ᠨᠢᠭᠡ᠂ ᠪᠠᠶᠢᠭᠤᠯᠤᠮᠵᠢ ᠶᠢᠨ ᠪᠠᠶᠢᠭᠤᠯᠤᠯᠲᠠ | 1986 ᠣᠨ ᠤ 6 ᠰᠠᠷ᠎ᠠ ᠳᠤ᠂ ᠬᠤᠸᠠᠳᠧ ᠰᠢᠶᠠᠨ ︽ᠬᠤᠸᠠᠳᠧ ᠰᠢᠶᠠᠨ ᠤ ᠶᠠᠳᠠᠭᠤ ᠬᠦᠴᠢᠷᠳᠡᠯᠲᠡᠶ ᠭᠠᠵᠠᠷ | ᠣᠷᠣᠨ ᠤ ᠪᠦᠲᠦᠭᠡᠨ ᠪᠠᠶᠢᠭᠤᠯᠤᠯᠲᠠ ᠶᠢᠨ ᠠᠯᠪᠠᠨ ᠭᠡᠷ︾ ᠢ ᠪᠠᠶᠢᠭᠤᠯᠵᠠᠢ᠂ ᠰᠠᠯᠠᠭᠠᠨ ᠤ ᠲᠡᠰ ᠤᠨ ᠪᠠᠶᠢᠭᠤᠯᠤᠮᠵᠢ | ᠪᠣᠯᠣᠨ᠎ᠠ᠃ | 1990 ᠣᠨ ᠤ 12 ᠰᠠᠷ᠎ᠠ ᠠᠴᠠ 1992 ᠣᠨ 11 ᠰᠠᠷ᠎ᠠ ᠪᠣᠯᠲᠠᠯ᠎ᠠ ᠬᠤᠸᠠᠳᠧ ᠰᠢᠶᠠᠨ ᠤ ᠶᠠᠳᠠᠭᠤ | ᠬᠦᠴᠢᠷᠳᠡᠯ ᠲᠠᠢ ᠭᠠᠵᠠᠷ ᠣᠷᠣᠨ ᠤ ᠠᠵᠤ ᠠᠬᠤᠶ ᠶᠢ ᠨᠡᠭᠡᠭᠡᠨ ᠬᠥᠭᠵᠢᠭᠦᠯᠬᠦ ᠠᠯᠪᠠᠨ ᠭᠡᠷ ᠭᠡᠵᠦ ᠨᠡᠷᠡᠶᠢᠳᠬᠦ ᠪᠣᠯᠪᠠ᠃ | | 1992 ᠣᠨ ᠤ 12 ᠰᠠᠷ᠎ᠠ ᠠᠴᠠ ᠣᠳᠣ ᠪᠣᠯᠲᠠᠯ᠎ᠠ ᠬᠤᠸᠠᠳᠧ ᠰᠢᠶᠠᠨ ᠤ ᠶᠠᠳᠠᠭᠤ ᠶᠢ ᠲᠡᠳᠬᠦᠵᠦ ᠨᠡᠭᠡᠭᠡᠨ | ᠬᠥᠭᠵᠢᠭᠦᠯᠬᠦ ᠠᠯᠪᠠᠨ ᠭᠡᠷ ᠭᠡᠵᠦ ᠨᠡᠷᠡᠶᠢᠳᠬᠦ ᠪᠣᠯᠵᠠᠶ᠃ | 1998 ᠣᠨ ᠤ 1 ᠰᠠᠷ᠎ᠠ ᠳᠤ ᠬᠤᠸᠠᠳᠧ ᠰᠢᠶᠠᠨ ᠤ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠯᠪᠠᠨ | ᠭᠡᠷ ᠢ ᠵᠠᠰᠠᠭ ᠵᠠᠬᠢᠷᠭᠠᠨ ᠤ ᠨᠢᠭᠡᠴᠡ ᠪᠠᠷ ᠳᠠᠬᠢᠨ ᠬᠢᠨᠠᠨ ᠲᠣᠭᠲᠠᠭᠠᠵᠤ᠂ ᠵᠠᠰᠠᠭ ᠤᠨ ᠣᠷᠳᠣᠨ ᠤ ᠳᠡᠰ | ᠳᠠᠷᠠᠭᠠᠯᠠᠯ ᠳᠤ ᠣᠷᠣᠭᠤᠯᠤᠨ᠂ 2015 ᠣᠨ ᠳᠤ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠵᠠᠰᠠᠭ ᠤᠨ ᠣᠷᠳᠣᠨ ᠤ | ᠠᠯᠪᠠᠨ ᠭᠡᠷ ᠲᠤ ᠨᠡᠶᠢᠯᠡᠭᠦᠯᠪᠡ᠃ | 2017 ᠣᠨ ᠳᠤ ᠶᠠᠳᠠᠭᠤ ᠶᠢ ᠲᠡᠳᠬᠦᠬᠦ ᠠᠯᠪᠠᠨ ᠭᠡᠷ ᠢ ᠵᠠᠰᠠᠭ ᠤᠨ ᠣᠷᠳᠣᠨ ᠤ ᠪᠠᠶᠢᠭᠤᠯᠤᠮᠵᠢ ᠶᠢᠨ ᠬᠢᠵᠠᠭᠠᠷ | ᠲᠣᠭᠠᠨ ᠤ ᠳᠣᠲᠣᠷ᠎ᠠ ᠲᠤᠰᠠᠭᠠᠷ ᠪᠠᠶᠢᠭᠤᠯᠵᠤ᠂ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠲᠤ | ᠣᠷᠤᠭᠤᠯᠪᠠ᠃ | ᠬᠤᠸᠠᠳᠧ ᠰᠢᠶᠠᠨ 1994 ᠣᠨ ᠳᠤ ᠤᠯᠤᠰ ᠤᠨᠶᠠᠳᠠᠭᠤ ᠶᠢ ᠲᠡᠳᠬᠦᠬᠦ ᠪᠣᠭᠤᠮᠲᠠ ᠰᠢᠪᠲᠤᠯᠤᠯᠲᠠ ᠶᠢᠨ | ᠰᠢᠶᠠᠨ ᠢᠶᠠᠷ ᠵᠢᠭᠰᠠᠭᠠᠭᠳᠠᠵᠤ᠂ 2001ᠣᠨ ᠳᠤ ᠪᠠᠰᠠ ᠰᠢᠨ᠎ᠡ ᠨᠢᠭᠡᠨ ᠡᠭᠡᠯᠵᠢ ᠶᠢᠨ ᠶᠠᠳᠠᠭᠤ ᠶᠢ ᠲᠡᠳᠬᠦᠬᠦ | ᠠᠵᠢᠯ ᠤᠨ ᠭᠤᠤᠯᠳᠠᠯᠭ᠎ᠠ ᠲᠠᠢ ᠲᠡᠳᠬᠦᠨ ᠳᠡᠮᠵᠢᠬᠦ ᠰᠢᠶᠠᠨ ᠢᠶᠠᠷ ᠵᠢᠭᠰᠠᠭᠠᠭᠳᠠᠵᠤ᠂ 2011 ᠣᠨ ᠳᠤ ᠶᠠᠨ ᠱᠠᠨ | — ᠲᠠᠢ ᠬᠠᠩ ᠱᠠᠨ ᠤᠨ ᠠᠭᠤᠯᠠᠷᠬᠠᠭ ᠣᠷᠣᠨ ᠤ ᠣᠷᠤᠨ ᠪᠦᠰᠡ ᠳᠤ ᠵᠢᠭᠰᠠᠭᠠᠭᠳᠠᠵᠠᠶ᠃ | ᠬᠤᠶᠠᠷ᠂ ᠭᠤᠤᠯ ᠡᠭᠦᠷᠭᠡ ᠬᠠᠷᠢᠭᠤᠴᠠᠯᠭ᠎ᠠ | ︵ᠨᠢᠭᠡ︶ ᠲᠥᠪ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠶᠠᠳᠠᠭᠤ ᠶᠢ ᠲᠡᠳᠬᠦᠵᠦ ᠨᠡᠭᠡᠭᠡᠨ | ᠬᠥᠭᠵᠢᠭᠦᠯᠬᠦ ᠴᠢᠭᠯᠡᠯᠲᠡ᠂ ᠲᠥᠷᠥ ᠶᠢᠨ ᠪᠣᠳᠣᠯᠭ᠎ᠠ ᠪᠣᠯᠤᠨ ᠲᠣᠭᠲᠠᠭᠠᠯ ᠢ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ᠂ ᠶᠠᠳᠠᠭᠤ ᠶᠢ ᠲᠡᠳᠬᠦᠬᠦ ᠲᠥᠬᠦᠷ ᠲᠥᠷᠥ ᠶᠢᠨ ᠪᠣᠳᠣᠯᠭ᠎ᠠ ᠪᠣᠯᠤᠨ ᠬᠠᠮᠢᠶᠠᠷᠤᠯᠲᠠ ᠶᠢᠨ ᠨᠠᠷᠢᠨ | ᠳᠦᠷᠢᠮ ᠢ ᠰᠤᠳᠤᠯᠤᠨ ᠲᠣᠭᠲᠠᠭᠠᠨ᠎ᠠ᠃ | ︵ᠬᠤᠶᠠᠷ︶ ᠨᠠᠷᠢᠨ ᠣᠨᠣᠪᠴᠢᠲᠠᠶ ᠪᠠᠷ ᠶᠠᠳᠠᠭᠤ ᠶᠢ ᠲᠡᠳᠬᠦᠬᠦ ᠬᠡᠷᠡᠭᠵᠢᠭᠦᠯᠬᠦ ᠰᠠᠨᠠᠯ ᠪᠠ ᠬᠠᠪᠰᠤᠷᠤᠨ ᠬᠠᠮᠢᠶ᠎ᠠ | ᠪᠦᠬᠦᠢ ᠰᠢᠯᠭᠠᠨ ᠬᠢᠨᠠᠬᠤ ᠠᠷᠭ᠎ᠠ ᠶᠢ ᠲᠣᠭᠲᠠᠭᠠᠨ᠎ᠠ᠃ | ︵ᠭᠤᠷᠪᠠ︶ ᠬᠠᠮᠢᠶ᠎ᠠ ᠪᠦᠬᠦᠢ ᠰᠠᠯᠠᠭ᠎ᠠ ᠮᠥᠴᠢᠷ ᠢ ᠵᠣᠬᠢᠴᠠᠭᠤᠯᠤᠨ ᠶᠠᠨ ᠱᠠᠨ — ᠲᠠᠢ ᠬᠠᠩ ᠱᠠᠨ ᠤᠨ | ᠠᠭᠤᠯᠠᠷᠬᠠᠭ ᠣᠷᠣᠨ ᠤ ᠣᠷᠣᠨ ᠪᠦᠰᠡ ᠶᠢᠨ ᠬᠥᠭᠵᠢᠯᠲᠡ ᠬᠢᠭᠡᠳ ᠶᠠᠳᠠᠭᠤ ᠶᠢ ᠲᠡᠳᠬᠦᠬᠦ ᠪᠣᠭᠤᠮᠲᠠ ᠰᠢᠪᠲᠤᠯᠬᠤ | ᠪᠣᠳᠠᠲᠠᠶ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠨ᠎ᠠ︔ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠳᠤᠮᠳᠠ | ᠤᠷᠳᠤ ᠬᠤᠭᠤᠴᠠᠭᠠᠨ ᠤ ᠲᠥᠯᠥᠪᠵᠢᠭᠦᠯᠪᠡ ᠪᠠ ᠣᠨ ᠤ ᠲᠥᠯᠥᠪᠯᠡᠭᠡ ᠶᠢ ᠨᠠᠶᠢᠷᠠᠭᠤᠯᠤᠨ ᠵᠣᠬᠢᠶᠠᠨ᠎ᠠ︔ ᠶᠠᠳᠠᠭᠤ ᠶᠢ | ᠲᠡᠳᠬᠦᠵᠦ ᠨᠡᠭᠡᠭᠡᠨ ᠬᠥᠭᠵᠢᠭᠦᠯᠬᠦ ᠲᠥᠷᠥᠯ ᠵᠦᠢᠯ ᠢ ᠦᠨᠡᠯᠡᠨ ᠵᠢᠱᠢᠵᠦ ᠨᠤᠲᠠᠯᠠᠬᠤ᠂ ᠰᠡᠳᠦᠪ ᠲᠣᠭᠲᠠᠭᠠᠨ | ᠭᠤᠶᠤᠴᠢᠯᠠᠨ ᠮᠡᠳᠡᠭᠦᠯᠬᠦ᠂ ᠲᠥᠯᠥᠪᠯᠡᠭᠡ ᠶᠢ ᠳᠣᠷᠣᠭᠰᠢ ᠪᠠᠭᠤᠯᠭᠠᠬᠤ ᠪᠠ ᠵᠣᠬᠢᠶᠠᠨ ᠪᠠᠶᠢᠭᠤᠯᠤᠨ ᠬᠡᠷᠡᠭᠵᠢᠭᠦᠯᠬᠦ | ᠠᠵᠢᠯ ᠢ ᠬᠠᠷᠢᠭᠤᠴᠠᠨ᠎ᠠ᠃ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠲᠤᠭ᠎ᠠ ᠪᠦᠷᠢᠳᠬᠡᠯ ᠪᠠ ᠬᠢᠨᠠᠨ ᠬᠡᠮᠵᠢᠬᠦ | ᠠᠵᠢᠯ ᠢ ᠬᠠᠷᠢᠭᠤᠴᠠᠨ᠎ᠠ︔ ᠶᠠᠳᠠᠭᠤ ᠶᠢ ᠲᠡᠳᠬᠦᠬᠦ ᠰᠢᠰᠲ᠋ᠧᠮ ᠤᠨ ᠠᠵᠢᠯᠲᠠᠨ ᠤ ᠲᠤᠬᠠᠶᠢᠯᠠᠭᠰᠠᠨ ᠠᠵᠢᠯ ᠤᠨ | ᠪᠣᠯᠪᠠᠰᠤᠷᠠᠭᠤᠯᠤᠯ ᠢ ᠬᠠᠷᠢᠭᠤᠴᠠᠵᠤ᠂ ᠡᠯ᠎ᠡ ᠪᠠᠯᠭᠠᠰᠤ ︵ᠵᠡᠭᠡᠯᠢ ᠭᠤᠳᠤᠮᠵᠢ ᠶᠢᠨ ᠠᠯᠪᠠᠨ ᠭᠡᠷ︶ ᠶᠢᠨ ᠶᠠᠳᠠᠭᠤ ᠶᠢ | ᠲᠡᠳᠬᠦᠵᠦ ᠨᠡᠭᠡᠭᠡᠨ ᠬᠥᠭᠵᠢᠭᠦᠯᠬᠦ ᠠᠵᠢᠯ ᠢ ᠵᠢᠯᠣᠭᠤᠳᠤᠨ᠎ᠠ᠃ | ︵ᠳᠥᠷᠪᠡ︶ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠲᠥᠷᠥᠯ ᠵᠦᠢᠯ ᠤᠨ ᠪᠡᠯᠡ ᠮᠥᠩᠭᠦ | ᠴᠤᠭᠯᠠᠭᠤᠯᠬᠤ᠂ ᠬᠠᠮᠢᠶᠠᠷᠬᠤ᠂ ᠬᠢᠨᠠᠯᠲᠠ ᠲᠠᠯᠪᠢᠬᠤ ᠪᠠ ᠪᠠᠶᠢᠴᠠᠭᠠᠬᠤ ᠠᠵᠢᠯ ᠢ ᠬᠠᠷᠢᠭᠤᠴᠠᠨ᠎ᠠ᠃ | ︵ᠲᠠᠪᠤ︶ ᠶᠠᠳᠠᠭᠤ ᠬᠦᠴᠢᠷᠳᠡᠯᠲᠡᠢ ᠡᠷᠦᠬᠡ ᠶᠢᠨ ᠳᠠᠩᠰᠠ ᠡᠪᠬᠡᠮᠡᠯ ᠪᠠᠶᠢᠭᠤᠯᠤᠨ ᠺᠠᠷᠲᠯᠠᠬᠤ᠂ ᠶᠠᠳᠠᠭᠤ | ᠬᠦᠴᠢᠷᠳᠡᠯᠲᠡᠢ ᠪᠠᠶᠢᠳᠠᠯ ᠢ ᠬᠥᠳᠡᠯᠦᠩᠭᠦᠢ ᠬᠢᠨᠠᠨ ᠬᠡᠮᠵᠢᠬᠦ᠂ ᠪᠦᠷᠢᠳᠬᠡᠬᠦ ᠪᠠ ᠶᠠᠳᠠᠭᠤ ᠶᠢ ᠲᠡᠳᠬᠦᠬᠦ ᠮᠡᠳᠡᠭᠡ | ᠵᠠᠩᠭᠢᠵᠢᠭᠤᠯᠬᠤ ᠠᠵᠢᠯ ᠢ ᠬᠠᠷᠢᠭᠤᠴᠠᠨ ᠵᠣᠬᠢᠶᠠᠨ ᠪᠠᠶᠢᠭᠤᠯᠤᠨ ᠦᠷᠨᠢᠭᠦᠯᠦᠨ᠎ᠡ᠃ ᠡᠯ᠎ᠡ ᠰᠢᠶᠠᠩ ᠪᠠᠯᠭᠠᠰᠤ ᠶᠢ | ᠵᠢᠯᠣᠭᠤᠳᠤᠨ ᠶᠠᠳᠠᠭᠤ ᠬᠦᠴᠢᠷᠳᠡᠯᠲᠡᠶ ᠡᠷᠦᠬᠡ ᠶᠢᠨ ᠦᠢᠯᠡᠳᠪᠤᠷᠢᠯᠡᠯ ᠢ ᠬᠥᠭᠵᠢᠭᠦᠯᠬᠦ ᠪᠠ ᠠᠵᠤ ᠦᠢᠯᠡᠰᠵᠢᠭᠦᠯᠦᠨ | ᠶᠠᠳᠠᠭᠤ ᠶᠢ ᠲᠡᠳᠬᠦᠬᠦ ᠲᠥᠷᠥᠯ ᠵᠦᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠰᠠᠶᠢᠲᠤᠷ ᠬᠢᠵᠦ᠂ ᠲᠥᠷᠥᠯ | ᠵᠦᠢᠯ ᠢ ᠭᠤᠶᠤᠴᠢᠯᠠᠨ ᠮᠡᠳᠡᠭᠦᠯᠬᠦ᠂ ᠬᠢᠨᠠᠨ ᠵᠢᠯᠣᠭᠤᠳᠬᠤ ᠪᠠ ᠰᠢᠯᠭᠠᠨ ᠠᠪᠬᠤ ᠠᠵᠢᠯ ᠢ ᠰᠠᠶᠢᠲᠤᠷ ᠬᠢᠨ᠎ᠡ᠃ | ︵ᠵᠢᠷᠭᠤᠭ᠎ᠠ︶ ᠮᠥᠩᠭᠦᠨ ᠭᠦᠢᠯᠭᠡᠭᠡᠨ ᠢᠶᠠᠷ ᠶᠠᠳᠠᠭᠤ ᠶᠢ ᠲᠡᠳᠬᠦᠬᠦ ᠠᠵᠢᠯ ᠢ ᠬᠠᠷᠢᠭᠤᠴᠠᠨ ᠰᠠᠶᠢᠲᠤᠷ ᠬᠢᠨ᠎ᠡ᠃ | ᠶᠠᠳᠠᠭᠤ ᠶᠢ ᠲᠡᠳᠬᠦᠬᠦ ᠳᠡᠮ ᠬᠦᠤ ᠲᠠᠢ ᠵᠢᠭᠡᠯᠡᠯᠭᠡ ᠪᠣᠯᠤᠨ ᠬᠠᠷᠢᠯᠴᠠᠨ ᠬᠠᠪᠰᠤᠷᠤᠯᠴᠠᠬᠤ ᠪᠡᠯᠡ ᠮᠥᠩᠭᠦ ᠶᠢᠨ | ᠨᠠᠷᠢᠯᠢᠭ ᠣᠨᠣᠪᠴᠢᠲᠠᠶ ᠪᠠᠷ ᠶᠠᠳᠠᠭᠤ ᠶᠢ ᠲᠡᠳᠬᠦᠬᠦ ᠰᠠᠭᠤᠷᠢ ᠮᠥᠩᠭᠦ ᠶᠢᠨ ᠲᠠᠭᠠᠭᠠᠯᠲᠠᠲᠤ ᠵᠢᠭᠡᠯᠡᠯᠭᠡ ᠶᠢᠨ ᠨᠥᠭᠡᠴᠡ | ᠮᠥᠩᠭᠦ ᠶᠢ ᠪᠠᠶᠢᠭᠤᠯᠵᠤ᠂ ᠶᠠᠳᠠᠭᠤ ᠶᠢ ᠲᠡᠳᠬᠦᠬᠦ ᠳᠡᠮ ᠬᠦᠤ ᠲᠠᠢ ᠵᠢᠭᠡᠯᠡᠯᠭᠡ ᠪᠣᠯᠤᠨ ᠶᠠᠳᠠᠭᠤ ᠶᠢ ᠲᠡᠳᠬᠦᠬᠦ | ᠬᠠᠷᠢᠯᠴᠠᠨ ᠬᠠᠪᠰᠤᠷᠤᠯᠴᠠᠬᠤ ᠪᠡᠯᠡ ᠮᠥᠩᠭᠦ ᠶᠢᠨ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ︵ᠳᠣᠯᠤᠭ᠎ᠠ︶ ︽ᠬᠤᠷ᠎ᠠ ᠰᠢᠭᠦᠳᠡᠷᠢ ᠶᠢᠨ ᠲᠥᠯᠥᠪᠯᠡᠭᠡ︾ ᠪᠣᠯᠤᠨ ᠲᠠᠷᠢᠶᠠᠯᠠᠩ ᠤᠨ ᠬᠡᠷᠡᠭᠯᠡᠭᠡᠨ ᠢ ᠵᠣᠬᠢᠶᠠᠨ | ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠵᠤ᠂ ᠬᠥᠳᠡᠭᠡ ᠲᠣᠰᠬᠤᠨ ᠤ ᠶᠠᠳᠠᠭᠤ ᠬᠦᠴᠢᠷᠳᠡᠯᠲᠡᠶ ᠭᠡᠷ ᠪᠦᠯᠢ ᠶᠢᠨ | ᠣᠶᠤᠲᠠᠨ ᠢ ᠲᠤᠰᠠᠯᠠᠬᠤ ᠲᠥᠷᠥᠯ ᠵᠦᠢᠯ ᠢ ᠬᠠᠪᠰᠤᠷᠤᠨ ᠬᠡᠷᠡᠭᠵᠢᠭᠦᠯᠦᠨ᠎ᠡ᠃ | ︵ᠨᠠᠢᠮᠠ︶ ᠨᠡᠶᠢᠭᠡᠮ ᠤᠨ ᠶᠠᠳᠠᠭᠤ ᠶᠢ ᠲᠡᠳᠬᠦᠬᠦ ᠠᠵᠢᠯ ᠤᠨ ᠲᠣᠬᠢᠷᠠᠭᠤᠯᠤᠯᠲᠠ᠂ ᠪᠠᠶᠢᠳᠠᠯ ᠢ ᠪᠦᠷᠢᠳᠬᠡᠬᠦ᠂ | ᠬᠢᠨᠠᠨ ᠵᠢᠯᠣᠭᠤᠳᠴᠤ ᠪᠠᠶᠢᠴᠠᠭᠠᠬᠤ ᠶᠢ ᠬᠠᠷᠢᠭᠤᠴᠠᠵᠤ᠂ ᠰᠢᠶᠠᠨ ᠤ ᠱᠠᠲᠤᠨ ᠤ ᠰᠠᠯᠠᠭ᠎ᠠ ᠮᠥᠴᠢᠷ ᠨᠢᠭᠡᠴᠡ ᠶᠢ | ᠵᠣᠬᠢᠶᠠᠨ ᠪᠠᠶᠢᠭᠤᠯᠤᠨ ᠲᠣᠰᠬᠤᠨ ᠢ ᠳᠠᠭᠠᠭᠠᠴᠢᠯᠠᠨ ᠶᠠᠳᠠᠭᠤ ᠶᠢ ᠲᠡᠳᠬᠦᠬᠦ ᠪᠠ ᠺᠠᠳ᠋ᠷ ᠲᠣᠰᠬᠤᠨ ᠳᠤ ᠰᠠᠭᠤᠵᠤ | ᠡᠷᠦᠬᠡ ᠬᠤᠯᠪᠣᠭᠠᠯᠠᠨ ᠶᠠᠳᠠᠭᠤ ᠶᠢ ᠲᠡᠳᠬᠦᠬᠦ ᠠᠵᠢᠯ ᠢ ᠥᠷᠨᠢᠭᠦᠯᠵᠦ᠂ ᠲᠥᠪ᠂ ᠥᠪᠡᠷᠲᠡᠭᠡᠨ ᠵᠠᠰᠠᠬᠤ ᠣᠷᠣᠨ᠂ | ᠬᠤᠲᠠ ᠶᠢᠨ ᠰᠠᠯᠠᠭ᠎ᠠ ᠮᠥᠴᠢᠷ ᠨᠢᠭᠡᠴᠡ ᠪᠣᠯᠤᠨ ᠠᠵᠤ ᠠᠬᠤᠶᠢᠯᠠᠯ ᠤᠨ ᠮᠠᠨ ᠤ ᠰᠢᠶᠠᠨ ᠳᠤ ᠴᠢᠭ ᠲᠣᠭᠲᠠᠭᠠᠨ | ᠶᠠᠳᠠᠭᠤ ᠶᠢ ᠲᠡᠳᠬᠦᠬᠦ᠂ ︽ᠬᠤᠶᠠᠷ ᠢ ᠬᠤᠯᠪᠣᠵᠤ ᠨᠢᠭᠡ ᠶᠢ ᠳᠠᠭᠠᠭᠠᠴᠢᠯᠠᠬᠤ︾ ᠪᠠ ︽ᠲᠦᠮᠡᠨ ᠠᠵᠤ ᠠᠬᠤᠶᠢᠯᠠᠯ | ᠲᠦᠮᠡᠨ ᠲᠣᠰᠬᠤᠨ ᠢ ᠬᠠᠪᠰᠤᠷᠬᠤ︾ ᠠᠵᠢᠯ ᠤᠨ ᠦᠢᠯᠡᠴᠢᠯᠡᠭᠡ ᠬᠢᠭᠡᠳ ᠬᠠᠮᠵᠢᠯᠴᠠᠭ᠎ᠠ ᠶᠢ ᠰᠠᠶᠢᠲᠤᠷ ᠬᠢᠬᠦ ᠶᠢ | ᠬᠠᠷᠢᠭᠤᠴᠠᠨ᠎ᠠ᠃ | ︵ᠶᠢᠰᠦ︶ ᠶᠠᠳᠠᠭᠤ ᠶᠢ ᠲᠡᠳᠬᠦᠵᠦ ᠠᠷᠠᠳ ᠢ ᠨᠡᠭᠦᠯᠭᠡᠬᠦ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ᠂ | ᠵᠢᠭᠤᠯᠴᠢᠯᠠᠯ ᠢᠶᠠᠷ ᠶᠠᠳᠠᠭᠤ ᠶᠢ ᠲᠡᠳᠬᠦᠬᠦ ᠠᠵᠢᠯ ᠢ ᠬᠠᠮᠵᠢᠯᠴᠠᠨ ᠰᠠᠶᠢᠲᠤᠷ ᠬᠢᠨ᠎ᠡ᠃ ᠶᠠᠳᠠᠭᠤ ᠬᠦᠴᠢᠷᠳᠡᠯᠲᠡᠶ ᠭᠠᠵᠠᠷ | ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠢ ᠨᠡᠭᠡᠭᠡᠨ ᠬᠥᠭᠵᠢᠭᠦᠯᠬᠦ᠂ ᠬᠥᠳᠡᠭᠡ ᠲᠣᠰᠬᠤᠨ ᠤ ᠬᠥᠳᠡᠯᠮᠦᠷᠢ | ᠬᠦᠴᠦᠨ ᠢ ᠰᠢᠯᠵᠢᠭᠦᠯᠬᠦ ᠪᠣᠯᠪᠠᠰᠤᠷᠠᠭᠤᠯᠤᠯ ᠢ ᠬᠠᠪᠰᠤᠷᠤᠨ ᠰᠠᠶᠢᠲᠤᠷ ᠠᠳᠬᠤᠵᠤ᠂ ᠬᠥᠳᠡᠯᠮᠦᠷᠢ ᠦᠢᠯᠡᠴᠢᠯᠡᠭᠡᠨ ᠢ | ᠭᠠᠳᠠᠭᠰᠢ ᠭᠠᠷᠭᠠᠬᠤ ᠠᠵᠢᠯ ᠢ ᠰᠠᠶᠢᠲᠤᠷ ᠬᠢᠵᠦ᠂ ᠰᠠᠭᠤᠷᠢᠨ ᠭᠠᠵᠠᠷ ᠢ ᠥᠷᠭᠡᠳᠬᠡᠨ᠂ ᠬᠥᠳᠡᠯᠮᠦᠷᠢ | ᠦᠢᠯᠡᠴᠢᠯᠡᠭᠡᠨ ᠤ ᠵᠠᠬ᠎ᠠ ᠳᠡᠯᠭᠡᠭᠦᠷ ᠢ ᠪᠣᠯᠪᠠᠰᠤᠷᠠᠭᠤᠯᠤᠨ᠎ᠠ᠃ | ︵ᠠᠷᠪᠠ︶ ᠰᠢᠶᠠᠨ ᠤ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠵᠢᠯ ᠤᠨ ᠤᠳᠤᠷᠢᠳᠬᠤ | ᠳᠤᠭᠤᠶᠢᠯᠠᠩ ᠤᠨ ᠡᠳᠦᠷ ᠲᠤᠲᠤᠮ ᠤᠨ ᠠᠵᠢᠯ ᠢ ᠡᠭᠦᠷᠭᠡᠯᠡᠨ᠎ᠡ᠃ | ︵ᠠᠷᠪᠠᠨ ᠨᠢᠭᠡ︶ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ᠲᠤᠰᠢᠶᠠᠭᠰᠠᠨ | ᠪᠤᠰᠤᠳ ᠠᠵᠢᠯ ᠤᠳ ᠢ ᠪᠡᠶᠡᠯᠡᠭᠦᠯᠦᠨ᠎ᠡ᠃ | ᠭᠤᠷᠪᠠ᠂ ᠠᠵᠢᠯᠯᠠᠬᠤ ᠭᠠᠵᠠᠷ᠄ | ᠥᠪᠥᠷ ᠮᠣᠩᠭᠤᠯ ᠤᠨ ᠤᠯᠠᠭᠠᠨᠴᠠᠪ ᠬᠤᠲᠠ ᠶᠢᠨ ᠬᠤᠸᠠᠳᠧ ᠰᠢᠶᠠᠨ ᠤ ᠴᠠᠩ ᠱᠦᠨ ᠪᠠᠯᠭᠠᠰᠤᠨ ᠤ ᠨᠠᠮ ᠵᠠᠰᠠᠭ ᠤᠨ | ᠲᠣᠮᠣ ᠠᠰᠠᠷ ᠤᠨ ᠠᠷᠤ ᠬᠦᠷᠢᠶ᠎ᠡ | ᠬᠠᠷᠢᠯᠴᠠᠬᠤ ᠤᠲᠠᠰᠤ᠄ 0474 — 7900416 | ᠢᠮᠧᠯ᠄ hd-fpb@163.com | ᠣᠷᠴᠢᠭᠤᠯᠤᠭᠴᠢ᠄ ᠭᠡᠷᠡᠯ |