ᠬᠤᠸᠠᠳᠧ ᠰᠢᠶᠠᠨ ᠤ ᠬᠤᠪᠴᠠᠰᠤᠨ ᠤ ᠠᠵᠤ ᠦᠢᠯᠡᠰ ᠤᠨ ᠬᠥᠭᠵᠢᠯᠲᠡ ᠶᠢᠨ ᠲᠦᠢᠮᠣ ᠪᠠᠶᠢᠳᠠᠯ
ᠨᠡᠶᠢᠲᠡᠯᠡᠭᠰᠡᠨ ᠴᠠᠭ᠄
2019-08-26
   ᠬᠤᠸᠠᠳᠧ ᠰᠢᠶᠠᠨ ᠤ ᠬᠤᠨᠢᠨ ︵ᠲᠡᠮᠡᠭᠡᠨ︶ ᠤ ᠨᠣᠯᠤᠤᠷ ᠤᠨ ᠢᠯᠳᠠᠰᠤᠨ ᠤ ᠬᠤᠪᠴᠠᠰᠤᠨ ᠠᠵᠤ ᠦᠢᠯᠡᠰ 20 ᠳ᠋ᠤᠭᠠᠷ ᠵᠠᠭᠤᠨ ᠤ ᠨᠠᠶᠠᠭᠠᠳ ᠣᠨ ᠤ ᠳᠤᠮᠳᠠᠴᠢ ᠦᠶ᠎ᠡ ᠠᠴᠠ ᠬᠥᠭᠵᠢᠵᠦ᠂ ᠮᠣᠩᠭᠤᠯ ᠨᠣᠯᠤᠤᠷ ᠤᠨ ᠰᠣᠶᠣᠯ ᠢ ᠠᠭᠤᠰᠬᠠᠨ ᠨᠡᠶᠢᠯᠡᠭᠦᠯᠵᠦ᠂ ᠲᠤᠰ ᠭᠠᠵᠠᠷ ᠲᠠᠭᠠᠨ ᠣᠨᠴᠠ ᠪᠠᠶᠢᠳᠠᠭ ᠬᠤᠨᠢᠨ ︵ᠲᠡᠮᠡᠭᠡᠨ︶ ᠤ ᠨᠣᠯᠤᠤᠷ ᠢᠶᠠᠷ ᠲᠦᠭᠦᠬᠡᠶ ᠮᠠᠲ᠋ᠧᠷᠢᠶᠠᠯ ᠪᠣᠯᠭᠠᠭᠰᠠᠨ ᠪᠥᠭᠡᠳ 20 ᠭᠠᠷᠤᠶ ᠵᠦᠢᠯ ᠤᠨ ᠨᠠᠷᠢᠯᠢᠭ ᠤᠷᠠᠯᠠᠨ‌ᠣᠶᠤᠯᠲᠠ ᠪᠠᠷ ᠬᠢᠭᠰᠡᠨ ᠥᠷᠭᠡᠳᠬᠡᠭᠰᠡᠨ ᠪᠦᠲᠦᠭᠡᠭᠳᠡᠬᠦᠨ — ᠬᠤᠨᠢᠨ ︵ᠲᠡᠮᠡᠭᠡ︶ ᠤ ᠨᠣᠯᠤᠤᠷ ᠵᠤᠯᠤᠭᠰᠠᠨ ᠬᠦᠪᠦᠩᠲᠡᠢ ᠬᠤᠪᠴᠠᠰᠤ ᠶᠢ ᠦᠢᠯᠡᠳᠴᠠᠢ᠃ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠦᠴᠦᠲᠡᠶ ᠳᠡᠮᠵᠢᠯᠭᠡ ᠳᠣᠤᠷ᠎ᠠ᠂ 30 ᠭᠠᠷᠤᠶ ᠵᠢᠯ ᠤᠨ ᠬᠥᠭᠵᠢᠯᠲᠡ ᠪᠠᠷ ᠳᠠᠮᠵᠢᠨ᠂ ︽ᠪᠠᠭ᠎ᠠ ᠬᠡᠪᠴᠢᠶᠡᠵᠢᠯ᠂ ᠲᠣᠮᠤ ᠬᠠᠮᠲᠤᠷᠠᠯ᠂  ᠵᠢᠵᠢᠭ ᠦᠢᠯᠡᠳᠪᠤᠷᠢᠯᠡᠯ᠂ ᠶᠡᠭᠡ ᠬᠠᠮᠵᠢᠯᠴᠠᠭ᠎ᠠ᠂ ᠵᠢᠵᠢᠭ ᠠᠵᠤ ᠠᠬᠤᠶᠢᠯᠠᠯ᠂ ᠶᠡᠭᠡ ᠠᠵᠢᠯ ᠣᠯᠭᠤᠯᠲᠠ︾ ᠶᠢᠨ ᠠᠵᠤ ᠦᠢᠯᠡᠰ ᠤᠨ ᠵᠠᠭᠪᠤᠷ ᠢ ᠠᠯᠬᠤᠮ ᠠᠯᠬᠤᠮ ᠢᠶᠠᠷ ᠪᠦᠷᠢᠯᠳᠦᠭᠦᠯᠵᠦ᠂ ᠠᠷᠠᠳ ᠢ ᠪᠠᠶᠠᠵᠢᠭᠤᠯᠤᠨ ᠰᠢᠶᠠᠨ ᠢ ᠬᠥᠭᠵᠢᠭᠦᠯᠬᠦ ᠲᠤᠯᠭᠠᠭᠤᠷᠢ ᠠᠵᠤ ᠦᠢᠯᠡᠰ ᠪᠣᠯᠤᠭᠰᠠᠨ ᠪᠠᠶᠢᠨ᠎ᠠ᠃ ᠣᠳᠣᠬᠠᠨ ᠳᠤ ᠬᠤᠪᠴᠠᠰᠤ ᠬᠤᠨᠠᠷ ᠵᠢᠴᠢ ᠤᠩᠭᠠᠷᠢᠯ ᠢᠯᠲᠠᠰᠤ ᠦᠢᠯᠡᠳᠪᠤᠷᠢᠯᠡᠬᠦ ᠦᠢᠯᠡᠳᠪᠤᠷᠢ 260 ᠭᠠᠷᠤᠶ ᠪᠠᠶᠢᠵᠤ᠂ ᠬᠤᠪᠴᠠᠰᠤ ᠬᠤᠨᠠᠷ ᠤᠨ ᠲᠥᠷᠥᠯ ᠵᠦᠢᠯ ᠤᠨ ᠦᠢᠯᠡᠳᠬᠦᠨ6 ᠢᠵᠢ ︵ᠬᠥᠪᠥᠩ ᠬᠦᠷᠮ᠎ᠡ᠂ ᠬᠥᠪᠥᠩ ᠥᠮᠥᠳᠥ᠂ ᠳ᠋ᠠᠴᠠᠩ᠂ ᠤᠤᠵᠢ᠂ ᠬᠡᠤᠬᠡᠳ ᠤᠨ ᠬᠤᠪᠴᠠᠰᠤ᠂ ᠣᠷᠣ ᠶᠢᠨ ᠬᠡᠷᠡᠭᠰᠡᠯ︶ ᠲᠠᠢ ᠪᠣᠯᠵᠤ᠂ ᠡᠭᠦᠨ ᠤ ᠬᠠᠮᠲᠤ ᠬᠥᠩᠭᠡᠨ ᠵᠥᠭᠡᠯᠡᠨ᠂ ᠴᠢᠭᠢᠭᠲᠦᠬᠦ ᠠᠴᠠ ᠰᠡᠷᠭᠡᠶᠢᠯᠡᠬᠦ᠂ ᠳᠤᠯᠠᠭᠠᠨ᠂ ᠪᠣᠬᠢᠷᠲᠤᠯ ᠥᠬᠡᠶ ᠣᠷᠴᠢᠨ ᠲᠣᠭᠤᠷᠢᠨ ᠢ ᠬᠠᠮᠠᠭᠠᠯᠠᠬᠤ ᠵᠡᠷᠭᠡ ᠣᠨᠴᠠᠯᠢᠭ ᠢᠶᠠᠷ ᠢᠶᠠᠨ ᠥᠷᠭᠡᠨ ᠣᠯᠠᠨ ᠬᠡᠷᠡᠭᠯᠡᠭᠴᠢᠳ ᠤᠨ ᠲᠠᠭᠠᠰᠢᠶᠠᠯ ᠢ ᠣᠯᠵᠤ᠂ ᠤᠯᠤᠰ ᠤᠨ ᠳᠣᠲᠣᠭᠠᠳᠤ ᠶᠢᠨ 31 ᠮᠣᠵᠢ᠂ ᠬᠤᠲᠠ᠂ ᠥᠪᠡᠷᠲᠡᠭᠡᠨ ᠵᠠᠰᠠᠬᠤ ᠣᠷᠣᠨ ᠤ ᠲᠣᠮᠣ ᠳᠤᠮᠳᠠ ᠬᠤᠲᠠ ᠳᠤ ᠪᠣᠷᠤᠯᠠᠭᠤᠯᠤᠭᠳᠠᠵᠤ᠂ ᠬᠤᠯᠠ ᠳᠠᠭᠠᠨ ᠮᠣᠩᠭᠤᠯ᠂ ᠣᠷᠣᠰ ᠵᠡᠷᠭᠡ ᠤᠯᠤᠰ ᠲᠤ ᠴᠤ ᠪᠣᠷᠤᠯᠠᠭᠤᠯᠤᠭᠳᠠᠵᠤ ᠪᠠᠶᠢᠨ᠎ᠠ᠃   ᠣᠶᠢᠷ᠎ᠠ ᠶᠢᠨ ᠵᠢᠯ ᠳᠤ᠂ ᠵᠢᠯ ᠤᠨ ᠳᠤᠮᠳᠠᠴᠢ ᠦᠢᠯᠡᠳᠬᠦᠨ ᠤ ᠬᠡᠮᠵᠢᠶ᠎ᠡ 2000 ᠭᠠᠷᠤᠶ ᠲᠦᠮᠡᠨ ᠵᠠᠬ᠎ᠠ ᠬᠦᠷᠴᠦ ᠂ 20 ᠭᠠᠷᠤᠶ ᠳ᠋ᠦᠩᠰᠢᠭᠤᠷ ᠲᠥᠭᠦᠷᠢᠭ ᠤᠨ ᠦᠢᠯᠡᠳᠬᠦᠨ ᠤ ᠥᠷᠲᠡᠭ ᠢ ᠪᠡᠶᠡᠯᠡᠭᠦᠯᠵᠦ᠂ 3 ᠲᠦᠮᠡ ᠭᠠᠷᠤᠶ ᠮᠠᠯᠴᠢᠨ ᠲᠠᠷᠢᠶᠠᠴᠢᠨ ᠳᠤ ᠠᠵᠢᠯ ᠣᠯᠭᠤᠵᠤ᠂ ᠣᠷᠣᠯᠭ᠎ᠠ ᠶᠢ ᠨᠢ ᠨᠡᠮᠡᠭᠳᠡᠭᠦᠯᠦᠨ᠂ ᠶᠠᠳᠠᠭᠤ ᠠᠴᠠ ᠠᠩᠭᠢᠵᠢᠷᠠᠭᠤᠯᠤᠨ ᠴᠢᠨᠡᠭᠡᠯᠢᠭᠵᠢᠭᠦᠯᠪᠡ᠃                                                              ᠣᠷᠴᠢᠭᠤᠯᠤᠭᠴᠢ᠄ ᠭᠡᠷᠡᠯ
 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠲᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10002599号