ᠮᠣᠩᠭᠤᠯ ᠲᠡᠮᠡᠭᠡᠲᠦ ᠸᠠᠩ ᠬᠤᠪᠴᠠᠰᠤ ᠵᠠᠰᠠᠯ ᠤᠨ ᠬᠢᠵᠠᠭᠠᠷᠲᠤ ᠺᠣᠮᠫᠠᠨᠢ 20 ᠰᠢᠬᠠᠮ ᠵᠢᠯ ᠤᠨ | ᠬᠥᠭᠵᠢᠯᠲᠡ ᠪᠠᠷ ᠳᠠᠮᠵᠢᠨ᠂ ᠤᠳᠤ ᠨᠢᠭᠡᠨᠲᠡ ᠥᠪᠥᠷ ᠮᠣᠩᠭᠤᠯ ᠣᠷᠣᠨ ᠤ ᠬᠤᠨᠢᠨ ︵ᠲᠡᠮᠡᠭᠡᠨ︶ ᠤ ᠨᠣᠤᠰᠣᠨ | ᠬᠤᠪᠴᠠᠰᠤ ᠵᠢᠷᠤᠵᠤ ᠲᠥᠯᠥᠪᠯᠡᠬᠦ᠂ ᠦᠢᠯᠡᠳᠪᠤᠷᠢᠯᠡᠬᠦ᠂ ᠪᠣᠷᠣᠯᠠᠭᠤᠯᠬᠤ ᠶᠢ ᠨᠢᠭᠡ ᠴᠣᠭᠴᠠᠵᠢᠭᠤᠯᠤᠭᠰᠠᠨ | ᠭᠤᠤᠯᠳᠠᠯᠭ᠎ᠠ ᠲᠠᠢ ᠠᠵᠤ ᠠᠬᠤᠶᠢᠯᠠᠯ ᠪᠣᠯᠵᠠᠶ᠃ ᠣᠯᠠᠨ ᠵᠢᠯ ᠤᠨ ᠲᠤᠷᠰᠢ᠂ ᠺᠣᠮᠫᠠᠨᠢ ᠶᠢᠨ ᠥᠪᠡᠷᠮᠢᠴᠡ ᠣᠨᠴᠠᠯᠢᠭ | ᠪᠦᠬᠦᠢ ᠵᠢᠷᠤᠭ ᠲᠥᠯᠥᠪᠯᠡᠭᠡ᠂ ᠨᠠᠷᠢᠯᠢᠭ ᠬᠢᠴᠡ᠂ ᠲᠣᠭᠲᠠᠪᠤᠷᠢᠲᠠᠶ ᠶᠠᠰᠤ ᠴᠢᠨᠠᠷ᠂ ᠲᠤᠬᠢᠷᠠᠭᠤᠯᠤᠨ ᠬᠦᠷᠭᠡᠬᠦ ᠪᠠ | ᠪᠦᠷᠢᠨ ᠭᠦᠢᠴᠡᠳ ᠦᠢᠯᠡᠴᠢᠯᠡᠭᠡ ᠨᠢ ᠬᠡᠷᠡᠭᠯᠡᠭᠴᠢ ᠪᠠ ᠠᠵᠢᠯ ᠨᠢᠭᠡᠲᠡᠨ ᠤ ᠪᠠᠨ ᠬᠦᠷᠢᠶᠡᠯᠡᠯ ᠢ ᠣᠯᠤᠭᠰᠠᠨ ᠪᠠᠶᠢᠨ᠎ᠠ᠃ | 2013 ᠣᠨ ᠤ ᠡᠴᠦᠰ ᠲᠤ᠂ ᠺᠣᠮᠫᠠᠨᠢ ᠨᠢ ᠬᠤᠸᠠᠳᠧ ᠰᠢᠶᠠᠨ ᠤ ᠬᠤᠪᠴᠠᠰᠤᠨ ᠤ ᠬᠤᠤᠰ ᠡᠭᠦᠳᠦᠯᠲᠡ ᠶᠢᠨ | ᠬᠦᠷᠢᠶᠡᠯᠡᠩ ᠳᠤ ᠣᠷᠣᠵᠤ᠂ 1300 ᠲᠦᠮᠡᠨ ᠲᠥᠭᠦᠷᠢᠭ ᠤᠨ ᠶᠡᠷᠦᠩᠬᠡᠶ ᠡᠳ᠋ ᠬᠥᠷᠥᠩᠭᠡ ᠲᠠᠢ ᠪᠣᠯᠪᠠ᠂ ᠡᠭᠦᠨ ᠤ | ᠳᠣᠲᠣᠷ᠎ᠠ ᠲᠣᠭᠲᠠᠮᠠᠯ ᠬᠥᠷᠥᠩᠭᠡ 800 ᠲᠦᠮᠡᠨ ᠲᠥᠭᠦᠷᠢᠭ᠂ ᠬᠤᠪᠴᠠᠰᠤᠨ ᠤ ᠦᠢᠯᠡᠳᠪᠤᠷᠢᠯᠡᠯ ᠤᠨ | ᠲᠥᠬᠦᠭᠡᠷᠦᠮᠵᠢ 140 ᠭᠠᠷᠤᠶ᠂ ᠠᠵᠢᠯᠲᠠᠨ 180 ᠭᠠᠷᠤᠶ ︵ᠡᠭᠦᠨ ᠤ ᠳᠣᠲᠣᠷ᠎ᠠ 110 ᠭᠠᠷᠤᠶ ᠠᠵᠢᠯ | ᠠᠯᠳᠠᠭᠰᠠᠳ ᠢ ᠣᠷᠤᠭᠤᠯᠤᠨ ᠠᠪᠴᠤ᠂ ᠪᠤᠰᠤᠳ ᠨᠢ ᠬᠥᠳᠡᠭᠡ ᠲᠣᠰᠬᠤᠨ ᠤ ᠦᠯᠡᠭᠦᠤ ᠬᠥᠳᠡᠯᠮᠦᠷᠢ ᠶᠢᠨ ᠬᠦᠴᠦᠨ | ᠪᠣᠯᠤᠨ᠎ᠠ︶ ᠪᠠᠶᠢᠨ᠎ᠠ᠃ 2017 ᠣᠨ ᠳᠤ ᠡᠯ᠎ᠡ ᠲᠥᠷᠥᠯ ᠤᠨ ᠬᠤᠪᠴᠠᠰᠤ 45 ᠲᠦᠮᠡᠨ ᠵᠠᠬ᠎ᠠ ᠦᠢᠯᠡᠳᠪᠤᠷᠢᠯᠡᠵᠦ | ᠂ 3600 ᠲᠦᠮᠡᠨ ᠲᠥᠭᠦᠷᠢᠭ ᠤᠨ ᠪᠣᠷᠣᠯᠠᠭᠤᠯᠤᠯᠲᠠ ᠶᠢᠨ ᠣᠷᠣᠯᠭ᠎ᠠ ᠶᠢ ᠪᠡᠶᠡᠯᠡᠭᠦᠯᠪᠡ᠃ ᠲᠣᠰ ᠺᠣᠮᠫᠠᠨᠢ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠶᠠᠳᠠᠭᠤ ᠡᠴᠠᠠᠩᠭᠢᠵᠢᠷᠠᠭᠤᠯᠤᠨ | ᠪᠣᠭᠤᠮᠲᠠ ᠰᠢᠪᠲᠤᠯᠬᠤ ᠤᠷᠢᠶᠠᠯᠠᠭ᠎ᠠ ᠶᠢ ᠢᠳᠡᠪᠬᠢᠲᠡᠢ ᠴᠤᠤᠷᠢᠶᠠᠲᠤᠨ ᠳᠠᠭᠠᠵᠤ᠂ ᠰᠠᠨᠠᠭᠠᠴᠢᠯᠠᠭ᠎ᠠ ᠠᠴᠠ ᠪᠠᠨ ᠠᠵᠢᠯ | ᠬᠢᠵᠦ᠂ ᠤᠨᠢᠨ ᠳᠡᠭᠡᠷ᠎ᠡ ᠨᠢ ᠬᠦᠴᠦᠯᠡᠵᠦ᠂ ᠴᠠᠩ ᠱᠦᠨ ᠪᠠᠯᠭᠠᠰᠤᠨ ᠤ ᠳ᠋ᠧ ᠱᠠᠨ ᠲᠣᠰᠬᠤᠨ ᠪᠣᠯᠣᠨ ᠳ᠋ᠧ ᠱᠧᠩ | ᠲᠣᠰᠬᠤᠨ ᠳᠤ ᠲᠣᠰᠪᠣᠷᠢ 680 ᠲᠡᠭᠰᠢ ᠳᠥᠷᠪᠡᠯᠵᠢᠨ ᠮᠧᠲᠷ ᠪᠠ 480 ᠲᠡᠭᠰᠢ ᠳᠥᠷᠪᠡᠯᠵᠢᠨ ᠮᠧᠲᠷ ᠤᠨ ︽ | ᠶᠠᠳᠠᠭᠤ ᠠᠴᠠ ᠠᠩᠭᠢᠵᠢᠷᠠᠭᠤᠯᠬᠤ ᠦᠢᠯᠡᠳᠪᠤᠷᠢ ᠶᠢᠨ ᠲᠠᠰᠤᠭ︾ ᠢ ᠪᠠᠶᠢᠭᠤᠯᠵᠤ᠂ ᠳ᠋ᠧ ᠱᠠᠨ ᠂ ᠳ᠋ᠧ ᠱᠧᠩ ᠵᠢᠴᠢ | ᠡᠷᠭᠢᠨ ᠲᠣᠭᠤᠷᠢᠨ ᠤ ᠡᠯ᠎ᠡ ᠲᠣᠰᠬᠤᠨ ᠤ ᠬᠦᠮᠦᠨ ᠢ ᠳᠠᠶᠢᠴᠢᠯᠠᠨ ᠨᠡᠶᠢᠲᠡ 86 ᠬᠥᠮᠦᠨ ᠳᠤ ᠠᠵᠢᠯ ᠣᠯᠭᠤᠵᠤ᠂ | ᠬᠥᠮᠦᠨ ᠳᠤᠮᠳᠠᠴᠢ ᠶᠢᠨ ᠵᠢᠯ ᠤᠨ ᠣᠷᠣᠯᠭ᠎ᠠ 2.5 ᠲᠦᠮᠡᠨ ᠲᠥᠭᠦᠷᠢᠭ ᠲᠤ ᠬᠦᠷᠴᠡᠶ᠃ | ᠣᠷᠴᠢᠭᠤᠯᠤᠭᠴᠢ᠄ ᠭᠡᠷᠡᠯ | | | | |