ᠬᠤᠸᠠᠳᠧ ᠰᠢᠶᠠᠨ ᠤ ᠵᠠᠰᠠᠭ ᠤᠨ ᠣᠷᠳᠣᠨ ᠤ ᠠᠯᠪᠠᠨ ᠭᠡᠷ ᠤᠨ ᠨᠠᠮ ᠤᠨ ᠡᠭᠦᠷ ︽ᠳᠣᠯᠣᠭᠠᠨ ᠰᠠᠷ᠎ᠠ ᠶᠢᠨ ᠨᠢᠭᠡᠨ · ᠤᠭ ᠰᠠᠨᠠᠭ᠎ᠠ ᠪᠠᠨ ᠦᠯᠦ ᠮᠠᠷᠲᠠᠵᠤ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2019-07-02
  7 ᠰᠠᠷ᠎ᠠ ᠶᠢᠨ 1 ᠤ ᠡᠳᠦᠷ᠂ ᠬᠤᠸᠠᠳᠧ ᠰᠢᠶᠠᠨ ᠤ ᠵᠠᠰᠠᠭ ᠤᠨ ᠣᠷᠳᠣᠨ ᠤ ᠠᠯᠪᠠᠨ ᠭᠡᠷ ᠤᠨ ᠨᠠᠮ ᠤᠨ ᠡᠭᠦᠷ ︽ᠳᠣᠯᠣᠭᠠᠨ ᠰᠠᠷ᠎ᠠ ᠶᠢᠨ ᠨᠢᠭᠡᠨ · ᠤᠭ ᠰᠠᠨᠠᠭ᠎ᠠ ᠪᠠᠨ ᠦᠯᠦ ᠮᠠᠷᠲᠠᠵᠤ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ᠃   ᠵᠠᠰᠠᠭ  ᠤᠨ ᠣᠷᠳᠣᠨ ᠤ ᠠᠯᠪᠠᠨ ᠭᠡᠷ ᠤᠨ ᠡᠷᠬᠢᠯᠡᠭᠴᠢ ᠰᠢᠶᠣᠤ ᠵᠧᠨ ᠢᠦᠶ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪ  ᠤᠨ ᠲᠣᠭᠤᠷᠢᠨ ᠳᠤ᠂ ᠨᠠᠮ ᠤᠨ ᠭᠡᠰᠢᠭᠦᠨ ᠤᠭ ᠰᠠᠨᠠᠭ᠎ᠠ ᠪᠠᠨ ᠬᠦᠢᠴᠡᠳᠬᠡᠵᠦ᠂ ᠲᠣᠰ ᠪᠡᠶ᠎ᠡ ᠶᠢᠨ ᠤᠯᠤᠰ ᠲᠥᠷᠦ ᠶᠢᠨ ᠬᠡᠪ ᠪᠣᠯᠪᠠᠰᠤᠷᠠᠯ ᠪᠣᠯᠤᠨ ᠤᠨᠤᠯ ‍ᠤᠨ‌‍ᠲ᠋ᠦ᠋ᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠰᠢᠷᠭᠠᠭᠤ ᠬᠠᠲᠠᠭᠤᠵᠢᠯᠲᠠᠶ ᠠᠵᠢᠯ ᠤᠨ ᠰᠤᠷᠲᠠᠯ ᠢᠶᠠᠷ᠂ ᠠᠵᠢᠯ ᠤᠨ ᠴᠢᠳᠠᠪᠤᠷᠢ ᠪᠠᠨ ᠤᠯᠠᠮ ᠴᠢᠨᠠᠭᠰᠢᠳᠠ ᠳᠡᠭᠡᠭᠰᠢᠯᠡᠭᠦᠯᠬᠦ ᠬᠡᠷᠡᠭᠲᠡᠶ ᠭᠡᠵᠦ ᠵᠠᠬᠢᠪᠠ  ᠃
  ᠵᠠᠰᠠᠭ  ᠤᠨ ᠣᠷᠳᠣᠨ ᠤ ᠠᠯᠪᠠᠨ ᠭᠡᠷ ᠤᠨ ᠪᠦᠬᠦ ᠨᠠᠮ ᠤᠨ ᠭᠡᠰᠢᠭᠦᠨ ᠺᠠᠳ᠋ᠷᠴᠤᠳ ᠨᠠᠮ ᠤᠨ ᠭᠡᠰᠢᠭᠦᠨ ᠪᠣᠯᠤᠭᠰᠠᠨ ᠤ ᠬᠠᠷᠢᠭᠤᠴᠠᠯᠭ᠎ᠠ ᠪᠣᠯᠤᠨ ᠡᠭᠦᠷᠭᠡ ᠪᠠᠨ ᠴᠠᠭ ᠢᠮᠠᠭᠲᠠ ᠪᠠᠲᠤ ᠴᠡᠭᠡᠵᠢᠯᠡᠵᠦ᠂ ᠦᠨᠡᠨ ᠢ ᠪᠠᠷᠢᠮᠲᠠᠯᠠᠨ ᠪᠣᠳᠠᠲᠠᠶ ᠶᠢ ᠡᠷᠬᠢᠮᠯᠡᠬᠦ ᠠᠵᠢᠯ ‍ᠤᠨ‌‍ᠰᠤᠷᠲᠠᠯ ᠢ ᠪᠠᠷᠢᠮᠲᠠᠯᠠᠵᠤ᠂ ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠨᠠᠩ ᠣᠷᠭᠢᠯᠤᠮ᠎ᠠ ᠬᠠᠯᠠᠭᠤᠨ ᠰᠡᠳᠬᠢᠯᠭᠡ ᠪᠠᠷ ᠠᠵᠢᠯ ᠳᠠᠭᠠᠨ ᠣᠷᠣᠯᠴᠠᠨ᠎ᠠ ᠭᠡᠵᠦ ᠢᠯᠡᠳᠬᠡᠵᠡᠭᠡᠪᠡ᠃   ᠲᠣᠰ  ᠤᠳᠠᠭᠠᠨ ᠤ ᠠᠵᠢᠯᠯᠠᠭ᠎ᠠ ᠶᠢᠨ ᠵᠣᠷᠢᠯᠭ᠎ᠠ ᠨᠢ ᠳᠤᠮᠳᠠᠳᠤ ᠤᠯᠤᠰ ᠤᠨ ᠡᠪ ᠬᠠᠮᠲᠤ ᠨᠠᠮ ᠪᠠᠢᠭᠤᠯᠤᠭᠳᠠᠭᠰᠠᠨ 98 ᠵᠢᠯ ᠤᠨ ᠣᠢ ᠶᠢ ᠳᠤᠷᠠᠰᠬᠠᠵᠤ᠂ ᠨᠠᠮ ᠤᠨ ᠭᠡᠰᠢᠭᠦᠨ ᠤ ᠡᠭᠦᠷᠭᠡ ᠬᠠᠷᠢᠭᠤᠴᠠᠯᠭ᠎ᠠ ᠶᠢᠨ ᠤᠬᠠᠮᠰᠠᠷ ᠢ ᠴᠢᠨᠠᠭᠰᠢᠳᠠ ᠴᠢᠩᠭᠠᠳᠬᠠᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠨᠢᠭᠲᠠᠷᠠᠭᠤᠯᠬᠤ ᠬᠦᠴᠦᠨ ᠪᠣᠯᠤᠨ ᠳᠠᠶᠢᠴᠢᠨ ᠬᠦᠴᠦᠨ ᠢ ᠴᠢᠩᠭᠠᠳᠬᠠᠵᠤ᠂ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠢ ᠥᠷᠨᠢᠭᠦᠯᠬᠦ ᠳᠤ ᠦᠵᠡᠯ ᠰᠠᠨᠠᠭᠠᠨ ᠤ ᠰᠠᠭᠤᠷᠢ ᠶᠢ ᠲᠠᠯᠪᠢᠵᠠᠢ᠃                                                    ᠤᠷᠴᠢᠭᠤᠯᠤᠭᠴᠢ᠄ ᠲᠠᠭᠤᠯᠠ
 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠲᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2