ᠪᠢ ᠲᠠᠯ᠎ᠠ ᠨᠤᠳᠤᠭ ᠤᠨ ᠨᠢᠭᠡ ᠰᠠᠭᠤᠷᠢ ᠨᠢᠮᠪᠡᠭᠡ ᠪᠣᠯᠬᠤ ᠲᠤᠷᠠᠲᠠᠢ
ᠨᠡᠶᠢᠲᠡᠯᠡᠭᠰᠡᠨ ᠴᠠᠭ᠄
2019-09-10
ᠪᠢ ᠲᠠᠯ᠎ᠠ ᠨᠤᠳᠤᠭ ᠤᠨ ᠨᠢᠭᠡ ᠰᠠᠭᠤᠷᠢ ᠨᠢᠮᠪᠡᠭᠡ ᠪᠣᠯᠬᠤ ᠲᠤᠷᠠᠲᠠᠢ                      — ᠰᠢᠶᠠᠨ ᠤ ᠪᠠᠶᠠᠨᠲᠠᠯ᠎ᠠ  ᠲᠤᠰᠬᠤᠨ‌‍ᠤ ᠨᠢᠭᠡᠳᠦᠭᠡᠷ ᠱᠦᠵᠢ ᠲᠣᠰᠬᠤᠨ ᠳᠤ ᠰᠠᠭᠤᠭ᠎ᠠ ᠠᠩᠭᠢ ᠶᠢᠨ ᠳᠠᠷᠤᠭ᠎ᠠ ᠸᠠᠩ ᠬᠤᠸᠠ
ᠨᠢᠭᠡ᠂ ᠪᠠᠶᠠᠨᠲᠠᠯ᠎ᠠ ᠲᠣᠰᠬᠤᠨ ᠤ ᠲᠦᠢᠮᠣ ᠪᠠᠢᠳᠠᠯ ᠬᠤᠸᠠᠳᠧ ᠰᠢᠶᠠᠨ ᠤ ᠪᠠᠶᠠᠨᠲᠠᠯ᠎ᠠ ᠲᠣᠰᠬᠤᠨ ᠨᠢ ᠪᠠᠶᠠᠨᠲᠠᠯ᠎ᠠ ᠰᠢᠶᠠᠩ ᠤᠨ ᠵᠠᠰᠠᠭ ᠤᠨ ᠤᠷᠳᠤᠨ ᠳᠤ ᠪᠠᠶᠢᠷᠢᠯᠠᠵᠤ᠂ ᠬᠤᠸᠠᠳᠧ ᠰᠢᠶᠠᠨ ᠠᠴᠠ 20 ᠺᠢᠯᠣᠮᠧᠲᠷ ᠵᠠᠶᠢᠲᠠᠶ᠂ ᠵᠢᠢ — ᠲᠦᠩ ᠲᠡᠮᠦᠷ ᠵᠠᠮ᠂ ᠬᠤᠸᠠ — ᠪᠠᠶ ᠵᠠᠰᠠᠮᠠᠯ ᠵᠠᠮ ᠲᠣᠰᠬᠤᠨ ᠢᠶᠠᠷ ᠥᠩᠭᠡᠷᠡᠵᠦ᠂ ᠵᠠᠮ ᠬᠠᠷᠢᠯᠴᠠᠭ᠎ᠠ ᠳᠥᠭᠦᠮ ᠳᠥᠲᠡ  ᠪᠠᠶᠢᠳᠠᠭ᠃ ᠣᠳᠣᠬᠠᠨ ᠳᠤ ᠪᠥᠬᠦ ᠲᠣᠰᠬᠤᠨ ᠳᠤ ᠳᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯᠲᠡᠶ ᠡᠷᠦᠬᠡ 12 ᠡᠷᠦᠬᠡ 29 ᠬᠥᠮᠦᠨ ᠪᠠᠶᠢᠵᠤ᠂ ᠨᠢᠭᠡᠨᠲᠡ 11 ᠡᠷᠦᠬᠡ 23 ᠬᠥᠮᠦᠨ ᠶᠠᠳᠠᠭᠤ ᠠᠴᠠ ᠠᠩᠭᠢᠵᠢᠷᠠᠵᠤ᠂ 1 ᠡᠷᠦᠬᠡ 6 ᠬᠥᠮᠦᠨ ᠶᠠᠳᠠᠭᠤ ᠠᠴᠠ ᠠᠩᠭᠢᠵᠢᠷᠠᠭᠠᠳᠤᠶ ᠪᠠᠶᠢᠵᠤ᠂ ᠶᠠᠳᠠᠭᠤ ᠬᠦᠴᠢᠷᠳᠡᠯᠲᠡᠶ ᠡᠷᠦᠬᠡ 3.1 % ᠪᠠᠶᠢᠭᠰᠠᠨ ᠠᠴᠠ ᠪᠠᠨ ᠪᠠᠭᠤᠷᠠᠭᠠᠳ 0.63 % ᠪᠣᠯᠵᠠᠶ᠃ ᠲᠣᠰᠬᠤᠨ ᠤ ᠠᠷᠠᠳ ᠭᠤᠤᠯᠳᠠᠭᠤ ᠲᠠᠷᠢᠮᠠᠯ ᠤᠨ  ᠦᠢᠯᠡᠰ᠂ ᠮᠠᠯ ᠠᠵᠤ ᠠᠬᠤᠶ ᠵᠡᠷᠭᠡ ᠠᠵᠢᠯ ᠲᠥᠷᠥᠯ ᠢ ᠡᠷᠬᠢᠯᠡᠵᠦ᠂ ᠲᠠᠷᠢᠮᠠᠯ ᠤᠨ ᠦᠢᠯᠡᠰ ᠲᠤ ᠲᠥᠮᠥᠰᠥ᠂ ᠬᠤᠮᠠ᠂ ᠨᠣᠬᠠᠶ ᠶᠢᠨ ᠬᠤᠰᠢᠭᠤ᠂ ᠡᠯᠳᠡᠪ ᠠᠮᠤ ᠲᠠᠷᠢᠬᠤ ᠪᠠᠷ ᠭᠤᠤᠯ ᠪᠣᠯᠭᠠᠵᠤ᠂ ᠮᠠᠯ ᠠᠵᠤ ᠠᠬᠤᠶ ᠳᠤ  ᠢᠳᠡᠰᠢᠨ ᠬᠤᠨᠢ᠂ ᠰᠠᠭᠠᠯᠢ ᠶᠢᠨ ᠦᠨᠢᠶ᠎ᠡ ᠪᠠᠷ ᠭᠤᠤᠯ  ᠪᠤᠯᠭᠠᠳᠠᠭ᠃ ᠪᠠᠶᠠᠨᠲᠠᠯ᠎ᠠ ᠨᠢ ᠮᠣᠩᠭᠤᠯ ᠬᠡᠯᠡᠨ ᠳᠤ ︽ᠦᠵᠡᠰᠬᠦᠯᠡᠩᠲᠦ ᠰᠠᠢᠬᠠᠨ ᠲᠠᠯ᠎ᠠ︾ ᠭᠡᠰᠡᠨ ᠤᠳᠬ᠎ᠠ ᠲᠠᠢ᠂ ᠭᠡᠪᠡᠴᠦ ᠠᠳᠡᠬᠢ ᠤᠰᠤᠨ ᠤ ᠡᠬᠢ ᠪᠠᠶᠠᠯᠢᠭ ᠳᠤᠲᠠᠮᠠᠭ ᠪᠥᠭᠡᠳ ᠤᠰᠤᠨ ᠤ ᠴᠢᠨᠠᠷ  ᠪᠠᠷᠤᠭᠲᠠᠢ ᠪᠠᠶᠢᠳᠠᠭ᠃ ᠲᠣᠰᠬᠤᠨ ᠤ ᠬᠤᠷᠣᠭᠳᠠᠯ ᠢᠶᠠᠷ ᠬᠠᠮᠤᠭ ᠬᠤᠷᠳᠤᠨ ᠬᠡᠷᠡᠭᠰᠡᠯ ᠨᠢ ᠶᠠᠭᠤ ᠪᠣᠯᠬᠤ ᠶᠢ ᠣᠯᠠᠨ ᠢᠶᠠᠷ ᠢᠶᠠᠨ  ᠲᠠᠭᠠᠵᠤ ᠦᠵᠡᠨ᠎ᠡ ᠤᠤ︖  ᠲᠠᠷᠤᠢ ᠤᠯᠤᠰ  ‍ᠤᠨ‌‍ᠲ᠋ᠤᠭ ᠪᠣᠯᠤᠨ᠎ᠠ  ᠃ ᠵᠢᠯ ᠤᠨ ᠳᠥᠷᠪᠡᠨ ᠤᠯᠠᠷᠢᠯ ᠳᠤ ᠶᠡᠭᠡ ᠰᠠᠯᠬᠢ ᠲᠠᠢ ᠤᠴᠢᠷ ᠠᠴᠠ ᠤᠯᠤᠰ ‍ᠤᠨ‌‍ᠲ᠋ᠤᠭ ᠤᠨ ᠢᠷᠮᠡᠭ ᠢ ᠦᠯᠢᠶᠡᠨ  ᠡᠯᠡᠭᠳᠡᠭᠦᠯᠳᠡᠭ  ᠃ ᠡᠶᠢᠮᠦ ᠠᠴᠠ ᠪᠢ ᠦᠷᠭᠦᠯᠵᠢ ᠰᠢᠨ᠎ᠡ ᠤᠯᠤᠰ  ᠤᠨ ᠲᠤᠭ  ᠰᠣᠯᠢᠵᠤ᠂ ᠤᠯᠤᠰ  ᠤᠨ ᠲᠤᠭ ᠢᠶᠠᠨ ᠶᠠᠳᠠᠭᠤ ᠶᠢ ᠲᠡᠳᠬᠦᠬᠦ  ᠳᠠᠶᠢᠨ ᠤ ᠲᠠᠯᠠᠪᠤᠷ ᠲᠤ ᠦᠨᠳᠦᠷ ᠨᠠᠮᠢᠷᠠᠭᠤᠯᠳᠠᠭ᠃ ᠬᠤᠶᠠᠷ᠂ ᠳᠥᠷᠪᠡᠨ ᠵᠦᠢᠯ ᠤᠨ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ᠂  ᠡᠷᠡᠯᠬᠡᠭᠯᠡᠨ ᠤᠷᠤᠭᠰᠢᠯᠠᠵᠤ ᠪᠣᠳᠠᠲᠤ ᠦᠷ᠎ᠡ ᠪᠦᠲᠦᠮᠵᠢ ᠣᠯᠬᠤ ᠬᠡᠷᠡᠭᠲᠡᠢ ᠬᠤᠶᠠᠷ ᠵᠢᠯ ᠤᠨ ᠲᠤᠷᠰᠢ᠂ ᠠᠯᠪᠠᠨ ᠭᠡᠷ ᠤᠨ ᠤᠳᠤᠷᠢᠳᠤᠯᠭ᠎ᠠ ᠶᠢᠨ ᠳᠣᠲᠣᠨᠣ ᠬᠠᠯᠠᠮᠵᠢᠯᠠᠯ᠂ ᠠᠯᠪᠠᠨ ᠭᠡᠷ ᠤᠨ ᠨᠥᠬᠦᠳ ᠤᠨ ᠬᠠᠯᠠᠮᠵᠢᠯᠠᠯ ᠳᠡᠮᠵᠢᠯᠭᠡ ᠪᠣᠯᠤᠨ ᠬᠤᠸᠠᠳᠧ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ ᠪᠠᠶᠠᠨᠲᠠᠯ᠎ᠠ ᠰᠢᠶᠠᠩ ᠤᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠤᠳᠤᠷᠢᠳᠤᠯᠭ᠎ᠠ ᠳᠣᠤᠷ᠎ᠠ᠂ ᠪᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ  ‍ᠦᠨ‌ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠲᠠᠷᠢᠬᠢ ᠲᠣᠯᠣᠭᠠᠶ ᠪᠠᠨ ᠵᠡᠪᠰᠡᠭᠯᠡᠵᠦ᠂ ᠠᠵᠢᠯ ᠢᠶᠠᠨ ᠵᠢᠯᠣᠭᠤᠳᠬᠤ ᠶᠢ ᠪᠠᠷᠢᠮᠲᠠᠯᠠᠵᠤ᠂ ᠲᠣᠰᠬᠤᠨ ᠳᠤ ᠰᠠᠭᠤᠭ᠎ᠠ ᠠᠵᠢᠯ ᠤᠨ ᠠᠩᠭᠢ᠂ ᠲᠣᠰᠬᠤᠨ ᠤ ︽ᠬᠤᠶᠠᠷ ᠵᠥᠪᠯᠡᠯ︾ ᠤᠨ ᠪᠦᠷᠢᠯᠳᠦᠬᠦᠨ ᠲᠠᠢ ᠬᠠᠮᠲᠤ ᠶᠡᠷᠦᠩᠬᠡᠶ ᠱᠦᠵᠢ ᠰᠢ ᠶᠢᠨ ᠫᠢᠩ ᠤᠨ ᠶᠠᠳᠠᠭᠤ ᠶᠢ ᠲᠡᠳᠬᠦᠬᠦ ᠠᠵᠢᠯ  ᠤᠨ ᠲᠤᠬᠠᠶ ᠴᠢᠬᠤᠯᠠ ᠥᠭᠦᠯᠡᠯᠲᠡ ᠪᠣᠯᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠬᠤ ᠲᠤᠬᠠᠶ ᠨᠠᠮ ᠤᠨ ᠲᠥᠪ ᠬᠤᠷᠢᠶ᠎ᠠ᠂ ᠲᠥᠷᠦ ᠶᠢᠨ ᠶᠠᠪᠤᠳᠠᠯ ᠤᠨ ᠬᠤᠷᠢᠶᠠᠨ ᠤ ᠬᠠᠮᠤᠭ ᠤᠨ ᠰᠢᠨ᠎ᠡ ᠲᠥᠷᠦ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢ ᠴᠠᠭ ᠲᠤᠬᠠᠶ ᠳᠤᠨᠢ ᠨᠠᠷᠢᠨ ᠬᠢᠨᠠᠮᠠᠭᠠᠶ ᠰᠤᠷᠤᠯᠴᠠᠬᠤ ᠶᠢᠨ ᠬᠠᠮᠲᠤ ᠶᠠᠳᠠᠭᠤ ᠶᠢ ᠲᠡᠳᠬᠦᠬᠦ ᠡᠮᠦᠨ᠎ᠡ ᠹᠷᠣᠨᠲ ᠤᠨ ᠠᠵᠢᠯᠯᠠᠬᠤ  ᠲᠤᠭᠤᠶᠢᠯᠠᠩ ᠤᠨ ᠳᠤᠮᠳᠠ ᠪᠢ ᠪᠠᠰᠠ ᠲᠤᠰᠢᠶᠠᠯ ᠡᠭᠦᠷᠭᠡᠯᠡᠵᠦ ᠪᠠᠶᠢᠭ᠎ᠠ ᠨᠥᠬᠦᠳ ᠲᠠᠢ ᠬᠠᠮᠲᠤ ᠪᠠᠷ ᠳᠠᠬᠢᠨ ᠰᠤᠷᠤᠯᠴᠠᠵᠠᠢ᠃ ᠨᠥᠬᠦᠳ ᠨᠡᠷ ᠰᠤᠷᠭᠠᠭᠤᠯᠢ ᠡᠷᠬᠢᠯᠡᠬᠦ ᠳᠡᠭᠡᠨ ᠣᠷᠭᠢᠯᠤᠮ᠎ᠠ ᠬᠠᠯᠠᠭᠤᠨ ᠰᠡᠳᠬᠢᠯᠭᠡ ᠲᠠᠢ ᠪᠠᠶᠢᠵᠤ᠂ ᠪᠢᠳᠠ ᠳᠠᠬᠢᠨ ᠳᠠᠪᠲᠠᠨ ᠰᠤᠷᠤᠯᠴᠠᠵᠤ᠂ ᠰᠢᠰᠲ᠋ᠧᠮ ᠲᠠᠢ ᠰᠤᠷᠤᠯᠴᠠᠵᠤ᠂ ᠲᠥᠷᠦ ᠶᠢᠨ ᠪᠣᠳᠣᠯᠭ᠎ᠠ ᠶᠢᠨ ᠲᠤᠬᠠᠶ ᠣᠶᠢᠯᠠᠭᠠᠯᠲᠠ ᠪᠠᠨ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠣᠨᠣᠯ ᠢᠶᠠᠷ ᠵᠡᠪᠰᠡᠭᠯᠡᠬᠦ ᠪᠠᠨ ᠴᠢᠩᠭᠠᠳᠬᠠᠬᠤ ᠬᠡᠷᠡᠭᠲᠡᠶ᠃ ᠲᠣᠰᠬᠤᠨ ᠳᠤ  ᠰᠠᠭᠤᠭ᠎ᠠ ᠠᠵᠢᠯ ᠤᠨ ᠠᠩᠭᠢ ᠶᠢᠨ ᠲᠤᠬᠠᠢ᠂ ᠪᠢ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢ ᠪᠠᠢᠭᠤᠯᠤᠨ ᠬᠦᠴᠦᠷᠬᠡᠭᠵᠢᠭᠦᠯᠬᠦ᠂ ᠤᠨᠢᠨ ᠳᠡᠭᠡᠷ᠎ᠡ ᠨᠢ ᠶᠠᠳᠠᠭᠤ ᠶᠢ ᠲᠡᠳᠬᠦᠬᠦ ᠶᠢ ᠠᠬᠢᠭᠤᠯᠬᠤ᠂ ᠠᠷᠠᠳ ᠲᠤ ᠠᠰᠢᠭ ᠬᠦᠷᠲᠡᠭᠡᠬᠦ ᠪᠣᠳᠠᠲᠤ ᠶᠠᠪᠤᠳᠠᠯ ᠡᠷᠬᠢᠯᠡᠬᠦ ᠪᠠ ᠦᠨᠳᠦᠰᠦᠨ ᠱᠠᠲᠤᠨ ᠤ ᠵᠠᠰᠠᠯᠲᠠ ᠶᠢ ᠴᠢᠩᠭᠠᠳᠬᠠᠬᠤ ᠪᠠᠷ ᠭᠤᠤᠯ ᠡᠭᠦᠷᠭᠡ  ᠪᠠᠨ ᠬᠠᠷᠢᠭᠤᠴᠠᠯᠭ᠎ᠠ ᠪᠣᠯᠭᠠᠵᠤ᠂ ᠠᠵᠢᠯᠴᠢ ᠠᠷᠪᠢᠴᠢ ᠪᠠᠷ ᠰᠤᠷᠪᠤᠯᠵᠢᠯᠠᠬᠤ᠂ ᠭᠦᠨᠵᠡᠭᠡᠶ ᠪᠠᠢᠴᠠᠭᠠᠨ ᠰᠤᠳᠤᠯᠤᠯᠲᠠ ᠬᠢᠬᠦ ᠪᠠᠷ ᠳᠠᠮᠵᠢᠨ᠂ ᠬᠥᠭᠵᠢᠯᠲᠡ ᠶᠢᠨ ᠰᠡᠳᠬᠢᠴᠡ ᠪᠠᠨ ᠲᠣᠳᠣᠷᠬᠠᠶ ᠪᠣᠯᠭᠠᠵᠤ᠂ ᠰᠡᠳᠬᠢᠯ ᠲᠠᠯᠪᠢᠨ᠂ ᠬᠠᠶᠢᠷ᠎ᠠ ᠰᠡᠳᠬᠢᠯᠭᠡ ᠪᠠᠨ ᠬᠡᠷᠡᠭᠯᠡᠵᠦ᠂ ᠲᠠᠷᠢᠬᠢ ᠲᠣᠯᠣᠭᠠᠶ ᠪᠠᠨ ᠬᠡᠷᠡᠭᠯᠡᠬᠦ ᠶᠢ ᠪᠠᠷᠢᠮᠲᠠᠯᠠᠵᠤ᠂ ᠲᠣᠰᠬᠤᠨ ᠳᠤ ᠰᠠᠭᠤᠭ᠎ᠠ ᠡᠯ᠎ᠡ  ᠵᠦᠢᠯ ᠤᠨ ᠬᠠᠪᠰᠤᠷᠤᠨ ᠲᠡᠳᠬᠦᠬᠦ ᠠᠵᠢᠯ᠂ ᠣᠯᠠᠨ ᠲᠦᠮᠡᠨ ᠤ ᠬᠦᠴᠢᠷᠳᠡᠯ ᠢ  ᠰᠢᠢᠳᠪᠦᠷᠢᠯᠡᠬᠦ ᠳᠤᠮᠳᠠ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠣᠷᠣᠯᠴᠠᠪᠠ᠃ ︵ᠨᠢᠭᠡ︶ ᠨᠠᠮ ᠤᠨ ᠪᠠᠶᠢᠭᠤᠯᠤᠯᠲᠠ ᠶᠢᠨ ᠲᠠᠯ᠎ᠠ ᠪᠠᠷ ᠪᠠᠶᠠᠨᠲᠠᠯ᠎ᠠ ᠲᠣᠰᠬᠤᠨ ᠤ ᠨᠠᠮ ᠤᠨ ᠡᠭᠦᠷ ᠲᠤ ᠨᠡᠶᠢᠲᠡ 22 ᠨᠠᠮ ᠤᠨ ᠭᠡᠰᠢᠭᠦᠨ ᠲᠠᠢ᠂ ᠡᠭᠦᠨ ᠳᠤ ᠡᠮᠡᠭᠲᠡᠶ ᠨᠠᠮ ᠤᠨ ᠭᠡᠰᠢᠭᠦᠨ 4 ᠪᠣᠶ᠃ ᠲᠣᠰᠬᠤᠨ ᠳᠤ ᠢᠷᠡᠭᠡᠳ ᠳᠡᠮᠡᠶ ᠤᠳᠠᠭᠰᠠᠨ ᠦᠭᠡᠢ ᠪᠢ ᠲᠣᠰᠬᠤᠨ ᠤ ᠨᠠᠮ ᠤᠨ ᠪᠠᠢᠭᠤᠯᠤᠯᠲᠠ ᠳᠤ ᠮᠠᠰᠢ ᠣᠯᠠᠨ ᠲᠤᠪᠤᠶᠢᠮ᠎ᠠ ᠠᠰᠠᠭᠤᠳᠠᠯ ᠣᠷᠣᠰᠢᠵᠤ ᠪᠠᠶᠢᠬᠤ ᠶᠢ ᠣᠯᠵᠤ ᠮᠡᠳᠡᠪᠡ  ᠃ᠨᠢᠭᠡ ᠳᠤ᠂ ᠨᠠᠮ ᠤᠨ ᠪᠠᠶᠢᠭᠤᠯᠤᠯᠲᠠ ᠶᠢᠨ ᠠᠵᠢᠯ ᠬᠦᠮᠦᠰ ᠤᠨ ᠰᠡᠳᠬᠢᠯ ᠳᠤ  ᠬᠦᠨᠵᠡᠭᠡᠶᠢᠷᠡᠭᠰᠡᠨ‌ᠦᠬᠡᠢ᠂ ︽ᠬᠤᠶᠠᠷ ᠵᠥᠪᠯᠡᠯ︾ ᠤᠨ ᠤᠳᠤᠷᠢᠳᠬᠤ ᠪᠠᠭ ᠤᠨ ᠨᠢᠭᠲᠠᠷᠠᠭᠤᠯᠬᠤ ᠬᠦᠴᠦᠨ ᠢ ᠴᠢᠩᠭᠠᠳᠬᠠᠬᠤ ᠴᠢᠬᠤᠯᠠᠲᠠᠶ᠃ ᠡᠩ ᠤᠨ ᠥᠶ᠎ᠡ ᠳᠤ ᠤᠨᠤᠯ ᠤᠨ ᠬᠦᠮᠦᠵᠢᠯ ᠣᠯᠠᠨ᠂ ᠪᠣᠳᠠᠲᠤ ᠪᠠᠢᠳᠠᠯ ᠲᠠᠢ ᠤᠶᠠᠯᠳᠤᠭᠤᠯᠬᠤ ᠨᠢ ᠴᠥᠭᠡᠨ᠂ ᠬᠤᠷᠠᠯ ᠠᠴᠠ ᠤᠷᠢᠶᠠᠯᠠᠬᠤ ᠨᠢ ᠠᠷᠪᠢᠨ᠂ ᠠᠵᠢᠯᠯᠠᠭ᠎ᠠ ᠶᠢ ᠬᠥᠲᠥᠯᠥᠨ ᠵᠢᠯᠣᠭᠤᠳᠬᠤ ᠨᠢ ᠴᠥᠭᠡᠨ ᠪᠠᠶᠢᠳᠠᠭ᠃ ᠪᠠᠭ ᠤᠨ ᠪᠦᠷᠢᠯᠳᠦᠬᠦᠨ ᠨᠢ ᠰᠣᠯᠢᠯᠴᠠᠭ᠎ᠠ ᠬᠢᠬᠦ ᠲᠠᠯ᠎ᠠ ᠪᠠᠷ ᠲᠤᠬᠠᠶᠢᠯᠠᠭᠰᠠᠨ ᠠᠵᠢᠯ ᠲᠠᠢ ᠪᠠᠨ ᠢᠯᠡᠭᠦᠬᠡᠨ ᠨᠡᠪᠲᠡᠷᠡᠯᠴᠡᠵᠦ᠂ ᠦᠵᠡᠯ ᠰᠠᠨᠠᠭ᠎ᠠ ᠪᠠᠨ ᠰᠣᠯᠢᠯᠴᠠᠬᠤ ᠪᠠ ᠪᠦᠲᠦᠮᠵᠢᠲᠡᠶ ᠣᠯᠣᠯᠴᠠᠭ᠎ᠠ  ᠬᠢᠬᠦ  ᠲᠠᠯ᠎ᠠ‌‍ᠪᠠᠷ ᠳᠤᠲᠠᠮᠠᠭ ᠪᠠᠶᠢᠵᠤ᠂ ᠨᠠᠮ ᠤᠨ ᠭᠡᠰᠢᠭᠦᠨ ᠤ ᠦᠵᠡᠯ ᠰᠠᠨᠠᠭᠠᠨ ᠤ ᠬᠥᠳᠡᠯᠦᠯ ᠪᠠᠶᠢᠳᠠᠯ ᠢ ᠴᠠᠭ ᠲᠤᠬᠠᠶ ᠳᠤᠨᠢ ᠡᠵᠡᠮᠳᠡᠬᠦ ᠪᠠᠷ ᠬᠦᠷᠦᠯᠴᠡᠬᠦ ᠦᠭᠡᠢ ᠪᠠᠶᠢᠵᠤ᠂ ᠨᠠᠮ ᠤᠨ ᠡᠭᠦᠷ ᠤᠨ ︽ᠭᠤᠷᠪᠠᠨ ᠬᠤᠷᠠᠯ ᠨᠢᠭᠡ ᠬᠢᠴᠢᠶᠡᠯ︾ ᠨᠢ ᠵᠢᠷᠤᠮᠵᠢᠯ ᠦᠭᠡᠢ ᠪᠠᠶᠢᠵᠤ᠂ ᠦᠨᠡᠨ ᠬᠦ ᠰᠦᠭ ᠰᠦᠨᠡᠰᠦ ᠪᠠᠨ ᠬᠠᠳᠠᠭᠠᠯᠠᠵᠤ᠂ ᠦᠵᠡᠯ ᠰᠠᠨᠠᠭ᠎ᠠ ᠪᠠᠨ ᠳᠡᠭᠡᠭᠰᠢᠯᠡᠭᠦᠯᠬᠦ ᠠᠷᠭ᠎ᠠ ᠬᠡᠮᠵᠢᠶ᠎ᠡ ᠪᠠ ᠠᠷᠭ᠎ᠠ ᠬᠡᠮᠵᠢᠶ᠎ᠡ ᠨᠢ ᠣᠯᠠᠨ ᠪᠢᠰᠢ ᠪᠠᠶᠢᠵᠤ᠂ ᠦᠷ᠎ᠡ ᠪᠦᠲᠦᠮᠵᠢ ᠨᠢ ᠰᠠᠶᠢᠨ ᠪᠢᠰᠢ ᠪᠠᠶᠢᠨ᠎ᠠ᠃ ᠬᠤᠶᠠᠷ ᠲᠤ᠂ ᠨᠠᠮ ᠤᠨ ᠭᠡᠰᠢᠭᠦᠨ ᠤ ᠨᠠᠰᠤ ᠵᠢᠯ ᠤᠨ ᠪᠦᠲᠦᠴᠡ ᠬᠥᠭᠰᠢᠷᠡᠵᠦ᠂ ᠬᠥᠭᠰᠢᠨ ᠪᠠᠭᠤᠷᠠᠶ ᠡᠪᠡᠳᠴᠢᠨ ᠲᠠᠢ ᠵᠡᠮᠳᠡᠭ ᠬᠥᠮᠦᠨ ᠨᠡᠯᠢᠶᠡᠳ ᠣᠯᠠᠨ ᠢ‌ᠡᠵᠡᠯᠡᠵᠦ᠂ ᠬᠤᠰᠢᠭᠤᠴᠢ ᠴᠡᠷᠢᠭ  ᠶᠢ ᠪᠠᠳᠠᠷᠠᠭᠤᠯᠬᠤ ᠳᠤ ᠪᠡᠷᠬᠡ ᠪᠣᠯᠵᠤ᠂ ᠨᠡᠷ᠎ᠡ ᠨᠢᠳᠡᠷ ᠲᠡᠭᠡᠨ ᠨᠡᠶᠢᠴᠡᠭᠰᠡᠨ ᠦᠭᠡᠢ ᠪᠠᠶᠢᠨ᠎ᠠ᠃ ᠭᠤᠷᠪᠠ ᠳᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ᠂ ᠲᠥᠷᠦ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠠᠵᠢᠯ ᠤᠨ ᠳᠤᠮᠳᠠ᠂ ᠢᠨᠲ᠋ᠧᠷ ᠰᠦᠯᠵᠢᠶᠡᠨ ᠤ ᠰᠡᠳᠬᠢᠬᠦᠶ ᠪᠠ ᠮᠡᠷᠭᠡᠵᠢᠯ ᠤᠨ ᠠᠷᠭ᠎ᠠ ᠪᠠᠷᠢᠯ ᠢ ᠬᠡᠷᠡᠭᠯᠡᠬᠦ ᠨᠢ ᠨᠡᠯᠢᠶᠡᠳ ᠴᠥᠭᠡᠨ ᠮᠥᠷᠲᠡᠭᠡᠨ ᠲᠤᠰᠬᠠᠶ ᠮᠡᠷᠭᠡᠵᠢᠯ ᠤᠨ ᠴᠢᠨᠠᠷ ᠢᠶᠠᠷ ᠳᠤᠲᠠᠮᠠᠭ ᠪᠠᠶᠢᠵᠤ᠂ ᠰᠢᠨ᠎ᠡ ᠵᠠᠭᠤᠴᠢᠯᠠᠭᠤᠷ ᠤᠨ ᠲᠠᠪᠴᠠᠩ ᠤᠨ ᠳᠠᠪᠠᠭᠤᠯᠢᠭ ᠢ ᠪᠠᠳᠠᠷᠠᠭᠤᠯᠵᠤ ᠴᠢᠳᠠᠭᠰᠠᠨ ᠦᠭᠡᠢ᠃ ᠲᠣᠰᠬᠤᠨ ᠳᠤ ᠬᠦᠷᠦᠭᠰᠡᠨ ᠤ ᠳᠠᠷᠠᠭ᠎ᠠ᠂ ᠪᠢ ᠡᠩ ᠲᠡᠷᠢᠭᠦᠨ ᠳᠤ ᠠᠬᠠᠮᠠᠳ ᠨᠠᠮ ᠤᠨ ᠭᠡᠰᠢᠭᠦᠨ᠂ ᠠᠵᠢᠯ ᠠᠴᠠ ᠪᠠᠨ ᠠᠮᠠᠷᠠᠭᠰᠠᠨ ᠲᠣᠰᠬᠤᠨ ᠤ ᠺᠠᠳ᠋ᠷ ᠢ ᠰᠤᠷᠪᠤᠯᠵᠢᠯᠠᠵᠤ᠂ ᠲᠡᠳᠡᠨ ᠤ ᠰᠠᠨᠠᠯ ᠰᠠᠨᠠᠭᠤᠯᠭ᠎ᠠ ᠶᠢ ᠰᠣᠨᠣᠰᠴᠤ᠂ ᠲᠣᠰᠬᠤᠨ ᠤ ︽ᠬᠤᠶᠠᠷ ᠵᠥᠪᠯᠡᠯ︾ ᠤᠨ ᠤᠳᠤᠷᠢᠳᠬᠤ ᠪᠠᠭ‌‍ᠲ᠋ᠠᠢ ᠰᠡᠳᠬᠢᠯ ᠤᠨ ᠦᠭᠡ ᠪᠠᠨ ᠶᠠᠷᠢᠯᠴᠠᠵᠤ ᠰᠠᠨᠠᠯ ᠢᠶᠠᠨ ᠰᠣᠯᠢᠯᠴᠠᠬᠤ ᠵᠡᠷᠭᠡ ᠠᠷᠭ᠎ᠠ ᠬᠡᠯᠪᠡᠷᠢ ᠪᠠᠷ ᠪᠦᠬᠦ ᠲᠣᠰᠬᠤᠨ ᠤ ᠺᠠᠳ᠋ᠷ ᠢ ᠨᠠᠮ ᠤᠨ ᠭᠡᠰᠢᠭᠦᠨ ᠤ ᠵᠢᠱᠢᠶ᠎ᠡ ᠦᠵᠡᠭᠦᠯᠬᠦ ᠦᠢᠯᠡᠳᠦᠯ ᠢ ᠪᠠᠳᠠᠷᠠᠭᠤᠯᠵᠤ᠂ ︽ᠬᠤᠷᠴᠠ ᠰᠡᠷᠭᠡᠭ᠂ ᠴᠤᠭ ᠰᠦᠯᠳᠡ︾ ᠪᠠᠨ ᠳᠡᠭᠡᠭᠰᠢᠯᠡᠭᠦᠯᠵᠦ᠂ ᠣᠯᠠᠨ ᠲᠦᠮᠡᠨ ᠳᠤ ᠦᠢᠯᠡᠴᠢᠯᠡᠬᠦ ᠤᠬᠠᠮᠰᠠᠷ ᠢᠶᠠᠨ ᠳᠡᠭᠡᠭᠰᠢᠯᠡᠭᠦᠯᠬᠦ ᠬᠡᠷᠡᠭᠲᠡᠶ  ᠃ ᠠᠬᠠᠮᠠᠳ ᠨᠠᠮ ᠤᠨ ᠭᠡᠰᠢᠭᠦᠨ ᠺᠠᠳ᠋ᠷ ᠢ ᠬᠥᠲᠥᠯᠥᠨ ᠵᠢᠯᠣᠭᠤᠳᠴᠤ ᠪᠠᠶᠢᠭᠠᠳ ︽ᠤᠯᠠᠮᠵᠢᠯᠠᠬᠤ᠂ ᠬᠠᠪᠰᠤᠷᠬᠤ᠂ ᠳᠠᠭᠠᠭᠤᠯᠬᠤ︾ ᠠᠵᠢᠯ ᠢ ᠰᠠᠶᠢᠲᠤᠷ ᠬᠢᠵᠦ᠂ ᠪᠡᠶᠡᠴᠢ ᠴᠢᠳᠠᠮᠵᠢ ᠪᠠᠨ ᠪᠠᠳᠠᠷᠠᠭᠤᠯᠤᠨ᠂ ᠠᠵᠢᠯᠯᠠᠬᠤ ᠴᠢᠳᠠᠪᠤᠷᠢ ᠪᠠᠨ ᠳᠡᠭᠡᠭᠰᠢᠯᠡᠭᠦᠯᠵᠦ ᠂ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠣᠯᠠᠨ ᠲᠦᠮᠡᠨ ᠢ ᠳᠠᠭᠠᠭᠤᠯᠤᠨ ᠶᠠᠳᠠᠭᠤ ᠠᠴᠠ ᠠᠩᠭᠢᠵᠢᠷᠠᠭᠤᠯᠤᠨ ᠪᠠᠶᠠᠵᠢᠭᠤᠯᠬᠤ ᠪᠠᠲᠤ ᠴᠢᠩᠭ᠎ᠠ ᠪᠠᠬᠢᠯᠡᠯᠲᠡ ᠪᠣᠯᠭᠠᠨ ᠪᠦᠲᠦᠭᠡᠨ ᠪᠠᠶᠢᠭᠤᠯᠬᠤ ᠪᠠᠷ ᠴᠢᠷᠮᠠᠶᠢᠬᠤ ᠬᠡᠷᠡᠭᠲᠡᠶ᠃ ᠪᠢ ᠢᠩᠭᠢᠵᠦ ᠬᠢᠵᠡᠶ᠄  1.  ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠵᠢᠭᠰᠠᠭᠠᠯ ᠤᠨ ᠭᠠᠵᠠᠷ ᠤᠨ ᠪᠠᠶᠢᠭᠤᠯᠤᠯᠲᠠ ᠶᠢ ᠴᠢᠩᠭᠠᠳᠬᠠᠵᠤ᠂ ᠠᠵᠢᠯ ᠤᠨ ᠣᠷᠴᠢᠨ ᠲᠣᠭᠤᠷᠢᠨ ᠢ ᠰᠠᠶᠢᠵᠢᠷᠠᠭᠤᠯᠬᠤ ᠬᠡᠷᠡᠭᠲᠡᠶ᠃ ᠳᠡᠮᠵᠢᠯᠭᠡ ᠦᠵᠡᠭᠦᠯᠦᠭᠰᠡᠨ ᠢ 40 ᠭᠠᠷᠤᠶ ᠲᠦᠮᠡᠨ ᠲᠥᠭᠦᠷᠢᠭ ᠢᠶᠠᠷ 262 ᠲᠡᠭᠰᠢ ᠳᠥᠷᠪᠡᠯᠵᠢᠨ ᠮᠧᠲᠷ ᠤᠨ ᠨᠠᠮ ᠤᠨ ᠭᠡᠰᠢᠭᠦᠨ ᠤ ᠠᠵᠢᠯᠯᠠᠭᠠᠨ ᠤ ᠥᠷᠥᠭᠡ ︵ᠡᠷᠡᠭᠦᠯ ᠮᠡᠨᠳᠦ ᠶᠢᠨ ᠬᠢᠴᠢᠶᠡᠯ ᠤᠨ ᠲᠠᠩᠬᠢᠮ᠂ ᠠᠷᠠᠳ ᠲᠤ ᠠᠰᠢᠭ ᠬᠦᠷᠲᠡᠭᠡᠬᠦ ᠲᠣᠭᠯᠠᠯᠲᠠ ᠵᠡᠷᠭᠡ ᠠᠵᠢᠯᠯᠠᠭ᠎ᠠ ᠥᠷᠨᠢᠭᠦᠯᠬᠦ︶ ᠶᠢ ᠰᠢᠨ᠎ᠡ ᠪᠠᠷ  ᠪᠠᠷᠢᠪᠠ᠃ ᠡᠨᠡ ᠵᠢᠯ᠂ ᠪᠠᠶᠢᠭᠤᠯᠭ᠎ᠠ ᠶᠢᠨ  ᠦᠢᠯᠡᠴᠢᠯᠡᠭᠡᠨ ᠳᠤ ᠪᠠᠰᠠ ᠬᠦᠴᠦᠲᠡᠶ ᠳᠡᠮᠵᠢᠯᠭᠡ ᠦᠵᠡᠭᠦᠯᠵᠦ᠂ 31 ᠲᠦᠮᠡᠨ ᠲᠥᠭᠦᠷᠢᠭ ᠤᠨ ᠦᠨ᠎ᠡ ᠥᠷᠲᠡᠭ ᠲᠠᠢ ᠠᠯᠪᠠᠨ ᠭᠡᠷ ᠤᠨ ᠬᠡᠷᠡᠭᠰᠡᠯ ᠬᠠᠨᠳᠢᠪᠯᠠᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠵᠢᠭᠰᠠᠭᠠᠯ ᠤᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠬᠦᠴᠦᠲᠡᠶ ᠳᠠᠮᠵᠢᠵᠤ᠂ ᠠᠵᠢᠯᠯᠠᠬᠤ ᠨᠥᠬᠦᠴᠡᠯ ᠢ ᠰᠠᠶᠢᠵᠢᠷᠠᠭᠤᠯᠪᠠ᠃  2 .  ᠲᠤᠰᠬᠤᠨ ᠤ ︽ᠬᠤᠶᠠᠷ ᠵᠥᠪᠯᠡᠯ︾ ᠤᠨ ᠪᠠᠭ ᠤᠨ ᠪᠠᠶᠢᠭᠤᠯᠤᠯᠲᠠ ᠶᠢ ᠴᠢᠩᠭᠠᠳᠬᠠᠵᠤ᠂ ᠪᠠᠭ ᠤᠨ ᠨᠢᠭᠲᠠᠷᠠᠯ ‍ᠤᠨ‌‍ᠲ᠋ᠠᠶᠢᠴᠢᠨ ᠬᠦᠴᠦᠨ ᠢ ᠴᠢᠩᠭᠠᠷᠠᠭᠤᠯᠤᠨ᠎ᠠ᠃ ᠨᠢᠭᠡ ᠳᠤ  ᠲᠤᠰᠬᠤᠨ ᠤ ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ ᠪᠠᠷ ᠠᠵᠠ ᠲᠣᠬᠢᠶᠠᠯ ᠪᠣᠯᠭᠠᠵᠤ᠂ ᠰᠢᠶᠠᠩ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠢ ᠢᠳᠡᠪᠬᠢᠲᠡᠢ ᠬᠠᠮᠵᠢᠨ  ᠂ ᠲᠤᠰᠬᠤᠨ ᠤ ︽ᠬᠤᠶᠠᠷ ᠵᠥᠪᠯᠡᠯ︾ ᠤᠨ ᠤᠳᠤᠷᠢᠳᠬᠤ ᠪᠠᠭ ᠢ ᠰᠠᠶᠢᠲᠤᠷ ᠰᠣᠩᠭᠤᠵᠤ ᠬᠦᠴᠦᠷᠬᠡᠭᠵᠢᠭᠦᠯᠦᠨ᠎ᠡ᠃ ᠬᠤᠶᠠᠷ ᠲᠤ ᠤᠳᠤᠷᠢᠳᠬᠤ ᠪᠠᠭ ᠢ ᠵᠢᠯᠣᠭᠤᠳᠤᠨ ᠠᠵᠢᠯᠯᠠᠬᠤ ᠠᠷᠭ᠎ᠠ ᠶᠢ ᠨᠢ ᠰᠠᠶᠢᠵᠢᠷᠠᠭᠤᠯᠵᠤ᠂ ᠠᠵᠢᠯ ᠤᠨ ᠬᠢᠷᠢ ᠬᠡᠮᠵᠢᠶ᠎ᠡ ᠪᠠ ᠶᠠᠰᠤ ᠴᠢᠨᠠᠷ ᠢ ᠳᠡᠭᠡᠭᠰᠢᠯᠡᠭᠦᠯᠪᠡ᠃ ᠭᠤᠷᠪᠠ ᠳᠤ ︽ᠭᠤᠷᠪᠠᠨ ᠬᠤᠷᠠᠯ ᠨᠢᠭᠡ ᠬᠢᠴᠢᠶᠡᠯ︾᠂ ︽ᠨᠠᠮ ᠤᠨ ᠭᠡᠰᠢᠭᠦᠨ ᠤ ᠠᠵᠢᠯᠯᠠᠭ᠎ᠠ ᠶᠢᠨ ᠡᠳᠦᠷ︾ ᠢᠶᠠᠷ ᠠᠴᠢᠶᠠᠯᠠᠪᠤᠷᠢ ᠪᠣᠯᠭᠠᠬᠤ ᠶᠢ ᠪᠠᠷᠢᠮᠲᠠᠯᠠᠵᠤ᠂ ᠨᠠᠮ ᠤᠨ ᠳᠣᠲᠣᠭᠠᠳᠤ ᠶᠢᠨ ᠠᠵᠢᠯ ᠢ ᠲᠠᠰᠤᠷᠠᠯᠲᠠ ᠦᠭᠡᠢ ᠵᠢᠷᠤᠮᠵᠢᠭᠤᠯᠤᠨ᠎ᠠ᠃ 3. ᠬᠠᠪᠰᠤᠷᠤᠨ ᠲᠡᠳᠬᠦᠬᠦ ᠠᠵᠢᠯ ᠢ ᠢᠳᠡᠪᠬᠢᠲᠡᠢ ᠥᠷᠨᠢᠭᠦᠯᠪᠡ᠃  ᠰᠦᠯᠵᠢᠶᠠᠨ ᠲᠡᠭᠡᠷᠡᠭᠡᠢ ᠵᠠᠰᠠᠭ ᠤᠨ ᠶᠠᠪᠤᠳᠠᠯ ᠤᠨ ᠲᠥᠪ ᠤᠨ ᠨᠠᠮ ᠤᠨ ᠡᠭᠦᠷ ᠲᠠᠢ  ᠬᠠᠪᠰᠤᠷᠤᠨ ᠲᠡᠳᠬᠦᠬᠦ ᠠᠵᠢᠯᠯᠠᠭ᠎ᠠ ᠥᠷᠨᠢᠭᠦᠯᠵᠦ᠂ ᠶᠠᠳᠠᠭᠤ ᠬᠦᠴᠢᠷᠳᠡᠯᠲᠡᠶ ᠡᠷᠦᠬᠡ ᠳᠤ 1.6 ᠲᠦᠮᠡᠨ ᠲᠥᠭᠦᠷᠢᠭ ᠥᠭᠴᠦ᠂ 200 ᠵᠠᠬ᠎ᠠ ᠬᠤᠪᠴᠠᠰᠤ ᠬᠤᠨᠠᠷ ᠬᠠᠨᠳᠢᠪᠯᠠᠪᠠ᠃ ᠡᠭᠦᠨ ᠠᠴᠠ ᠭᠠᠳᠠᠨ᠎ᠠ᠂ ᠡᠨᠡ ᠵᠢᠯ ᠪᠠᠰᠠ ᠤᠷᠢᠳ ᠬᠤᠵᠢᠳ ᠤᠮᠠᠷᠠᠲᠤ ᠬᠡᠰᠡᠭ ᠤᠨ ᠪᠠᠶᠢᠯᠳᠤᠭᠠᠨ ᠤ ᠲᠣᠭᠤᠷᠢᠭ ᠤᠨ ᠠᠭᠠᠷ ᠤᠨ ᠴᠡᠷᠢᠭ ᠤᠨ 93502 ᠴᠡᠷᠢᠭ ᠠᠩᠭᠢ᠂ ᠳᠤᠮᠳᠠ ᠬᠡᠰᠡᠭ ᠤᠨ ᠪᠠᠶᠢᠯᠳᠤᠭᠠᠨ ᠤ ᠲᠣᠭᠤᠷᠢᠭ ᠤᠨ ᠠᠭᠠᠷ ᠤᠨ ᠴᠡᠷᠢᠭ ᠤᠨ 93656 ᠲᠠᠢ ᠴᠡᠷᠢᠭ ᠠᠩᠭᠢ ᠪᠠ ᠣᠷᠣᠨ ᠨᠤᠲᠤᠭ ᠤᠨ ᠬᠠᠮᠲᠤᠷᠠᠨ ᠬᠤᠯᠪᠣᠭᠠᠯᠠᠵᠤ ᠠᠵᠢᠯᠯᠠᠭ᠎ᠠ ᠥᠷᠨᠢᠭᠦᠯᠪᠡ᠃ 6 ᠰᠠᠷ᠎ᠠ ᠶᠢᠨ 12 — 15 ᠤ ᠡᠳᠦᠷ ᠪᠣᠯᠲᠠᠯ᠎ᠠ᠂ ᠬᠡᠰᠡᠭ ᠲᠣᠰᠬᠤᠨ ᠤ ︽ᠬᠤᠶᠠᠷ ᠵᠥᠪᠯᠡᠯ︾ ᠤᠨ ᠺᠠᠳ᠋ᠷ ᠢ ᠳᠠᠭᠠᠭᠤᠯᠤᠨ ᠪᠡᠭᠡᠵᠢᠩ ᠤᠨ 93656 ᠴᠡᠷᠢᠭ ᠠᠩᠭᠢ ᠳᠤ ᠬᠦᠷᠴᠦ ᠨᠠᠮ ᠤᠨ ᠡᠭᠦᠷ ᠤᠨ ᠬᠠᠪᠰᠤᠷᠤᠯᠴᠠᠭ᠎ᠠ ᠪᠠᠢᠭᠤᠯᠵᠤ ᠬᠠᠪᠰᠤᠷᠤᠨ ᠲᠡᠳᠬᠦᠬᠦ ᠠᠵᠢᠯᠯᠠᠭ᠎ᠠ ᠥᠷᠨᠢᠭᠦᠯᠵᠦ᠂ ᠨᠠᠮ ᠤᠨ ᠬᠤᠷᠢᠶ᠎ᠠ ᠲᠠᠢ ᠬᠠᠮᠲᠤᠪᠠᠷ ᠬᠠᠪᠰᠤᠷᠤᠨ ᠲᠡᠳᠬᠦᠬᠦ ᠠᠵᠢᠯ ᠢ ᠪᠠᠶᠢᠭᠤᠯᠬᠤ ᠵᠥᠪᠯᠡᠯᠴᠡᠭᠡᠷ ᠲᠣᠬᠢᠷᠠᠯᠴᠠᠪᠠ᠃ ᠠᠭᠠᠷ ᠤᠨ ᠴᠡᠷᠢᠭ ᠤᠨ 93502 ᠴᠡᠷᠢᠭ ᠠᠩᠭᠢ ᠶᠢᠨ 74 ᠬᠤᠪᠢᠶᠠᠷᠢ ᠠᠩᠭᠢ ᠶᠢᠨ ᠨᠠᠮ ᠤᠨ ᠡᠭᠦᠷ ᠲᠠᠢ ᠬᠠᠪᠰᠤᠷᠤᠨ ᠲᠡᠳᠬᠦᠬᠦ ᠠᠵᠢᠯ ᠥᠷᠨᠢᠭᠦᠯᠵᠦ᠂ ᠴᠡᠷᠢᠭ ᠠᠩᠭᠢ ᠪᠠ ᠣᠷᠣᠨ ᠨᠤᠲᠤᠭ ᠤᠨ ᠨᠠᠮ ᠤᠨ ᠭᠡᠰᠢᠭᠦᠨ ᠺᠠᠳ᠋ᠷ ᠲᠠᠢ ᠬᠠᠮᠲᠤ ᠪᠠᠷ ᠦᠵᠡᠯ ᠰᠠᠨᠠᠭᠠᠨ ᠤ ᠰᠣᠯᠢᠯᠴᠠᠭ᠎ᠠ ᠬᠢᠵᠦ᠂ ᠴᠡᠷᠢᠭ ᠠᠷᠠᠳ ᠤᠨ ᠬᠤᠭᠤᠷᠣᠨᠳᠣᠬᠢ ᠰᠣᠯᠢᠯᠴᠠᠭ᠎ᠠ ᠶᠢ ᠠᠬᠢᠭᠤᠯᠵᠤ᠂ ᠴᠡᠷᠢᠭ ᠠᠩᠭᠢ ᠪᠠ ᠣᠷᠣᠨ ᠨᠤᠲᠤᠭ ᠤᠨ  ᠬᠤᠭᠤᠷᠤᠨᠳᠤ ᠬᠠᠪᠰᠤᠷᠤᠯᠴᠠᠭ᠎ᠠ ᠪᠠᠶᠢᠭᠤᠯᠬᠤ ᠶᠢᠨ ᠬᠠᠮᠲᠤ ᠪᠠᠷ ᠪᠦᠲᠦᠭᠡᠨ ᠪᠠᠢᠭᠤᠯᠬᠤ ᠳᠤ ᠦᠨᠳᠦᠰᠦᠨ ᠱᠠᠲᠤᠨ ᠤ ᠨᠠᠮ ᠤᠨ ᠡᠭᠦᠷ ᠤᠨ ᠪᠠᠶᠢᠭᠤᠯᠤᠯᠲᠠ ᠶᠢ ᠴᠢᠨᠠᠭᠰᠢᠳᠠ ᠥᠷᠭᠡᠳᠬᠡᠬᠦ ᠳᠤ ᠰᠢᠨ᠎ᠡ ᠰᠡᠳᠬᠢᠴᠡ ᠰᠢᠨ᠎ᠡ ᠠᠷᠭ᠎ᠠ ᠬᠠᠩᠭᠠᠪᠠ᠃ ᠬᠠᠪᠰᠤᠷᠤᠯᠴᠠᠭ᠎ᠠ ᠪᠠᠢᠭᠤᠯᠵᠤ ᠬᠠᠪᠰᠤᠷᠤᠨ ᠲᠡᠳᠬᠦᠬᠦ ᠶᠢᠨ ᠲᠥᠯᠥᠭᠡ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠴᠢᠩᠭᠠᠳᠬᠠᠵᠤ᠂ ᠦᠨᠳᠦᠰᠦᠨ ᠱᠠᠲᠤᠨ ᠤ ᠨᠠᠮ ᠤᠨ ᠡᠭᠦᠷ ᠤᠨ ᠳᠠᠶᠢᠴᠢᠨ ᠬᠦᠴᠦᠨ ᠪᠠ ᠪᠦᠲᠦᠭᠡᠯᠴᠢ ᠬᠦᠴᠦᠨ ᠢ ᠳᠡᠭᠡᠭᠰᠢᠯᠡᠭᠦᠯᠬᠦ ᠶᠢᠨ ᠲᠥᠯᠥᠭᠡ ᠢᠳᠡᠪᠬᠢᠲᠡᠢ ᠦᠢᠯᠡᠳᠦᠯ ᠦᠵᠡᠭᠦᠯᠪᠡ  ᠃  4.  ᠨᠠᠮ ᠤᠨ ᠭᠡᠰᠢᠭᠦᠨ ᠤ ᠬᠥᠮᠦᠵᠢᠯ ᠪᠣᠯᠪᠠᠰᠤᠷᠠᠭᠤᠯᠤᠯ ᠢ ᠴᠢᠩᠭᠠᠳᠬᠠᠵᠤ᠂ ᠶᠠᠳᠠᠭᠤ ᠬᠦᠴᠢᠷᠳᠡᠯᠲᠡᠶ ᠣᠯᠠᠨ ᠲᠦᠮᠡᠨ ᠢ ᠳᠠᠭᠠᠭᠤᠯᠤᠨ ᠶᠠᠳᠠᠭᠤ ᠠᠴᠠ ᠠᠩᠭᠢᠵᠢᠷᠠᠭᠤᠯᠤᠨ ᠪᠠᠶᠠᠵᠢᠭᠤᠯᠬᠤ ᠬᠠᠷᠢᠭᠤᠴᠠᠯᠭᠠᠲᠤ ᠰᠡᠳᠬᠢᠯᠭᠡ ᠶᠢ ᠴᠢᠩᠭᠠᠷᠠᠭᠤᠯᠤᠨ᠎ᠠ᠃ ᠨᠢᠭᠡ ᠳᠤ᠂ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠶᠢᠨ ᠭᠡᠰᠢᠭᠦᠨ ᠪᠣᠯᠤᠨ ᠨᠠᠮ ᠤᠨ ᠡᠭᠦᠷ ᠤᠨ ᠪᠦᠷᠢᠯᠳᠦᠬᠦᠨ ᠢ ᠢᠳᠡᠪᠬᠢᠲᠡᠢ ᠵᠣᠬᠢᠶᠠᠨ ᠪᠠᠢᠭᠤᠯᠵᠤ᠂ ᠰᠢᠨᠰᠢᠶᠠᠩ ᠬᠤᠲᠠ ᠶᠢᠨ ᠲᠠᠩᠵᠤᠸᠠᠩ ᠰᠢᠶᠠᠩ ᠤᠨ ᠪᠠᠯᠭᠠᠰᠤᠨ ᠤ ᠺᠠᠳ᠋ᠷ ‍ᠤᠨ‌‍ᠲ᠋ᠡᠭᠡᠳᠦ ᠰᠤᠷᠭᠠᠭᠤᠯᠢ ᠳᠤ ᠡᠷᠬᠢᠯᠡᠭᠰᠡᠨ ᠬᠤᠸᠠᠳᠧ ᠰᠢᠶᠠᠨ ᠤ ᠨᠢᠭᠡᠳᠦᠭᠡᠷ ᠱᠦᠵᠢ ᠶᠢᠨ ᠪᠣᠯᠪᠠᠰᠤᠷᠠᠯ ᠤᠨ ᠠᠩᠭᠢ ᠳᠤ ᠣᠷᠣᠯᠴᠠᠭᠤᠯᠵᠤ᠂ ᠥᠭᠡᠷᠡᠴᠢᠯᠡᠯᠲᠡ ᠶᠢᠨ ᠬᠤᠰᠢᠭᠤᠴᠢ᠂ ︽ᠪᠦᠬᠦ ᠤᠯᠤᠰ ᠠᠴᠠ ᠦᠨᠳᠦᠰᠦᠨ ᠱᠠᠲᠤᠨ ᠤ ᠺᠠᠳ᠋ᠷ ᠤᠨ ᠰᠢᠯᠢᠳᠡᠭ ᠲᠥᠯᠥᠭᠡᠯᠡᠭᠴᠢ︾ ᠶᠢᠨ ᠦ᠋ ᠶᠢᠨ ᠶᠢᠨ ᠨᠥᠬᠦᠷ ᠪᠣᠯᠤᠨ ︽ ᠲᠠᠢ ᠬᠠᠩ ᠲᠡᠨᠡᠭ ᠡᠪᠦᠭᠡᠨ︾ ᠵᠠᠩ ᠷᠦᠩ  ᠰᠥᠸᠧ ᠨᠥᠬᠦᠷ ᠤᠨ ᠲᠡᠷᠢᠭᠦᠨ ᠤ ᠦᠢᠯᠡ ᠠᠵᠢᠯᠯᠠᠭ᠎ᠠ ᠶᠢ ᠰᠤᠷᠤᠯᠴᠠᠭᠤᠯᠬᠤ ᠬᠡᠷᠡᠭᠲᠡᠶ᠃ 4 ᠡᠳᠦᠷ ᠰᠤᠷᠤᠯᠴᠠᠭᠠᠳ᠂ ᠴᠠᠭ ᠬᠡᠳᠦ᠋ᠢᠪᠡᠷ ᠣᠬᠤᠷᠬᠠᠨ ᠪᠣᠯᠪᠠᠴᠤ ᠣᠯᠤᠯᠲᠠ ᠡᠯᠪᠡᠭ ᠪᠠᠶᠢᠵᠤ᠂ ᠵᠥᠷᠢᠶ᠎ᠡ ᠪᠣᠯᠤᠨ ᠬᠦᠷᠦᠯᠴᠡᠬᠦ ᠦᠭᠡᠢ ᠲᠠᠯ᠎ᠠ ᠪᠠᠨ ᠡᠷᠢᠵᠦ ᠣᠯᠤᠭᠰᠠᠨ ᠠᠴᠠ ᠪᠢᠳᠡᠨ ᠤ ᠬᠤᠸᠠᠳᠧ ‍ᠤᠨ‌ᠦᠨᠳᠦᠰᠦᠨ ᠱᠠᠲᠤᠨ ᠤ ᠺᠠᠳ᠋ᠷ ᠤᠨ ᠶᠠᠳᠠᠭᠤ ᠶᠢ ᠲᠡᠳᠬᠦᠬᠦ ᠲᠤᠬᠠᠶ ᠲᠠᠨᠢᠯᠲᠠ ᠪᠣᠯᠤᠨ ᠣᠶᠢᠯᠠᠭᠠᠯᠲᠠ ᠶᠢ ᠨᠠᠩ ᠭᠦᠨᠵᠡᠭᠡᠶ ᠪᠣᠯᠭᠠᠵᠠᠶ᠃ ᠡᠤ ᠶᠢᠨ ᠶᠢᠨ ᠨᠥᠬᠦᠷ᠄ ︽ᠠᠷᠠᠳ ᠢᠷᠭᠡᠳ ᠳᠠᠬᠢᠶ᠎ᠠ ᠲᠡᠵᠢᠭᠡᠪᠡᠯ ᠥᠨᠳᠡᠭᠡᠯᠡᠨ᠎ᠡ᠂ ᠨᠣᠬᠠᠶ ᠲᠡᠵᠢᠭᠡᠪᠡᠯ ᠡᠭᠦᠳᠡ ᠬᠠᠷᠠᠨ᠎ᠠ᠂ ᠮᠠᠨ ᠤ ᠺᠠᠳ᠋ᠷ ᠢ ᠲᠡᠵᠢᠭᠡᠪᠡᠯ ᠶᠠᠭᠤ ᠪᠣᠯᠬᠤ ᠪᠤᠢ︖ ᠬᠡᠷᠪᠡ ᠪᠢᠳᠡ ᠠᠷᠠᠳ ᠲᠦᠮᠡᠨ ᠤ ᠲᠥᠯᠥᠭᠡ ᠠᠵᠢᠯᠯᠠᠬᠤ ᠦᠭᠡᠢ ᠪᠣᠯ ᠳᠠᠬᠢᠶ᠎ᠠ ᠨᠣᠬᠠᠶ ᠶᠢ ᠴᠤ ᠬᠦᠷᠬᠦ ᠦᠭᠡᠢ ᠶᠤᠮ᠃ ᠡᠨᠡ ᠦᠭᠡ ᠪᠤᠢ ᠪᠦᠬᠦᠢ ᠪᠣᠯᠪᠠᠰᠤᠷᠠᠯ ᠳᠤ ᠣᠷᠣᠯᠴᠠᠭᠰᠠᠳ ᠲᠤ ᠮᠠᠰᠢ ᠶᠡᠭᠡ ᠨᠥᠯᠥᠭᠡ ᠦᠵᠡᠭᠦᠯᠵᠦ᠂ ᠴᠢᠩᠭ᠎ᠠ ᠲᠤᠰᠬᠠᠯ ᠭᠠᠷᠭᠠᠪᠠ᠃ ᠬᠤᠸᠠᠳᠧ ᠳᠤ ᠪᠤᠴᠠᠭᠰᠠᠨ ᠤ ᠳᠠᠷᠠᠭ᠎ᠠ᠂ ᠲᠤᠬᠠᠶ ᠶᠢᠨ ᠭᠠᠵᠠᠷ ᠤᠨ ᠦᠨᠳᠦᠰᠦᠨ ᠱᠠᠲᠤᠨ ᠤ ᠺᠠᠳ᠋ᠷ ᠤᠨ ᠠᠵᠢᠯ ᠨᠠᠩ ᠢᠳᠡᠪᠬᠢᠲᠡᠢ᠂ ᠨᠠᠩ ᠡᠷᠴᠢ ᠵᠣᠷᠢᠭ ᠲᠠᠢ ᠪᠣᠯᠤᠭᠰᠠᠨ ᠢ ᠮᠠᠰᠢ ᠲᠣᠳᠣᠷᠬᠠᠶ ᠣᠯᠵᠤ ᠬᠠᠷᠠᠪᠠ᠂ ᠪᠠᠰᠠ ᠵᠠᠷᠢᠮ ᠬᠥᠮᠦᠨ ᠨᠠᠳᠠ ᠠᠴᠠ ᠬᠡᠵᠢᠶ᠎ᠡ  ᠪᠠᠰᠠ ᠡᠶᠢᠮᠦ ᠪᠣᠯᠪᠠᠰᠤᠷᠠᠯ ᠡᠷᠬᠢᠯᠡᠬᠦ ᠪᠤᠢ ᠭᠡᠵᠦ ᠦᠷᠬᠦᠯᠵᠢ ᠠᠰᠠᠭᠤᠳᠠᠭ᠃ ᠬᠤᠶᠠᠷ ᠲᠤ᠂ ︽ᠤᠭ ᠰᠠᠨᠠᠭ᠎ᠠ ᠪᠠᠨ ᠦᠯᠦ ᠮᠠᠷᠲᠠᠵᠤ᠂ ᠨᠠᠮ ᠤᠨ ᠡᠳᠦᠷ︾ ᠤᠨ ᠠᠵᠢᠯᠯᠠᠭ᠎ᠠ ᠥᠷᠨᠢᠭᠦᠯᠵᠦ᠂ ᠪᠦᠬᠦ ᠲᠣᠰᠬᠤᠨ ᠤ ᠨᠠᠮ ᠤᠨ ᠭᠡᠰᠢᠭᠦᠳ ᠢ ᠵᠣᠬᠢᠶᠠᠨ ᠪᠠᠢᠭᠤᠯᠵᠤ ᠴᠠᠬᠠᠷ ᠪᠠᠷᠠᠭᠤᠨ ᠭᠠᠷᠤᠨ ᠡᠮᠤᠨᠡᠳᠦ ᠬᠤᠰᠢᠭᠤᠨ ᠤ ᠫᠢᠩ ᠳ᠋ᠢ ᠴᠢᠤᠸᠠᠨ ᠪᠠᠯᠭᠠᠰᠤᠨ ᠤ ᠨᠠᠨ ᠲᠣᠰᠬᠤᠨ᠂ ᠵᠢᠨᠢᠩ ᠤᠨ ᠳᠠᠶᠢᠯᠠᠯᠳᠤᠭᠠᠨ ᠤ ᠳᠤᠷᠠᠰᠬᠠᠯ ᠤᠨ ᠣᠷᠳᠣᠨ ᠪᠣᠯᠤᠨ ᠤᠯᠠᠭᠠᠨᠴᠠᠪ ᠤᠨ ᠳᠤᠷᠠᠰᠬᠠᠯ ᠤᠨ ᠣᠷᠳᠣᠨ ᠵᠡᠷᠭᠡ ᠶᠢ ᠲᠣᠭᠤᠷᠢᠨ ᠦᠵᠡᠭᠦᠯᠪᠡ᠃ ᠭᠤᠷᠪᠠ ᠳᠤ᠂ ᠨᠠᠮ ᠤᠨ ᠭᠡᠰᠢᠭᠦᠨ᠂ ᠲᠣᠰᠬᠤᠨ ᠤ ︽ᠬᠤᠶᠠᠷ ᠵᠥᠪᠯᠡᠯ︾᠂ ᠶᠠᠳᠠᠭᠤ ᠬᠦᠴᠢᠷᠳᠡᠯᠲᠡᠶ ᠡᠷᠦᠬᠡ ᠶᠢ ᠵᠣᠬᠢᠶᠠᠨ ᠪᠠᠢᠭᠤᠯᠵᠤ ᠠᠯᠪᠠᠨ ᠵᠢᠷᠤᠮ ᠤᠨ ᠮᠣᠳᠣ ᠲᠠᠷᠢᠬᠤ ᠵᠢᠴᠢ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠥᠷᠨᠢᠭᠦᠯᠵᠦ᠂ ᠲᠣᠰᠬᠤᠨ ᠤ ︽ᠬᠤᠶᠠᠷ ᠵᠥᠪᠯᠡᠯ︾ ᠪᠣᠯᠤᠨ ᠨᠠᠮ ᠤᠨ ᠭᠡᠰᠢᠭᠦᠨ ᠺᠠᠳ᠋ᠷ ᠤᠨ ᠨᠢᠭᠲᠠᠷᠠᠯ ᠤᠨ ᠬᠦᠴᠦᠨ ᠢ ᠴᠢᠩᠭᠠᠷᠠᠭᠤᠯᠤᠭᠰᠠᠨ ᠪᠥᠭᠡᠳ ᠨᠠᠮ ᠤᠨ ᠭᠡᠰᠢᠭᠦᠨ ᠪᠣᠯᠤᠨ ᠶᠠᠳᠠᠭᠤ ᠬᠦᠴᠢᠷᠳᠡᠯᠲᠡᠶ ᠡᠷᠦᠬᠡ ᠶᠢᠨ ᠬᠤᠭᠤᠷᠣᠨᠳᠣᠬᠢ ᠬᠠᠶᠢᠷ᠎ᠠ ᠰᠡᠳᠬᠢᠯᠭᠡ ᠶᠢ ᠨᠡᠮᠡᠭᠳᠡᠭᠦᠯᠪᠡ᠃ 5.  ︽7 · 1︾ ᠤ ᠨᠠᠮ ᠪᠠᠢᠭᠤᠯᠤᠭᠳᠠᠭᠰᠠᠨ ᠪᠠᠶᠠᠷ ᠤᠨ ᠡᠳᠦᠷ᠂ ᠲᠣᠰᠬᠤᠨ ᠤ ᠨᠠᠮ ᠤᠨ ᠡᠭᠦᠷ ᠪᠣᠯᠤᠨ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠬᠠᠮᠲᠤ ᠪᠠᠷ ︽ᠠᠭᠤᠯᠠ ᠶᠢᠨ ᠳᠠᠭᠤᠤ ᠳᠠᠭᠤᠯᠠᠵᠤ ᠨᠠᠮ ᠳᠤ ᠰᠣᠨᠣᠰᠬᠠᠬᠤ︾ ᠲᠣᠮᠣ ᠬᠡᠯᠪᠡᠷᠢ ᠶᠢᠨ ᠭᠤᠤᠯ ᠰᠡᠳᠦᠪᠲᠦ ᠬᠦᠳᠡᠯᠭᠡᠭᠡᠨ ᠢ ᠡᠷᠬᠢᠯᠡᠵᠦ᠂ ᠨᠠᠮ ᠤᠨ ᠲᠥᠷᠥᠭᠰᠡᠨ ᠡᠳᠦᠷ ᠤᠨ ᠪᠠᠶᠠᠷ ᠢ ᠪᠡᠯᠭᠡᠯᠡᠪᠡ᠃ ᠪᠦᠬᠦ ᠲᠣᠰᠬᠤᠨ ᠳᠤ ᠡᠷᠡᠭᠦᠯ ᠥᠭᠡᠳᠡᠷᠬᠡᠭ᠂ ᠪᠦᠯᠬᠦᠮᠳᠡᠨ ᠲᠡᠮᠡᠴᠡᠬᠦ ᠠᠭᠤᠷ ᠠᠮᠢᠰᠬᠤᠯ ᠢ ᠪᠣᠶ ᠪᠣᠯᠭᠠᠵᠤ᠂ ᠲᠣᠰᠬᠤᠨ ᠤ ᠠᠷᠠᠳ ᠤᠨ ᠨᠠᠮ ᠢᠶᠠᠨ ᠬᠠᠶᠢᠷᠠᠯᠠᠬᠤ ᠤᠯᠤᠰ ᠢᠶᠠᠨ ᠬᠠᠶᠢᠷᠠᠯᠠᠬᠤ ᠰᠡᠳᠬᠢᠯᠭᠡ ᠶᠢ ᠴᠢᠨᠠᠭᠰᠢᠳᠠ ᠬᠥᠭᠵᠢᠭᠡᠵᠦ᠂ ᠲᠣᠰᠬᠤᠨ ᠳᠤ ᠰᠠᠭᠤᠭ᠎ᠠ ᠺᠠᠳ᠋ᠷ ᠪᠣᠯᠤᠨ ᠲᠣᠰᠬᠤᠨ ᠤ ᠬᠤᠶᠠᠷ ᠵᠥᠪᠯᠡᠯ ᠤᠨ ᠺᠠᠳ᠋ᠷ ᠤᠨ ᠡᠭᠦᠷᠭᠡ ᠬᠠᠷᠢᠭᠤᠴᠠᠯᠭ᠎ᠠ ᠶᠢ ᠴᠢᠨᠠᠭᠰᠢᠳᠠ ᠡᠭᠦᠷᠭᠡᠯᠡᠵᠦ᠂ ᠬᠤᠶᠢᠰᠢᠳᠠ ᠶᠢᠨ ᠠᠵᠢᠯ ᠳᠤᠮᠳᠠ ᠪᠠᠨ ᠨᠠᠩ ᠣᠷᠭᠢᠯᠤᠮ᠎ᠠ ᠬᠠᠯᠠᠭᠤᠨ ᠰᠡᠳᠬᠢᠯᠭᠡ᠂ ᠴᠥᠬᠦᠷᠡᠰᠢ ᠦᠭᠡᠢ ᠴᠢᠷᠮᠠᠶᠢᠯᠭ᠎ᠠ ᠪᠠᠷ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠤ ᠨᠠᠩ ᠶᠡᠭᠡ ᠬᠤᠪᠢ ᠨᠡᠮᠡᠷᠢ ᠦᠵᠡᠭᠦᠯᠦᠨ᠎ᠡ᠃ ︵ᠬᠤᠶᠠᠷ︶ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ ᠪᠢ ᠪᠠᠶᠠᠨᠲᠠᠯ᠎ᠠ ᠲᠣᠰᠬᠤᠨ  ᠳᠤ ᠢᠷᠡᠬᠦ ᠠᠴᠠ ᠡᠮᠤᠨ᠎ᠡ᠂ ᠬᠡᠳᠦ᠋ᠢᠪᠡᠷ ᠲᠣᠰᠬᠤᠨ ᠤ ᠰᠠᠭᠤᠷᠢ ᠲᠥᠬᠦᠭᠡᠷᠦᠮᠵᠢ ᠨᠡᠯᠢᠶᠡᠳ ᠰᠠᠶᠢᠨ ᠪᠣᠯᠪᠠᠴᠤ ᠲᠣᠰᠬᠤᠨ ᠤ ᠠᠷᠠᠳ ᠤᠨ ᠦᠵᠡᠯ ᠰᠠᠨᠠᠭ᠎ᠠ ᠨᠠᠵᠠᠭᠠᠶ ᠬᠡᠪᠰᠢᠮᠡᠯ ᠪᠠᠶᠢᠵᠤ᠂ ︽ᠲᠩᠷᠢ ᠶᠢᠨ ᠴᠢᠷᠠᠶ ᠶᠢ ᠬᠠᠷᠠᠵᠤ ᠠᠮᠢᠳᠤᠷᠠᠬᠤ︾ ᠳᠤ ᠲᠦᠰᠢᠭᠯᠡᠬᠦ ᠦᠵᠡᠯ ᠰᠠᠨᠠᠭ᠎ᠠ ᠬᠦᠨᠳᠦ ᠨᠣᠴᠢᠲᠠᠶ ᠪᠠᠶᠢᠵᠤ᠂ ᠳᠣᠲᠣᠭᠠᠳᠤ ᠬᠥᠳᠡᠯᠭᠡᠬᠦ ᠬᠦᠴᠦᠨ ᠢᠶᠠᠷ ᠳᠤᠲᠠᠮᠠᠭ ᠪᠠᠶᠢᠵᠤ᠂ ᠠᠵᠤ ᠦᠢᠯᠡᠰ ᠤᠨ ᠬᠥᠭᠵᠢᠯᠲᠡ ᠶᠢᠨ ᠢᠳᠡᠪᠬᠢᠵᠢᠯ ᠢᠶᠠᠷ ᠳᠤᠲᠠᠮᠠᠭ᠂ ᠬᠠᠮᠲᠤ ᠶᠢᠨ ᠠᠵᠤ ᠠᠬᠤᠢ ᠶᠢᠨ ᠳᠠᠩᠰᠠ ᠲᠢᠭ ᠪᠠᠶᠢᠪᠠ᠃ ᠶᠡᠷᠦᠩᠬᠡᠶ ᠱᠦᠵᠢ ᠰᠢ ᠶᠢᠨ ᠫᠢᠩ ᠠᠵᠤ  ᠦᠢᠯᠡᠰ ᠢ ᠬᠥᠭᠵᠢᠭᠦᠯᠬᠦ ᠪᠣᠯ ᠶᠠᠳᠠᠭᠤ ᠠᠴᠠ ᠠᠩᠭᠢᠵᠢᠷᠠᠭᠤᠯᠬᠤ ᠦᠨᠳᠦᠰᠦᠨ ᠪᠣᠳᠣᠯᠭ᠎ᠠ ᠮᠥᠨ᠃ ᠪᠢ  ᠲᠤᠰᠬᠤᠨ ᠤ ︽ᠬᠤᠶᠠᠷ ᠵᠥᠪᠯᠡᠯ︾ ᠲᠠᠢ ᠨᠠᠷᠢᠨ ᠬᠢᠨᠠᠮᠠᠭᠠᠶ ᠪᠠᠶᠢᠴᠠᠭᠠᠨ ᠰᠤᠳᠤᠯᠤᠯᠲᠠ ᠬᠢᠭᠰᠡᠨ ᠤ ᠰᠠᠭᠤᠷᠢᠨ ᠳᠡᠭᠡᠷ᠎ᠡ᠂ ᠶᠡᠭᠡ ᠬᠦᠴᠦ ᠣᠷᠣᠭᠤᠯᠵᠤ ᠪᠠᠶᠢᠭᠠᠳ ᠲᠤᠰᠬᠤᠨ ᠤ ᠨᠡᠶᠢᠳᠠ ᠶᠢᠨ ᠠᠵᠤ ᠠᠬᠤᠢ ᠶᠢ ᠬᠥᠭᠵᠢᠭᠦᠯᠬᠦ ᠪᠠᠷ ᠵᠣᠷᠢᠭ ᠰᠢᠭᠤᠳᠪᠠ  ᠂ ᠡᠭᠦᠨ ᠳᠤ ᠭᠤᠤᠯᠳᠠᠭᠤ ᠳᠣᠤᠷᠠᠬᠢ ᠠᠵᠢᠯ ᠤᠳ ᠢ ᠬᠢᠪᠡ  ᠃1. ᠳᠠᠩᠰᠠ ᠡᠪᠬᠡᠮᠡᠯ ᠤᠨ ᠬᠠᠶᠢᠷᠴᠠᠭ ᠢᠶᠠᠷ ᠶᠠᠳᠠᠭᠤ ᠠᠴᠠ ᠠᠩᠭᠢᠵᠢᠷᠠᠭᠤᠯᠬᠤ᠃ ᠮᠠᠨ ᠤ ᠲᠤᠰᠬᠤᠨ ᠪᠣᠯ ᠪᠦᠬᠦ ᠤᠯᠤᠰ ᠤᠨ ᠣᠯᠠᠩᠬᠢ  ᠲᠤᠰᠬᠤᠨ‌‍ᠲ᠋ᠠᠢ ᠠᠳᠠᠯᠢ ᠪᠠᠷ᠂ ᠨᠠᠰᠤᠨ ᠤ ᠰᠢᠯᠲᠠᠭᠠᠨ ᠠᠴᠠ ᠪᠣᠯᠵᠤ ᠨᠡᠯᠢᠶᠡᠳ ᠣᠯᠠᠨ ᠲᠠᠷᠢᠶᠠᠴᠢᠳ ᠬᠦᠨᠳᠦ ᠠᠵᠢᠯ ᠬᠢᠵᠦ ᠴᠢᠳᠠᠬᠤ ᠦᠭᠡᠢ  ᠵᠦᠪᠭᠡᠨ ᠵᠠᠷᠢᠮ ᠳᠥᠭᠦᠮ ᠳᠥᠲᠡ ᠬᠦᠴᠦ ᠠᠷᠪᠢᠯᠠᠬᠤ ᠠᠵᠢᠯ ᠢ ᠬᠢᠵᠦ  ᠲᠡᠶᠢᠯᠤᠨ᠎ᠡ᠃ ᠲᠣᠰᠬᠤᠨ ᠤ ᠨᠠᠮ ᠤᠨ ᠡᠭᠦᠷ ᠢ ᠳᠠᠭᠠᠭᠤᠯᠤᠨ ᠭᠦᠨᠵᠡᠭᠡᠶ ᠪᠠᠶᠢᠴᠠᠭᠠᠨ‌‍ᠰᠤᠳᠤᠯᠤᠯᠲᠠ ᠬᠢᠬᠦ ᠪᠠᠷ ᠳᠠᠮᠵᠢᠨ᠂ ᠳᠠᠩᠰᠠ ᠡᠪᠬᠡᠮᠡᠯ ᠤᠨ ᠬᠠᠶᠢᠷᠴᠠᠭ ᠤᠨ   ᠦᠢᠯᠡᠳᠪᠦᠷᠢ‌ᠡᠷᠬᠢᠯᠡᠬᠦ ᠳᠤ ᠪᠡᠯᠡ ᠣᠷᠣᠭᠤᠯᠤᠯᠲᠠ ᠪᠠᠷ ᠪᠠᠭ᠎ᠠ᠂ ᠠᠶᠤᠯ ᠲᠦᠭᠰᠢᠭᠦᠷᠢ ᠳᠣᠤᠷ᠎ᠠ᠂ ᠲᠣᠰᠬᠤᠨ ᠤ ᠠᠷᠠᠳ ᠳᠥᠭᠦᠮ ᠪᠣᠯᠪᠠᠰᠤᠷᠠᠯ ᠢᠶᠠᠷ ᠳᠠᠮᠵᠢᠨ ᠭᠠᠷ ᠣᠷᠣᠵᠤ ᠪᠣᠯᠤᠨ᠎ᠠ᠂ ᠶᠠᠳᠠᠭᠤ ᠬᠦᠴᠢᠷᠳᠡᠯᠲᠡᠶ ᠡᠷᠦᠬᠡ ᠶᠢᠨ ᠣᠷᠣᠯᠭ᠎ᠠ ᠶᠢ ᠨᠡᠮᠡᠭᠳᠡᠭᠦᠯᠵᠦ᠂ ᠪᠡᠶ᠎ᠡ ᠪᠠᠨ ᠳᠠᠭᠠᠭᠠᠵᠤ ᠶᠠᠳᠠᠭᠤ ᠠᠴᠠ ᠠᠩᠭᠢᠵᠢᠷᠠᠬᠤ ᠶᠢ ᠪᠡᠶᠡᠯᠡᠭᠦᠯᠵᠦ ᠴᠢᠳᠠᠨ᠎ᠠ ᠭᠡᠵᠦ ᠦᠵᠡᠪᠡ᠃ 2017 ᠣᠨ ᠤ 11 ᠰᠠᠷ᠎ᠠ ᠳᠤ᠂ ᠪᠠᠶᠠᠨᠲᠠᠯ᠎ᠠ ᠭᠠᠴᠠᠭᠠᠨ ᠤ ᠠᠷᠠᠳ ᠤᠨ ᠵᠥᠪᠯᠡᠯ ᠲᠦᠷᠦᠭᠦᠯᠡᠨ ᠬᠤᠸᠠᠳᠧ ᠰᠢᠶᠠᠨ ᠤ ᠪᠠᠶᠠᠨᠲᠠᠯ᠎ᠠ ᠠᠵᠤ ᠦᠢᠯᠡᠰ ᠤᠨ ᠬᠢᠵᠠᠭᠠᠷᠲᠤ ᠺᠣᠮᠫᠠᠨᠢ ᠶᠢ ᠳᠠᠩᠰᠠᠯᠠᠭᠤᠯᠤᠨ ᠪᠠᠢᠭᠤᠯᠵᠤ᠂ ᠭᠠᠷ ᠤᠷᠠᠯᠠᠯ ᠤᠨ ᠳᠠᠩᠰᠠ ᠡᠪᠬᠡᠮᠡᠯ ᠤᠨ ᠬᠠᠶᠢᠷᠴᠠᠭ ᠤᠨ ᠦᠢᠯᠡᠳᠪᠦᠷᠢ ᠪᠠ ᠮᠠᠰᠢᠨ ᠢᠶᠠᠷ ᠬᠢᠬᠦ ᠳᠠᠩᠰᠠ ᠡᠪᠬᠡᠮᠡᠯ ᠤᠨ ᠬᠠᠶᠢᠷᠴᠠᠭ ᠤᠨ ᠦᠢᠯᠡᠳᠪᠦᠷᠢ ᠲᠣᠰᠪᠣᠷᠢ ᠨᠢᠭᠡ ᠭᠠᠵᠠᠷ ᠢ ᠪᠠᠶᠢᠭᠤᠯᠪᠠ᠃ 2018 ᠣᠨ ‍ᠤ‌ᠡᠬᠢ ᠪᠠᠷ᠂ ᠠᠯᠪᠠᠨ ᠭᠡᠷ ᠤᠨ ᠬᠢᠨ ᠲᠣᠰᠬᠤᠨ ᠤ ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢ ᠵᠣᠷᠢᠭᠵᠢᠭᠤᠯᠬᠤ ᠶᠢᠨ ᠲᠥᠯᠥᠭᠡ 8 ᠲᠦᠮᠡᠨ ᠲᠥᠭᠦᠷᠢᠭ ᠴᠤᠭᠯᠠᠭᠤᠯᠵᠤ᠂ ᠮᠠᠰᠢᠨ ᠲᠥᠬᠦᠭᠡᠷᠦᠮᠵᠢ ᠬᠤᠳᠠᠯᠳᠤᠨ ᠠᠪᠬᠤ ᠳᠤ ᠬᠡᠷᠡᠭᠯᠡᠪᠡ᠃ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠬᠦ ᠪᠠ ᠨᠠᠷᠢᠨ ᠬᠢᠨᠠᠮᠠᠭᠠᠶ ᠲᠣᠭᠠᠴᠠᠭ᠎ᠠ ᠬᠢᠬᠦ ᠪᠠᠷ ᠳᠠᠮᠵᠢᠨ᠂ ᠨᠢᠭᠡ ᠠᠵᠢᠯᠴᠢᠨ ᠤ ᠡᠳᠦᠷ ᠪᠦᠷᠢ ᠶᠢᠨ ᠣᠷᠣᠯᠭ᠎ᠠ ᠨᠢ 30 ᠲᠥᠭᠦᠷᠢᠭ ᠠᠴᠠ 160 ᠲᠥᠭᠦᠷᠢᠭ ᠪᠣᠯᠤᠨ᠎ᠠ᠃ ᠤᠯᠠᠮ ᠠᠴᠠ ᠣᠯᠠᠨ ᠲᠠᠷᠢᠶᠠᠴᠢᠨ ᠡᠷᠦᠬᠡ ᠣᠷᠣᠯᠴᠠᠬᠤ ᠪᠠᠷ ᠱᠠᠭᠠᠷᠳᠠᠵᠤ᠂ ᠣᠳᠣ ᠨᠢᠭᠡᠨᠲᠡ ᠳᠠᠩᠰᠠ ᠡᠪᠬᠡᠮᠡᠯ ᠤᠨ ᠬᠠᠶᠢᠷᠴᠠᠭ ᠬᠢᠬᠦ ᠠᠵᠢᠯᠲᠠᠨ  ᠶᠢ100  ᠭᠠᠷᠤᠶ ᠢ ᠪᠣᠯᠪᠠᠰᠤᠷᠠᠭᠤᠯᠵᠤ᠂ ᠲᠣᠰ ᠰᠢᠶᠠᠩ ᠵᠢᠴᠢ ᠡᠷᠭᠢᠨ ᠲᠣᠭᠤᠷᠢᠨ ᠤ 5 ᠰᠢᠶᠠᠩ ᠪᠠᠯᠭᠠᠰᠤᠨ ᠤ 40 ᠭᠠᠷᠤᠶ ᠬᠥᠮᠦᠨ ᠳᠤ ᠲᠣᠭᠲᠠᠭᠤᠨ ᠢᠶᠠᠷ ᠠᠵᠢᠯ ᠣᠯᠭᠤᠵᠤ᠂ ᠬᠥᠮᠦᠨ ᠳᠤᠮᠳᠠᠴᠢ ᠶᠢᠨ ᠰᠠᠷ᠎ᠠ ᠶᠢᠨ ᠣᠷᠣᠯᠭ᠎ᠠ 1500 ᠲᠥᠭᠦᠷᠢᠭ ᠢᠶᠠᠷ ᠨᠡᠮᠡᠭᠳᠡᠪᠡ᠃ ᠲᠣᠰᠬᠤᠨ ᠤ ᠠᠷᠠᠳ ᠲᠦᠮᠡᠨ  ᠳᠠᠩᠰᠠ ᠡᠪᠬᠡᠮᠡᠯ ᠤᠨ ᠬᠠᠶᠢᠷᠴᠠᠭ ᠬᠢᠬᠦ ᠳᠠᠰᠤᠭ ᠲᠤ ᠳᠠᠩᠰᠠ ᠡᠪᠬᠡᠮᠡᠯ ᠤᠨ ᠬᠠᠶᠢᠷᠴᠠᠭ ᠬᠢᠵᠦ ᠪᠣᠯᠬᠤ ᠪᠠᠷ ᠪᠠᠷᠠᠬᠤ ᠥᠬᠡᠶ᠂ ᠪᠠᠰᠠ ᠭᠡᠷ ᠲᠡᠭᠡᠨ ᠠᠪᠠᠴᠢᠵᠤ  ᠬᠢᠵᠦ ᠪᠣᠯᠤᠨ᠎ᠠ᠂ ᠭᠡᠷ ᠠᠴᠠ ᠪᠠᠨ ᠭᠠᠷᠬᠤ ᠥᠬᠡᠶ  ᠪᠠᠷ ᠵᠣᠭᠤᠰ ᠣᠯᠵᠤ ᠲᠡᠶᠢᠯᠦᠨ᠎ᠡ᠃ ᠶᠠᠳᠠᠭᠤ ᠬᠦᠴᠢᠷᠳᠡᠯᠲᠡᠶ ᠡᠷᠦᠬᠡ ᠰᠢᠶᠧ ᠵᠠᠨ ᠪᠢᠶᠣᠤ ᠬᠦᠨᠳᠦ ᠨᠣᠴᠢᠲᠠᠶ ᠲᠠᠷᠢᠬᠢᠨ ᠤ ᠲᠦᠭᠵᠢᠷᠡᠯ ᠲᠠᠢ᠂ ᠠᠮᠢᠳᠤᠷᠠᠯ ᠢᠶᠠᠨ ᠥᠪᠡᠷ ᠢᠶᠠᠷ ᠠᠷᠭᠠᠴᠠᠵᠤ ᠲᠠᠶᠢᠯᠬᠦ ᠦᠭᠡᠢ᠂ ᠬᠡᠳᠦ᠋ᠢᠪᠡᠷ ᠶᠠᠳᠠᠭᠤ ᠶᠢ ᠲᠡᠳᠬᠦᠬᠦ ᠲᠥᠷᠦ ᠶᠢᠨ ᠪᠣᠳᠣᠯᠭ᠎ᠠ ᠶᠣᠰᠣᠭᠠᠷ᠂ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠪᠤᠷᠢ ᠶᠢ  ᠪᠠᠳᠤᠯᠠᠵᠤ᠂ ᠵᠡᠮᠳᠡᠭᠴᠦᠳ ᠢ ᠠᠪᠤᠷᠠᠨ ᠲᠤᠰᠠᠯᠠᠬᠤ᠂ ᠭᠡᠷᠡᠯ ᠴᠡᠨᠡᠭ ᠢᠶᠠᠷ ᠶᠠᠳᠠᠭᠤ ᠶᠢ ᠲᠡᠳᠬᠦᠬᠦ᠂ ᠠᠵᠤ  ᠦᠢᠯᠡᠰ ᠢᠶᠠᠷ ᠶᠠᠳᠠᠭᠤ ᠶᠢ ᠲᠡᠳᠬᠦᠬᠦ ᠵᠡᠷᠭᠡ ᠶᠠᠳᠠᠭᠤ ᠶᠢ ᠲᠡᠳᠬᠦᠬᠦ ᠲᠥᠷᠥᠯ  ᠵᠦᠢᠯ ᠢ ᠬᠠᠪᠰᠤᠷᠤᠨ ᠨᠠᠶᠢᠳᠠᠪᠤᠷᠢᠵᠢᠭᠤᠯᠤᠭᠰᠠᠨ ᠪᠣᠯᠪᠠᠴᠤ᠂ ᠡᠨᠡ ᠨᠢ ᠵᠥᠪᠬᠡᠨ ᠶᠠᠳᠠᠭᠤ ᠠᠴᠠ ᠠᠩᠭᠢᠵᠢᠷᠠᠭᠤᠯᠬᠤ ᠪᠠᠷᠢᠮᠵᠢᠶ᠎ᠠ ᠳᠤ ᠠᠷᠠᠶ ᠴᠢᠷᠠᠶ ᠬᠦᠷᠬᠦ ᠶᠢ ᠪᠠᠳᠤᠯᠠᠵᠤ᠂  ᠪᠢ ᠰᠢᠶᠧ ᠵᠠᠨ ᠪᠢᠶᠣᠤ ᠶᠢᠨ ᠡᠬᠡᠨᠡᠷ ᠢ ᠳᠠᠩᠰᠠ ᠡᠪᠬᠡᠮᠡᠯ ᠤᠨ ᠬᠠᠶᠢᠷᠴᠠᠭ  ᠢᠶᠠᠷ ᠶᠠᠳᠠᠭᠤ ᠠᠴᠠ ᠠᠩᠭᠢᠵᠢᠷᠠᠭᠤᠯᠬᠤ ᠳᠠᠰᠤᠭ ᠲᠤ ᠤᠷᠢᠳᠠᠪᠠᠷ  ᠰᠤᠷᠤᠯᠴᠠᠬᠤ ᠶᠢ ᠵᠣᠷᠢᠭᠵᠢᠭᠤᠯᠵᠤ᠂  ᠬᠠᠶᠢᠷᠴᠠᠭ ᠢ ᠨᠠᠭᠠᠯᠭᠠᠬᠤ ᠮᠡᠷᠭᠡᠵᠢᠯ ᠤᠨ ᠰᠤᠷᠤᠭᠰᠠᠨ ᠤ ᠲᠠᠷᠠᠭ᠎ᠠ ᠭᠡᠷ ᠲᠤ ᠪᠠᠨ ᠬᠠᠷᠢᠵᠤ ᠬᠢᠵᠦ ᠪᠤᠯᠤᠨ᠎ᠠ᠃ ᠢᠩᠭᠢᠪᠡᠯ ᠡᠪᠡᠳᠴᠢᠯᠡᠭᠰᠡᠨ ᠨᠥᠬᠦᠷ ᠢᠶᠠᠨ ᠬᠠᠷᠠᠭᠠᠯᠵᠠᠬᠤ ᠪᠠᠷ ᠪᠠᠷᠠᠬᠤ ᠦᠭᠡᠢ  ᠪᠠᠰᠡ ᠵᠣᠭᠤᠰ ᠣᠯᠵᠤ ᠴᠢᠳᠠᠨ᠎ᠠ᠃ ᠭᠤᠷᠪᠠᠨ ᠰᠠᠷ᠎ᠠ ᠪᠣᠯᠤᠯ ᠦᠭᠡᠢ ᠪᠠᠷ ᠲᠡᠷᠡ ᠨᠢᠭᠡᠨᠲᠡ 3000 ᠭᠠᠷᠤᠶ ᠲᠥᠭᠦᠷᠢᠭ ᠤᠨ ᠴᠠᠯᠢᠩ ᠣᠯᠵᠤ᠂ ᠲᠣᠭᠲᠠᠭᠤᠨ ᠢᠶᠠᠷ ᠶᠠᠳᠠᠭᠤ ᠠᠴᠠ ᠠᠩᠭᠢᠵᠢᠷᠠᠭᠤᠯᠬᠤ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠪᠡ᠃ ᠣᠳᠣ ᠰᠢᠶᠧ ᠵᠠᠨ ᠪᠢᠶᠣᠤ ᠶᠢᠨ ᠬᠢᠨ ᠶᠠᠳᠠᠭᠤ ᠠᠴᠠ  ᠠᠩᠭᠢᠵᠢᠷᠠᠨ ᠴᠢᠨᠡᠭᠡᠯᠢᠭᠵᠢᠬᠦ ᠳᠤ ᠢᠲᠡᠭᠡᠯ ᠳᠦᠭᠦᠷᠡᠩ ᠪᠠᠶᠢᠨ᠎ᠠ᠃ ᠡᠭᠦᠨ ᠲᠠᠢ ᠠᠳᠠᠯᠢ ᠶᠠᠳᠠᠭᠤ ᠬᠦᠴᠢᠷᠳᠡᠯᠲᠡᠶ ᠡᠷᠦᠬᠡ ᠾᠦᠸᠧ ᠰᠢᠤ ᠮᠧᠶ ᠶᠢᠨ ᠨᠢᠭᠡ ᠭᠡᠷ ᠤᠨ ᠬᠢᠨ ᠭᠤᠷᠪᠠᠨ ᠬᠦᠷᠳᠦᠲᠦ  ᠴᠠᠬᠢᠯᠭᠠᠨ ᠲᠡᠷᠭᠡ ᠲᠦᠷᠢᠶᠡᠰᠦᠯᠡᠵᠦ ᠬᠠᠶᠢᠷᠴᠠᠭ ᠬᠦᠷᠭᠷᠵᠦ ᠪᠠᠶᠢᠭᠰᠠᠨ ᠠᠴᠠ ᠪᠠᠨ ᠥᠪᠡᠷ  ᠢᠶᠠᠨ ᠭᠤᠷᠪᠠᠨ ᠬᠦᠷᠳᠦᠲᠦ  ᠴᠠᠬᠢᠯᠭᠠᠨ ᠲᠡᠷᠭᠡ ᠬᠤᠳᠠᠯᠳᠤᠨ ᠠᠪᠴᠤ ᠪᠠᠷᠠᠭ᠎ᠠ ᠬᠦᠷᠭᠡᠬᠦ ᠪᠤᠯᠤᠭᠰᠠᠨ ᠪᠠᠶᠢᠨ᠎ᠠ᠂  ᠲᠣᠰᠬᠤᠨ ᠤ ᠠᠷᠠᠳ ᠤᠨ ᠠᠮᠢᠳᠤᠷᠠᠯ ᠤᠨ ᠴᠢᠨᠠᠷ ᠤᠨ ᠦᠰᠦᠷᠦᠯᠲᠡ ᠶᠢ ᠦᠨᠡᠨ ᠪᠣᠳᠠᠲᠠᠶ ᠪᠠᠷ ᠲᠤᠰᠬᠠᠵᠠᠢ᠃ 2. ᠬᠤᠳᠠᠯᠳᠤᠭᠠᠴᠢᠨ ᠤᠷᠢᠵᠤ ᠪᠡᠯᠡ ᠤᠷᠤᠭᠤᠯᠬᠤ᠃ ᠲᠣᠰ ᠪᠡᠶ᠎ᠡ ᠶᠢᠨ ᠬᠠᠮᠲᠤ ᠶᠢᠨ ᠠᠵᠤ ᠠᠬᠤᠶ ᠪᠠᠨ ᠰᠠᠶᠢᠲᠤᠷ ᠡᠵᠡᠩᠨᠡᠬᠦ ᠶᠢᠨ ᠬᠠᠮᠲᠤ ᠪᠠᠰᠠ ᠶᠡᠬᠡᠪᠡᠷ ᠪᠡᠯᠡ ᠮᠥᠩᠭᠦ ᠣᠷᠣᠭᠤᠯᠤᠨ ᠠᠪᠴᠢᠷᠠᠵᠤ᠂  ᠾᠧᠩ ᠯᠢ ᠶᠢᠨ ᠣᠳᠣ ᠦᠶ᠎ᠡ ᠶᠢᠨ ᠲᠠᠷᠢᠶᠠᠯᠠᠩ ᠤᠨ ᠵᠢᠱᠢᠶ᠎ᠡ ᠦᠵᠡᠭᠦᠯᠬᠦ ᠬᠦᠷᠢᠶᠡᠯᠡᠩ᠂ ᠮᠧᠩ ᠰᠢᠨ ᠮᠠᠯ ᠠᠵᠤ ᠠᠬᠤᠶ᠂ ᠬᠤᠩ ᠢ ᠢᠳᠡᠭᠡᠨ᠂ ᠮᠢᠩ ᠳ᠋ᠦᠩ ᠠᠮᠢ ᠠᠬᠤᠢ ᠶᠢᠨ ᠬᠢᠵᠠᠭᠠᠷᠲᠤ ᠺᠣᠮᠫᠠᠨᠢ ᠵᠡᠷᠭᠡ ᠳᠠᠭᠠᠭᠤᠯᠤᠭᠴᠢ ᠠᠵᠤ  ᠠᠬᠤᠶᠢᠯᠠᠯ ᠲᠠᠢ ᠪᠣᠯᠵᠠᠶ᠃ ᠠᠵᠤ ᠠᠬᠤᠶᠢᠯᠠᠯ ᠠᠷᠪᠢᠨ ᠪᠣᠯ᠂ ᠭᠠᠴᠠᠭᠠᠨ ᠤ ᠠᠷᠠᠳ ᠤᠨ ᠠᠵᠢᠯ ᠣᠯᠬᠤ ᠠᠷᠭ᠎ᠠ ᠵᠠᠮ ᠣᠯᠠᠨ ᠪᠣᠯᠵᠤ᠂ ᠴᠠᠯᠢᠩ ᠨᠢ ᠴᠦ ᠥᠨᠳᠥᠷ ᠪᠣᠯᠤᠨ᠎ᠠ᠃ ᠵᠢᠱᠢᠶᠡᠯᠡᠪᠡᠯ ᠾᠧᠩ ᠯᠢ ᠶᠢᠨ ᠫᠧᠩ ᠳᠤ ᠨᠣᠭᠤᠭ᠎ᠠ ᠲᠠᠷᠢᠬᠤ  ᠭᠠᠵᠠᠷ ᠨᠢ ᠡᠳᠦᠷ ᠪᠦᠷᠢ ᠶᠢᠨ ᠴᠠᠯᠢᠩ 130 ᠲᠥᠭᠦᠷᠢᠭ ᠪᠠᠶᠢᠵᠤ᠂ ᠳᠠᠩᠰᠠ ᠡᠪᠬᠡᠮᠡᠯ ᠤᠨ ᠬᠠᠶᠢᠷᠴᠠᠭ ᠬᠢᠯᠭᠡᠬᠦ ᠠᠴᠠ ᠢᠯᠡᠭᠦᠤ ᠵᠣᠭᠤᠰ ᠣᠯᠳᠠᠭ᠃ ᠡᠨᠡ ᠵᠢᠯ ᠤᠯᠠᠭᠠᠨᠴᠠᠪ ︽ᠵᠢᠷᠭᠤᠭ᠎ᠠ ᠶᠢ ᠦᠭᠡᠶᠢᠰᠬᠡᠵᠦ᠂ ᠳᠥᠷᠪᠡ ᠶᠢ ᠪᠠᠷᠢᠮᠵᠢᠶ᠎ᠠ ᠳᠤ ᠬᠦᠷᠭᠡᠬᠦ︾᠂ ︽ᠳᠥᠷᠪᠡ ᠶᠢ ᠡᠷᠭᠢᠵᠦ ᠬᠠᠷᠠᠬᠤ︾ ᠲᠤᠰᠬᠠᠶ ᠠᠵᠢᠯᠯᠠᠭ᠎ᠠ ᠥᠷᠨᠢᠭᠦᠯᠵᠦ᠂ ᠡᠭᠦᠨ ᠳᠤ ᠬᠠᠮᠲᠤ ᠶᠢᠨ ᠠᠵᠤ ᠠᠬᠤᠶ ᠡᠷᠬᠡᠪᠰᠢ 5 ᠲᠦᠮᠡᠨ ᠲᠥᠭᠦᠷᠢᠭ ᠬᠦᠷᠬᠦ ᠬᠡᠷᠡᠭᠲᠡᠶ ᠭᠡᠵᠦ ᠱᠠᠭᠠᠷᠳᠠᠪᠠ᠃ ᠣᠳᠣᠬᠠᠨ ᠳᠤ᠂ ᠮᠠᠨ ᠤ ᠲᠣᠰᠬᠤᠨ ᠤ ᠬᠠᠮᠲᠤ ᠶᠢᠨ ᠠᠵᠤ ᠠᠬᠤᠢ ᠶᠢᠨ ᠣᠷᠣᠯᠭ᠎ᠠ 11 ᠲᠦᠮᠡᠨ ᠲᠥᠭᠦᠷᠢᠭ ᠣᠷᠴᠢᠮ ᠪᠠᠶᠢᠵᠤ᠂ ᠡᠭᠦᠨ ᠤ ᠳᠣᠲᠣᠷ᠎ᠠ ᠳᠠᠩᠰᠠ ᠡᠪᠬᠡᠮᠡᠯ ᠤᠨ ᠬᠠᠢᠷᠴᠠᠭ ᠤᠨ ᠣᠷᠣᠯᠭ᠎ᠠ 5.2 ᠲᠦᠮᠡᠨ ᠲᠥᠭᠦᠷᠢᠭ᠂ ᠢᠳᠡᠰᠢᠨ ᠨᠣᠭᠤᠭ᠎ᠠ ᠶᠢᠨ ᠲᠣᠮᠣ ᠫᠧᠩ 3 ᠲᠦᠮᠡᠨ ᠲᠥᠭᠦᠷᠢᠭ᠂ ᠲᠠᠯᠠᠪᠤᠷ ᠭᠠᠵᠠᠷ  ᠶᠢ1 ᠲᠦᠮᠡᠨ ᠲᠥᠭᠦᠷᠢᠭ᠂ ᠭᠡᠷ ᠪᠠᠶᠢᠰᠢᠩ ᠶᠢ 1 ᠲᠦᠮᠡᠨ ᠲᠥᠭᠦᠷᠢᠭ ᠲᠦᠷᠢᠶᠡᠰᠦᠯᠡᠨ᠎ᠡ᠃ ᠬᠤᠲᠠ ᠶᠢᠨ ᠱᠠᠭᠠᠷᠳᠠᠯᠭ᠎ᠠ ᠠᠴᠠ ᠬᠤᠯᠠ ᠳᠠᠪᠠᠵᠤ᠂ ᠡᠨᠡ ᠵᠢᠯ ᠮᠠᠨ ᠤ ᠲᠣᠰᠬᠤᠨ ᠤ ᠬᠠᠮᠲᠤ ᠶᠢᠨ ᠣᠷᠣᠯᠭ᠎ᠠ   ᠨᠢ ᠪᠠᠰᠠ ᠰᠢᠨ᠎ᠡ ᠲᠡᠮᠳᠡᠭᠯᠡᠯ ᠶᠢ ᠡᠭᠦᠳᠴᠦ᠂ ᠵᠢᠱᠢᠯᠲᠡ ᠪᠠᠷ 15 ᠲᠦᠮᠡᠨ ᠲᠥᠭᠦᠷᠢᠭ ᠲᠤ  ᠬᠦᠷᠴᠡᠢ᠃︵ᠭᠤᠷᠪᠠ︶ ᠰᠣᠶᠣᠯ ᠤᠨ ᠪᠠᠶᠢᠭᠤᠯᠤᠯᠲᠠ ᠶᠢᠨ ᠲᠠᠯ᠎ᠠ ᠪᠠᠷ ᠲᠣᠰᠬᠤᠨ ᠳᠤ ᠤᠳᠤ ᠪᠠᠶᠠᠨᠲᠠᠯ᠎ᠠ ᠲᠣᠰᠬᠤᠨ ᠤ ᠬᠤᠩ ᠶᠠᠨ ᠤ ᠤᠳᠬ᠎ᠠ ᠤᠷᠠᠯᠢᠭ ᠤᠨ ᠤᠬᠠᠭᠤᠯᠬᠤ ᠠᠩᠭᠢ᠂  ᠨᠠᠰᠤᠲᠠᠶᠢᠴᠤᠳ ᠤᠨ ᠶᠠᠩᠭᠠᠷ ᠤᠨ ᠠᠩᠭᠢ᠂ ᠲᠠᠯᠠᠪᠠᠢ ᠶᠢᠨ ᠪᠥᠵᠢᠭ ᠤᠨ ᠠᠩᠭᠢ ᠵᠡᠷᠭᠡ ᠣᠯᠠᠨ ᠪᠦᠯᠬᠦᠮ ᠪᠣᠶ᠃ ᠶᠠᠭᠤᠨ ᠳᠤ ᠤᠬᠠᠭᠤᠯᠬᠤ ᠠᠩᠭᠢ ᠪᠠᠶᠢᠭᠤᠯᠬᠤ ᠪᠤᠢ︖ 2017 ᠣᠨ ᠳᠤ ᠪᠢ ᠲᠣᠰᠬᠤᠨ ᠳᠤ ᠢᠷᠡᠬᠦ ᠥᠶ᠎ᠡ ᠳᠤ᠂ ᠲᠣᠰᠬᠤᠨ ᠤ ᠠᠷᠠᠳ ᠤᠨ ᠰᠣᠶᠣᠯ ᠤᠨ ᠠᠮᠢᠳᠤᠷᠠᠯ ᠮᠠᠰᠢ ᠳᠠᠩ ᠴᠤᠯᠭᠤᠶ ᠪᠠᠶᠢᠵᠤ᠂ ᠦᠷᠭᠦᠯᠵᠢ ᠬᠡᠷᠡᠮ ᠤᠨ ᠤᠭ ᠲᠤ ᠨᠡᠷᠡᠨ ᠳᠤ ᠡᠭᠡᠭᠡᠵᠦ᠂ ᠰᠤᠯᠠ ᠦᠭᠡ ᠶᠠᠷᠢᠳᠠᠭ᠂ ᠡᠰᠡᠬᠦᠯ᠎ᠡ ᠰᠤᠮᠤ ᠬᠠᠷᠪᠤᠵᠤ᠂ ᠮᠠᠵᠢᠶᠠᠩ ᠨᠠᠭᠠᠳᠳᠠᠭ᠃ ᠰᠢᠶᠠᠨ ᠤ ᠤᠯᠠᠭᠠᠨᠮᠥ᠋ᠴᠢᠷ ᠨᠢᠭᠡ ᠵᠢᠯ ᠳᠤ ᠰᠠᠶ᠋ᠢ ᠨᠢᠭᠡ ᠤᠳᠠᠭ᠎ᠠ ᠲᠣᠰᠬᠤᠨ ᠳᠤ ᠢᠷᠡᠵᠦ ᠲᠣᠭᠯᠠᠯᠲᠠ ᠭᠠᠷᠭᠠᠳᠠᠭ ᠴᠤ ᠲᠣᠭᠯᠠᠯᠲᠠ ᠭᠠᠷᠭᠠᠬᠤ ᠴᠠᠭ ᠨᠢ ᠮᠠᠰᠢ ᠣᠬᠤᠷ ᠪᠠᠶᠢᠵᠤ᠂ ᠬᠥᠮᠦᠰ ᠤᠨ ᠣᠶᠤᠨ ᠰᠠᠨᠠᠭ᠎ᠠ ᠰᠣᠶᠣᠯ ᠤᠨ ᠠᠮᠢᠳᠤᠷᠠᠯ ᠤᠨ ᠬᠡᠷᠡᠭᠴᠡᠭᠡ ᠶᠢ ᠬᠠᠩᠭᠠᠵᠤ  ᠲᠠᠶᠢᠯᠬᠦ ᠦᠬᠡᠢ᠃ ᠡᠶᠢᠮᠦᠷᠬᠦᠤ ᠪᠠᠢᠳᠠᠯ ᠳᠣᠤᠷ᠎ᠠ ᠪᠢ ᠳᠤᠷᠠᠳᠤᠯᠭ᠎ᠠ  ᠭᠠᠷᠠᠭᠠᠵᠤ᠂ ᠪᠠᠶᠠᠨᠲᠠᠯ᠎ᠠ ᠲᠣᠰᠬᠤᠨ ᠤ ᠬᠤᠩ ᠶᠠᠨ ᠤ ᠤᠳᠬ᠎ᠠ ᠤᠷᠠᠯᠢᠭ ᠤᠨ ᠤᠬᠠᠭᠤᠯᠬᠤ ᠠᠩᠭᠢ  ᠂ ᠨᠠᠰᠤᠲᠠᠶᠢᠴᠤᠳ ᠤᠨ ᠶᠠᠩᠭᠠᠷ ᠤᠨ ᠠᠩᠭᠢ᠂ ᠲᠠᠯᠠᠪᠠᠢ ᠶᠢᠨ ᠪᠥᠵᠢᠭ ᠤᠨ ᠠᠩᠭᠢ ᠵᠡᠷᠭᠡ ᠣᠯᠠᠨ ᠨᠡᠶᠢᠭᠡᠮᠯᠢᠭ ᠢ ᠵᠠᠯᠭᠠᠭ᠎ᠠ ᠪᠠᠷ ᠪᠠᠶᠢᠭᠤᠯᠪᠠ᠃ ᠠᠩᠬ᠎ᠠ ᠡᠬᠢᠨ ᠳᠡᠭᠡᠨ ᠤᠳᠬ᠎ᠠ ᠤᠷᠠᠯᠢᠭ ᠤᠨ ᠤᠬᠠᠭᠤᠯᠬᠤ ᠠᠩᠭᠢ ᠶᠢ ᠵᠣᠬᠢᠶᠠᠨ ᠪᠠᠶᠢᠭᠤᠯᠬᠤ  ᠦᠶ᠎ᠡ ᠳᠤ᠂ ᠣᠯᠠᠨ ᠢᠶᠠᠷ ᠢᠶᠠᠨ ᠪᠦᠷ ᠠᠩᠭᠢ ᠶᠢᠨ ᠳᠠᠷᠤᠭ᠎ᠠ ᠪᠣᠯᠬᠤ ᠰᠠᠨᠠᠭ᠎ᠠ ᠲᠠᠢ ᠪᠠᠶᠢᠵᠠᠶ᠂ ᠬᠡᠳᠦ᠋ᠢᠪᠡᠷ ᠠᠩᠭᠢ ᠶᠢᠨ ᠳᠠᠷᠤᠭ᠎ᠠ ᠨᠢ ᠡᠷᠬᠡ ᠲᠤᠰᠢᠶᠠᠯ ᠦᠭᠡᠢ ᠪᠣᠯᠪᠠᠴᠤ᠂ ᠬᠡᠨ ᠨᠢ ᠬᠡᠨ ᠢᠶᠠᠨ ᠪᠢᠰᠢᠷᠡᠬᠦ ᠦᠭᠡᠢ ᠪᠠᠶᠢᠵᠤ᠂ ᠤᠤᠯ ᠤᠨ ᠡᠶ᠎ᠡ ᠨᠠᠶᠢᠷᠲᠠᠶ ᠪᠠᠶᠢᠭᠰᠠᠨ ᠲᠣᠰᠬᠤᠨ ᠤ ᠠᠷᠠᠳ ᠤᠨ ᠬᠠᠷᠢᠴᠠᠭ᠎ᠠ ᠶᠢ ᠨᠢᠭᠡ ᠦᠶ᠎ᠡ ᠪᠠᠴᠢᠮ ᠪᠣᠯᠭᠠᠵᠠᠶ᠃  ᠨᠢᠭᠡᠨ ᠡᠳᠦᠷ ᠪᠢ ᠮᠠᠥ ᠲᠡᠷᠢᠭᠦᠯᠡᠭᠴᠢ  ᠶᠢᠨ︽ᠶᠠᠫᠣᠨ ᠢ ᠡᠰᠡᠷᠭᠦᠴᠡᠬᠦ ᠫᠠᠷᠲ᠋ᠢᠽᠠᠨ  ᠳᠠᠶᠢᠨ ᠤ ᠪᠠᠶᠢᠯᠳᠤᠬᠤ ᠪᠣᠳᠣᠯᠭ᠎ᠠ ᠶᠢᠨ ᠠᠰᠠᠭᠤᠳᠠᠯ︾ ᠭᠡᠬᠦ ᠵᠣᠬᠢᠶᠠᠯ ᠢ ᠦᠵᠡᠭᠡᠳ᠂ ︽ᠫᠠᠷᠲ᠋ᠢᠽᠠᠨ ᠠᠩᠭᠢ ᠶᠢ ᠰᠠᠯᠭᠠᠵᠤ ᠬᠡᠷᠡᠭᠯᠡᠬᠦ ᠬᠡᠷᠡᠭᠲᠡᠶ᠂ ᠥᠭᠡᠷ᠎ᠡ ᠪᠠᠷ ᠬᠡᠯᠡᠪᠡᠯ ︿ᠪᠦᠬᠦᠯᠢ ᠶᠢ ᠰᠠᠯᠭᠠᠵᠤ ᠬᠡᠰᠡᠭ ᠪᠣᠯᠭᠠᠬᠤ﹀ ᠬᠡᠷᠡᠭᠲᠡᠶ︾ ᠭᠡᠬᠦ ᠪᠦᠬᠦᠯᠢ ᠶᠢ ᠰᠠᠯᠭᠠᠵᠤ ᠬᠡᠰᠡᠭ ᠪᠣᠯᠭᠠᠬᠤ ᠠᠷᠭ᠎ᠠ ᠪᠠᠷ ᠤᠳᠬ᠎ᠠ ᠤᠷᠠᠯᠢᠭ ᠤᠨ ᠤᠬᠠᠭᠤᠯᠬᠤ ᠠᠩᠭᠢ ᠶᠢ ᠣᠯᠠᠨ ᠳᠤᠭᠤᠶᠢᠯᠠᠩ ᠪᠣᠯᠭᠠᠨ ᠬᠤᠪᠢᠶᠠᠪᠠ᠃  ᠲᠤᠰᠬᠤᠨ ᠤ  ᠣᠯᠠᠨ ᠤ ᠤᠳᠬ᠎ᠠ ᠤᠷᠠᠯᠢᠭ ᠤᠨ ᠤᠬᠠᠭᠤᠯᠬᠤ ᠠᠩᠭᠢ ᠳᠤ ᠣᠷᠣᠯᠴᠠᠬᠤ ᠢᠳᠡᠪᠬᠢᠵᠢᠯ ᠨᠢ ᠴᠦ ᠨᠠᠩ ᠥᠨᠳᠥᠷ ᠪᠣᠯᠤᠭᠰᠠᠨ ᠪᠠᠶᠢᠨ᠎ᠠ᠃ ᠣᠳᠣᠬᠠᠨ ᠳᠤ᠂ ᠪᠢᠳᠡ ᠬᠤᠶᠠᠷ ᠰᠠᠷ᠎ᠠ ᠳᠤ ᠨᠢᠭᠡ ᠲᠣᠮᠣ ᠬᠡᠯᠪᠡᠷᠢ ᠶᠢᠨ ᠭᠤᠤᠯ ᠰᠡᠳᠦᠪᠲᠦ ᠲᠣᠭᠯᠠᠯᠲᠠ ᠭᠠᠷᠭᠠᠵᠤ᠂ ᠣᠯᠠᠨ ᠢᠶᠠᠷ ᠢᠶᠠᠨ ᠢᠳᠡᠪᠬᠢᠲᠡᠶ ᠪᠠᠷ ᠲᠠᠶᠢᠰᠠᠨ ᠳᠤ ᠭᠠᠷᠴᠤ ᠲᠣᠭᠯᠠᠯᠲᠠ ᠭᠠᠷᠭᠠᠵᠤ᠂ ︽3 · 8︾  ᠤ ᠠᠷᠠᠳ ᠲᠤ ᠠᠰᠢᠭ ᠬᠦᠷᠲᠡᠭᠡᠬᠦ ᠲᠣᠭᠯᠠᠯᠲᠠ᠂ ︽ᠬᠦᠰᠡᠯ ᠵᠡᠭᠦᠳᠦ ᠪᠠᠨ ᠲᠡᠷᠭᠡᠯᠰᠢᠭᠦᠯᠵᠦ᠂ ᠰᠢᠨ᠎ᠡ ᠴᠠᠭ ᠦᠶ᠎ᠡ ᠶᠢ ᠮᠠᠭᠲᠠᠨ ᠳᠠᠭᠤᠯᠠᠬᠤ︾ ᠠᠴᠠ ︽ᠠᠭᠤᠯᠠᠨ ᠳᠠᠭᠤᠤ ᠶᠢ ᠳᠠᠭᠤᠯᠠᠵᠤ ᠨᠠᠮ ᠳᠤ ᠰᠣᠨᠣᠰᠬᠠᠬᠤ︾ ᠬᠦᠷᠲᠡᠯ᠎ᠡ᠂ ᠬᠥᠳᠡᠭᠡ ᠲᠣᠰᠬᠤᠨ ᠤ ᠲᠠᠶᠢᠰᠠᠨ ᠤ ︽ᠣᠶᠤᠨ ᠰᠠᠨᠠᠭᠠᠨ ᠤ ᠭᠡᠷ ᠣᠷᠣᠨ︾ ᠤ ᠬᠥᠲᠥᠯᠥᠨ ᠳᠠᠭᠠᠭᠤᠯᠬᠤ ᠦᠢᠯᠡᠳᠦᠯ ᠢ  ᠬᠦᠢᠴᠡᠳ ᠪᠠᠳᠠᠷᠠᠭᠤᠯᠵᠠᠶ᠃  ᠮᠠᠨ ᠤ ᠲᠣᠭᠯᠠᠯᠲᠠ‌ᠡᠷᠬᠡᠪᠰᠢ ᠶᠠᠳᠠᠭᠤ ᠶᠢ ᠲᠡᠳᠬᠦᠬᠦ ᠲᠠᠯ᠎ᠠ ᠶᠢᠨ ᠫᠷᠤᠭ᠍ᠷᠠᠮ ᠲᠠᠢ ᠪᠠᠶᠢᠵᠤ᠂ ᠣᠶᠤᠨ ᠤᠬᠠᠭᠠᠨ ᠢ ᠲᠡᠳᠬᠦᠬᠦ ᠶᠢ ᠤᠶᠠᠯᠳᠤᠭᠤᠯᠵᠤ᠂ ᠣᠯᠠᠨ ᠲᠦᠮᠡᠨ ᠤ ᠣᠶᠤᠨ ᠰᠠᠨᠠᠭ᠎ᠠ ᠰᠣᠶᠣᠯ ᠤᠨ ᠠᠮᠢᠳᠤᠷᠠᠯ ᠢ ᠴᠢᠬᠤᠯᠠᠴᠢᠯᠠᠵᠤ᠂ ᠣᠯᠠᠨ ᠲᠦᠮᠡᠨ ᠳᠤ ᠨᠠᠮ ᠤᠨ ᠶᠠᠳᠠᠭᠤ ᠶᠢ ᠲᠡᠳᠬᠦᠬᠦ ᠲᠥᠷᠦ ᠶᠢᠨ ᠪᠣᠳᠣᠯᠭ᠎ᠠ ᠶᠢ ᠤᠶᠢᠯᠠᠭᠤᠯᠬᠤ ᠶᠢᠨ ᠬᠠᠮᠲᠤ ᠶᠠᠳᠠᠭᠤ ᠶᠢ ᠲᠡᠳᠬᠦᠬᠦ ᠲᠥᠷᠦ ᠶᠢᠨ ᠪᠣᠳᠣᠯᠭ᠎ᠠ ᠶᠢᠨ ᠬᠠᠯᠠᠭᠤᠨ ᠳᠤᠯᠠᠭᠠᠨ ᠶᠢ ᠮᠡᠳᠡᠷᠡᠬᠦᠯᠵᠡᠢ᠃ ᠤᠳᠤ ᠮᠠᠵᠢᠶᠠᠩ ᠨᠠᠭᠠᠳᠬᠤ᠂ ᠰᠤᠯᠠ ᠦᠭᠡ ᠶᠠᠷᠢᠬᠤ ᠬᠥᠮᠦᠨ ᠴᠥᠭᠡᠷᠡᠵᠦ᠂ ᠡᠯ᠎ᠡ ᠵᠦᠶ᠋ᠯ ᠤᠨ ᠨᠡᠶᠢᠭᠡᠮᠯᠢᠭ ᠲᠤ ᠰᠠᠨᠠᠭᠠᠴᠢᠯᠠᠭ᠎ᠠ ᠠᠴᠠ ᠪᠠᠨ ᠣᠷᠣᠯᠴᠠᠬᠤ ᠬᠥᠮᠦᠨ ᠣᠯᠠᠰᠢᠷᠠᠵᠤ᠂ ᠬᠥᠷᠰᠢ ᠵᠡᠷᠭᠡᠯᠡᠳᠡᠭᠡ ᠶᠢᠨ ᠬᠠᠷᠢᠴᠠᠭ᠎ᠠ ᠮᠠᠭᠤᠳᠠᠵᠤ᠂ ᠭᠡᠷ ᠢᠶᠠᠨ ᠰᠠᠬᠢᠵᠤ ᠬᠤᠴᠣᠷᠤᠭᠰᠠᠨ ᠨᠠᠰᠤᠲᠠᠳ ᠥᠨᠥᠴᠢᠷᠡᠨ ᠭᠠᠭᠴᠠᠭᠠᠷᠳᠠᠬᠤ ᠪᠠᠨ ᠪᠤᠯᠢᠵᠠᠢ᠃ ᠡᠯᠪᠡᠭ ᠪᠠᠶᠠᠯᠢᠭ ᠰᠣᠶᠣᠯ ᠤᠨ ᠠᠮᠢᠳᠤᠷᠠᠯ ᠢᠶᠠᠷ ᠳᠠᠮᠵᠢᠨ᠂ ᠣᠯᠠᠨ ᠲᠦᠮᠡᠨ ᠤ ᠣᠶᠤᠨ ᠰᠠᠨᠠᠭ᠎ᠠ ᠰᠣᠶᠣᠯ ᠤᠨ ᠬᠡᠷᠡᠭᠴᠡᠭᠡ ᠶᠢ ᠬᠠᠩᠭᠠᠵᠤ᠂ ︽ᠣᠶᠤᠨ ᠰᠠᠨᠠᠭᠠᠨ ᠤ ᠳᠤᠲᠠᠭᠤᠳᠠᠯ︾ ᠢ ᠨᠥᠬᠦᠪᠥᠷᠢᠯᠡᠵᠦ᠂ ᠲᠣᠰᠬᠤᠨ ᠤ ᠠᠷᠠᠳ ᠤᠨ ᠵᠣᠯ ᠵᠢᠷᠭᠠᠯ ᠤᠨ ᠵᠢᠭᠠᠯᠲᠠ ᠲᠤᠭ᠎ᠠ ᠶᠢ ᠳᠡᠭᠡᠭᠰᠢᠯᠡᠭᠦᠯᠵᠦ᠂ ᠥᠷᠭᠡᠨ ᠣᠯᠠᠨ ᠠᠷᠠᠳ ᠲᠦᠮᠡᠨ ᠤ ᠰᠠᠶᠢᠨ ᠰᠠᠢᠬᠠᠨ ᠠᠮᠢᠳᠤᠷᠠᠯ ᠤᠨ ᠲᠤᠬᠠᠶ ᠬᠦᠰᠡᠯ ᠡᠷᠡᠮᠡᠯᠵᠡᠯ ᠳᠤ ᠨᠡᠶᠢᠴᠡᠭᠦᠯᠦᠨ᠂ ᠬᠥᠳᠡᠭᠡ ᠲᠣᠰᠬᠤᠨ ᠤ ᠪᠠᠭ᠎ᠠ ᠲᠠᠪᠴᠠᠩ ᠢ ᠨᠡᠭᠡᠭᠡᠵᠦ᠂ ᠲᠠᠷᠢᠶᠠᠴᠢᠳ ᠤᠨ ᠰᠢᠨ᠎ᠡ ᠠᠮᠢᠳᠤᠷᠠᠯ ᠢ ᠳᠡᠯᠭᠡᠷᠡᠭᠦᠯᠦᠨ᠂ ᠬᠥᠳᠡᠭᠡ ᠲᠣᠰᠬᠤᠨ ᠤ ᠬᠥᠭᠵᠢᠯᠲᠡ ᠶᠢᠨ ᠨᠡᠶᠢᠯᠡᠮᠡᠯ ᠬᠦᠴᠦᠨ ᠢ ᠨᠢᠭᠲᠠᠷᠠᠭᠤᠯᠵᠤ᠂ ᠲᠣᠰᠬᠤᠨ ᠤ ᠠᠷᠠᠳ ᠤᠨ  ᠨᠤᠲᠤᠭ ᠰᠡᠳᠬᠢᠯᠭᠡ ᠶᠢ ᠲᠠᠰᠤᠷᠠᠯᠲᠠ ᠦᠭᠡᠢ ᠨᠡᠮᠡᠭᠳᠡᠭᠦᠯᠵᠦ᠂ ᠲᠣᠰᠬᠤᠨ ᠤ ᠠᠷᠠᠳ ᠤᠨ ᠨᠠᠮ ᠢᠶᠠᠨ ᠬᠠᠶᠢᠷᠠᠯᠠᠬᠤ ᠡᠬᠡ ᠣᠷᠣᠨᠴᠢ ᠰᠡᠳᠬᠢᠯᠭᠡ ᠶᠢ ᠨᠠᠩ ᠨᠡᠮᠡᠭᠳᠡᠭᠦᠯᠵᠦ᠂ ᠦᠨᠳᠦᠰᠦᠨ ᠱᠠᠲᠤᠨ ᠤ ᠣᠯᠠᠨ ᠲᠦᠮᠡᠨ ᠢ ᠨᠠᠮ ᠤᠨ ᠤᠳᠤᠷᠢᠳᠤᠯᠭ᠎ᠠ ᠶᠢ ᠨᠠᠩ ᠢᠯᠡᠭᠦᠤ ᠬᠦᠷᠢᠶᠡᠯᠡᠬᠦ ᠪᠣᠯᠭᠠᠪᠠ᠃ ︵ᠲᠥᠷᠪᠡ  ︶  ᠲᠤᠰᠬᠤᠨ ᠤ ᠠᠷᠠᠳ ᠲᠤ ᠬᠥᠮᠦᠨ ᠤ  ᠬᠦᠷᠢᠶᠡᠯᠡᠯ ᠢ ᠣᠯᠤᠭᠰᠠᠨ ᠬᠡᠳᠦᠨ ᠰᠠᠶᠢᠨ ᠶᠠᠪᠤᠳᠠᠯ ᠢ ᠬᠢᠵᠦ ᠥᠭᠪᠡ 1  ᠲᠤᠰᠬᠤᠨ‌‍ᠤ ᠠᠷᠠᠳ ᠤᠨ ᠠᠮᠢᠳᠤᠷᠠᠯ ᠤᠨ ᠶᠠᠰᠤ ᠴᠢᠨᠠᠷ  ᠰᠠᠶᠢᠵᠢᠷᠠᠭᠤᠯᠬᠤ ᠶᠢᠨ ᠲᠥᠯᠦᠭᠡ  ᠂ᠠᠯᠪᠠᠨ ᠭᠡᠷ ᠤᠨ ᠬᠦᠴᠦᠲᠡᠶ ᠳᠡᠮᠵᠢᠯᠭᠡ ᠳᠣᠤᠷ᠎ᠠ᠂ ᠪᠠᠶᠠᠨᠲᠠᠯ᠎ᠠ ᠲᠣᠰᠬᠤᠨ᠂ ᠱᠢ ᠴᠢᠩ ᠳ᠋ᠢ ᠪᠣᠯᠤᠨ ᠡᠯ ᠲᠠᠢ ᠲᠣᠰᠬᠤᠨ ᠳᠤ 180 ᠨᠡᠷᠡᠨ ᠡᠨᠧᠷᠭᠢ ᠶᠢᠨ ᠵᠠᠮ ᠤᠨ ᠳ᠋ᠧᠩ ᠤᠭᠰᠠᠷᠠᠵᠤ᠂ ᠲᠣᠰᠬᠤᠨ ᠤ ᠠᠷᠠᠳ ᠤᠨ ᠰᠥᠨᠢ ᠪᠠᠷ ᠭᠠᠳᠠᠭᠰᠢ ᠭᠠᠷᠬᠤ ᠳᠤ ᠳᠥᠭᠦᠮ ᠦᠵᠡᠭᠦᠯᠪᠡ᠃ ᠡᠨᠡᠬᠦ ᠠᠷᠭ᠎ᠠ ᠬᠡᠮᠵᠢᠶ᠎ᠡ ᠨᠢ ᠲᠣᠰᠬᠤᠨ ᠤ ᠠᠷᠠᠳ ᠤᠨ ᠬᠠᠮᠲᠤ ᠶᠢᠨ ᠮᠠᠭᠲᠠᠭᠠᠯ ᠰᠠᠶᠢᠰᠢᠶᠠᠯ ᠢ ᠣᠯᠵᠠᠶ᠃ ᠡᠯ ᠲᠠᠢ ᠲᠣᠰᠬᠤᠨ‌‍ᠶᠡᠷᠦ ᠠᠴᠠ ᠵᠠᠮ ᠤᠨ ᠳ᠋ᠧᠩ ᠤᠭᠰᠠᠷᠠᠵᠤ ᠥᠩᠭᠡᠷᠡᠭᠰᠡᠨ ᠦᠭᠡᠢ᠂ ᠲᠣᠰᠬᠤᠨ ᠤ ᠠᠷᠠᠳ ᠭᠠᠳᠠᠭᠰᠢ ᠭᠠᠷᠤᠭᠰᠠᠨ ᠤ ᠳᠠᠷᠠᠭ᠎ᠠ ᠦᠷᠭᠦᠯᠵᠢ ᠬᠠᠷᠠᠩᠭᠤᠶ ᠶᠢ ᠲᠡᠮᠲᠡᠷᠢᠨ ᠭᠡᠷ ᠲᠡᠭᠡᠨ ᠬᠠᠷᠢᠵᠤ᠂ ᠲᠣᠰᠬᠤᠨ ᠤ ᠠᠷᠠᠳ ᠤᠨ ᠣᠷᠣᠢ ᠶᠢᠨ ᠭᠠᠳᠠᠭᠰᠢ ᠭᠠᠷᠬᠤ ᠳᠤ ᠮᠠᠰᠢ ᠳᠥᠭᠦᠮ ᠦᠭᠡᠢ  ᠃ ᠨᠡᠷᠡᠨ ᠡᠨᠧᠷᠭᠢ ᠶᠢᠨ ᠵᠠᠮ ᠤᠨ ᠳ᠋ᠧᠩ ᠢ ᠤᠭᠰᠠᠷᠠᠭᠰᠠᠨ ᠨᠢ ᠲᠣᠰᠬᠤᠨ ᠤ ᠠᠷᠠᠳ ᠬᠠᠷᠠᠩᠭᠤᠶ ᠪᠣᠯᠬᠤ ᠠᠴᠠ ᠰᠠᠨᠠᠭ᠎ᠠ ᠵᠣᠪᠠᠭ᠋ᠤ ᠬᠡᠷᠡᠭ ᠦᠭᠡᠢ ᠪᠣᠯᠵᠤ᠂ ᠭᠡᠷᠡᠯ ᠭᠡᠭᠡ ᠲᠠᠢ ᠳ᠋ᠧᠩ ᠤᠨ ᠭᠡᠷᠡᠯ ᠴᠦ ᠰᠥᠨᠢ ᠬᠠᠷᠢᠵᠤ ᠢᠷᠡᠭᠰᠡᠨ ᠲᠣᠰᠬᠤᠨ ᠤ ᠠᠷᠠᠳ ᠲᠤ ᠬᠠᠯᠠᠭᠤᠨ ᠳᠤᠯᠠᠭᠠᠨ ᠰᠠᠨᠠᠭᠳᠠᠭᠤᠯᠵᠤ᠂ ᠲᠣᠰᠬᠤᠨ ᠤ ᠠᠷᠠᠳ ᠤᠨ ᠣᠯᠠᠨ ᠵᠢᠯ ᠤᠨ ᠬᠦᠰᠡᠯ ᠡᠷᠡᠮᠡᠯᠵᠡᠯ ᠢ ᠲᠡᠷᠭᠡᠯᠰᠢᠭᠦᠯᠵᠡᠶ᠃ ᠡᠳᠦᠭᠡ ᠪᠠᠶᠠᠨᠲᠠᠯ᠎ᠠ ᠲᠣᠰᠬᠤᠨ ᠤ ᠨᠠᠮ ᠤᠨ ᠡᠭᠦᠷ ᠤᠨ ᠱᠦᠵᠢ ᠭᠦᠸᠧ ᠶᠣᠣ ᠬᠤᠸᠠ᠄ ︽ᠲᠥᠪ ᠤᠨ ᠣᠷᠣᠨ ᠲᠤᠭ᠎ᠠ ᠶᠢᠨ ᠠᠯᠪᠠᠨ ᠭᠡᠷ ᠠᠴᠠ ᠲᠣᠰᠬᠤᠨ ᠳᠤ ᠵᠠᠮ ᠤᠨ ᠳ᠋ᠧᠩ ᠤᠭᠰᠠᠷᠠᠵᠤ ᠥᠭᠴᠡᠶ᠂ ᠨᠠᠰᠤᠲᠠᠨ ᠭᠠᠳᠠᠭᠰᠢ ᠭᠠᠷᠬᠤ ᠳᠠᠭᠠᠨ ᠣᠶᠢᠴᠢᠬᠤ ᠠᠴᠠ ᠵᠣᠪᠠᠭ᠋ᠤ ᠬᠡᠷᠡᠭ ᠦᠭᠡᠢ᠂ ᠠᠷᠠᠳ ᠢᠷᠭᠡᠳ ᠤᠨ ᠰᠥᠨᠢ ᠪᠠᠷ ᠭᠠᠳᠠᠭᠰᠢ ᠭᠠᠷᠬᠤ ᠳᠤ ᠳᠥᠭᠦᠮ ᠦᠵᠡᠭᠦᠯᠦᠭᠰᠡᠨ‌ᠮᠥ᠋ᠷᠲᠡᠭᠡᠨ ᠠᠷᠠᠳ ᠢᠷᠭᠡᠳ ᠤᠨ ᠰᠣᠶᠣᠯ ᠤᠨ ᠠᠮᠢᠳᠤᠷᠠᠯ ᠢ ᠴᠤ ᠭᠡᠷᠡᠯᠲᠦᠭᠦᠯᠦᠭᠰᠡᠨ ᠪᠠᠶᠢᠨ᠎ᠠ᠃ ᠲᠥᠪ ‍ᠤᠨ‌ᠣᠷᠣᠨ ᠲᠤᠭ᠎ᠠ ᠶᠢᠨ ᠠᠯᠪᠠᠨ ᠭᠡᠷ ᠠᠴᠠ ᠪᠢᠳᠡᠨ ᠳᠤ ᠬᠢᠭᠰᠡᠨ ᠡᠨᠡ ᠶᠡᠭᠡ ᠰᠠᠶᠢᠨ ᠶᠠᠪᠤᠳᠠᠯ ᠳᠤ ᠦᠨᠡᠬᠡᠷ ᠮᠠᠰᠢ ᠲᠠᠯᠠᠷᠬᠠᠵᠤ  ᠪᠠᠶᠢᠨ᠎ᠠ︾ ᠭᠡᠵᠡᠢ᠃2.ᠪᠠᠶᠠᠨᠲᠠᠯ᠎ᠠ ᠲᠣᠰᠬᠤᠨ ᠤ ᠡᠷᠦᠬᠡ ᠪᠤᠯᠭᠠᠨ ᠳᠤ ᠨᠡᠭᠦᠷᠡᠰᠦᠨ ᠬᠡᠢ ᠳᠤ ᠬᠤᠤᠷᠳᠠᠭᠳᠠᠭᠰᠠᠨ ᠢ ᠰᠡᠷᠡᠮᠵᠢᠯᠡᠭᠦᠯᠬᠦ ᠮᠠᠰᠢᠨ ᠤᠭᠰᠠᠷᠠᠵᠤ ᠥᠭᠪᠡ᠃ ᠤᠷᠲᠤ ᠤᠳᠠᠭᠠᠨ ᠡᠪᠦᠯ ᠤᠨ ᠤᠯᠠᠷᠢᠯ ᠳᠤ᠂ ᠲᠣᠰᠬᠤᠨ ᠤ ᠠᠷᠠᠳ ᠨᠡᠶᠢᠳᠡᠮ ᠳᠡᠭᠡᠨ ᠨᠡᠭᠦᠷᠡᠰᠦ ᠰᠢᠲᠠᠭᠠᠳᠠᠭ᠂ ᠡᠶᠢᠮᠦ ᠠᠴᠠ ᠨᠡᠭᠦᠷᠡᠰᠦᠨ ᠬᠡᠢ ᠳᠤ ᠬᠤᠤᠷᠳᠠᠭᠳᠠᠬᠤ ᠠᠶᠤᠯ ᠲᠠᠢ ᠪᠠᠶᠢᠳᠠᠭ᠂ ᠲᠣᠰᠬᠤᠨ ᠤ ᠠᠷᠠᠳ ᠶᠡᠷᠦ ᠨᠢ ᠨᠡᠭᠦᠷᠡᠰᠦᠨ ᠬᠡᠢ ᠳᠤ ᠬᠤᠤᠷᠳᠠᠭᠳᠠᠬᠤ ᠠᠴᠠ ᠠᠶᠤᠵᠤ᠂ ᠰᠠᠨᠠᠭ᠎ᠠ ᠠᠮᠤᠷ ᠤᠨᠲᠠᠵᠤ ᠲᠠᠶᠢᠯᠬᠦ ᠦᠬᠡᠢ ᠃ ᠣᠳᠣᠬᠠᠨ ᠳᠤ᠂ ᠲᠣᠰᠬᠤᠨ ᠤ 90 % ᠠᠴᠠ ᠳᠡᠭᠡᠭᠰᠢᠬᠢ ᠨᠢ ᠭᠡᠷ ᠢᠶᠠᠨ ᠰᠠᠬᠢᠵᠤ ᠬᠤᠴᠣᠷᠤᠭᠰᠠᠨ ᠨᠠᠰᠤᠲᠠᠨ ᠪᠠ ᠬᠡᠤᠬᠡᠳ ᠪᠣᠯᠤᠨ᠎ᠠ᠃ ᠡᠳᠡᠭᠡᠷ ᠭᠡᠷ ᠢᠶᠠᠨ ᠰᠠᠬᠢᠵᠤ ᠬᠤᠴᠣᠷᠤᠭᠰᠠᠨ ᠨᠠᠰᠤᠲᠠᠳ ᠤᠨ ᠨᠠᠰᠤ ᠨᠢ ᠨᠡᠯᠢᠶᠡᠳ ᠶᠡᠭᠡ᠂ ᠬᠥᠳᠡᠯᠵᠦ ᠪᠠᠷᠢᠬᠤ ᠳᠤ ᠳᠥᠭᠦᠮ ᠦᠭᠡᠢ᠂ ᠦᠷ᠎ᠡ ᠬᠡᠤᠬᠡᠳ ᠨᠢ ᠳᠡᠷᠭᠡᠳᠡ ᠨᠢ  ᠪᠠᠶᠢᠬᠤ‌ᠦᠭᠡᠢ ᠪᠣᠯᠬᠤᠷ ᠨᠡᠭᠦᠷᠡᠰᠦᠨ ᠬᠡᠢ ᠯᠡᠪᠡᠷᠡᠬᠦ ᠳᠤ ᠬᠦᠷᠪᠡᠯ ᠲᠤᠶᠢᠯ ᠤᠨ ᠠᠶᠤᠯᠲᠠᠢ᠃ ᠥᠩᠭᠡᠷᠡᠭᠰᠡᠨ ᠵᠢᠯ ᠤᠳ ᠲᠤ᠂ ᠭᠠᠴᠠᠭᠠᠨ ᠤ ᠺᠠᠳ᠋ᠷᠴᠤᠳ ᠴᠥᠮ ᠶᠡᠭᠡ ᠬᠡᠮᠵᠢᠶᠡᠨ ᠤ ᠴᠠᠭ ᠵᠠᠷᠤᠴᠠᠭᠤᠯᠵᠤ ᠪᠠᠶᠢᠭᠠᠳ ᠨᠡᠭᠦᠷᠡᠰᠦᠨ ᠬᠡᠢ ᠳᠤ ᠬᠤᠤᠷᠳᠠᠭᠳᠠᠬᠤ ᠶᠢ ᠰᠡᠷᠭᠡᠶᠢᠯᠡᠬᠦ ᠶᠡᠷᠦ ᠶᠢᠨ ᠮᠡᠳᠡᠯᠭᠡ ᠶᠢ ᠡᠷᠦᠬᠡ ᠳᠠᠷᠠᠭᠠᠯᠠᠨ ᠤᠬᠠᠭᠤᠯᠳᠠᠭ  ᠃ ᠪᠢ ᠲᠣᠰᠬᠤᠨ ᠳᠤ ᠢᠷᠡᠭᠰᠡᠨ ᠤ ᠲᠠᠷᠠᠭ᠎ᠠ᠂ ᠰᠤᠷᠪᠤᠯᠵᠢᠯᠠᠬᠤ ᠶᠠᠪᠤᠴᠠ ᠳᠠᠭᠠᠨ ᠡᠨᠡ ᠬᠦ ᠪᠠᠶᠢᠳᠠᠯ ᠢ ᠣᠶᠢᠯᠠᠭᠠᠵᠤ᠂ ᠢᠳᠡᠪᠬᠢᠲᠡᠶ ᠪᠠᠷ ᠠᠯᠪᠠᠨ ᠭᠡᠷ ᠲᠤ ᠲᠤᠰᠬᠠᠪᠠ᠃ ᠠᠯᠪᠠᠨ ᠭᠡᠷ ᠤᠨ ᠬᠢᠨ ᠳᠡᠮᠵᠢᠯᠭᠡ ᠦᠵᠡᠭᠦᠯᠵᠦ᠂ 5 ᠲᠦᠮᠡᠨ ᠲᠥᠭᠦᠷᠢᠭ ᠤᠨ ᠪᠡᠯᠡ ᠮᠥᠩᠭᠦ ᠴᠤᠭᠯᠠᠭᠤᠯᠵᠤ᠂ ᠲᠣᠰᠬᠤᠨ ᠤ ᠠᠷᠠᠳ ᠲᠤ ᠨᠡᠭᠦᠷᠡᠰᠦᠨ ᠬᠡᠢ ᠳᠤ ᠬᠤᠤᠷᠳᠠᠭᠳᠠᠬᠤ ᠶᠢ ᠰᠡᠷᠭᠡᠶᠢᠯᠡᠬᠦ‌ᠮᠡᠳᠡᠭᠡᠯᠡᠬᠦ ᠮᠠᠰᠢᠨ ᠬᠤᠳᠠᠯᠳᠤᠨ ᠠᠪᠴᠤ ᠥᠭᠴᠡᠶ᠃  ᠮᠡᠳᠡᠭᠡᠯᠡᠬᠦ ᠮᠠᠰᠢᠨ ᠤᠭᠰᠠᠷᠠᠭᠰᠠᠨ ᠠᠴᠠ ᠨᠠᠭᠠᠰᠢ᠂ ᠵᠣᠯ ᠵᠢᠷᠭᠠᠯ ᠤᠨ ᠬᠦᠷᠢᠶᠡᠯᠡᠩ ᠢ ᠪᠠᠭᠲᠠᠭᠠᠭᠰᠠᠨ ᠮᠠᠨ ᠤ ᠲᠣᠰᠬᠤᠨ ᠤ ᠠᠷᠠᠳ ᠨᠡᠭᠦᠷᠡᠰᠦᠨ ᠬᠡᠢ ᠳᠤ ᠬᠤᠤᠷᠳᠠᠭᠳᠠᠬᠤ ᠠᠴᠠ ᠵᠣᠪᠠᠭ᠋ᠤ ᠬᠡᠷᠡᠭ ᠦᠭᠡᠢ ᠪᠣᠯᠵᠤ᠂ ᠶᠠᠭᠤ ᠴᠤ ᠭᠡᠰᠡᠨ ᠰᠠᠨᠠᠭ᠎ᠠ ᠠᠮᠤᠷ ᠤᠨᠲᠠᠪᠠ᠂ ᠭᠠᠳᠠᠭᠰᠢ ᠶᠠᠪᠤᠭᠰᠠᠨ‌‍ᠬᠡᠤᠬᠡᠳ ᠤᠳ ᠴᠦ ᠰᠠᠨᠠᠭ᠎ᠠ ᠠᠮᠠᠷᠠᠪᠠ ᠃ ᠲᠣᠰᠬᠤᠨ ᠤ ᠠᠷᠠᠳ᠄ ︽ᠲᠥᠪ ᠤᠨ ᠣᠷᠣᠨ ᠲᠤᠭᠠᠨ ᠤ ᠠᠯᠪᠠᠨ ᠭᠡᠷ ᠠᠴᠠ ᠪᠢᠳᠡᠨ ᠳᠤ ᠬᠠᠩᠭᠠᠭᠰᠠᠨ ᠶᠠᠳᠠᠭᠤ ᠶᠢ ᠲᠡᠳᠬᠦᠬᠦ ︿ᠵᠢᠵᠢᠭ ᠮᠠᠰᠢᠨ﹀ ᠨᠢ ᠦᠨᠡᠬᠡᠷ ᠶᠡᠭᠡ ᠠᠰᠠᠭᠤᠳᠠᠯ ᠢ ᠰᠢᠢᠳᠪᠦᠷᠢᠯᠡᠭᠰᠡᠨ ᠪᠠᠶᠢᠨ᠎ᠠ᠂ ᠨᠠᠮ ᠤᠨ ᠰᠠᠶᠢᠨ ᠲᠥᠷᠦ ᠶᠢᠨ ᠪᠣᠳᠣᠯᠭ᠎ᠠ ᠳᠤ ᠲᠠᠯᠠᠷᠬᠠᠵᠤ ᠪᠠᠶᠢᠨ᠎ᠠ᠂ ᠨᠠᠮ ᠢᠮᠠᠭᠲᠠ ᠮᠠᠨ ᠤ ᠡᠳᠡᠭᠡᠷ ᠡᠭᠡᠯ ᠠᠷᠠᠳ ᠢ ᠪᠤᠳᠤᠭᠰᠠᠭᠠᠷ ᠢᠷᠡᠵᠡᠢ︾ ᠭᠡᠵᠦ ᠬᠡᠯᠡᠵᠡᠢ᠃ᠮᠠᠰᠢ ᠣᠯᠠᠨ ᠠᠬᠠᠮᠠᠳ ᠬᠥᠮᠦᠰ ᠪᠠᠰᠠ ᠮᠢᠨᠦ ᠭᠠᠷ ᠢ ᠠᠳᠬᠤᠵᠤ᠄ ︽ᠤᠳᠤ ᠨᠠᠮ ᠤᠨ ᠲᠥᠷᠥ ᠶᠢᠨ ᠪᠣᠳᠣᠯᠭ᠎ᠠ ᠦᠨᠡᠬᠡᠷ ᠰᠠᠶᠢᠨ ᠪᠠᠶᠢᠨ᠎ᠠ᠂ ᠪᠢᠳᠡᠨ ᠤ ᠢᠳᠡᠵᠦ ᠤᠤᠭᠤᠬᠤ ᠶᠢ ᠬᠠᠮᠢᠶᠠᠷᠤᠭᠰᠠᠨ ᠢᠶᠠᠷ ᠪᠠᠷᠠᠬᠤ ᠥᠬᠡᠶ᠂ ᠪᠠᠰᠠ ᠨᠡᠭᠦᠷᠡᠰᠦᠨ ᠬᠡᠢ ᠳᠤ ᠬᠤᠤᠷᠳᠠᠭᠳᠠᠬᠤ ᠶᠢ ᠴᠤ ᠬᠠᠮᠢᠶᠠᠷᠴᠤ ᠪᠠᠢᠨ᠎ᠠ᠃ ︾ ᠪᠢ᠄ ︽ᠮᠠᠨ ᠤ ᠡᠪ ᠬᠠᠮᠲᠤᠴᠤᠳ ᠠᠷᠠᠳ ᠲᠦᠮᠡᠨ ᠳᠤ  ᠦᠢᠯᠡᠴᠢᠯᠡᠬᠦ  ᠬᠡᠷᠡᠭᠲᠡᠶ︾  ᠃   3. ᠲᠣᠰᠬᠤᠨ ᠤ ᠠᠷᠠᠳ ᠤᠨ ᠥᠪᠡᠷ ᠤᠨ ᠡᠷᠡᠭᠦᠯ ᠮᠡᠨᠳᠦ ᠶᠢᠨ ᠶᠠᠷᠢᠶᠠᠨ ᠤ ᠲᠢᠩᠭᠢᠮ ᠢ ᠪᠠᠶᠢᠭᠤᠯᠤᠨ᠎ᠠ᠃ ᠡᠪᠡᠳᠴᠢᠨ ᠠᠴᠠ ᠪᠣᠯᠵᠤ ᠶᠠᠳᠠᠭᠤᠷᠠᠬᠤ ᠶᠢ ᠰᠡᠷᠭᠡᠶᠢᠯᠡᠬᠦ ᠶᠢᠨ ᠲᠥᠯᠥᠭᠡ᠂ ᠲᠣᠰᠬᠤᠨ ᠤ ᠠᠷᠠᠳ ᠤᠨ ᠡᠷᠡᠭᠦᠯ ᠮᠡᠨᠳᠦ ᠶᠢᠨ ᠤᠬᠠᠮᠰᠠᠷ ᠪᠣᠯᠤᠨ ᠥᠪᠡᠷ ᠢ ᠪᠠᠨ ᠡᠷᠡᠭᠦᠯᠵᠢᠭᠦᠯᠬᠦ ᠴᠢᠳᠠᠪᠤᠷᠢ ᠶᠢ ᠴᠢᠩᠭᠠᠳᠬᠠᠵᠤ᠂ ᠡᠷᠡᠭᠦᠯ ᠮᠡᠨᠳᠦ ᠶᠢᠨ ᠬᠡᠪ ᠪᠣᠯᠪᠠᠰᠤᠷᠠᠯ ᠤᠨ ᠲᠦᠪᠰᠢᠨ ᠢ ᠪᠦᠲᠦᠮᠵᠢᠲᠡᠶ ᠳᠡᠭᠡᠭᠰᠢᠯᠡᠭᠦᠯᠬᠦ ᠶᠢᠨ ᠲᠥᠯᠥᠭᠡ᠂ ᠪᠠᠶᠠᠨᠲᠠᠯ᠎ᠠ ᠲᠣᠰᠬᠤᠨ‌ᠡᠷᠡᠭᠦᠯ ᠮᠡᠨᠳᠦ ᠶᠢᠨ ᠶᠠᠷᠢᠶᠠᠨ ᠤ ᠲᠢᠩᠭᠢᠮ ᠢ ᠪᠠᠢᠭᠤᠯᠵᠤ᠂ ᠬᠤᠸᠠᠳᠧ ᠳᠤ ᠲᠤᠰᠢᠶᠠᠯ ᠡᠭᠦᠷᠭᠡᠯᠡᠭᠰᠡᠨ ᠪᠡᠭᠡᠵᠢᠩ ᠤᠨ ᠡᠯ᠎ᠡ ᠡᠮᠨᠡᠯᠭᠡ ᠶᠢᠨ ᠬᠤᠷᠢᠶᠠᠨ ᠤ ᠲᠤᠰᠬᠠᠶ ᠮᠡᠷᠭᠡᠵᠢᠯᠲᠡᠨ ᠢ ᠤᠷᠢᠵᠤ ᠲᠣᠭᠲᠠᠭᠰᠠᠨ ᠬᠤᠭᠤᠴᠠᠭ᠎ᠠ ᠲᠠᠢ ᠪᠠᠷ ᠡᠷᠡᠭᠦᠯ ᠮᠡᠨᠳᠦ ᠶᠢᠨ ᠮᠡᠳᠡᠯᠭᠡ ᠶᠢᠨ ᠲᠠᠶᠢᠯᠤᠮᠵᠢ ᠪᠣᠯᠤᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠥᠷᠨᠢᠭᠦᠯᠪᠡ᠃ ᠨᠡᠶᠢᠲᠡ ᠶᠢᠨ ᠠᠰᠠᠷᠠᠮᠵᠢ ᠶᠢᠨ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠮᠡᠳᠡᠯᠭᠡ ᠶᠢᠨ ᠲᠠᠶᠢᠯᠤᠮᠵᠢ ᠪᠠ ᠵᠢᠷᠤᠮ ᠤᠨ ᠡᠮᠴᠢᠯᠡᠭᠡᠨ ᠤ ᠠᠵᠢᠯᠯᠠᠭ᠎ᠠ ᠪᠠᠷ ᠳᠠᠮᠵᠢᠭᠤᠯᠤᠨ᠂ ᠲᠣᠰᠬᠤᠨ ᠤ ᠠᠷᠠᠳ ᠲᠤ ᠡᠷᠡᠭᠦᠯ ᠮᠡᠨᠳᠦ ᠶᠢᠨ ᠮᠡᠳᠡᠯᠭᠡ ᠬᠦᠷᠭᠡᠵᠦ᠂ ᠣᠯᠠᠨ ᠨᠡᠶᠢᠲᠡ ᠶᠢᠨ ᠡᠷᠡᠭᠦᠯ ᠮᠡᠨᠳᠦ ᠶᠢᠨ ᠬᠡᠪ ᠪᠣᠯᠪᠠᠰᠤᠷᠠᠯ ᠢ ᠳᠡᠭᠡᠭᠰᠢᠯᠡᠭᠦᠯᠬᠦ ᠲᠠᠪᠴᠠᠩ ᠪᠠ ᠨᠡᠷᠡᠲᠦ ᠲᠥᠷᠥᠯ ᠲᠡᠮᠳᠡᠭᠲᠦ ᠶᠢ ᠪᠤᠢ  ᠪᠤᠯᠭᠠᠵᠤ᠃ ᠣᠯᠠᠨ ᠤ ᠮᠡᠳᠡᠭᠡᠵᠢ ᠪᠠᠷ᠂ ᠲᠣᠰᠬᠤᠨ ᠤ ᠭᠡᠷ ᠢᠶᠠᠨ ᠰᠠᠬᠢᠵᠤ ᠬᠤᠴᠣᠷᠤᠭᠰᠠᠨ ᠨᠠᠰᠤᠲᠠᠶᠢᠴᠤᠳ ᠡᠷᠡᠭᠦᠯ ᠮᠡᠨᠳᠤ ᠶᠢᠨ ᠮᠡᠳᠡᠯᠭᠡ ᠮᠡᠬᠦᠰ ᠪᠠᠶᠢᠳᠠᠭ᠃ ᠣᠳᠣᠬᠠᠨ ᠳᠤ᠂ ᠮᠠᠨ ᠤ ᠤᠯᠤᠰ ᠨᠢᠭᠡᠨᠲᠡ  ᠨᠠᠶᠢᠰᠤᠲᠠᠶᠢᠵᠢᠬᠤ ᠨᠡᠶᠢᠭᠡᠮ ᠳᠤ ᠣᠷᠣᠵᠤ᠂  ᠨᠠᠰᠤᠲᠠᠶᠢᠴᠤᠳ ᠤᠨ ᠡᠷᠡᠭᠦᠯ ᠮᠡᠨᠳᠦ ᠶᠢ ᠠᠩᠬᠠᠷᠬᠤ ᠨᠢ ᠨᠠᠩ ᠴᠢᠬᠤᠯᠠ ᠪᠣᠯᠵᠤ  ᠪᠠᠶᠢᠨ᠎ᠠ᠃ ︽ᠡᠷᠡᠭᠦᠯ ᠮᠡᠨᠳᠦ ᠶᠢᠨ ᠶᠠᠷᠢᠶᠠᠨ ᠤ ᠲᠢᠩᠭᠢᠮ︾ ᠤᠨ ᠠᠵᠢᠯᠯᠠᠭ᠎ᠠ ᠪᠠᠷ ᠳᠠᠮᠵᠢᠭᠤᠯᠤᠨ᠂ ᠲᠤᠰᠬᠠᠶ ᠮᠡᠷᠭᠡᠵᠢᠯ ᠤᠨ ᠠᠨᠠᠭᠠᠬᠤ ᠤᠬᠠᠭᠠᠨ ᠤ ᠮᠡᠳᠡᠯᠭᠡ ᠪᠣᠯᠤᠨ ᠡᠷᠡᠭᠦᠯ ᠮᠡᠨᠳᠦ ᠶᠢᠨ ᠮᠡᠳᠡᠯᠭᠡ ᠶᠢ ᠲᠦᠭᠡᠮᠡᠯᠵᠢᠭᠦᠯᠵᠦ᠂ ᠲᠣᠰᠬᠤᠨ ᠤ ᠠᠷᠠᠳ ᠤᠨ ᠡᠷᠡᠭᠦᠯ ᠴᠢᠭᠢᠷᠠᠭ ᠠᠮᠢᠳᠤᠷᠠᠯ ᠤᠨ ᠣᠶᠢᠯᠠᠭᠠᠭᠳᠠᠬᠤᠨ ᠤ ᠲᠤᠬᠠᠶ ᠲᠠᠨᠢᠯᠲᠠ ᠪᠣᠯᠤᠨ ᠣᠶᠢᠯᠠᠭᠠᠯᠲᠠ ᠶᠢ ᠨᠡᠮᠡᠭᠳᠡᠭᠦᠯᠵᠦ᠂ ᠲᠣᠰᠬᠤᠨ ᠤ ᠠᠷᠠᠳ ᠤᠨ ᠥᠪᠡᠷ ᠢ ᠪᠠᠨ ᠡᠷᠡᠭᠦᠯᠵᠢᠭᠦᠯᠬᠦ ᠴᠢᠳᠠᠪᠤᠷᠢ ᠪᠣᠯᠤᠨ ᠬᠢᠷᠢ ᠬᠡᠮᠵᠢᠶ᠎ᠡ ᠶᠢ  ᠲᠡᠭᠡᠭᠰᠢᠯᠡᠬᠦᠯᠵᠡᠢ᠃ ᠤᠳᠠᠭ᠎ᠠ ᠪᠦᠷᠢ ᠶᠢᠨ ᠲᠠᠶᠢᠯᠤᠮᠵᠢ ᠪᠠ ᠵᠢᠷᠤᠮ ᠤᠨ ᠡᠮᠴᠢᠯᠡᠭᠡᠨ ᠤ ᠠᠵᠢᠯᠯᠠᠭ᠎ᠠ ᠨᠢ ᠪᠦᠷ ᠮᠠᠰᠢ ᠬᠥᠭᠵᠢᠶᠡᠨᠲᠡᠶ ᠪᠠᠶᠢᠵᠤ᠂ ᠲᠣᠰᠬᠤᠨ ᠤ ᠠᠷᠠᠳ ᠥᠪᠡᠷ ᠤᠨ ᠪᠡᠶ᠎ᠡ ᠳᠤ ᠣᠷᠣᠰᠢᠵᠤ  ᠪᠠᠶᠢᠭ᠎ᠠ ᠡᠷᠡᠭᠦᠯ ᠪᠣᠰᠤ ᠠᠮᠢᠳᠤᠷᠠᠯ ᠤᠨ ᠠᠷᠭ᠎ᠠ ᠬᠡᠯᠪᠡᠷᠢ ᠪᠠᠨ ᠠᠭᠠᠵᠢᠮ ᠢᠶᠠᠷ ᠲᠠᠨᠢᠵᠤ᠂ᠡᠪᠡᠳᠴᠢᠨ ᠠᠴᠠ ᠪᠣᠯᠵᠤ ᠶᠠᠳᠠᠭᠤᠷᠠᠬᠤ ᠶᠢ ᠰᠡᠷᠭᠡᠶᠢᠯᠡᠬᠦ ᠳᠤ ᠨᠠᠩ ᠭᠦᠨᠵᠡᠭᠡᠶ ᠲᠠᠨᠢᠯᠲᠠ ᠲᠠᠢ ᠪᠣᠯᠵᠠᠶ᠃   4. ᠵᠣᠭᠤᠰ ᠮᠥᠩᠭᠦ ᠪᠠᠷ ᠰᠤᠷᠤᠯᠭ᠎ᠠ ᠶᠢ ᠲᠡᠳᠬᠦᠬᠦ ᠠᠵᠢᠯᠯᠠᠭ᠎ᠠ ᠶᠢ ᠢᠳᠡᠪᠬᠢᠲᠡᠢ ᠥᠷᠨᠢᠭᠦᠯᠦᠨ᠎ᠡ᠃ ᠨᠢᠭᠡ ᠳᠤ᠂ 2018 ᠤᠨ ︽6 · 1︾ ᠠᠴᠠ ᠡᠮᠦᠨᠡᠬᠡᠨ ︽ᠶᠠᠳᠠᠭᠤ ᠬᠦᠴᠢᠷᠳᠡᠯᠲᠡᠶ ᠭᠡᠷ ᠲᠡᠭᠡᠨ ᠬᠤᠴᠣᠷᠤᠭᠰᠠᠨ ᠬᠡᠤᠬᠡᠳ ᠢ ᠬᠠᠯᠠᠮᠵᠢᠯᠠᠨ ᠬᠠᠶᠢᠷᠠᠯᠠᠵᠤ᠂ ᠣᠨᠣᠪᠴᠢᠲᠠᠶ ᠪᠠᠷ ᠶᠠᠳᠠᠭᠤ ᠶᠢ ᠲᠡᠳᠬᠦᠬᠦ ᠳᠤ ᠬᠦᠴᠦᠨ ᠨᠡᠮᠡᠷᠢᠯᠡᠬᠦ︾ ᠠᠵᠢᠯᠯᠠᠭ᠎ᠠ ᠶᠢ ᠵᠣᠬᠢᠶᠠᠨ ᠪᠠᠢᠭᠤᠯᠤᠨ ᠥᠷᠨᠢᠭᠦᠯᠵᠦ᠂ 3000 ᠲᠥᠭᠦᠷᠢᠭ ᠤᠨ ᠪᠠᠯᠠ ᠮᠥᠩᠭᠦ ᠴᠤᠭᠯᠠᠭᠤᠯᠵᠤ᠂ ᠲᠣᠰᠬᠤᠨ ᠤ 6 ᠶᠠᠳᠠᠭᠤ ᠬᠦᠴᠢᠷᠳᠡᠯᠲᠡᠶ ᠭᠡᠷ ᠲᠡᠭᠡᠨ ᠬᠤᠴᠣᠷᠤᠭᠰᠠᠨ ᠬᠡᠤᠬᠡᠳ ᠲᠤ ᠬᠥᠮᠦᠨ ᠪᠦᠷᠢ ᠳᠤ 500 ᠲᠥᠭᠦᠷᠢᠭ ᠤᠨ ᠲᠣᠬᠤᠨᠢᠭᠤᠯᠬᠤ ᠵᠠᠷᠤᠳᠠᠯ ᠣᠯᠭᠤᠵᠤ᠂ ᠰᠤᠷᠤᠯᠴᠠᠯᠭ᠎ᠠ ᠶᠢᠨ ᠬᠡᠷᠡᠭᠰᠡᠯ᠂ ᠰᠢᠮ᠎ᠡ ᠲᠡᠵᠢᠭᠡᠯᠲᠦ ᠡᠳ᠋ ᠪᠠ ᠠᠮᠢᠳᠤᠷᠠᠯ ᠤᠨ ᠨᠥᠬᠦᠪᠥᠷᠢ  ᠪᠤᠯᠭᠠᠨ ᠥᠭᠪᠡ᠃ ᠬᠤᠶᠠᠷ ᠲᠤ᠂ ᠨᠢᠳᠤᠨᠤᠨ ᠤ 10 ᠰᠠᠷ᠎ᠠ ᠳᠤ᠂ ᠠᠯᠪᠠᠨ ᠭᠡᠷ ᠤᠨ ᠤᠷᠢᠶᠠᠯᠠᠭ᠎ᠠ ᠶᠢ ᠢᠳᠡᠪᠬᠢᠲᠡᠢ ᠴᠤᠤᠷᠢᠶᠠᠲᠤᠨ ᠳᠠᠭᠠᠵᠤ᠂ ᠬᠤᠸᠠᠳᠧ ᠰᠢᠶᠠᠨ ᠤ ᠶᠠᠳᠠᠭᠤ ᠬᠦᠴᠢᠷᠳᠡᠯᠲᠡᠶ ᠰᠤᠷᠤᠭᠴᠢ  ᠳᠤ500 ᠲᠥᠭᠦᠷᠢᠭ᠂  ᠨᠡᠶᠢᠭᠡᠮ ᠤᠨ ᠶᠠᠳᠠᠭᠤ ᠶᠢ ᠲᠡᠳᠬᠦᠬᠦ ᠰᠦᠯᠵᠢᠶᠡᠨ ᠤ ᠶᠠᠳᠠᠭᠤ ᠬᠦᠴᠢᠷᠳᠡᠯᠲᠡᠶ ᠡᠷᠦᠬᠡ ᠳᠤ 100 ᠲᠥᠭᠦᠷᠢᠭ ᠬᠠᠨᠳᠢᠪᠯᠠᠪᠠ᠃ ᠡᠨᠡ ᠵᠢᠯ ᠤᠨ ︽6 · 1︾ ᠳᠤ ᠰᠢᠶᠠᠩ ᠤᠨ ᠪᠠᠭ᠎ᠠ ᠰᠤᠷᠭᠠᠭᠤᠯᠢ ᠶᠢᠨ 34 ᠰᠤᠷᠤᠭᠴᠢ ᠬᠥᠮᠦᠨ ᠪᠦᠷᠢ ᠳᠤ ᠨᠢᠭᠡ ᠰᠢᠨ᠎ᠡ ᠪᠢᠴᠢᠭ ᠤᠨ ᠪᠣᠭᠴᠣ ᠬᠤᠳᠠᠯᠳᠤᠨ ᠠᠪᠴᠤ ᠥᠭᠴᠡᠶ᠃  5.  ᠬᠦᠴᠢᠷᠳᠡᠯᠲᠡᠶ ᠠᠷᠠᠳ ᠪᠣᠯᠤᠨ ᠨᠠᠮ ᠤᠨ ᠭᠡᠰᠢᠭᠦᠨ ᠢ ᠬᠠᠪᠰᠤᠷᠤᠨ ᠲᠡᠳᠬᠦᠬᠦ ᠠᠵᠢᠯ ᠢ ᠥᠷᠨᠢᠭᠦᠯᠬᠦ ᠬᠡᠷᠡᠭᠲᠡᠶ ᠃ ᠨᠢᠭᠡ ᠳᠤ᠂ ᠤᠳᠠᠭᠠᠨ ᠴᠢᠨᠠᠷᠲᠠᠢ ᠡᠪᠡᠳᠴᠢᠨ ᠲᠠᠢ᠂ ᠬᠦᠩᠭᠡᠨ ᠠᠵᠢᠯ ᠬᠢᠵᠦ ᠲᠡᠶᠢᠯᠬᠦ ᠠᠷᠠᠳ ᠲᠤ᠂ ᠰᠢᠩᠭᠡᠯᠢᠭ ᠪᠠ ᠲᠠᠤᠯᠠᠶ ᠬᠤᠳᠠᠯᠳᠤᠨ ᠠᠪᠴᠤ  ᠦᠭᠴᠡᠢ᠃ ᠬᠤᠶᠠᠷ ᠲᠤ ᠲᠣᠰᠬᠤᠨ ᠤ ᠡᠪᠡᠳᠴᠢᠯᠡᠭᠰᠡᠨ᠂ ᠭᠠᠮᠰᠢᠭᠳᠠᠭᠰᠠᠨ ᠨᠠᠰᠤᠲᠠᠳ ᠢ ᠲᠣᠭᠲᠠᠮᠠᠯ ᠬᠤᠭᠤᠴᠠᠭ᠎ᠠ ᠲᠠᠢ ᠪᠠᠷ ᠡᠷᠭᠢᠨ ᠦᠵᠡᠬᠦ ᠶᠢᠨ ᠬᠠᠮᠲᠤ ᠲᠣᠬᠤᠨᠢᠭᠤᠯᠬᠤ ᠬᠡᠷᠡᠭᠲᠡᠶ᠃ ᠭᠤᠷᠪᠠ ᠳᠤ ᠰᠠᠨᠠᠭᠠᠴᠢᠯᠠᠭ᠎ᠠ ᠠᠴᠠ ᠪᠠᠨ ᠲᠣᠰᠬᠤᠨ ᠳᠤ ᠬᠦᠷᠴᠦ 80 ᠨᠠᠰᠤᠨ ᠠᠴᠠ ᠳᠡᠭᠡᠭᠰᠢᠬᠢ ᠠᠬᠠᠮᠠᠳ ᠨᠠᠮ ᠤᠨ ᠭᠡᠰᠢᠭᠦᠨ ᠲᠠᠢ ᠬᠠᠷᠢᠯᠴᠠᠵᠤ᠂ ᠲᠣᠰᠬᠤᠨ ᠤ ᠨᠠᠮ ᠤᠨ ᠪᠠᠶᠢᠭᠤᠯᠤᠯᠲᠠ ᠶᠢᠨ ᠠᠵᠢᠯ ᠵᠢᠴᠢ ᠶᠠᠳᠠᠭᠤ ᠶᠢ ᠲᠡᠳᠬᠦᠬᠦ ᠠᠵᠢᠯ ᠤᠨ ᠲᠤᠬᠠᠶ ᠰᠠᠨᠠᠯ ᠰᠠᠨᠠᠭᠤᠯᠭ᠎ᠠ ᠶᠢ ᠬᠤᠷᠢᠶᠠᠪᠠ᠃ ᠳᠥᠷᠪᠡ ᠳᠤ᠂ ᠲᠣᠰᠬᠤᠨ ᠤ ᠶᠠᠳᠠᠭᠤ ᠬᠦᠴᠢᠷᠳᠡᠯᠲᠡᠶ ᠰᠤᠷᠤᠭᠴᠢ ᠶᠢᠨ ᠭᠡᠷ ᠪᠦᠯᠢ ᠳᠤ ᠬᠦᠷᠴᠦ ᠲᠣᠬᠤᠨᠢᠭᠤᠯᠤᠭᠰᠠᠨ  ᠪᠠᠶᠢᠨ᠎ᠠ  ᠃    6. ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠶᠢᠨ ᠬᠠᠮᠤᠭ ᠤᠨ ᠴᠢᠬᠤᠯᠠ ᠨᠢ ᠳᠠᠷᠤᠶ ᠣᠯᠠᠨ ᠲᠦᠮᠡᠨ ᠲᠠᠢ ᠰᠡᠳᠬᠢᠯ ᠵᠢᠷᠦᠬᠡ ᠪᠠᠨ ᠬᠤᠯᠪᠣᠵᠤ᠂ ᠦᠨᠡᠨ ᠪᠣᠳᠠᠲᠠᠶ ᠠᠵᠢᠯ ᠬᠢᠬᠦ ᠶᠠᠪᠤᠳᠠᠯ ᠪᠣᠯᠤᠨ᠎ᠠ᠃ ᠠᠵᠢᠯ ᠤᠨ ᠲᠠᠯ᠎ᠠ ᠪᠠᠷ ᠨᠢᠭᠡ ᠪᠠᠭ᠎ᠠ ᠶᠠᠪᠤᠳᠠᠯ ᠪᠣᠯ ᠣᠯᠠᠨ ᠲᠦᠮᠡᠨ ᠤ ᠠᠮᠢᠳᠤᠷᠠᠯ ᠤᠨ ᠳᠤᠮᠳᠠᠬᠢ ᠨᠢᠭᠡᠨ ᠶᠡᠭᠡ ᠶᠠᠪᠤᠳᠠᠯ᠂ ᠴᠢᠬᠤᠯᠠ ᠶᠠᠪᠤᠳᠠᠯ ᠪᠠᠶᠢᠵᠤ ᠮᠡᠳᠡᠨ᠎ᠡ᠃ ᠣᠯᠠᠨ ᠲᠦᠮᠡᠨ ᠤ ᠰᠡᠳᠬᠢᠯ ᠤᠨ ᠳᠠᠭᠤᠨ ᠢ ᠰᠡᠳᠬᠢᠯ ᠲᠠᠯᠪᠢᠨ ᠰᠣᠨᠣᠰᠴᠤ᠂ ᠦᠵᠡᠯ ᠰᠠᠨᠠᠭᠠᠨ ᠤ ᠲᠠᠯ᠎ᠠ ᠪᠠᠷ ᠠᠵᠢᠯ ᠤᠨ ᠣᠪᠣᠷ ᠢᠶᠠᠨ ᠲᠥᠪ ᠪᠣᠯᠭᠠᠨ᠂ ᠠᠷᠠᠳ ᠢ ᠳᠣᠲᠣᠨᠣᠴᠢᠯᠠᠬᠤ᠂ ᠠᠷᠠᠳ ᠢᠶᠠᠨ ᠬᠠᠶᠢᠷᠠᠯᠠᠬᠤ᠂ ᠠᠷᠠᠳ ᠤᠨ ᠲᠥᠯᠥᠭᠡ ᠪᠠᠶᠢᠬᠤ ᠤᠬᠠᠮᠰᠠᠷ ᠢᠶᠠᠨ ᠴᠢᠩᠭᠠᠳᠬᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠢᠮᠠᠭᠲᠠ ᠪᠠᠷᠢᠮᠲᠠᠯᠠᠵᠤ᠂ ᠬᠠᠷᠢᠭᠤᠴᠠᠯᠭᠠᠳᠤ ᠰᠡᠳᠬᠢᠯᠭᠡ ᠪᠠᠷ ᠣᠯᠠᠨ ᠲᠦᠮᠡᠨ  ᠲᠠᠢ ᠬᠤᠯᠪᠤᠭᠠᠯᠠᠵᠤ᠂ ᠣᠯᠠᠨ ᠲᠦᠮᠡᠨ ᠤ ᠰᠠᠨᠠᠯ ᠰᠠᠨᠠᠭᠤᠯᠭ᠎ᠠ ᠶᠢ ᠨᠠᠷᠢᠨ ᠬᠢᠨᠠᠮᠠᠭᠠᠶ ᠰᠣᠨᠣᠰᠴᠤ᠂ ᠠᠷᠭ᠎ᠠ ᠪᠦᠬᠦᠨ ᠢ ᠰᠦᠪᠡᠭᠴᠢᠯᠡᠨ ᠣᠯᠠᠨ ᠲᠦᠮᠡᠨ ᠤ ᠬᠦᠴᠢᠷ ᠵᠣᠪᠠᠭᠤᠷᠢ ᠶᠢ ᠰᠢᠢᠳᠪᠦᠷᠢᠯᠡᠵᠦ ᠥᠭᠬᠦ ᠬᠡᠷᠡᠭᠲᠡᠶ᠃  ᠬᠥᠳᠡᠭᠡ ᠲᠣᠰᠬᠤᠨ ᠳᠤ ᠭᠦᠨᠵᠡᠭᠡᠶᠢᠷᠡᠨ ᠠᠷᠠᠳ ᠲᠦᠮᠡᠨ ᠳᠤ ᠪᠤᠶᠠᠨ  ᠦᠢᠯᠡᠳᠴᠦ᠂ ᠠᠷᠠᠳ ᠲᠦᠮᠡᠨ ᠳᠤ ᠠᠰᠢᠭ ᠬᠦᠷᠲᠡᠭᠡᠵᠦ  ᠬᠡᠷᠡᠭᠲᠡᠢ᠃ ᠮᠢᠨᠦ ᠶᠠᠳᠠᠭᠤ ᠶᠢ ᠲᠡᠳᠬᠦᠬᠦ ᠪᠣᠭᠤᠮᠲᠠ ᠰᠢᠪᠲᠤᠯᠬᠤ ᠠᠵᠢᠯ ᠳᠤᠮᠳᠠ᠂ ᠲᠩᠷᠢ ᠭᠠᠵᠠᠷ ᠢ ᠳᠣᠩᠰᠣᠯᠭᠠᠮ᠎ᠠ ᠣᠮᠤᠭ ᠲᠡᠭᠦᠯᠳᠡᠷ ᠦᠭᠡ ᠶᠠᠷᠢᠶ᠎ᠠ ᠪᠠᠶᠢᠬᠤ‌ᠦᠭᠡᠢ᠂ ᠪᠠᠰᠠ ᠦᠬᠦᠵᠦ ᠰᠡᠭᠡᠬᠦ ᠶᠢ ᠦᠯᠦ ᠬᠠᠶᠢᠬᠤᠷᠤᠭᠰᠠᠨ ᠦᠢᠯᠡ ᠶᠠᠪᠤᠳᠠᠯ ᠪᠠᠶᠢᠬᠤ‌ᠦᠭᠡᠢ᠂ ᠪᠢ ᠵᠥᠪᠬᠡᠨ ᠡᠭᠡᠯ ᠪᠣᠷᠣᠭᠵᠢᠭᠤᠨ ᠪᠠ ᠴᠢᠩ ᠰᠡᠳᠬᠢᠯ ᠢᠶᠠᠷ ᠲᠣᠰᠬᠤᠨ ᠤ ᠠᠷᠠᠳ ᠲᠤ ᠬᠠᠨᠳᠤᠭᠤᠯᠤᠭᠰᠠᠨ ᠬᠠᠶᠢᠷ᠎ᠠ ᠬᠠᠯᠠᠮᠵᠢ ᠶᠢ ᠪᠢᠴᠢᠭᠯᠡᠵᠦ᠂ ᠲᠣᠰᠬᠤᠨ ᠤ ᠠᠯᠠᠭᠠᠨ ᠴᠢᠨᠡᠭᠡᠨ ᠭᠠᠵᠠᠷ ᠰᠢᠷᠣᠶ ᠶᠢ ᠰᠢᠨᠵᠢᠨ ᠬᠡᠮᠵᠢᠵᠦ᠂ ᠠᠷᠠᠳ ᠣᠯᠠᠨ ᠤ  ᠪᠠᠶᠠᠷ ᠬᠦᠷ ᠲᠠᠢ ᠴᠢᠷᠠᠢ ᠪᠣᠯ ᠮᠢᠨᠦ ᠠᠵᠢᠯ ᠤᠨ ᠬᠠᠮᠤᠭ ᠤᠨ ᠶᠡᠭᠡ ᠨᠤᠲᠠᠯᠠᠯᠲᠠ ᠪᠣᠯᠤᠨ᠎ᠠ᠃ ᠭᠤᠷᠪᠠ᠂ ᠣᠯᠤᠯᠲᠠ ᠦᠢᠯᠠᠭᠠᠠᠯᠳᠠᠬᠤᠶᠠᠷ ᠵᠢᠯ ᠤᠨ  ᠲᠤᠷᠰᠢᠬᠢ ᠨᠢᠭᠡᠳᠦᠭᠡᠷ ᠱᠦᠵᠢ ᠲᠤᠰᠢᠶᠠᠯ ᠡᠭᠦᠷᠭᠡᠯᠡᠭᠰᠡᠨ ᠨᠢ ᠨᠠᠮᠠᠶᠢ ᠦᠨᠳᠦᠰᠦᠨ ᠱᠠᠲᠤᠨ ᠤ ᠨᠢᠭᠡᠳᠦᠭᠡᠷ ᠹᠷᠣᠨᠲ ᠤᠨ ᠠᠵᠢᠯ ᠪᠠ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢᠶᠠᠷ ᠪᠢᠯᠬᠠᠭᠰᠠᠨ ᠣᠯᠠᠨ ᠲᠦᠮᠡᠨ ᠳᠤ ᠮᠠᠰᠢ ᠣᠯᠠᠨ ᠬᠥᠮᠦᠵᠢᠯ ᠬᠦᠷᠲᠡᠭᠡᠪᠡ᠂ ᠪᠢ ᠪᠠᠰᠠ ᠣᠯᠠᠨ ᠲᠦᠮᠡᠨ ᠳᠤ ᠦᠷᠭᠦᠯᠵᠢᠯᠡᠨ ᠪᠣᠳᠠᠲᠠᠶ ᠶᠠᠪᠤᠳᠠᠯ᠂ ᠰᠠᠶᠢᠨ ᠶᠠᠪᠤᠳᠠᠯ ᠢᠯᠡᠭᠦᠬᠡᠨ ᠬᠢᠵᠦ᠂ ᠤᠯᠠᠨ ᠢ ᠳᠠᠭᠠᠭᠤᠯᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠵᠦ᠂ ᠦᠨᠳᠦᠰᠦᠨ ᠱᠠᠲᠤᠨ ᠤ ᠥᠷᠭᠡᠨ ᠣᠯᠠᠨ ᠲᠦᠮᠡᠨ ᠳᠤ ᠨᠠᠮ ᠤᠨ ᠬᠠᠯᠠᠭᠤᠨ ᠳᠤᠯᠠᠭᠠᠨ ᠢ ᠦᠨᠡᠨᠬᠦ ᠮᠡᠳᠡᠷᠡᠭᠦᠯᠬᠦ ᠶᠢ ᠬᠦᠰᠡᠵᠦ ᠪᠠᠶᠢᠨ᠎ᠠ᠃ ᠡᠶᠢᠮᠦ ᠠᠴᠠ ᠪᠢ ᠲᠤᠰᠢᠶᠠᠯ ᠤᠨ ᠬᠤᠭᠤᠴᠠᠭ᠎ᠠ ᠳᠠᠭᠤᠰᠬᠤ ᠭᠡᠵᠦ  ᠪᠠᠶᠢᠭ᠎ᠠ ᠦᠶ᠎ᠡ ᠳᠤ ᠵᠣᠬᠢᠶᠠᠨ ᠪᠠᠶᠢᠭᠤᠯᠤᠯᠲᠠ ᠳᠤ ᠬᠤᠪᠢ ᠬᠥᠮᠦᠨ ᠤ ᠨᠢᠭᠡᠳᠦᠭᠡᠷ ᠱᠦᠵᠢ ᠶᠢᠨ ᠲᠤᠰᠢᠶᠠᠯ ᠤᠨ ᠬᠤᠭᠤᠴᠠᠭ᠎ᠠ ᠶᠢ ᠤᠷᠲᠤᠳᠬᠠᠬᠤ ᠡᠷᠭᠦᠳᠡᠯ ᠭᠠᠷᠭᠠᠭᠰᠠᠨ ᠪᠥᠭᠡᠳ ᠵᠣᠬᠢᠶᠠᠨ ᠪᠠᠶᠢᠭᠤᠯᠤᠯᠲᠠ ᠶᠢᠨ ᠵᠥᠪᠰᠢᠶᠡᠷᠡᠯ ᠢ ᠣᠯᠤᠭᠰᠠᠨ ᠪᠠᠶᠢᠨ᠎ᠠ᠃ᠦᠷᠬᠦᠯᠵᠢᠯᠡᠨ ᠨᠢᠭᠡᠳᠦᠭᠡᠷ ᠱᠦᠵᠢ ᠶᠢᠨ ᠲᠤᠰᠢᠶᠠᠯ ᠢ ᠡᠬᠦᠷᠭᠡᠯᠡᠬᠦ ᠨᠢ ᠨᠠᠮ ᠤᠨ ᠦᠢᠯᠡᠰ ᠶᠤᠮ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠨᠢᠭᠡ ᠮᠥᠨ᠂ ᠡᠷᠬᠡᠪᠰᠢ ᠢᠯᠠᠯᠲᠠ ᠣᠯᠬᠤ ᠬᠠᠲᠠᠭᠤ ᠳᠠᠶᠢᠯᠠᠯᠳᠤᠭᠠᠨ ᠮᠥᠨ᠃ ᠬᠤᠸᠠᠳᠧ ᠰᠢᠶᠠᠨ 2019 ᠤᠨ ᠰᠡᠭᠦᠯᠴᠢ ᠪᠠᠷ ᠶᠠᠳᠠᠭᠤ ᠠᠴᠠ ᠠᠩᠭᠢᠵᠢᠷᠠᠭᠤᠯᠬᠤ ᠡᠭᠦᠷᠭᠡ ᠪᠠᠨ ᠪᠡᠶᠡᠯᠡᠭᠦᠯᠬᠦ ᠪᠠᠷ ᠲᠥᠯᠥᠪᠯᠡᠵᠦ ᠪᠠᠶᠢᠨ᠎ᠠ᠂ ᠭᠡᠲᠡᠯ᠎ᠡ ᠮᠢᠨᠦ ᠲᠤᠰᠢᠶᠠᠯ ᠤᠨ ᠬᠤᠭᠤᠴᠠᠭ᠎ᠠ ᠪᠣᠯ 2019 ᠤᠨ 4 ᠰᠠᠷ᠎ᠠ ᠪᠣᠯᠤᠨ᠎ᠠ᠂ ᠶᠠᠳᠠᠭᠤ ᠠᠴᠠ ᠠᠩᠭᠢᠵᠢᠷᠠᠭᠤᠯᠬᠤ ᠶᠢ ᠪᠡᠶᠡᠯᠡᠭᠦᠯᠬᠦ ᠡᠴᠦᠰ ᠤᠨ ᠬᠠᠭᠠᠰ ᠵᠢᠯ ᠤᠨ ᠰᠢᠪᠲᠤᠯᠤᠯᠲᠠ ᠶᠢᠨ ᠬᠤᠭᠤᠴᠠᠭ᠎ᠠ ᠪᠣᠯ ᠬᠠᠮᠤᠭ ᠤᠨ ᠵᠠᠩᠭᠢᠯᠠᠭ᠎ᠠ ᠪᠣᠯᠤᠨ᠎ᠠ᠂ ᠶᠡᠭᠡ ᠬᠡᠮᠵᠢᠶᠡᠨ ᠤ ᠠᠵᠢᠯ ᠢ ᠬᠢᠬᠦ ᠴᠢᠬᠤᠯᠠᠲᠠᠶ᠂ ᠬᠡᠷᠪᠡ ᠪᠢ ᠶᠠᠪᠤᠪᠠᠯ᠂ ᠶᠠᠳᠠᠭᠤ ᠠᠴᠠ ᠠᠩᠭᠢᠵᠢᠷᠠᠭᠤᠯᠬᠤ ᠠᠵᠢᠯ ᠢ ᠪᠦᠬᠦᠯᠢ ᠴᠣᠭᠴᠠ ᠪᠠᠷ ᠠᠬᠢᠭᠤᠯᠬᠤ ᠳᠤ ᠵᠣᠬᠢᠬᠤ ᠨᠥᠯᠥᠭᠡ ᠲᠠᠢ ᠶᠤᠮ᠃ ᠬᠤᠸᠠᠳᠧ ᠰᠢᠶᠠᠨ ᠤ ᠶᠠᠳᠠᠭᠤ ᠠᠴᠠ ᠠᠩᠭᠢᠵᠢᠷᠠᠭᠤᠯᠬᠤ  ᠦᠢᠯᠡᠰ ᠮᠢᠨᠦ ᠬᠤᠪᠢ ᠬᠥᠮᠦᠨ ᠤ ᠰᠢᠯᠲᠠᠭᠠᠨ ᠠᠴᠠ ᠪᠣᠯᠵᠤ ᠨᠥᠯᠥᠭᠡᠯᠡᠭᠳᠡᠵᠦ᠂ ᠨᠠᠮ ᠠᠴᠠ ᠨᠠᠳᠠᠳᠤ ᠦᠭᠬᠦᠭᠰᠡᠨ ᠬᠠᠷᠢᠭᠤᠴᠠᠯᠭ᠎ᠠ ᠪᠣᠯᠤᠨ ᠡᠭᠦᠷᠭᠡ ᠶᠢ ᠬᠠᠷᠠᠬᠠᠨ ᠪᠡᠶᠡᠯᠡᠭᠦᠯᠦᠭᠡᠳᠦᠶ ᠪᠠᠶᠢᠬᠤ ᠳᠤ ᠪᠢ ᠶᠠᠪᠤᠵᠤ ᠪᠣᠯᠬᠤ ᠦᠬᠡᠢ᠃ ᠪᠢ ᠪᠣᠯ ᠴᠡᠷᠢᠭ ᠠᠩᠭᠢ ᠠᠴᠠ ᠭᠠᠷᠴᠤ ᠢᠷᠡᠭᠰᠡᠨ ᠶᠤᠮ᠂ ᠨᠠᠮ ᠠᠴᠠ ᠨᠠᠮᠠᠶᠢ ᠡᠩ ᠤᠨ ᠪᠠᠶᠢᠯᠳᠤᠭᠴᠢ ᠠᠴᠠ ᠠᠯᠬᠤᠮ ᠠᠯᠬᠤᠮ ᠢᠶᠠᠷ ᠬᠥᠮᠦᠵᠢᠭᠦᠯᠵᠦ ᠭᠠᠷᠭᠠᠭᠰᠠᠨ ᠶᠤᠮ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠳᠤ ᠵᠠᠪᠠᠯ ᠢᠯᠠᠯᠲᠠ ᠣᠯᠵᠤ ᠰᠠᠶᠢᠲᠤᠷ ᠬᠢᠬᠦ ᠬᠡᠷᠡᠭᠲᠡᠶ ᠬᠠᠲᠠᠭᠤ ᠳᠠᠶᠢᠯᠠᠯᠳᠤᠭᠠᠨ ᠤ ᠡᠮᠦᠨ᠎ᠡ᠂ ᠨᠠᠮ ᠤᠨ ᠬᠡᠷᠡᠭᠴᠡᠭᠡ ᠶᠢᠨ ᠡᠮᠦᠨ᠎ᠡ᠂ ᠪᠢ ᠬᠡᠵᠢᠶᠡᠳᠡ ᠨᠢᠭᠡ ᠪᠠᠶᠢᠯᠳᠤᠭᠴᠢ᠂ ᠪᠢ ᠡᠷᠬᠡᠪᠰᠢ ᠬᠠᠮᠤᠭ ᠤᠨ ᠡᠮᠦᠨ᠎ᠡ ᠹᠷᠣᠨᠲ ᠲᠤ ᠪᠠᠶᠢᠯᠳᠤᠵᠤ᠂ ᠶᠠᠳᠠᠭᠤ ᠬᠦᠴᠢᠷᠳᠡᠯ ᠢ ᠢᠯᠠᠨ ᠳᠠᠪᠠᠭ᠋ᠤ᠂ ᠢᠯᠠᠯᠲᠠ ᠣᠯᠬᠤ᠂ ᠶᠠᠳᠠᠭᠤ ᠠᠴᠠ ᠠᠩᠭᠢᠵᠢᠷᠠᠬᠤ ᠶᠢ ᠤᠷᠤᠭᠰᠢᠲᠠᠶ ᠪᠡᠶᠡᠯᠡᠭᠦᠯᠬᠦ ᠬᠦᠷᠲᠡᠯ᠎ᠡ ᠲᠡᠮᠡᠴᠡᠬᠦ ᠬᠡᠷᠡᠭᠲᠡᠶ᠃  ᠦᠷᠬᠦᠯᠵᠢᠯᠡᠨ ᠨᠢᠭᠡᠳᠦᠭᠡᠷ ᠱᠦᠵᠢ ᠶᠢᠨ ᠲᠤᠰᠢᠶᠠᠯ ᠢ ᠡᠬᠦᠷᠭᠡᠯᠡᠬᠦ ᠨᠢ ᠵᠣᠬᠢᠶᠠᠨ ᠪᠠᠶᠢᠭᠤᠯᠤᠯᠲᠠ ᠠᠴᠠ ᠨᠠᠮᠠᠶᠢ  ᠢᠳᠡᠭᠡᠵᠦ ᠪᠠᠶᠢᠭ᠎ᠠ ᠶᠠᠪᠤᠳᠠᠯ ᠪᠣᠯᠤᠨ᠎ᠠ᠃ ᠬᠤᠶᠠᠷ ᠵᠢᠯ ᠤᠨ ᠡᠮᠦᠨ᠎ᠡ᠂ ᠵᠣᠬᠢᠶᠠᠨ ᠪᠠᠶᠢᠭᠤᠯᠤᠯᠲᠠ ᠠᠴᠠ ᠨᠠᠮᠠᠶᠢ ᠬᠤᠸᠠᠳᠧ ᠳ᠋ᠤ᠋‌‍ᠲ᠋ᠣᠰᠬᠤᠨ ᠳᠤ ᠰᠠᠭᠤᠭ᠎ᠠ ᠨᠢᠭᠡᠳᠦᠭᠡᠷ ᠱᠦᠵᠢ ᠶᠢᠨ ᠲᠤᠰᠢᠶᠠᠯ ᠢ ᠡᠭᠦᠷᠭᠡᠯᠡᠭᠦᠯᠬᠦ ᠪᠠᠷ ᠲᠣᠭᠲᠠᠭᠰᠠᠨ ᠨᠢ ᠮᠢᠨᠦ ᠥᠩᠭᠡᠷᠡᠭᠡᠭᠰᠡᠨ ᠳᠤ ᠠᠯᠪᠠᠨ ᠭᠡᠷ ᠲᠤ ᠠᠵᠢᠯᠯᠠᠵᠤ ᠪᠠᠶᠢᠭᠰᠠᠨ ᠢ ᠮᠡᠳᠡᠷᠡᠭᠰᠡᠨ ᠶᠠᠪᠤᠳᠠᠯ ᠪᠣᠯᠤᠨ᠎ᠠ  ᠃ ᠡᠨᠡ ᠵᠢᠯ ᠂ ᠵᠣᠬᠢᠶᠠᠨ ᠪᠠᠶᠢᠭᠤᠯᠤᠯᠲᠠ ᠡᠴᠠ‌‍ᠲ᠋ᠣᠰᠬᠤᠨ ᠳᠤ ᠰᠠᠭᠤᠭ᠎ᠠ ᠨᠢᠭᠡᠳᠦᠭᠡᠷ ᠱᠦᠵᠢ ᠶᠢᠨ ᠲᠤᠰᠢᠶᠠᠯ ᠤᠨ ᠬᠤᠭᠤᠴᠠᠭ᠎ᠠ ᠶᠢ ᠤᠷᠲᠤᠳᠬᠠᠬᠤ ᠶᠢ ᠵᠥᠪᠰᠢᠶᠡᠷᠡᠬᠦ ᠪᠠᠷ ᠲᠣᠭᠲᠠᠭᠰᠠᠨ ᠨᠢ ᠮᠢᠨᠦ ᠥᠩᠭᠡᠷᠡᠭᠰᠡᠨ ᠬᠤᠶᠠᠷ ᠵᠢᠯ ᠤᠨ ᠲᠣᠰᠬᠤᠨ ᠳᠤ ᠰᠠᠭᠤᠭ᠎ᠠ ᠠᠵᠢᠯ ᠤᠨ  ᠲᠤᠬᠠᠶ ᠬᠠᠮᠤᠭ ᠤᠨ ᠶᠡᠭᠡ ᠨᠤᠲᠠᠯᠠᠯᠲᠠ ᠪᠣᠯᠤᠨ᠎ᠠ᠃ ᠵᠣᠬᠢᠶᠠᠨ ᠪᠠᠶᠢᠭᠤᠯᠤᠯᠲᠠ ᠲᠠᠢ ᠪᠠᠷ ᠢᠲᠡᠭᠡᠵᠦ᠂ ᠠᠯᠢᠪᠠ ᠬᠦᠴᠢᠷ ᠵᠣᠪᠠᠯᠠᠩ ᠪᠠ ᠶᠠᠳᠠᠷᠠᠯ ᠢ ᠪᠢ ᠪᠦᠷ ᠪᠡᠨ᠎ᠡ ᠲᠠᠢ ᠭᠡᠵᠦ ᠪᠣᠳᠣᠵᠤ ᠪᠠᠶᠢᠨ᠎ᠠ᠃  ᠪᠢ  ᠵᠣᠬᠢᠶᠠᠨ ᠪᠠᠶᠢᠭᠤᠯᠤᠯᠲᠠ ᠶᠢᠨ ᠬᠠᠯᠠᠮᠵᠢᠯᠠᠯ ᠳᠤ ᠲᠤᠩ  ᠶᠡᠭᠡ ᠲᠠᠯᠠᠷᠬᠠᠵᠤ ᠪᠠᠢᠨ᠎ᠠ᠃ ᠽᠦ ᠢ ᠨᠥᠬᠦᠷ ᠠᠯᠪᠠᠨ ᠭᠡᠷ ᠲᠤ ᠢᠷᠡᠭᠡᠳ ᠬᠤᠶᠠᠷ ᠰᠠᠷ᠎ᠠ ᠪᠣᠯᠤᠭ᠎ᠠ ᠦᠭᠡᠢ ᠪᠠᠷ ᠬᠤᠸᠠᠳᠧ ᠳᠤ ᠪᠠᠢᠴᠠᠭᠠᠨ ᠰᠤᠳᠤᠯᠤᠯᠲᠠ ᠬᠢᠵᠦ ᠵᠢᠭᠠᠨ ᠵᠢᠯᠣᠭᠤᠳᠴᠤ᠂ ᠮᠠᠨ ᠤ ᠡᠳᠡᠭᠡᠷ ᠲᠤᠰᠢᠶᠠᠯ ᠡᠭᠦᠷᠭᠡᠯᠡᠵᠦ ᠪᠠᠶᠢᠭ᠎ᠠ‌‍ᠺᠠᠳ᠋ᠷᠴᠤᠳ ᠢ ᠪᠣᠯᠭᠤᠭᠠᠨ ᠲᠣᠬᠤᠨᠢᠭᠤᠯᠪᠠ᠃ ᠵᠢᠶ ᠨᠠᠨ᠂ ᠱᠣᠣ ᠫᠧᠩ᠂ ᠵᠢᠶᠠᠨ ᠵᠦᠩ ᠨᠥᠬᠦᠷ ᠨᠠᠩ ᠴᠤ ᠣᠯᠠᠨ ᠤᠳᠠᠭ᠎ᠠ ᠪᠡᠶ᠎ᠡ ᠪᠠᠷ ᠢᠶᠠᠨ ᠬᠦᠷᠴᠦ᠂ ᠪᠤᠰᠤᠳ ᠠᠯᠪᠠᠨ ᠭᠡᠷ ᠤᠨ ᠤᠳᠤᠷᠢᠳᠤᠯᠭ᠎ᠠ ᠴᠤ ᠪᠦᠷ ᠠᠳᠠᠯᠢ ᠪᠤᠰᠤ ᠬᠡᠯᠪᠡᠷᠢ ᠪᠠᠷ ᠬᠤᠸᠠᠳᠧ ᠰᠢᠶᠠᠨ ᠤ ᠶᠠᠳᠠᠭᠤ ᠶᠢ ᠲᠡᠳᠬᠦᠬᠦ  ᠠᠵᠢᠯ ‍ᠤᠨ‌‍ᠲ᠋ᠤᠰᠢᠶᠠᠯ ᠡᠭᠦᠷᠬᠡᠯᠡᠵᠤ  ᠪᠠᠶᠢᠭ᠎ᠠ‌‍ᠺᠠᠳ᠋ᠷ ᠢ ᠬᠠᠯᠠᠮᠵᠢᠯᠠᠨ ᠳᠠᠮᠵᠢᠵᠤ ᠪᠣᠶ᠃ ᠤᠳᠤᠷᠢᠳᠤᠯᠭ᠎ᠠ ᠨᠠᠷ ᠤᠳᠠᠭ᠎ᠠ ᠪᠦᠷᠢ ᠠᠮᠤ ᠪᠤᠳᠠᠭ᠎ᠠ᠂ ᠭᠤᠯᠢᠷ᠂ ᠲᠣᠰᠣ ᠵᠡᠷᠭᠡ ᠶᠢ ᠠᠪᠴᠢᠷᠠᠵᠤ ᠥᠭᠳᠡᠭ᠃ ᠠᠯᠪᠠᠨ ᠭᠡᠷ ᠤᠨ ᠨᠥᠬᠦᠳ ᠵᠢᠯ ᠪᠦᠷᠢ ᠬᠤᠸᠠᠳᠧ ᠤᠨ ᠶᠠᠳᠠᠭᠤ ᠬᠦᠴᠢᠷᠳᠡᠯᠲᠡᠶ ᠰᠤᠷᠤᠭᠴᠢᠳ ᠢ ᠳᠡᠮᠵᠢᠳᠡᠭ᠃ ᠪᠠᠶᠢᠭᠤᠯᠤᠯᠭ᠎ᠠ ᠶᠢᠨ ᠠᠵᠢᠯᠴᠢᠨ ᠤ ᠡᠪᠯᠡᠯ ᠵᠢᠯ ᠪᠦᠷᠢ ᠬᠤᠸᠠᠳᠧ  ᠤᠨ ᠲᠠᠷᠢᠶᠠᠯᠠᠩ ᠤᠨ ᠭᠠᠷᠤᠯᠲᠠ ᠶᠢ ᠶᠡᠭᠡ ᠬᠡᠮᠵᠢᠶ᠎ᠡ ᠪᠠᠷ ᠬᠤᠳᠠᠯᠳᠤᠨ ᠠᠪᠴᠤ᠂ ᠠᠵᠢᠯᠳᠠᠳ ᠲᠤ ᠦᠭᠭᠦᠳᠡᠭ᠃ ᠡᠯᠧᠺᠲᠷᠣᠨ ᠵᠠᠰᠠᠭ ᠤᠨ ᠶᠠᠪᠤᠳᠠᠯ ᠤᠨ ᠲᠥᠪ᠂ ᠠᠵᠢᠯ ᠦᠢᠯᠡᠰ ᠤᠨ ᠬᠥᠭᠵᠢᠯᠲᠡ ᠶᠢᠨ ᠲᠥᠪ ᠦᠷᠭᠦᠯᠵᠢ ᠪᠢᠳᠡᠨ ᠳᠤ ᠵᠣᠭᠤᠰ ᠮᠥᠩᠭᠦ ᠡᠳ᠋ ᠪᠣᠳᠠᠰ ᠬᠠᠨᠳᠢᠪᠯᠠᠵᠤ ᠥᠭᠳᠡᠭ᠃ ᠠᠯᠪᠠᠨ ᠭᠡᠷ ᠤᠨ ᠳᠣᠲᠣᠷᠠᠬᠢ ᠬᠤᠯᠪᠣᠭᠳᠠᠯ ᠪᠦᠬᠦᠢ ᠲᠤᠬᠠᠶᠢᠯᠠᠭᠰᠠᠨ ᠠᠵᠢᠯ ᠤᠨ ᠲᠣᠪᠴᠢᠶ᠎ᠠ ᠴᠥᠮ ᠲᠣᠰ ᠲᠣᠰ ᠤᠨ ᠬᠠᠮᠤᠭ ᠤᠨ ᠶᠡᠭᠡ ᠴᠢᠷᠮᠠᠶᠢᠯᠭ᠎ᠠ ᠪᠠᠷ ᠢᠶᠠᠨ ᠪᠢᠳᠡᠨ ᠳᠤ ᠪᠠᠯᠠ ᠮᠥᠩᠭᠦ ᠣᠯᠵᠤ  ᠦᠭᠴᠦ᠂ ᠵᠣᠬᠢᠴᠠᠭᠤᠯᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ ᠪᠠᠶᠢᠨ᠎ᠠ᠃ ᠪᠠᠶᠢᠭᠤᠯᠭ᠎ᠠ ᠶᠢᠨ ᠦᠢᠯᠡᠴᠢᠯᠡᠭᠡᠨ‌‍ᠤ ᠲᠥᠪ ᠨᠢ ᠪᠢᠳᠡᠨ ᠳᠤ  ᠠᠯᠪᠠᠨ ᠭᠡᠷ ᠤᠨ ᠬᠡᠷᠡᠭᠰᠡᠯ ᠬᠠᠨᠳᠢᠪᠯᠠᠵᠤ᠂ ᠪᠠᠰᠠ ᠲᠤᠰᠬᠠᠶᠢᠯᠠᠨ ᠨᠠᠳᠠ ᠳᠤ ᠨᠢᠭᠡ ᠵᠢᠵᠢᠭ ᠴᠠᠬᠢᠯᠭᠠᠨ ᠬᠥᠳᠡᠯᠭᠡᠭᠦᠷᠲᠦ ᠲᠡᠷᠭᠡ ᠬᠤᠳᠠᠯᠳᠤᠨ ᠠᠪᠴᠤ ᠥᠭᠭᠦᠭᠡᠳ᠂ ᠲᠡᠷᠭᠡ ᠵᠢᠯᠣᠭᠤᠳᠴᠤ ᠴᠢᠳᠠᠬᠤ ᠦᠭᠡᠢ ᠨᠠᠳᠠᠳᠤ ᠶᠡᠭᠡ ᠠᠰᠠᠭᠤᠳᠠᠯ ᠢ ᠰᠢᠢᠳᠪᠦᠷᠢᠯᠡᠪᠡ᠃ ᠡ᠊ᠨᠳᠡ ᠫᠧᠩ ᠵᠦᠩ ᠢ ᠡᠷᠬᠢᠯᠡᠭᠴᠢ᠂ ᠠᠨ ᠵᠦᠩ ᠪᠦᠦ ᠡᠷᠬᠢᠯᠡᠭᠴᠢ᠂  ᠯᠥᠸᠧ ᠯᠦ ᠶᠦᠨ ᠡᠷᠬᠢᠯᠡᠭᠴᠢ ᠪᠠ  ᠦᠢᠯᠡᠴᠢᠯᠡᠭᠡᠨ ᠤ ᠲᠥᠪ ᠤᠨ ᠪᠦᠬᠦ ᠨᠥᠬᠦᠳ ᠲᠤ ᠲᠠᠯᠠᠷᠬᠠᠵᠤ ᠪᠠᠶᠢᠨ᠎ᠠ  ᠃ ᠳᠠᠬᠢᠪᠠᠯ ᠪᠠᠶᠢᠭᠤᠯᠭ᠎ᠠ ᠶᠢᠨ ᠨᠠᠮ ᠤᠨ ᠬᠤᠷᠢᠶ᠎ᠠ ︵ᠠᠵᠢᠯᠲᠠᠨ ᠤ ᠶᠠᠪᠤᠳᠠᠯ ᠤᠨ ᠲᠣᠪᠴᠢᠶ᠎ᠠ︶ ᠨᠢ ᠨᠠᠩ ᠴᠤ ᠡᠮᠦᠨ᠎ᠡ ᠹᠷᠣᠨᠲ ᠤᠨ ᠠᠵᠢᠯᠯᠠᠬᠤ ᠳᠤᠭᠤᠶᠢᠯᠠᠩ ᠳᠤ ᠣᠯᠠᠨ ᠲᠠᠯ᠎ᠠ ᠶᠢᠨ ᠳᠡᠮᠵᠢᠯᠭᠡ ᠪᠠ ᠵᠢᠯᠣᠭᠤᠳᠤᠯᠭ᠎ᠠ ᠦᠵᠡᠭᠦᠯᠦᠭᠰᠡᠨ‌‍ᠪᠠᠶᠢᠨ᠎ᠠ᠂ ᠤᠯᠠᠭᠠᠨ ᠬᠤᠪᠢᠰᠬᠠᠯ ᠤᠨ ᠲᠣᠪᠴᠢᠶᠠᠨ ᠤ ᠳᠠᠷᠤᠭ᠎ᠠ᠂ ᠺᠦᠶ ᠵᠢᠶᠧ ᠱᠦᠵᠢ᠂ ᠮᠢᠩ ᠾᠧ ᠱᠦᠵᠢ ᠵᠢᠴᠢ ᠼᠠᠢ ᠱᠣ᠋ ᠴᠢᠶᠣᠤ᠂ ᠵᠢᠶᠠᠩ ᠶᠠᠨ᠂ ᠳ᠋ᠠ ᠸᠧᠶ᠂ ᠳ᠋ᠧᠩ ᠪᠠᠩ  ᠵᠡᠷᠭᠡ ᠨᠥᠬᠦᠳ ᠴᠥᠮ ᠨᠠᠳᠠᠳᠤ ᠮᠠᠰᠢ ᠣᠯᠠᠨ ᠪᠣᠳᠠᠲᠠᠶ ᠵᠢᠯᠣᠭᠤᠳᠤᠯᠭ᠎ᠠ ᠪᠠ ᠬᠠᠪᠰᠤᠷᠤᠯᠭ᠎ᠠ ᠦᠵᠡᠭᠦᠯᠦᠭᠰᠡᠨ ᠢ ᠪᠠᠶᠢᠨ᠎ᠠ᠃ ᠡᠳᠡᠭᠡᠷ ᠢ ᠪᠤᠳᠤᠬᠤ ᠪᠦᠷᠢ ᠳᠤ ᠮᠢᠨᠦ ᠰᠡᠳᠬᠢᠯ ᠮᠠᠰᠢ ᠲᠤᠯᠠᠬᠠᠭᠠᠨ ᠪᠠᠶᠢᠳᠠᠭ᠂ ᠪᠢ ᠭᠠᠭᠴᠠᠭᠠᠷ ᠢᠶᠠᠨ ᠪᠠᠶᠢᠯᠳᠤᠵᠤ  ᠪᠠᠶᠢᠭ᠎ᠠ  ᠪᠢᠰᠢ᠂ ᠪᠢ ᠲᠥᠪ ᠤᠨ ᠣᠷᠣᠨ ᠲᠤᠭᠠᠨ ᠤ ᠠᠯᠪᠠᠨ ᠭᠡᠷ ᠤᠨ ᠬᠤᠶᠠᠷ ᠵᠠᠭᠤ ᠳᠠᠯᠠ ᠨᠥᠬᠦᠳ ᠤᠨ ᠳᠡᠮᠵᠢᠯᠭᠡ ᠲᠠᠢ᠂ ᠲᠥᠪ ᠤᠨ ᠣᠷᠣᠨ ᠲᠣᠭᠠᠨ ᠤ ᠠᠯᠪᠠᠨ ᠭᠡᠷ ᠤᠨ ᠨᠠᠮ ᠤᠨ ᠵᠣᠬᠢᠶᠠᠨ ᠪᠠᠶᠢᠭᠤᠯᠤᠯᠲᠠ ᠪᠣᠯ ᠳᠠᠷᠤᠶ ᠮᠢᠨᠦ ᠬᠠᠮᠤᠭ ᠤᠨ ᠡᠷᠡᠰ ᠴᠢᠩᠭ᠎ᠠ ᠥᠮᠥᠭ ᠲᠦᠰᠢᠭ ᠮᠥᠨ ᠭᠡᠵᠦ ᠪᠤᠳᠤᠳᠠᠭ᠃ ᠦᠷᠬᠦᠯᠵᠢᠯᠡᠨ ᠨᠢᠭᠡᠳᠦᠭᠡᠷ ᠱᠦᠵᠢ ᠶᠢᠨ ᠲᠤᠰᠢᠶᠠᠯ ᠢ ᠡᠬᠦᠷᠭᠡᠯᠡᠬᠦ ᠨᠢ ᠶᠠᠳᠠᠭᠤ ᠶᠢ ᠲᠡᠳᠬᠦᠬᠦ ᠡᠮᠦᠨ᠎ᠡ ᠹᠷᠣᠨᠲ ᠤᠨ ᠠᠵᠢᠯᠯᠠᠬᠤ‌‍ᠲ᠋ᠤᠭᠤᠶᠢᠯᠠᠩ ᠤᠨ ᠳᠠᠶᠢᠴᠢᠨ ᠨᠥᠬᠦᠳ ᠪᠣᠯᠤᠨ ᠤᠤᠯ ᠤᠨ ᠬᠤᠸᠠᠳᠧ ᠳᠤ ᠲᠤᠰᠢᠶᠠᠯ ᠡᠭᠦᠷᠭᠡᠯᠡᠵᠦ ᠥᠩᠭᠡᠷᠡᠭᠰᠡᠨ ᠨᠥᠬᠦᠳ ᠪᠣᠯᠤᠨ᠎ᠠ᠃ ᠪᠢ ᠰᠠᠶ᠋ᠢ ᠬᠤᠸᠠᠳᠧ ᠳᠤ ᠬᠦᠷᠬᠦ ᠥᠶ᠎ᠡ ᠳᠤ᠂ ᠡᠮᠦᠨ᠎ᠡ ᠪᠣᠳᠣᠵᠤ ᠪᠠᠶᠢᠭᠰᠠᠨ ᠨᠢ ᠪᠣᠳᠠᠲᠤ ᠪᠠᠢᠳᠠᠯ ᠲᠠᠢ ᠵᠥᠷᠢᠶ᠎ᠡ ᠲᠠᠢ ᠪᠠᠶᠢᠬᠤ ᠶᠢ ᠣᠯᠵᠤ ᠮᠡᠳᠡᠵᠡᠢ᠂ ᠵᠢᠱᠢᠶᠡᠯᠡᠪᠡᠯ ᠠᠳᠡᠬᠢ ᠲᠠᠷᠢᠶᠠᠴᠢᠳ ᠡᠳᠦᠷ ᠪᠦᠷᠢ ᠲᠠᠮᠠᠬᠢ ᠲᠠᠲᠠᠵᠤ ᠠᠷᠢᠬᠢ ᠤᠤᠭᠤᠵᠤ᠂ ᠲᠠᠯᠠᠭᠠᠷ ᠡᠳᠦᠷ ᠦᠩᠭᠡᠷᠡᠬᠡᠵᠦ ᠪᠠᠶᠢᠵᠠᠢ᠃ ᠲᠠᠷᠢᠶᠠᠴᠢᠨ ᠲᠠᠢ ᠬᠠᠮᠲᠤ ᠪᠠᠶᠢᠬᠤ ᠲᠤᠩ ᠠᠮᠠᠷ ᠦᠭᠡᠢ᠂ ᠡᠶᠢᠮᠦ ᠠᠴᠠ ᠪᠢ ᠰᠠᠶ᠋ᠢ ᠬᠤᠸᠠᠳᠧ ᠳᠤ ᠢᠷᠡᠭᠰᠡᠨ ᠬᠡᠰᠡᠭ ᠬᠤᠭᠤᠴᠠᠭᠠᠨ ᠳᠤ᠂  ᠡᠷᠡᠭᠡᠯᠵᠡᠵᠦ ᠪᠠᠢᠭᠰᠠᠨ ᠭᠡᠪᠡᠴᠦ‌ᠡᠮᠦᠨ᠎ᠡ ᠹᠷᠣᠨᠲ ᠤᠨ ᠠᠵᠢᠯᠯᠠᠬᠤ ᠳᠤᠭᠤᠶᠢᠯᠠᠩ ᠤᠨ ᠨᠥᠬᠦᠳ ᠂ ᠵᠢᠱᠢᠶᠡᠯᠡᠪᠡᠯ ᠵᠠᠩ ᠷᠦ᠋ ᠵᠢᠶᠠᠩ᠂ ᠼᠠᠢ ᠱᠣ᠋ ᠴᠢᠶᠣᠤ᠂ ᠭᠦᠸᠧ ᠵᠢᠶᠠ ᠵᠡᠷᠭᠡ ᠪᠦᠷ ᠠᠳᠠᠯᠢ ᠪᠤᠰᠤ ᠴᠠᠭ  ᠥᠶ᠎ᠡ ᠳ᠋ᠦ‌ᠠᠳᠠᠯᠢ ᠪᠤᠰᠤ ᠠᠷᠭ᠎ᠠ ᠬᠡᠯᠪᠡᠷᠢ ᠪᠠᠷ ᠨᠠᠳᠠ ᠳᠤ ᠲᠤᠩ ᠶᠡᠭᠡ ᠬᠠᠪᠰᠤᠷᠤᠯᠭ᠎ᠠ ᠦᠵᠡᠭᠦᠯᠵᠡᠶ᠂ ᠣᠨᠴᠠᠭᠠᠶᠢᠯᠠᠨ ᠼᠠᠢ ᠱᠣ᠋ ᠴᠢᠶᠣᠤ ᠨᠥᠬᠦᠷ᠂ ᠪᠢ ᠰᠠᠶ᠋ᠢ ᠬᠤᠸᠠᠳᠧ ᠳᠤ ᠢᠷᠡᠭᠡᠳ ᠵᠦᠭ ᠴᠢᠭᠯᠡᠯ ᠢᠶᠠᠨ ᠣᠯᠬᠤ ᠦᠭᠡᠢ ᠦᠶᠡᠰ᠂ ᠲᠡᠷᠡ ᠨᠠᠮ᠎ᠠ ᠶᠢ ᠳᠠᠭᠠᠭᠤᠯᠤᠨ ᠲᠤᠬᠠᠶ ᠶᠢᠨ ᠭᠠᠵᠠᠷ ᠤᠨ ᠪᠠᠶᠢᠳᠠᠯ ᠢ ᠣᠶᠢᠯᠠᠭᠠᠵᠤ᠂ ᠠᠵᠢᠯ ᠤᠨ ᠰᠡᠳᠬᠢᠴᠡ ᠪᠠᠨ ᠲᠣᠳᠣᠷᠬᠠᠶ ᠪᠣᠯᠭᠠᠵᠤ‌ᠮᠢᠨᠦ ᠵᠣᠷᠢᠭ ᠢ ᠬᠥᠪᠴᠢᠯᠡᠵᠡᠶ᠃ ᠲᠡᠷᠡ ᠲᠤᠰᠢᠶᠠᠯ ᠡᠭᠦᠷᠭᠡᠯᠡᠭᠰᠡᠨ ᠬᠤᠭᠤᠴᠠᠭ᠎ᠠ ᠨᠢ ᠳᠦᠭᠦᠷᠦᠭᠡᠳ ᠠᠯᠪᠠᠨ ᠭᠡᠷ ᠲᠡᠭᠡᠨ ᠬᠠᠷᠢᠭᠰᠠᠨ ᠴᠤ ᠦᠷᠭᠦᠯᠵᠢ ᠨᠠᠳᠠ ᠠᠴᠠ ᠠᠵᠢᠯ ᠪᠠ ᠠᠮᠢᠳᠤᠷᠠᠯ ᠤᠨ ᠪᠠᠶᠢᠳᠠᠯ ᠢ ᠯᠠᠪᠯᠠᠨ ᠠᠰᠠᠭᠤᠵᠤ᠂ ᠨᠠᠳᠠ ᠳᠤ ᠮᠠᠰᠢ ᠶᠡᠭᠡ ᠬᠠᠪᠰᠤᠷᠤᠯᠭ᠎ᠠ ᠪᠠ ᠳᠡᠮᠵᠢᠯᠭᠡ ᠦᠵᠡᠬᠦᠯᠦᠭᠰᠡᠨ᠂  ᠭᠥᠸᠧ ᠵᠢᠶᠠ ᠨᠥᠬᠦᠷ  ᠬᠤᠸᠠᠳᠧ ᠳᠤ ᠢᠷᠡᠭᠰᠡᠨ ᠤ ᠲᠠᠷᠠᠭ᠎ᠠ ᠦᠷᠭᠦᠯᠵᠢ ᠲᠣᠰᠬᠤᠨ ᠳᠤ ᠢᠷᠡᠵᠦ ᠠᠵᠢᠯ ᠢ ᠵᠢᠯᠣᠭᠤᠳᠴᠤ᠂  ᠪᠤᠳᠠᠲᠠᠢ ᠠᠰᠠᠭᠤᠳᠠᠯ ᠢ ᠰᠢᠢᠳᠪᠦᠷᠢᠯᠡᠵᠦ ᠥᠭᠳᠡᠭ᠃ ᠲᠤᠬᠠᠶ ᠶᠢᠨ ᠭᠠᠵᠠᠷ ᠤᠨ ᠺᠠᠳ᠋ᠷ ᠣᠯᠠᠨ ᠲᠦᠮᠡᠨ ᠲᠠᠢ  ᠰᠤᠯᠢᠯᠴᠠᠬᠤ ᠪᠠᠷ ᠳᠠᠮᠵᠢᠨ  ᠪᠢ ᠦᠩᠭᠡᠷᠡᠭᠰᠡᠨ ᠤ ᠠᠵᠢᠯᠯᠠᠵᠤ ᠪᠠᠶᠢᠭᠰᠠᠨ ᠨᠦᠭᠦᠷ ᠲᠠᠢ ᠮᠠᠰᠢ ᠶᠡᠭᠡ ᠵᠦᠷᠢᠶ᠎ᠡ  ᠲᠠᠢ ᠪᠠᠨ ᠮᠡᠳᠡᠭᠰᠡᠨ᠂ ᠲᠡᠳᠡ ᠪᠣᠯ ᠮᠢᠨᠦ ᠰᠤᠷᠤᠯᠴᠠᠬᠤ ᠳᠠᠭᠤᠷᠢᠶᠠᠯ ᠮᠥᠨ᠂ ᠮᠥᠨ ᠴᠦ ᠡᠳᠡᠭᠡᠷ ᠨᠥᠬᠦᠳ  ᠮᠢᠨᠦ ᠠᠵᠢᠯ ᠳᠤ ᠰᠠᠶᠢᠨ ᠰᠠᠭᠤᠷᠢ ᠲᠠᠯᠪᠢᠵᠤ ᠥᠭᠭᠦᠭᠰᠡᠨ ᠳᠤ ᠲᠠᠯᠠᠷᠬᠠᠵᠤ ᠪᠠᠶᠢᠨ᠎ᠠ᠂ ᠪᠢ ᠥᠨᠥᠳᠥᠷ ᠡᠳᠦᠶ ᠲᠡᠳᠦᠶ ᠠᠮᠵᠢᠯᠲᠠ ᠪᠦᠲᠦᠮᠵᠢ ᠣᠯᠵᠤ ᠴᠢᠳᠠᠭᠰᠠᠨ ᠨᠢ ᠪᠦᠷ ᠲᠡᠳᠡᠨ ᠤ ᠲᠠᠯᠪᠢᠭᠰᠠᠨ ᠰᠠᠭᠤᠷᠢ ᠲᠠᠢ ᠮᠠᠰᠢ ᠶᠡᠭᠡ ᠬᠠᠷᠢᠴᠠᠭ᠎ᠠ  ᠲᠠᠢ ᠶᠤᠮ᠃ 2019ᠣᠨ ᠪᠣᠯ ᠰᠢᠨ᠎ᠡ ᠳᠤᠮᠳᠠᠳᠤ ᠤᠯᠤᠰ ᠪᠠᠢᠭᠤᠯᠤᠭᠳᠠᠭᠰᠠᠨ 70 ᠵᠢᠯ ᠤᠨ ᠣᠢ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ  ᠰᠢᠢᠳᠪᠦᠷᠢᠳᠦ ᠢᠯᠠᠯᠲᠠ ᠶᠢ ᠣᠯᠬᠤ ᠵᠠᠩᠭᠢᠯᠠᠭ᠎ᠠ ᠶᠢᠨ ᠵᠢᠯ᠂ ᠮᠥᠨ ᠴᠦ ᠬᠤᠸᠠᠳᠧ ᠰᠢᠶᠠᠨ︽ᠶᠠᠳᠠᠭᠤ ᠠᠴᠠ ᠠᠩᠭᠢᠵᠢᠷᠠᠬᠤ︾ ᠵᠢᠯ ᠪᠣᠯᠤᠨ᠎ᠠ᠃ ᠪᠢᠳᠡ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠬᠤ ᠭᠤᠷᠪᠠᠨ ᠵᠢᠯ ᠤᠨ ᠠᠵᠢᠯᠯᠠᠭ᠎ᠠ ᠶᠢᠨ ᠲᠤᠬᠠᠶ ᠨᠠᠮ ᠤᠨ ᠲᠥᠪ ᠬᠤᠷᠢᠶ᠎ᠠ᠂ ᠲᠥᠷᠦ ᠶᠢᠨ ᠶᠠᠪᠤᠳᠠᠯ ᠤᠨ ᠬᠤᠷᠢᠶᠠᠨ ᠤ ᠵᠢᠯᠣᠭᠤᠳᠬᠤ ᠰᠠᠨᠠᠯ ᠢ ᠭᠦᠨᠵᠡᠭᠡᠶ ᠲᠤᠭᠤᠰᠢᠯᠠᠭᠤᠯᠵᠤ᠂ ᠦᠵᠡᠯ ᠰᠠᠨᠠᠭ᠎ᠠ ᠲᠠᠨᠢᠯᠲᠠ ᠪᠠᠨ ᠶᠡᠷᠦᠩᠬᠡᠶ ᠱᠦᠵᠢ ᠰᠢ ᠶᠢᠨ ᠫᠢᠩ ᠤᠨ ᠶᠠᠳᠠᠭᠤ ᠶᠢ ᠲᠡᠳᠬᠦᠬᠦ ᠠᠵᠢᠯ ᠤᠨ ᠲᠤᠬᠠᠶ ᠴᠢᠬᠤᠯᠠ ᠥᠭᠦᠯᠡᠯᠲᠡ ᠳᠡᠭᠡᠷ᠎ᠡ ᠤᠯᠠᠮ ᠨᠢᠭᠡ ᠠᠯᠬᠤᠮ ᠨᠢᠭᠡᠳᠬᠡᠵᠦ᠂ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠤᠯᠤᠰ ᠲᠥᠷᠦ ᠶᠢᠨ ᠬᠠᠷᠢᠭᠤᠴᠠᠯᠭ᠎ᠠ ᠪᠠᠨ ᠴᠢᠩᠭᠠᠳᠬᠠᠵᠤ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠰᠠᠬᠢᠵᠤ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ 2019 ᠣᠨ ᠳᠤ ᠶᠠᠳᠠᠭᠤ ᠠᠴᠠ ᠠᠩᠭᠢᠵᠢᠷᠠᠭᠤᠯᠬᠤ ᠬᠠᠷᠠᠯᠲᠠ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠦᠨ᠎ᠡ᠃ ᠥᠪᠥᠷ ᠮᠣᠩᠭᠤᠯ ᠤᠨ ᠲᠠᠯ᠎ᠠ ᠨᠤᠲᠤᠭ ᠲᠤ ᠨᠢᠭᠡ  ᠵᠦᠢᠯ ᠤᠨ ᠨᠢᠮᠪᠡᠭᠡ ᠭᠡᠳᠡᠭ ᠤᠷᠭᠤᠮᠠᠯ ᠥᠷᠭᠡᠨ ᠢᠶᠠᠷ ᠤᠷᠭᠤᠵᠤ  ᠪᠠᠶᠢᠳᠠᠭ᠂ ᠲᠡᠷᠡ ᠨᠢ ᠭᠠᠩ ᠬᠠᠭᠰᠠᠷᠠᠭᠠᠨ ᠳᠤ ᠲᠡᠰᠪᠦᠷᠢᠲᠡᠶ᠂ ᠬᠦᠢᠲᠡᠨ ᠳᠤ ᠲᠡᠰᠪᠦᠷᠢᠲᠡᠶ᠂ ᠥᠨᠳᠥᠷ ᠬᠠᠯᠠᠭᠤᠨ ᠳᠤ ᠲᠡᠰᠪᠦᠷᠢᠲᠡᠶ᠂ ᠭᠠᠩ ᠬᠠᠭᠤᠷᠠᠶ ᠬᠡᠭᠡᠷ᠎ᠡ ᠲᠠᠯ᠎ᠠ ᠳᠤ ᠲᠡᠰᠪᠦᠷᠢᠲᠠᠢ ᠤᠷᠭᠤᠮᠠᠯ ᠪᠣᠯᠤᠨ᠎ᠠ᠃ ᠨᠢᠮᠪᠡᠭᠡ  ᠰᠠᠯᠬᠢᠨ ᠢ ᠬᠠᠯᠬᠠᠯᠠᠵᠤ ᠡᠯᠡᠰᠦ ᠶᠢ ᠲᠣᠭᠲᠠᠪᠤᠷᠢᠵᠢᠭᠤᠯᠵᠤ᠂ ᠬᠥᠷᠥᠰᠥ ᠰᠢᠷᠣᠶ ᠶᠢ ᠬᠠᠮᠠᠭᠠᠯᠠᠵᠤ ᠴᠢᠳᠠᠨ᠎ᠠ᠂ ᠦᠬᠦᠪᠡᠯ ᠪᠠᠰᠠ ᠬᠢᠲᠠᠳ ᠡᠮ ᠤᠨ ᠮᠠᠲ᠋ᠧᠷᠢᠶᠠᠯ ᠬᠢᠵᠦ ᠪᠣᠯᠤᠨ᠎ᠠ᠂  ᠨᠢᠮᠪᠡᠭᠡ ᠶᠢᠨ ᠬᠠᠳᠬᠤᠭᠤᠷ ᠨᠢ ᠴᠦ ᠲᠤᠶᠢᠯ ᠤᠨ ᠭᠤᠶᠤ᠂ ᠰᠢᠷ᠎ᠠ ᠥᠩᠭᠡᠲᠡᠶ ᠨᠢᠮᠪᠡᠭᠡ ᠶᠢᠨ ᠴᠡᠴᠡᠭ ᠨᠢ ᠨᠢᠳᠦ ᠭᠢᠯᠠᠰᠤᠮ᠎ᠠ ᠰᠠᠶᠢᠬᠠᠨ ᠬᠠᠷᠠᠭᠳᠠᠳᠠᠭ᠂ᠨᠢᠭᠡ ᠰᠠᠭᠤᠷᠢ ᠮᠣᠳᠣ ᠨᠢ ᠨᠣᠭᠤᠭᠠᠨ ᠨᠠᠮᠠᠭᠠᠨ ᠤ ᠳᠤᠮᠳᠠ ᠳᠡᠯᠭᠡᠭᠳᠡᠵᠦ᠂ ᠭᠠᠭᠴᠠᠭᠠᠷᠳᠠᠮᠠᠯ ᠮᠥᠷᠲᠡᠭᠡᠨ ᠨᠠᠮ ᠰᠡᠯᠡᠭᠦᠨ ᠪᠢᠰᠢ ᠪᠠᠶᠢᠵᠤ᠂ ᠨᠣᠮᠢᠨ ᠨᠣᠭᠤᠭᠠᠨ ᠥᠷᠭᠡᠨ ᠠᠭᠤᠳᠠᠮ ᠲᠠᠯ᠎ᠠ ᠨᠤᠲᠤᠭ ᠲᠠᠢ ᠡᠶ᠎ᠡ ᠵᠣᠬᠢᠴᠠᠩᠭᠤᠶ ᠦᠵᠡᠰᠬᠦᠯᠡᠩᠲᠦ ᠰᠠᠶᠢᠬᠠᠨ ᠵᠢᠷᠤᠭ ᠪᠣᠯᠤᠨ  ᠪᠦᠷᠢᠯᠳᠦᠵᠦ᠂ ᠨᠢᠮᠪᠡᠭᠡ ᠶᠢᠨ ᠬᠤᠸᠠᠷ ᠴᠡᠴᠡᠭ ᠪᠣᠯ ᠡᠷᠡᠰ ᠬᠠᠲᠠᠭᠤ᠂ ᠬᠦᠰᠡᠯ ᠡᠷᠡᠮᠡᠯᠵᠡᠯ᠂ ᠤᠶᠠᠨ ᠬᠠᠳᠠᠨ᠃ ᠪᠢ ᠪᠠᠶᠠᠨᠲᠠᠯ᠎ᠠ ᠶᠢᠨ ᠨᠢᠮᠪᠡᠭᠡ ᠪᠣᠯᠬᠤ ᠳᠤᠷᠠᠲᠠᠶ᠂ ᠠᠮᠢᠳᠤ ᠪᠠᠶᠢᠭᠰᠠᠨ ᠴᠤ ᠲᠡᠷᠡ᠂ ᠦᠬᠦᠭᠰᠡᠨ ᠴᠦ ᠲᠡᠷᠡ ᠪᠦᠷ ᠦᠨ᠎ᠡ ᠥᠷᠲᠡᠭ ᠲᠠᠢ ᠶᠤᠮ᠂  ᠪᠢ ᠬᠢᠵᠠᠭᠠᠷ ᠲᠠᠢ ᠠᠮᠢ ᠨᠠᠰᠤ ᠪᠠᠨ ᠠᠷᠠᠳ ᠲᠦᠮᠡᠨ ᠳᠤ ᠦᠢᠯᠡᠴᠢᠯᠡᠬᠦ ᠬᠢᠵᠠᠭᠠᠷ ᠦᠭᠡᠢ  ᠦᠢᠯᠡᠰ ᠲᠤ ᠵᠤᠷᠢᠭᠤᠯᠵᠤ᠂ ᠤᠭ ᠰᠠᠨᠠᠭ᠎ᠠ ᠪᠠᠨ ᠦᠯᠦ ᠮᠠᠷᠲᠠᠨ᠂ ᠡᠭᠦᠷᠭᠡ ᠬᠠᠷᠢᠭᠤᠴᠠᠯᠭ᠎ᠠ ᠪᠠᠨ  ᠪᠠᠲᠤ ᠴᠡᠭᠡᠵᠢᠯᠡᠵᠤ᠂ ᠬᠢᠷᠢ ᠲᠡᠩᠴᠡᠭᠰᠡᠨ ᠡᠪ ᠬᠠᠮᠲᠤ ᠨᠠᠮ ᠤᠨ ᠭᠡᠰᠢᠭᠦᠨ ᠪᠣᠯᠤᠨ᠎ᠠ  ᠃                               ᠤᠷᠴᠢᠭᠤᠯᠤᠭᠴᠢ᠄ ᠲᠠᠭᠤᠯᠠ
 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠲᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2