ᠮᠠᠨ ᠤ ᠰᠢᠶᠠᠨ ᠤ ᠤᠰᠤ ᠣᠰᠤ ᠦᠭᠡᠶᠢᠵᠢᠭᠦᠯᠦᠭᠰᠡᠨ ᠢᠳᠡᠰᠢᠨ ᠨᠣᠭᠤᠭ᠎ᠠ ᠪᠣᠷᠣᠯᠠᠭᠤᠯᠬᠤ ᠠᠵᠤ ᠠᠬᠤᠶᠢᠯᠠᠯ ᠶᠠᠳᠠᠭᠤ ᠬᠦᠴᠢᠷᠳᠡᠯᠲᠡᠶ ᠡᠷᠦᠬᠡ ᠶᠢ ᠬᠠᠪᠰᠤᠷᠤᠨ ᠶᠠᠳᠠᠭᠤ ᠠᠴᠠ ᠠᠩᠭᠢᠵᠢᠷᠠᠭᠤᠯᠵᠤ ᠣᠷᠣᠯᠭ᠎ᠠ ᠶᠢ ᠨᠢ ᠨᠡᠮᠡᠭᠳᠡᠭᠦᠯᠪᠡ
ᠨᠡᠶᠢᠲᠡᠯᠡᠭᠰᠡᠨ ᠴᠠᠭ᠄
2019-08-31
   ᠤᠯᠠᠭᠠᠨᠴᠠᠪ ᠬᠤᠲᠠ ᠶᠢᠨ ᠵᠢᠶᠠ ᠳ᠋ᠧ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠢᠳᠡᠭᠡᠨ ᠤ ᠬᠢᠵᠠᠭᠠᠷᠲᠤ ᠺᠣᠮᠫᠠᠨᠢ ᠪᠣᠯ ᠤᠰᠤ ᠦᠭᠡᠶᠢᠵᠢᠭᠦᠯᠦᠭᠰᠡᠨ ᠢᠳᠡᠰᠢᠨ ᠨᠣᠭᠤᠭ᠎ᠠ ᠪᠣᠯᠪᠠᠰᠤᠷᠠᠭᠤᠯᠬᠤ ᠠᠵᠤ ᠠᠬᠤᠶᠢᠯᠠᠯ ᠪᠣᠯᠤᠨ᠎ᠠ᠃ ᠠᠵᠤ ᠠᠬᠤᠶᠢᠯᠠᠯ ᠳᠤ ᠬᠦᠳᠡᠯᠮᠦᠷᠢ ᠬᠦᠴᠦ ᠣᠷᠤᠭᠤᠯᠬᠤ ᠪᠠ ︽ᠵᠠᠬᠢᠶᠠᠯᠠᠭ᠎ᠠ ᠶᠢᠨ ᠬᠠᠭᠤᠳᠠᠰᠤ + ᠦᠨ᠎ᠡ ᠶᠢᠨ ᠬᠠᠮᠠᠭᠠᠯᠠᠯᠲᠠ︾ ᠶᠢᠨ ᠲᠠᠷᠢᠵᠤ ᠤᠷᠭᠤᠯᠠᠭᠤᠯᠬᠤ ᠵᠡᠷᠭᠡ ᠬᠡᠯᠪᠡᠷᠢ ᠪᠠᠷ ᠳᠠᠮᠵᠢᠨ ᠠᠵᠤ ᠠᠬᠤᠶᠢᠯᠠᠯ ᠪᠣᠯᠤᠨ ᠶᠠᠳᠠᠭᠤ ᠬᠦᠴᠢᠷᠳᠡᠯᠲᠡᠶ ᠡᠷᠦᠬᠡ ᠶᠢᠨ ᠠᠰᠢᠭ ᠲᠤᠰᠠ ᠶᠢ ᠬᠤᠯᠪᠣᠵᠤ᠂ ᠶᠠᠳᠠᠭᠤ ᠬᠦᠴᠢᠷᠳᠡᠯᠲᠡᠶ ᠡᠷᠦᠬᠡ ᠶᠢ ᠲᠠᠷᠢᠶᠠᠯᠠᠩ ᠤᠨ ᠠᠵᠤ ᠦᠶᠢᠯᠡᠰᠵᠢᠯᠲᠡ ᠳᠤ ᠠᠭᠤᠰᠤᠯᠴᠠᠭᠤᠯᠵᠤ᠂ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠪᠦᠷᠬᠦᠴᠡ ᠶᠢ ᠬᠠᠮᠤᠭ ᠤᠨ ᠶᠡᠭᠡ ᠬᠡᠮᠵᠢᠶ᠎ᠡ ᠪᠠᠷ ᠦᠷᠭᠡᠳᠬᠡᠪᠡ᠃    ᠨᠠᠢᠮᠠᠨ ᠰᠠᠷ᠎ᠠ ᠪᠣᠯ ᠶᠠᠭ ᠨᠠᠮᠤᠷ ᠤᠨ ᠬᠤᠷᠢᠶᠠᠯᠲᠠ ᠶᠢᠨ ᠶᠠᠭᠠᠷᠠᠯᠲᠠᠶ ᠴᠠᠭ ᠪᠣᠯᠣᠨ᠎ᠠ᠂  ᠵᠢᠶᠠ ᠳ᠋ᠧ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠢᠳᠡᠭᠡᠨ ᠤ ᠬᠢᠵᠠᠭᠠᠷᠲᠤ ᠺᠣᠮᠫᠠᠨᠢ ᠶᠢᠨ  ᠦᠢᠯᠡᠳᠪᠤᠷᠢᠯᠡᠯ ᠤᠨ ᠳᠠᠰᠤᠭ ᠲᠤ᠂  ᠦᠢᠯᠡᠳᠪᠤᠷᠢ ᠶᠢᠨ ᠮᠠᠰᠢᠨ ᠤ ᠳᠠᠭᠤᠨ ᠦᠷᠬᠦᠯᠵᠢᠯᠡᠵᠦ᠂ ᠠᠵᠢᠯᠴᠢᠳ ᠤᠰᠤ ᠦᠭᠡᠶᠢᠵᠢᠭᠦᠯᠦᠭᠰᠡᠨ ᠢᠳᠡᠰᠢᠨ ᠨᠣᠭᠤᠭ᠎ᠠ ᠶᠢ ᠪᠣᠯᠪᠠᠰᠤᠷᠠᠭᠤᠯᠵᠤ ᠶᠠᠭᠠᠷᠠᠨ᠎ᠠ᠃    ᠲᠣᠰ ᠺᠣᠮᠫᠠᠨᠢ 2016 ᠤᠨ 4 ᠰᠠᠷ᠎ᠠ ᠳᠤ ᠪᠠᠶᠢᠭᠤᠯᠤᠭᠳᠠᠵᠤ᠂ ᠨᠢᠭᠡᠨ ᠤᠰᠤ ᠦᠭᠡᠶᠢᠵᠢᠭᠦᠯᠦᠭᠰᠡᠨ ᠢᠳᠡᠰᠢᠨ ᠨᠣᠭᠤᠭ᠎ᠠ ᠪᠣᠯᠪᠠᠰᠤᠷᠠᠭᠤᠯᠤᠨ ᠪᠣᠷᠣᠯᠠᠭᠤᠯᠬᠤ ᠠᠵᠤ ᠠᠬᠤᠶᠢᠯᠠᠯ ᠪᠣᠯᠤᠨ᠎ᠠ᠂ ᠵᠢᠯ ᠤᠨ   ᠬᠡᠷᠡᠭᠰᠡᠬᠦ ᠢᠳᠡᠰᠢᠨ ᠨᠣᠭᠤᠭᠠᠨ ᠤ ᠬᠡᠮᠵᠢᠶ᠎ᠡ ᠨᠢᠭᠡ ᠲᠦᠮᠡᠨ ᠮᠦ ᠳᠤ ᠬᠦᠷᠴᠡᠶ᠂ ᠣᠶᠢᠯᠠᠭᠠᠭᠰᠠᠨ ᠢᠶᠠᠷ᠂ ᠲᠣᠰ ᠺᠣᠮᠫᠠᠨᠢ 2019 ᠣᠨ ᠳᠤ 8000 ᠮᠦ ᠪᠥᠭᠡᠷᠡᠩᠬᠡᠶ ᠴᠠᠭᠠᠨ ᠨᠣᠭᠤᠭ᠎ᠠ ᠵᠠᠬᠢᠶᠠᠯᠠᠭ᠎ᠠ ᠪᠠᠷ ᠲᠠᠷᠢᠵᠤ᠂  ᠴᠣᠣ ᠶᠠᠩ ᠪᠠᠯᠭᠠᠰᠤᠨ ᠤ ᠡᠷᠭᠢᠨ ᠲᠣᠭᠤᠷᠢᠨ ᠤ 10 ᠵᠠᠰᠠᠭ ᠵᠠᠬᠢᠷᠭᠠᠨ ᠤ ᠲᠣᠰᠬᠤᠨ ᠤ 465 ᠲᠠᠷᠢᠶᠠᠴᠢᠨ ᠡᠷᠦᠬᠡ ᠲᠠᠢ ᠭᠡᠷ᠎ᠡ ᠲᠣᠭᠲᠠᠨ ᠲᠠᠷᠢᠵᠤ ᠤᠷᠭᠤᠯᠠᠭᠤᠯᠤᠨ᠂ ᠡᠭᠦᠨ ᠳᠤ ᠶᠠᠳᠠᠭᠤ ᠬᠦᠴᠢᠷᠳᠡᠯᠲᠡᠶ ᠡᠷᠦᠬᠡ 128 ᠪᠣᠶ᠃ ᠶᠠᠳᠠᠭᠤ ᠬᠦᠴᠢᠷᠳᠡᠯᠲᠡᠶ ᠡᠷᠦᠬᠡ ᠶᠢᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠬᠤᠳᠠᠯᠳᠤᠨ ᠠᠪᠬᠤ ᠦᠨ᠎ᠡ ᠨᠢ ᠲᠣᠨ ᠪᠦᠷᠢ 420 ᠲᠥᠭᠦᠷᠢᠭ᠂ ᠶᠠᠳᠠᠭᠤ ᠬᠦᠴᠢᠷᠳᠡᠯᠲᠡᠶ ᠪᠤᠰᠤ ᠡᠷᠦᠬᠡ ᠲᠣᠨ ᠪᠦᠷᠢ 360 ᠲᠥᠭᠦᠷᠢᠭ᠂ ᠶᠠᠳᠠᠭᠤ ᠬᠦᠴᠢᠷᠳᠡᠯᠲᠡᠶ ᠡᠷᠦᠬᠡ ᠶᠢᠨ ᠵᠠᠬᠢᠶᠠᠯᠠᠭ᠎ᠠ ᠶᠢᠨ ᠬᠠᠭᠤᠳᠠᠰᠤ ᠨᠢ 2560 ᠮᠦ ᠳᠤ ᠬᠦᠷᠴᠦ᠂ ᠶᠠᠳᠠᠭᠤ ᠬᠦᠴᠢᠷᠳᠡᠯᠲᠡᠶ ᠡᠷᠦᠬᠡ ᠶᠢᠨ ᠣᠷᠤᠯᠭ᠎ᠠ ᠨᠢ ᠶᠠᠳᠠᠭᠤ ᠬᠦᠴᠢᠷᠳᠡᠯᠲᠡᠶ ᠪᠤᠰᠤ ᠡᠷᠦᠬᠡ ᠠᠴᠠ 360 ᠲᠥᠭᠦᠷᠢᠭ ᠢᠯᠡᠭᠦᠤ ᠪᠠᠶᠢᠵᠤ᠂ 2560 ᠮᠦ ᠠᠴᠠ 92.16 ᠲᠦᠮᠡᠨ ᠲᠥᠭᠦᠷᠢᠭ ᠤᠨ ᠣᠷᠣᠯᠭ᠎ᠠ ᠢᠯᠡᠭᠦᠦ ᠣᠯᠵᠤ᠂ 2019 ᠣᠨ ᠤ ᠵᠢᠱᠢᠯᠲᠡ ᠪᠠᠷ   ᠶᠡᠷᠦᠩᠬᠡᠢ ᠢᠳᠡᠰᠢᠨ ᠨᠣᠭᠤᠭᠠᠨ ᠤ ᠵᠣᠭᠤᠰ ᠨᠢ 1950 ᠭᠠᠷᠤᠶ ᠲᠦᠮᠡᠨ ᠲᠥᠭᠦᠷᠢᠭ ᠳᠤ ᠬᠦᠷᠦᠨ᠎ᠡ᠃    ᠺᠣᠮᠫᠠᠨᠢ ᠶᠢᠨ ᠲᠣᠰ ᠪᠡᠶ᠎ᠡ ᠶᠢᠨ ᠬᠥᠭᠵᠢᠯᠲᠡ ᠪᠠ ᠶᠠᠳᠠᠭᠤ ᠬᠦᠴᠢᠷᠳᠡᠯᠲᠡᠶ ᠡᠷᠦᠬᠡ ᠶᠢᠨ ᠪᠣᠳᠠᠲᠠᠶ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ᠂ 2019 ᠣᠨ ᠳᠤ ᠺᠣᠮᠫᠠᠨᠢ ᠨᠢ ᠰᠢᠨ᠎ᠡ ᠪᠠᠷ 2  ᠦᠢᠯᠡᠳᠪᠤᠷᠢᠯᠡᠯ ᠤᠨ ᠱᠤᠭᠤᠮ ᠨᠡᠮᠡᠬᠦ ᠪᠠᠷ ᠲᠦᠰᠦᠪᠯᠡᠵᠦ᠂ ᠲᠤᠬᠠᠢ ᠶᠢᠨ ᠴᠠᠭ ᠲᠤᠨᠢ 4 ᠦᠢᠯᠡᠳᠪᠤᠷᠢᠯᠡᠯ ᠤᠨ ᠱᠤᠭᠤᠮ ᠢ 24 ᠴᠠᠭ  ᠦᠢᠯᠡᠳᠪᠤᠷᠢᠯᠡᠭᠦᠯᠵᠦ᠂ 400 ᠭᠠᠷᠤᠶ ᠠᠵᠢᠯᠴᠢᠨ ᠬᠡᠷᠡᠭᠰᠡᠨ᠎ᠡ᠃    ᠤᠯᠠᠭᠠᠨᠴᠠᠪ ᠬᠤᠲᠠ ᠶᠢᠨ ᠵᠢᠶᠠ ᠳ᠋ᠧ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠢᠳᠡᠭᠡᠨ ᠤ ᠬᠢᠵᠠᠭᠠᠷᠲᠤ ᠺᠣᠮᠫᠠᠨᠢ ᠶᠢᠨ ᠲᠠᠷᠢᠶᠠᠯᠠᠩ ᠢᠶᠠᠷ ᠶᠠᠳᠠᠭᠤ ᠶᠢ ᠲᠡᠳᠬᠦᠬᠦ ᠵᠠᠭᠪᠤᠷ ᠨᠢ ᠲᠠᠷᠢᠶᠠᠯᠠᠩ ᠤᠨ ᠬᠥᠭᠵᠢᠯᠲᠡ ᠶᠢ ᠠᠬᠢᠭᠤᠯᠵᠤ᠂ ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠢ ᠳᠠᠶᠢᠴᠢᠯᠠᠭᠰᠠᠨ ᠪᠥᠭᠡᠳ ᠶᠠᠳᠠᠭᠤ ᠬᠦᠴᠢᠷᠳᠡᠯᠲᠡᠶ ᠡᠷᠦᠬᠡ ᠶᠢᠨ ᠶᠠᠳᠠᠭᠤ ᠠᠴᠠ ᠠᠩᠭᠢᠵᠢᠷᠠᠨ ᠴᠢᠨᠡᠭᠡᠯᠢᠭᠵᠢᠬᠦ ᠠᠯᠬᠤᠴᠠ ᠶᠢ ᠲᠦᠷᠭᠡᠳᠬᠡᠵᠦ᠂ ᠲᠠᠷᠢᠶᠠᠴᠢᠳ ᠤᠨ ᠨᠣᠭᠤᠭ᠎ᠠ ᠬᠤᠳᠠᠯᠳᠤᠬᠤ ᠳᠤ ᠬᠦᠴᠢᠷᠲᠡᠶ ᠪᠠᠶᠢᠬᠤ ᠠᠰᠠᠭᠤᠳᠠᠯ ᠢ ᠰᠢᠢᠳᠪᠤᠷᠢᠯᠡᠪᠡ᠃                                                      ᠣᠷᠴᠢᠭᠤᠯᠤᠭᠴᠢ᠄ ᠭᠡᠷᠡᠯ  
 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠲᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10002599号