ᠬᠤᠸᠠᠳᠧ ᠰᠢᠶᠠᠨ ᠤ ᠲᠠᠷᠢᠶᠠᠯᠠᠩ ᠤᠨ ᠪᠦᠲᠦᠭᠡᠭᠳᠡᠬᠦᠨ ᠨᠢ ᠪᠡᠭᠡᠵᠢᠩ ᠤᠨ ᠳᠡᠯᠡᠭᠡᠢ ᠶᠢᠨ ᠴᠡᠴᠡᠷᠯᠢᠭ ᠤᠨ ᠤᠷᠠᠯᠢᠭ ᠤᠨ ᠦᠵᠡᠰᠭᠦᠯᠡᠩ ᠤᠨ ᠴᠤᠭᠯᠠᠭᠠᠨ ᠳᠤ ᠪᠣᠯᠣᠭᠰᠠᠨ ᠤᠯᠠᠭᠠᠨᠴᠠᠪ ᠬᠤᠲᠠ ᠶᠢᠨ ᠭᠤᠣᠯ ᠰᠡᠳᠦᠪᠲᠦ ᠡᠳᠦᠷ ᠤᠨ ᠠᠵᠢᠯᠯᠠᠭ᠎ᠠ ᠶᠢᠨ ᠭᠢᠯᠠᠰ ᠴᠢᠭ ᠪᠣᠯᠪᠠ
ᠨᠡᠶᠢᠲᠡᠯᠡᠭᠰᠡᠨ ᠴᠠᠭ᠄
2019-05-23
   5 ᠰᠠᠷ᠎ᠠ ᠶᠢᠨ 18 ᠤ ᠡᠳᠦᠷ᠂ ᠪᠡᠭᠡᠵᠢᠩ ᠬᠤᠲᠠ ᠶᠢᠨ ᠳᠡᠯᠡᠭᠡᠢ ᠶᠢᠨ ᠴᠡᠴᠡᠷᠯᠢᠭ ᠤᠨ ᠤᠷᠠᠯᠢᠭ ᠤᠨ ᠦᠵᠡᠰᠭᠦᠯᠡᠩ ᠤᠨ ᠲᠣᠪᠴᠢᠶᠠᠨ ᠤ ᠤᠷᠢᠯᠭ᠎ᠠ ᠪᠠᠷ᠂ ᠪᠡᠭᠡᠵᠢᠩ ᠬᠤᠲᠠ ᠶᠢᠨ ᠶᠠᠳᠠᠭᠤ ᠶᠢ ᠲᠡᠳᠬᠦᠬᠦ ᠬᠠᠮᠵᠢᠯᠴᠠᠭ᠎ᠠ ᠶᠢᠨ ᠦᠷ᠎ᠡ ᠪᠦᠲᠦᠭᠡᠯ ᠤᠨ ᠦᠵᠡᠭᠦᠯᠦᠯᠭᠡ ᠵᠢᠴᠢ ᠣᠨᠴᠠᠯᠢᠭᠲᠤ ᠪᠦᠲᠦᠭᠡᠭᠳᠡᠬᠦᠨ ᠤ ᠳᠡᠯᠭᠡᠨ ᠪᠣᠷᠤᠯᠠᠭᠤᠯᠭ᠎ᠠ ᠶᠢᠨ ᠤᠯᠠᠭᠠᠨᠴᠠᠪ ᠬᠤᠲᠠ ᠶᠢᠨ ᠭᠤᠤᠯ ᠰᠡᠳᠦᠪᠲᠦ ᠡᠳᠦᠷ ᠤᠨ ᠠᠵᠢᠯᠯᠠᠭ᠎ᠠ ᠨᠢ ᠪᠡᠭᠡᠵᠢᠩ ᠬᠤᠲᠠ ᠶᠢᠨ ᠶᠠᠨ ᠴᠢᠩ ᠲᠣᠭᠤᠷᠢᠭ ᠤᠨ 2019 ᠣᠨ ᠤ ᠳᠤᠮᠳᠠᠳᠤ ᠤᠯᠤᠰ ᠤᠨ ᠪᠡᠭᠡᠵᠢᠩ ᠤᠨ ᠳᠡᠯᠡᠬᠡᠶ ᠶᠢᠨ ᠴᠡᠴᠡᠷᠯᠢᠭ ᠤᠨ ᠤᠷᠠᠯᠢᠭ ᠤᠨ ᠦᠵᠡᠰᠬᠦᠯᠡᠩ ᠳᠤ ᠡᠬᠢᠯᠡᠪᠡ᠃ ᠬᠤᠸᠠᠳᠧ ᠰᠢᠶᠠᠨ ᠤ ᠴᠢᠨᠠᠷ ᠰᠠᠶᠢᠲᠠᠢ ᠲᠠᠷᠢᠶᠠᠯᠠᠩ ᠤᠨ ᠪᠦᠲᠦᠭᠡᠭᠳᠡᠬᠦᠨ ᠨᠢ ᠠᠵᠢᠯᠯᠠᠭ᠎ᠠ ᠶᠢᠨ ᠪᠦᠷᠢᠯᠳᠦᠬᠦᠨ ᠬᠡᠰᠡᠭ ᠪᠣᠯᠤᠭᠰᠠᠨ ᠤ ᠬᠤᠪᠢ ᠳᠤ ᠳᠡᠯᠡᠭᠡᠢ ᠶᠢᠨ ᠴᠡᠴᠡᠷᠯᠢᠭ ᠤᠨ ᠤᠷᠠᠯᠢᠭ ᠤᠨ ᠦᠵᠡᠰᠭᠦᠯᠡᠩ ᠳᠤ ᠳᠡᠯᠭᠡᠭᠳᠡᠪᠡ᠃

︵2019 ᠣᠨ ᠤ ᠳᠤᠮᠳᠠᠲᠤ ᠤᠯᠤᠰ ᠤᠨ ᠪᠡᠭᠡᠵᠢᠩ ᠤᠨ ᠳᠡᠯᠡᠭᠡᠢ ᠶᠢᠨ ᠴᠡᠴᠡᠷᠯᠢᠭ ᠤᠨ ᠤᠷᠠᠯᠢᠭ ᠤᠨ

ᠦᠵᠡᠰᠭᠦᠯᠡᠩ ᠤᠨ ᠬᠦᠷᠢᠶᠡᠯᠡᠩ ᠲᠣᠭᠤᠷᠢᠭ︶

︵ᠤᠯᠠᠭᠠᠨᠴᠠᠪ ᠬᠤᠲᠠ ᠶᠢᠨ ᠳᠡᠳ᠋ ᠳᠠᠷᠤᠭ᠎ᠠ ᠸᠠᠩ ᠰᠢᠨ ᠢᠦᠢ ᠭᠤᠤᠯ ᠰᠡᠳᠦᠪᠲᠦ ᠡᠳᠦᠷ ᠤᠨ ᠠᠵᠢᠯᠯᠠᠭ᠎ᠠ ᠶᠢᠨ

ᠡᠬᠢᠯᠡᠯᠲᠡ ᠶᠢᠨ ᠶᠣᠰᠣᠯᠠᠯ ᠳᠡᠭᠡᠷ᠎ᠡ ᠪᠠᠶᠠᠷ ᠤᠨ ᠦᠭᠡ ᠬᠡᠯᠡᠪᠡ︶

︵ᠤᠯᠠᠭᠠᠨᠴᠠᠪ ᠬᠤᠲᠠ ᠶᠢᠨ ᠳᠡᠳ᠋ ᠳᠠᠷᠤᠭ᠎ᠠ ᠸᠠᠩ ᠭᠦᠸᠧ ᠰᠢᠶᠠᠩ ᠭᠤᠤᠯ ᠰᠡᠳᠦᠪᠲᠦ ᠡᠳᠦᠷ ᠤᠨ ᠠᠵᠢᠯᠯᠠᠭ᠎ᠠ ᠶᠢᠨ

ᠡᠬᠢᠯᠡᠯᠲᠡ ᠶᠢᠨ ᠶᠣᠰᠣᠯᠠᠯ ᠳᠡᠭᠡᠷ᠎ᠡ ᠪᠠᠶᠠᠷ ᠤᠨ ᠦᠭᠡ ᠬᠡᠯᠡᠪᠡ︶

   ᠬᠤᠸᠠᠳᠧ ᠠᠷᠢᠬᠢ᠂ ᠰᠢᠨᠡᠤᠰᠤᠨ ᠤ ᠥᠨᠳᠦᠷᠯᠢᠭ ᠤᠨ ᠲᠠᠷᠢᠶᠠᠯᠠᠩ ᠤᠨ ᠪᠦᠲᠦᠭᠡᠭᠳᠡᠬᠦᠨ᠂ ᠾᠦᠢ

ᠵᠢᠨ‌‍ᠶᠤᠸᠠᠨ ᠤ ᠬᠤᠮᠠ ᠶᠢᠨ ᠲᠣᠰᠣ᠂ ᠨᠢᠤ ᠰᠢᠶᠣᠤ ᠴᠢᠶᠠᠩ ᠤᠨ ᠦᠬᠡᠷ ᠤᠨ ᠬᠠᠲᠠᠭᠠᠭᠰᠠᠨ ᠮᠢᠬ᠎ᠠ᠂  ᠵᠠᠪᠰᠠᠷ ᠤᠨ

ᠶᠤᠤᠮᠠᠢ᠂  ᠹᠦ᠋ ᠰᠢ ᠲᠠᠬᠢᠶᠠᠨ ᠥᠨᠳᠡᠭᠡ᠂ ᠬᠠᠷ᠎ᠠ ᠴᠢᠨ᠋ᠸ᠎ᠠ ᠶᠢᠨ ᠬᠠᠷᠮᠠᠭ᠂ ᠠᠷᠠᠳ ᠤᠨ ᠭᠠᠷ ᠤᠷᠠᠯᠠᠯ ᠤᠨ

ᠪᠦᠲᠦᠭᠡᠭᠳᠡᠬᠦᠨ ᠵᠡᠷᠭᠡ ᠬᠤᠸᠠᠳᠧ ᠰᠢᠶᠠᠨ ᠤ ᠲᠥᠯᠥᠭᠡᠯᠡᠬᠦ ᠴᠢᠨᠠᠷᠲᠠᠢ ᠴᠢᠨᠠᠷ ᠰᠠᠶᠢᠲᠠᠢ ᠪᠦᠲᠦᠭᠡᠭᠳᠡᠬᠦᠨ ᠨᠢ

ᠤᠯᠠᠭᠠᠨᠴᠠᠪ ᠣᠷᠣᠨ ᠤ 70 ᠭᠠᠷᠤᠢ ᠮᠠᠯ ᠠᠵᠤ ᠠᠬᠤᠢ ᠲᠠᠷᠢᠶᠠᠯᠠᠩ ᠤᠨ ᠳᠠᠭᠠᠭᠤᠯᠤᠭᠴᠢ ᠠᠵᠤ ᠠᠬᠤᠶᠢᠯᠠᠯ ᠤᠨ

580 ᠭᠠᠷᠤᠢ ᠲᠥᠷᠥᠯ ᠤᠨ ᠲᠠᠷᠢᠶᠠᠯᠠᠩ ᠤᠨ ᠰᠢᠯᠢᠳᠡᠭ ᠲᠤᠰᠠᠯᠠᠬᠤ ᠠᠵᠤ ᠠᠬᠤᠢ ᠶᠢᠨ ᠪᠦᠲᠦᠭᠡᠭᠳᠡᠬᠦᠨ ᠲᠠᠢ

ᠬᠠᠮᠲᠤ ᠳᠡᠯᠡᠭᠡᠢ ᠶᠢᠨ ᠴᠡᠴᠡᠷᠯᠢᠭ ᠤᠨ ᠤᠷᠠᠯᠢᠭ ᠤᠨ ᠦᠵᠡᠰᠭᠦᠯᠡᠩ ᠤᠨ ᠪᠡᠭᠡᠵᠢᠩ ᠤᠨ ᠶᠠᠳᠠᠭᠤ ᠶᠢ ᠲᠡᠳᠬᠦᠬᠦ

ᠣᠷᠳᠣᠨ ᠳᠤ ᠳᠡᠯᠭᠡᠭᠳᠡᠪᠡ᠃

︵ᠬᠤᠸᠠᠳᠧ ᠰᠢᠶᠠᠨ ᠤ ᠲᠠᠷᠢᠶᠠᠯᠠᠩ ᠤᠨ ᠪᠦᠲᠦᠬᠡᠭᠳᠡᠬᠦᠨ ᠤ ᠳᠡᠯᠭᠡᠨ ᠦᠵᠡᠭᠦᠯᠬᠦ ᠲᠠᠪᠴᠠᠩ︶

︵ᠶᠠᠳᠠᠭᠤ ᠶᠢ ᠲᠡᠳᠬᠦᠬᠦ ᠣᠷᠳᠣᠨ ᠤ ᠳᠣᠲᠣᠷᠠᠬᠢ ᠬᠤᠸᠠᠳᠧ ᠰᠢᠶᠠᠨ ᠤ ᠲᠠᠷᠢᠶᠠᠯᠠᠩ ᠤᠨ ᠪᠦᠲᠦᠭᠡᠭᠳᠡᠬᠦᠨ ᠢ ᠳᠡᠯᠭᠡᠨ

ᠪᠣᠷᠣᠯᠠᠭᠤᠯᠬᠤ ᠲᠤᠰᠬᠠᠢ ᠯᠠᠩᠭᠦᠢ︶

   ᠳᠡᠯᠡᠬᠡᠶ ᠶᠢᠨ ᠴᠡᠴᠡᠷᠯᠢᠭ ᠤᠨ ᠦᠵᠡᠰᠬᠦᠯᠡᠩ ᠪᠣᠯ ᠬᠠᠮᠤᠭ ᠤᠨ ᠳᠡᠭᠡᠳᠤ ᠲᠡᠰ ᠤᠨ ᠲᠤᠰᠬᠠᠶ ᠮᠡᠷᠭᠡᠵᠢᠯ ᠤᠨ

ᠴᠢᠨᠠᠷᠲᠠᠶ ᠣᠯᠠᠨ ᠤᠯᠤᠰ ᠤᠨ ᠦᠵᠡᠰᠬᠦᠯᠡᠩ ᠪᠣᠯᠤᠨ᠎ᠠ᠃ ᠲᠡᠷᠡ ᠨᠢ ᠳᠡᠯᠡᠬᠡᠶ ᠶᠢᠨ ᠡᠯ᠎ᠡ ᠤᠯᠤᠰ ᠤᠨ

ᠴᠡᠴᠡᠷᠯᠢᠭ ᠤᠨ ᠤᠷᠠᠯᠢᠭ ᠤᠨ ᠰᠣᠳᠣᠨ ᠪᠦᠲᠦᠭᠡᠯ᠂ ᠰᠣᠨᠢᠨ ᠴᠡᠴᠡᠭ ᠤᠷᠭᠤᠮᠠᠯ ᠤᠨ ᠬᠠᠮᠲᠤᠷᠠᠭᠰᠠᠨ ᠦᠵᠡᠰᠬᠦᠯᠡᠩ

ᠮᠥᠨ᠂ ᠡᠯ᠎ᠡ ᠤᠯᠤᠰ ᠤᠨ ᠬᠤᠭᠤᠷᠣᠨᠳᠣᠬᠢ ᠰᠣᠯᠢᠯᠴᠠᠭ᠎ᠠ ᠶᠢ ᠨᠡᠮᠡᠭᠳᠡᠭᠦᠯᠵᠦ᠂ ᠰᠣᠶᠣᠯ ᠤᠨ ᠠᠮᠵᠢᠯᠲᠠ ᠪᠦᠲᠦᠮᠵᠢ

ᠪᠠ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠨᠢᠭᠡ ᠴᠣᠭᠴᠠᠵᠢᠭᠤᠯᠤᠭᠰᠠᠨ ᠬᠡᠪᠴᠢᠶ᠎ᠡ ᠪᠠᠷ

ᠬᠠᠮᠤᠭ ᠤᠨ ᠶᠡᠭᠡ A1ᠲᠡᠰ ᠤᠨ ᠳᠡᠯᠡᠬᠡᠶ ᠶᠢᠨ ᠴᠡᠴᠡᠷᠯᠢᠭ ᠤᠨ ᠤᠷᠠᠯᠢᠭ ᠤᠨ ᠦᠵᠡᠰᠬᠦᠯᠡᠩ ᠮᠥᠨ᠃ ᠲᠤᠰ

ᠬᠤᠷᠠᠯ ᠤᠨ ᠬᠤᠭᠤᠴᠠᠭ᠎ᠠ ᠨᠢ ᠶᠡᠷᠦ ᠳᠡᠭᠡᠨ 6 ᠰᠠᠷ᠎ᠠ᠂ ᠬᠠᠪᠤᠷ ᠤᠨ ᠰᠡᠭᠦᠯᠴᠢ ᠠᠴᠠ ᠡᠬᠢᠯᠡᠨ ᠵᠤᠨ ᠤ ᠤᠯᠠᠷᠢᠯ᠂

ᠨᠠᠢᠮᠠᠨ ᠰᠠᠷ᠎ᠠ ᠶᠢᠨ ᠲᠡᠷᠭᠡᠯ ᠪᠠᠶᠠᠷ ᠬᠦᠷᠲᠡᠯ᠎ᠡ ᠶᠠᠪᠤᠭᠳᠠᠳᠠᠭ᠃ ᠲᠡᠤᠬᠡᠨ ᠳᠡᠭᠡᠷ᠎ᠡ᠂ ᠳᠡᠯᠡᠬᠡᠶ ᠶᠢᠨ ᠴᠡᠴᠡᠷᠯᠢᠭ ᠤᠨ

ᠦᠵᠡᠰᠬᠦᠯᠡᠩ ᠤᠨ ᠴᠤᠭᠯᠠᠭᠠᠨ ᠢ ᠡᠷᠬᠢᠯᠡᠭᠰᠡᠨ ᠭᠠᠵᠠᠷ ᠤᠨ ᠣᠯᠠᠩᠬᠢ ᠨᠢ ᠠᠵᠤ ᠠᠬᠤᠶ ᠨᠡᠯᠢᠶᠡᠳ ᠬᠥᠭᠵᠢᠭᠰᠡᠨ

ᠧᠦ᠋ᠷᠣᠫᠠ ᠲᠢᠪ ‍ᠤᠨ‌ᠤᠯᠤᠰ ᠪᠠ ᠠᠮᠧᠷᠢᠺᠠ ᠤᠯᠤᠰ ᠪᠣᠯᠤᠨ᠎ᠠ᠃ 1999 ᠣᠨ ᠠᠴᠠ ᠡᠬᠢᠯᠡᠨ ᠳᠤᠮᠳᠠᠳᠤ ᠤᠯᠤᠰ

ᠪᠠᠰᠠ ᠳᠡᠯᠡᠬᠡᠶ ᠶᠢᠨ ᠴᠡᠴᠡᠷᠯᠢᠭ ᠤᠨ ᠴᠤᠭᠯᠠᠭᠠᠨ ᠢ ᠡᠷᠬᠢᠯᠡᠵᠦ᠂ ᠲᠤᠰ ᠲᠤᠰ ︽1999 ᠣᠨ ᠳᠤ ᠺᠦᠨᠮᠢᠩ ᠤᠨ

ᠳᠡᠯᠡᠬᠡᠶ ᠶᠢᠨ ᠴᠡᠴᠡᠷᠯᠢᠭ ᠤᠨ ᠤᠷᠠᠯᠢᠭ ᠤᠨ ᠦᠵᠡᠰᠬᠦᠯᠡᠩ︾ ︵A1ᠲᠥᠷᠥᠯ︶᠂ ︽2006 ᠣᠨ ᠳᠤ ᠳᠤᠮᠳᠠᠳᠤ

ᠤᠯᠤᠰ ᠤᠨ ᠱᠧᠨᠶᠠᠩ ᠤᠨ ᠳᠡᠯᠡᠬᠡᠶ ᠶᠢᠨ ᠤᠷᠠᠯᠢᠭ ᠤᠨ ᠴᠡᠴᠡᠷᠯᠢᠭ ᠤᠨ ᠦᠵᠡᠰᠬᠦᠯᠡᠩ︾᠂ ︽2010 ᠣᠨ ᠳᠤ

ᠲᠠᠶᠢᠪᠧᠢ ᠶᠢᠨ ᠣᠯᠠᠨ ᠤᠯᠤᠰ ᠤᠨ ᠴᠡᠴᠡᠭ ᠤᠨ ᠦᠵᠡᠰᠬᠦᠯᠡᠩ︾᠂ ︽2011 ᠣᠨ ᠳᠤ ᠰᠢ ᠠᠨ ᠤ

ᠳᠡᠯᠡᠬᠡᠶ ᠶᠢᠨ ᠴᠡᠴᠡᠷᠯᠢᠭ ᠤᠨ ᠤᠷᠠᠯᠢᠭ ᠤᠨ ᠦᠵᠡᠰᠬᠦᠯᠡᠩ︾᠂ ︽2013 ᠣᠨ ᠳᠤ ᠳᠤᠮᠳᠠᠳᠤ ᠤᠯᠤᠰ ᠤᠨ

ᠵᠢᠨᠵᠧᠤ ᠶᠢᠨ ᠳᠡᠯᠡᠬᠡᠶ ᠶᠢᠨ ᠴᠡᠴᠡᠷᠯᠢᠭ ᠤᠨ ᠦᠵᠡᠰᠬᠦᠯᠡᠩ ᠤᠨ ᠴᠤᠭᠯᠠᠭᠠᠨ︾᠂ ︽2014 ᠣᠨ ᠳᠤ

ᠴᠢᠩᠳᠣᠤ ᠶᠢᠨ ᠳᠡᠯᠡᠬᠡᠶ ᠶᠢᠨ ᠴᠡᠴᠡᠷᠯᠢᠭ ᠤᠨ ᠤᠷᠠᠯᠢᠭ ᠤᠨ ᠦᠵᠡᠰᠬᠦᠯᠡᠩ︾ ᠪᠠ ︽ᠲᠠᠩᠱᠠᠨ ᠤ ᠳᠡᠯᠡᠬᠡᠶ ᠶᠢᠨ

ᠴᠡᠴᠡᠷᠯᠢᠭ ᠤᠨ ᠤᠷᠠᠯᠢᠭ ᠤᠨ ᠦᠵᠡᠰᠬᠦᠯᠡᠩ︾ ᠵᠡᠷᠭᠡ ᠪᠣᠯᠤᠨ᠎ᠠ᠃ ᠡᠨᠡ ᠵᠢᠯ᠂ ︽2019 ᠣᠨ ᠳᠤ

ᠪᠡᠭᠡᠵᠢᠩ ᠤᠨ ᠳᠡᠯᠡᠬᠡᠢ ᠶᠢᠨ ᠴᠡᠴᠡᠷᠯᠢᠭ ᠤᠨ ᠤᠷᠠᠯᠢᠭ ᠤᠨ ᠦᠵᠡᠰᠬᠦᠯᠡᠩ︾ ︵A1ᠲᠥᠷᠥᠯ︶ ᠨᠢ ᠪᠡᠭᠡᠵᠢᠩ ᠳᠤ

ᠠᠮᠵᠢᠯᠲᠠ ᠲᠠᠢ ᠶᠠᠪᠤᠭᠳᠠᠪᠠ᠃ ᠳᠡᠯᠡᠬᠡᠶ ᠶᠢᠨ ᠴᠡᠴᠡᠷᠯᠢᠭ ᠨᠢ ᠮᠠᠨ ᠤ ᠤᠯᠤᠰ ᠤᠨ ᠠᠵᠤ ᠠᠬᠤᠶ᠂ ᠰᠣᠶᠣᠯ᠂

ᠵᠢᠭᠤᠯᠴᠢᠯᠠᠯ᠂ ᠣᠷᠴᠢᠨ ᠠᠬᠤᠶ ᠵᠡᠷᠭᠡ ᠶᠢᠨ ᠬᠥᠭᠵᠢᠯᠲᠡ ᠳᠤ ᠴᠢᠬᠤᠯᠠ ᠨᠦᠯᠦᠭᠡ ᠦᠵᠡᠭᠦᠯᠬᠦ ᠪᠣᠯᠣᠨ᠎ᠠ᠃

︵4 ᠰᠠᠷ᠎ᠠ ᠶᠢᠨ 28 ᠤ ᠡᠳᠦᠷ᠂ ᠤᠯᠤᠰ ‍ᠤᠨ‌‍ᠲ᠋ᠡᠷᠢᠭᠦᠯᠡᠭᠴᠢ ᠰᠢ ᠶᠢᠨ ᠫᠢᠩ 2019 ᠣᠨ ᠤ ᠳᠤᠮᠳᠠᠳᠤ

ᠤᠯᠤᠰ ᠤᠨ ᠪᠡᠭᠡᠵᠢᠩ ᠤᠨ ᠳᠡᠯᠡᠬᠡᠢ ᠶᠢᠨ ᠴᠡᠴᠡᠷᠯᠢᠭ ‍ᠤᠨ‌ᠤᠷᠠᠯᠢᠭ ᠤᠨ ᠦᠵᠡᠰᠬᠦᠯᠡᠩ ᠤᠨ ᠴᠤᠭᠯᠠᠭᠠᠨ ᠤ

ᠡᠬᠢᠯᠡᠯᠲᠡ ᠶᠢᠨ ᠶᠣᠰᠣᠯᠠᠯ ᠳᠡᠭᠡᠷ᠎ᠡ ᠪᠠᠶᠠᠷ ᠤᠨ ᠦᠭᠡ ᠬᠡᠯᠡᠪᠡ᠃ ᠵᠢᠷᠤᠭ ᠤᠨ ᠢᠷᠡᠯᠲᠡ ᠰᠢᠨᠬᠤᠸᠠ ᠬᠤᠷᠢᠶ᠎ᠠ︶

     ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠬᠤᠳᠠ ᠶᠢᠨ ᠰᠢᠭᠤᠳ ᠬᠠᠷᠢᠶ᠎ᠠ ᠤᠯᠠᠭᠠᠨᠮᠥ᠋ᠴᠢᠷ ︽

ᠤᠯᠠᠭᠠᠨᠴᠠᠪ ᠤᠨ ᠬᠠᠶᠢᠷ᠎ᠠ︾ ᠵᠡᠷᠭᠡ ᠭᠤᠶᠢᠳᠠ‌‍ᠰᠠᠢᠬᠠᠨ ᠳᠠᠭᠤᠤ ᠪᠥᠵᠢᠭ ᠲᠣᠭᠯᠠᠵᠤ᠂ ᠳᠡᠯᠡᠬᠡᠢ ᠶᠢᠨ ᠴᠡᠴᠡᠷᠯᠢᠭ ᠤᠨ

ᠬᠤᠷᠠᠯ ᠳᠤ ᠵᠤᠭᠠᠴᠠᠭᠰᠠᠨ ᠬᠥᠮᠦᠰ ᠲᠤ ︽ᠤᠯᠠᠭᠠᠨᠴᠠᠪ ᠤᠨ ᠠᠮᠲᠠᠲᠤ ᠢᠳᠡᠭᠡᠨ︾ ᠢ ᠠᠮᠲᠠᠯᠠᠭᠤᠯᠵᠤ᠂ ︽

ᠳᠤᠮᠳᠠᠳᠤ ᠤᠯᠤᠰ ᠤᠨ ᠲᠠᠯ᠎ᠠ ᠨᠤᠲᠤᠭ ᠤᠨ ᠵᠤᠰᠠᠯᠠᠩ ᠤᠨ ᠬᠤᠲᠠ︾᠂ ︽ᠬᠤᠪᠢᠯᠭᠠᠨ ᠵᠠᠪᠢ ᠶᠢᠨ ᠨᠤᠲᠤᠭ︾ ᠤᠨ

ᠥᠪᠡᠷᠮᠢᠴᠡ ᠴᠤᠭ ᠰᠦᠯᠳᠡ ᠶᠢ ᠳᠠᠨᠢᠭᠤᠯᠵᠠᠢ᠃

ᠬᠤᠸᠠᠳᠧ ᠰᠢᠶᠠᠨ ᠤ ᠳᠠᠭᠠᠭᠤᠯᠤᠭᠴᠢ ᠠᠵᠤ ᠠᠬᠤᠶᠢᠯᠠᠯ ᠤᠨ ᠥᠨᠳᠦᠷᠯᠢᠭ ᠤᠨ ᠲᠠᠷᠢᠶᠠᠯᠠᠩ ᠤᠨ

ᠪᠦᠲᠦᠭᠡᠭᠳᠡᠬᠦᠨ ᠨᠢ ᠪᠦᠬᠦ ᠤᠯᠤᠰ ᠤᠨ ᠡᠯ᠎ᠡ ᠭᠠᠵᠠᠷ ᠤᠨ ᠵᠤᠭᠠᠴᠠᠭᠰᠠᠳ ᠪᠣᠯᠤᠨ ᠭᠠᠳᠠᠭᠠᠳᠤ ᠶᠢᠨ ᠨᠠᠶᠢᠵᠢ ᠨᠠᠷ ᠤᠨ

ᠠᠩᠬᠠᠷᠤᠯ ᠢ ᠲᠠᠲᠠᠪᠠ᠃ ᠾᠧᠪᠧᠢ ᠮᠤᠵᠢ ᠶᠢᠨ ᠴᠢᠨ‌ᠬᠤᠸᠠᠩ ᠳ᠋ᠤᠤ ᠬᠤᠳᠠ ᠶᠢᠨ ᠵᠤᠭᠠᠴᠠᠭᠴᠢ ᠯᠢ ᠵᠢᠶᠠ ᠡᠬᠡ

ᠥᠬᠢᠨ᠂ ᠥᠨᠳᠦᠷᠯᠢᠭ ᠤᠨ ᠲᠠᠷᠢᠶᠠᠯᠠᠩ ᠤᠨ ᠪᠦᠲᠦᠭᠡᠭᠳᠡᠬᠦᠨ ᠢ ᠠᠮᠲᠠᠯᠠᠬᠤ ᠶᠢᠨ ᠳᠠᠭᠠᠤ ᠪᠠᠶᠠᠷᠲᠠᠢ ᠪᠠᠷ᠄ ︽

ᠢᠳᠡᠬᠦ ᠳᠤ ᠨᠡᠮᠡᠯᠲᠡ ᠡᠳ᠋ ᠦᠭᠡᠢ᠂  ᠪᠠᠶᠢᠭᠠᠯᠢᠭ᠂ ᠠᠮᠲᠠ ᠨᠢ ᠴᠦ  ᠰᠠᠶᠢᠨ᠂ ᠦᠨ᠎ᠡ ᠨᠢ ᠴᠦ ᠮᠠᠰᠢ ᠬᠢᠮᠳᠠ︾

ᠭᠡᠵᠦ ᠪᠠᠶᠢᠯ᠎ᠠ᠃

︵ᠬᠤᠸᠠᠳᠧ ᠰᠢᠶᠠᠨ ᠤ ᠲᠠᠷᠢᠶᠠᠯᠠᠩ ᠤᠨ ᠪᠦᠲᠦᠭᠡᠭᠳᠡᠬᠦᠨ ᠵᠤᠭᠠᠴᠠᠭᠰᠠᠳ ᠤᠨ ᠠᠩᠬᠠᠷᠤᠯ ᠢ ᠲᠠᠲᠠᠨ᠎ᠠ︶

  ᠤᠯᠠᠭᠠᠨᠴᠠᠪ ᠬᠤᠲᠠ ᠶᠢᠨ ᠤᠳᠤᠷᠢᠳᠤᠯᠭ᠎ᠠ ᠥᠪᠡᠷ ᠤᠨ ᠪᠡᠶ᠎ᠡ ᠪᠠᠷ ᠢᠶᠠᠨ ᠵᠤᠭᠠᠴᠠᠭᠰᠠᠳ ᠲᠤ ᠥᠨᠳᠦᠷᠯᠢᠭ ᠤᠨ

ᠠᠮᠢ ᠠᠬᠤᠢ ᠶᠢᠨ ᠲᠠᠷᠢᠶᠠᠯᠠᠩ ᠤᠨ ᠪᠦᠲᠦᠭᠡᠭᠳᠡᠬᠦᠨ ᠢ ᠤᠬᠠᠭᠤᠯᠤᠨ ᠲᠠᠨᠢᠯᠴᠠᠭᠤᠯᠪᠠ᠃

︵ᠳᠡᠳ᠋ ᠬᠤᠲᠠ ᠶᠢᠨ ᠳᠠᠷᠤᠭ᠎ᠠ ᠸᠠᠩ ᠰᠢᠨ ᠢᠦᠶ ᠪᠣᠯᠣᠨ ᠸᠠᠩ ᠭᠦᠸᠧ ᠰᠢᠶᠠᠩ ᠳᠡᠯᠡᠬᠡᠢ ᠶᠢᠨ ᠴᠡᠴᠡᠷᠯᠢᠭ ᠤᠨ

ᠦᠵᠡᠰᠬᠦᠯᠡᠩ ᠳᠤ ᠬᠤᠸᠠᠳᠧ ᠰᠢᠶᠠᠨ ᠤ ᠰᠢᠨᠡᠤᠰᠤ ᠶᠢᠨ ᠬᠦᠢᠲᠡᠨ ᠢᠶᠠᠷ ᠰᠢᠬᠠᠭᠰᠠᠨ ᠮᠠᠭᠠᠯᠢᠩᠭᠤ ᠶᠢᠨ ᠦᠷ᠎ᠡ ᠶᠢᠨ

ᠲᠣᠰᠣ ᠶᠢ ᠦᠨᠡᠯᠡᠵᠦ ᠪᠤᠢ︶

   ᠤᠯᠠᠭᠠᠨᠴᠠᠪ ᠬᠤᠲᠠ ᠶᠢᠨ ᠳᠡᠳ᠋ ᠳᠠᠷᠤᠭ᠎ᠠ ᠸᠠᠩ ᠰᠢᠨ ᠢᠦᠶ ᠬᠡᠯᠡᠬᠦ ᠳᠡᠭᠡᠨ᠄ ︽ᠮᠠᠨ ᠤ ᠢᠷᠡᠭᠰᠡᠨ ᠡᠳᠡᠭᠡᠷ

ᠠᠵᠤ ᠠᠬᠤᠶᠢᠯᠠᠯ ᠪᠣᠯ ᠴᠥᠮ ᠬᠡᠷᠡᠭᠯᠡᠭᠡᠨ ᠢᠶᠠᠷ ᠶᠠᠳᠠᠭᠤ ᠶᠢ ᠲᠡᠳᠬᠦᠬᠦ ᠳᠤ ᠳᠠᠶᠢᠴᠢᠯᠠᠬᠤ  ᠦᠢᠯᠡᠳᠦᠯ ᠪᠦᠬᠦᠢ

ᠲᠤᠬᠠᠶ ᠶᠢᠨ ᠭᠠᠵᠠᠷ ᠤᠨ ᠣᠨᠴᠠᠯᠢᠭᠲᠤ ᠠᠵᠤ ᠦᠢᠯᠡᠰ ᠮᠥᠨ᠂ ᠪᠡᠭᠡᠵᠢᠩ ᠤᠨ ᠲᠠᠯ᠎ᠠ ᠶᠢᠨ ᠬᠠᠪᠰᠤᠷᠤᠯᠭ᠎ᠠ

ᠳᠡᠮᠵᠢᠯᠭᠡ ᠳᠣᠤᠷ᠎ᠠ ᠨᠡᠷ᠎ᠡ ᠠᠯᠳᠠᠷᠰᠢᠵᠤ᠂ ᠪᠣᠷᠣᠯᠠᠭᠤᠯᠬᠤ ᠠᠷᠭ᠎ᠠ ᠵᠠᠮ ᠴᠤ ᠲᠠᠰᠤᠷᠠᠯᠲᠠ ᠥᠬᠡᠶ ᠥᠷᠭᠡᠵᠢᠵᠦ᠂

ᠪᠡᠭᠡᠵᠢᠩ ᠤᠨ ᠵᠠᠬ᠎ᠠ ᠳᠡᠯᠭᠡᠭᠦᠷ ᠲᠤ ᠰᠢᠭᠤᠳ ᠣᠷᠣᠭᠰᠠᠨ ᠪᠠᠢᠨ᠎ᠠ᠃ ᠠᠵᠤ ᠦᠢᠯᠡᠰ ᠢᠶᠠᠷ ᠶᠠᠳᠠᠭᠤ ᠠᠴᠠ

ᠠᠩᠭᠢᠵᠢᠷᠠᠭᠤᠯᠬᠤ ᠪᠣᠯ ᠮᠠᠨ ᠤ ᠶᠠᠳᠠᠭᠤ ᠠᠴᠠ ᠠᠩᠭᠢᠵᠢᠷᠠᠭᠤᠯᠬᠤ ᠨᠢᠭᠡᠨ ᠶᠡᠭᠡ ᠠᠷᠭ᠎ᠠ ᠬᠡᠮᠵᠢᠶ᠎ᠡ ᠮᠥᠨ᠂ ᠣᠶᠢᠷ᠎ᠠ

 ᠶᠢᠨ ᠵᠢᠯ ᠤᠳ ᠲᠤ ᠪᠡᠭᠡᠵᠢᠩ ᠬᠤᠲᠠ ᠴᠤ ᠡᠨᠡ ᠲᠠᠯ᠎ᠠ ᠪᠠᠷ ᠪᠢᠳᠡᠨ ᠳᠤ ᠮᠠᠰᠢ ᠶᠡᠭᠡ ᠬᠠᠪᠰᠤᠷᠤᠯᠭ᠎ᠠ ᠦᠵᠡᠭᠦᠯᠵᠦ᠂

ᠳᠡᠯᠡᠬᠡᠶ ᠶᠢᠨ ᠴᠡᠴᠡᠷᠯᠢᠭ ᠤᠨ ᠬᠤᠷᠠᠯ ᠤᠨ ᠲᠠᠪᠴᠠᠩ ᠢ ᠠᠰᠢᠭᠯᠠᠨ ᠤᠯᠠᠭᠠᠨᠴᠠᠪ ᠢ ᠨᠠᠩ ᠰᠠᠶᠢᠨ ᠬᠦᠭᠵᠢᠭᠦᠯᠵᠦ

ᠪᠣᠯᠤᠨ᠎ᠠ᠃

                                          ᠣᠷᠴᠢᠭᠤᠯᠤᠭᠴᠢ᠄ ᠭᠡᠷᠡᠯ

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10002599号