ᠵᠡᠭᠡᠷ᠎ᠡ ᠶᠢᠨ ᠴᠠᠶᠢᠳᠠᠮ ᠤᠨ ᠠᠮᠢ ᠠᠬᠤᠢ ᠶᠢᠨ ᠬᠦᠷᠢᠶᠡᠯᠡᠩ
ᠨᠡᠶᠢᠲᠡᠯᠡᠭᠰᠡᠨ ᠴᠠᠭ᠄
2019-07-16
   ᠵᠡᠭᠡᠷ᠎ᠡ ᠶᠢᠨ ᠴᠠᠶᠢᠳᠠᠮ ᠤᠨ ᠠᠮᠢ ᠠᠬᠤᠢ ᠶᠢᠨ ᠬᠦᠷᠢᠶᠡᠯᠡᠩ ᠨᠢ ᠰᠢᠶᠠᠨ‌ᠡᠴᠠ ᠵᠡᠭᠦᠨᠰᠢ 23 ᠺᠢᠯᠣᠮᠧᠲᠷ ᠪᠠᠶᠢᠵᠤ ᠂ ᠪᠠᠶᠠᠨᠲᠠᠯ᠎ᠠ‌‍ᠰᠢᠶᠠᠩ ᠤᠨ ᠵᠠᠰᠠᠭ ᠤᠨ ᠣᠷᠳᠤᠨ ᠤ ᠪᠠᠶᠢᠭ᠎ᠠ ᠭᠠᠵᠠᠷ ᠠᠴᠠ ᠡᠮᠦᠨᠡᠰᠢ᠂ ᠶᠡᠷᠦᠩᠬᠡᠶ ᠲᠠᠯᠠᠪᠠᠢ ᠨᠢ 5066.7 ᠾᠧᠺᠲ᠋ᠠᠷ᠂ ᠭᠠᠵᠠᠷ ᠤᠨ ᠪᠠᠶᠢᠴᠠ ᠨᠢ ᠳᠣᠪᠤᠷᠬᠠᠭ ᠭᠠᠵᠠᠷ ᠢᠶᠠᠷ ᠭᠤᠣᠯᠯᠠᠵᠤ᠂ ᠬᠠᠷᠠᠭ᠎ᠠ ᠥᠷᠭᠡᠨ᠂ ᠪᠠᠶᠢᠭᠠᠯᠢ ᠶᠢᠨ ᠪᠡᠯᠴᠢᠭᠡᠷ 3200 ᠾᠧᠺᠲ᠋ᠠᠷ᠂ ᠲᠠᠷᠢᠮᠠᠯ ᠪᠡᠯᠴᠢᠭᠡᠷ 1866.7 ᠾᠧᠺᠲ᠋ᠠᠷ᠂ ᠣᠢ ᠰᠢᠭᠤᠶ ᠶᠢᠨ ᠪᠦᠷᠬᠦᠴᠡ ᠶᠢᠨ ᠨᠣᠷᠮ᠎ᠠ ᠨᠢ 19.3 %᠂ ᠣᠢ ᠰᠢᠭᠤᠶ ᠡᠪᠡᠰᠦᠨ ᠤ ᠪᠦᠷᠬᠦᠴᠡ ᠶᠢᠨ ᠬᠡᠮᠵᠢᠶ᠎ᠡ ᠨᠢ 97.3 %᠂ ᠵᠡᠭᠡᠷ᠎ᠡ ᠶᠢᠨ ᠴᠠᠶᠢᠳᠠᠮ ᠤᠨ ᠵᠤᠨ ᠤ ᠤᠯᠠᠷᠢᠯ ᠤᠨ ᠠᠭᠤᠷ ᠠᠮᠢᠰᠬᠤᠯ ᠰᠡᠷᠢᠭᠦᠨ ᠲᠠᠭᠠᠯᠠᠮᠵᠢᠲᠠᠢ᠂ ᠥᠩᠭᠡ ᠦᠵᠡᠮᠵᠢ ᠨᠢ ᠰᠠᠶᠢᠬᠠᠨ᠂ ᠵᠦᠢᠯ ᠤᠨ ᠰᠣᠷᠭᠤᠭ ᠴᠡᠴᠡᠭ ᠪᠠᠳᠠᠷᠠᠨ ᠳᠡᠯᠭᠡᠷᠡᠵᠦ᠂ ᠡᠪᠡᠰᠦ ᠪᠡᠯᠴᠢᠭᠡᠷ ᠢᠭᠴᠤ ᠰᠠᠬᠤᠯᠠᠭ ᠪᠠᠶᠢᠳᠠᠭ᠃ ᠵᠡᠭᠡᠷ᠎ᠡ ᠶᠢᠨ  ᠴᠠᠶᠢᠳᠠᠮ ᠨᠢ ᠪᠡᠭᠡᠵᠢᠩ ᠠᠴᠠ 350 ᠺᠢᠯᠣᠮᠧᠲᠷ ᠵᠠᠶᠢᠲᠠᠶ᠂ ᠵᠠᠮ ᠬᠠᠷᠢᠯᠴᠠᠭ᠎ᠠ ᠮᠠᠰᠢ ᠳᠥᠭᠦᠮ᠂ ᠵᠤᠨ ᠤ ᠤᠯᠠᠷᠢᠯ ᠤᠨ ᠠᠭᠤᠷ ᠠᠮᠢᠰᠬᠤᠯ ᠰᠡᠷᠢᠭᠦᠨ᠂ ᠳᠤᠮᠳᠠᠴᠢ ᠠᠭᠠᠷ ᠤᠨ ᠳᠤᠯᠠᠭᠠᠨ ᠨᠢ 23.6 ℃ ᠣᠷᠴᠢᠮ᠂ ᠥᠩᠭᠡ ᠦᠵᠡᠮᠵᠢ ᠰᠠᠶᠢᠬᠠᠨ᠂ ᠥᠩᠭᠡ ᠶᠢᠨ ᠴᠡᠴᠡᠭ ᠳᠡᠯᠭᠡᠷᠡᠵᠦ᠂ ᠡᠪᠡᠰᠦ ᠨᠣᠭᠤᠭ᠎ᠠ ᠨᠣᠭᠤᠭᠠᠷᠠᠵᠤ᠂ ᠠᠮᠢᠲᠠᠨ ᠤᠷᠭᠤᠮᠠᠯ ᠤᠨ ᠲᠦᠷᠦᠯ ᠵᠦᠢᠯ ᠣᠯᠠᠨ ᠪᠠᠶᠢᠵᠤ᠂ ᠵᠤᠨ ᠤ ᠤᠯᠠᠷᠢᠯ ᠳᠤ ᠬᠠᠯᠠᠭᠤᠨ ᠠᠴᠠ ᠵᠠᠶᠢᠯᠠᠵᠤ ᠵᠤᠰᠠᠬᠤ ᠰᠠᠶᠢᠬᠠᠨ ᠭᠠᠵᠠᠷ ᠪᠠᠶᠢᠵᠤ᠂ ᠮᠣᠩᠭᠤᠯ ᠦᠨᠳᠦᠰᠦᠲᠡᠨ ᠤ ᠣᠨᠴᠠᠯᠢᠭ ᠪᠦᠬᠦᠢ ᠢᠳᠡᠭᠡᠨ ᠤᠮᠳᠠᠭᠠᠨ᠂ ᠣᠷᠣᠨ ᠰᠠᠭᠤᠴᠠ᠂ ᠵᠤᠭ᠎ᠠ ᠴᠡᠩᠭᠡᠯ᠂ ᠰᠡᠯᠡᠭᠦᠴᠡᠯ ᠢ ᠨᠢᠭᠡ ᠴᠣᠭᠴᠠᠵᠢᠭᠤᠯᠤᠭᠰᠠᠨ ᠵᠢᠭᠤᠯᠴᠢᠯᠠᠯ ᠤᠨ ᠦᠵᠡᠮᠵᠢ ᠶᠢᠨ ᠣᠷᠣᠨ ᠢ ᠨᠡᠭᠡᠭᠡᠨ ᠬᠥᠭᠵᠢᠭᠦᠯᠬᠦ ᠬᠠᠮᠤᠭ ᠤᠨ ᠰᠠᠶᠢᠨ ᠰᠣᠩᠭᠤᠯᠲᠠ ᠪᠣᠯᠤᠨ᠎ᠠ᠃
    ᠵᠡᠭᠡᠷ᠎ᠡ ᠶᠢᠨ ᠴᠠᠶᠢᠳᠠᠮ ᠤᠨ ᠠᠮᠢ ᠠᠬᠤᠢ ᠶᠢᠨ ᠬᠦᠷᠢᠶᠡᠯᠡᠩ ᠢ 2001ᠣᠨ ᠠᠴᠠ ᠡᠬᠢᠯᠡᠨ ᠪᠠᠶᠢᠭᠤᠯᠵᠤ᠂ ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ ᠶᠢ ᠵᠠᠰᠠᠬᠤ ᠢᠨᠵᠧᠨᠧᠷᠢᠩ ᠤᠨ 2333.33 ᠾᠧᠺᠲ᠋ᠠᠷ ᠪᠠᠭᠲᠠᠵᠤ᠂ ᠡᠭᠦᠨ ᠢ ᠲᠠᠪᠤᠨ ᠶᠡᠭᠡ ᠣᠷᠣᠨ ᠪᠦᠰᠡ ᠬᠤᠪᠢᠶᠠᠵᠠᠶ᠃ ᠨᠢᠭᠡ ᠳᠤ᠂ ᠴᠢᠨ᠋ᠸ᠎ᠠ ᠶᠢᠨ ᠬᠠᠷᠮᠠᠭ᠂ ᠴᠠᠭᠠᠨ ᠬᠠᠷᠭᠠᠨ᠎ᠠ᠂ ᠬᠡᠭᠡᠷ᠎ᠡ ᠶᠢᠨ ᠭᠦᠢᠯᠡᠰᠦ ᠪᠠᠷ ᠭᠤᠤᠯ ᠪᠣᠯᠭᠠᠭᠰᠠᠨ  ᠪᠤᠲᠠᠯᠢᠭ ᠤᠷᠭᠤᠮᠠᠯ ᠲᠠᠷᠢᠬᠤ ᠤᠷᠤᠨ 266.67 ᠾᠧᠺᠲ᠋ᠠᠷ︔ ᠬᠤᠶᠠᠷ ᠲᠤ᠂ ᠲᠣᠷᠤᠭ ᠮᠣᠳᠣ᠂ ᠪᠤᠲᠠ᠂ ᠬᠤᠸᠠᠷ ᠴᠡᠴᠡᠭ ᠪᠤᠶᠢᠵᠢᠭᠤᠯᠬᠤ ᠪᠠᠷ ᠭᠤᠤᠯ ᠪᠣᠯᠭᠠᠭᠰᠠᠨ ᠭᠤᠤᠯᠲᠤ ᠪᠣᠷᠣ᠂ ᠨᠠᠷᠠᠰᠤ᠂ ᠥᠷᠭᠡᠰᠦᠯᠢᠭ ᠲᠡᠷᠢᠭᠦᠯᠡᠭᠴᠢ ᠴᠡᠴᠡᠭ᠂ ᠴᠢᠨ᠋ᠸ᠎ᠠ ᠶᠢᠨ ᠬᠠᠷᠮᠠᠭ ᠵᠡᠷᠭᠡ ᠰᠢᠯᠢᠳᠡᠭ ᠰᠠᠶᠢᠨ ᠮᠣᠳᠤᠨ ᠤ ᠲᠦᠷᠦᠯ ᠪᠤᠶᠢᠵᠢᠭᠤᠯᠬᠤ ᠣᠷᠣᠨ 260 ᠾᠧᠺᠲ᠋ᠠᠷ︔ ᠭᠤᠷᠪᠠ ᠳᠤ᠂ ᠬᠠᠷᠭᠠᠨ᠎ᠠ᠂ ᠬᠡᠭᠡᠷ᠎ᠡ ᠶᠢᠨ ᠭᠦᠢᠯᠡᠰᠦ᠂  ᠬᠡᠭᠡᠷ᠎ᠡ ᠶᠢᠨ ᠢᠩᠲᠣᠣᠷ᠂ ᠬᠠᠶᠢᠯᠠᠰᠤᠨ ᠮᠣᠳᠣ ᠪᠠᠷ ᠭᠤᠣᠯ ᠪᠣᠯᠭᠠᠭᠰᠠᠨ ᠤᠰᠤᠨ ᠤ ᠬᠠᠮᠠᠭᠠᠯᠠᠯᠲᠠ ᠶᠢᠨ ᠰᠠᠪᠠ ᠭᠠᠵᠠᠷ ᠢ ᠵᠠᠰᠠᠭᠰᠠᠨ ᠣᠷᠣᠨ 313.33 ᠾᠧᠺᠲ᠋ᠠᠷ︔ ᠳᠥᠷᠪᠡ ᠳᠤ᠂ ᠪᠣᠷᠣ ᠴᠠᠷᠭᠠᠰᠤ᠂   ᠵᠡᠭᠡᠷᠭᠡᠨ᠎ᠡ ᠪᠠᠷ ᠭᠤᠤᠯᠯᠠᠭᠰᠠᠨ ᠣᠢ ᠰᠢᠭᠤᠶ ᠪᠡᠯᠴᠢᠭᠡᠷ᠂ ᠣᠢ ᠰᠢᠭᠤᠶ ᠶᠢᠨ ᠡᠮ ᠤᠨ ᠲᠠᠷᠢᠮᠠᠯ ᠤᠨ ᠵᠢᠱᠢᠶ᠎ᠡ ᠦᠵᠡᠭᠦᠯᠬᠦ ᠣᠷᠣᠨ 66.67 ᠾᠧᠺᠲ᠋ᠠᠷ︔ ᠲᠠᠪᠤ ᠳᠤ᠂ ᠭᠠᠴᠤᠷ᠎ᠠ᠂ ᠲᠣᠷᠤᠭ ᠳᠡᠷᠪᠡᠯᠵᠢ᠂   ᠨᠠᠷᠠᠰᠤ᠂ ᠬᠠᠶᠢᠯᠠᠷ ᠨᠠᠷᠠᠰᠤ᠂ ᠴᠠᠭᠠᠨ ᠬᠠᠷᠭᠠᠨ᠎ᠠ᠂ ᠬᠡᠭᠡᠷ᠎ᠡ ᠶᠢᠨ ᠭᠦᠢᠯᠡᠰᠦ᠂ ᠬᠠᠶᠢᠯᠠᠰᠤᠨ ᠮᠣᠳᠣ ᠪᠠᠷ ᠭᠤᠤᠯ ᠪᠣᠯᠭᠠᠭᠰᠠᠨ ᠴᠢᠬᠢ ᠪᠤᠶᠢᠵᠢᠭᠤᠯᠬᠤ 26.67 ᠾᠧᠺᠲ᠋ᠠᠷ ᠣᠷᠣᠨ ᠪᠣᠯᠤᠨ᠎ᠠ᠃ ᠢᠵᠢ ᠪᠦᠷᠢᠳᠦᠭᠰᠡᠨ ᠭᠤᠤᠯ ᠳᠡᠳ᠋ ᠣᠢ ᠰᠢᠭᠤᠶ ᠶᠢᠨ ᠪᠦᠰᠡ 86 ᠪᠠᠶᠢᠨ᠎ᠠ᠃ ᠵᠡᠭᠡᠷ᠎ᠡ ᠶᠢᠨ ᠴᠠᠶᠢᠳᠠᠮ ᠤᠨ ᠠᠮᠢ ᠠᠬᠤᠢ ᠶᠢᠨ ᠬᠦᠷᠢᠶᠡᠯᠡᠩ ᠨᠢ ᠬᠡᠳᠦᠨ ᠵᠢᠯ ᠤᠨ ᠪᠦᠲᠦᠭᠡᠨ ᠪᠠᠶᠢᠭᠤᠯᠤᠯᠲᠠ ᠪᠠᠷ ᠳᠠᠮᠵᠢᠨ᠂ ᠡᠯᠡᠰᠦᠨ ᠤ ᠡᠬᠢ ᠶᠢ ᠵᠠᠰᠠᠬᠤ᠂ ᠲᠠᠷᠢᠶᠠᠯᠠᠬᠤ ᠶᠢ ᠵᠣᠭᠰᠣᠭᠠᠵᠤ᠂ ᠣᠢ ᠰᠢᠭᠤᠶ ᠶᠢ ᠰᠡᠷᠭᠦᠭᠡᠬᠦ᠂ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠬᠤ ᠲᠥᠷᠥᠯ ᠵᠦᠢᠯ ᠢ ᠨᠢᠭᠡ ᠴᠣᠭᠴᠠᠵᠢᠭᠤᠯᠤᠭᠰᠠᠨ ᠴᠣᠷ ᠤᠨ ᠭᠠᠭᠴᠠ ᠶᠡᠷᠦᠩᠬᠡᠶᠢᠯᠡᠭᠰᠡᠨ ᠠᠮᠢ ᠠᠬᠤᠢ ᠶᠢᠨ ᠢᠨᠵᠧᠨᠧᠷᠢᠩ ᠪᠣᠯᠵᠤ᠂ ᠪᠦᠲᠦᠭᠡᠨ ᠪᠠᠶᠢᠭᠤᠯᠤᠯᠲᠠ ᠶᠢᠨ ᠬᠡᠪᠴᠢᠶ᠎ᠡ ᠶᠡᠭᠡ᠂ ᠶᠠᠰᠤ ᠴᠢᠨᠠᠷ ᠥᠨᠳᠥᠷ ᠪᠠᠶᠢᠵᠤ᠂  ᠪᠦᠬᠦ ᠰᠢᠶᠠᠨ ᠤ ᠬᠡᠪᠴᠢᠶᠡᠨ ᠳᠤ ᠴᠢᠨᠠᠭᠰᠢᠯᠠᠪᠠᠯ ᠡᠷᠭᠢᠨ ᠲᠣᠭᠤᠷᠢᠨ ᠤ ᠭᠠᠵᠠᠷ ᠣᠷᠣᠨ ᠳᠤ ᠢᠳᠡᠪᠬᠢᠲᠡᠢ ᠵᠢᠱᠢᠶ᠎ᠡ ᠦᠵᠡᠭᠦᠯᠬᠦ ᠪᠠ ᠨᠥᠯᠥᠭᠡᠯᠡᠬᠦ ᠦᠢᠯᠡᠳᠦᠯ ᠦᠵᠡᠭᠦᠯᠵᠡᠢ᠃
   2014 ᠣᠨ ᠳᠤ᠂ ᠪᠡᠯᠡ ᠣᠷᠣᠭᠤᠯᠤᠯᠲᠠ ᠶᠢ ᠭᠤᠷᠪᠠᠨ ᠬᠤᠭᠤᠴᠠᠭ᠎ᠠ ᠬᠤᠪᠢᠶᠠᠵᠤ᠂ ᠬᠠᠯᠠᠭᠤᠨ ᠷᠠᠰᠢᠶᠠᠨ᠂ ᠵᠤᠰᠠᠭᠠᠯ ᠵᠡᠷᠭᠡ ᠶᠢ ᠪᠦᠲᠦᠭᠡᠨ ᠪᠠᠶᠢᠭᠤᠯᠵᠤ᠂ ᠪᠣᠭᠤᠮᠲᠠ ᠶᠢᠨ ᠭᠠᠳᠠᠨᠠᠬᠢ ᠵᠤᠨ ᠤ ᠤᠯᠠᠷᠢᠯ ᠤᠨ ᠰᠡᠯᠡᠭᠦᠴᠡᠯ ᠤᠨ ᠵᠤᠰᠠᠯᠠᠩ ᠪᠣᠯᠭᠠᠵᠠᠢ᠃ ᠲᠤᠰ ᠰᠠᠭᠤᠷᠢᠨ ᠭᠠᠵᠠᠷ ᠲᠤ ᠲᠣᠭᠤᠰ᠂ ᠭᠤᠷᠭᠤᠤᠯ᠂ ᠰᠤᠪᠤᠳᠯᠢᠭ ᠳᠠᠬᠢᠶ᠎ᠠ᠂ ᠭᠠᠯᠠᠭᠤ᠂ ᠪᠦᠲᠦᠨ᠎ᠡ᠂  ᠬᠠᠷ᠎ᠠ ᠲᠠᠬᠢᠶ᠎ᠠ᠂ ᠭᠤᠷᠭᠤᠤᠯ ᠵᠡᠷᠭᠡ ᠬᠡᠭᠡᠷ᠎ᠡ ᠶᠢᠨ ᠠᠮᠢᠲᠠᠨ ᠲᠠᠢ ᠪᠠᠶᠢᠵᠤ᠂ ᠠᠮᠢᠲᠠᠨ ᠤᠷᠭᠤᠮᠠᠯ ᠤᠨ ᠲᠦᠷᠦᠯ ᠮᠠᠰᠢ ᠠᠷᠪᠢᠨ᠃                                                         ᠣᠷᠴᠢᠭᠤᠯᠤᠭᠴᠢ᠄ ᠭᠡᠷᠡᠯ
 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠲᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10002599号