︵ᠨᠢᠭᠡ︶ ᠳᠣᠲᠣᠭᠠᠳᠤ ᠶᠢ ᠬᠠᠮᠠᠭᠠᠯᠠᠬᠤ ᠠᠵᠢᠯ ᠤᠨ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ | ᠲᠣᠭᠲᠠᠭᠠᠯ ᠪᠣᠯᠤᠨ ᠴᠢᠭᠯᠡᠯᠲᠡ᠂ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠬᠡᠷᠡᠭᠵᠢᠭᠦᠯᠵᠦ᠂ ᠳᠣᠲᠣᠭᠠᠳᠤ ᠶᠢ | ᠬᠠᠮᠠᠭᠠᠯᠠᠬᠤ ᠠᠵᠢᠯ ᠤᠨ ᠲᠥᠰᠦᠯ ᠪᠣᠯᠤᠨ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠵᠤ᠂ ᠳᠣᠲᠣᠭᠠᠳᠤ ᠶᠢ | ᠬᠠᠮᠠᠭᠠᠯᠠᠬᠤ ᠠᠵᠢᠯ ᠢ ᠤᠳᠤᠷᠢᠳᠴᠤ᠂ ᠬᠢᠨᠠᠯᠲᠠ ᠲᠠᠯᠪᠢᠵᠤ ᠪᠠᠶᠢᠴᠠᠭᠠᠨ᠎ᠠ᠃ | ︵ᠬᠤᠶᠠᠷ︶ ᠳᠣᠲᠣᠭᠠᠳᠤ ᠶᠢ ᠬᠠᠮᠠᠭᠠᠯᠠᠬᠤ ᠠᠵᠢᠯ ᠤᠨ ᠳᠤᠮᠳᠠ ᠭᠠᠷᠤᠭᠰᠠᠨ ᠰᠢᠨ᠎ᠡ ᠪᠠᠶᠢᠳᠠᠯ᠂ ᠰᠢᠨ᠎ᠡ | ᠠᠰᠠᠭᠤᠳᠠᠯ ᠢ ᠪᠠᠶᠢᠴᠠᠭᠠᠨ ᠰᠤᠳᠤᠯᠵᠤ᠂ ᠤᠯᠤᠰ ᠤᠨ ᠠᠮᠤᠷ ᠲᠦᠪᠰᠢᠨ ᠳᠤ ᠬᠤᠤᠷ ᠬᠥᠨᠥᠭᠡᠯ ᠤᠴᠠᠷᠠᠭᠤᠯᠬᠤ᠂ | ᠨᠡᠶᠢᠭᠡᠮ ᠤᠨ ᠠᠮᠤᠷ ᠲᠦᠪᠰᠢᠨ ᠲᠣᠭᠲᠠᠭᠤᠨ ᠪᠠᠶᠢᠳᠠᠯ ᠢ ᠨᠥᠯᠥᠭᠡᠯᠡᠬᠦᠮᠡᠳᠡᠭᠡ ᠵᠠᠩᠭᠢ ᠶᠢ ᠡᠵᠡᠮᠰᠢᠨ᠂ ᠳᠠᠶᠢᠰᠤᠨ ᠤ | ᠪᠠᠶᠢᠳᠠᠯ ᠪᠣᠯᠤᠨ ᠨᠡᠶᠢᠭᠡᠮ ᠤᠨ ᠪᠠᠶᠢᠳᠠᠯ ᠢ ᠵᠠᠳᠠᠯᠤᠨ ᠵᠢᠱᠢᠵᠦ᠂ ᠰᠢᠶᠠᠨ ᠤ ᠨᠠᠮ ᠤᠨ ᠬᠤᠷᠢᠶ᠎ᠠ᠂ ᠰᠢᠶᠠᠨ ᠤ | ᠵᠠᠰᠠᠭ ᠤᠨ ᠣᠷᠳᠣᠨ ᠪᠣᠯᠤᠨ ᠲᠡᠭᠡᠳᠦ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠢᠭᠤᠯᠤᠯᠭ᠎ᠠ ᠳᠤ ᠮᠡᠳᠡᠭᠡ ᠵᠠᠩᠭᠢ | ᠬᠠᠩᠭᠠᠬᠤ ᠶᠢᠨ ᠬᠠᠮᠲᠤ ᠠᠷᠭᠠᠴᠠᠬᠤ ᠪᠣᠳᠣᠯᠭ᠎ᠠ ᠲᠤᠷᠠᠳᠤᠨ᠎ᠠ᠃ | ︵ᠭᠤᠷᠪᠠ︶ ᠳᠣᠲᠣᠭᠠᠳᠤ ᠶᠢ ᠬᠠᠮᠠᠭᠠᠯᠠᠬᠤ ᠡᠩᠨᠡᠭᠡᠨ ᠤ ᠵᠢᠩᠬᠢᠨᠢᠴᠢᠯᠡᠯᠲᠡ᠂ ᠲᠣᠨᠣᠭᠯᠠᠯ ᠤᠨ ᠣᠳᠣᠬᠢᠴᠢᠯᠠᠬᠤ | ᠪᠦᠲᠦᠭᠡᠨ ᠪᠠᠶᠢᠭᠤᠯᠤᠯᠲᠠ ᠪᠣᠯᠤᠨ ᠠᠷᠠᠳ ᠤᠨ ᠴᠠᠭᠳᠠᠭ᠎ᠠ ᠶᠢᠨ ᠬᠥᠮᠦᠵᠢᠯ ᠵᠢᠴᠢ ᠳᠣᠲᠣᠭᠠᠳᠤ ᠶᠢ ᠬᠠᠮᠠᠭᠠᠯᠠᠬᠤ | ᠤᠬᠠᠭᠤᠯᠭ᠎ᠠ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠬᠦ ᠬᠠᠷᠢᠭᠤᠴᠠᠯᠭ᠎ᠠ ᠶᠢ ᠡᠭᠦᠷᠭᠡᠯᠡᠵᠦ᠂ ᠳᠣᠲᠣᠭᠠᠳᠤ ᠶᠢ | ᠬᠠᠮᠠᠭᠠᠯᠠᠬᠤ ᠰᠢᠮᠳᠠᠭᠤᠯᠤᠨ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠵᠤ᠂ ᠠᠷᠠᠳ ᠤᠨ ᠴᠠᠭᠳᠠᠭ᠎ᠠ ᠳᠤ ᠬᠢᠨᠠᠯᠲᠠ | ᠲᠠᠯᠪᠢᠬᠤ ᠪᠠ ᠡᠷᠬᠡ ᠠᠰᠢᠭ ᠢ ᠬᠠᠮᠠᠭᠠᠯᠠᠬᠤ ᠶᠢ ᠬᠡᠷᠡᠭᠵᠢᠭᠦᠯᠦᠨ᠎ᠡ᠃ | ︵ᠳᠥᠷᠪᠡᠨ︶ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠶᠢ ᠤᠷᠢᠳᠴᠢᠯᠠᠨ ᠰᠡᠷᠭᠡᠶᠢᠯᠡᠵᠦ᠂ ᠬᠤᠷᠢᠭᠯᠠᠨ | ᠵᠣᠭᠰᠣᠭᠠᠬᠤ ᠪᠠ ᠲᠤᠷᠰᠢᠨ ᠪᠠᠶᠢᠴᠠᠭᠠᠵᠤ᠂ ᠬᠦᠨᠳᠦ ᠨᠣᠴᠢᠲᠠᠶ ᠬᠤᠤᠷ ᠬᠥᠨᠥᠭᠡᠯ ᠤᠴᠠᠷᠠᠭᠤᠯᠤᠭᠰᠠᠨ ᠣᠯᠠᠭᠤᠯᠠ | ᠨᠡᠶᠢᠯᠡᠵᠦ ᠬᠡᠷᠡᠭ ᠥᠳᠥᠭᠡᠭᠰᠡᠨ᠂ ᠦᠢᠮᠡᠭᠡᠨᠲ᠋ᠦ᠋ᠢᠪᠡᠭᠡᠨ ᠭᠠᠷᠭᠠᠭᠰᠠᠨ ᠬᠡᠷᠡᠭ ᠪᠠ ᠠᠮᠤᠷ ᠲᠦᠪᠰᠢᠨ ᠤ ᠬᠦᠨᠳᠦ | ᠶᠡᠭᠡ ᠬᠡᠷᠡᠭ ᠢ ᠰᠢᠢᠳᠪᠦᠷᠢᠯᠡᠬᠦ ᠳᠤ ᠣᠷᠣᠯᠴᠠᠵᠤ᠂ ᠤᠯᠤᠰ ᠠᠴᠠ ᠠᠮᠤᠷ ᠲᠦᠪᠰᠢᠨ ᠢ ᠬᠠᠮᠠᠭᠠᠯᠠᠬᠤ ᠪᠠᠶᠢᠭᠤᠯᠭ᠎ᠠ ᠳᠤ | ᠬᠠᠮᠵᠢᠯᠴᠠᠨ ᠤᠯᠤᠰ ᠠᠴᠠ ᠠᠮᠤᠷ ᠲᠦᠪᠰᠢᠨ ᠢ ᠬᠠᠮᠠᠭᠠᠯᠠᠬᠤ ᠠᠵᠢᠯ ᠪᠠ ᠰᠦᠷᠳᠡᠭᠦᠯᠦᠯ ᠢ ᠡᠰᠡᠷᠭᠦᠴᠡᠵᠦ | ᠬᠦᠴᠦᠷᠬᠡᠭᠯᠡᠯ ᠢ ᠰᠡᠷᠭᠡᠶᠢᠯᠡᠬᠦ ᠠᠵᠢᠯ ᠢ ᠰᠠᠶᠢᠲᠤᠷ ᠬᠢᠨ᠎ᠡ᠃ | ︵ᠲᠠᠪᠤ︶ ᠨᠡᠶᠢᠭᠡᠮ ᠤᠨ ᠠᠮᠤᠷ ᠲᠦᠪᠰᠢᠨ ᠡᠮᠬᠢ ᠵᠢᠷᠤᠮ ᠳᠤ ᠬᠤᠤᠷ ᠬᠥᠨᠥᠭᠡᠯ ᠤᠴᠠᠷᠠᠭᠤᠯᠤᠭᠰᠠᠨ ᠦᠢᠯᠡ | ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠵᠤ᠂ ᠠᠮᠤᠷ ᠢ ᠬᠠᠮᠠᠭᠠᠯᠠᠬᠤ᠂ ᠡᠷᠦᠬᠡ ᠠᠮᠠ᠂ | ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ᠂ ᠫᠤᠤ ᠵᠡᠪᠰᠡᠭ ᠲᠠᠷᠢ ᠰᠤᠮᠤ᠂ ᠠᠶᠤᠯᠲᠠᠶ ᠪᠣᠳᠠᠰ᠂ ᠣᠨᠴᠠ ᠠᠵᠢᠯ | ᠲᠥᠷᠥᠯ ᠪᠠ ᠬᠢᠯᠢ ᠪᠠᠷ ᠣᠷᠣᠵᠤ ᠭᠠᠷᠬᠤ ᠶᠢ ᠬᠠᠮᠢᠶᠠᠷᠬᠤ ᠬᠠᠷᠢᠭᠤᠴᠠᠯᠭ᠎ᠠ ᠶᠢ ᠡᠭᠦᠷᠭᠡᠯᠡᠨ᠎ᠡ᠃ ᠬᠤᠷᠠᠯ ᠴᠤᠭᠯᠠᠭ᠎ᠠ | ᠬᠢᠬᠦ᠂ ᠵᠢᠭᠰᠠᠭᠠᠯ ᠶᠠᠪᠤᠭᠤᠯᠬᠤ᠂ ᠰᠦᠷ ᠦᠵᠡᠭᠦᠯᠬᠦ ᠠᠵᠢᠯᠯᠠᠭ᠎ᠠ ᠶᠢ ᠬᠠᠮᠢᠶᠠᠷᠤᠨ᠎ᠠ᠃ | ︵ᠵᠢᠷᠭᠤᠭ᠎ᠠ︶ ᠵᠠᠮ ᠬᠠᠷᠢᠯᠴᠠᠭᠠᠨ ᠤ ᠠᠮᠤᠷ ᠲᠦᠪᠰᠢᠨ ᠢ ᠬᠠᠮᠢᠶᠠᠷᠴᠤ᠂ ᠵᠠᠮ ᠬᠠᠷᠢᠯᠴᠠᠭᠠᠨ ᠤ ᠡᠮᠬᠢ ᠵᠢᠷᠤᠮ ᠢ | ᠬᠠᠮᠠᠭᠠᠯᠠᠨ᠂ ᠵᠠᠮ ᠬᠠᠷᠢᠯᠴᠠᠭᠠᠨ ᠤ ᠠᠳᠡᠯ ᠢ ᠪᠠᠶᠢᠴᠠᠭᠠᠨ ᠰᠢᠢᠳᠪᠦᠷᠢᠯᠡᠬᠦ᠂ ᠮᠠᠰᠢᠨᠲ᠋ᠡᠷᠭᠡ ᠪᠣᠯᠤᠨ ᠵᠢᠯᠣᠭᠤᠴᠢ ᠶᠢ | ᠬᠠᠮᠢᠶᠠᠷᠬᠤ ᠬᠠᠷᠢᠭᠤᠴᠠᠯᠭ᠎ᠠ ᠶᠢ ᠡᠭᠦᠷᠭᠡᠯᠡᠨ᠎ᠡ᠃ | ︵ᠳᠣᠯᠤᠭ᠎ᠠ︶ ᠲᠦᠷ ᠬᠤᠷᠢᠬᠤ ᠭᠠᠵᠠᠷ ᠨᠢ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ ᠲᠠᠢ ᠬᠠᠮᠵᠢᠯᠴᠠᠨ | ᠨᠡᠶᠢᠭᠡᠮ ᠲᠣᠭᠤᠷᠢᠭ ᠤᠨ ᠡᠷᠡᠭᠦᠤ ᠰᠢᠢᠳᠭᠡᠯ ᠢ ᠬᠦᠢᠴᠡᠳᠬᠡᠵᠦ ᠪᠠᠶᠢᠭ᠎ᠠ ᠬᠥᠮᠦᠰ ᠲᠤ ᠬᠢᠨᠠᠯᠲᠠ | ᠬᠠᠮᠢᠶᠠᠷᠤᠯᠲᠠ ᠪᠠᠨ ᠬᠠᠤᠯᠢ ᠶᠣᠰᠣᠭᠠᠷ ᠴᠢᠩᠭᠠᠳᠬᠠᠬᠤ ᠬᠡᠷᠡᠭᠲᠡᠶ᠃ | ︵ ᠨᠠᠢᠮᠠ︶ ᠳᠣᠲᠣᠭᠠᠳᠤ ᠶᠢ ᠬᠠᠮᠠᠭᠠᠯᠠᠬᠤ ᠮᠡᠳᠡᠭᠡ ᠵᠠᠩᠭᠢ ᠶᠢᠨ ᠮᠡᠷᠭᠡᠵᠢᠯ᠂ ᠡᠷᠡᠭᠦᠤ ᠶᠢᠨ ᠬᠡᠷᠡᠭ ᠤᠨ ᠲᠠᠩᠨᠠᠬᠤ | ᠮᠡᠷᠭᠡᠵᠢᠯ᠂ ᠣᠯᠠᠨ ᠨᠡᠶᠢᠲᠡ ᠶᠢᠨ ᠮᠡᠳᠡᠭᠡ ᠵᠠᠩᠭᠢ ᠶᠢᠨ ᠰᠦᠯᠵᠢᠶᠡᠨ ᠤ ᠠᠮᠤᠷ ᠲᠦᠪᠰᠢᠨ ᠢ ᠬᠢᠨᠠᠨ ᠪᠠᠶᠢᠴᠠᠭᠠᠬᠤ | ᠮᠡᠷᠭᠡᠵᠢᠯ ᠵᠡᠷᠭᠡ ᠳᠣᠲᠣᠭᠠᠳᠤ ᠶᠢ ᠬᠠᠮᠠᠭᠠᠯᠠᠬᠤ ᠰᠢᠨᠵᠢᠯᠡᠬᠦ ᠤᠬᠠᠭᠠᠨ ᠮᠡᠷᠭᠡᠵᠢᠯ ᠤᠨ ᠪᠠᠶᠢᠭᠤᠯᠤᠯᠲᠠ ᠶᠢ ᠵᠣᠬᠢᠶᠠᠨ | ᠪᠠᠶᠢᠭᠤᠯᠤᠨ ᠬᠡᠷᠡᠭᠵᠢᠭᠦᠯᠦᠨ᠎ᠡ᠃ | ︵ᠶᠢᠰᠦ︶ ᠲᠥᠪ ᠪᠠ ᠥᠪᠡᠷᠲᠡᠭᠡᠨ ᠵᠠᠰᠠᠬᠤ ᠣᠷᠣᠨ ᠤ ᠬᠠᠤᠯᠢ ᠶᠣᠰᠣᠭᠠᠷ ᠨᠡᠶᠢᠲᠡᠯᠡᠵᠦ ᠳᠣᠷᠣᠭᠰᠢ ᠪᠠᠭᠤᠯᠭᠠᠭᠰᠠᠨ | ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠢ ᠬᠦᠯᠢᠶᠡᠨ ᠠᠪᠤᠨ᠎ᠠ᠃ | ︵ᠠᠷᠪᠠ︶ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠪᠠ ᠲᠡᠭᠡᠳᠦ ᠱᠠᠲᠤᠨ ᠤ | ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠶᠢᠨ ᠲᠤᠰᠢᠶᠠᠭᠰᠠᠨ ᠪᠤᠰᠤᠳ ᠵᠦᠢᠯ ᠤᠳ ᠢ ᠳᠠᠭᠠᠭᠠᠨ ᠠᠪᠴᠤ | ᠰᠢᠢᠳᠪᠦᠷᠢᠯᠡᠨ᠎ᠡ᠃ | ᠬᠠᠶ᠋ᠢᠭ᠄ ᠥᠪᠥᠷ ᠮᠣᠩᠭᠤᠯ ᠤᠨ ᠤᠯᠠᠭᠠᠨᠴᠠᠪ ᠬᠤᠲᠠ ᠶᠢᠨ ᠬᠤᠸᠠᠳᠧ ᠰᠢᠶᠠᠨ ᠤ ᠴᠠᠩ ᠠᠨ ᠶᠡᠭᠡ ᠵᠡᠭᠡᠯᠢ ᠶᠢᠨ | ᠬᠤᠸᠠᠳᠧ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠲᠤᠬᠠᠶᠢᠯᠠᠭᠰᠠᠨ ᠠᠵᠢᠯ ᠮᠡᠷᠭᠡᠵᠢᠯ ᠤᠨ ᠲᠣᠮᠣ | ᠠᠰᠠᠷ | ᠬᠠᠷᠢᠯᠴᠠᠬᠤ ᠤᠲᠠᠰᠤ᠄ 0474 — 7141125 | ᠢᠮᠧᠯ᠄ 154566377 @ qq.com | ᠤᠷᠴᠢᠭᠤᠯᠤᠭᠴᠢ᠄ ᠲᠠᠭᠤᠯᠠ |