ᠬᠤᠸᠠᠳᠧ ᠵᠠᠰᠠᠭ ᠠᠯᠪᠠᠨ ᠲᠠᠷᠬᠠᠭᠠᠭᠰᠠᠨ ︹ 2019 ︺ 49 ᠳ᠋ᠦ᠋ᠭᠡᠷ ᠲᠣᠭᠠᠲᠤ | ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠰᠢᠶᠠᠨ ᠤ ᠰᠢᠭᠤᠳ ᠬᠠᠷᠢᠶ᠎ᠠ ᠡᠯ᠎ᠡ ᠨᠢᠭᠡᠴᠡ ᠳᠤ᠄ | | ᠠᠵᠢᠯᠲᠠᠨ ᠤ ᠶᠠᠪᠤᠳᠠᠯ ᠤᠨ ᠬᠤᠪᠢᠷᠠᠯᠲᠠ ᠪᠠ ᠠᠵᠢᠯ ᠤᠨ ᠬᠡᠷᠡᠭᠴᠡᠭᠡ ᠠᠴᠠ ᠪᠣᠯᠵᠤ᠂ ᠰᠤᠳᠤᠯᠬᠤ ᠪᠠᠷ ᠳᠠᠮᠵᠢᠨ | ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠡᠷᠬᠢᠯᠡᠭᠴᠢ᠂ ᠳᠡᠳ᠋ ᠡᠷᠬᠢᠯᠡᠭᠴᠢ ᠶᠢᠨ ᠠᠵᠢᠯ ᠤᠨ | ᠬᠤᠪᠢᠶᠠᠷᠢᠯᠠᠯ ᠳᠤ ᠳᠣᠤᠷᠠᠬᠢ ᠮᠡᠲᠦ ᠲᠣᠬᠢᠷᠠᠭᠤᠯᠤᠯᠲᠠ ᠬᠢᠪᠡ᠄ | ᠰᠢᠶᠣᠤ ᠵᠧᠨ ᠢᠦᠶ ᠡᠷᠬᠢᠯᠡᠭᠴᠢ ᠵᠠᠰᠠᠭ ᠤᠨ ᠣᠷᠳᠣᠨ ᠤ ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯ ᠢ | ᠬᠠᠷᠢᠭᠤᠴᠠᠵᠤ᠂ ᠵᠠᠰᠠᠭ ᠤᠨ ᠣᠷᠳᠣᠨ ᠤ ᠠᠯᠪᠠᠨ ᠭᠡᠷ ᠤᠨ ᠪᠦᠬᠦ ᠲᠠᠯ᠎ᠠ ᠶᠢᠨ ᠠᠵᠢᠯ ᠢ ᠡᠷᠬᠢᠯᠡᠵᠦ᠂ ᠡᠳ᠋ ᠤᠨ | ᠶᠠᠪᠤᠳᠠᠯ᠂ ᠲᠡᠷᠭᠡᠨ ᠤ ᠣᠷᠣᠨ ᠲᠤᠭ᠎ᠠ ᠶᠢᠨ ᠠᠵᠢᠯ ᠢ ᠬᠠᠪᠰᠤᠷᠭᠠᠨ ᠬᠠᠮᠢᠶᠠᠷᠤᠨ᠎ᠠ᠃ | ᠭᠥᠸᠧ ᠸᠧᠨ ᠶᠢᠨ ᠳᠡᠳ᠋ ᠡᠷᠬᠢᠯᠡᠭᠴᠢ᠂ ᠭᠠᠳᠠᠭᠠᠳᠤ ᠶᠠᠪᠤᠳᠠᠯ ᠤᠨ ᠠᠯᠪᠠᠨ ᠭᠡᠷ ᠤᠨ ᠡᠷᠬᠢᠯᠡᠭᠴᠢ | ᠼᠦᠢ ᠢᠦᠶ ᠯᠠᠶ ᠰᠢᠶᠠᠨ ᠤ ᠳᠠᠷᠤᠭ᠎ᠠ ᠶᠢ ᠬᠠᠪᠰᠤᠷᠤᠨ ᠠᠵᠢᠯᠯᠠᠵᠤ᠂ ᠪᠠᠶᠢᠭᠤᠯᠭ᠎ᠠ ᠶᠢᠨ ᠬᠡᠷᠡᠭ ᠶᠠᠪᠤᠳᠠᠯ᠂ | ᠭᠠᠳᠠᠭᠠᠳᠤ ᠶᠠᠪᠤᠳᠠᠯ ᠤᠨ ᠠᠵᠢᠯ ᠢ ᠬᠠᠷᠢᠭᠤᠴᠠᠨ᠎ᠠ᠃ | ᠯᠢ ᠳ᠋ᠦᠩ ᠳᠡᠳ᠋ ᠡᠷᠬᠢᠯᠡᠭᠴᠢ ᠵᠤᠤ ᠯᠦᠩ ᠹᠸᠢ ᠪᠠᠶᠢᠩᠭᠤ ᠶᠢᠨ ᠰᠢᠶᠠᠨ ᠤ ᠳᠡᠳ᠋ ᠳᠠᠷᠤᠭ᠎ᠠ ᠶᠢ | ᠬᠠᠪᠰᠤᠷᠤᠨ ᠠᠵᠢᠯᠯᠠᠵᠤ᠂ ᠭᠥᠸᠧ ᠵᠢᠶᠠ ᠰᠢᠶᠠᠨ ᠤ ᠳᠡᠳ᠋ ᠳᠠᠷᠤᠭ᠎ᠠ ︵ᠲᠦᠷ ᠲᠤᠰᠢᠶᠠᠯ ᠡᠭᠦᠷᠭᠡᠯᠡᠵᠦ ᠪᠠᠶᠢᠭ᠎ᠠ︶ | ᠂ ᠭᠤᠤ ᠫᠧᠩ ᠰᠢᠶᠠᠨ ᠤ ᠳᠡᠳ᠋ ᠳᠠᠷᠤᠭ᠎ᠠ ︵ᠲᠦᠷ ᠲᠤᠰᠢᠶᠠᠯ ᠡᠭᠦᠷᠭᠡᠯᠡᠵᠦ ᠪᠠᠶᠢᠭ᠎ᠠ ︶ ᠶᠢ ᠬᠠᠪᠰᠤᠷᠤᠨ ᠠᠵᠢᠯᠯᠠᠨ᠎ᠠ | ︔ ᠵᠠᠰᠠᠭ ᠤᠨ ᠣᠷᠳᠣᠨ ᠤ ᠰᠦᠯᠵᠢᠶᠡᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠬᠠᠷᠢᠭᠤᠴᠠᠨ᠎ᠠ᠃ | ᠯᠢᠶᠠᠩ ᠶᠠᠨ ᠺᠦᠨ ᠳᠡᠳ᠋ ᠡᠷᠬᠢᠯᠡᠭᠴᠢ ᠵᠠᠩ ᠭᠥᠸᠧ ᠷᠦᠩ ᠰᠢᠶᠠᠨ ᠤ ᠳᠡᠳ᠋ ᠳᠠᠷᠤᠭ᠎ᠠ ᠶᠢᠨ ᠠᠵᠢᠯ ᠢ | ᠬᠠᠪᠰᠤᠷᠤᠨ᠎ᠠ︔ ᠮᠡᠳᠡᠭᠡ ᠵᠠᠩᠭᠢ ᠶᠢᠨ ᠠᠵᠢᠯ ᠢ ᠬᠠᠷᠢᠭᠤᠴᠠᠨ᠎ᠠ᠃ | ᠭᠦᠸᠧ ᠱᠣ᠋ ᠳ᠋ᠦᠩ ᠰᠢᠶᠠᠨ ᠤ ᠬᠠᠮᠲᠤᠷᠠᠭᠰᠠᠨ ᠰᠠᠬᠢᠯᠭ᠎ᠠ ᠪᠠᠲᠤ ᠬᠢᠨᠠᠨ ᠪᠠᠶᠢᠴᠠᠭᠠᠬᠤ ᠳᠥᠷᠪᠡᠳᠦᠭᠡᠷ | ᠳᠤᠭᠤᠶᠢᠯᠠᠩ ᠤᠨ ᠳᠠᠷᠤᠭ᠎ᠠ ᠰᠢᠶᠣᠤ ᠵᠧᠨ ᠢᠦᠶ ᠡᠷᠬᠢᠯᠡᠭᠴᠢ ᠶᠢ ᠬᠠᠮᠵᠢᠨ ᠵᠠᠰᠠᠭ ᠤᠨ ᠣᠷᠳᠣᠨ ᠤ ᠠᠯᠪᠠᠨ | ᠭᠡᠷ ᠤᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ᠃ | ᠼᠦᠢ ᠯᠢ ᠳᠡᠳ᠋ ᠡᠷᠬᠢᠯᠡᠭᠴᠢ ᠯᠢ ᠯᠠᠨ ᠸᠧᠨ ᠰᠢᠶᠠᠨ ᠤ ᠳᠡᠳ᠋ ᠳᠠᠷᠤᠭ᠎ᠠ᠂ ᠰᠢᠤᠸᠠᠢ ᠶᠦᠩ ᠰᠢᠶᠠᠨ ᠤ | ᠳᠡᠳ᠋ ᠳᠠᠷᠤᠭ᠎ᠠ ᠶᠢᠨ ᠠᠵᠢᠯ ᠢ ᠬᠠᠪᠰᠤᠷᠤᠨ᠎ᠠ︔ ᠰᠢᠮᠳᠠᠭᠤᠯᠤᠨ ᠪᠠᠶᠢᠴᠠᠭᠠᠬᠤ ᠠᠵᠢᠯ ᠢ ᠬᠠᠷᠢᠭᠤᠴᠠᠨ᠎ᠠ᠃ | ᠸᠠᠩ ᠯᠢ ᠬᠤᠩ ᠳᠡᠳ᠋ ᠡᠷᠬᠢᠯᠡᠭᠴᠢ ᠶᠢᠩ ᠲᠢᠩ ᠶᠦᠩ ᠰᠢᠶᠠᠨ ᠤ ᠳᠡᠳ᠋ ᠳᠠᠷᠤᠭ᠎ᠠ ᠶᠢᠨ ᠠᠵᠢᠯ ᠢ | ᠬᠠᠪᠰᠤᠷᠤᠨ᠎ᠠ︔ ᠳᠠᠩᠰᠠ ᠡᠪᠬᠡᠮᠡᠯ᠂ ᠰᠢᠶᠠᠨ ᠤ ᠣᠶᠢᠯᠠᠯᠭ᠎ᠠ ᠶᠢᠨ ᠠᠵᠢᠯ ᠢ ᠬᠠᠷᠢᠭᠤᠴᠠᠨ᠎ᠠ᠃ | ᠠᠳᠡ ᠮᠡᠳᠡᠭᠳᠡᠪᠡ | ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2019 ᠤᠨ 9 ᠰᠠᠷ᠎ᠠ ᠶᠢᠨ 20 ᠤ ᠡᠳᠦᠷ | ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2019 - 09 - 20 ᠳᠠᠷᠤᠮᠠᠯᠯᠠᠨ ᠲᠠᠷᠬᠠᠭᠠᠪᠠ | ᠣᠷᠴᠢᠭᠤᠯᠤᠭᠴᠢ᠄ ᠭᠡᠷᠡᠯ |