5 ᠰᠠᠷ᠎ᠠ ᠶᠢᠨ 24 ᠤ ᠦᠳᠡ ᠶᠢᠨ ᠡᠮᠦᠨ᠎ᠡ᠂ ᠪᠠᠶᠠᠨᠲᠠᠯ᠎ᠠ ᠲᠣᠰᠬᠤᠨ ᠳᠤ ᠰᠠᠭᠤᠭ᠎ᠠ ᠠᠵᠢᠯᠯᠠᠬᠤ ᠳᠤᠭᠤᠶᠢᠯᠠᠩ | ᠪᠣᠯᠤᠨ ᠲᠣᠰᠬᠤᠨ ᠤ ᠠᠷᠠᠳ ᠤᠨ ᠵᠥᠪᠯᠡᠯ ᠤᠨ ᠬᠠᠮᠲᠤᠪᠠᠷ ᠳᠠᠭᠠᠭᠠᠴᠢᠯᠠᠨ ᠡᠷᠬᠢᠯᠡᠭᠰᠡᠨ ︽ᠰᠢᠨ᠎ᠡ ᠴᠠᠭ ᠦᠶ᠎ᠡ ᠳᠤ | ᠬᠠᠩᠭᠢᠨᠠᠭᠤᠯᠤᠨ᠎ᠠ —ᠬᠤᠨ ᠭᠠᠯᠠᠭᠤ ᠤᠳᠬ᠎ᠠ ᠤᠷᠠᠯᠢᠭ ᠤᠨ ᠤᠬᠠᠭᠤᠯᠬᠤ ᠠᠩᠭᠢ ᠶᠢᠨ ᠠᠷᠠᠳ ᠲᠤ ᠠᠰᠢᠭ | ᠬᠦᠷᠲᠡᠭᠡᠬᠦ ᠲᠣᠭᠯᠠᠯᠲᠠ ᠪᠠᠶᠠᠨᠲᠠᠯ᠎ᠠ ᠲᠣᠰᠬᠤᠨ ᠳᠤ ᠶᠠᠪᠤᠭᠳᠠᠵᠤ᠂ ᠣᠯᠠᠨ ᠲᠦᠮᠡᠨ ᠳᠤ ᠣᠶᠢᠷᠠᠳᠤᠭᠰᠠᠨ᠂ | ᠠᠷᠠᠳ ᠤᠨ ᠰᠡᠳᠬᠢᠯ ᠢ ᠳᠤᠯᠠᠭᠠᠴᠠᠭᠤᠯᠤᠭᠰᠠᠨ᠂ ᠢᠲᠡᠭᠡᠯ ᠵᠣᠷᠢᠭ ᠢ ᠨᠡᠮᠡᠭᠳᠡᠭᠦᠯᠦᠭᠰᠡᠨ ᠤᠳᠬ᠎ᠠ | ᠤᠷᠠᠯᠢᠭ ᠤᠨᠠᠷᠠᠳ ᠲᠤ ᠠᠰᠢᠭ ᠬᠦᠷᠲᠡᠭᠡᠬᠦ ᠲᠣᠭᠯᠠᠯᠲᠠ ᠭᠠᠷᠭᠠᠵᠠᠢ᠃ | ᠠᠷᠠᠳ ᠲᠤ ᠠᠰᠢᠭ ᠬᠦᠷᠲᠡᠭᠡᠬᠦ ᠲᠣᠭᠯᠠᠯᠲᠠ ᠨᠢ ᠲᠦᠷᠦᠯ ᠵᠦᠢᠯ ᠠᠷᠪᠢᠨ᠂ ᠲᠣᠭᠯᠠᠯᠲᠠ ᠶᠢᠨ ᠠᠭᠤᠯᠭ᠎ᠠ | ᠡᠯᠪᠡᠭ ᠪᠠᠶᠠᠯᠢᠭ᠂ ᠠᠬᠤᠢ ᠲᠠᠯᠠᠪᠠᠢ ᠶᠢᠨ ᠠᠭᠤᠷ ᠠᠮᠢᠰᠬᠤᠯ ᠮᠠᠰᠢ ᠬᠥᠷ ᠬᠥᠭᠵᠢᠶᠡᠨ ᠲᠠᠢ ᠪᠣᠯᠵᠠᠢ᠃ ︽ᠡᠪ | ᠬᠠᠮᠲᠤ ᠨᠠᠮ ᠪᠠᠶᠢᠬᠤ ᠦᠭᠡᠢ ᠪᠣᠯ ᠰᠢᠨ᠎ᠡ ᠳᠤᠮᠳᠠᠳᠤ ᠤᠯᠤᠰ ᠪᠠᠶᠢᠵᠤ ᠴᠢᠳᠠᠬᠤ ᠦᠭᠡᠢ︾ ᠪᠣᠯᠤᠨ ︽ᠰᠢᠨ᠎ᠡ ᠴᠠᠭ | ᠥᠶ᠎ᠡ ᠳᠤ ᠣᠷᠣᠭᠰᠠᠨ ᠨᠢ︾ ᠭᠡᠬᠦ ᠬᠤᠶᠠᠷ ᠨᠠᠶᠢᠷᠠᠯ ᠳᠠᠭᠤᠤ ᠪᠠᠷ ᠲᠣᠭᠯᠠᠯᠲᠠ ᠪᠠᠨ ᠡᠬᠢᠯᠡᠭᠦᠯᠵᠡᠢ᠃ ᠵᠠᠯᠭᠠᠭᠠᠳ | ᠳᠠᠭᠤᠤ᠂ ᠪᠥᠵᠢᠭ᠂ ᠬᠤᠶᠠᠷ ᠬᠥᠮᠦᠨ ᠤ ᠡᠯᠭᠦᠴᠡᠭᠡ ᠰᠢ᠂ ᠴᠠᠷᠭᠢᠯ ᠬᠤᠯᠪᠣᠭ᠎ᠠ ᠵᠡᠷᠭᠡ ᠲᠣᠭᠯᠠᠯᠲᠠ ᠨᠢ ᠨᠢᠭᠡ ᠨᠢ | ᠨᠢᠭᠡᠨ ᠠᠴᠠ ᠪᠠᠨ ᠭᠠᠶᠢᠬᠠᠮᠰᠢᠭᠲᠠᠶ ᠰᠠᠶᠢᠬᠠᠨ ᠪᠠᠶᠢᠯ᠎ᠠ᠃ ᠡᠭᠦᠨ ᠳᠤ ︽ᠤᠯᠠᠭᠠᠨᠴᠠᠪ ᠤᠨ ᠮᠠᠭᠲᠠᠭᠠᠯ ᠳᠠᠭᠤᠤ︾ | ᠨᠢ ᠦᠵᠡᠭᠴᠢᠳ ᠲᠤ ᠶᠡᠭᠡ ᠲᠠᠭᠠᠰᠢᠶᠠᠭᠳᠠᠵᠤ᠂ ᠶᠠᠳᠠᠭᠤ ᠠᠴᠠ ᠠᠩᠭᠢᠵᠢᠷᠠᠭᠤᠯᠤᠨ ᠪᠣᠭᠤᠮᠲᠠ ᠰᠢᠪᠲᠤᠯᠬᠤ | ᠨᠠᠰᠤᠲᠠᠨ ᠤ ᠣᠨᠢᠨ ᠳᠡᠭᠡᠷ᠎ᠡ ᠨᠢ ᠶᠠᠳᠠᠭᠤ ᠶᠢ ᠲᠡᠳᠬᠦᠬᠦ ᠲᠦᠷᠦ ᠶᠢᠨ ᠪᠣᠳᠤᠯᠭ᠎ᠠ ᠪᠣᠯᠣᠨ ᠦᠷ᠎ᠡ ᠪᠦᠲᠦᠮᠵᠢ ᠪᠠᠷ | ᠭᠤᠣᠯ ᠰᠡᠳᠦᠪ ᠴᠠᠷᠭᠢᠯ ᠬᠤᠯᠪᠤᠭ᠎ᠠ ︽ᠨᠠᠮ ᠤᠨ ᠶᠠᠳᠠᠭᠤ ᠶᠢ ᠲᠡᠳᠬᠦᠬᠦ ᠲᠦᠷᠦ ᠶᠢᠨ ᠪᠣᠳᠤᠯᠭ᠎ᠠ ᠶᠢᠨ ᠮᠠᠭᠲᠠᠭᠠᠯ︾ | ᠳᠤ ᠦᠵᠡᠭᠴᠢᠳ ᠤᠨ ᠠᠯᠠᠭ᠎ᠠ ᠲᠠᠰᠢᠯᠲᠠ ᠪᠠᠶᠢᠨ ᠳᠠᠬᠢᠨ ᠨᠢᠵᠢᠭᠢᠨᠡᠵᠦ᠂ ᠲᠤᠭᠯᠠᠯᠲᠠ ᠨᠢ ᠲᠤᠬᠠᠢ ᠶᠢᠨ ᠭᠠᠵᠠᠷ | ᠣᠷᠤᠨ ᠤ ᠣᠯᠠᠨ ᠲᠦᠮᠡᠨ ᠳᠤ ᠤᠶᠤᠨ ᠤ ᠲᠡᠵᠢᠭᠡᠯ᠂ ᠤᠷᠠᠯᠢᠭ ᠤᠨ ᠬᠦᠷᠲᠡᠭᠡᠯ ᠪᠣᠯᠵᠠᠢ᠃ | ᠣᠶᠢᠯᠠᠭᠠᠭᠰᠠᠨ ᠢᠶᠠᠷ᠂ ᠲᠥᠪ ᠤᠨ ᠣᠷᠣᠨ ᠲᠤᠭ᠎ᠠ ᠶᠢᠨ ᠠᠯᠪᠠᠨ ᠭᠡᠷ ᠤᠨ ᠬᠤᠸᠠᠳᠧ ᠰᠢᠶᠠᠨ ᠤ ᠪᠠᠶᠠᠨᠲᠠᠯ᠎ᠠ | ᠰᠢᠶᠠᠩ ᠤᠨ ᠪᠠᠶᠠᠨᠲᠠᠯ᠎ᠠ ᠲᠣᠰᠬᠤᠨ ᠳᠤ ᠲᠣᠮᠢᠯᠠᠨ ᠰᠠᠭᠤᠯᠭᠠᠭᠰᠠᠨ ᠨᠢᠭᠡᠳᠦᠭᠡᠷ ᠱᠦᠵᠢ ᠸᠠᠩ ᠬᠤᠸᠠ ᠲᠣᠰᠬᠤᠨ ᠳᠤ | ᠰᠠᠭᠤᠭ᠎ᠠ ᠠᠵᠢᠯᠯᠠᠬᠤ ᠳᠤᠭᠤᠶᠢᠯᠠᠩ ᠢ ᠳᠠᠭᠠᠭᠤᠯᠤᠨ ᠶᠠᠳᠠᠭᠤ ᠶᠢ ᠲᠡᠳᠬᠦᠬᠦ ᠳᠤ ᠤᠷᠢᠳ ᠢᠶᠠᠷ ᠣᠶᠤᠨ | ᠤᠬᠠᠭᠠᠨ ᠢ ᠨᠢ ᠲᠡᠳᠬᠦᠵᠦ᠂ ᠲᠠᠷᠢᠶᠠᠴᠢᠨ ᠲᠦᠮᠡᠨ ᠤ ᠦᠵᠡᠯ ᠰᠠᠨᠠᠭᠠᠨ ᠤ ᠠᠵᠢᠯ ᠢ ᠢᠳᠡᠪᠬᠢᠲᠡᠶ ᠰᠠᠶᠢᠲᠤᠷ ᠬᠢᠬᠦ ᠶᠢ | ᠪᠠᠷᠢᠮᠲᠠᠯᠠᠵᠤ᠂ ᠣᠯᠠᠨ ᠲᠠᠯ᠎ᠠ ᠶᠢᠨ ᠵᠣᠬᠢᠴᠠᠭᠤᠯᠤᠯ ᠢᠶᠠᠷ ᠳᠠᠮᠵᠢᠨ᠂ ᠰᠢᠶᠠᠨ ᠤ ᠨᠡᠶᠢᠭᠡᠮ ᠲᠣᠭᠤᠷᠢᠭ ᠦᠨᠤᠳᠬᠠ | ᠤᠷᠠᠯᠢᠭ ᠤᠨ ᠪᠦᠯᠬᠦᠮ ᠢ ᠤᠷᠢᠵᠤ ᠰᠢᠯᠢᠳᠡᠭ ᠰᠣᠶᠣᠯ ᠤᠨ ᠲᠡᠵᠢᠭᠡᠯ ᠢ ᠣᠯᠠᠨ ᠲᠦᠮᠡᠨ ᠳᠤ ᠬᠦᠷᠭᠡᠵᠦ᠂ ᠣᠯᠠᠨ | ᠲᠦᠮᠡᠨ ᠤ ᠣᠶᠤᠨ ᠰᠠᠨᠠᠭ᠎ᠠ ᠰᠣᠶᠣᠯ ᠤᠨ ᠠᠮᠢᠳᠤᠷᠠᠯ ᠢ ᠲᠠᠰᠤᠷᠠᠯᠲᠠ ᠥᠬᠡᠶ ᠪᠠᠶᠠᠯᠢᠭᠵᠢᠭᠤᠯᠵᠤ᠂ ᠣᠯᠠᠨ ᠲᠦᠮᠡᠨ ᠤ | ᠵᠣᠯ ᠵᠢᠷᠭᠠᠯ ᠤᠨ ᠵᠢᠭᠠᠯᠲᠠ ᠲᠤᠭ᠎ᠠ ᠶᠢ ᠳᠡᠭᠡᠭᠰᠢᠯᠡᠭᠦᠯᠵᠡᠶ᠃ | ᠣᠷᠴᠢᠭᠤᠯᠤᠭᠴᠢ᠄ ᠭᠡᠷᠡᠯ |