| ᠬᠤᠸᠠᠳᠧ ᠰᠢᠶᠠᠨ ᠤ ᠴᠢᠦ ᠯᠢᠩ ᠭᠸᠦ ᠪᠣᠯ ᠤᠤᠯ ᠨᠢ ᠪᠡᠭᠡᠵᠢᠩ ᠤᠨ ᠴᠡᠷᠢᠭ ᠤᠨ ᠲᠣᠭᠤᠷᠢᠭ ᠤᠨ ᠰᠠᠬᠢᠨ | ᠬᠠᠮᠠᠭᠠᠯᠠᠬᠤ ᠨᠢᠭᠡᠳᠦᠭᠡᠷ ᠳ᠋ᠢᠸᠢᠽᠢ ᠶᠢᠨ ᠬᠢ ᠰᠠᠭᠤᠷᠢᠰᠢᠵᠤ᠂ ᠬᠦᠨᠬᠤᠳᠳᠤᠭ ᠰᠢᠶᠠᠩ ᠤᠨ ᠴᠢᠦ ᠯᠢᠩ ᠭᠸᠦ | ᠲᠣᠰᠬᠤᠨ ᠤ ᠪᠠᠷᠠᠭᠤᠨ ᠲᠠᠯ᠎ᠠ ᠳᠤ ᠪᠠᠶᠢᠷᠢᠯᠠᠵᠤ ᠪᠠᠶᠢᠪᠠ᠃ ᠣᠳᠣ ᠪᠣᠯᠲᠠᠯ᠎ᠠ ᠬᠠᠭᠤᠴᠢᠨ ᠪᠠᠭᠤᠷᠢ᠂ ᠰᠡᠷᠭᠡᠶᠢᠯᠡᠨ | ᠬᠠᠮᠠᠭᠠᠯᠠᠯᠲᠠ ᠶᠢᠨ ᠪᠠᠭᠤᠷᠢ ᠵᠡᠷᠭᠡ ᠦᠯᠡᠳᠡᠭᠳᠡᠯ ᠲᠠᠢ ᠪᠠᠶᠢᠵᠤ᠂ 2013 ᠣᠨ ᠳᠤ ᠭᠠᠨ ᡁᠢ ᠮᠧᠶ ᠠᠭᠤᠳᠠᠮ | ᠲᠠᠯᠠᠪᠠᠢ ᠪᠠ ᠳᠤᠷᠠᠰᠬᠠᠯ ᠤᠨ ᠬᠦᠰᠢᠶ᠎ᠡ ᠶᠢ ᠰᠢᠨ᠎ᠡ ᠪᠠᠷ ᠪᠠᠶᠢᠭᠤᠯᠪᠠ᠃ | ᠵᠢᠷᠤᠭ ᠪᠣᠯ ᠰᠠᠬᠢᠨ ᠬᠠᠮᠠᠭᠠᠯᠠᠬᠤ ᠨᠢᠭᠡᠳᠦᠭᠡᠷ ᠳ᠋ᠢᠸᠢᠽᠢ ᠶᠢᠨ ᠬᠢᠯᠢ ᠶᠢᠨ ᠬᠠᠮᠠᠭᠠᠯᠠᠯᠲᠠ ᠶᠢᠨ ᠳᠤᠷᠠᠰᠬᠠᠯ ᠤᠨ ᠣᠷᠳᠣᠨ | ᠃ | | 1964 ᠣᠨ ᠤ 11 ᠰᠠᠷ᠎ᠠ ᠳᠤ᠂ ᠤᠤᠯ ᠤᠨ ᠪᠡᠭᠡᠵᠢᠩ ᠤᠨ ᠴᠡᠷᠢᠭ ᠤᠨ ᠲᠣᠭᠤᠷᠢᠭ ᠤᠨ ᠰᠠᠬᠢᠨ | ᠬᠠᠮᠠᠭᠠᠯᠠᠬᠤ ᠨᠢᠭᠡ ᠳ᠋ᠢᠸᠢᠽᠢ ᠶᠢᠨ ᠲᠦᠮᠡᠨ ᠳᠠᠷᠤᠭ᠎ᠠ ᠪᠠᠶᠢᠯᠳᠤᠭᠴᠢ ᠬᠤᠸᠠᠳᠧ ᠰᠢᠶᠠᠨ ᠤ ᠬᠢᠵᠠᠭᠠᠷ ᠲᠠᠬᠢ ᠴᠢᠦ ᠯᠢᠩ | ᠭᠧᠦ ᠲᠣᠰᠬᠤᠨ ᠳᠤ ᠣᠷᠣᠵᠤ ᠰᠠᠭᠤᠪᠠ᠂ ᠡᠨᠡ ᠭᠠᠵᠠᠷ ᠡᠷᠭᠢᠨ ᠲᠣᠭᠤᠷᠢᠨ ᠤ ᠭᠤᠷᠪᠠᠨ ᠲᠠᠯ᠎ᠠ ᠪᠠᠷ ᠢᠶᠠᠨ ᠠᠭᠤᠯᠠ | ᠲᠣᠭᠤᠷᠢᠭᠰᠠᠨ ᠭᠤᠤ ᠲᠠᠢ ᠪᠠᠶᠢᠵᠤ᠂ ᠭᠤᠤ ᠳᠠᠬᠢ ᠠᠭᠠᠷ ᠤᠨ ᠳᠤᠯᠠᠭᠠᠨ ᠨᠢ ᠨᠡᠯᠢᠶᠡᠳ ᠥᠨᠳᠥᠷ ᠠᠴᠠ ᠵᠢᠷᠭᠢᠷᠡ | ᠣᠯᠠᠨ ᠪᠠᠶᠢᠳᠠᠭ᠂ ᠵᠢᠷᠭᠢᠷᠡ ᠶᠢᠨ ᠳᠠᠭᠤᠨ ᠠᠴᠠ ᠡᠨᠡᠬᠦ ᠨᠡᠷ᠎ᠡ ᠶᠢ ᠣᠯᠵᠠᠢ᠃ ᠴᠢᠦ ᠯᠢᠩ ᠭᠸᠦ ᠶᠢᠨ ᠬᠤᠶᠢᠲᠤ | ᠬᠡᠰᠡᠭ ᠨᠢ ᠡᠭᠴᠡ ᠠᠰᠬ᠎ᠠ ᠪᠠᠶᠢᠵᠤ᠂ ᠭᠠᠵᠠᠷ ᠤᠨ ᠪᠠᠶᠢᠴᠡ ᠨᠢ ᠰᠠᠬᠢᠨ ᠬᠠᠮᠠᠭᠠᠯᠠᠬᠤ ᠳᠤ ᠲᠤᠶᠢᠯ ᠤᠨ ᠠᠰᠢᠭᠲᠠᠢ᠂ | ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠳ᠋ᠠ ᠳ᠋ᠦᠩ ᠱᠠᠨ ᠠᠭᠤᠯᠠ ᠶᠢᠨ ᠱᠤᠭᠤᠮ ᠳᠠᠭᠠᠤ ᠪᠠᠶᠢᠵᠤ᠂ | ᠠᠳᠡ ᠴᠢᠨ᠋ᠸ᠎ᠠ ᠶᠢᠨ ᠰᠦᠷᠦᠭ ᠪᠠ ᠵᠡᠭᠡᠷ᠎ᠡ ᠰᠦᠷᠦᠭᠯᠡᠨ ᠢᠷᠡᠵᠦ᠂ ᠲᠠᠪᠤᠨ ᠰᠠᠷ᠎ᠠ ᠳᠤ ᠬᠠᠶᠢᠯ ᠭᠡᠰᠦᠵᠦ᠂ ᠠᠷᠪᠠᠨ | ᠰᠠᠷ᠎ᠠ ᠳᠤ ᠴᠠᠰᠤ ᠪᠤᠳᠠᠷᠠᠭᠰᠠᠨ ᠭᠠᠵᠠᠷ ᠪᠣᠯᠣᠨ᠎ᠠ᠃ ᠴᠠᠭᠠᠨ ᠰᠢᠭᠤᠷᠭ᠎ᠠ᠂ ᠬᠠᠷ᠎ᠠ ᠰᠠᠯᠬᠢᠨ ᠲᠠᠢ ᠳᠥᠷᠪᠡᠨ | ᠤᠯᠠᠷᠢᠯ ᠤᠨ ᠰᠠᠯᠬᠢ ᠪᠣᠷᠤᠭᠠᠨ ᠬᠦᠢᠲᠡᠨ ᠬᠠᠯᠠᠭᠤᠨ ᠣᠷᠴᠢᠨ ᠳᠤ᠂ ᠣᠪᠣᠬᠠᠶ ᠳᠤ ᠰᠠᠭᠤᠵᠤ᠂ ᠨᠦᠬᠡᠨ ᠭᠡᠷ ᠲᠤ | ᠠᠵᠢᠯᠯᠠᠵᠤ᠂ ᠨᠡᠶᠢᠰᠯᠡᠯ ᠪᠡᠭᠡᠵᠢᠩ ᠢ ᠰᠠᠬᠢᠨ ᠬᠠᠮᠠᠭᠠᠯᠠᠬᠤ ᠬᠦᠨᠳᠦ ᠡᠭᠦᠷᠭᠡ ᠶᠢ ᠡᠭᠦᠷᠭᠡᠯᠡᠵᠡᠢ᠂ ᠳᠥᠷᠪᠡᠨ ᠵᠦᠭ | ᠨᠠᠢᠮᠠᠨ ᠵᠣᠪᠬᠢᠰ ᠠᠴᠠ ᠬᠤᠶᠢᠨ᠎ᠠ ᠬᠤᠶᠢᠨ᠎ᠠ ᠠᠴᠠ ᠪᠠᠨ ᠬᠦᠷᠦᠯᠴᠡᠨ ᠢᠷᠡᠭᠰᠡᠨ ᠬᠡᠳᠦᠨ ᠲᠦᠮᠡᠨ ᠬᠠᠯᠠᠭᠤᠨ | ᠰᠡᠳᠬᠢᠯᠲᠦ ᠵᠠᠯᠠᠭᠤᠴᠤᠳ ᠴᠡᠷᠢᠭ ᠲᠤ ᠣᠷᠤᠵᠤ᠂ ᠬᠢᠯᠢ ᠬᠢᠵᠠᠭᠠᠷ ᠢ ᠰᠠᠬᠢᠨ ᠬᠠᠮᠠᠭᠠᠯᠠᠵᠤ᠂ ᠳᠠᠶᠢᠰᠤᠨ ᠢ | ᠡᠰᠡᠷᠭᠦᠴᠡᠨ ᠤᠯᠤᠰ ᠢᠶᠠᠨ ᠬᠠᠮᠠᠭᠠᠯᠠᠨ ᠤᠮᠠᠷᠠᠲᠤ ᠬᠢᠯᠢ ᠪᠠᠨ ᠰᠠᠬᠢᠪᠠ᠃ ᠪᠦᠬᠦ ᠳᠠᠷᠤᠭ᠎ᠠ ᠪᠠᠶᠢᠯᠳᠤᠭᠴᠢᠳ ︽ᠭᠠᠨ | ᡁᠢ ᠮᠧᠶ︾ ᠶᠢᠨ ᠵᠣᠷᠢᠭ ᠰᠠᠨᠠᠭ᠎ᠠ ᠪᠠᠷ ᠲᠠᠩᠺ ᠰᠡᠷᠭᠡᠶᠢᠯᠡᠬᠦ ᠰᠤᠪᠠᠭ ᠪᠠ ᠪᠠᠶᠢᠯᠳᠤᠭᠠᠨ ᠤ ᠰᠤᠪᠠᠭ ᠮᠠᠯᠲᠠᠵᠤ᠂ | ᠬᠠᠰᠢᠯᠭ᠎ᠠ ᠪᠠᠷᠢᠵᠠᠶ᠃ 1969 ᠣᠨ ᠳᠤ᠂ ᠳᠤᠮᠳᠠᠳᠤ ᠵᠥᠪᠯᠡᠯᠲᠦ ᠳᠤᠮᠳᠠᠳᠤ ᠮᠣᠩᠭᠤᠯ ᠤᠨ ᠬᠢᠯᠢ ᠬᠢᠵᠠᠭᠠᠷ ᠤᠨ | ᠪᠠᠶᠢᠳᠠᠯ ᠪᠠᠴᠢᠮ ᠪᠣᠯᠵᠤ᠂ ᠪᠦᠬᠦ ᠳ᠋ᠢᠸᠢᠽᠢ ᠶᠢᠨ ᠳᠠᠷᠤᠭ᠎ᠠ ᠪᠠᠶᠢᠯᠳᠤᠭᠴᠢᠳ ᠪᠠᠴᠢᠮ ᠪᠠᠶᠢᠳᠠᠯ ᠳᠤ ᠣᠷᠣᠪᠠ᠃ ︽ | ᠪᠣᠰᠤᠭ᠎ᠠ ᠰᠡᠷᠭᠡᠶᠢᠯᠡᠯᠲᠡ ᠶᠢᠨ ᠰᠠᠭᠤᠷᠢᠨ ᠭᠠᠵᠠᠷ︾ ᠢ ᠪᠠᠶᠢᠭᠤᠯᠵᠤ᠂ ᠮᠦᠰᠦᠨ ᠳᠤ ᠮᠥᠯᠬᠦᠨ ᠴᠠᠰᠤᠨ ᠳᠤ | ᠬᠡᠪᠲᠡᠵᠦ᠂ ᠬᠡᠳᠦᠨᠠᠷᠪᠠᠨ ᠳᠠᠷᠤᠭ᠎ᠠ ᠪᠠᠶᠢᠯᠳᠤᠭᠴᠢᠳ ᠬᠠᠯᠠᠭᠤᠨ ᠠᠮᠢ ᠪᠠᠨ ᠵᠣᠷᠢᠭᠤᠯᠵᠤ᠂ ᠤᠮᠠᠷᠠᠲᠤ ᠬᠢᠯᠢ ᠶᠢᠨ | ᠪᠠᠲᠤ ᠪᠠᠬᠢᠯᠡᠯᠲᠡ ᠤᠷᠳᠤ ᠴᠠᠭᠠᠨ ᠬᠡᠷᠡᠮ ᠢ ᠴᠣᠭᠴᠠᠯᠠᠪᠠ᠃ ᠰᠡᠭᠦᠯᠡᠷ ᠨᠢ ᠪᠦᠬᠦ ᠳᠠᠷᠤᠭ᠎ᠠ ᠪᠠᠶᠢᠯᠳᠤᠭᠴᠢᠳ ᠪᠠᠰᠠ | ᠲᠡᠰᠪᠦᠷᠢ ᠬᠠᠲᠠᠭᠤᠵᠢᠯᠲᠠᠶ ᠦᠢᠯᠡᠰ ᠴᠣᠭᠴᠠᠯᠠᠬᠤ ᠵᠣᠷᠢᠭ ᠰᠠᠨᠠᠭ᠎ᠠ ᠪᠠᠷ ᠴᠡᠷᠢᠭ ᠤᠨ ᠬᠤᠸᠠᠷᠠᠨ ᠪᠠᠶᠢᠭᠤᠯᠵᠤ᠂ | ᠬᠤᠳᠳᠤᠭ ᠮᠠᠯᠲᠠᠨ᠂ ᠲᠣᠮᠣ ᠰᠠᠷᠠᠪᠴᠢᠨ ᠳᠤ ᠨᠣᠭᠤᠭ᠎ᠠ ᠲᠠᠷᠢᠨ ᠡᠪᠡᠰᠦ ᠮᠣᠳᠣ ᠬᠤᠸᠠᠷ ᠴᠡᠴᠡᠭ ᠲᠠᠷᠢᠵᠤ᠂ | ᠤᠤᠯ ᠨᠢ ᠬᠤᠪᠠᠭ᠋ᠠᠶ ᠪᠠᠶᠢᠭᠰᠠᠨ ᠭᠠᠵᠠᠷ ᠢ ᠨᠣᠮᠢᠨ ᠨᠣᠭᠤᠭᠠᠨ ᠴᠡᠴᠡᠭ ᠤᠨ ᠦᠨᠦᠷ ᠠᠩᠬᠢᠯᠤᠭᠰᠠᠨ ᠰᠢᠨ᠎ᠡ ᠬᠤᠸᠠᠷᠠᠨ | ᠪᠣᠯᠭᠠᠨ ᠪᠠᠶᠢᠭᠤᠯᠵᠠᠢ᠃ | | ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢᠳ ᠥᠨᠳᠦᠷᠯᠢᠭ ᠤᠨ ᠦᠨᠳᠦᠰᠦ ᠭᠦᠨ᠂ ᠬᠦᠢᠲᠡᠨ ᠳᠤ | ᠲᠡᠰᠪᠦᠷᠢᠲᠡᠶ᠂ ᠰᠠᠯᠬᠢ ᠡᠯᠡᠰᠦᠨ ᠠᠴᠠ ᠠᠶᠤᠬᠤ ᠦᠭᠡᠢ ᠵᠡᠷᠯᠢᠭ ᠴᠡᠴᠡᠭ — ᠭᠠᠨ ᡁᠢ ᠮᠧᠶ ᠪᠠᠷ ᠥᠪᠡᠷ ᠤᠨ | ᠲᠡᠰᠪᠦᠷᠢ ᠬᠠᠲᠠᠭᠤᠵᠢᠯᠲᠠᠶ ᠲᠡᠮᠡᠴᠡᠯ ᠤᠨ ᠲᠥᠯᠦᠭᠡᠯᠡᠯ ᠪᠣᠯᠭᠠᠵᠤ᠂ ᠬᠢᠯᠢ ᠬᠢᠵᠠᠭᠠᠷ ᠲᠤ ᠦᠨᠳᠦᠰᠦᠯᠡᠵᠦ᠂ ᠬᠢᠯᠢ | ᠬᠢᠵᠠᠭᠠᠷ ᠢᠶᠠᠨ ᠰᠠᠬᠢᠨ ᠬᠠᠮᠠᠭᠠᠯᠠᠵᠤ᠂ ᠨᠤᠭᠤᠷᠠᠰᠢ ᠦᠭᠡᠢ ᠵᠢᠳᠬᠦᠬᠦ ᠵᠣᠷᠢᠭ ᠰᠠᠨᠠᠭ᠎ᠠ ᠶᠢ ᠬᠠᠷᠠᠭᠤᠯᠤᠨ ᠲᠥᠪ ᠤᠨ | ᠴᠡᠷᠢᠭ ᠤᠨ ᠶᠠᠪᠤᠳᠠᠯ ᠤᠨ ᠬᠤᠷᠢᠶᠠᠨ ᠤ ᠰᠠᠶᠢᠰᠢᠶᠠᠯ ᠬᠥᠬᠢᠭᠦᠯᠦᠯ ᠢ ᠣᠯᠵᠤ᠂ ᠪᠦᠬᠦ ᠴᠡᠷᠢᠭ ᠤᠨ ᠰᠤᠷᠤᠯᠴᠠᠬᠤ | ᠳᠠᠭᠤᠷᠢᠶᠠᠯ ᠪᠣᠯᠵᠠᠶ᠃ 1980 ᠣᠨ ᠳᠤ᠂ ᠨᠠᠮ ᠪᠠ ᠲᠥᠷᠦ ᠶᠢᠨ ᠤᠳᠤᠷᠢᠳᠤᠯᠭ᠎ᠠ᠂ ᠳᠡᠳ᠋ ᠳ᠋ᠢᠸᠢᠽᠢ ᠶᠢᠨ | ᠤᠳᠤᠷᠢᠳᠤᠯᠭ᠎ᠠ ᠲᠠᠢ ᠪᠡᠶ᠎ᠡ ᠪᠠᠷ ᠢᠶᠠᠨ ᠠᠭᠤᠯᠵᠠᠵᠤ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ᠂ | ᠭᠤᠷᠪᠠᠳᠤᠭᠠᠷ ᠶᠡᠷᠦᠩᠬᠡᠶ ᠬᠡᠯᠲᠡᠰ᠂ ᠪᠡᠭᠡᠵᠢᠩ ᠤᠨ ᠴᠡᠷᠢᠭ ᠤᠨ ᠲᠣᠭᠤᠷᠢᠭ ᠤᠨ ᠳᠠᠷᠤᠭ᠎ᠠ ᠵᠢᠯ ᠪᠦᠷᠢ ᠴᠡᠷᠢᠭ | ᠠᠩᠭᠢ ᠳᠤ ᠬᠦᠷᠴᠦ ᠪᠠᠶᠢᠴᠠᠭᠠᠨ ᠦᠵᠡᠵᠦ ᠲᠣᠬᠤᠨᠢᠭᠤᠯᠤᠨ᠂ ᠨᠠᠮ ᠪᠠ ᠠᠷᠠᠳ ᠲᠦᠮᠡᠨ ᠠᠴᠠ ᠬᠠᠮᠤᠭ ᠤᠨ ᠳᠡᠭᠡᠳᠤ | ᠱᠠᠩᠨᠠᠯ ᠬᠥᠬᠢᠭᠦᠯᠦᠯ ᠪᠠ ᠢᠷᠠᠭᠤ ᠠᠯᠳᠠᠷ ᠣᠯᠭᠤᠵᠤ᠂ ᠡᠷᠡᠯᠬᠡᠭ ᠪᠠᠭᠠᠳᠤᠷ ᠰᠢᠯᠢᠳᠡᠭ ᠴᠡᠷᠢᠭ ᠤᠨ ᠠᠯᠳᠠᠷ ᠨᠡᠷ᠎ᠡ ᠶᠢ | ᠪᠥᠬᠦᠳᠡ ᠨᠠᠶᠢᠷᠠᠮᠳᠠᠬᠤ ᠤᠯᠤᠰ ᠤᠨ ᠲᠡᠤᠬᠡᠨ ᠬᠠᠭᠤᠳᠠᠰᠤᠨ ᠳᠤ ᠲᠡᠮᠳᠡᠭᠯᠡᠵᠡᠶ᠃ ᠬᠤᠪᠢᠰᠬᠠᠯ ᠤᠨ ᠠᠭᠤᠤ ᠭᠠᠪᠢᠶ᠎ᠠ | ᠠᠤᠭ᠎ᠠ ᠵᠢᠳᠬᠦᠯ ᠢ ᠳᠤᠷᠠᠰᠤᠨ ᠰᠠᠨᠠᠭᠠᠯᠵᠠᠵᠤ᠂ ᠤᠤᠯ ᠤᠨ ᠪᠡᠭᠡᠵᠢᠩ ᠤᠨ ᠴᠡᠷᠢᠭ ᠤᠨ ᠲᠣᠭᠤᠷᠢᠭ ᠤᠨ ᠰᠠᠬᠢᠨ | ᠬᠠᠮᠠᠭᠠᠯᠠᠬᠤ ᠨᠢᠭᠡᠳᠦᠭᠡᠷ ᠳ᠋ᠢᠸᠢᠽᠢ ᠶᠢᠨ ︽ᠭᠠᠨ ᡁᠢ ᠮᠧᠶ︾ ᠶᠢᠨ ᠵᠣᠷᠢᠭ ᠰᠠᠨᠠᠭ᠎ᠠ ᠶᠢ ᠮᠠᠭᠲᠠᠨ ᠳᠠᠭᠤᠯᠠᠬᠤ ᠶᠢᠨ | ᠲᠥᠯᠥᠭᠡ᠂ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠣᠨ ᠠᠴᠠ ᠠᠷᠠᠳ ᠤᠨ ᠪᠠᠭᠠᠲᠤᠷ ᠤᠨ | ᠳᠤᠷᠠᠰᠬᠠᠯ ᠤᠨ ᠬᠥᠰᠢᠶ᠎ᠡ᠂ ᠴᠡᠷᠢᠭ ᠤᠨᠲ᠋ᠡᠦᠬᠡᠨ ᠦᠵᠡᠭᠦᠯᠭᠡ ᠶᠢᠨ ᠲᠢᠩᠬᠢᠮ ᠢ ᠪᠠᠶᠢᠭᠤᠯᠵᠤ᠂ ᠦᠵᠡᠭᠦᠯᠭᠡ ᠵᠢᠨᠭᠡᠷᠡᠯ | ᠵᠢᠷᠤᠭ ᠪᠠ ᠪᠣᠳᠠᠲᠤ ᠪᠣᠳᠠᠰ 1000 ᠭᠠᠷᠤᠶ ᠬᠤᠪᠢ ᠪᠠᠶᠢᠵᠤ᠂ ︽ᠠᠬᠠᠮᠠᠳ ᠦᠶ᠎ᠡ ᠶᠢᠨ ᠪᠠᠭᠠᠲᠤᠷᠴᠤᠳ ᠢᠶᠠᠨ | ᠳᠤᠷᠠᠰᠤᠨ ᠰᠠᠨᠠᠭᠠᠯᠵᠠᠵᠤ᠂ ᠤᠯᠤᠰ ᠢᠶᠠᠨ ᠬᠠᠶᠢᠷᠠᠯᠠᠬᠤ ᠬᠠᠶᠢᠷ᠎ᠠ ᠰᠡᠳᠬᠢᠯᠭᠡ ᠪᠠᠨ ᠴᠢᠩᠭᠠᠳᠬᠠᠶ᠎ᠠ︾ ᠭᠡᠬᠦ ᠭᠤᠤᠯ | ᠰᠡᠳᠦᠪ ᠢᠶᠠᠷ ︽ᠬᠤᠪᠢᠰᠬᠠᠯ ᠤᠨ ᠪᠡᠶᠡᠴᠢᠯᠡᠨ ᠣᠶᠢᠯᠠᠭᠠᠬᠤ ᠣᠷᠣᠨ︾ ᠢ ᠭᠤᠤᠯᠳᠠᠯᠭ᠎ᠠ ᠲᠠᠢ ᠪᠠᠶᠢᠭᠤᠯᠵᠤ᠂ | ᠬᠤᠸᠠᠳᠧ ᠰᠢᠶᠠᠨ ᠤ ᠪᠠᠰᠠ ᠨᠢᠭᠡᠨ ᠡᠬᠡ ᠣᠷᠣᠨᠴᠢ ᠦᠵᠡᠯ ᠤᠨ ᠬᠥᠮᠦᠵᠢᠯ ᠤᠨ ᠰᠠᠭᠤᠷᠢᠨ ᠭᠠᠵᠠᠷ᠂ ᠵᠤᠭᠠᠴᠠᠯ ᠤᠨ | ᠦᠵᠡᠮᠵᠢ ᠶᠢᠨ ᠣᠷᠣᠨ ᠪᠣᠯᠭᠠᠭᠰᠠᠨ ᠪᠠᠶᠢᠨ᠎ᠠ᠃ | | | | | | | | ᠣᠷᠴᠢᠭᠤᠯᠤᠭᠴᠢ᠄ ᠭᠡᠷᠡᠯ | | |