠤᠭ᠎ᠠ᠂ ᠪᠠᠷᠠᠭᠠᠨ ᠤ ᠭᠦᠢᠯᠭᠡᠭᠡ ᠶᠢᠨ | ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠬᠤᠷᠸ᠎ᠠ ᠬᠥᠭᠵᠢᠯᠲᠡ ᠶᠢᠨ ᠪᠠᠶᠢᠳᠠᠯ ᠢ ᠬᠢᠨᠠᠨ ᠬᠡᠮᠵᠢᠵᠦ ᠵᠠᠳᠠᠯᠤᠨ | ᠰᠢᠨᠵᠢᠯᠡᠵᠦ᠂ ᠬᠤᠷᠸ᠎ᠠ ᠲᠣᠬᠢᠷᠠᠭᠤᠯᠭ᠎ᠠ ᠶᠢᠨ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠤᠨ᠎ᠠ᠃ | ︵ᠬᠤᠶᠠᠷ︶ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠬᠤ ᠲᠤᠬᠠᠢ ᠤᠯᠤᠰ ᠤᠨ ᠲᠥᠷᠥ ᠶᠢᠨ | ᠪᠣᠳᠣᠯᠭ᠎ᠠ᠂ ᠬᠠᠤᠯᠢ ᠲᠣᠭᠲᠠᠭᠠᠯ ᠢ ᠲᠤᠭᠤᠰᠢᠯᠠᠭᠤᠯᠤᠨ ᠬᠡᠷᠡᠭᠵᠢᠭᠦᠯᠵᠦ᠂ ᠬᠤᠸᠠᠳᠧ ᠰᠢᠶᠠᠨ ᠤ ᠭᠠᠳᠠᠭᠠᠳᠤ ᠶᠢᠨ | ᠪᠡᠯᠡᠣᠷᠣᠭᠤᠯᠤᠯᠲᠠ ᠶᠢ ᠰᠢᠩᠭᠡᠭᠡᠨ ᠠᠪᠬᠤ ᠠᠵᠢᠯ ᠢ ᠵᠢᠯᠣᠭᠤᠳᠤᠨ ᠬᠠᠮᠢᠶᠠᠷᠤᠨ᠎ᠠ︔ ᠭᠠᠳᠠᠭᠠᠳᠤ ᠪᠡᠯᠡ ᠶᠢᠨ | ᠨᠡᠮᠡᠭᠳᠡᠯ ᠤᠨ ᠠᠷᠭ᠎ᠠ ᠮᠠᠶ᠋ᠢᠭ ᠢ ᠬᠤᠪᠢᠷᠠᠭᠤᠯᠬᠤ᠂ ᠳᠣᠲᠣᠭᠠᠳᠤ ᠭᠠᠳᠠᠭᠠᠳᠤ ᠶᠢᠨ ᠪᠡᠯᠡ ᠮᠥᠩᠭᠦ ᠶᠢ ᠵᠠᠬ᠎ᠠ | ᠳᠡᠯᠭᠡᠭᠦᠷ ᠤᠨ ᠰᠢᠰᠲ᠋ᠧᠮ ᠤᠨ ᠪᠠᠶᠢᠭᠤᠯᠤᠯᠲᠠ ᠳᠤ ᠣᠷᠣᠭᠤᠯᠬᠤ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠵᠤ᠂ | ᠤᠯᠤᠰ ᠤᠨ ᠭᠠᠳᠠᠭᠠᠳᠤ ᠠᠷᠠᠯᠵᠢᠶᠠᠨ ᠤ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠪᠠ | ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠎ᠡ︔ ᠭᠠᠳᠠᠭᠠᠳᠤ ᠶᠢᠨ ᠪᠡᠯᠡ ᠮᠥᠩᠭᠦ ᠶᠢ ᠠᠰᠢᠭᠯᠠᠬᠤ ᠪᠠ | ᠬᠥᠭᠵᠢᠯᠲᠡ ᠶᠢᠨ ᠲᠦᠯᠦᠪᠵᠢᠭᠦᠯᠭᠡ ᠲᠣᠭᠲᠠᠭᠠᠬᠤ ᠳᠤ ᠣᠷᠣᠯᠴᠠᠬᠤ ᠵᠡᠷᠭᠡ︔ ᠳᠡᠭᠡᠳᠤ ᠱᠠᠲᠤᠨ ᠤ ᠡᠷᠬᠢᠯᠡᠨ | ᠬᠠᠮᠢᠶᠠᠷᠬᠤ ᠰᠠᠯᠠᠭ᠎ᠠ ᠮᠥᠴᠢᠷ ᠢ ᠬᠠᠮᠵᠢᠨ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠭᠰᠠᠨ ᠠᠵᠤ | ᠠᠬᠤᠶᠢᠯᠠᠯ ᠢ ᠪᠠᠶᠢᠭᠤᠯᠬᠤ᠂ ᠳᠠᠩᠰᠠᠯᠠᠭᠤᠯᠬᠤ ᠵᠡᠷᠭᠡ ᠬᠤᠯᠪᠣᠭᠳᠠᠯ ᠪᠦᠬᠦᠢ ᠠᠵᠢᠯ ᠢ ᠬᠠᠮᠢᠶᠠᠷᠤᠨ᠎ᠠ᠃ | ︵ᠭᠤᠷᠪᠠ︶ ᠪᠦᠬᠦ ᠰᠢᠶᠠᠨ ᠤ ᠠᠵᠤ ᠦᠢᠯᠡᠳᠪᠦᠷᠢ᠂ ᠠᠵᠤ ᠠᠬᠤᠢ ᠶᠢᠨ ᠠᠵᠢᠯ ᠲᠥᠷᠥᠯ᠂ ᠡᠨᠧᠷᠭᠢ ᠶᠢᠨ | ᠠᠵᠢᠯ ᠲᠥᠷᠥᠯ᠂ ᠠᠵᠤ ᠦᠢᠯᠡᠳᠪᠤᠷᠢ ᠶᠢᠨ ᠭᠤᠣᠯᠳᠠᠯᠭ᠎ᠠ ᠲᠠᠢ ᠵᠦᠢᠯᠡᠰ ᠤᠨ ᠲᠦᠯᠦᠪᠵᠢᠭᠦᠯᠬᠡ ᠪᠠ ᠭᠦᠢᠯᠭᠡᠭᠡᠨ ᠤ | ᠪᠠᠶᠢᠭᠤᠯᠤᠯ ᠤᠨᠥᠭᠡᠷᠡᠴᠢᠯᠡᠯᠲᠡ ᠶᠢᠨ ᠰᠠᠨᠠᠯ ᠢ ᠰᠤᠳᠤᠯᠤᠨ ᠲᠣᠭᠲᠠᠭᠠᠵᠤ᠂ ᠠᠵᠤ ᠦᠢᠯᠡᠰ ᠤᠨ ᠪᠦᠲᠦᠴᠡ ᠶᠢᠨ | ᠲᠣᠬᠢᠷᠠᠭᠤᠯᠤᠯᠲᠠ ᠶᠢᠨ ᠰᠠᠨᠠᠯ ᠢ ᠳᠤᠷᠠᠳᠬᠤ ᠶᠢᠨ ᠬᠠᠮᠲᠤ ᠵᠣᠬᠢᠶᠠᠨ ᠪᠠᠢᠭᠤᠯᠵᠤ ᠬᠡᠷᠡᠭᠵᠢᠭᠦᠯᠦᠨ᠎ᠡ︔ ᠠᠵᠤ | ᠦᠢᠯᠡᠳᠪᠤᠷᠢ ᠶᠢᠨ ᠠᠵᠤ ᠠᠬᠤᠢ ᠶᠢᠨ ᠠᠵᠢᠯᠯᠠᠭ᠎ᠠ᠂ ᠳᠤᠮᠳᠠ ᠵᠢᠵᠢᠭ ᠠᠵᠤ ᠠᠬᠤᠶᠢᠯᠠᠯ ᠤᠨ ᠬᠥᠭᠵᠢᠯᠲᠡ ᠵᠢᠴᠢ | ᠪᠡᠯᠡ ᠲᠣᠬᠢᠷᠠᠭᠤᠯᠭ᠎ᠠ ᠶᠢᠨ ᠬᠤᠯᠪᠣᠭᠳᠠᠯ ᠪᠦᠬᠦᠢ ᠠᠰᠠᠭᠤᠳᠠᠯ᠂ ᠰᠢᠨ᠎ᠡ ᠮᠠᠶ᠋ᠢᠭ ᠤᠨ ᠠᠵᠤ ᠦᠢᠯᠡᠳᠪᠦᠷᠢᠵᠢᠯ ᠤᠨ | ᠶᠠᠪᠤᠴᠠ ᠳᠠᠬᠢ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ ᠰᠢᠢᠳᠪᠤᠷᠢᠯᠡᠵᠦ᠂ ᠠᠵᠤ ᠦᠢᠯᠡᠰ ᠤᠨ | ᠪᠦᠲᠦᠴᠡ ᠶᠢᠨ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠲᠣᠬᠢᠷᠠᠭᠤᠯᠤᠯᠲᠠ ᠪᠠ ᠰᠢᠯᠢᠳᠡᠭᠵᠢᠭᠦᠯᠦᠨ ᠲᠠᠰ | ᠳᠡᠪᠰᠢᠭᠦᠯᠬᠦ ᠶᠢ ᠲᠦᠯᠬᠢᠨ ᠠᠬᠢᠭᠤᠯᠤᠨ᠎ᠠ᠃ | ︵ᠳᠥᠷᠪᠡ︶ ᠤᠯᠤᠰ ᠤᠨᠭᠠᠳᠠᠭᠠᠳᠤ ᠠᠴᠠ ᠣᠷᠤᠭᠤᠯᠬᠤ ᠪᠠ ᠭᠠᠳᠠᠭᠠᠳᠤ ᠳᠤ ᠭᠠᠷᠭᠠᠬᠤ ᠠᠷᠠᠯᠵᠢᠶᠠᠨ ᠤ | ᠪᠠᠷᠢᠮᠵᠢᠶᠠᠵᠢᠭᠤᠯᠤᠯᠲᠠ᠂ ᠦᠢᠯᠡᠴᠢᠯᠡᠭᠡᠨ ᠤ ᠠᠷᠠᠯᠵᠢᠶᠠᠨ ᠤ ᠬᠥᠭᠵᠢᠯᠲᠡ ᠶᠢᠨ ᠲᠥᠯᠥᠪᠵᠢᠭᠦᠯᠭᠡ ᠶᠢ | ᠬᠡᠷᠡᠭᠵᠢᠭᠦᠯᠬᠦ ᠶᠢᠨ ᠬᠠᠮᠲᠤ ᠬᠤᠯᠪᠣᠭᠳᠠᠯ ᠪᠦᠬᠦᠢ ᠠᠵᠢᠯ ᠢ ᠥᠷᠨᠢᠭᠦᠯᠦᠨ᠎ᠡ︔ ᠤᠯᠤᠰ ᠤᠨᠦᠢᠯᠡᠴᠢᠯᠡᠭᠡ ᠶᠢ | ᠭᠠᠳᠠᠭᠠᠳᠤ ᠳᠤ ᠭᠠᠷᠭᠠᠬᠤ ᠪᠠ ᠦᠢᠯᠡᠴᠢᠯᠡᠭᠡ ᠶᠢ ᠭᠠᠳᠠᠭᠰᠢ ᠳᠠᠭᠠᠭᠠᠴᠢᠯᠠᠭᠤᠯᠬᠤ ᠶᠢ ᠠᠬᠢᠭᠤᠯᠬᠤ ᠵᠢᠴᠢ | ᠭᠠᠳᠠᠭᠠᠳᠤ ᠠᠴᠠ ᠣᠷᠣᠭᠤᠯᠬᠤ ᠲᠠᠸᠠᠷ ᠤᠨ ᠬᠥᠭᠵᠢᠯᠲᠡ ᠶᠢᠨ ᠲᠦᠯᠦᠪᠵᠢᠭᠦᠯᠭᠡ᠂ ᠲᠥᠷᠥ ᠶᠢᠨ ᠪᠣᠳᠣᠯᠭ᠎ᠠ ᠪᠠ | ᠠᠷᠭ᠎ᠠ ᠬᠡᠮᠵᠢᠶ᠎ᠡ ᠶᠢ ᠲᠣᠭᠲᠠᠭᠠᠨ ᠨᠠᠶᠢᠳᠠᠪᠤᠷᠢᠵᠢᠭᠤᠯᠬᠤ ᠶᠢᠨ ᠬᠠᠮᠲᠤ ᠬᠡᠷᠡᠭᠵᠢᠭᠦᠯᠵᠦ᠂ ᠮᠡᠷᠭᠡᠵᠢᠯ ᠢ ᠭᠠᠳᠠᠭᠠᠳᠤ ᠠᠴᠠ | ᠣᠷᠣᠭᠤᠯᠬᠤ᠂ ᠲᠣᠨᠤᠭ ᠲᠥᠬᠦᠭᠡᠷᠦᠮᠵᠢ ᠶᠢ ᠭᠠᠳᠠᠭᠠᠳᠤ ᠠᠴᠠ ᠣᠷᠣᠭᠤᠯᠬᠤ᠂ ᠭᠠᠳᠠᠭᠠᠳᠤ ᠳᠤ ᠭᠠᠷᠭᠠᠬᠤ ᠶᠢ | ᠤᠯᠤᠰ ᠠᠴᠠ ᠬᠢᠵᠠᠭᠠᠷᠯᠠᠬᠤ ᠮᠡᠷᠭᠡᠵᠢᠯ ᠤᠨ ᠠᠵᠢᠯ ᠳᠤ ᠬᠠᠤᠯᠢ ᠶᠣᠰᠣᠭᠠᠷ ᠬᠢᠨᠠᠯᠲᠠ ᠲᠠᠯᠪᠢᠨ᠎ᠠ᠃ | ︵ᠲᠠᠪᠤ︶ ᠣᠷᠴᠢᠯ ᠠᠵᠤ ᠠᠬᠤᠶ ᠶᠢ ᠶᠡᠬᠡᠪᠡᠷ ᠬᠥᠭᠵᠢᠭᠦᠯᠬᠦ ᠪᠠ ᠡᠨᠧᠷᠭᠢ ᠠᠷᠪᠢᠯᠠᠵᠤ ᠬᠤᠷᠣᠭᠳᠠᠯ ᠢ | ᠪᠠᠭᠠᠰᠬᠠᠬᠤ ᠲᠤᠬᠠᠢ ᠤᠯᠤᠰ᠂ ᠥᠪᠡᠷᠲᠡᠭᠡᠨ ᠵᠠᠰᠠᠬᠤ ᠣᠷᠣᠨ᠂ ᠬᠤᠳᠠ ᠶᠢᠨ ᠬᠤᠯᠪᠣᠭᠳᠠᠯ ᠪᠦᠬᠦᠢ ᠲᠣᠭᠲᠠᠭᠠᠯ ᠢ | ᠦᠨᠳᠦᠰᠦᠯᠡᠨ᠂ ᠣᠷᠴᠢᠯ ᠠᠵᠤ ᠠᠬᠤᠢ ᠶᠢᠨ ᠲᠤᠷᠰᠢᠯᠲᠠ ᠪᠠ ᠵᠢᠱᠢᠶ᠎ᠡ ᠦᠵᠡᠭᠦᠯᠬᠦ ᠠᠵᠤ ᠦᠢᠯᠡᠰ ᠤᠨ ᠬᠦᠷᠢᠶᠡᠯᠡᠩ | ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠵᠢᠯᠣᠭᠤᠳᠬᠤ ᠠᠵᠢᠯ ᠢ ᠬᠡᠷᠡᠭᠵᠢᠭᠦᠯᠦᠨ᠎ᠡ︔ ᠡᠬᠢ ᠪᠠᠶᠠᠯᠢᠭ ᠢ | ᠠᠷᠪᠢᠯᠠᠬᠤ᠂ ᠶᠡᠷᠦᠩᠬᠡᠶᠢᠯᠡᠨ ᠠᠰᠢᠭᠯᠠᠬᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠨ᠎ᠠ︔ ᠪᠦᠬᠦ ᠰᠢᠶᠠᠨ ᠤ ᠠᠵᠤ | ᠦᠢᠯᠡᠳᠪᠤᠷᠢ ᠶᠢᠨ ᠲᠦᠷᠦᠯ ᠵᠦᠢᠯ ᠤᠨᠡᠨᠧᠷᠭᠢ ᠠᠷᠪᠢᠯᠠᠵᠤ ᠬᠤᠷᠣᠭᠳᠠᠯ ᠢ ᠪᠠᠭᠠᠰᠬᠠᠬᠤ ᠬᠠᠷᠠᠯᠲᠠ ᠶᠢ | ᠲᠤᠬᠢᠷᠠᠭᠤᠯᠤᠨ ᠡᠵᠡᠮᠳᠡᠬᠦ ᠶᠢᠨ ᠬᠠᠮᠲᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠳᠤᠷᠠᠳᠴᠤ᠂ ᠪᠦᠬᠦ ᠰᠢᠶᠠᠨ ᠤ | ᠠᠵᠤ ᠦᠢᠯᠡᠳᠪᠤᠷᠢ ᠶᠢᠨ ᠲᠦᠷᠦᠯ ᠵᠦᠢᠯ ᠤᠨ ᠡᠨᠧᠷᠭᠢ ᠠᠷᠪᠢᠯᠠᠵᠤ ᠬᠤᠷᠣᠭᠳᠠᠯ ᠢ ᠪᠠᠭᠠᠰᠬᠠᠬᠤ ᠪᠠᠶᠢᠳᠠᠯ ᠢ ᠬᠠᠤᠯᠢ | ᠶᠣᠰᠣᠭᠠᠷ ᠰᠢᠯᠭᠠᠨ ᠪᠠᠶᠢᠴᠠᠭᠠᠵᠤ ᠬᠢᠨᠠᠨ ᠬᠠᠮᠢᠶᠠᠷᠤᠨ᠎ᠠ︔ ᠠᠵᠤ ᠦᠢᠯᠡᠳᠪᠤᠷᠢ ᠶᠢᠨ ᠣᠷᠴᠢᠨ ᠲᠣᠭᠤᠷᠢᠨ ᠤ | ᠬᠠᠮᠠᠭᠠᠯᠠᠯᠲᠠ ᠪᠠ ᠠᠵᠤ ᠦᠢᠯᠡᠳᠪᠤᠷᠢ ᠶᠢᠨ ᠤᠰᠤᠨ ᠤ ᠡᠬᠢ ᠪᠠᠶᠠᠯᠢᠭ ᠢ ᠨᠡᠭᠡᠭᠡᠨ ᠠᠰᠢᠭᠯᠠᠬᠤ ᠵᠢᠴᠢ ᠪᠣᠬᠢᠷᠳᠤᠯ | ᠦᠭᠡᠢ ᠦᠢᠯᠡᠳᠪᠦᠷᠢᠯᠡᠬᠦ᠂ ᠡᠬᠢ ᠪᠠᠶᠠᠯᠢᠭ ᠢ ᠠᠷᠪᠢᠯᠠᠬᠤ᠂ ᠣᠷᠴᠢᠨ ᠲᠣᠭᠤᠷᠢᠨ ᠢ ᠬᠠᠮᠠᠭᠠᠯᠠᠬᠤ ᠪᠣᠯᠣᠨ ᠠᠵᠤ | ᠦᠢᠯᠡᠰ ᠢ ᠶᠡᠷᠦᠩᠬᠡᠶᠢᠯᠡᠨ ᠠᠰᠢᠭᠯᠠᠬᠤ ᠠᠵᠢᠯ ᠢ ᠵᠣᠬᠢᠴᠠᠭᠤᠯᠤᠨ᠎ᠠ︔ ᠠᠵᠤ ᠦᠢᠯᠡᠳᠪᠤᠷᠢ ᠶᠢᠨ ᠪᠣᠬᠢᠷᠲᠤᠯ ᠢ | ᠰᠡᠷᠭᠡᠶᠢᠯᠡᠨ ᠵᠠᠰᠠᠬᠤ ᠪᠠ ᠡᠬᠢ ᠪᠠᠶᠠᠯᠢᠭ ᠢ ᠠᠷᠪᠢᠯᠠᠵᠤ ᠶᠡᠷᠦᠩᠬᠡᠶᠢᠯᠡᠨ ᠠᠰᠢᠭᠯᠠᠬᠤ ᠴᠢᠬᠤᠯᠠ ᠶᠡᠭᠡ ᠵᠦᠢᠯᠡᠰ ᠢ | ᠮᠡᠳᠡᠭᠦᠯᠬᠦ ᠪᠠ ᠨᠤᠲᠠᠯᠠᠬᠤ ᠠᠵᠢᠯ ᠢ ᠬᠠᠷᠢᠭᠤᠴᠠᠨ᠎ᠠ︔ | ︵ᠵᠢᠷᠭᠤᠭ᠎ᠠ︶ ᠤᠯᠤᠰ᠂ ᠥᠪᠡᠷᠲᠡᠭᠡᠨ ᠵᠠᠰᠠᠬᠤ ᠣᠷᠣᠨ᠂ ᠬᠤᠳᠠ ᠶᠢᠨ ᠠᠵᠤ ᠦᠢᠯᠡᠰ ᠤᠨ ᠲᠥᠷᠥ ᠶᠢᠨ | ᠪᠣᠳᠣᠯᠭ᠎ᠠ ᠶᠢ ᠦᠨᠳᠦᠰᠦᠯᠡᠨ᠂ ᠮᠠᠨ ᠤ ᠰᠢᠶᠠᠨ ᠤ ᠠᠵᠤ ᠦᠢᠯᠡᠳᠪᠤᠷᠢ ᠶᠢᠨ ᠠᠵᠤ ᠠᠬᠤᠢ ᠶᠢᠨ ᠠᠵᠢᠯᠯᠠᠭᠠᠨ ᠤ | ᠲᠣᠬᠢᠷᠠᠭᠤᠯᠭ᠎ᠠ ᠶᠢᠨ ᠬᠠᠷᠠᠯᠲᠠ ᠪᠠ ᠠᠷᠭ᠎ᠠ ᠬᠡᠮᠵᠢᠶ᠎ᠡ ᠶᠢ ᠨᠠᠶᠢᠷᠠᠭᠤᠯᠤᠨᠵᠣᠬᠢᠶᠠᠬᠤ ᠶᠢᠨ ᠬᠠᠮᠲᠤ ᠬᠡᠷᠡᠭᠵᠢᠭᠦᠯᠵᠦ᠂ | ᠬᠤᠯᠪᠣᠭᠳᠠᠯ ᠪᠦᠬᠦᠢ ᠨᠡᠭᠦᠷᠡᠰᠦᠨ ᠤ ᠡᠬᠢ ᠪᠠᠶᠠᠯᠢᠭ ᠤᠨ ᠲᠣᠬᠢᠷᠠᠭᠤᠯᠤᠯᠲᠠ ᠪᠠ ᠪᠦᠲᠦᠭᠡᠨ ᠪᠠᠶᠢᠭᠤᠯᠤᠯᠲᠠ ᠶᠢᠨ | ᠬᠠᠮᠢᠶᠠᠷᠤᠯᠲᠠ ᠶᠢᠨ ᠠᠵᠢᠯ ᠢ ᠨᠠᠶᠢᠳᠠᠪᠤᠷᠢᠵᠢᠭᠤᠯᠤᠨ᠎ᠠ︔ ᠨᠡᠭᠦᠷᠡᠰᠦᠨ ᠠᠭᠤᠷᠬᠠᠶ᠂ ᠴᠠᠬᠢᠯᠭᠠᠨ ᠬᠦᠴᠦ᠂ ᠴᠢᠯᠠᠭᠤᠨ | ᠲᠣᠰᠣ᠂ ᠪᠠᠶᠢᠭᠠᠯᠢ ᠶᠢᠨ ᠰᠢᠲᠠᠮᠠᠬᠠᠶ ᠬᠡᠢ ᠵᠡᠷᠭᠡ ᠠᠵᠢᠯ ᠲᠥᠷᠥᠯ ᠤᠨ ᠵᠠᠰᠠᠭ ᠵᠠᠬᠢᠷᠭᠠᠨ ᠤ ᠬᠠᠮᠢᠶᠠᠷᠤᠯᠲᠠ ᠪᠠ | ᠬᠤᠷᠸ᠎ᠠ ᠵᠢᠯᠣᠭᠤᠳᠤᠯᠭ᠎ᠠ ᠶᠢᠨ ᠠᠵᠢᠯ ᠢ ᠬᠠᠷᠢᠭᠤᠴᠠᠨ᠎ᠠ︔ ᠴᠠᠬᠢᠯᠭᠠᠨ ᠬᠦᠴᠦᠨ ᠤ ᠪᠠᠴᠢᠮ ᠪᠠᠶᠢᠳᠠᠯ ᠢ ᠠᠷᠭᠠᠴᠠᠬᠤ | ᠲᠣᠬᠢᠷᠠᠭᠤᠯᠤᠯᠲᠠ ᠪᠠ ᠭᠤᠣᠯᠳᠠᠯᠭ᠎ᠠ ᠲᠠᠢ ᠡᠨᠧᠷᠭᠢ ᠬᠡᠷᠡᠭᠯᠡᠬᠦ ᠪᠠᠲᠤᠯᠠᠭ᠎ᠠ ᠶᠢᠨ ᠠᠵᠢᠯ ᠢ ᠬᠠᠷᠢᠭᠤᠴᠠᠨ᠎ᠠ︔ | ᠡᠨᠧᠷᠭᠢ ᠶᠢᠨ ᠰᠤᠷᠪᠤᠯᠵᠢ ᠶᠢᠨ ᠠᠵᠢᠯ ᠲᠥᠷᠥᠯ ᠤᠨ ᠠᠶᠤᠯᠭᠦᠶ ᠦᠢᠯᠡᠳᠪᠦᠷᠢᠯᠡᠯ ᠤᠨ ᠬᠠᠮᠢᠶᠠᠷᠤᠯᠲᠠ ᠶᠢ | ᠬᠠᠷᠢᠭᠤᠴᠠᠵᠤ᠂ ᠡ᠊ᠨᠳᠡᠯ ᠪᠠ ᠭᠡᠨᠡᠳᠲᠡ ᠶᠢᠨ ᠬᠡᠷᠡᠭ ᠢ ᠪᠠᠶᠢᠴᠠᠭᠠᠨ ᠰᠢᠢᠳᠪᠦᠷᠢᠯᠡᠬᠦ ᠳᠤ ᠣᠷᠣᠯᠴᠠᠨ᠎ᠠ︔ | ᠭᠡᠨᠡᠳᠲᠡ ᠶᠢᠨ ᠬᠡᠷᠡᠭ ᠢ ᠠᠷᠭᠠᠴᠠᠬᠤ ᠠᠵᠢᠯ ᠤᠨ ᠪᠡᠯᠡᠳᠬᠡᠯ ᠲᠥᠰᠦᠯ ᠢ ᠲᠣᠭᠲᠠᠭᠠᠨ᠎ᠠ᠃ | ︵ᠳᠣᠯᠤᠭ᠎ᠠ︶ ᠤᠯᠤᠰ ᠤᠨ ᠠᠵᠤ ᠦᠢᠯᠡᠰ ᠤᠨ ᠲᠥᠷᠥ ᠶᠢᠨ ᠪᠣᠳᠣᠯᠭ᠎ᠠ ᠪᠠ ᠪᠦᠬᠦ ᠰᠢᠶᠠᠨ ᠤ ᠠᠵᠤ | ᠠᠬᠤᠢ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠦᠨᠳᠦᠰᠦᠯᠡᠵᠦ᠂ ᠲᠦᠷᠦᠯ ᠵᠦᠢᠯ ᠤᠨ ᠬᠥᠮᠥᠷᠭᠡ ᠶᠢᠨ | ᠪᠦᠲᠦᠭᠡᠨ ᠪᠠᠶᠢᠭᠤᠯᠤᠯᠲᠠ ᠶᠢ ᠬᠠᠷᠢᠭᠤᠴᠠᠨ᠎ᠠ︔ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ | ᠬᠦᠷᠢᠶᠡᠨ ᠳᠠᠬᠢ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠠᠵᠤ ᠦᠢᠯᠡᠰ ᠤᠨ ᠠᠮᠤᠷ ᠲᠦᠪᠰᠢᠨ ᠪᠠ | ᠤᠯᠤᠰ ᠤᠨᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠬᠤᠯᠪᠣᠭᠳᠠᠯ ᠪᠦᠬᠦᠢ ᠠᠵᠢᠯ ᠢ ᠬᠠᠷᠢᠭᠤᠴᠠᠨ᠎ᠠ︔ | ᠠᠵᠤ ᠦᠢᠯᠡᠳᠪᠤᠷᠢ ᠶᠢᠨ ᠠᠵᠤ ᠠᠬᠤᠶᠢᠯᠠᠯ ᠤᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠲᠥᠷᠥᠯ | ᠵᠦᠢᠯ ᠢ ᠨᠤᠲᠠᠯᠠᠬᠤ᠂ ᠬᠢᠨᠠᠨ ᠬᠠᠷᠭᠤᠭᠤᠯᠬᠤ ᠪᠠ ᠮᠡᠳᠡᠭᠦᠯᠬᠦ ᠵᠢᠴᠢ ᠠᠵᠤ ᠠᠬᠤᠶᠢᠯᠠᠯ ᠤᠨ ᠨᠠᠶᠢᠳᠠᠯᠭ᠎ᠠ ᠶᠢ | ᠦᠨᠳᠦᠰᠦᠯᠡᠨ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠡᠭᠦᠷᠭᠡᠯᠡᠨ᠎ᠡ︔ ᠡᠮ ᠡᠮᠨᠡᠯᠭᠡ ᠶᠢᠨ | ᠨᠥᠭᠡᠴᠡ ᠶᠢᠨ ᠠᠵᠢᠯ ᠢ ᠬᠠᠮᠢᠶᠠᠷᠬᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠪᠠᠶᠢᠭᠠᠯᠢ ᠶᠢᠨ | ᠭᠠᠮᠰᠢᠭ ᠵᠡᠷᠭᠡ ᠬᠡᠷᠡᠭᠴᠡᠭᠡ ᠪᠦᠬᠦᠢ ᠡᠳ᠋ ᠪᠣᠳᠠᠰ ᠢ ᠦᠢᠯᠡᠳᠪᠦᠷᠢᠯᠡᠬᠦ᠂ ᠨᠥᠭᠡᠴᠡᠯᠡᠬᠦ ᠪᠠ ᠰᠢᠯᠵᠢᠭᠦᠯᠦᠨ | ᠲᠡᠭᠡᠭᠡᠪᠦᠷᠢᠯᠡᠬᠦ ᠠᠵᠢᠯ ᠢ ᠬᠢᠨ᠎ᠡ᠃ | ︵ᠨᠠᠢᠮᠠ︶ ᠮᠠᠨ ᠤ ᠰᠢᠶᠠᠨ ᠤ ᠵᠠᠬ᠎ᠠ ᠳᠡᠯᠭᠡᠭᠦᠷ ᠤᠨ ᠠᠵᠤ ᠠᠬᠤᠢ ᠶᠢᠨ ᠡᠮᠬᠢ ᠲᠢᠭᠯᠢᠮ ᠢ ᠵᠣᠬᠢᠴᠠᠭᠤᠯᠤᠨ | ᠴᠡᠭᠴᠡᠯᠡᠬᠦ ᠪᠠ ᠵᠢᠷᠤᠮᠵᠢᠭᠤᠯᠬᠤ ᠠᠵᠢᠯ ᠤᠨ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ᠂ ᠵᠠᠬ᠎ᠠ ᠳᠡᠯᠭᠡᠭᠦᠷ ᠤᠨ | ᠠᠵᠢᠯᠯᠠᠭ᠎ᠠ᠂ ᠭᠦᠢᠯᠭᠡᠭᠡᠨ ᠤ ᠡᠮᠬᠢ ᠲᠢᠭᠯᠢᠮ ᠢ ᠵᠢᠷᠤᠮᠵᠢᠭᠤᠯᠬᠤ ᠵᠢᠴᠢ ᠵᠠᠬ᠎ᠠ ᠳᠡᠯᠭᠡᠭᠦᠷ ᠤᠨ ᠭᠠᠭᠴᠠᠭᠠᠷ ᠡᠵᠡᠮᠰᠢᠯ᠂ | ᠭᠠᠵᠠᠷ ᠣᠷᠣᠨ ᠤ ᠪᠢᠲᠡᠭᠦᠮᠵᠢᠯᠡᠯ ᠢ ᠡᠪᠳᠡᠬᠦ ᠠᠷᠭ᠎ᠠ ᠬᠡᠮᠵᠢᠶ᠎ᠡ ᠶᠢ ᠲᠣᠭᠤᠷᠪᠢᠨ ᠲᠤᠭᠲᠠᠭᠠᠵᠤ᠂ ᠠᠷᠠᠯᠵᠢᠶ᠎ᠠ | ᠬᠤᠳᠠᠯᠳᠤᠭᠠᠨ ᠤ ᠳᠤᠮᠳᠠ ᠵᠢᠵᠢᠭ ᠠᠵᠤ ᠠᠬᠤᠶᠢᠯᠠᠯ ᠤᠨ ᠬᠥᠭᠵᠢᠯᠲᠡ ᠶᠢ ᠠᠬᠢᠭᠤᠯᠬᠤ ᠰᠠᠨᠠᠭᠤᠯᠭ᠎ᠠ ᠳᠤᠷᠠᠳᠴᠤ᠂ | ᠬᠤᠳᠠᠯᠳᠤᠭᠠᠨ ᠤ ᠶᠠᠪᠤᠳᠠᠯ ᠤᠨ ᠬᠦᠷᠢᠶᠡᠨ ᠤ ᠢᠲᠡᠭᠡᠮᠵᠢ ᠶᠢᠨ ᠪᠠᠶᠢᠭᠤᠯᠤᠯᠲᠠ᠂ ᠭᠦᠢᠯᠭᠡᠭᠡᠨ ᠤ | ᠪᠠᠷᠢᠮᠵᠢᠶᠠᠵᠢᠭᠤᠯᠤᠯᠲᠠ ᠪᠠ ᠬᠡᠯᠬᠢᠶ᠎ᠡ ᠡᠵᠡᠩᠨᠡᠯᠲᠡ᠂ ᠬᠤᠳᠠᠯᠳᠤᠭᠠᠨ ᠤ ᠣᠨᠴᠠ ᠵᠥᠪᠰᠢᠶᠡᠷᠡᠯ ᠤᠨ ᠡᠵᠡᠩᠨᠡᠯᠲᠡ᠂ | ᠪᠠᠷᠠᠭᠠᠨ ᠤ ᠭᠦᠢᠯᠭᠡᠭᠡ ᠶᠢ ᠲᠣᠬᠢᠷᠠᠭᠤᠯᠤᠨ ᠬᠦᠷᠭᠡᠬᠦ ᠵᠡᠷᠭᠡ ᠣᠳᠣ ᠦᠶ᠎ᠡ ᠶᠢᠨ ᠭᠦᠢᠯᠭᠡᠭᠡᠨ ᠤ ᠠᠷᠭ᠎ᠠ ᠮᠠᠶ᠋ᠢᠭ ᠤᠨ | ᠬᠦᠭᠵᠢᠯᠲᠡ ᠶᠢ ᠲᠦᠯᠬᠢᠨ ᠠᠬᠢᠭᠤᠯᠤᠨ᠎ᠠ᠃ ︽ᠢᠳᠡᠰᠢᠨ ᠨᠣᠭᠤᠭ᠎ᠠ︾ ᠶᠢᠨ ᠪᠦᠲᠦᠭᠡᠭᠳᠡᠬᠦᠨ ᠤ ᠭᠦᠢᠯᠭᠡᠭᠡᠨ ᠤ | ᠠᠵᠢᠯ ᠲᠥᠷᠥᠯ ᠤᠨ ᠵᠢᠯᠣᠭᠤᠳᠤᠯᠭ᠎ᠠ ᠪᠠ ᠬᠠᠮᠢᠶᠠᠷᠤᠯᠲᠠ ᠶᠢ ᠬᠠᠷᠢᠭᠤᠴᠠᠨ᠎ᠠ︔ ᠤᠯᠤᠰ ᠤᠨ ᠬᠤᠯᠪᠣᠭᠳᠠᠯ ᠪᠦᠬᠦᠢ | ᠲᠣᠭᠲᠠᠭᠠᠯ ᠶᠣᠰᠣᠭᠠᠷ ᠭᠦᠢᠯᠭᠡᠭᠡᠨ ᠤ ᠣᠨᠴᠠᠭᠠᠢ ᠠᠵᠢᠯ ᠲᠥᠷᠥᠯ ᠢ ᠬᠢᠨᠠᠵᠤ ᠬᠠᠮᠢᠶᠠᠷᠤᠨ᠎ᠠ᠃ | ︵ᠶᠢᠰᠦ︶ ᠮᠠᠨ ᠤ ᠰᠢᠶᠠᠨ ᠤ ᠴᠢᠬᠤᠯᠠ ᠬᠡᠷᠡᠭᠯᠡᠭᠡᠨ ᠤ ᠵᠦᠢᠯ ᠤᠨ ᠵᠠᠬ᠎ᠠ ᠳᠡᠯᠭᠡᠭᠦᠷ ᠤᠨ ᠲᠣᠬᠢᠷᠠᠭᠤᠯᠭ᠎ᠠ ᠪᠠ | ᠴᠢᠬᠤᠯᠠ ᠦᠢᠯᠡᠳᠪᠦᠷᠢᠯᠡᠯ ᠤᠨ ᠬᠡᠷᠡᠭᠰᠡᠯ ᠤᠨ ᠭᠦᠢᠯᠭᠡᠭᠡᠨ ᠤ ᠬᠠᠮᠢᠶᠠᠷᠤᠯᠲᠠ ᠶᠢ ᠬᠡᠷᠡᠭᠵᠢᠭᠦᠯᠬᠦ ᠬᠠᠷᠢᠭᠤᠴᠠᠯᠭ᠎ᠠ ᠶᠢ | ᠡᠭᠦᠷᠭᠡᠯᠡᠨ᠎ᠡ︔ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠤᠨ ᠵᠠᠬ᠎ᠠ ᠳᠡᠯᠭᠡᠭᠦᠷ ᠤᠨ ᠬᠠᠩᠭᠠᠯᠭ᠎ᠠ ᠶᠢᠨ ᠪᠠᠴᠢᠮ | ᠪᠠᠶᠢᠳᠠᠯ ᠢ ᠠᠷᠭᠠᠴᠠᠬᠤ ᠬᠠᠮᠢᠶᠠᠷᠤᠯᠲᠠᠬᠢᠨᠡ︔ ᠲᠠᠸᠠᠷ ᠤᠨ ᠬᠠᠩᠭᠠᠯᠭ᠎ᠠ ᠬᠡᠷᠡᠭᠴᠡᠭᠡ ᠶᠢᠨ ᠦᠨ᠎ᠡ ᠬᠠᠩᠰᠢ ᠪᠠ | ᠬᠤᠯᠪᠣᠭᠳᠠᠯ ᠪᠦᠬᠦᠢ ᠮᠡᠳᠡᠭᠡ ᠵᠠᠩᠭᠢ ᠶᠢ ᠪᠠᠶᠢᠴᠠᠭᠠᠨ ᠵᠠᠳᠠᠯᠵᠤ᠂ ᠤᠷᠢᠳᠴᠢᠯᠠᠨ ᠵᠢᠱᠢᠵᠦ ᠤᠷᠢᠳᠴᠢᠯᠠᠨ | ᠰᠡᠷᠡᠮᠵᠢᠯᠡᠭᠦᠯᠬᠦ ᠪᠠ ᠮᠡᠳᠡᠭᠡ ᠵᠠᠩᠭᠢᠵᠢᠯᠲᠠ ᠪᠠᠷ ᠬᠥᠲᠥᠯᠥᠨ ᠵᠢᠯᠣᠭᠤᠳᠤᠨ᠎ᠠ︔ ᠴᠢᠬᠤᠯᠠ ᠬᠡᠷᠡᠭᠯᠡᠭᠡᠨ ᠤ ᠵᠦᠢᠯ ᠤᠨ | ᠨᠥᠭᠡᠴᠡ ᠶᠢᠨ ᠬᠠᠮᠢᠶᠠᠷᠤᠯᠲᠠ ᠪᠠ ᠵᠠᠬ᠎ᠠ ᠳᠡᠯᠭᠡᠭᠦᠷ ᠤᠨ ᠲᠣᠬᠢᠷᠠᠭᠤᠯᠭ᠎ᠠ ᠶᠢᠨ ᠠᠵᠢᠯ ᠢ ᠬᠠᠷᠢᠭᠤᠴᠠᠵᠤ᠂ ᠤᠯᠤᠰ ᠤᠨ | ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠪᠣᠯᠪᠠᠰᠤᠷᠠᠭᠤᠯᠤᠭᠰᠠᠨ ᠴᠢᠯᠠᠭᠤᠨ ᠲᠣᠰᠣᠨ ᠤ ᠭᠦᠢᠯᠭᠡᠭᠡᠨ ᠤ | ᠬᠠᠮᠢᠶᠠᠷᠤᠯᠲᠠ ᠶᠢ ᠬᠢᠨᠠᠵᠤ ᠬᠠᠮᠢᠶᠠᠷᠤᠨ᠎ᠠ᠃ | ︵ᠠᠷᠪᠠ︶ ᠪᠦᠬᠦ ᠰᠢᠶᠠᠨ ᠤ ᠭᠠᠳᠠᠭᠠᠳᠤ ᠠᠵᠤ ᠠᠬᠤᠢ ᠶᠢᠨ ᠬᠠᠮᠲᠤᠷᠠᠯᠴᠠᠭ᠎ᠠ ᠵᠡᠷᠭᠡ ᠬᠤᠯᠪᠣᠭᠳᠠᠯ ᠪᠦᠬᠦᠢ | ᠠᠵᠢᠯ ᠢ ᠬᠠᠷᠢᠭᠤᠴᠠᠨ᠎ᠠ︔ ᠴᠢᠬᠤᠯᠠ ᠠᠵᠤ ᠦᠢᠯᠡᠳᠪᠤᠷᠢ ᠶᠢᠨ ᠦᠢᠯᠡᠳᠬᠦᠨ᠂ ᠲᠠᠷᠢᠶᠠᠯᠠᠩ ᠤᠨ ᠪᠦᠲᠦᠭᠡᠭᠳᠡᠬᠦᠨ᠂ | ᠲᠦᠭᠦᠬᠡᠶ ᠡᠳ᠋ ᠮᠠᠲ᠋ᠧᠷᠢᠶᠠᠯ ᠵᠡᠷᠭᠡ ᠭᠠᠳᠠᠭᠠᠳᠤ ᠳᠤ ᠭᠠᠷᠭᠠᠬᠤ ᠦᠢᠯᠡᠳᠬᠦᠨ ᠤ ᠬᠤᠷᠸ᠎ᠠ ᠬᠠᠮᠢᠶᠠᠷᠤᠯᠲᠠ ᠪᠠ ᠬᠢᠨᠠᠨ | ᠡᠵᠡᠮᠳᠡᠯ ᠤᠨ ᠵᠠᠳᠠᠯᠤᠯᠲᠠ ᠶᠢ ᠬᠠᠷᠢᠭᠤᠴᠠᠨ᠎ᠠ︔ ᠳᠤᠮᠳᠠ ᠵᠢᠵᠢᠭ ᠠᠵᠤ ᠠᠬᠤᠶᠢᠯᠠᠯ ᠤᠨ ᠤᠯᠠᠨ ᠤᠯᠤᠰ ᠤᠨ ᠵᠠᠬ᠎ᠠ | ᠳᠡᠯᠭᠡᠭᠦᠷ ᠢ ᠨᠡᠭᠡᠭᠡᠬᠦ ᠪᠠ ᠪᠡᠯᠡ ᠮᠥᠩᠭᠦᠨ ᠤ ᠵᠦᠢᠯᠡᠰ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ︔ | ᠭᠠᠳᠠᠭᠠᠳᠤ ᠳᠤ ᠪᠠᠷᠢᠯᠭ᠎ᠠ ᠳᠠᠭᠠᠭᠠᠴᠢᠯᠠᠬᠤ᠂ ᠭᠠᠳᠠᠭᠰᠢ ᠬᠥᠳᠡᠯᠮᠦᠷᠢ ᠤᠨ ᠦᠢᠯᠡᠴᠢᠯᠡᠭᠡ ᠲᠣᠮᠢᠯᠠᠬᠤ᠂ ᠬᠢᠯᠢ ᠶᠢᠨ | ᠭᠠᠳᠠᠨ᠎ᠠ ᠠᠵᠢᠯ ᠣᠯᠭᠤᠬᠤ᠂ ᠭᠠᠳᠠᠭᠠᠳᠤ ᠳᠤ ᠪᠠᠯᠠ ᠣᠷᠣᠭᠤᠯᠵᠤ ᠠᠵᠤ ᠠᠬᠤᠶᠢᠯᠠᠯ ᠡᠷᠬᠢᠯᠡᠬᠦ ︵ᠮᠥᠩᠭᠦᠨ | ᠭᠦᠢᠯᠭᠡᠭᠡᠨ ᠤ ᠠᠵᠤ ᠠᠬᠤᠶᠢᠯᠠᠯ ᠠᠴᠠ ᠭᠠᠳᠠᠨ᠎ᠠ︶ ᠵᠡᠷᠭᠡ ᠬᠠᠮᠢᠶ᠎ᠠ ᠪᠦᠬᠦᠢ ᠠᠵᠢᠯ ᠢ ᠬᠠᠤᠯᠢ ᠶᠣᠰᠣᠭᠠᠷ | ᠬᠠᠮᠢᠶᠠᠷᠤᠨ᠎ᠠ︔ ᠤᠯᠠᠨ ᠤᠯᠤᠰ ᠤᠨ ᠬᠤᠸᠠᠳᠧ ᠰᠢᠶᠠᠨ ᠳᠤ ᠦᠨ᠎ᠡ ᠲᠥᠯᠥᠪᠦᠷᠢ ᠦᠭᠡᠢ ᠪᠠᠷ ᠲᠤᠰᠠᠯᠠᠬᠤ | ᠵᠦᠢᠯᠡᠰ ᠤᠨ ᠤᠴᠢᠷ ᠶᠠᠪᠤᠳᠠᠯ ᠢ ᠬᠠᠮᠢᠶᠠᠷᠤᠨ᠎ᠠ᠃ | ︵ᠠᠷᠪᠠᠨ ᠨᠢᠭᠡ︶ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ︵ᠨᠡᠭᠡᠭᠡᠯᠲᠡ ᠶᠢᠨ ᠲᠣᠭᠤᠷᠢᠭ︶ ᠢ | ᠬᠢᠨᠠᠨ ᠬᠠᠷᠭᠤᠭᠤᠯᠬᠤ᠂ ᠮᠡᠳᠡᠭᠦᠯᠬᠦ᠂ ᠬᠢᠨᠠᠨ ᠬᠠᠮᠢᠶᠠᠷᠬᠤ᠂ ᠲᠥᠯᠥᠪᠵᠢᠭᠦᠯᠬᠦ᠂ ᠲᠣᠬᠢᠷᠠᠭᠤᠯᠬᠤ ᠶᠢ ᠵᠣᠬᠢᠴᠠᠭᠤᠯᠤᠨ | ᠦᠢᠯᠡᠴᠢᠯᠡᠬᠦ ᠠᠵᠢᠯ ᠢ ᠬᠠᠷᠢᠭᠤᠴᠠᠨ᠎ᠠ᠃ ᠮᠡᠳᠡᠭᠡ ᠵᠠᠩᠭᠢ ᠶᠢᠨ ᠲᠣᠣᠷ ᠰᠦᠯᠵᠢᠶᠡᠨ ᠤ ᠲᠦᠯᠦᠪᠵᠢᠭᠦᠯᠭᠡ᠂ | ᠪᠦᠲᠦᠭᠡᠨ ᠪᠠᠶᠢᠭᠤᠯᠤᠯᠲᠠ᠂ ᠠᠵᠢᠯᠯᠠᠭᠠᠨ᠂ ᠬᠠᠮᠢᠶᠠᠷᠤᠯᠲᠠ ᠶᠢ ᠬᠠᠷᠢᠭᠤᠴᠠᠨ᠎ᠠ︔ ᠨᠡᠶᠢᠭᠡᠮ ᠤᠨ ᠤᠯᠠᠨ ᠨᠡᠶᠢᠲᠡ ᠶᠢᠨ | ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤᠪᠠᠷ ᠡᠳ᠋ᠯᠡᠬᠦ ᠵᠣᠬᠢᠴᠠᠭᠤᠯᠭ᠎ᠠ ᠶᠢ ᠬᠠᠷᠢᠭᠤᠴᠠᠵᠤ᠂ ᠮᠡᠳᠡᠭᠡ ᠵᠠᠩᠭᠢ ᠶᠢᠨ | ᠡᠬᠢ ᠪᠠᠶᠠᠯᠢᠭ ᠢ ᠬᠠᠮᠤᠭ ᠤᠨ ᠶᠡᠭᠡ ᠬᠡᠮᠵᠢᠶ᠎ᠡ ᠪᠠᠷ ᠣᠯᠵᠤ᠂ ᠪᠦᠬᠦ ᠰᠢᠶᠠᠨ ᠤ ᠥᠭᠡᠷᠡᠴᠢᠯᠡᠯᠲᠡ ᠨᠡᠭᠡᠭᠡᠯᠲᠡ ᠪᠠ ᠠᠵᠤ | ᠠᠬᠤᠢ ᠶᠢᠨ ᠪᠦᠲᠦᠭᠡᠨ ᠪᠠᠢᠭᠤᠯᠤᠯᠲᠠ ᠳᠤ ᠮᠡᠳᠡᠭᠡ ᠵᠠᠩᠭᠢ ᠶᠢᠨ ᠦᠢᠯᠡᠴᠢᠯᠡᠭᠡ ᠬᠠᠩᠭᠠᠨ᠎ᠠ︔ ᠬᠥᠳᠡᠭᠡ ᠲᠣᠰᠬᠤᠨ ᠤ | ᠣᠳᠣ ᠦᠶ᠎ᠡ ᠶᠢᠨ ᠭᠦᠢᠯᠭᠡᠭᠡᠨ ᠤ ᠲᠣᠣᠷ ᠰᠦᠯᠵᠢᠶ᠎ᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠡᠯᠧᠺᠲᠷᠣᠨ | ᠮᠡᠳᠡᠭᠡ ᠵᠠᠩᠭᠢ ᠶᠢᠨ ᠦᠢᠯᠡᠳᠬᠦᠨ ᠢ ᠦᠢᠯᠡᠳᠬᠦ ᠠᠵᠢᠯ ᠲᠥᠷᠥᠯ ᠤᠨ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ | ︵ᠠᠷᠪᠠᠨ ᠬᠤᠶᠠᠷ︶ ᠠᠷᠠᠯᠵᠢᠶ᠎ᠠ ᠶᠢ ᠠᠬᠢᠭᠤᠯᠬᠤ ᠠᠵᠢᠯᠯᠠᠭ᠎ᠠ ᠪᠠ ᠭᠠᠳᠠᠭᠠᠳᠤ ᠠᠷᠠᠯᠵᠢᠶ᠎ᠠ ᠶᠢ ᠠᠬᠢᠭᠤᠯᠬᠤ | ᠰᠢᠰᠲ᠋ᠧᠮ ᠤᠨ ᠪᠠᠶᠢᠭᠤᠯᠤᠯᠲᠠ ᠵᠢᠴᠢ ᠡᠬᠢ ᠪᠠᠶᠠᠯᠢᠭ ᠢ ᠨᠡᠭᠡᠭᠡᠨ ᠠᠰᠢᠭᠯᠠᠬᠤ᠂ ᠠᠵᠤ ᠠᠬᠤᠶᠢᠯᠠᠯ ᠤᠨ ᠮᠡᠳᠡᠭᠡ | ᠵᠠᠩᠭᠢᠵᠢᠯᠲᠠ᠂ ᠡᠯᠧᠺᠲᠷᠣᠨ ᠵᠠᠰᠠᠭ ᠤᠨ ᠶᠠᠪᠤᠳᠠᠯ ᠢ ᠬᠥᠭᠵᠢᠭᠦᠯᠬᠦ ᠪᠠ ᠡᠯᠧᠺᠲᠷᠣᠨ ᠬᠤᠳᠠᠯᠳᠤᠭᠠᠨ ᠤ ᠶᠠᠪᠤᠳᠠᠯ ᠢ | ᠳᠡᠯᠭᠡᠷᠡᠭᠦᠯᠬᠦ᠂ ᠨᠡᠶᠢᠭᠡᠮ ᠤᠨ ᠠᠵᠤ ᠠᠬᠤᠢ ᠶᠢᠨ ᠡᠯ᠎ᠡ ᠬᠦᠷᠢᠶᠡᠨ ᠳᠠᠬᠢ ᠮᠡᠳᠡᠭᠡ ᠵᠠᠩᠭᠢᠵᠢᠯᠲᠠ ᠶᠢ ᠲᠦᠯᠬᠢᠨ | ᠠᠬᠢᠭᠤᠯᠬᠤ ᠠᠵᠢᠯ ᠢ ᠵᠢᠯᠣᠭᠤᠳᠴᠤ᠂ ᠪᠥᠭᠡᠮ ᠦᠢᠯᠡᠳᠬᠦᠨ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ ᠤᠨ | ᠲᠦᠯᠦᠪᠵᠢᠭᠦᠯᠭᠡ᠂ ᠬᠤᠲᠠ ᠪᠠᠯᠭᠠᠰᠤᠨ ᠤ ᠬᠤᠳᠠᠯᠳᠤᠭᠠᠨ ᠤ ᠲᠣᠣᠷ ᠴᠡᠭ ᠤᠨ ᠲᠦᠯᠦᠪᠵᠢᠭᠦᠯᠭᠡ᠂ | ᠬᠤᠳᠠᠯᠳᠤᠭᠠᠨ ᠤ ᠰᠢᠰᠲ᠋ᠧᠮ ᠤᠨ ᠪᠠᠶᠢᠭᠤᠯᠤᠯᠲᠠ ᠶᠢᠨ ᠠᠵᠢᠯ ᠪᠠ ᠠᠵᠤ ᠦᠢᠯᠡᠳᠪᠤᠷᠢ ᠶᠢᠨ ᠬᠦᠷᠢᠶᠡᠨ ᠳᠠᠬᠢ ᠠᠵᠢᠯ | ᠲᠥᠷᠥᠯ ᠤᠨ ᠨᠡᠶᠢᠭᠡᠮᠯᠢᠭ ᠵᠡᠷᠭᠡ ᠨᠡᠶᠢᠭᠡᠮ ᠤᠨ ᠵᠠᠭᠤᠴᠢ ᠵᠣᠬᠢᠶᠠᠨ ᠪᠠᠶᠢᠭᠤᠯᠤᠯᠲᠠ ᠶᠢᠨ ᠥᠭᠡᠷᠡᠴᠢᠯᠡᠯᠲᠡ ᠪᠠ | ᠬᠥᠭᠵᠢᠯᠲᠡ ᠶᠢ ᠵᠢᠯᠣᠭᠤᠳᠴᠤ᠂ ᠬᠥᠳᠡᠭᠡ ᠲᠣᠰᠬᠤᠨ ᠤ ᠵᠠᠬ᠎ᠠ ᠳᠡᠯᠭᠡᠭᠦᠷ ᠤᠨ ᠰᠢᠰᠲ᠋ᠧᠮ ᠤᠨ ᠪᠠᠶᠢᠭᠤᠯᠤᠯᠲᠠ ᠶᠢ | ᠲᠦᠯᠬᠢᠨ ᠠᠬᠢᠭᠤᠯᠵᠤ᠂ ᠬᠥᠳᠡᠭᠡ ᠲᠣᠰᠬᠤᠨ ᠤ ᠣᠳᠣ ᠦᠶ᠎ᠡ ᠶᠢᠨ ᠭᠦᠢᠯᠭᠡᠭᠡᠨ ᠤ ᠲᠣᠣᠷ ᠰᠦᠯᠵᠢᠶ᠎ᠡ ᠶᠢ ᠵᠣᠬᠢᠶᠠᠨ | ᠪᠠᠢᠭᠤᠯᠤᠨ ᠬᠡᠷᠡᠭᠵᠢᠭᠦᠯᠵᠦ᠂ ᠠᠵᠤ ᠠᠬᠤᠶᠢᠯᠠᠯ ᠤᠨ ᠠᠵᠢᠯ ᠦᠢᠯᠡᠰ ᠲᠤ ᠦᠢᠯᠡᠴᠢᠯᠡᠭᠡ ᠬᠠᠩᠭᠠᠨ᠎ᠠ᠃ | ︵ᠠᠷᠪᠠᠨ ᠭᠤᠷᠪᠠ︶ ᠪᠦᠬᠦ ᠨᠡᠶᠢᠭᠡᠮ ᠤᠨ ᠪᠣᠶ ᠪᠦᠬᠦᠢ ᠳᠤᠮᠳᠠ ᠵᠢᠵᠢᠭ ᠠᠵᠤ ᠠᠬᠤᠶᠢᠯᠠᠯ ᠳᠤ ᠬᠤᠷᠸ᠎ᠠ | ᠵᠢᠯᠣᠭᠤᠳᠤᠯᠭ᠎ᠠ ᠬᠢᠨ᠎ᠡ︔ ᠤᠯᠤᠰ᠂ ᠥᠪᠡᠷᠲᠡᠭᠡᠨ ᠵᠠᠰᠠᠬᠤ ᠣᠷᠣᠨ᠂ ᠬᠤᠳᠠ ᠶᠢᠨ ᠳᠤᠮᠳᠠ ᠵᠢᠵᠢᠭ ᠠᠵᠤ | ᠠᠬᠤᠶᠢᠯᠠᠯ ᠤᠨ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ᠂ ᠬᠠᠤᠯᠢ ᠲᠣᠭᠲᠠᠭᠠᠯ ᠢ ᠰᠤᠳᠤᠯᠤᠨ | ᠲᠣᠭᠲᠠᠭᠠᠵᠤ ᠲᠤᠭᠤᠰᠢᠯᠠᠭᠤᠯᠤᠨ᠎ᠠ︔ ᠲᠤᠰ ᠰᠢᠶᠠᠨ ᠤ ᠳᠤᠮᠳᠠ ᠵᠢᠵᠢᠭ ᠠᠵᠤ ᠠᠬᠤᠶᠢᠯᠠᠯ ᠤᠨ ᠬᠥᠭᠵᠢᠯᠲᠡ ᠶᠢ | ᠠᠬᠢᠭᠤᠯᠬᠤ ᠠᠷᠭ᠎ᠠ ᠬᠡᠮᠵᠢᠶ᠎ᠡ᠂ ᠪᠡᠯᠡ ᠲᠣᠬᠢᠷᠠᠭᠤᠯᠬᠤ ᠣᠷᠴᠢᠨ ᠨᠥᠬᠦᠴᠡᠯ ᠤᠨ ᠲᠤᠬᠠᠢ ᠲᠥᠷᠥ ᠶᠢᠨ | ᠪᠣᠳᠣᠯᠭ᠎ᠠ ᠶᠢᠨ ᠰᠠᠨᠠᠭᠤᠯᠭ᠎ᠠ ᠳᠤᠷᠠᠳᠬᠤ︔ ᠳᠤᠮᠳᠠ ᠵᠢᠵᠢᠭ ᠠᠵᠤ ᠠᠬᠤᠶᠢᠯᠠᠯ ᠤᠨ ᠲᠤᠰᠬᠠᠶ ᠪᠡᠯᠡ ᠮᠥᠩᠭᠦ ᠶᠢ | ᠣᠯᠬᠤ ᠪᠠᠷ ᠢᠳᠡᠪᠬᠢᠲᠡᠶ ᠴᠢᠷᠮᠠᠶᠢᠨ᠎ᠠ︔ ᠪᠦᠬᠦ ᠨᠡᠶᠢᠭᠡᠮ ᠤᠨ ᠳᠤᠮᠳᠠ ᠵᠢᠵᠢᠭ ᠠᠵᠤ ᠠᠬᠤᠶᠢᠯᠠᠯ ᠤᠨ | ᠬᠠᠮᠢᠶᠠᠷᠤᠯᠲᠠ ᠶᠢᠨ ᠠᠵᠢᠯᠲᠠᠨ᠂ ᠲᠤᠰᠬᠠᠶ ᠮᠡᠷᠭᠡᠵᠢᠯ ᠤᠨ ᠠᠵᠢᠯᠲᠠᠨ ᠵᠢᠴᠢ ᠠᠵᠢᠯᠴᠢᠨ ᠠᠵᠢᠯᠲᠠᠨ ᠢ | ᠬᠥᠮᠦᠵᠢᠭᠦᠯᠦᠨ ᠪᠣᠯᠪᠠᠰᠤᠷᠠᠭᠤᠯᠬᠤ ᠠᠵᠢᠯ ᠢ ᠵᠣᠬᠢᠶᠠᠨ ᠪᠠᠢᠭᠤᠯᠤᠨ᠎ᠠ︔ ᠳᠤᠮᠳᠠ ᠵᠢᠵᠢᠭ ᠠᠵᠤ ᠠᠬᠤᠶᠢᠯᠠᠯ ᠤᠨ | ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠵᠢᠯᠣᠭᠤᠳᠤᠨ᠎ᠠ᠃ | ︵ᠠᠷᠪᠠᠨ ᠳᠥᠷᠪᠡ︶ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠲᠤᠰᠢᠶᠠᠭᠰᠠᠨ | ᠪᠤᠰᠤᠳ ᠠᠵᠢᠯ ᠶᠠᠪᠤᠳᠠᠯ ᠤᠳ ᠢ ᠳᠠᠭᠠᠭᠠᠨ ᠠᠪᠴᠤ ᠭᠦᠢᠴᠡᠳᠬᠡᠨ᠎ᠡ᠃ | ᠣᠷᠴᠢᠭᠤᠯᠤᠭᠴᠢ᠄ ᠭᠡᠷᠡᠯ |