ᠬᠤᠸᠠᠳᠧ ᠰᠢᠶᠠᠨ ᠤ ᠵᠠᠰᠠᠭ ᠤᠨ ᠣᠷᠳᠣᠨ ᠤ ᠮᠣᠩᠭᠤᠯ ᠬᠡᠯᠡᠨ ᠤ ᠵᠠᠰᠠᠭ ᠤᠨ ᠶᠠᠪᠤᠳᠠᠯ ᠤᠨ ᠰᠦᠯᠵᠢᠶ᠎ᠡ ᠴᠣ ᠰᠢᠨ᠎ᠡ ᠬᠤᠪᠢᠷᠠᠯᠲᠠ ᠲᠠᠢ ᠪᠣᠯᠵᠤ ᠠᠰᠢᠭᠯᠠᠯᠲᠠ ᠳᠤ ᠣᠷᠣᠪᠠ
ᠨᠡᠶᠢᠲᠡᠯᠡᠭᠰᠡᠨ ᠴᠠᠭ᠄
2019-08-30
   ᠮᠠᠨ ᠤ ᠰᠢᠶᠠᠨ ᠤ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ︾ ᠤᠨ ᠠᠵᠢᠯ ᠢ ᠤᠯᠠᠮ ᠨᠢᠭᠡ ᠠᠯᠬᠤᠮ ᠠᠬᠢᠭᠤᠯᠵᠤ᠂ ᠵᠠᠰᠠᠭ ᠠᠷᠠᠳ ᠤᠨ ᠬᠠᠷᠢᠯᠴᠠᠨ ᠤ ᠲᠠᠪᠴᠡᠩ ᠢ ᠥᠷᠭᠡᠳᠬᠡᠨ᠂ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠵᠦ᠂ ᠴᠥᠭᠡᠨ ᠲᠣᠭᠠᠲᠤ ᠦᠨᠳᠦᠰᠦᠲᠡᠨ ᠤ ᠣᠯᠠᠨ ᠲᠦᠮᠡᠨ ᠳᠤ ᠲᠥᠷᠥ ᠶᠢᠨ ᠪᠣᠳᠣᠯᠭ᠎ᠠ ᠵᠢᠴᠢ ᠮᠠᠨ ᠤ ᠰᠢᠶᠠᠨ ᠤ ᠵᠠᠰᠠᠭ ᠤᠨ ᠶᠠᠪᠤᠳᠠᠯ ᠤᠨ ᠬᠠᠮᠤᠭ ᠤᠨ ᠰᠢᠨ᠎ᠡ ᠪᠠᠶᠢᠳᠠᠯ ᠢ ᠣᠶᠢᠯᠠᠭᠠᠭᠤᠯᠬᠤ ᠶᠢᠨ ᠲᠥᠯᠥᠭᠡ᠂ ᠬᠤᠸᠠᠳᠧ ᠰᠢᠶᠠᠨ ᠤ ᠵᠠᠰᠠᠭ ᠤᠨ ᠣᠷᠳᠣᠨ ᠤ ᠮᠣᠩᠭᠤᠯ ᠬᠡᠯᠡᠨ ᠤ ᠵᠠᠰᠠᠭ ᠤᠨ ᠶᠠᠪᠤᠳᠠᠯ ᠤᠨ ᠰᠥᠯᠵᠢᠶ᠎ᠡ ᠨᠢ ᠪᠥᠬᠦ ᠲᠠᠯ᠎ᠠ ᠪᠠᠷ ᠥᠭᠡᠷᠡᠴᠢᠯᠡᠨ ᠳᠡᠰ ᠳᠡᠪᠰᠢᠭᠦᠯᠵᠦ᠂ 2019 ᠤᠨ 7 ᠰᠠᠷ᠎ᠠ ᠳᠤ ᠵᠢᠩᠬᠢᠨᠢ ᠪᠠᠷ ᠠᠰᠢᠭᠯᠠᠯᠲᠠ ᠳᠤ ᠣᠷᠤᠪᠠ᠃
   ᠬᠤᠸᠠᠳᠧ ᠰᠢᠶᠠᠨ ᠤ ᠵᠠᠰᠠᠭ ᠤᠨ ᠣᠷᠳᠣᠨ ᠤ ᠮᠣᠩᠭᠤᠯ ᠬᠡᠯᠡᠨ ᠤ ᠵᠠᠰᠠᠭ ᠤᠨ ᠶᠠᠪᠤᠳᠠᠯ ᠤᠨ ᠰᠦᠯᠵᠢᠶᠡᠨ ᠤ ᠭᠤᠣᠯ ᠪᠤᠯᠤᠩ ᠨᠢ᠂ ᠬᠤᠸᠠᠳᠧ ᠶᠢᠨ ᠲᠦᠢᠮᠣ ᠪᠠᠶᠢᠳᠠᠯ᠂ ᠰᠣᠨᠢᠨ ᠮᠡᠳᠡᠭᠡ᠂  ᠢᠯᠡ ᠵᠠᠰᠠᠭ᠂ ᠦᠢᠯᠡᠴᠢᠯᠡᠭᠡ᠂ ᠰᠢᠨ᠎ᠡ ᠬᠥᠳᠡᠭᠡ᠂ ᠦᠵᠡᠰᠬᠦᠯᠡᠩᠲᠦ ᠬᠤᠸᠠᠳᠧ ᠵᠢᠷᠭᠤᠭᠠᠨ ᠪᠤᠯᠤᠩ ᠢᠶᠠᠷ ᠪᠦᠷᠢᠯᠳᠦᠵᠦ᠂ ᠨᠢᠭᠤᠷ ᠤᠨ ᠵᠢᠷᠤᠭ ᠲᠥᠯᠥᠪᠯᠡᠭᠡ᠂ ᠠᠭᠤᠯᠭ᠎ᠠ ᠪᠠ ᠪᠤᠯᠤᠩ ᠤᠨ ᠪᠠᠶᠢᠷᠢᠯᠠᠭᠤᠯᠤᠯᠲᠠ ᠶᠢ ᠳᠡᠰ ᠳᠡᠪᠰᠢᠭᠦᠯᠦᠨ ᠰᠢᠯᠢᠳᠡᠭᠵᠢᠭᠦᠯᠵᠦ᠂ ᠮᠡᠷᠭᠡᠵᠢᠯ ᠤᠨ ᠠᠮᠤᠷ ᠲᠦᠪᠰᠢᠨ ᠪᠠ ᠰᠦᠯᠵᠢᠶᠡᠨ ᠤ ᠬᠠᠮᠢᠶᠠᠷᠤᠯᠲᠠ ᠶᠢᠨ ᠲᠤᠭᠲᠠᠯᠴᠠᠭ᠎ᠠ ᠨᠢ ᠤᠯᠠᠮ ᠨᠢᠭᠡ ᠠᠯᠬᠤᠮ ᠴᠢᠩᠭᠠᠷᠠᠪᠠ᠃ ᠰᠦᠯᠵᠢᠶ᠎ᠡ ᠨᠢ ᠳᠡᠰ ᠲᠡᠪᠰᠢᠬᠦ ᠶᠢ ᠳᠠᠭᠠᠯᠳᠤᠨ ᠰᠦᠯᠵᠢᠶᠡᠨ ᠨᠢᠭᠤᠷ ᠲᠡᠭᠡᠨ ᠴᠡᠪᠡᠷ ᠠᠪᠰᠠᠷᠬᠠᠨ ᠵᠢᠷᠤᠭ ᠲᠥᠯᠥᠪᠯᠡᠭᠡ ᠶᠢ ᠬᠡᠷᠡᠭᠯᠡᠨ ᠤᠤᠯ ᠤᠨ ᠪᠤᠯᠤᠩ ᠵᠢᠴᠢ ᠠᠭᠤᠯᠭ᠎ᠠ ᠶᠢᠨ ᠰᠤᠩᠭᠤᠯᠲᠠ ᠲᠣᠬᠢᠷᠠᠭᠤᠯᠤᠯᠲᠠ ᠶᠢ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠡᠯ᠎ᠡ ᠪᠤᠯᠤᠩ ᠤᠨ ᠮᠡᠳᠡᠭᠡ ᠵᠠᠩᠭᠢ ᠶᠢ ᠨᠠᠩ ᠲᠣᠳᠣᠷᠬᠠᠶ᠂ ᠣᠶᠢᠯᠠᠭᠠᠮᠵᠢᠲᠠᠢ ᠪᠣᠯᠭᠠᠭᠰᠠᠨ ᠠᠴᠠ ᠥᠪᠡᠷ ᠤᠨ ᠭᠡᠰᠡᠨ ᠣᠨᠴᠠᠯᠢᠭ ᠪᠦᠬᠦᠢ ᠪᠦᠬᠦ ᠲᠠᠯ᠎ᠠ ᠶᠢᠨ ᠰᠢᠨᠡᠴᠢᠯᠡᠯᠲᠡ ᠥᠭᠡᠷᠡᠴᠢᠯᠡᠯᠲᠡ ᠲᠠᠢ ᠪᠣᠯᠣᠭᠰᠠᠨ ᠪᠠᠶᠢᠨ᠎ᠠ᠃    ᠰᠦᠯᠵᠢᠶᠡᠨ ᠤ ᠨᠠᠶᠢᠷᠠᠭᠤᠯᠣᠨᠨᠴᠢ ᠡᠳᠦᠷ ᠪᠦᠷᠢ ᠬᠠᠮᠤᠭ ᠤᠨ ᠰᠢᠨ᠎ᠡ ᠠᠭᠤᠯᠭ᠎ᠠ ᠶᠢ ᠴᠠᠭ ᠲᠤᠬᠠᠶ ᠳᠤᠨᠢ ᠰᠢᠨᠡᠴᠢᠯᠡᠵᠦ᠂ ᠨᠡᠶᠢᠭᠡᠮ ᠳᠤ ᠦᠢᠯᠡᠴᠢᠯᠡᠬᠦ᠂ ᠥᠷᠭᠡᠨ ᠣᠯᠠᠨ ᠦᠨᠳᠦᠰᠦᠨ ᠱᠠᠲᠤᠨ ᠤ ᠮᠠᠯᠴᠢᠨ ᠲᠠᠷᠢᠶᠠᠴᠢᠨ ᠳᠤ ᠦᠢᠯᠡᠴᠢᠯᠡᠬᠦ ᠦᠢᠯᠡᠳᠣᠯ ᠢ ᠬᠦᠢᠴᠡᠳ ᠪᠠᠳᠠᠷᠠᠭᠤᠯᠪᠠ᠃ ᠬᠡᠷᠡᠭᠯᠡᠭᠴᠢᠳ ᠰᠦᠯᠵᠢᠶ᠎ᠡ ᠪᠠᠷ ᠳᠠᠮᠵᠢᠨ ᠳᠡᠭᠡᠳᠤ ᠱᠠᠲᠤᠨ ᠤ ᠨᠡᠶᠢᠲᠡᠯᠡᠭᠰᠡᠨ ᠡᠯ᠎ᠡ ᠵᠦᠢᠯ ᠤᠨ ᠲᠥᠷᠥ ᠶᠢᠨ ᠪᠣᠳᠣᠯᠭ᠎ᠠ᠂  ᠰᠣᠨᠢᠨ ᠮᠡᠳᠡᠭᠡ ᠴᠢᠮᠡᠭᠡ ᠵᠠᠩᠭᠢ ᠵᠢᠴᠢ ᠬᠤᠸᠠᠳᠧ ᠰᠢᠶᠠᠨ ᠤ ᠠᠷᠠᠳ ᠤᠨ ᠵᠠᠩ ᠵᠠᠩᠰᠢᠯ ᠢ ᠴᠠᠭ ᠲᠤᠬᠠᠶ ᠳᠤᠨᠢ ᠣᠶᠢᠯᠭᠠᠵᠤ ᠴᠢᠳᠠᠬᠤ ᠮᠦᠷᠲᠡᠭᠡᠨ ᠬᠤᠸᠠᠳᠧ ᠰᠢᠶᠠᠨ ᠤ ᠭᠠᠵᠠᠷ ᠣᠷᠣᠨ ᠤ ᠥᠩᠭᠡ ᠦᠵᠡᠮᠵᠢ᠂ ᠲᠡᠤᠬᠡ ᠰᠣᠶᠣᠯ᠂ ᠠᠵᠤ ᠦᠢᠯᠡᠰ ᠤᠨ ᠬᠥᠭᠵᠢᠯᠲᠡ ᠵᠡᠷᠭᠡ ᠲᠠᠢ ᠲᠠᠨᠢᠯᠴᠠᠬᠤ ᠴᠢᠬᠤᠯᠠ ᠲᠠᠪᠴᠠᠩ ᠪᠣᠯᠵᠠᠢ᠃ ᠡᠭᠦᠨ ᠠᠴᠠ ᠭᠠᠳᠠᠨ᠎ᠠ᠂ ᠦᠭᠡ ᠬᠡᠯᠡᠨ ᠤ ᠮᠡᠳᠡᠭᠡ ᠵᠠᠩᠭᠢᠵᠢᠯᠲᠠ ᠶᠢᠨ ᠲᠡᠩᠴᠡᠭᠦᠷᠢ ᠦᠭᠡᠢ ᠠᠴᠠ ᠪᠣᠯᠵᠤ ᠮᠣᠩᠭᠤᠯ ᠬᠡᠯᠡᠨ ᠤ ᠬᠡᠷᠡᠭᠯᠡᠭᠴᠢ ᠶᠢᠨ ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤ ᠪᠠᠷ ᠡᠳ᠋ᠯᠡᠵᠦ ᠲᠡᠶᠢᠯᠬᠦ ᠥᠬᠡᠶ ᠪᠠᠶᠢᠬᠤ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠵᠦ᠂ ᠮᠠᠯᠴᠢᠨ ᠲᠠᠷᠢᠶᠠᠴᠢᠨ ᠳᠤ ᠳᠥᠭᠦᠮ ᠦᠵᠡᠭᠦᠯᠵᠦ᠂ ᠵᠠᠰᠠᠭ ᠤᠨ ᠣᠷᠳᠣᠨ ᠤ ᠠᠵᠢᠯ ᠳᠤ ᠮᠠᠰᠢ ᠴᠢᠬᠤᠯᠠ ᠬᠦᠴᠦᠨ ᠨᠡᠮᠡᠷᠢᠯᠡᠬᠦ ᠦᠢᠯᠡᠳᠣᠯ ᠲᠠᠢ᠃   ᠣᠳᠣᠬᠠᠨ ᠤ ᠰᠦᠯᠵᠢᠶᠡᠨ ᠤ ᠬᠡᠷᠡᠭᠯᠡᠭᠡ ᠠᠰᠢᠭᠯᠠᠯᠲᠠ ᠶᠢᠨ ᠲᠠᠰᠤᠷᠠᠯᠲᠠ ᠥᠬᠡᠶ ᠨᠡᠮᠡᠭᠳᠡᠬᠦ ᠶᠢ ᠳᠠᠭᠠᠯᠳᠤᠨ ᠬᠡᠷᠡᠭᠯᠡᠭᠴᠢᠳ ᠲᠤ ᠨᠠᠩ ᠳᠥᠭᠦᠮ ᠪᠣᠯᠵᠦ ᠰᠦᠯᠵᠢᠶ᠎ᠡ ᠨᠢ ᠭᠠᠷ ᠤᠲᠠᠰᠤ᠂ ᠬᠠᠪᠲᠠᠰᠤᠯᠢᠭ ᠺᠣᠮᠫᠢᠦ᠋ᠲ᠋ᠧᠷ ᠵᠡᠷᠭᠡ ᠲᠥᠬᠦᠭᠡᠷᠦᠮᠵᠢ ᠪᠠᠷ ᠴᠤ ᠰᠦᠯᠵᠢᠶᠡᠨ ᠳᠤ ᠨᠡᠪᠲᠡᠷᠡᠵᠦ ᠳᠡᠶᠢᠯᠬᠦ ᠪᠣᠯᠵᠤ᠂ ᠣᠳᠤ ᠶᠢᠨ ᠬᠦᠮᠦᠰ ᠤᠨ ᠣᠯᠠᠨ ᠶᠠᠩᠵᠤᠯᠠᠭᠰᠠᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ ᠪᠠᠶᠢᠨ᠎ᠠ᠃
   ᠬᠤᠸᠠᠳᠧ ᠰᠢᠶᠠᠨ ᠤ ᠵᠠᠰᠠᠭ ᠤᠨ ᠣᠷᠳᠣᠨ ᠤ ᠮᠣᠩᠭᠤᠯ ᠬᠡᠯᠡᠨ ᠤ ᠵᠠᠰᠠᠭ ᠤᠨ ᠶᠠᠪᠤᠳᠠᠯ ᠤᠨ ᠰᠦᠯᠵᠢᠶᠡᠨ ᠳᠤ ᠨᠡᠪᠲᠡᠷᠡᠬᠦ ᠠᠷᠭ᠎ᠠ ᠬᠤᠶᠠᠷ ᠵᠦᠢᠯ ᠪᠤᠢ᠄ ︵ᠨᠢᠭᠡ︶ ᠰᠦᠯᠵᠢᠶᠡᠨ ᠬᠠᠶ᠋ᠢᠭ᠄ http://mgl.huade.gov.cn/  ︔ ︵ᠬᠤᠶᠠᠷ︶ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ᠄ http://www.huade.gov.cn/ ᠢᠶᠠᠷ ᠨᠡᠪᠲᠡᠷᠡᠵᠦ᠂ ᠰᠦᠯᠵᠢᠶᠡᠨ ᠲᠡᠷᠢᠭᠦᠨ ᠨᠢᠭᠤᠷ ᠲᠤ ᠣᠷᠣᠭᠰᠠᠨ ᠤ ᠳᠠᠷᠠᠭ᠎ᠠ᠂ ᠪᠠᠷᠠᠭᠤᠨ ᠳᠡᠭᠡᠷ᠎ᠡ ᠲᠠᠯ᠎ᠠ ᠶᠢᠨ ︽ᠮᠣᠩᠭᠤᠯ  ︾ ᠦᠰᠦᠭ ᠢ ᠲᠣᠪᠴᠢᠳᠠᠬᠤ ᠪᠠᠷ ᠳᠠᠮᠵᠢᠨ ᠮᠣᠩᠭᠤᠯ ᠵᠠᠰᠠᠭ ᠤᠨ ᠶᠠᠪᠤᠳᠠᠯ ᠤᠨ ᠰᠦᠯᠵᠢᠶᠡᠨ ᠳᠤ ᠨᠡᠪᠲᠡᠷᠡᠨ᠎ᠡ᠃    ᠮᠣᠩᠭᠤᠯ ᠣᠯᠠᠨ ᠲᠦᠮᠡᠨ ᠤ ᠪᠠᠨ ᠬᠤᠸᠠᠳᠧ ᠰᠢᠶᠠᠨ ᠤ ᠵᠠᠰᠠᠭ ᠤᠨ ᠣᠷᠳᠣᠨ ᠤ ᠮᠣᠩᠭᠤᠯ ᠬᠡᠯᠡᠨ ᠤ ᠵᠠᠰᠠᠭ ᠤᠨ ᠶᠠᠪᠤᠳᠠᠯ ᠤᠨ ᠰᠦᠯᠵᠢᠶ᠎ᠡ ᠶᠢ ᠢᠯᠡᠭᠦᠬᠡᠨ ᠠᠩᠬᠠᠷᠴᠤ ᠳᠡᠮᠵᠢᠬᠦ ᠶᠢ ᠬᠦᠰᠡᠵᠦ ᠪᠠᠶᠢᠨ᠎ᠠ᠂ ᠪᠢᠳᠡ ᠴᠠᠭ ᠲᠤᠬᠠᠢ ᠳᠠᠭᠠᠨ ᠰᠦᠯᠵᠢᠶᠡᠨ ᠤ ᠠᠭᠤᠯᠭ᠎ᠠ ᠪᠠᠨ ᠰᠢᠨᠡᠴᠢᠯᠡᠬᠦ ᠶᠢᠨ ᠬᠠᠮᠲᠤ ᠦᠢᠯᠡᠴᠢᠯᠡᠭᠡ ᠪᠠᠨ ᠦᠷᠬᠦᠯᠵᠢᠯᠡᠨ ᠦᠷᠭᠡᠳᠬᠡᠵᠦ᠂ ᠮᠠᠯᠴᠢᠨ ᠲᠠᠷᠢᠶᠠᠴᠢᠨ ᠰᠦᠯᠵᠢᠶᠡᠴᠢᠳ ᠲᠤ ᠨᠡᠩ ᠰᠠᠶᠢᠨ‌ᠦᠢᠯᠡᠴᠢᠯᠡᠭᠡ ᠪᠠ ᠬᠠᠷᠢᠯᠴᠠᠬᠤ ᠲᠠᠪᠴᠡᠩ ᠬᠠᠩᠭᠠᠬᠤ ᠪᠠᠷ ᠴᠢᠷᠮᠠᠶᠢᠨ᠎ᠠ᠃                                                        ᠵᠣᠬᠢᠶᠠᠭᠴᠢ᠄ ᠭᠡᠷᠡᠯ
 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10002599号