ᠪᠣᠳᠠᠲᠤ ᠠᠵᠢᠯᠯᠠᠭ᠎ᠠ ᠶᠢ ᠡᠷᠬᠢᠮᠯᠡᠨ᠂ ᠠᠷᠠᠳ ᠲᠦᠮᠡᠨ ᠳᠤ ᠰᠡᠳᠬᠢᠯ ᠲᠠᠯᠪᠢᠵᠤ ᠠᠷᠠᠳ ᠲᠦᠮᠡᠨ ᠳᠤ | ᠦᠢᠯᠡᠴᠢᠯᠡᠨ᠎ᠡ | — ᠳᠡᠪᠡᠭᠡᠲᠤ ᠰᠢᠶᠠᠩ ᠤᠨ ᠤᠯᠠᠭᠠᠨᠬᠤᠳᠳᠤᠭ ᠲᠣᠰᠬᠤᠨ ᠤ ᠨᠢᠭᠡᠳᠦᠭᠡᠷ ᠱᠦᠵᠢ | ᠸᠠᠩ ᠶᠠᠨ ᠹᠧᠩ | | | | ᠨᠢᠭᠡ᠂ ᠶᠠᠳᠠᠭᠤ ᠶᠢ ᠲᠡᠳᠬᠦᠬᠦ ᠰᠠᠭᠤᠷᠢ ᠠᠵᠢᠯ ᠢ ᠦᠨᠡᠨᠬᠦ ᠰᠠᠶᠢᠲᠤᠷ ᠬᠢᠬᠦ ᠬᠡᠷᠡᠭᠲᠡᠶ | ᠲᠣᠰᠬᠤᠨ ᠳᠤ ᠰᠠᠭᠤᠵᠤ ᠬᠠᠪᠰᠤᠷᠤᠨ ᠲᠡᠳᠬᠦᠬᠦ ᠠᠵᠢᠯ ᠢ ᠥᠷᠨᠢᠭᠦᠯᠬᠦ ᠳᠤ ᠰᠠᠭᠤᠷᠢ ᠲᠤᠭ᠎ᠠ ᠨᠢ ᠲᠣᠳᠣᠷᠬᠠᠶ᠂ | ᠪᠠᠶᠢᠳᠠᠯ ᠨᠢ ᠲᠣᠳᠣᠷᠬᠠᠶ ᠪᠠᠶᠢᠬᠤ ᠬᠡᠷᠡᠭᠲᠡᠶ︔ ᠡᠶᠢᠮᠦ ᠠᠴᠠ᠂ ᠲᠣᠰᠬᠤᠨ ᠳᠤ ᠰᠠᠭᠤᠬᠤ ᠠᠵᠢᠯ ᠤᠨ ᠨᠢᠭᠡᠳᠦᠭᠡᠷ | ᠶᠠᠪᠤᠳᠠᠯ ᠪᠣᠯ ᠳᠠᠷᠤᠶ ᠡᠷᠦᠬᠡ ᠳᠤ ᠬᠦᠷᠴᠦ ᠪᠠᠶᠢᠳᠠᠯ ᠢ ᠣᠶᠢᠯᠠᠭᠠᠬᠤ ᠶᠠᠪᠤᠳᠠᠯ ᠪᠣᠯᠤᠨ᠎ᠠ᠃ ᠲᠣᠰᠬᠤᠨ ᠳᠤ ᠰᠠᠭᠤᠵᠤ | ᠪᠠᠶᠢᠭ᠎ᠠ ᠨᠢ ᠪᠠᠶᠢᠳᠠᠯ ᠢ ᠣᠶᠢᠯᠠᠭᠠᠬᠤ ᠠᠵᠢᠯ ᠢ ᠣᠨᠣᠪᠴᠢᠲᠠᠶ᠂ ᠪᠦᠲᠦᠮᠵᠢᠲᠡᠶ ᠬᠢᠬᠦ ᠶᠢᠨ ᠲᠥᠯᠥᠭᠡ᠂ ᠡᠮᠦᠨᠡᠬᠢ | ᠬᠤᠭᠤᠴᠠᠭᠠᠨ ᠳᠤ ᠤᠷᠢᠳ ᠢᠶᠠᠷ ᠡᠷᠦᠬᠡ ᠳᠤ ᠬᠦᠷᠴᠦ ᠪᠠᠶᠢᠳᠠᠯ ᠢ ᠣᠶᠢᠯᠠᠭᠠᠬᠤ ᠬᠦᠰᠦᠨᠦᠭ ᠲᠠᠭᠯᠠᠭᠰᠠᠨ | ᠲᠠᠷᠢᠶᠠᠴᠢᠨ ᠡᠷᠦᠬᠡ ᠪᠣᠯᠤᠨ ᠲᠣᠰᠬᠤᠨ ᠤ ᠺᠠᠳ᠋ᠷ ᠠᠴᠠ ᠣᠶᠢᠯᠠᠭᠠᠵᠤ᠂ ᠣᠯᠠᠨ ᠲᠦᠮᠡᠨ ᠠᠴᠠ ᠣᠶᠢᠯᠠᠭᠠᠵᠤ᠂ ᠭᠡᠷ | ᠪᠦᠯᠢ ᠶᠢᠨ ᠲᠠᠷᠢᠵᠤ ᠲᠡᠵᠢᠭᠡᠵᠦ ᠪᠠᠶᠢᠭ᠎ᠠ ᠪᠠᠶᠢᠳᠠᠯ᠂ ᠣᠷᠣᠯᠭ᠎ᠠ ᠶᠢᠨ ᠢᠷᠡᠯᠲᠡ ᠶᠢ ᠣᠶᠢᠯᠠᠭᠠᠵᠤ᠂ ᠦᠷ᠎ᠡ | ᠬᠡᠤᠬᠡᠳ ᠤᠨ ᠪᠠᠶᠢᠳᠠᠯ ᠢ ᠣᠶᠢᠯᠠᠭᠠᠬᠤ ᠬᠡᠷᠡᠭᠲᠡᠶ᠃ ᠪᠠᠰᠠ ᠲᠣᠰᠬᠤᠨ ᠤ ᠠᠷᠠᠳ ᠤᠨ ᠵᠥᠪᠯᠡᠯ ᠳᠤ ᠡᠨᠡ ᠡᠷᠦᠬᠡ ᠶᠢᠨ | ︽ᠪᠦᠷᠢᠨ ᠴᠢᠳᠠᠮᠵᠢᠲᠤ ᠺᠠᠷᠲ︾ ᠤᠨ ᠲᠥᠷᠦ ᠶᠢᠨ ᠪᠣᠳᠣᠯᠭ᠎ᠠ ᠶᠢᠨ ᠴᠢᠨᠠᠷᠲᠠᠶ ᠣᠷᠣᠯᠭ᠎ᠠ ᠶᠢ ᠴᠥᠮ ᠲᠠᠲᠠᠵᠤ | ᠭᠠᠷᠭᠠᠨ᠎ᠠ᠂ ᠭᠦᠢᠴᠡᠳ ᠪᠡᠯᠡᠳᠬᠡᠯ ᠠᠵᠢᠯ ᠬᠢᠵᠦ ᠡᠬᠢᠯᠡᠭᠡᠳ ᠡᠷᠦᠬᠡ ᠳᠤ ᠣᠷᠣᠨ᠎ᠠ᠃ ᠠᠶᠢᠯ ᠡᠷᠦᠬᠡ ᠳᠤ ᠣᠷᠣᠬᠤ | ᠶᠠᠪᠤᠴᠠ ᠪᠣᠯ ᠨᠢᠭᠡᠨ ᠰᠣᠯᠢᠯᠴᠠᠬᠤ ᠶᠠᠪᠤᠴᠠ ᠮᠥᠨ᠂ ᠡᠶ᠎ᠡ ᠨᠠᠶᠢᠷᠠᠮᠳᠠᠭᠤ ᠦᠭᠡ ᠬᠡᠯᠡ ᠪᠠ ᠵᠥᠪ ᠲᠠᠯ᠎ᠠ ᠶᠢᠨ | ᠲᠣᠳᠣᠷᠬᠠᠶ ᠮᠠᠲ᠋ᠧᠷᠢᠶᠠᠯ ᠢ ᠦᠯᠡᠳᠡᠭᠡᠵᠦ ᠬᠠᠳᠠᠭᠠᠯᠠᠳᠠᠭ᠃ ᠣᠨᠴᠠ ᠵᠠᠷᠢᠮ ᠡᠷᠦᠬᠡ ᠴᠦ ᠨᠢᠭᠤᠨ ᠳᠠᠯᠳᠠᠯᠠᠬᠤ ᠪᠠ | ᠬᠠᠷᠰᠢᠯᠳᠤᠵᠤ᠂ ᠮᠡᠳᠡᠭᠡ ᠵᠠᠩᠭᠢ ᠴᠤᠭᠯᠠᠭᠤᠯᠤᠭᠴᠢ ᠳᠣᠲᠣᠷ᠎ᠠ ᠪᠠᠨ ᠲᠣᠳᠣᠷᠬᠠᠶ ᠪᠣᠯᠪᠠᠴᠤ ᠢᠯᠡᠴᠢᠯᠡᠬᠦ ᠦᠭᠡᠢ | ᠪᠠᠶᠢᠵᠤ᠂ ︽ᠪᠣᠷᠤᠩᠬᠤᠢ ᠡᠷᠦᠬᠡ︾ ᠪᠠᠷ ᠠᠭᠠᠵᠢᠮ ᠢᠶᠠᠷ ᠤᠬᠠᠭᠤᠯᠭ᠎ᠠ ᠬᠢᠵᠦ᠂ ᠬᠦᠴᠢᠷᠳᠡᠯᠲᠡᠶ ᠡᠷᠦᠬᠡ ᠲᠠᠢ | ᠬᠠᠷᠢᠴᠠᠭᠤᠯᠵᠤ ᠪᠠᠶᠢᠭᠠᠳ ᠬᠠᠶᠢᠷ᠎ᠠ ᠰᠡᠳᠬᠢᠯᠭᠡ ᠶᠢᠨ ᠱᠤᠭᠤᠮ ᠢᠶᠠᠷ ᠶᠠᠪᠤᠳᠠᠭ᠃ ᠪᠠᠶᠢᠩᠭᠤ ᠰᠠᠭᠤᠭ᠎ᠠ ᠡᠷᠦᠬᠡ ᠨᠢ | ᠪᠠᠷᠤᠭ ᠴᠥᠮ ᠰᠠᠳᠤᠨ ᠲᠥᠷᠥᠯ ᠪᠣᠯᠬᠤ ᠶᠤᠮ᠂ ᠠᠵᠢᠯ ᠨᠢ ᠲᠥᠪ ᠭᠤᠤᠯᠴᠢ᠂ ᠰᠢᠳᠤᠷᠭᠤ ᠯᠡ ᠶᠤᠮ ᠪᠣᠯ᠂ | ᠡᠳᠡᠭᠡᠷ ︽ᠪᠣᠷᠤᠩᠬᠤᠢ ᠡᠷᠦᠬᠡ︾ ᠨᠢ ᠲᠠᠲᠠᠭᠠᠯᠵᠠᠯ ᠪᠠ ᠬᠤᠪᠢᠨᠴᠢᠷ ᠪᠤᠳᠤᠯ ᠨᠢ ᠠᠶᠠᠨᠳᠠᠭᠠᠨ ᠠᠷᠢᠯᠬᠤ ᠶᠤᠮ᠃ | ᠰᠣᠷᠪᠤᠯᠵᠢᠯᠠᠵᠤ ᠪᠠᠶᠢᠳᠠᠯ ᠢ ᠣᠶᠢᠯᠭᠠᠬᠤ ᠪᠠᠷ ᠳᠠᠮᠵᠢᠨ᠄ ᠡᠭᠡᠯ ᠠᠷᠠᠳ ᠪᠦᠬᠦᠨ ᠴᠥᠮ ᠪᠣᠷᠣᠭᠵᠢᠭᠤᠨ᠂ ᠴᠠᠶᠢᠯᠭᠠᠨ | ᠰᠡᠳᠬᠢᠯ ᠲᠠᠢ ᠶᠤᠮ ᠭᠡᠳᠡᠭ ᠢ ᠳ᠋ᠦᠩᠨᠡᠯᠲᠡ ᠶᠢ ᠣᠯᠵᠠᠢ᠂ ᠪᠢᠳᠡ ᠡᠷᠬᠡ ᠲᠡᠭᠰᠢ᠂ ᠲᠥᠪ ᠭᠤᠤᠯᠴᠢ ᠪᠠᠶᠢᠵᠤ | ᠴᠢᠳᠠᠳᠠᠭ ᠯᠠ ᠶᠤᠮ ᠪᠣᠯ︕ | ᠪᠠᠶᠢᠳᠠᠯ ᠢ ᠣᠶᠢᠯᠭᠠᠬᠤ ᠪᠠᠷ ᠳᠠᠮᠵᠢᠨ᠂ ᠤᠯᠠᠭᠠᠨᠬᠤᠳᠳᠤᠭ ᠲᠣᠰᠬᠤᠨ ᠤ 2018 ᠣᠨ ᠤ ᠶᠠᠳᠠᠭᠤ | ᠬᠦᠴᠢᠷᠲᠡᠯᠲᠡᠢ ᠡᠷᠦᠬᠡ ᠶᠢᠨ ᠡᠭᠦᠰᠦᠯᠲᠡ ᠶᠢᠨ ᠨᠣᠷᠮ᠎ᠠ ᠶᠢ 1.3 ᠳᠤ ᠬᠦᠷᠭᠡᠵᠦ᠂ ᠡᠩᠨᠡᠭᠡᠨ ᠠᠴᠠ ᠭᠠᠷᠬᠤ | ᠬᠠᠷᠠᠯᠲᠠ ᠶᠢ ᠪᠡᠶᠡᠯᠡᠭᠦᠯᠪᠡ᠃ | ᠬᠤᠶᠠᠷ᠂ ︽ᠶᠠᠳᠠᠭᠤ ᠶᠢ ᠲᠡᠳᠬᠦᠬᠦ ᠳᠤ ᠤᠷᠢᠳᠠᠪᠠᠷ ᠵᠣᠷᠢᠭ ᠢ ᠨᠢ ᠲᠡᠳᠬᠦᠨ᠎ᠡ︾ ᠳᠡᠷᠭᠡᠳᠡᠬᠢ | ᠶᠠᠪᠤᠳᠠᠯ ᠢᠶᠠᠷ ᠢᠶᠠᠨ ᠳᠡᠷᠭᠡᠳᠡᠬᠢ ᠬᠥᠮᠦᠰ ᠢᠶᠠᠨ ᠰᠤᠷᠭᠠᠨ ᠬᠥᠮᠦᠵᠢᠭᠦᠯᠬᠦ ᠬᠡᠷᠡᠭᠲᠡᠶ | ᠶᠠᠳᠠᠭᠤ ᠶᠢ ᠲᠡᠳᠬᠦᠬᠦ ᠠᠵᠢᠯ ᠤᠨ ᠳᠠᠩᠰᠠ ᠡᠪᠬᠡᠮᠡᠯ ᠳᠤ ᠶᠠᠳᠠᠭᠤᠷᠠᠭᠰᠠᠨ ᠰᠢᠯᠲᠠᠭᠠᠨ ᠳᠤ ︽ᠲᠣᠰ ᠪᠡᠶ᠎ᠡ ᠶᠢᠨ | ᠬᠥᠭᠵᠢᠯᠲᠡ ᠶᠢᠨ ᠬᠥᠳᠡᠯᠭᠡᠬᠦ ᠬᠦᠴᠦᠨ ᠬᠦᠷᠦᠯᠴᠡᠬᠦ ᠥᠬᠡᠶ︾ ᠪᠠᠶᠢᠨ᠎ᠠ᠂ ᠡᠨᠡ ᠪᠣᠯ ᠳᠠᠷᠤᠶ ᠪᠣᠳᠠᠲᠠᠶ ᠣᠷᠣᠰᠢᠵᠤ | ᠪᠠᠶᠢᠭ᠎ᠠ ᠠᠰᠠᠭᠤᠳᠠᠯ ᠪᠣᠯᠤᠨ᠎ᠠ᠂ ︽ᠬᠦᠯᠢᠶᠡᠬᠦ᠂ ᠲᠦᠰᠢᠭᠯᠡᠬᠦ᠂ ᠠᠪᠬᠤ︾ ᠨᠢ ᠮᠠᠰᠢ ᠣᠯᠠᠨ ᠶᠠᠳᠠᠭᠤ ᠬᠦᠴᠢᠷᠳᠡᠯᠲᠡᠶ | ᠡᠷᠦᠬᠡ ᠶᠢᠨ ᠪᠡᠶ᠎ᠡ ᠳᠡᠭᠡᠷ᠎ᠡ ᠪᠣᠳᠠᠲᠠᠶ ᠢᠯᠡᠷᠡᠵᠦ᠂ ᠲᠥᠷᠥ ᠶᠢᠨ ᠪᠣᠳᠣᠯᠭ᠎ᠠ ᠳᠤ ᠲᠦᠰᠢᠭᠯᠡᠨ ᠤᠷᠤᠭᠰᠢᠯᠠᠨ | ᠳᠠᠪᠰᠢᠬᠤ ᠶᠢ ᠪᠤᠳᠤᠬᠤ ᠥᠬᠡᠶ ᠪᠠᠶᠢᠬᠤ ᠨᠢ ᠶᠠᠳᠠᠭᠤ ᠶᠢ ᠲᠡᠳᠬᠦᠬᠦ ᠠᠵᠢᠯ ᠤᠨ ᠨᠢᠭᠡ ᠶᠡᠭᠡ ᠵᠠᠩᠭᠢᠯᠠᠭ᠎ᠠ ᠪᠣᠯᠵᠠᠶ᠃ | ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠪᠣᠯᠤᠭᠰᠠᠨ ᠤ ᠬᠤᠪᠢ ᠳᠤ ᠶᠠᠳᠠᠭᠤ ᠬᠦᠴᠢᠷᠳᠡᠯᠲᠡᠶ ᠡᠷᠦᠬᠡ ᠶᠢ | ᠬᠡᠷᠬᠢᠨ ᠬᠥᠲᠥᠯᠥᠨ ᠵᠢᠯᠣᠭᠤᠳᠴᠤ ᠪᠠᠶᠢᠭᠠᠳ ᠵᠥᠪ ᠥᠷᠲᠡᠭ ᠤᠨ ᠦᠵᠡᠯᠲᠡ ᠪᠠ ᠢᠷᠠᠭᠤ ᠠᠯᠳᠠᠷ ᠤᠨ | ᠰᠡᠳᠬᠢᠯᠭᠡ ᠲᠠᠢ ᠪᠣᠯᠭᠠᠬᠤ ᠨᠢ ᠲᠡᠷᠢᠭᠦᠨ ᠴᠢᠬᠤᠯᠠ ᠠᠵᠢᠯ ᠪᠣᠯᠵᠠᠶ᠃ ᠪᠢᠳᠡ ᠢᠳᠡᠪᠬᠢ ᠬᠦᠴᠦᠨ ᠢ ᠳᠠᠮᠵᠢᠭᠤᠯᠬᠤ᠂ | ᠳᠠᠮᠵᠢᠭᠤᠯᠬᠤ ᠳᠤ ᠠᠵᠢᠯᠴᠢ᠂ ᠠᠴᠢᠯᠠᠯ᠂ ᠠᠷᠢᠭᠤᠨ ᠴᠢᠬᠡᠴᠢ ᠪᠠᠶᠢᠬᠤ ᠶᠢ ᠳᠠᠮᠵᠢᠭᠤᠯᠬᠤ ᠪᠠᠷ ︽ᠢᠲᠡᠭᠡᠯ ᠵᠣᠷᠢᠭ ᠢ | ᠲᠡᠳᠬᠦᠬᠦ︾ ᠶᠢᠨ ᠰᠢᠪᠲᠤᠯᠤᠯᠲᠠ ᠶᠢᠨ ᠴᠡᠭ ᠪᠣᠯᠭᠠᠪᠠ᠃ ᠪᠢᠳᠡ ᠬᠠᠮᠲᠤ ᠶᠢᠨ ᠠᠵᠤ ᠠᠬᠤᠢ ᠶᠢᠨ ︽ᠳᠠᠩ︾ ᠢ | ᠡᠪᠳᠡᠬᠦ ᠱᠠᠭᠠᠷᠳᠠᠯᠭ᠎ᠠ ᠲᠠᠢ ᠤᠶᠠᠯᠳᠤᠭᠤᠯᠤᠨ᠂ ᠬᠠᠮᠲᠤ ᠶᠢᠨ ᠠᠵᠤ ᠠᠬᠤᠢ ᠶᠢᠨ ᠠᠰᠢᠭ ᠣᠷᠣᠯᠭ᠎ᠠ ᠶᠢ ᠠᠰᠢᠭᠯᠠᠨ | ︽ᠬᠠᠮᠲᠤ ᠶᠢᠨ ᠠᠵᠤ ᠠᠬᠤᠢ ᠶᠢᠨ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ︾ ᠶᠢᠨ ᠤᠷᠢᠨ ᠬᠡᠷᠡᠭᠯᠡᠬᠦ | ᠠᠵᠢᠯᠯᠠᠭ᠎ᠠ ᠶᠢ ᠥᠷᠨᠢᠭᠦᠯᠵᠦ᠂ ᠬᠠᠷᠢᠭᠤᠴᠠᠯᠭ᠎ᠠ ᠶᠢᠨ ᠲᠣᠭᠤᠷᠢᠭ᠂ ᠣᠷᠴᠢᠨ ᠲᠣᠭᠤᠷᠢᠨ ᠢ ᠦᠨᠡᠯᠡᠨ ᠲᠣᠭᠲᠠᠭᠠᠬᠤ | ᠳᠤᠭᠤᠶᠢᠯᠠᠩ ᠢ ᠬᠤᠪᠢᠶᠠᠷᠢᠯᠠᠨ ᠰᠢᠯᠭᠠᠨ ᠦᠨᠡᠯᠡᠬᠦ ᠬᠡᠯᠪᠡᠷᠢ ᠪᠠᠷ ᠵᠢᠯ ᠤᠨ ᠴᠠᠯᠢᠩ 1500 ᠲᠥᠭᠦᠷᠢᠭ ᠤᠨ | ᠪᠠᠷᠢᠮᠵᠢᠶ᠎ᠠ ᠪᠠᠷ ᠳᠠᠩᠰᠠ ᠡᠪᠬᠡᠮᠡᠯ ᠪᠠᠶᠢᠭᠤᠯᠤᠨ ᠺᠠᠷᠲᠯᠠᠨ ᠳᠠᠩᠰᠠᠯᠠᠭᠰᠠᠨ ᠶᠠᠳᠠᠭᠤ ᠬᠦᠴᠢᠷᠳᠡᠯᠲᠡᠶ ᠡᠷᠦᠬᠡ ᠪᠣᠯᠭᠠᠨ | ᠢᠯᠭᠠᠨ ᠲᠠᠨᠢᠵᠤ ᠳᠡᠶᠢᠯᠦᠭᠰᠡᠨ ᠥᠬᠡᠶ 5 ᠡᠷᠦᠬᠡ ᠶᠢ ᠤᠷᠢᠨ ᠬᠡᠷᠡᠭᠯᠡᠵᠦ ᠬᠠᠷᠢᠭᠤᠴᠠᠯᠭ᠎ᠠ ᠶᠢᠨ ᠲᠣᠭᠤᠷᠢᠭ ᠤᠨ | ᠴᠡᠪᠡᠷᠯᠡᠭᠴᠢ ᠵᠢᠴᠢ ᠠᠮᠤᠷ ᠲᠦᠪᠰᠢᠨ ᠤ ᠲᠣᠭᠤᠷᠢᠨ ᠪᠠᠶᠢᠴᠠᠭᠠᠭᠴᠢ ᠵᠡᠷᠭᠡ ᠲᠤᠰᠬᠠᠶ ᠬᠥᠮᠦᠨ ᠤ ᠲᠤᠰᠬᠠᠶ | ᠠᠵᠢᠯ ᠤᠨ ᠪᠠᠶᠢᠷᠢ ᠬᠠᠩᠭᠠᠪᠠ᠃ ︽ᠠᠶᠢᠯ ᠲᠣᠰᠬᠤᠨ ᠢ ᠴᠡᠪᠡᠷᠰᠢᠭᠦᠯᠦᠨ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠳᠤ ᠬᠦᠴᠦᠨ ᠨᠡᠮᠡᠷᠢᠯᠡᠬᠦ︾ ᠪᠠᠷ ᠭᠤᠤᠯ ᠰᠡᠳᠦᠪ ᠪᠣᠯᠭᠠᠵᠤ᠂ 2019 ᠣᠨ ᠤ ᠨᠢᠭᠡᠳᠦᠭᠡᠷ | ᠬᠤᠭᠤᠴᠠᠭᠠᠨ ᠤ ︽ᠬᠠᠮᠤᠭ ᠤᠨ ᠭᠤᠶᠤ ᠭᠡᠷ ᠬᠦᠷᠢᠶᠡᠯᠡᠩ︾ ᠢ ᠰᠢᠯᠭᠠᠷᠠᠭᠤᠯᠬᠤ ᠠᠵᠢᠯᠯᠠᠭ᠎ᠠ ᠶᠢ ᠥᠷᠨᠢᠭᠦᠯᠵᠦ᠂ | ᠱᠠᠩᠨᠠᠯ ᠵᠢᠴᠢ ᠨᠡᠭᠦᠳᠡᠯ ᠤᠯᠠᠭᠠᠨ ᠲᠤᠭ ᠤᠨ ᠬᠡᠯᠪᠡᠷᠢ ᠪᠠᠷ ᠲᠣᠰᠬᠤᠨ ᠤ ᠳᠦᠷᠢ ᠳᠥᠷᠬᠦ ᠢ ᠢᠯᠡᠳᠲᠡ | ᠰᠠᠶᠢᠵᠢᠷᠠᠭᠤᠯᠵᠤ᠂ ᠲᠣᠰᠬᠤᠨ ᠤ ᠳᠦᠷᠢᠮ ᠲᠤᠭᠲᠠᠭᠠᠯ ᠢ ᠨᠡᠶᠢᠳᠡᠮ ᠪᠦᠷᠢᠯᠳᠦᠭᠦᠯᠪᠡ᠃ ᠲᠠᠷᠠᠭᠠᠴᠢ ᠶᠢᠨ | ᠠᠯᠬᠤᠮ ᠳᠤ ᠮᠠᠨ ᠤ ᠲᠣᠰᠬᠤᠨ ︽ᠬᠤᠪᠢ ᠬᠤᠷᠠᠮᠳᠤᠭᠤᠯᠬᠤ ᠬᠡᠲᠦ ᠳᠡᠯᠭᠡᠭᠦᠷ︾ ᠵᠡᠷᠭᠡ ᠬᠡᠯᠪᠡᠷᠢ ᠪᠠᠷ ᠣᠯᠠᠨ | ᠶᠠᠩᠵᠤ ᠬᠡᠯᠪᠡᠷᠢ ᠶᠢᠨ ︽ᠵᠣᠷᠢᠭ ᠰᠠᠨᠠᠭ᠎ᠠ ᠶᠢ ᠵᠡᠷᠭᠡᠪᠡᠷ ᠲᠡᠳᠬᠦᠬᠦ︾ ᠠᠵᠢᠯᠯᠠᠭ᠎ᠠ ᠥᠷᠨᠢᠭᠦᠯᠬᠦ ᠪᠠᠷ ᠲᠥᠯᠥᠪᠯᠡᠵᠦ ᠪᠣᠶ | ᠃ ᠪᠢᠳᠡᠨ ᠤ ᠠᠵᠢᠯ ᠤᠨ ᠳᠤᠮᠳᠠ ᠪᠠᠨ ᠲᠠᠰᠤᠷᠠᠯᠲᠠ ᠦᠭᠡᠢ ᠣᠯᠠᠨ ᠶᠠᠩᠵᠤ ᠶᠢᠨ ᠠᠷᠭ᠎ᠠ ᠬᠡᠮᠵᠢᠶ᠎ᠡ | ᠰᠦᠪᠡᠭᠴᠢᠯᠡᠯᠲᠡ ᠪᠠᠷ᠂ ᠠᠵᠢᠯᠴᠢ ᠣᠪᠤᠷ ᠢ ᠰᠤᠷᠲᠠᠯᠴᠢᠯᠠᠨ ᠠᠴᠢᠯᠠᠯ ᠤᠨ ᠪᠣᠳᠠᠲᠤ ᠵᠢᠱᠢᠶ᠎ᠡ ᠪᠣᠯᠤᠨ᠎ᠠ᠃ | ᠲᠡᠷᠢᠭᠦᠨ ᠤ ᠬᠢ ᠶᠢ ᠪᠤᠢ ᠪᠣᠯᠭᠠᠵᠤ᠂ ᠨᠡᠶᠢᠲᠡᠯᠢᠭ ᠵᠢᠱᠢᠶ᠎ᠡ ᠶᠢ ᠪᠤᠢ ᠪᠣᠯᠭᠠᠬᠤ ᠪᠠᠷ ᠳᠠᠮᠵᠢᠭᠤᠯᠤᠨ᠂ ᠳᠡᠷᠭᠡᠳᠡᠬᠢ | ᠬᠥᠮᠦᠨ ᠢᠶᠠᠷ ᠢᠶᠠᠨ ᠳᠡᠷᠭᠡᠳᠡᠬᠢ ᠬᠥᠮᠦᠰ ᠢᠶᠠᠨ ᠰᠤᠷᠭᠠᠨ ᠬᠦᠮᠦᠵᠢᠭᠦᠯᠪᠡ᠃ | ᠭᠤᠷᠪᠠ᠂ ᠶᠠᠳᠠᠭᠤ ᠠᠴᠠ ᠠᠩᠭᠢᠵᠢᠷᠠᠭᠤᠯᠬᠤ ᠰᠡᠳᠬᠢᠴᠡ ᠵᠢᠴᠢ ᠬᠢᠳᠡᠯ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠬᠤ ᠶᠢᠨ | ᠲᠥᠯᠥᠭᠡ᠂ ᠴᠢᠨᠡᠭᠡᠯᠢᠭ ᠨᠡᠶᠢᠭᠡᠮ ᠢ ᠢᠵᠢᠯ ᠠᠯᠬᠤᠮ ᠢᠶᠠᠷ ᠪᠡᠶᠡᠯᠡᠭᠦᠯᠬᠦ ᠬᠠᠷᠠᠯᠲᠠ ᠶᠢ ᠪᠡᠶᠡᠯᠡᠭᠦᠯᠦᠨ᠎ᠡ᠃ ᠠᠵᠢᠯ | ᠣᠯᠭᠤᠯᠲᠠ᠂ ᠠᠮᠤᠭᠤᠯᠠᠩ ᠣᠷᠣᠨ ᠰᠠᠭᠤᠴᠠ᠂ ᠰᠤᠷᠭᠠᠨ ᠬᠥᠮᠦᠵᠢᠯ᠂ ᠠᠮᠢ ᠠᠬᠤᠢ᠂ ᠨᠡᠶᠢᠭᠡᠮ ᠤᠨ | ᠪᠠᠲᠤᠯᠠᠭ᠎ᠠ ᠪᠠᠷ ᠦᠨᠳᠦᠰᠦᠨ ᠵᠦᠢᠯ ᠢ ᠪᠠᠲᠤᠯᠠᠬᠤ᠂ ᠡᠷᠡᠭᠦᠯ ᠮᠡᠨᠳᠦ᠂ ᠠᠵᠢᠯ ᠣᠯᠭᠤᠯᠲᠠ᠂ ᠮᠥᠩᠭᠦᠨ ᠭᠦᠢᠯᠭᠡᠭᠡ᠂ | ᠨᠡᠶᠢᠭᠡᠮ᠂ ᠣᠶᠤᠨ ᠰᠠᠨᠠᠭ᠎ᠠ ᠪᠠᠷ ᠶᠠᠳᠠᠭᠤ ᠶᠢ ᠲᠡᠳᠬᠦᠬᠦ 10 ᠵᠦᠢᠯ ᠤᠨ ᠢᠨᠵᠧᠨᠧᠷᠢᠩ ᠢ ᠢᠳᠡᠪᠬᠢᠲᠡᠢ | ᠰᠦᠪᠡᠭᠴᠢᠯᠡᠨ᠎ᠡ᠃ ᠠᠵᠤ ᠦᠢᠯᠡᠰ ᠢ ᠪᠤᠶᠢᠵᠢᠭᠤᠯᠬᠤ ᠪᠠᠷ ᠭᠤᠤᠯᠳᠠᠯᠭ᠎ᠠ ᠪᠣᠯᠭᠠᠬᠤ ᠶᠢ ᠪᠠᠷᠢᠮᠲᠠᠯᠠᠵᠤ᠂ ᠲᠣᠰᠬᠤᠨ ᠤ | ᠬᠠᠮᠲᠤ ᠶᠢᠨ ᠠᠵᠤ ᠠᠬᠤᠶ ᠶᠢ ᠪᠤᠵᠠᠭᠠᠶᠢᠷᠠᠭᠤᠯᠵᠤ᠂ ᠲᠠᠪᠤᠨ ᠨᠢᠭᠡ ᠪᠦᠯᠦᠭ ᠢᠶᠠᠷ ᠭᠠᠷᠳᠠᠴᠠ ᠪᠣᠯᠭᠠᠵᠤ᠂ | ᠳᠣᠲᠣᠭᠠᠳᠤ ᠶᠢᠨ ᠬᠥᠳᠡᠯᠭᠡᠬᠦ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠶᠠᠳᠠᠭᠤ ᠬᠦᠴᠢᠷᠳᠡᠯᠲᠡᠶ ᠬᠥᠮᠦᠨ | ᠠᠮᠠ ᠶᠢ ᠪᠠᠭᠠᠰᠬᠠᠬᠤ ᠡᠭᠦᠷᠭᠡ ᠶᠢ ᠪᠡᠶᠡᠯᠡᠭᠦᠯᠵᠦ᠂ ᠤᠯᠠᠭᠠᠨᠬᠤᠳᠳᠤᠭ ᠲᠣᠰᠬᠤᠨ ᠳᠤ ︽ᠨᠢᠭᠡ ᠶᠢ ᠠᠬᠢᠭᠤᠯᠵᠤ᠂ | ᠬᠤᠶᠠᠷ ᠢ ᠡᠭᠦᠳᠴᠦ᠂ ᠨᠢᠭᠡ ᠬᠠᠷᠠᠯᠲᠠ ᠶᠢ ᠪᠡᠶᠡᠯᠡᠭᠦᠯᠬᠦ︾ ︽121︾ ᠶᠢᠨ ᠵᠠᠭᠪᠤᠷ ᠢ ᠲᠣᠭᠲᠠᠭᠠᠨ ᠥᠭᠴᠡᠶ᠃ | ᠨᠢᠭᠡ ᠲᠣᠰᠬᠤᠨ ᠨᠢᠭᠡ ᠨᠡᠷᠡᠲᠦ ᠲᠥᠷᠥᠯ ᠲᠡᠮᠳᠡᠭᠲᠦ ᠶᠢ ᠲᠦᠯᠬᠢᠨ ᠠᠬᠢᠭᠤᠯᠤᠨ᠎ᠠ᠄ ᠠᠵᠤ ᠦᠢᠯᠡᠰ ᠢ | ᠬᠥᠭᠵᠢᠭᠦᠯᠬᠦ ᠳᠤ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠬᠤ ᠣᠨᠣᠯᠵᠢᠬᠤᠨ ᠤ ᠶᠣᠰᠣᠭᠠᠷ᠂ ︽ | ᠨᠢᠭᠡ ᠲᠣᠰᠬᠤᠨ ᠨᠢᠭᠡ ᠨᠡᠷᠡᠲᠦ ᠲᠥᠷᠥᠯ ᠲᠡᠮᠳᠡᠭᠲᠦ ᠪᠠᠶᠢᠬᠤ᠂ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ᠂ | ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠬᠦ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ | ᠨᠡᠮᠡᠭᠳᠡᠭᠦᠯᠬᠦ︾ ᠰᠡᠳᠬᠢᠴᠡ ᠪᠠᠷ᠂ ᠤᠯᠠᠭᠠᠨᠬᠤᠳᠳᠤᠭ ᠲᠣᠰᠬᠤᠨ ᠤ ᠰᠢᠯᠢ ᠶᠢᠨ ᠭᠤᠤᠯ ᠠᠶᠢᠮᠠᠭ ᠤᠨ ᠮᠠᠯᠵᠢᠬᠤ | ᠣᠷᠣᠨ ᠲᠠᠢ ᠬᠢᠯᠢ ᠨᠡᠶᠢᠯᠡᠵᠦ ᠪᠠᠶᠢᠭ᠎ᠠ ᠣᠨᠴᠠᠭᠠᠢ ᠭᠠᠵᠠᠷ ᠵᠦᠶ ᠶᠢᠨ ᠪᠠᠶᠢᠷᠢᠰᠢᠯ ᠵᠢᠴᠢ ᠤᠯᠠᠷᠢᠨ ᠬᠤᠪᠢᠰᠤᠭᠰᠠᠨ | ᠲᠡᠵᠢᠭᠡᠨ ᠦᠷᠡᠵᠢᠭᠦᠯᠬᠦ ᠡᠬᠢ ᠪᠠᠶᠠᠯᠢᠭ ᠤᠨ ᠳᠠᠪᠠᠭᠤᠯᠢᠭ ᠲᠤ ᠲᠦᠰᠢᠭᠯᠡᠨ᠂ ᠮᠠᠯ ᠠᠵᠤ ᠠᠬᠤᠶ ᠲᠡᠵᠢᠭᠡᠨ | ᠦᠷᠡᠵᠢᠭᠦᠯᠬᠦ ᠪᠠᠷ ᠪᠥᠬᠦ ᠲᠣᠰᠬᠤᠨ ᠤ ᠲᠤᠯᠭᠠᠭᠤᠷᠢ ᠠᠵᠤ ᠦᠢᠯᠡᠰ ᠪᠣᠯᠭᠠᠨ᠎ᠠ᠃ 23 ᠡᠷᠦᠬᠡ ᠬᠥᠳᠡᠯᠮᠦᠷᠢᠯᠡᠬᠦ | ᠴᠢᠳᠠᠪᠤᠷᠢ ᠲᠠᠢ ᠪᠠᠶᠢᠩᠭᠤ ᠰᠠᠭᠤᠭ᠎ᠠ ᠡᠷᠦᠬᠡ ᠶᠢᠨ ᠪᠠᠶᠢᠭ᠎ᠠ ᠰᠠᠭᠤᠷᠢ ᠡᠬᠡ ᠮᠠᠯ 2100 ᠲᠣᠯᠣᠭᠠᠢ ᠳᠤ ᠬᠦᠷᠴᠡᠶ᠃ | 2017 ᠣᠨ ᠳᠤ ᠪᠦᠬᠦ ᠲᠣᠰᠬᠤᠨ ᠳᠤ 10 ᠲᠡᠭᠰᠢ ᠳᠥᠷᠪᠡᠯᠵᠢᠨ ᠮᠧᠲᠷ ᠤᠨ ᠬᠤᠨᠢᠨ ᠤ ᠬᠠᠰᠢᠶ᠎ᠡ 12᠂ 40 | ᠲᠡᠭᠰᠢ ᠳᠥᠷᠪᠡᠯᠵᠢᠨ ᠮᠧᠲᠷ ᠤᠨ ᠬᠤᠨᠢᠨ ᠤ ᠬᠠᠰᠢᠶ᠎ᠡ 9᠂ 40 ᠲᠡᠭᠰᠢ ᠳᠥᠷᠪᠡᠯᠵᠢᠨ ᠮᠧᠲᠷ ᠤᠨ ᠡᠪᠡᠰᠦᠨ | ᠰᠠᠷᠠᠪᠴᠢ 9 ᠲᠠᠰᠤᠯᠭ᠎ᠠ ᠰᠢᠨ᠎ᠡ ᠪᠠᠷ ᠪᠠᠶᠢᠭᠤᠯᠪᠠ᠃ 2019 ᠣᠨ ᠳᠤ ᠶᠡᠭᠡ ᠤᠯᠠᠭᠠᠨᠬᠤᠳᠳᠤᠭ ᠲᠣᠰᠬᠤᠨ ᠳᠤ | ᠬᠡᠭᠡᠯᠲᠦᠭᠦᠯᠬᠦ ᠥᠷᠲᠡᠭᠡ ᠨᠢᠭᠡ ᠶᠢ ᠪᠠᠶᠢᠭᠤᠯᠬᠤ ᠶᠢᠨ ᠬᠠᠮᠲᠤ ᠬᠡᠭᠡᠯᠲᠦᠭᠦᠯᠬᠦ ᠮᠠᠰᠢᠨ ᠲᠥᠬᠦᠭᠡᠷᠦᠮᠵᠢ ᠶᠢ ᠢᠵᠢ | ᠪᠦᠷᠢᠳᠦᠭᠦᠯᠪᠡ᠃ ᠢᠴᠡᠭᠡᠯ ᠦᠷ᠎ᠡ ᠶᠢᠨ ᠬᠡᠭᠡᠯᠲᠦᠭᠦᠯᠭᠡ ᠶᠢᠨ ᠥᠷᠲᠡᠭᠡ ᠶᠢᠨ ᠲᠥᠷᠥᠯ ᠵᠦᠢᠯ ᠢ ᠬᠡᠷᠡᠭᠵᠢᠭᠦᠯᠬᠦ ᠪᠠᠷ | ᠳᠠᠮᠵᠢᠨ᠂ ᠡᠷᠭᠢᠨ ᠲᠣᠭᠤᠷᠢᠨ ᠤ ᠬᠤᠸᠠᠩ ᠬᠤᠸᠠ ᠲᠣᠰᠬᠤᠨ᠂ ᠵᠢᠶᠠᠨ ᠯᠢᠨ ᠲᠣᠰᠬᠤᠨ ᠤ147 ᠲᠡᠵᠢᠭᠡᠨ | ᠦᠷᠡᠵᠢᠭᠦᠯᠬᠦ ᠡᠷᠦᠬᠡ ︵ᠡᠭᠦᠨ ᠳᠤ ᠳᠠᠩᠰᠠᠯᠠᠨ ᠺᠠᠷᠲᠯᠠᠭᠰᠠᠨ ᠶᠠᠳᠠᠭᠤ ᠬᠦᠴᠢᠷᠳᠡᠯᠲᠡᠶ ᠡᠷᠦᠬᠡ 78 ᠡᠷᠦᠬᠡ︶ ᠶᠢ | ᠳᠠᠶᠢᠴᠢᠯᠠᠵᠤ᠂ 8085 ᠠᠯᠠᠰᠢᠨ ᠬᠤᠨᠢ ᠶᠢ ︽ᠠᠶᠠᠨᠳᠠᠭᠠᠨ ᠦᠷᠡᠵᠢᠵᠦ᠂ ᠦᠷ᠎ᠡ ᠠᠰᠢᠭ ᠳᠣᠤᠷ᠎ᠠ︾ | ᠪᠠᠶᠢᠭᠰᠠᠨ ᠠᠴᠠ ᠨᠢ ︽ᠡᠭᠦᠯᠳᠡᠷ ᠰᠢᠯᠢᠳᠡᠭ᠂ ᠠᠰᠢᠭ ᠣᠷᠣᠯᠭ᠎ᠠ ᠥᠨᠳᠥᠷ︾ ᠪᠣᠯᠭᠠᠨ ᠠᠯᠬᠤᠮ ᠠᠯᠬᠤᠮ ᠢᠶᠠᠷ | ᠬᠤᠪᠢᠷᠠᠭᠤᠯᠪᠠ᠃ ᠵᠢᠱᠢᠶ᠎ᠡ ᠦᠵᠡᠭᠦᠯᠬᠦ ᠪᠠᠷ ᠳᠠᠮᠵᠢᠭᠤᠯᠤᠨ ᠲᠣᠰᠬᠤᠨ ᠤ ᠠᠷᠠᠳ ᠤᠨ ᠶᠠᠳᠠᠭᠤ ᠠᠴᠠ ᠠᠩᠭᠢᠵᠢᠷᠠᠨ | ᠪᠠᠶᠠᠵᠢᠬᠤ ᠳᠣᠲᠣᠭᠠᠳᠤ ᠬᠥᠳᠡᠯᠭᠡᠬᠦ ᠬᠦᠴᠦᠨ ᠢ ᠳᠠᠶᠢᠴᠢᠯᠠᠬᠤ ᠪᠠᠷ ᠳᠠᠮᠵᠢᠭᠤᠯᠤᠨ᠂ ᠶᠠᠳᠠᠭᠤ ᠬᠦᠴᠢᠷᠳᠡᠯᠲᠡᠶ | ᠲᠠᠷᠢᠶᠠᠴᠢᠳ ᠤᠨ ᠥᠪᠡᠷ ᠢ ᠪᠠᠨ ᠬᠥᠭᠵᠢᠭᠦᠯᠬᠦ ᠴᠢᠳᠠᠪᠤᠷᠢ ᠶᠢ ᠪᠤᠶᠢᠵᠢᠭᠤᠯᠤᠨ᠂ ᠣᠷᠣᠯᠭ᠎ᠠ ᠪᠠᠨ ᠨᠡᠮᠡᠭᠳᠡᠭᠦᠯᠵᠦ᠂ | ᠡᠭᠦᠨ ᠤ ᠤᠯᠠᠮ ᠠᠴᠠ ᠬᠡᠪᠴᠢᠶᠡᠵᠢᠭᠰᠡᠨ᠂ ᠥᠪᠡᠷᠮᠢᠴᠡ ᠣᠨᠴᠠᠯᠢᠭ ᠲᠠᠢ ᠳᠠᠪᠠᠭᠤᠯᠢᠭ ᠠᠵᠤ ᠦᠢᠯᠡᠰ ᠤᠨ ᠵᠠᠮ ᠢ | ᠨᠡᠭᠡᠭᠡᠬᠦ ᠶᠢ ᠲᠦᠯᠬᠢᠨ ᠠᠬᠢᠭᠤᠯᠪᠡ᠃ | ᠬᠤᠶᠠᠷ ᠵᠦᠢᠯ ᠤᠨ ᠬᠠᠮᠲᠤ ᠶᠢᠨ ᠠᠵᠤ ᠠᠬᠤᠢ ᠶᠢᠨ ᠵᠠᠭᠪᠤᠷ ᠢ ᠡᠭᠦᠳᠦᠨ ᠨᠡᠭᠡᠭᠡᠨ᠎ᠡ᠄ ᠨᠢᠭᠡ ᠳᠤ᠂ ︽ | ᠲᠣᠰᠬᠤᠨ ᠤ ᠱᠠᠲᠤ ᠪᠠᠷ ᠭᠤᠤᠯᠯᠠᠭᠤᠯᠬᠤ᠂ ᠵᠠᠬ᠎ᠠ ᠳᠡᠯᠭᠡᠭᠦᠷ ᠤᠨ ᠭᠤᠤᠯ ᠴᠣᠭᠴᠠ ᠪᠣᠯᠭᠠᠬᠤ᠂ ᠲᠤᠬᠠᠶ ᠶᠢᠨ ᠭᠠᠵᠠᠷ | ᠣᠷᠣᠨ ᠤ ᠪᠠᠶᠢᠳᠠᠯ ᠳᠤᠨᠢ ᠲᠣᠬᠢᠷᠠᠭᠤᠯᠬᠤ᠂ ᠵᠢᠱᠢᠶ᠎ᠡ ᠦᠵᠡᠭᠦᠯᠦᠨ ᠳᠠᠶᠢᠴᠢᠯᠠᠬᠤ᠂ ᠪᠦᠬᠦᠯᠢ ᠴᠣᠭᠴᠠ ᠪᠠᠷ | ᠬᠠᠮᠲᠤᠷᠠᠨ ᠬᠥᠳᠡᠯᠦᠯᠴᠡᠬᠦ︾ ᠵᠠᠷᠴᠢᠮ ᠶᠣᠰᠣᠭᠠᠷ᠂ ᠣᠢ ᠶᠢᠨ ᠬᠤᠷᠮᠣᠶ ᠶᠢᠨ ᠣᠨᠴᠠ ᠵᠢᠭᠦᠷᠲᠡᠨ ᠪᠠᠭ᠎ᠠ ᠵᠢᠭᠦᠷᠲᠡᠨ | ᠲᠡᠵᠢᠭᠡᠨ ᠦᠷᠡᠵᠢᠭᠦᠯᠬᠦ ᠵᠠᠭᠪᠤᠷ ᠢᠶᠠᠷ ᠲᠣᠰᠬᠤᠨ ᠤ ᠬᠠᠮᠲᠤ ᠶᠢᠨ ᠠᠵᠤ ᠠᠬᠤᠶ ᠶᠢ ᠬᠥᠭᠵᠢᠭᠦᠯᠦᠨ᠎ᠡ᠃ 2017 | ᠣᠨ ᠳᠤ ᠣᠢ ᠶᠢᠨ ᠬᠤᠷᠮᠣᠶ ᠶᠢᠨ ᠣᠨᠴᠠ ᠵᠢᠭᠦᠷᠲᠡᠨ ᠲᠡᠵᠢᠭᠡᠨ ᠦᠷᠡᠵᠢᠭᠦᠯᠬᠦ 50 ᠮᠦ ᠶᠢᠨ ᠰᠠᠭᠤᠷᠢᠨ ᠭᠠᠵᠠᠷ ᠢ | ᠪᠠᠶᠢᠭᠤᠯᠵᠤ᠂ 2018᠂ 2019 ᠣᠨ ᠳᠤ᠂ ᠲᠠᠯᠠᠪᠤᠷ ᠲᠦᠷᠢᠶᠡᠰᠦᠯᠡᠬᠦ ᠠᠷᠭ᠎ᠠ ᠮᠠᠶ᠋ᠢᠭ ᠢᠶᠠᠷ ᠳᠠᠮᠵᠢᠨ᠂ | ᠲᠦᠷᠢᠶᠡᠰᠦᠨ ᠮᠥᠩᠭᠦ ᠶᠢ ᠶᠡᠷᠦᠩᠬᠡᠶ ᠪᠠᠯᠠ ᠣᠷᠣᠭᠤᠯᠤᠯᠲᠠ ᠶᠢᠨ 6 % ᠪᠠᠷ ᠲᠤᠰᠢᠶᠠᠵᠤ᠂ ᠵᠢᠯ ᠤᠨ ᠲᠦᠷᠢᠶᠡᠰᠦᠨ | ᠮᠥᠩᠭᠦ ᠶᠢ 1.5 ᠲᠦᠮᠡᠨ ᠲᠥᠭᠦᠷᠢᠭ ᠢᠶᠠᠷ ᠲᠣᠰᠬᠤᠨ ᠤ ᠬᠠᠮᠲᠤ ᠶᠢᠨ ᠠᠵᠤ ᠠᠬᠤᠢ ᠶᠢᠨ ᠠᠰᠢᠭ ᠣᠷᠣᠯᠭ᠎ᠠ | ᠪᠣᠯᠭᠠᠨ᠎ᠠ᠃ ᠡᠨᠡ ᠵᠢᠯ ᠲᠠᠷᠢᠶᠠᠴᠢᠨ ᠡᠷᠦᠬᠡ ᠠᠴᠠ 2 ᠲᠥᠭᠦᠷᠢᠭ᠂ ᠤᠢ ᠶᠢᠨ ᠬᠤᠷᠮᠣᠶ ᠶᠢᠨ ᠣᠨᠴᠠ ᠵᠢᠭᠦᠷᠲᠡᠨ ᠤ | ᠳᠠᠭᠠᠭᠠᠴᠢᠯᠠᠭᠴᠢ ᠠᠴᠠ 3 ᠲᠥᠭᠦᠷᠢᠭ᠂ ᠳᠠᠭᠠᠭᠠᠴᠢᠯᠠᠨ ᠲᠡᠳᠬᠦᠬᠦ ᠨᠢᠭᠡᠴᠡ ᠠᠴᠠ 4 ᠲᠥᠭᠦᠷᠢᠭ ᠭᠠᠷᠭᠠᠭᠰᠠᠨ ︽ | 2 + 3 + 4︾ ᠶᠢᠨ ᠵᠠᠭᠪᠤᠷ ᠢᠶᠠᠷ ᠴᠤᠷᠪᠠᠭ᠎ᠠ ᠬᠤᠳᠠᠯᠳᠤᠨ ᠠᠪᠴᠤ᠂ ᠲᠡᠵᠢᠭᠡᠨ ᠦᠷᠡᠵᠢᠭᠦᠯᠬᠦ ᠰᠠᠭᠤᠷᠢᠨ | ᠭᠠᠵᠠᠷ ᠠᠴᠠ ᠰᠦᠢᠳᠬᠡᠯ ᠦᠭᠡᠢ ᠪᠠᠷ 60 ᠡᠳᠦᠷ ᠲᠡᠵᠢᠭᠡᠭᠰᠡᠨ ᠤ ᠳᠠᠷᠠᠭ᠎ᠠ᠂ ᠪᠥᠬᠦ ᠲᠣᠰᠬᠤᠨ ᠤ 52 ᠪᠠᠶᠢᠩᠭᠤ | ᠰᠠᠭᠤᠭ᠎ᠠ ᠡᠷᠦᠬᠡ ᠪᠦᠷᠢ ᠳᠤ 1.5 ᠵᠢᠩ ᠣᠷᠴᠢᠮ ᠤᠨ ᠳᠠᠬᠢᠶ᠎ᠠ ᠬᠤᠪᠢᠶᠠᠨ ᠥᠭᠪᠡ᠃ ᠲᠠᠷᠢᠶᠠᠴᠢᠨ ᠡᠷᠦᠬᠡ ᠶᠢᠨ | ᠥᠪᠡᠷ ᠲᠡᠭᠡᠨ ᠴᠤᠭᠯᠠᠭᠤᠯᠬᠤ ᠨᠢ ᠠᠭᠠᠵᠢᠮ ᠢᠶᠠᠷ ᠬᠥᠳᠡᠯᠮᠦᠷᠢᠯᠡᠬᠦ ᠦᠭᠡᠢ ᠪᠠᠷ ᠣᠯᠬᠤ᠂ ᠬᠦᠯᠢᠶᠡᠬᠦ᠂ ᠲᠦᠰᠢᠭᠯᠡᠬᠦ᠂ | ᠠᠪᠬᠤ ᠮᠠᠭᠤ ᠦᠵᠡᠯ ᠰᠠᠨᠠᠭ᠎ᠠ ᠪᠣᠯᠵᠤ ᠬᠤᠪᠢᠷᠠᠪᠡ᠃ ᠬᠠᠮᠲᠤ ᠶᠢᠨ ᠠᠵᠤ ᠠᠬᠤᠢ ᠶᠢᠨ ᠲᠥᠷᠥᠯ ᠵᠦᠢᠯ ᠢ | ᠲᠠᠷᠢᠶᠠᠴᠢᠨ ᠡᠷᠦᠬᠡ ᠲᠠᠢ ᠨᠡᠶᠢᠯᠡᠭᠦᠯᠵᠦ᠂ ᠪᠠᠶᠢᠪᠠᠰᠤ ᠵᠣᠬᠢᠬᠤ ᠳᠠᠶᠢᠴᠢᠯᠠᠬᠤ ᠦᠢᠯᠡᠳᠦᠯ ᠢ ᠨᠢ ᠪᠠᠳᠠᠷᠠᠭᠤᠯᠤᠨ᠂ ᠠᠵᠤ | ᠠᠬᠤᠶᠢᠯᠠᠯ ᠪᠣᠯᠤᠨ ᠨᠡᠶᠢᠲᠡ ᠶᠢᠨ ᠠᠰᠠᠷᠠᠮᠵᠢ ᠶᠢ ᠵᠡᠷᠭᠡ ᠳᠤᠨᠢ ᠶᠠᠪᠤᠭᠳᠠᠭᠤᠯᠪᠠ᠃ ᠬᠠᠪᠰᠤᠷᠤᠨ ᠲᠡᠳᠬᠦᠬᠦ | ᠨᠢᠭᠡᠴᠡ ᠨᠢ ᠰᠠᠭᠤᠷᠢᠨ ᠭᠠᠵᠠᠷ ᠲᠤ ᠣᠷᠣᠯᠠᠨ ᠲᠡᠵᠢᠭᠡᠬᠦ ᠬᠤᠭᠤᠴᠠᠭᠠᠨ ᠳᠤ ᠴᠤᠷᠪᠠᠭ᠎ᠠ ᠨᠢ ᠦᠬᠦᠬᠦ ᠲᠦᠭᠰᠢᠭᠦᠷᠢ ᠶᠢ | ᠡᠭᠦᠷᠭᠡᠯᠡᠵᠦ᠂ ᠲᠠᠷᠢᠶᠠᠴᠢᠨ ᠡᠷᠦᠬᠡ ᠳᠤ ᠦᠨᠡᠨᠬᠦ ᠠᠰᠢᠭ ᠬᠦᠷᠲᠡᠭᠡᠨ᠎ᠡ︔ ᠬᠤᠶᠠᠷ ᠲᠤ᠂ ᠣᠳᠣ ᠶᠢᠨ ᠪᠠᠶᠢᠭ᠎ᠠ | ᠪᠠᠶᠢᠭᠠᠯᠢ ᠶᠢᠨ ᠡᠬᠢ ᠪᠠᠶᠠᠯᠢᠭ ᠢ ᠥᠷᠲᠡᠭ ᠤᠨ ᠡᠳ᠋ ᠪᠠᠶᠠᠯᠢᠭ ᠢ ᠡᠭᠦᠳᠦᠨ ᠪᠦᠲᠦᠭᠡᠬᠦ ᠪᠠᠷ ᠭᠠᠷᠤᠭ᠎ᠠ ᠪᠣᠯᠭᠠᠵᠤ᠂ | ᠲᠣᠰᠬᠤᠨ ᠤ ᠠᠷᠠᠳ ᠤᠨ ᠵᠥᠪᠯᠡᠯ ᠤᠨ ᠳᠠᠩᠰᠠᠯᠠᠭᠤᠯᠤᠯᠲᠠ ᠪᠠᠷ ︽ᠬᠤᠩ ᠵᠢᠩ ᠮᠠᠯ ᠠᠵᠤ ᠠᠬᠤᠶ ᠲᠠᠷᠢᠶᠠᠯᠠᠩ︾ | ᠤᠨ ᠬᠢᠵᠠᠭᠠᠷᠲᠤ ᠺᠣᠮᠫᠠᠨᠢ ᠶᠢ ᠪᠠᠶᠢᠭᠤᠯᠵᠤ᠂ ᠮᠠᠨ ᠤ ᠰᠢᠶᠠᠨ ᠤ ᠰᠠᠯᠬᠢᠨ ᠢ ᠰᠡᠷᠭᠡᠶᠢᠯᠡᠵᠦ ᠡᠯᠡᠰᠦ ᠶᠢ | ᠲᠣᠭᠲᠠᠪᠤᠷᠢᠵᠢᠭᠤᠯᠬᠤ ᠲᠠᠷᠢᠮᠠᠯ ᠬᠠᠷᠭᠠᠨ᠎ᠠ ᠶᠢᠨ ᠴᠡᠴᠡᠭ ᠢ ᠲᠡᠭᠦᠨ᠎ᠡ᠃ ᠬᠠᠷᠭᠠᠨ᠎ᠠ ᠪᠣᠯ ᠭᠠᠩ ᠬᠠᠭᠰᠠᠷᠠᠭᠠᠨ ᠳᠤ | ᠲᠡᠰᠪᠦᠷᠢᠲᠡᠶ᠂ ᠬᠦᠢᠲᠡᠨ ᠳᠤ ᠲᠡᠰᠪᠦᠷᠢᠲᠡᠶ᠂ ᠥᠨᠳᠥᠷ ᠳᠤᠯᠠᠭᠠᠨ ᠳᠤ ᠲᠡᠰᠪᠦᠷᠢᠲᠡᠶ᠂ ᠭᠠᠩ ᠬᠠᠭᠤᠷᠠᠶ ᠨᠤᠲᠤᠭ | ᠪᠡᠯᠴᠢᠭᠡᠷ᠂ ᠲᠠᠯ᠎ᠠ ᠨᠤᠲᠤᠭ ᠤᠨ ᠬᠥᠷᠥᠰᠥ ᠰᠢᠷᠣᠶ ᠶᠢ ᠬᠠᠮᠠᠭᠠᠯᠠᠬᠤ ᠪᠠ ᠡᠯᠡᠰᠦ ᠶᠢ ᠲᠣᠭᠲᠠᠪᠤᠷᠢᠵᠢᠭᠤᠯᠵᠤ | ᠣᠶᠢᠵᠢᠭᠤᠯᠬᠤ ᠶᠢᠨ ᠴᠢᠬᠤᠯᠠ ᠨᠢᠭᠡ ᠬᠡᠰᠡᠭ ᠪᠣᠯᠤᠨ᠎ᠠ᠃ ᠢᠯᠠᠩᠭᠤᠶ᠎ᠠ ᠥᠪᠥᠷ ᠮᠣᠩᠭᠤᠯ ᠤᠨ ᠤᠯᠠᠭᠠᠨᠴᠠᠪ ᠣᠷᠣᠨ | — ᠮᠣᠩᠭᠤᠯ ᠤᠨ ᠥᠨᠳᠦᠷᠯᠢᠭ ᠤᠨ ᠠᠭᠤᠷ ᠠᠮᠢᠰᠬᠤᠯ ᠤᠨ ᠣᠨᠴᠠᠭᠠᠢ ᠣᠨᠴᠠᠯᠢᠭ ᠢᠶᠠᠷ᠂ ᠬᠠᠷᠭᠠᠨ᠎ᠠ ᠨᠢ ᠨᠢᠭᠡᠨᠲᠡ | ᠬᠠᠮᠤᠭ ᠤᠨ ᠰᠢᠯᠢᠳᠡᠭ ᠡᠯᠡᠰᠦ ᠶᠢ ᠲᠣᠭᠲᠠᠪᠤᠷᠢᠵᠢᠭᠤᠯᠬᠤ ᠤᠷᠭᠤᠮᠠᠯ ᠪᠣᠯᠵᠠᠶ᠃ ᠬᠠᠷᠭᠠᠨ᠎ᠠ ᠶᠢᠨ ᠴᠡᠴᠡᠭ ᠤᠨ | ᠰᠢᠨᠵᠢᠯᠡᠭᠡᠨ ᠤ ᠨᠡᠷ᠎ᠡ ᠨᠢ ᠬᠠᠷᠭᠠᠨ᠎ᠠ ᠴᠡᠴᠡᠭ ᠭᠡᠳᠡᠭ᠃ ᠪᠦᠷᠢᠳᠬᠡᠯ ᠢ ᠦᠨᠳᠦᠰᠦᠯᠡᠪᠡᠯ᠂ ᠮᠠᠨ ᠤ ᠰᠢᠶᠠᠨ ᠤ | ᠬᠥᠮᠦᠨ ᠤ ᠬᠦᠴᠦ ᠪᠠᠷ ᠲᠠᠷᠢᠵᠤ ᠣᠷᠭᠤᠭᠤᠯᠤᠭᠰᠠᠨ ᠪᠠ ᠵᠡᠷᠯᠢᠭ ᠬᠠᠷᠭᠠᠨ᠎ᠠ ᠨᠢ ᠪᠠᠷᠤᠭ 120 ᠲᠦᠮᠡᠨ ᠮᠤ᠋ ᠳᠤ | ᠬᠦᠷᠴᠦ᠂ ᠵᠢᠯ ᠪᠦᠷᠢ ᠶᠢᠨ 5 — 6 ᠰᠠᠷ᠎ᠠ ᠳᠤ ᠴᠡᠴᠡᠭ ᠳᠡᠯᠭᠡᠷᠡᠬᠦ ᠬᠤᠭᠤᠴᠠᠭ᠎ᠠ ᠪᠣᠯᠤᠨ᠎ᠠ᠃ ᠶᠠᠳᠠᠭᠤ ᠶᠢ | ᠲᠡᠳᠬᠦᠬᠦ ᠠᠯᠪᠠᠨ ᠭᠡᠷ ᠨᠢ ᠰᠢᠶᠠᠨ ᠤ ᠬᠡᠪᠴᠢᠶᠡᠨ ᠤ ᠠᠵᠤ ᠠᠬᠤᠢ ᠶᠢᠨ ᠰᠢᠨ᠎ᠡ ᠬᠡᠯᠪᠡᠷᠢ ᠶᠢᠨ ᠵᠠᠭᠪᠤᠷ ᠢ ᠬᠠᠶᠢᠨ | ᠰᠦᠪᠡᠭᠴᠢᠯᠡᠬᠦ ᠪᠠᠷ ᠡᠬᠢᠯᠡᠯᠲᠡ ᠶᠢᠨ ᠴᠡᠭ ᠪᠣᠯᠭᠠᠵᠤ᠂ ᠡᠮ ᠤᠨ ᠴᠢᠨᠠᠷᠲᠠᠶ ᠣᠨᠴᠠᠯᠢᠭ ᠲᠤᠨᠢ ᠴᠢᠭᠯᠡᠭᠦᠯᠦᠨ᠂ | ᠲᠣᠰᠬᠤᠨ ᠤ ᠠᠷᠠᠳ ᠤᠨ ᠵᠥᠪᠯᠡᠯ ᠵᠢᠴᠢ ᠲᠣᠰᠬᠤᠨ ᠳᠤ ᠰᠠᠭᠤᠭ᠎ᠠ ᠠᠵᠢᠯᠯᠠᠬᠤ ᠳᠤᠭᠤᠶᠢᠯᠠᠩ ᠠᠴᠠ ︽ᠤᠯᠠᠭᠠᠨ | ᠬᠡᠮᠡᠷᠯᠢᠭ ᠤᠨ ᠰᠢᠷ᠎ᠠ ᠴᠠᠢ︾ ᠶᠢᠨ ᠲᠠᠸᠠᠷ ᠤᠨ ᠲᠡᠮᠳᠡᠭ ᠢ ᠭᠤᠶᠤᠴᠢᠯᠠᠨ ᠳᠠᠩᠰᠠᠯᠠᠭᠤᠯᠵᠤ᠂ ᠡᠷᠡᠭᠦᠯᠵᠢᠯ ᠤᠨ | ᠴᠠᠢ ᠪᠠᠷ ᠪᠣᠷᠣᠯᠠᠭᠤᠯᠬᠤ ᠪᠠᠷ ᠪᠣᠶ᠃ ᠣᠳᠣᠬᠠᠨ ᠳᠤ ᠠᠵᠢᠯᠯᠠᠬᠤ ᠳᠤᠭᠤᠶᠢᠯᠠᠩ ᠨᠢᠭᠡᠨᠲᠡ ᠬᠤᠳᠠᠯᠳᠤᠨ ᠠᠪᠤᠭᠰᠠᠨ | ᠶᠠᠳᠠᠭᠤ ᠬᠦᠴᠢᠷᠳᠡᠯᠲᠡᠶ ᠡᠷᠦᠬᠡ ᠶᠢᠨ ᠲᠡᠭᠦᠵᠦ ᠬᠤᠷᠢᠶᠠᠭᠰᠠᠨ ᠤ ᠳᠠᠷᠠᠭᠠᠬᠢ ᠬᠠᠷᠭᠠᠨ᠎ᠠ ᠶᠢᠨ ᠴᠡᠴᠡᠭ ᠢ ᠬᠠᠲᠠᠭᠠᠵᠤ᠂ | ᠪᠣᠭᠤᠳᠠᠯᠯᠠᠨ ᠳ᠋ᠦᠩ ᠴᠧᠩ ᠲᠣᠭᠤᠷᠢᠭ ᠤᠨ ᠲᠦᠷ ᠴᠠᠭ ᠲᠤᠰᠢᠶᠠᠯ ᠡᠭᠦᠷᠭᠡᠯᠡᠬᠦ ᠤᠳᠤᠷᠢᠳᠤᠯᠭ᠎ᠠ ᠠᠴᠠ ᠬᠠᠷᠢᠯᠴᠠᠵᠤ | ᠂ ᠶᠠᠭ ︽ᠢᠳᠡᠭᠡᠨ ᠪᠠ ᠡᠮ ᠤᠨ ᠠᠳᠠᠯᠢ ᠡᠬᠢᠲᠦ ᠭᠠᠷᠴᠠᠭ︾ ᠢ ᠭᠤᠶᠤᠴᠢᠯᠠᠵᠤ ᠪᠠᠶᠢᠨ᠎ᠠ᠃ ᠬᠡᠷᠪᠡ ᠭᠤᠶᠤᠴᠢᠯᠠᠯ | ᠠᠮᠵᠢᠯᠲᠠ ᠣᠯᠪᠠᠯ᠂ ᠬᠠᠷᠭᠠᠨ᠎ᠠ ᠶᠢᠨ ᠴᠡᠴᠡᠭ ᠨᠢ ᠰᠢᠨ᠎ᠡ ᠬᠡᠯᠪᠡᠷᠢ ᠶᠢᠨ ᠴᠡᠴᠡᠭ ᠤᠨ ᠴᠠᠢ ᠶᠢᠨ ᠲᠥᠷᠥᠯ ᠵᠦᠢᠯ | ᠪᠣᠯᠬᠤ ᠪᠠᠷ ᠪᠠᠷᠠᠬᠤ ᠦᠭᠡᠢ᠂ ᠪᠠᠰᠠ ᠡᠪᠡᠰᠦᠨ ᠡᠮ ᠤᠨ ᠬᠤᠪᠢ ᠪᠠᠷ ᠪᠣᠷᠣᠯᠠᠭᠤᠯᠵᠤ᠂ ᠮᠠᠨ ᠤ ᠰᠢᠶᠠᠨ ᠤ ᠲᠡᠭᠦᠬᠦ | ᠦᠢᠯᠡᠰ ᠤᠨ ᠬᠤᠭᠤᠰᠣᠨ ᠢ ᠨᠥᠬᠦᠪᠥᠷᠢᠯᠡᠵᠦ ᠪᠣᠯᠤᠨ᠎ᠠ᠃ | ᠨᠢᠭᠡ ᠲᠦᠯᠬᠢᠨ ᠠᠬᠢᠭᠤᠯᠬᠤ᠂ ᠬᠤᠶᠠᠷ ᠡᠭᠦᠳᠬᠦ᠂ ᠨᠢᠭᠡ ᠬᠠᠷᠠᠯᠲᠠ ᠳᠤ ᠬᠦᠷᠬᠦ ᠪᠠᠷ ᠳᠠᠮᠵᠢᠭᠤᠯᠤᠨ᠄ | ᠳᠠᠷᠤᠶ ᠡᠴᠦᠰ ᠲᠡᠭᠡᠨ ᠬᠤᠶᠠᠷ ᠲᠤ ᠵᠣᠪᠠᠭ᠋ᠤ ᠦᠭᠡᠢ ᠭᠤᠷᠪᠠ ᠶᠢ ᠪᠠᠲᠤᠯᠠᠬᠤ ᠪᠠ ᠠᠷᠠᠳ ᠢ ᠪᠠᠶᠠᠵᠢᠭᠤᠯᠵᠤ | ᠲᠣᠰᠬᠤᠨ ᠢ ᠬᠦᠴᠦᠷᠬᠡᠭᠵᠢᠭᠦᠯᠬᠦ ᠡᠨᠡ ᠬᠦ ᠬᠠᠷᠠᠯᠲᠠ ᠳᠤ ᠬᠦᠷᠬᠦ ᠶᠠᠪᠤᠳᠠᠯ ᠪᠣᠯᠤᠨ᠎ᠠ᠃ | ᠳᠥᠷᠪᠡ᠂ ᠳᠠᠷᠠᠭᠠᠬᠢ ᠲᠣᠰᠬᠤᠨ ᠳᠤ ᠰᠠᠭᠤᠬᠤ ᠠᠵᠢᠯ ᠤᠨ ᠳᠤᠮᠳᠠ᠂ ᠪᠢ ᠳᠣᠤᠷᠠᠬᠢ ᠬᠡᠳᠦᠨ ᠲᠠᠯ᠎ᠠ ᠠᠴᠠ | ᠭᠠᠷᠳᠠᠬᠤ ᠴᠡᠭ ᠪᠣᠯᠭᠠᠨ᠎ᠠ | ᠨᠢᠭᠡ ᠳᠤ᠂ ᠴᠢᠰᠤ ᠪᠦᠲᠦᠭᠡᠵᠦ ᠶᠠᠳᠠᠭᠤ ᠶᠢ ᠲᠡᠳᠬᠦᠬᠦ ᠵᠠᠮ ᠢ ᠥᠷᠭᠡᠳᠬᠡᠬᠦ ᠬᠡᠷᠡᠭᠲᠡᠶ᠃ ᠪᠢ | ᠰᠤᠷᠪᠤᠯᠵᠢᠯᠠᠬᠤ ᠪᠠᠷ ᠳᠠᠮᠵᠢᠨ᠂ ᠶᠠᠳᠠᠭᠤ ᠬᠦᠴᠢᠷᠳᠡᠯᠲᠡᠶ ᠡᠷᠦᠬᠡ ᠶᠢᠨ ᠬᠦᠴᠢᠷᠳᠡᠯ ᠢ ᠪᠡᠶ᠎ᠡ ᠪᠠᠷ ᠢᠶᠠᠨ ᠮᠡᠳᠡᠷᠡᠵᠦ᠂ | ᠪᠠᠰᠠ ᠲᠡᠳᠡᠨ ᠤ ᠶᠠᠳᠠᠭᠤ ᠬᠦᠴᠢᠷᠳᠡᠯ ᠢ ᠡᠷᠡᠰ ᠲᠡᠮᠡᠴᠡᠬᠦ ᠬᠦᠰᠡᠯ ᠡᠷᠡᠮᠡᠯᠵᠡᠯ ᠳᠤ ᠰᠡᠳᠬᠢᠯ ᠬᠦᠳᠡᠯᠵᠦ ᠪᠠᠶᠢᠨ᠎ᠠ᠃ | ᠶᠡᠷᠦᠩᠬᠡᠶ ᠳᠤᠨᠢ ᠠᠪᠴᠤ ᠬᠡᠯᠡᠪᠡᠯ᠂ ᠡᠪᠡᠳᠴᠢᠨ ᠡᠮᠭᠡᠭ ᠪᠣᠯ ᠶᠠᠳᠠᠭᠤᠷᠠᠬᠤ ᠶᠢᠨ ᠬᠠᠮᠤᠭ ᠤᠨ ᠭᠤᠤᠯ ᠡᠯᠧᠮᠧᠨ᠋ᠲ | ᠮᠥᠨ᠂ ᠡᠭᠦᠨ ᠤ ᠬᠠᠮᠲᠤ ᠪᠠᠰᠠ ᠡᠬᠡᠨᠡᠷ ᠠᠪᠬᠤ ᠵᠡᠷᠭᠡ ᠶᠡᠭᠡ ᠲᠣᠭᠠᠨ ᠤ ᠵᠠᠷᠤᠯᠭ᠎ᠠ ᠨᠢ ᠥᠷᠢ ᠰᠢᠷᠢ ᠶᠢ ᠪᠤᠢ | ᠪᠣᠯᠭᠠᠳᠠᠭ᠃ ᠶᠠᠳᠠᠭᠤ ᠬᠦᠴᠢᠷᠳᠡᠯᠲᠡᠶ ᠡᠷᠦᠬᠡ ᠶᠢ ᠬᠡᠷᠬᠢᠨ ᠲᠣᠭᠲᠠᠭᠤᠨ ᠢᠶᠠᠷ ᠶᠠᠳᠠᠭᠤ ᠠᠴᠠ ᠠᠩᠭᠢᠵᠢᠷᠠᠭᠤᠯᠬᠤ ᠪᠣᠶ | ᠂ ᠵᠢᠭᠠᠰᠤ ᠭᠥᠬᠢᠳᠡᠬᠦ ᠪᠣᠯ ᠮᠢᠨᠦ ᠬᠤᠶᠢᠰᠢᠳᠠ ᠶᠢᠨ ᠠᠵᠢᠯ ᠤᠨ ᠴᠢᠭᠯᠡᠯ ᠮᠥᠨ᠂ ᠭᠠᠭᠴᠠ ᠬᠦ ᠶᠠᠳᠠᠭᠤ | ᠬᠦᠴᠢᠷᠳᠡᠯᠲᠡᠶ ᠡᠷᠦᠬᠡ ᠶᠢ ᠦᠷᠭᠦᠯᠵᠢᠯᠡᠨ ᠬᠥᠭᠵᠢᠭᠦᠯᠬᠦ ᠠᠵᠤ ᠦᠢᠯᠡᠰ ᠤᠨ ᠲᠥᠷᠥᠯ ᠵᠦᠢᠯ ᠲᠠᠢ ᠪᠣᠯᠭᠠᠪᠠᠯ ᠰᠠᠶ᠋ᠢ | ᠶᠠᠳᠠᠭᠤ ᠠᠴᠠ ᠠᠩᠭᠢᠵᠢᠷᠠᠭᠤᠯᠬᠤ ᠬᠤᠭᠤᠴᠠᠭᠠᠨ ᠤ ᠪᠠ ᠶᠠᠳᠠᠭᠤ ᠠᠴᠠ ᠠᠩᠭᠢᠵᠢᠷᠠᠭᠤᠯᠬᠤ ᠬᠤᠭᠤᠴᠠᠭᠠᠨ ᠤ | ᠳᠠᠷᠠᠭᠠᠬᠢ ᠲᠣᠭᠲᠠᠭᠤᠨ ᠢᠶᠠᠷ ᠶᠠᠳᠠᠭᠤ ᠠᠴᠠ ᠠᠩᠭᠢᠵᠢᠷᠠᠭᠤᠯᠬᠤ ᠶᠢ ᠪᠡᠶᠡᠯᠡᠭᠦᠯᠵᠦ ᠴᠢᠳᠠᠨ᠎ᠠ᠃ | ᠬᠤᠶᠠᠷ ᠲᠤ ᠰᠡᠳᠬᠢᠯ ᠲᠠᠯᠪᠢᠵᠤ᠂ ᠬᠠᠶᠢᠷ᠎ᠠ ᠡᠪᠦᠷᠯᠡᠨ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠦᠨ᠎ᠡ᠃ | ᠮᠠᠨ ᠤ ᠶᠠᠳᠠᠭᠤ ᠬᠦᠴᠢᠷᠳᠡᠯᠲᠡᠶ ᠡᠷᠦᠬᠡ ᠶᠢᠨ ᠣᠯᠠᠩᠬᠢ ᠨᠢ ᠰᠣᠶᠣᠯ ᠤᠨ ᠬᠢᠷᠢ ᠬᠡᠮᠵᠢᠶ᠎ᠡ ᠳᠣᠤᠷ᠎ᠠ ᠪᠠᠶᠢᠳᠠᠭ᠂ | ᠡᠨᠡ ᠨᠢ ᠲᠡᠳᠡᠨ ᠤ ᠥᠷᠲᠡᠭ ᠤᠨ ᠦᠵᠡᠯᠲᠡ ᠨᠢ ᠥᠪᠡᠷ ᠤᠨ ᠪᠡᠶ᠎ᠡ ᠪᠠᠷ ᠭᠤᠤᠯ ᠪᠣᠯᠭᠠᠵᠤ᠂ ᠬᠤᠪᠢ ᠬᠥᠮᠦᠨ ᠤ | ᠨᠢᠳᠦᠨ ᠡᠮᠦᠨᠡᠬᠢ ᠠᠰᠢᠭ ᠲᠤᠰᠠ ᠶᠢ ᠬᠥᠭᠡᠭᠡᠴᠡᠯᠳᠦᠳᠡᠭ ᠭᠡᠳᠡᠭ ᠢ ᠲᠣᠭᠲᠠᠭᠠᠭᠰᠠᠨ ᠶᠤᠮ᠃ ᠭᠡᠪᠡᠴᠦ ᠲᠡᠳᠡᠨ ᠳᠤ | ᠪᠣᠷᠣᠭᠵᠢᠭᠤᠨ᠂ ᠠᠰᠪᠤᠷ ᠴᠠᠭᠠᠪᠤᠷ ᠵᠠᠩ ᠴᠢᠨᠠᠷ ᠲᠠᠢ ᠪᠠᠶᠢᠳᠠᠭ᠂ ᠵᠠᠷᠢᠮ ᠥᠶ᠎ᠡ ᠳᠤ ᠮᠡᠨᠳᠦᠴᠢᠯᠡᠯ ᠪᠤᠶᠤ ᠪᠠᠭ᠎ᠠ | ᠰᠠᠭ᠎ᠠ ᠬᠡᠷᠡᠭᠰᠡᠯ ᠢ ᠣᠷᠣᠯᠠᠨ ᠬᠤᠳᠠᠯᠳᠤᠨ ᠠᠪᠬᠤ ᠵᠡᠷᠭᠡ ᠡᠶᠢᠮᠦ ᠵᠢᠵᠢᠭ ᠰᠠᠵᠢᠭ ᠶᠠᠪᠤᠳᠠᠯ ᠨᠢ ᠠᠵᠢᠯᠯᠠᠬᠤ | ᠳᠤᠭᠤᠶᠢᠯᠠᠩ ᠪᠣᠯᠣᠨ ᠨᠤᠲᠤᠭ ᠤᠨ ᠠᠬ᠎ᠠ ᠳᠡᠭᠦᠤ ᠶᠢ ᠠᠬ᠎ᠠ ᠳᠡᠭᠦᠤ ᠪᠣᠯᠭᠠᠵᠤ ᠵᠦᠷᠢᠴᠡᠯ ᠢ ᠠᠷᠢᠯᠭᠠᠳᠠᠭ ᠶᠤᠮ᠃ | ᠮᠢᠨᠦ ᠬᠤᠶᠢᠰᠢᠳᠠ ᠶᠢᠨ ᠠᠵᠢᠯ ᠴᠤ ᠡᠭᠦᠪᠡᠷ ᠶᠠᠪᠤᠭᠳᠠᠬᠤ ᠪᠣᠯᠤᠨ᠎ᠠ᠃ | ᠭᠤᠷᠪᠠ ᠳᠤ᠂ ᠦᠨᠳᠦᠰᠦᠨ ᠱᠠᠲᠤᠨ ᠤ ᠺᠠᠳ᠋ᠷ ᠤᠨ ᠪᠡᠶ᠎ᠡ ᠳᠡᠭᠡᠷ᠎ᠡ ᠠᠴᠠ ᠲᠡᠳᠡᠨ ᠤ ᠠᠵᠢᠯᠯᠠᠬᠤ ᠠᠷᠭ᠎ᠠ ᠮᠠᠶ᠋ᠢᠭ ᠢ | ᠰᠤᠷᠤᠯᠴᠠᠬᠤ ᠬᠡᠷᠡᠭᠲᠡᠶ᠃ ᠲᠣᠰᠬᠤᠨ ᠳᠤ ᠰᠠᠭᠤᠭᠰᠠᠨ ᠠᠴᠠ ᠨᠠᠰᠢ᠂ ᠲᠣᠰᠬᠤᠨ ᠤ ᠠᠷᠠᠳ ᠤᠨ ᠵᠥᠪᠯᠡᠯ ᠢ | ᠬᠠᠪᠰᠤᠷᠤᠨ ᠵᠠᠷᠢᠮ ᠠᠵᠢᠯ ᠢ ᠬᠢᠵᠦ᠂ ᠲᠡᠭᠦᠨ ᠠᠴᠠ ᠬᠥᠳᠡᠭᠡ ᠲᠣᠰᠬᠤᠨ ᠤ ᠠᠵᠢᠯ ᠪᠤᠳᠤᠯᠢᠶᠠᠨᠲᠠᠶ᠂ ᠠᠷᠰᠠᠷ ᠢ | ᠣᠶᠢᠯᠭᠠᠵᠤ᠂ ᠪᠠᠶᠢᠭᠤᠯᠭ᠎ᠠ ᠶᠢᠨ ᠠᠵᠢᠯᠲᠠᠨ ᠴᠥᠮ ︽ᠶᠣᠰᠣ ᠶᠠᠷᠢᠬᠤ︾ ᠪᠣᠯ ᠠᠰᠠᠭᠤᠳᠠᠯ ᠢ ᠰᠢᠢᠳᠪᠤᠷᠢᠯᠡᠬᠦ | ᠴᠣᠷ ᠤᠨ ᠭᠠᠭᠴᠠ ᠠᠷᠭ᠎ᠠ ᠮᠥᠨ ᠭᠡᠵᠦ ᠦᠵᠡᠵᠦ ᠪᠠᠶᠢᠨ᠎ᠠ᠂ ᠦᠨᠡᠨ ᠳᠡᠭᠡᠨ ᠲᠡᠶᠢᠮᠦ ᠪᠢᠰᠢ᠂ ᠲᠣᠰᠬᠤᠨ ᠤ ᠺᠠᠳ᠋ᠷ | ᠠᠵᠢᠯ ᠤᠨ ᠵᠥᠷᠢᠴᠡᠯ ᠢ ᠰᠢᠢᠳᠪᠤᠷᠢᠯᠡᠬᠦ᠂ ᠲᠣᠰᠬᠤᠨ ᠤ ᠠᠷᠠᠳ ᠤᠨ ᠵᠠᠭᠤᠷᠠᠯᠳᠤᠭᠠᠨ᠂ ᠦᠵᠡᠯ ᠰᠠᠨᠠᠭᠠᠨ ᠤ | ᠵᠢᠯᠣᠭᠤᠳᠤᠯᠭ᠎ᠠ ᠵᠡᠷᠭᠡ ᠵᠠᠷᠴᠢᠮ ᠢ ᠡᠷᠬᠢᠮᠯᠡᠬᠦ᠂ ᠨᠠᠶᠢᠷ ᠲᠠᠯ᠎ᠠ ᠶᠢ ᠬᠦᠨᠳᠦᠳᠬᠡᠬᠦ᠂ ᠬᠠᠯᠠᠰᠢᠷᠠᠯ ᠦᠭᠡᠢ ᠣᠨᠴᠠᠭᠠᠢ | ᠠᠵᠢᠯ ᠤᠨ ᠠᠷᠭ᠎ᠠ ᠶᠢ ᠪᠢᠳᠡ ᠭᠦᠨᠵᠡᠭᠡᠶ ᠣᠶᠢᠯᠭᠠᠨ ᠰᠤᠷᠤᠯᠴᠠᠭᠤᠰᠢᠲᠠᠢ ᠶᠤᠮ᠃ | ᠬᠠᠮᠤᠭ ᠰᠡᠭᠦᠯ ᠳᠤ᠂ ᠪᠢ ᠦᠷᠭᠦᠯᠵᠢᠯᠡᠨ ᠲᠣᠰᠬᠤᠨ ᠳᠤ ᠰᠠᠭᠤᠵᠤ ᠶᠠᠳᠠᠭᠤ ᠶᠢ ᠲᠡᠳᠬᠦᠬᠦ ᠠᠵᠢᠯ ᠢ ᠰᠠᠶᠢᠲᠤᠷ | ᠬᠢᠵᠦ᠂ ᠨᠠᠮ ᠤᠨ ᠣᠯᠠᠨ ᠲᠦᠮᠡᠨᠴᠢ ᠱᠤᠭᠤᠮ ᠢ ᠤᠬᠠᠮᠰᠠᠷ ᠠᠴᠠ ᠪᠠᠨ ᠦᠢᠯᠡᠳᠦᠯᠭᠡᠵᠢᠭᠦᠯᠵᠦ᠂ ᠴᠢᠷᠮᠠᠶᠢᠨ | ᠰᠤᠷᠤᠯᠴᠠᠵᠤ᠂ ᠰᠢᠯᠢᠳᠡᠭ ᠠᠮᠵᠢᠯᠲᠠ ᠶᠢ ᠴᠢᠷᠮᠠᠶᠢᠨ ᠡᠭᠦᠳᠴᠦ᠂ ᠣᠯᠠᠨ ᠲᠦᠮᠡᠨ ᠳᠤ ᠦᠢᠯᠡᠴᠢᠯᠡᠵᠦ᠂ | ᠰᠤᠷᠲᠠᠯ ᠢᠶᠠᠨ ᠰᠠᠶᠢᠵᠢᠷᠠᠭᠤᠯᠵᠤ᠂ ᠲᠥᠪ ᠰᠤᠷᠲᠠᠯ ᠢ ᠪᠠᠳᠠᠷᠠᠭᠤᠯᠵᠤ᠂ ᠲᠣᠰᠬᠤᠨ ᠳᠤ ᠰᠠᠭᠤᠭ᠎ᠠ ᠰᠢᠯᠢᠳᠡᠭ ᠺᠠᠳ᠋ᠷ | ᠪᠣᠯᠬᠤ ᠪᠠᠷ ᠴᠢᠷᠮᠠᠶᠢᠵᠤ᠂ ᠰᠠᠶᠢᠨ ᠰᠠᠶᠢᠬᠠᠨ ᠳᠦᠷᠢ ᠲᠥᠷᠬᠦ ᠪᠠᠷ ᠦᠨᠳᠦᠰᠦᠨ ᠱᠠᠲᠤᠨ ᠤ ᠺᠠᠳ᠋ᠷ ᠣᠯᠠᠨ ᠲᠦᠮᠡᠨ ᠤ | ᠢᠲᠡᠭᠡᠯ ᠳᠡᠮᠵᠢᠯᠭᠡ ᠶᠢ ᠣᠯᠣᠨ᠎ᠠ᠃ | ᠣᠷᠴᠢᠭᠤᠯᠤᠭᠴᠢ᠄ ᠭᠡᠷᠡᠯ | | | | |