ᠨᠢᠭᠡ ᠬᠥᠩᠭᠡᠨ ᠠᠵᠤ ᠦᠢᠯᠡᠳᠪᠤᠷᠢ᠂ ᠨᠢᠭᠡ ᠬᠦᠨᠳᠦ ᠠᠵᠤ ᠦᠢᠯᠡᠳᠪᠤᠷᠢ᠂ ᠨᠢᠭᠡ ᠭᠦᠢᠯᠭᠡᠭᠡ︾ ᠪᠣᠯ | ᠮᠠᠨ ᠤ ᠰᠢᠶᠠᠨ ᠤ ᠣᠳᠣᠬᠠᠨ ᠤ ᠭᠤᠤᠯᠳᠠᠯᠭ᠎ᠠ ᠲᠠᠢ ᠬᠥᠭᠵᠢᠭᠦᠯᠬᠦ ᠭᠤᠷᠪᠠᠨ ᠶᠡᠭᠡ ᠲᠤᠯᠭᠠᠭᠤᠷᠢ ᠠᠵᠤ ᠦᠢᠯᠡᠰ | ᠪᠣᠯᠤᠨ᠎ᠠ᠃ | ︽ᠨᠢᠭᠡ ᠬᠥᠩᠭᠡᠨ︾ ᠪᠣᠯ ᠳᠠᠷᠤᠶ ᠬᠤᠪᠴᠠᠰᠤ ᠬᠤᠨᠠᠷ ᠤᠨ ᠠᠵᠤ ᠦᠢᠯᠡᠰ ᠪᠣᠯᠤᠨ᠎ᠠ᠂ 6 ᠶᠡᠭᠡ ᠰᠢᠷᠢᠰ | 200 ᠭᠠᠷᠤᠶ ᠲᠥᠷᠥᠯ ᠵᠦᠢᠯ ᠪᠠᠶᠢᠵᠤ᠂ ᠦᠢᠯᠡᠳᠭᠦᠨ ᠤ ᠪᠣᠷᠣᠯᠠᠭᠤᠯᠭ᠎ᠠ ᠨᠢ ᠪᠦᠬᠦ ᠤᠯᠤᠰ ᠤᠨ 31 ᠮᠣᠵᠢ᠂ | ᠬᠤᠲᠠ᠂ ᠥᠪᠡᠷᠲᠡᠭᠡᠨ ᠵᠠᠰᠠᠬᠤ ᠣᠷᠣᠨ ᠢ ᠪᠦᠷᠬᠦᠭᠰᠡᠨ ᠪᠥᠭᠡᠳ ᠣᠷᠣᠰ᠂ ᠮᠣᠩᠭᠤᠯ ᠤᠯᠤᠰ ᠵᠡᠷᠭᠡ ᠭᠠᠵᠠᠷ | ᠣᠷᠣᠨ ᠳᠤ ᠪᠣᠷᠣᠯᠠᠭᠤᠯᠤᠭᠳᠠᠵᠤ ᠪᠣᠶ᠃ | ︽ᠨᠢᠭᠡ ᠬᠦᠨᠳᠦ︾ ᠭᠡᠳᠡᠭ ᠨᠢ ᠬᠠᠶᠢᠯᠤᠰᠢ ᠶᠢᠨ ᠰᠢᠨ᠎ᠡ ᠮᠠᠲ᠋ᠧᠷᠢᠶᠠᠯ ᠤᠨ ᠠᠵᠤ ᠦᠢᠯᠡᠰ ᠪᠣᠯᠤᠨ᠎ᠠ᠃ | ᠣᠳᠣᠬᠠᠨ ᠳᠤ 32 ᠰᠠᠤᠷᠢ ᠠᠭᠤᠷᠬᠠᠢ ᠶᠢᠨ ᠵᠤᠤᠬ᠎ᠠ ᠠᠵᠢᠯᠯᠠᠭᠤᠯᠵᠤ᠂ ᠦᠢᠯᠡᠳᠪᠤᠷᠢᠯᠡᠬᠦ ᠴᠢᠳᠠᠪᠤᠷᠢ ᠨᠢ 110 | ᠲᠦᠮᠡᠨ ᠲᠣᠨ ᠳᠤ ᠬᠦᠷᠴᠦ᠂ 3 ᠲᠦᠮᠡᠨ ᠺᠢᠯᠣᠸᠠᠲ ᠠᠮᠫᠧᠷ ᠠᠴᠠ ᠳᠡᠭᠡᠭᠰᠢᠬᠢ ᠠᠭᠤᠷᠬᠠᠢ ᠶᠢᠨ ᠵᠤᠤᠬ᠎ᠠ 10 ᠶᠢ | ᠪᠠᠶᠢᠭᠤᠯᠵᠤ᠂ 3 ᠲᠦᠮᠡᠨ ᠺᠢᠯᠣᠸᠠᠲ ᠠᠮᠫᠧᠷ ᠠᠴᠠ ᠳᠡᠭᠡᠭᠰᠢᠬᠢ ᠠᠭᠤᠷᠬᠠᠢ ᠶᠢᠨ ᠵᠤᠤᠬ᠎ᠠ 20 ᠶᠢ | ᠴᠣᠬᠤᠯᠠᠪᠤᠷᠢᠯᠡᠵᠦ ᠣᠯᠤᠭᠰᠠᠨ ᠪᠠᠶᠢᠨ᠎ᠠ᠃ 2019 ᠣᠨ ᠤ ᠡᠴᠦᠰ ᠲᠤ ᠦᠢᠯᠡᠳᠪᠤᠷᠢᠯᠡᠬᠦ ᠴᠢᠳᠠᠪᠤᠷᠢ ᠶᠢ 150 | ᠲᠦᠮᠡᠨ ᠲᠣᠨ ᠳᠤ ᠬᠦᠷᠭᠡᠵᠦ᠂ 2020 ᠣᠨ ᠳᠤ 180 ᠲᠦᠮᠡᠨ ᠲᠣᠨ ᠳᠤ ᠬᠦᠷᠭᠡᠨ ᠳᠤᠮᠳᠠᠳᠤ | ᠤᠯᠤᠰ ᠤᠨᠤᠮᠠᠷᠠᠲᠤ ᠶᠢᠨ ᠬᠠᠮᠤᠭ ᠤᠨ ᠶᠡᠭᠡ ᠬᠠᠶᠢᠯᠤᠰᠢ ᠶᠢᠨ ᠰᠢᠨ᠎ᠡ ᠮᠠᠲ᠋ᠧᠷᠢᠶᠠᠯ ᠦᠢᠯᠡᠳᠪᠤᠷᠢᠯᠡᠬᠦ ᠰᠠᠭᠤᠷᠢᠨ | ᠭᠠᠵᠠᠷ ᠪᠣᠯᠬᠤ ᠪᠣᠯᠤᠨ᠎ᠠ᠃ | ︽ᠨᠢᠭᠡ ᠭᠦᠢᠯᠭᠡᠭᠡ︾ ᠭᠡᠳᠡᠭ ᠨᠢ ᠳᠠᠷᠤᠶ ᠡᠳ᠋ ᠪᠠᠷᠠᠭ᠎ᠠ ᠶᠢᠨ ᠭᠦᠢᠯᠭᠡᠭᠡᠨ ᠤ ᠠᠵᠤ ᠦᠢᠯᠡᠰ ᠪᠣᠯᠣᠨ᠎ᠠ᠂ ᠣᠳᠣ | ᠶᠠᠭ ᠪᠦᠲᠦᠭᠡᠨ ᠪᠠᠶᠢᠭᠤᠯᠵᠤ ᠪᠠᠶᠢᠭ᠎ᠠ ᠵᠠᠪᠰᠠᠷ ᠤᠨ ᠰᠦᠮ᠎ᠡ ᠶᠢᠨ ᠬᠠᠭᠤᠷᠠᠶ ᠭᠠᠷᠠᠮ ᠤᠨ ᠶᠡᠷᠦᠩᠬᠡᠶᠢᠯᠡᠭᠰᠡᠨ ᠡᠳ᠋ | ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠤᠨ ᠲᠥᠷᠥᠯ ᠵᠦᠢᠯ ᠨᠢ ᠨᠢᠭᠡᠨᠲᠡ ᠵᠠᠮ ᠬᠠᠷᠢᠯᠴᠠᠭ᠎ᠠ | ᠲᠡᠭᠡᠭᠡᠪᠦᠷᠢ ᠶᠢᠨ ᠶᠠᠮᠤᠨ ᠤ ᠭᠤᠤᠯᠳᠠᠯᠭ᠎ᠠ ᠲᠠᠢ ᠲᠥᠷᠥᠯ ᠵᠦᠢᠯ ᠳᠤ ᠣᠷᠣᠭᠤᠯᠵᠤ᠂ 4 ᠵᠤᠷᠪᠤᠰ ᠪᠠᠷᠢᠮᠵᠢᠶᠠᠵᠢᠭᠰᠠᠨ | ᠴᠢᠩᠭᠡᠯᠢᠭᠲᠦ ᠲᠡᠮᠦᠷ ᠵᠠᠮ ᠤᠨ ᠲᠤᠰᠬᠠᠶ ᠬᠡᠷᠡᠭᠯᠡᠭᠡᠨ ᠤ ᠰᠠᠯᠪᠤᠷᠢ ᠱᠤᠭᠤᠮ ᠢ ᠪᠠᠶᠢᠭᠤᠯᠬᠤ ᠪᠠᠷ ᠲᠥᠯᠥᠪᠯᠡᠵᠦ᠂ | ᠵᠢᠨᠢᠩ ᠠᠴᠠ ᠲᠤᠩᠯᠢᠶᠤᠦ ᠬᠦᠷᠬᠦ ᠲᠡᠮᠦᠷ ᠵᠠᠮ ᠤᠨ ᠬᠤᠸᠠᠳᠧ ᠥᠷᠲᠡᠭᠡᠨ ᠳᠤ ᠵᠣᠯᠭᠠᠭᠤᠯᠤᠨ᠂ ᠵᠢᠯ ᠤᠨ ᠳᠣᠲᠣᠷ᠎ᠠ | ᠠᠰᠢᠭᠯᠠᠯᠲᠠ ᠳᠤ ᠣᠷᠣᠭᠤᠯᠬᠤ ᠪᠠᠷ ᠵᠢᠱᠢᠵᠦ ᠪᠣᠶ᠃ ᠲᠥᠷᠥᠯ ᠵᠦᠢᠯ ᠪᠠᠶᠢᠭᠤᠯᠤᠭᠳᠠᠭᠰᠠᠨ ᠤ ᠳᠠᠷᠠᠭ᠎ᠠ ᠮᠠᠨ ᠤ | ᠰᠢᠶᠠᠨ ᠢ ᠪᠦᠬᠦ ᠬᠤᠲᠠ ᠴᠢᠨᠠᠭᠰᠢᠯᠠᠪᠠᠯ ᠪᠦᠬᠦ ᠣᠷᠣᠨ ᠤ ᠥᠩᠭᠡᠲᠦ ᠲᠡᠮᠦᠷᠯᠢᠭ ᠤᠨ ᠬᠤᠪᠢᠶᠠᠷᠢᠯᠠᠨ ᠰᠠᠯᠭᠠᠬᠤ | ᠰᠠᠭᠤᠷᠢᠨ ᠭᠠᠵᠠᠷ ᠪᠣᠯᠭᠠᠨ ᠪᠦᠲᠦᠭᠡᠨ ᠪᠠᠶᠢᠭᠤᠯᠬᠤ ᠪᠣᠯᠤᠮᠵᠢ ᠲᠠᠢ ᠪᠠᠶᠢᠨ᠎ᠠ᠃ | ᠣᠷᠴᠢᠭᠤᠯᠤᠭᠴᠢ᠄ ᠭᠡᠷᠡᠯ |