ᠣᠶᠢᠷ᠎ᠠ ᠶᠢᠨ ᠵᠢᠯ ᠠᠴᠠ ᠨᠠᠭᠠᠰᠢ᠂ ᠬᠤᠸᠠᠳᠧ ᠰᠢᠶᠠᠨ ᠠᠮᠢ ᠠᠬᠤᠶ ᠣᠷᠴᠢᠨ ᠲᠣᠭᠤᠷᠢᠨ ᠤ ᠳᠣᠪᠤᠶᠢᠮ᠎ᠠ | ᠠᠰᠠᠭᠤᠳᠠᠯ ᠢ ᠰᠢᠢᠳᠪᠤᠷᠢᠯᠡᠬᠦ ᠪᠠᠷ ᠠᠷᠠᠳ ᠤᠨ ᠠᠮᠢᠳᠤᠷᠠᠯ ᠤᠨ ᠲᠡᠷᠢᠭᠦᠨ ᠳᠤ ᠲᠠᠯᠪᠢᠵᠤ᠂ ᠠᠮᠢ ᠠᠬᠤᠢ ᠶᠢᠨ | ᠪᠦᠲᠦᠭᠡᠨ ᠪᠠᠶᠢᠭᠤᠯᠤᠯᠲᠠ ᠪᠣᠯᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠬᠦᠴᠦᠯᠡᠨ ᠠᠬᠢᠭᠤᠯᠵᠤ᠂ | ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠬᠤ ᠳᠤ ᠪᠠᠲᠤ ᠪᠠᠬᠢ | ᠰᠠᠭᠤᠷᠢ ᠲᠠᠯᠪᠢᠵᠤ ᠥᠭᠴᠡᠶ᠃ | ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠨ᠎ᠠ᠃ ᠪᠣᠬᠢᠷᠲᠤᠯ ᠢ ᠰᠡᠷᠭᠡᠶᠢᠯᠡᠨ ᠵᠠᠰᠠᠬᠤ | ᠪᠣᠭᠤᠮᠲᠠ ᠰᠢᠪᠲᠤᠯᠬᠤ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠰᠢᠶᠠᠨ ᠤ ᠨᠠᠮ ᠤᠨ ᠬᠤᠷᠢᠶ᠎ᠠ᠂ | ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠣᠷᠴᠢᠨ ᠠᠬᠤᠢ ᠶᠢᠨ ᠬᠠᠮᠠᠭᠠᠯᠠᠯᠲᠠ ᠶᠢᠨ | ᠠᠵᠢᠯ ᠤᠨ ᠲᠤᠰᠢᠶᠠᠯ ᠬᠠᠷᠢᠭᠤᠴᠠᠯᠭ᠎ᠠ ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ︽ᠬᠤᠸᠠᠳᠧ ᠰᠢᠶᠠᠨ ᠤ | ᠣᠷᠴᠢᠨ ᠠᠬᠤᠢ ᠶᠢᠨ ᠬᠢᠨᠠᠯᠲᠠ ᠬᠠᠮᠢᠶᠠᠷᠤᠯᠲᠠ ᠶᠢᠨ ᠰᠦᠯᠵᠢᠶᠡᠵᠢᠭᠰᠡᠨ ᠬᠠᠮᠢᠶᠠᠷᠤᠯᠲᠠ ᠶᠢᠨ ᠬᠡᠷᠡᠭᠵᠢᠭᠦᠯᠬᠦ ᠲᠥᠰᠦᠯ︾ | ᠢ ᠲᠣᠭᠲᠠᠭᠠᠨ ᠳᠠᠷᠤᠮᠠᠯᠯᠠᠨ ᠲᠠᠷᠬᠠᠭᠠᠵᠤ᠂ ᠡᠯ᠎ᠡ ᠱᠠᠲᠤᠨ ᠤ ᠬᠢᠨᠠᠯᠲᠠ ᠬᠠᠮᠢᠶᠠᠷᠤᠯᠲᠠ ᠶᠢᠨ ᠲᠣᠤᠷ ᠢ ᠨᠡᠶᠢᠲᠡ | 103 ᠲᠣᠬᠢᠷᠠᠭᠤᠯᠵᠤ᠂ ᠬᠠᠷᠢᠭᠤᠴᠠᠯᠭ᠎ᠠ ᠶᠢᠨ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠳᠤ ᠪᠣᠳᠠᠲᠠᠶ ᠪᠠᠷ | ᠬᠤᠪᠢᠶᠠᠷᠢᠯᠠᠨ ᠨᠠᠶᠢᠳᠠᠪᠤᠷᠢᠵᠢᠭᠤᠯᠬᠤ᠂ ᠬᠥᠨᠳᠡᠯᠡᠨ ᠢᠶᠠᠷ ᠵᠠᠬ᠎ᠠ ᠬᠢᠵᠠᠭᠠᠷ ᠣᠷᠣᠨ᠂ ᠭᠤᠯᠳᠤ ᠪᠠᠷ ᠡᠴᠦᠰ ᠲᠤᠨᠢ | ᠲᠤᠯᠲᠠᠯ᠎ᠠ ᠬᠢᠬᠦ ᠣᠷᠴᠢᠨ ᠠᠬᠤᠢ ᠶᠢᠨ ᠬᠠᠮᠠᠭᠠᠯᠠᠯᠲᠠ ᠶᠢᠨ ᠬᠠᠷᠢᠭᠤᠴᠠᠯᠭ᠎ᠠ ᠶᠢᠨ ᠰᠢᠰᠲ᠋ᠧᠮ ᠢ ᠪᠦᠷᠢᠯᠳᠦᠭᠦᠯᠪᠡ᠃ | ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠪᠣᠭᠤᠮᠲᠠ ᠶᠢ ᠴᠢᠩᠭ᠎ᠠ ᠠᠳᠬᠤᠵᠤ᠂ ︽ | ᠭᠤᠷᠪᠠ ᠶᠢ ᠵᠡᠷᠭᠡ ᠳᠤᠨᠢ ᠬᠢᠬᠦ︾ ᠬᠠᠮᠢᠶᠠᠷᠤᠯᠲᠠ ᠶᠢ ᠴᠢᠩᠭ᠎ᠠ ᠬᠡᠷᠡᠭᠵᠢᠭᠦᠯᠵᠦ᠂ ᠪᠦᠲᠦᠭᠡᠨ ᠪᠠᠶᠢᠭᠤᠯᠤᠯᠲᠠ ᠶᠢᠨ | ᠲᠥᠷᠥᠯ ᠵᠦᠢᠯ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠤᠨ ᠳᠤᠮᠳᠠᠬᠢ᠂ ᠬᠡᠷᠡᠭ ᠤᠨ ᠳᠠᠷᠠᠭᠠᠬᠢ | ᠬᠢᠨᠠᠯᠲᠠ ᠬᠠᠮᠢᠶᠠᠷᠤᠯᠲᠠ ᠶᠢᠨ ᠠᠵᠢᠯ ᠢ ᠴᠢᠩᠭᠠᠳᠬᠠᠨ᠂ ᠣᠷᠴᠢᠨ ᠲᠣᠭᠤᠷᠢᠨ ᠤ ᠪᠣᠬᠢᠷᠲᠤᠯ ᠪᠠ ᠠᠮᠢ ᠠᠬᠤᠢ ᠶᠢᠨ | ᠡᠪᠳᠡᠭᠳᠡᠯ ᠢ ᠡᠬᠢ ᠡᠭᠦᠰᠦᠯ ᠠᠴᠠ ᠨᠢ ᠰᠡᠷᠭᠡᠶᠢᠯᠡᠪᠡ᠃ | ᠣᠷᠴᠢᠨ ᠠᠬᠤᠢ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠬᠦᠴᠦᠲᠡᠶ ᠠᠳᠬᠤᠨ᠎ᠠ᠃ ︽ᠬᠤᠸᠠᠳᠧ | ᠰᠢᠶᠠᠨ ᠤ ᠪᠣᠬᠢᠷᠲᠤᠯ ᠢ ᠰᠡᠷᠭᠡᠶᠢᠯᠡᠨ ᠵᠠᠰᠠᠬᠤ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ︾ ᠶᠢ ᠲᠣᠭᠲᠠᠭᠠᠵᠤ᠂ | ︽ᠰᠢᠲᠠᠮᠠᠬᠠᠶ ᠬᠡᠢ ᠶᠢᠨ ᠠᠷᠪᠠᠨ ᠵᠤᠷᠪᠤᠰ︾᠂ ︽ᠤᠰᠤᠨ ᠤ ᠠᠷᠪᠠᠨ ᠵᠤᠷᠪᠤᠰ︾᠂ ︽ᠬᠦᠷᠦᠰᠦ ᠰᠢᠷᠣᠶ ᠶᠢᠨ | ᠠᠷᠪᠠᠨ ᠵᠤᠷᠪᠤᠰ︾ ᠢ ᠴᠢᠩᠭ᠎ᠠ ᠬᠡᠷᠡᠭᠵᠢᠭᠦᠯᠵᠦ᠂ ᠠᠭᠠᠷ ᠮᠠᠨᠳᠠᠯ᠂ ᠤᠰᠤ᠂ ᠬᠦᠷᠦᠰᠦ ᠰᠢᠷᠤᠢ ᠶᠢᠨ ᠪᠣᠬᠢᠷᠳᠤᠯ ᠢ | ᠵᠠᠰᠠᠬᠤ ᠪᠠ ᠬᠠᠮᠠᠭᠠᠯᠠᠬᠤ ᠠᠵᠢᠯ ᠢ ᠢᠳᠡᠪᠬᠢᠲᠡᠢ ᠰᠠᠶᠢᠲᠤᠷ ᠬᠢᠪᠡ᠃ ᠬᠤᠲᠠ ᠪᠠᠯᠭᠠᠰᠤᠨ ᠤ ᠬᠢᠨᠠᠨ ᠬᠡᠮᠵᠢᠬᠦ | ᠥᠷᠲᠡᠭᠡ ᠶᠢ ᠪᠠᠶᠢᠭᠤᠯᠵᠤ᠂ ᠠᠵᠤ ᠦᠢᠯᠡᠳᠪᠤᠷᠢ ᠶᠢᠨ ᠬᠦᠷᠢᠶᠡᠯᠡᠩ ᠲᠣᠭᠤᠷᠢᠭ ᠤᠨ ᠠᠭᠤᠷᠬᠠᠢ ᠶᠢᠨ ᠬᠠᠯᠠᠭᠤᠨ | ᠵᠤᠤᠬ᠎ᠠ ᠶᠢ ᠪᠦᠬᠦᠨ ᠢ ᠰᠦᠯᠵᠢᠶᠡᠨ ᠳᠡᠭᠡᠷ᠎ᠡ ᠬᠢᠨᠠᠨ ᠡᠵᠡᠮᠳᠡᠬᠦ ᠶᠢ ᠪᠡᠶᠡᠯᠡᠭᠦᠯᠪᠡ︔ ᠭᠦᠸᠧᠯᠦ ᠶᠢ ᠰᠢᠭᠰᠢᠭᠳᠡᠭᠦᠯᠬᠦ ᠪᠠ | ᠴᠡᠭᠴᠡᠯᠡᠨ ᠵᠠᠰᠠᠬᠤ ᠶᠢ ᠠᠬᠢᠭᠤᠯᠵᠤ᠂ ᠵᠢᠵᠢᠭ ᠭᠦᠸᠧᠯᠦ ᠶᠢ ᠴᠡᠪᠡᠷᠯᠡᠨ ᠪᠠᠶᠢᠴᠠᠭᠠᠬᠤ ᠠᠵᠢᠯ ᠢ ᠪᠡᠶᠡᠯᠡᠭᠦᠯᠵᠦ᠂ ᠬᠤᠭ | ᠰᠢᠷᠣᠶ ᠮᠠᠯᠲᠠᠵᠤ ᠵᠥᠭᠡᠭᠡᠪᠤᠷᠢᠯᠡᠬᠦ ᠠᠵᠢᠯ ᠢ ᠵᠢᠷᠤᠮᠵᠢᠭᠤᠯᠤᠨ ᠬᠠᠮᠢᠶᠠᠷᠴᠤ᠂ ᠡᠯ᠎ᠡ ᠪᠠᠷᠢᠯᠭ᠎ᠠ ᠶᠢᠨ ᠭᠠᠵᠠᠷ ᠤᠨ | ᠲᠣᠭᠤᠰᠣ ᠳᠡᠭᠳᠡᠬᠦ ᠶᠢ ᠰᠡᠷᠭᠡᠶᠢᠯᠡᠨ ᠡᠵᠡᠮᠳᠡᠬᠦ ᠪᠠᠷᠢᠮᠵᠢᠶ᠎ᠠ ᠶᠢᠨ ᠱᠠᠭᠠᠷᠳᠠᠯᠭ᠎ᠠ ᠳᠤ ᠬᠦᠷᠦᠭᠦᠯᠬᠦ ᠶᠢ ᠦᠨᠡᠨᠬᠦ ᠪᠠᠲᠤᠯᠠᠪᠠ | ︔ ᠨᠠᠮᠤᠷ ᠤᠨ ᠬᠤᠷᠢᠶᠠᠯᠲᠠ ᠶᠢᠨ ᠳᠠᠷᠠᠭ᠎ᠠ ᠡᠰᠢ ᠰᠦᠷᠢᠯ ᠰᠢᠲᠠᠭᠠᠬᠤ ᠶᠢ ᠲᠣᠭᠤᠷᠢᠨ ᠪᠠᠶᠢᠴᠠᠭᠠᠬᠤ ᠡᠷᠴᠢᠮ ᠢᠶᠠᠨ | ᠴᠢᠩᠭᠠᠷᠠᠭᠤᠯᠵᠤ᠂ ᠲᠠᠷᠢᠶᠠᠴᠢᠳ ᠢ ᠬᠥᠲᠥᠯᠥᠨ ᠵᠢᠯᠣᠭᠤᠳᠴᠤ ᠡᠰᠢ ᠰᠦᠷᠡᠯ ᠪᠣᠯᠤᠨ ᠬᠥᠳᠡᠭᠡ ᠲᠣᠰᠬᠤᠨ ᠤ ᠬᠤᠭ | ᠨᠣᠪᠰᠢ ᠶᠢ ᠵᠣᠬᠢᠰᠲᠠᠶ ᠰᠢᠢᠳᠪᠤᠷᠢᠯᠡᠵᠦ᠂ ᠠᠭᠠᠷ ᠮᠠᠨᠳᠠᠯ ᠤᠨ ᠪᠣᠬᠢᠷᠲᠤᠯ ᠢ ᠬᠠᠮᠤᠭ ᠤᠨ ᠶᠡᠭᠡ ᠬᠡᠮᠵᠢᠶ᠎ᠡ ᠪᠠᠷ | ᠪᠠᠭᠠᠰᠬᠠᠪᠠ᠃ ︽ᠭᠤᠤᠯ ᠮᠥᠷᠡᠨ ᠤ ᠳᠠᠷᠤᠭ᠎ᠠ ᠶᠢᠨ ᠳᠦᠷᠢᠮ︾ ᠤᠨ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠵᠦ᠂ | ᠬᠤᠲᠠ ᠪᠠᠯᠭᠠᠰᠤᠨ ᠤ ᠪᠣᠬᠢᠷ ᠤᠰᠤᠨ ᠤ ᠬᠤᠭᠤᠯᠠᠶ ᠶᠢᠨ ᠲᠣᠤᠷ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ | ᠰᠢᠶᠠᠨ ᠤ ᠬᠤᠲᠠ ᠶᠢᠨ ᠪᠣᠬᠢᠷ ᠤᠰᠤ ᠶᠢ ᠴᠤᠭᠯᠠᠭᠤᠯᠤᠨ ᠰᠢᠢᠳᠪᠤᠷᠢᠯᠡᠬᠦ ᠨᠣᠷᠮ᠎ᠠ ᠶᠢ 80 % ᠠᠴᠠ ᠳᠡᠭᠡᠭᠰᠢ ᠳᠤ | ᠬᠦᠷᠭᠡᠪᠡ︔ ᠤᠰᠤᠨ ᠰᠤᠷᠪᠤᠯᠵᠢ ᠶᠢᠨ ᠣᠷᠣᠨ ᠤ ᠠᠦ᠋ᠲ᠋ᠣᠴᠢᠯᠠᠭᠰᠠᠨ ᠬᠢᠨᠠᠨ ᠡᠵᠡᠮᠳᠡᠬᠦ ᠲᠠᠪᠴᠠᠩ ᠪᠠ ᠤᠰᠤᠨ ᠤ | ᠴᠢᠨᠠᠷ ᠢ ᠪᠠᠶᠢᠴᠠᠭᠠᠨ ᠰᠢᠯᠭᠠᠬᠤ ᠲᠥᠪ ᠢ ᠪᠠᠶᠢᠭᠤᠯᠵᠤ᠂ ᠠᠷᠠᠳ ᠣᠯᠠᠨ ᠤ ᠤᠰᠤ ᠤᠮᠳᠠ ᠶᠢᠨ ᠠᠮᠤᠷ | ᠲᠦᠪᠰᠢᠨ ᠢ ᠪᠦᠲᠦᠮᠵᠢᠲᠡᠢ ᠪᠠᠲᠤᠯᠠᠪᠠ᠃ ᠠᠭᠤᠷᠬᠠᠢ ᠶᠢᠨ ᠵᠠᠰᠠᠯᠲᠠ ᠶᠢᠨ ᠡᠷᠴᠢᠮ ᠢᠶᠠᠨ ᠴᠢᠩᠭᠠᠷᠠᠭᠤᠯᠵᠤ᠂ | ᠬᠥᠬᠡᠭᠴᠢᠨ ᠲᠥᠷᠥᠯ ᠤᠨ 9 ᠠᠭᠤᠷᠬᠠᠢ ᠶᠢ ᠪᠦᠬᠦᠨ ᠢ ᠬᠠᠭᠠᠵᠤ ᠵᠣᠭᠰᠣᠭᠠᠪᠠ︔ ᠬᠦᠷᠢᠶᠡᠯᠡᠩ ᠲᠣᠭᠤᠷᠢᠭ ᠤᠨ | ᠬᠠᠶᠠᠭᠳᠠᠮᠠᠯ ᠰᠢᠭᠠᠷᠤ ᠶᠢ ᠰᠢᠢᠳᠪᠤᠷᠢᠯᠡᠬᠦ ᠡᠷᠴᠢᠮ ᠢᠶᠠᠨ ᠴᠢᠩᠭᠠᠷᠠᠭᠤᠯᠵᠤ᠂ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠱᠠᠭᠠᠷᠳᠠᠯᠭ᠎ᠠ ᠳᠤ ᠬᠦᠷᠬᠦ ᠥᠬᠡᠶ 2 ᠨᠢᠺᠤᠯ ᠤᠨ ᠲᠡᠮᠦᠷ ᠤᠨ ᠠᠵᠤ ᠠᠬᠤᠶᠢᠯᠠᠯ ᠢ ᠬᠠᠭᠠᠵᠤ | ᠵᠣᠭᠰᠣᠭᠠᠨ᠂ ᠤᠤᠯ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠭᠠᠷᠳᠠᠯᠭ᠎ᠠ ᠳᠤ ᠨᠡᠶᠢᠴᠡᠬᠦ ᠥᠬᠡᠶ ᠪᠠᠶᠢᠭᠰᠠᠨ | ᠬᠠᠶᠠᠭᠳᠠᠮᠠᠯ ᠰᠢᠭᠠᠷᠤ ᠶᠢᠨ ᠲᠠᠯᠠᠪᠠᠢ ᠶᠢ ᠬᠠᠭᠠᠵᠤ ᠵᠣᠭᠰᠣᠭᠠᠬᠤ ᠶᠢᠨ ᠬᠠᠮᠲᠤ ᠠᠮᠢ ᠠᠬᠤᠢ ᠶᠢᠨ ᠰᠡᠷᠭᠦᠭᠡᠯᠲᠡ ᠬᠢᠵᠦ᠂ | ᠤᠤᠯ ᠤᠨ ᠬᠠᠶᠠᠭᠳᠠᠮᠠᠯ ᠰᠢᠭᠠᠷᠤ ᠶᠢᠨ ᠲᠠᠯᠠᠪᠠᠢ ᠶᠢᠨ ᠣᠶᠢᠷ᠎ᠠ ᠬᠠᠪᠢ ᠳᠤ 200 ᠮᠦ ᠬᠠᠶᠠᠭᠳᠠᠮᠠᠯ ᠰᠢᠭᠠᠷᠤ ᠶᠢᠨ | ᠲᠠᠯᠠᠪᠠᠢ ᠶᠢ ᠰᠢᠨ᠎ᠡ ᠪᠠᠷ ᠪᠠᠶᠢᠭᠤᠯᠬᠤ ᠶᠢᠨ ᠬᠠᠮᠲᠤ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠭᠠᠷᠳᠠᠯᠭ᠎ᠠ | ᠶᠣᠰᠣᠭᠠᠷ ᠣᠷᠴᠢᠨ ᠲᠣᠭᠤᠷᠢᠨ ᠤ ᠬᠠᠮᠠᠭᠠᠯᠠᠯᠲᠠ ᠵᠢᠨᠰᠢᠢᠳᠪᠤᠷᠢᠯᠡᠬᠦ ᠪᠡᠯᠡᠳᠬᠡᠮᠵᠢ ᠶᠢ ᠲᠡᠭᠦᠯᠳᠡᠷᠵᠢᠭᠦᠯᠪᠡ᠃ | ᠡᠭᠦᠨ ᠤ ᠬᠠᠮᠲᠤ᠂ ᠬᠥᠳᠡᠭᠡ ᠲᠣᠰᠬᠤᠨ ᠤ ᠬᠢᠮᠢ ᠶᠢᠨ ᠪᠣᠷᠳᠣᠭᠤᠷ ᠲᠠᠷᠢᠶᠠᠯᠠᠩ ᠤᠨ ᠡᠮ ᠤᠨ ᠪᠣᠬᠢᠷᠲᠤᠯ ᠢ ᠲᠤᠰᠬᠠᠶ | ᠵᠠᠰᠠᠬᠤ ᠪᠠ ᠶᠡᠷᠦᠩᠬᠡᠶᠢᠯᠡᠨ ᠵᠠᠰᠠᠬᠤ ᠶᠢ ᠳᠣᠪᠤᠶᠢᠯᠭᠠᠵᠤ᠂ ᠲᠠᠷᠢᠶᠠᠯᠠᠩ ᠳᠤ ᠬᠡᠷᠡᠭᠯᠡᠬᠦ ᠭᠠᠵᠠᠷ ᠤᠨ ᠨᠠᠷᠢᠨ | ᠪᠠᠶᠢᠴᠠᠭᠠᠯᠲᠠ ᠴᠡᠭ ᠪᠠᠶᠢᠷᠢ ᠶᠢ ᠬᠢᠨᠠᠨ ᠬᠠᠷᠭᠤᠭᠤᠯᠬᠤ ᠠᠵᠢᠯ ᠢ ᠥᠷᠨᠢᠭᠦᠯᠵᠦ᠂ ᠲᠠᠷᠢᠶᠠᠴᠢᠳ ᠢ ᠢᠳᠡᠪᠬᠢᠲᠡᠶ ᠪᠠᠷ | ᠬᠥᠲᠥᠯᠥᠨ ᠵᠢᠯᠣᠭᠤᠳᠴᠤ ᠪᠠᠶᠢᠭᠠᠳ ᠲᠠᠷᠢᠶᠠᠨ ᠡᠮ ᠢ ᠵᠦᠶ ᠵᠣᠬᠢᠰᠲᠠᠶ ᠬᠡᠷᠡᠭᠯᠡᠭᠦᠯᠵᠦ᠂ ᠲᠠᠷᠢᠶᠠᠴᠢᠳ ᠤᠨ ᠬᠥᠷᠥᠰᠥ | ᠰᠢᠷᠣᠶ ᠶᠢ ᠬᠠᠮᠠᠭᠠᠯᠠᠬᠤ ᠤᠬᠠᠮᠰᠠᠷ ᠢ ᠳᠡᠭᠡᠭᠰᠢᠯᠡᠭᠦᠯᠪᠡ᠃ | ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠲᠦᠯᠬᠢᠨ ᠠᠬᠢᠭᠤᠯᠤᠨ᠎ᠠ᠃ ᠪᠦᠬᠦ | ᠰᠢᠶᠠᠨ ᠨᠡᠶᠢᠲᠡ 2235 ᠲᠦᠮᠡᠨ ᠲᠥᠭᠦᠷᠢᠭ ᠤᠨ ᠪᠡᠯᠡ ᠣᠷᠣᠭᠤᠯᠵᠤ᠂ 2.9 ᠲᠦᠮᠡᠨ ᠮᠦ ᠰᠠᠯᠬᠢ ᠡᠯᠡᠰᠦᠨ ᠤ | ᠡᠬᠢ ᠶᠢ ᠵᠠᠰᠠᠬᠤ ᠢᠨᠵᠧᠨᠧᠷᠢᠩ ᠢ ᠬᠡᠷᠡᠭᠵᠢᠭᠦᠯᠪᠡ᠃ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠠᠵᠤ | ᠠᠬᠤᠢ ᠶᠢᠨ ᠣᠢ ᠶᠢᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠠᠵᠤ ᠠᠬᠤᠢ ᠶᠢᠨ ᠣᠢ ᠶᠢᠨ | ᠪᠦᠲᠦᠭᠡᠨ ᠪᠠᠶᠢᠭᠤᠯᠤᠯᠲᠠ ᠶᠢ ᠨᠡᠶᠢᠲᠡ 1 ᠲᠦᠮᠡᠨ ᠮᠦ ᠪᠡᠶᠡᠯᠡᠭᠦᠯᠪᠡ︔ 2012 ᠣᠨ ᠠᠴᠠ ᠨᠠᠰᠢ | ᠬᠡᠷᠡᠭᠵᠢᠭᠦᠯᠦᠭᠰᠡᠨ ᠬᠤᠭᠤᠴᠠᠭ᠎ᠠ ᠨᠢ ᠲᠤᠯᠤᠭᠰᠠᠨ ᠭᠤᠤᠯᠳᠠᠯᠭ᠎ᠠ ᠲᠠᠢ ᠣᠷᠣᠨ ᠪᠦᠰᠡ ᠶᠢᠨ | ᠨᠣᠭᠤᠭᠠᠷᠠᠭᠤᠯᠤᠯᠲᠠ ᠶᠢᠨ ᠢᠨᠵᠧᠨᠧᠷᠢᠩ ᠢ ᠤᠰᠤᠯᠠᠨ ᠪᠣᠶᠢᠵᠢᠭᠤᠯᠵᠤ᠂ ᠮᠤᠵᠢ ᠶᠢᠨ ᠬᠤᠭᠤᠷᠣᠨᠳᠣᠬᠢ ᠢᠵᠢᠯ | ᠵᠠᠮ ᠤᠨ ᠬᠤᠶᠠᠷ ᠬᠠᠵᠠᠭᠤ᠂ 2013 ᠣᠨ᠂ 2014 ᠣᠨ ᠤ ᠠᠯᠪᠠᠨ ᠵᠢᠷᠤᠮ ᠤᠨ ᠮᠣᠳᠣ ᠲᠠᠷᠢᠬᠤ ᠰᠠᠭᠤᠷᠢᠨ | ᠭᠠᠵᠠᠷ ᠤᠨ ᠤᠰᠤᠯᠠᠨᠪᠣᠶᠢᠵᠢᠭᠤᠯᠬᠤ ᠠᠵᠢᠯ ᠢ ᠪᠡᠶᠡᠯᠡᠭᠦᠯᠪᠡ︔ ᠦᠩᠭᠡᠷᠡᠭᠰᠡᠨ ᠬᠡᠰᠡᠭ ᠲᠣᠰᠬᠤᠨ ᠤ | ᠨᠣᠭᠤᠭᠠᠷᠠᠭᠤᠯᠤᠯᠲᠠ ᠶᠢᠨ ᠢᠨᠵᠧᠨᠧᠷᠢᠩ ᠢ ᠨᠥᠬᠦᠨ ᠲᠠᠷᠢᠵᠤ ᠪᠣᠶᠢᠵᠢᠭᠤᠯᠤᠨ᠂ ᠨᠡᠶᠢᠲᠡ ᠲᠦᠮᠡᠨ ᠰᠢᠬᠠᠭᠤ | ᠰᠠᠭᠤᠷᠢ ᠴᠢᠬᠢ ᠮᠣᠳᠣ ᠲᠠᠷᠬᠠᠭᠠᠪᠠ᠃ ᠰᠠᠯᠬᠢ ᠡᠯᠡᠰᠦᠨ ᠤ ᠡᠬᠢ ᠶᠢ ᠵᠠᠰᠠᠬᠤ ᠬᠤᠶᠠᠳᠤᠭᠠᠷ ᠬᠤᠭᠤᠴᠠᠭᠠᠨ ᠤ | ᠤᠰᠤᠨ ᠠᠰᠢᠭᠯᠠᠯᠲᠠ ᠤᠰᠤᠨ ᠤ ᠬᠠᠮᠠᠭᠠᠯᠠᠯᠲᠠ ᠶᠢᠨ ᠢᠨᠵᠧᠨᠧᠷᠢᠩ ᠢ ᠬᠡᠷᠡᠭᠵᠢᠭᠦᠯᠵᠦ᠂ 1500 ᠮᠦ ᠥᠨᠳᠥᠷ | ᠦᠷ᠎ᠡ ᠠᠰᠢᠭᠲᠤ ᠤᠰᠤ ᠠᠷᠪᠢᠯᠠᠬᠤ ᠢᠨᠵᠧᠨᠧᠷᠢᠩ ᠢ ᠬᠥᠭᠵᠢᠭᠦᠯᠵᠦ᠂ 1.5 ᠲᠦᠮᠡᠨ ᠮᠦ ᠵᠢᠵᠢᠭ ᠰᠠᠪᠠ ᠭᠠᠵᠠᠷ ᠢ | ᠵᠠᠰᠠᠬᠤ ᠢᠨᠵᠧᠨᠧᠷᠢᠩ ᠢ ᠬᠡᠷᠡᠭᠵᠢᠭᠦᠯᠵᠦ᠂ 3 ᠰᠠᠭᠤᠷᠢ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠤᠰᠤᠨ | ᠠᠰᠢᠭᠯᠠᠯᠲᠠ ᠶᠢᠨ ᠪᠠᠷᠢᠯᠭ᠎ᠠ ᠶᠢ ᠰᠡᠯᠪᠢᠨ ᠵᠠᠰᠠᠵᠤ ᠠᠷᠠᠴᠢᠯᠠᠨ ᠬᠠᠮᠠᠭᠠᠯᠠᠪᠠ᠃ ᠲᠠᠯ᠎ᠠ ᠨᠤᠲᠤᠭ ᠤᠨ ᠠᠮᠢ ᠠᠬᠤᠢ ᠶᠢᠨ | ᠬᠠᠮᠠᠭᠠᠯᠠᠯᠲᠠ ᠶᠢ ᠴᠢᠩᠭᠠᠳᠬᠠᠵᠤ᠂ ᠪᠦᠬᠦ ᠵᠢᠯ ᠳᠤ 25 ᠲᠦᠮᠡᠨ ᠮᠤ᠋ ᠬᠥᠮᠦᠨ ᠤ ᠬᠦᠴᠦ ᠪᠠᠷ ᠡᠪᠡᠰᠦ ᠲᠠᠷᠢᠵᠤ᠂ | 18 ᠲᠦᠮᠡᠨ ᠮᠤ᠋ ᠬᠤᠯᠤᠭᠠᠨ᠎ᠠ ᠶᠢᠨ ᠭᠠᠮᠰᠢᠭ ᠢ ᠰᠡᠷᠭᠡᠶᠢᠯᠡᠨ ᠵᠠᠰᠠᠵᠤ᠂ 24 ᠲᠦᠮᠡᠨ ᠮᠤ᠋ ᠬᠤᠷᠣᠬᠠᠶ ᠶᠢᠨ | ᠬᠥᠨᠥᠭᠡᠯ ᠢ ᠰᠡᠷᠭᠡᠶᠢᠯᠡᠨ ᠵᠠᠰᠠᠪᠠ᠃ ᠡᠭᠦᠨ ᠤ ᠬᠠᠮᠲᠤ᠂ ᠠᠮᠢ ᠠᠬᠤᠢ ᠶᠢᠨ ᠬᠠᠮᠢᠶᠠᠷᠤᠯᠲᠠ ᠬᠠᠮᠠᠭᠠᠯᠠᠯᠲᠠ ᠶᠢ | ᠴᠢᠩᠭᠠᠳᠬᠠᠵᠤ᠂ ᠨᠤᠲᠤᠭ ᠪᠡᠯᠴᠢᠭᠡᠷ ᠤᠨ ᠨᠦᠬᠦᠪᠦᠷᠢ ᠱᠠᠩᠨᠠᠯ᠂ ᠬᠠᠰᠢᠶᠠᠯᠠᠬᠤ ᠲᠥᠷᠥ ᠶᠢᠨ ᠪᠣᠳᠣᠯᠭ᠎ᠠ ᠶᠢ | ᠢᠳᠡᠪᠬᠢᠲᠡᠢ ᠨᠠᠶᠢᠳᠠᠪᠤᠷᠢᠵᠢᠭᠤᠯᠤᠨ᠂ ᠣᠢ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠬᠠᠷᠢᠭᠤᠴᠠᠯᠭ᠎ᠠ ᠶᠢᠨ | ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠮᠠᠷ ᠪᠣᠰᠤ ᠪᠠᠷ ᠣᠯᠣᠭᠰᠠᠨ ᠠᠮᠢ ᠠᠬᠤᠢ ᠶᠢᠨ ᠦᠷ᠎ᠡ | ᠪᠦᠲᠦᠭᠡᠯ ᠢ ᠰᠠᠶᠢᠲᠤᠷ ᠬᠠᠮᠠᠭᠠᠯᠠᠨ᠎ᠠ᠃ | ᠣᠷᠴᠢᠭᠤᠯᠤᠭᠴᠢ᠄ ᠭᠡᠷᠡᠯ |